ᠤᠰᠤᠨ ᠠᠰᠢᠭᠯᠠᠯᠲᠠ ᠶᠢᠨ ᠢᠨᠵᠧᠨᠧᠷᠢᠩ ᠤᠨ ᠶᠠᠰᠤ ᠴᠢᠨᠠᠷ ᠤᠨ ᠠᠮᠤᠷ ᠲᠦᠪᠰᠢᠨ ᠢ ᠪᠠᠲᠤᠯᠠᠵᠤ ᠂ ᠣᠯᠠᠨ | ᠨᠡᠶᠢᠲᠡ ᠶᠢᠨ ᠠᠰᠢᠭ ᠲᠤᠰᠠ ᠶᠢ ᠬᠠᠮᠠᠭᠠᠯᠠᠨ ᠂ ᠶᠠᠰᠤ ᠴᠢᠨᠠᠷ ᠢ ᠰᠢᠯᠭᠠᠨ ᠪᠠᠶᠢᠴᠠᠭᠠᠬᠤ ᠲᠤᠰᠬᠠᠢ ᠮᠡᠷᠭᠡᠵᠢᠯ ᠤᠨ | ᠠᠵᠢᠯᠲᠠᠨ ᠤ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠬᠤ ᠶᠢᠨ ᠲᠤᠰᠠᠳᠠ ᠂ ᠤᠶᠢᠷ᠎ᠠ ᠳᠤ ᠤᠰᠤᠨ | ᠠᠰᠢᠭᠯᠠᠯᠲᠠ ᠶᠢᠨ ᠶᠠᠮᠤᠨ ᠠᠴᠠ ︽ᠤᠰᠤᠨ ᠠᠰᠢᠭᠯᠠᠯᠲᠠ ᠶᠢᠨ ᠢᠨᠵᠧᠨᠧᠷᠢᠩ ᠤᠨ ᠶᠠᠰᠤ ᠴᠢᠨᠠᠷ ᠢ ᠰᠢᠯᠭᠠᠨ | ᠪᠠᠶᠢᠴᠠᠭᠠᠭᠴᠢ ᠶᠢᠨ ᠬᠢᠷᠢ ᠭᠡᠮ ᠤᠨ ᠲᠣᠭᠲᠠᠭᠠᠯ︾ ᠂ ︽ᠤᠰᠤᠨ ᠠᠰᠢᠭᠯᠠᠯᠲᠠ ᠶᠢᠨ ᠢᠨᠵᠧᠨᠧᠷᠢᠩ ᠤᠨ ᠶᠠᠰᠤ | ᠴᠢᠨᠠᠷ ᠢ ᠰᠢᠯᠭᠠᠨ ᠪᠠᠶᠢᠴᠠᠭᠠᠭᠴᠢ ᠶᠢᠨ ᠬᠢᠷᠢ ᠭᠡᠮ ᠤᠨ ᠰᠢᠯᠭᠠᠯᠲᠠ ᠶᠢᠨ ᠬᠡᠷᠡᠭᠵᠢᠭᠦᠯᠬᠦ ᠠᠷᠭ᠎ᠠ︾ ︵ᠳᠤᠷᠤᠭᠰᠢ | ᠲᠤᠰ ᠲᠤᠰ ︽ᠲᠣᠭᠲᠠᠭᠠᠯ︾ ᠂ ︽ᠠᠷᠭ᠎ᠠ︾ ᠭᠡᠵᠦ ᠲᠣᠪᠴᠢᠯᠠᠨ᠎ᠠ︶ ᠶᠢ ᠳᠠᠷᠤᠮᠠᠯᠯᠠᠨ ᠲᠠᠷᠬᠠᠭᠠᠪᠠ ᠃ ᠤᠰᠤᠨ | ᠠᠰᠢᠭᠯᠠᠯᠲᠠ ᠶᠢᠨ ᠶᠠᠮᠤᠨ ᠤ ᠤᠰᠤᠨ ᠠᠰᠢᠭᠯᠠᠯᠲᠠ ᠶᠢᠨ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢᠨ | ᠵᠤᠷᠭᠠᠨ ᠤ ᠬᠤᠯᠪᠣᠭᠳᠠᠯ ᠪᠦᠬᠦᠢ ᠬᠠᠷᠢᠭᠤᠴᠠᠯᠭᠠᠲᠠᠨ ᠨᠥᠬᠦᠳ ︽ᠲᠣᠭᠲᠠᠭᠠᠯ︾ ︽ᠠᠷᠭ᠎ᠠ︾ ᠳᠤ ᠲᠠᠶᠢᠯᠤᠮᠵᠢ | ᠬᠢᠪᠡ ᠃ | ᠨᠢᠭᠡ ᠂ ︽ᠲᠣᠭᠲᠠᠭᠠᠯ︾ ᠂ ︽ᠠᠷᠭ᠎ᠠ︾ ᠶᠢ ᠲᠣᠭᠲᠠᠭᠠᠭᠰᠠᠨ ᠠᠬᠤᠶ ᠪᠠᠶᠢᠳᠠᠯ | ᠤᠰᠤᠨ ᠠᠰᠢᠭᠯᠠᠯᠲᠠ ᠶᠢᠨ ᠢᠨᠵᠧᠨᠧᠷᠢᠩ ᠤᠨ ᠶᠠᠰᠤ ᠴᠢᠨᠠᠷ ᠢ ᠰᠢᠯᠭᠠᠨ ᠪᠠᠶᠢᠴᠠᠭᠠᠭᠴᠢ ᠶᠢᠨ ᠬᠢᠷᠢ ᠭᠡᠮ ᠢ | 2000 ᠣᠨ ᠳᠤ ᠪᠠᠶᠢᠭᠤᠯᠵᠤ ᠂ ᠡᠷᠬᠢᠯᠡᠭᠰᠡᠨ ᠠᠵᠢᠯ ᠤᠨ ᠬᠢᠷᠢ ᠭᠡᠮ ᠢ ᠲᠥᠪᠯᠡᠷᠡᠭᠦᠯᠦᠨ ᠢᠯᠭᠠᠷᠠᠭᠤᠯᠬᠤ ᠲᠤᠬᠠᠶ | ᠲᠥᠷᠥ ᠶᠢᠨ ᠶᠠᠪᠤᠳᠠᠯ ᠤᠨ ᠬᠤᠷᠢᠶᠠᠨ ᠤ ᠪᠠᠶᠢᠷᠢᠯᠠᠭᠤᠯᠤᠯᠲᠠ ᠶᠣᠰᠣᠭᠠᠷ ᠂ 2014 ᠣᠨ ᠠᠴᠠ ᠡᠬᠢᠯᠡᠨ ᠬᠢᠷᠢ | ᠭᠡᠮ ᠤᠨ ᠰᠢᠯᠭᠠᠯᠲᠠ ᠶᠢ ᠲᠦᠷ ᠵᠤᠭᠰᠤᠭᠠᠨ᠎ᠠ ᠃ 2017 ᠣᠨ ᠠᠴᠠ ᠡᠬᠢᠯᠡᠨ ᠤᠰᠤᠨ ᠠᠰᠢᠭᠯᠠᠯᠲᠠ ᠶᠢᠨ | ᠢᠨᠵᠧᠨᠧᠷᠢᠩ ᠤᠨ ᠶᠠᠰᠤ ᠴᠢᠨᠠᠷ ᠢ ᠰᠢᠯᠭᠠᠨ ᠪᠠᠶᠢᠴᠠᠭᠠᠭᠴᠢ ᠶᠢᠨ ᠬᠢᠷᠢ ᠬᠡᠮ ᠢ ᠤᠯᠤᠰ ᠤᠨ ᠠᠵᠢᠯ ᠮᠡᠷᠭᠡᠵᠢᠯ ᠤᠨ | ᠬᠢᠷᠢ ᠬᠡᠮ ᠤᠨ ᠭᠠᠷᠴᠠᠭ ᠲᠤ ᠣᠷᠣᠭᠤᠯᠤᠨ᠎ᠠ ᠃ ᠶᠠᠰᠤ ᠴᠢᠨᠠᠷ ᠢ ᠪᠠᠶᠢᠴᠠᠭᠠᠨ ᠰᠢᠯᠭᠠᠬᠤ ᠲᠤᠰᠬᠠᠶ ᠮᠡᠷᠭᠡᠵᠢᠯ ᠤᠨ | ᠠᠵᠢᠯᠲᠠᠨ ᠤ ᠡᠩᠨᠡᠭᠡ ᠶᠢ ᠲᠡᠭᠦᠯᠳᠡᠷᠵᠢᠭᠦᠯᠵᠦ ᠂ ᠠᠵᠢᠯᠯᠠᠭᠰᠠᠳ ᠤᠨ ᠲᠤᠰᠬᠠᠶ ᠮᠡᠷᠭᠡᠵᠢᠯ ᠤᠨ ᠴᠢᠳᠠᠪᠤᠷᠢ ᠶᠢᠨ ᠬᠢᠷᠢ | ᠬᠡᠮᠵᠢᠶ᠎ᠡ ᠶᠢ ᠪᠠᠲᠤᠯᠠᠬᠤ ᠶᠢᠨ ᠲᠤᠰᠠᠳᠠ ᠂ ᠤᠰᠤᠨ ᠠᠰᠢᠭᠯᠠᠯᠲᠠ ᠶᠢᠨ ᠶᠠᠮᠤᠨ ︽ᠶᠠᠰᠤ ᠴᠢᠨᠠᠷ ᠤᠨ ᠬᠦᠴᠦᠷᠬᠡᠭ | ᠤᠯᠤᠰ ᠤᠨ ᠪᠦᠲᠦᠭᠡᠨ ᠪᠠᠶᠢᠭᠤᠯᠤᠯᠲᠠ ᠶᠢᠨ ᠲᠣᠪᠴᠢ︾ ᠂ ︽ᠪᠦᠲᠦᠭᠡᠨ ᠪᠠᠶᠢᠭᠤᠯᠤᠯᠲᠠ ᠶᠢᠨ ᠢᠨᠵᠧᠨᠧᠷᠢᠩ ᠤᠨ | ᠶᠠᠰᠤ ᠴᠢᠨᠠᠷ ᠤᠨ ᠬᠠᠮᠢᠶᠠᠷᠤᠯᠲᠠ ᠶᠢᠨ ᠳᠦᠷᠢᠮ︾ ᠂ ︽ᠤᠰᠤᠨ ᠠᠰᠢᠭᠯᠠᠯᠲᠠ ᠶᠢᠨ ᠢᠨᠵᠧᠨᠧᠷᠢᠩ ᠤᠨ ᠶᠠᠰᠤ | ᠴᠢᠨᠠᠷ ᠤᠨ ᠪᠠᠶᠢᠴᠠᠭᠠᠨ ᠰᠢᠯᠭᠠᠬᠤ ᠬᠠᠮᠢᠶᠠᠷᠤᠯᠲᠠ ᠶᠢᠨ ᠲᠣᠭᠲᠠᠭᠠᠯ︾ ᠵᠢᠴᠢ ᠤᠯᠤᠰ ᠤᠨ ᠠᠵᠢᠯ ᠮᠡᠷᠭᠡᠵᠢᠯ ᠤᠨ | ᠬᠢᠷᠢ ᠭᠡᠮ ᠤᠨ ᠳᠦᠷᠢᠮ ᠢ ᠦᠨᠳᠦᠰᠦᠯᠡᠨ ᠂ ︽ᠲᠣᠭᠲᠠᠭᠠᠯ︾ ᠂ ︽ᠠᠷᠭ᠎ᠠ︾ ᠶᠢ ᠲᠣᠭᠲᠠᠭᠠᠪᠠ ᠃ | ᠬᠤᠶᠠᠷ ᠂ ︽ᠲᠣᠭᠲᠠᠭᠠᠯ︾ ᠂ ︽ᠠᠷᠭ᠎ᠠ︾ ᠶᠢᠨ ᠵᠠᠷᠴᠢᠮ ᠢ ᠲᠣᠭᠲᠠᠭᠠᠬᠤ | ᠨᠢᠭᠡ ᠳᠤ ᠂ ᠠᠰᠠᠭᠤᠳᠠᠯ ᠢᠶᠠᠷ ᠤᠳᠤᠷᠢᠳᠤᠮᠵᠢ ᠪᠣᠯᠭᠠᠵᠤ ᠂ ᠪᠥᠬᠦ ᠠᠵᠢᠯᠲᠠᠨ ᠢ ᠬᠠᠮᠤᠷᠬᠤ ᠂ ᠪᠠᠲᠤᠯᠠᠬᠤ | ᠴᠢᠳᠠᠪᠤᠷᠢ ᠶᠢᠨ ᠵᠠᠷᠴᠢᠮ ᠶᠣᠰᠣᠭᠠᠷ ᠂ ᠡᠯ᠎ᠡ ᠲᠠᠰ ᠳᠠᠪᠬᠤᠷᠭ᠎ᠠ ᠶᠢᠨ ᠶᠠᠰᠤ ᠴᠢᠨᠠᠷ ᠤᠨ ᠪᠠᠶᠢᠴᠠᠭᠠᠨ ᠰᠢᠯᠭᠠᠬᠤ | ᠠᠵᠢᠯᠲᠠᠨ ᠢ ᠪᠦᠬᠦᠨ ᠢ ᠠᠵᠢᠯ ᠮᠡᠷᠭᠡᠵᠢᠯ ᠤᠨ ᠬᠢᠷᠢ ᠬᠡᠮ ᠤᠨ ᠬᠠᠮᠢᠶᠠᠷᠤᠯᠲᠠ ᠳᠤ ᠣᠷᠣᠭᠤᠯᠵᠤ ᠂ ᠬᠢᠷᠢ ᠲᠦᠪᠰᠢᠨ ᠤ | ᠦᠨᠡᠯᠡᠯᠲᠡ ᠪᠠ ᠠᠵᠢᠯ ᠶᠠᠪᠤᠳᠠᠯ ᠤᠨ ᠳᠤᠮᠳᠠᠬᠢ ᠪᠠ ᠠᠵᠢᠯ ᠶᠠᠪᠤᠳᠠᠯ ᠤᠨ ᠳᠠᠷᠠᠭᠠᠬᠢ ᠬᠢᠨᠠᠯᠲᠠ ᠬᠠᠮᠢᠶᠠᠷᠤᠯᠲᠠ ᠶᠢ | ᠴᠢᠩᠭᠠᠷᠠᠭᠤᠯᠤᠨ᠎ᠠ ᠃ | ᠬᠤᠶᠠᠷ ᠲᠤ ᠂ ᠠᠵᠤ ᠠᠬᠤᠶᠢᠯᠠᠯ ᠳᠤ ᠠᠰᠢᠭᠲᠠᠶ ᠪᠥᠭᠡᠳ ᠠᠷᠠᠳ ᠲᠤ ᠲᠥᠬᠦᠮ ᠦᠵᠡᠭᠦᠯᠵᠦ ᠂ ︽ᠢᠨᠲ᠋ᠧᠷ | ᠰᠦᠯᠵᠢᠶᠡᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡ︾ ᠶᠢ ᠨᠠᠶᠢᠳᠠᠪᠤᠷᠢᠵᠢᠭᠤᠯᠤᠨ ᠂ ᠡᠯᠧᠺᠲᠷᠣᠨ ᠦᠨᠡᠮᠯᠡᠯ ᠢ | ᠬᠡᠷᠡᠭᠵᠢᠭᠦᠯᠵᠦ ᠂ ᠠᠵᠢᠯ ᠡᠷᠭᠢᠯᠡᠬᠦ ᠮᠡᠳᠡᠭᠡ ᠵᠠᠩᠭᠢ ᠶᠢᠨ ᠳᠡᠩᠰᠡᠯᠡᠯᠲᠡ ᠪᠠ ᠪᠠᠶᠢᠴᠠᠭᠠᠨ ᠯᠠᠪᠯᠠᠬᠤ ᠦᠢᠯᠡᠴᠢᠯᠡᠭᠡ | ᠬᠠᠩᠭᠠᠵᠤ ᠂ ᠶᠠᠰᠤ ᠴᠢᠨᠠᠷ ᠢ ᠪᠠᠶᠢᠴᠠᠭᠠᠨ ᠰᠢᠯᠭᠠᠬᠤ ᠠᠵᠢᠯᠲᠠᠨ ᠤ ᠠᠵᠢᠯ ᠡᠷᠭᠢᠯᠡᠬᠦ ᠳᠤ ᠲᠥᠬᠦᠮ ᠦᠵᠡᠭᠦᠯᠵᠦ ᠂ | ᠠᠵᠤ ᠠᠬᠤᠶᠢᠯᠠᠯ ᠤᠨ ᠡᠵᠡᠩᠨᠡᠯᠲᠡ ᠶᠢᠨ ᠥᠪᠡᠷ ᠤᠨ ᠥᠷᠲᠡᠭ ᠢ ᠪᠠᠭᠤᠷᠠᠭᠤᠯᠤᠨ᠎ᠠ ᠃ | ᠭᠤᠷᠪᠠ ᠳᠤ ᠂ ᠡᠮᠬᠢ ᠵᠢᠷᠤᠮ ᠲᠠᠢ ᠪᠠᠷ ᠵᠣᠯᠭᠠᠭᠤᠯᠵᠤ ᠂ ᠰᠢᠨ᠎ᠡ ᠬᠠᠭᠤᠴᠢᠨ ᠠᠵᠢᠯ ᠮᠡᠷᠭᠡᠵᠢᠯ ᠤᠨ ᠬᠢᠷᠢ | ᠬᠡᠮ ᠢ ᠲᠣᠭᠲᠠᠭᠤᠨ ᠢᠶᠠᠷ ᠰᠢᠯᠵᠢᠭᠦᠯᠬᠦ ᠂ ᠵᠢᠷᠤᠮᠵᠢᠭᠤᠯᠤᠨ ᠬᠠᠮᠢᠶᠠᠷᠬᠤ ᠂ ᠤᠰᠤᠨ ᠠᠰᠢᠭᠯᠠᠯᠲᠠ ᠶᠢᠨ | ᠢᠨᠵᠧᠨᠧᠷᠢᠩ ᠤᠨ ᠶᠠᠰᠤ ᠴᠢᠨᠠᠷ ᠢ ᠰᠢᠯᠭᠠᠨ ᠪᠠᠶᠢᠴᠠᠭᠠᠭᠴᠢ ᠶᠢᠨ ᠲᠤᠰᠬᠠᠶ ᠮᠡᠷᠭᠡᠵᠢᠯ ᠤᠨ ᠪᠠᠶᠢᠷᠢᠯᠠᠭᠤᠯᠤᠯᠲᠠ ᠂ | ᠠᠵᠢᠯ ᠮᠡᠷᠭᠡᠵᠢᠯ ᠤᠨ ᠴᠢᠳᠠᠪᠤᠷᠢ ᠶᠢᠨ ᠱᠠᠭᠠᠷᠳᠠᠯᠭ᠎ᠠ ᠬᠢᠭᠡᠳ ᠶᠠᠰᠤ ᠴᠢᠨᠠᠷ ᠢ ᠪᠠᠶᠢᠴᠠᠭᠠᠨ ᠬᠡᠮᠵᠢᠬᠦ ᠨᠢᠭᠡᠴᠢ ᠶᠢᠨ ᠬᠢᠷᠢ | ᠬᠡᠮ ᠤᠨ ᠲᠠᠰ ᠤᠨ ᠪᠠᠷᠢᠮᠵᠢᠶ᠎ᠠ ᠶᠢ ᠬᠠᠷᠢᠯᠴᠠᠨ ᠵᠣᠯᠭᠠᠯᠳᠤᠭᠤᠯᠬᠤ ᠶᠢ ᠪᠠᠲᠤᠯᠠᠵᠤ ᠂ ᠤᠰᠤᠨ ᠠᠰᠢᠭᠯᠠᠯᠲᠠ ᠶᠢᠨ | ᠠᠵᠢᠯ ᠲᠥᠷᠥᠯ ᠤᠨ ᠪᠣᠳᠠᠲᠠᠶ ᠳᠤ ᠨᠡᠶᠢᠴᠡᠭᠰᠡᠨ ᠶᠠᠰᠤ ᠴᠢᠨᠠᠷ ᠢ ᠪᠠᠶᠢᠴᠠᠭᠠᠨ ᠬᠡᠮᠵᠢᠬᠦ ᠬᠠᠮᠢᠶᠠᠷᠤᠯᠲᠠ ᠶᠢᠨ | ᠰᠢᠰᠲ᠋ᠧᠮᠵᠢ ᠶᠢ ᠲᠦᠷᠭᠡᠳᠬᠡᠨ ᠪᠠᠶᠢᠭᠤᠯᠤᠨ᠎ᠠ ᠃ | ᠭᠤᠷᠪᠠ ᠂ ︽ᠲᠣᠭᠲᠠᠭᠠᠯ︾ ᠂ ︽ᠠᠷᠭ᠎ᠠ︾ ᠶᠢᠨ ᠭᠤᠣᠯ ᠠᠭᠤᠯᠭ᠎ᠠ | ︵ᠨᠢᠭᠡ︶ ︽ᠲᠣᠭᠲᠠᠭᠠᠯ︾ ᠢ ᠵᠢᠷᠭᠤᠭᠠᠨ ᠪᠦᠯᠦᠭ ᠬᠤᠪᠢᠶᠠᠵᠤ ᠂ ᠨᠡᠶᠢᠲᠡ ᠬᠤᠷᠢᠨ ᠨᠠᠢᠮᠠᠨ ᠵᠤᠷᠪᠤᠰ | ᠨᠢᠭᠡᠳᠦᠭᠡᠷ ᠪᠦᠯᠦᠭ ᠶᠡᠷᠦᠩᠬᠡᠶ ᠳᠦᠷᠢᠮ ᠂ ᠲᠣᠭᠲᠠᠭᠠᠭᠰᠠᠨ ᠵᠣᠷᠢᠯᠭ᠎ᠠ ᠪᠠ ᠦᠨᠳᠦᠰᠦᠯᠡᠯ ᠂ ᠤᠰᠤᠨ | ᠠᠰᠢᠭᠯᠠᠯᠲᠠ ᠶᠢᠨ ᠢᠨᠵᠧᠨᠧᠷᠢᠩ ᠤᠨ ᠶᠠᠰᠤ ᠴᠢᠨᠠᠷ ᠢ ᠰᠢᠯᠭᠠᠨ ᠪᠠᠶᠢᠴᠠᠭᠠᠭᠴᠢ ᠶᠢᠨ ᠲᠣᠳᠣᠷᠬᠠᠶᠢᠯᠠᠯᠲᠠ ᠂ ᠲᠤᠰᠬᠠᠶ | ᠮᠡᠷᠭᠡᠵᠢᠯ ᠤᠨ ᠲᠥᠷᠥᠯ ᠬᠤᠪᠢᠶᠠᠬᠤ ᠵᠢᠴᠢ ᠠᠩᠭ᠍ᠯᠢ ᠬᠡᠯᠡᠨ ᠤ ᠨᠡᠷᠡᠶᠢᠳᠦᠯ ᠂ ᠬᠢᠷᠢ ᠬᠡᠮ ᠢ ᠦᠨᠡᠯᠡᠬᠦ ᠠᠷᠭ᠎ᠠ ᠮᠠᠶ᠋ᠢᠭ ᠂ | ᠤᠰᠤᠨ ᠠᠰᠢᠭᠯᠠᠯᠲᠠ ᠶᠢᠨ ᠶᠠᠮᠤᠨ ᠵᠢᠴᠢ ᠦᠨᠡᠯᠡᠬᠦ ᠪᠠᠶᠢᠭᠤᠯᠤᠮᠵᠢ ᠶᠢᠨ ᠡᠭᠦᠷᠭᠡ ᠬᠠᠷᠢᠭᠤᠴᠠᠯᠭ᠎ᠠ ᠵᠡᠷᠭᠡ ᠵᠦᠢᠯ | ᠵᠤᠷᠪᠤᠰ ᠢ ᠪᠠᠭᠲᠠᠭᠠᠨ᠎ᠠ ᠃ | ᠬᠤᠶᠠᠳᠤᠭᠠᠷ ᠪᠦᠯᠦᠭ ᠰᠢᠯᠭᠠᠯᠲᠠ ᠳᠤ ᠰᠢᠯᠭᠠᠯᠲᠠ ᠶᠢᠨ ᠵᠣᠬᠢᠶᠠᠨ ᠪᠠᠶᠢᠭᠤᠯᠤᠯᠲᠠ ᠂ ᠤᠰᠤᠨ | ᠠᠰᠢᠭᠯᠠᠯᠲᠠ ᠶᠢᠨ ᠶᠠᠮᠤᠨ ᠪᠠ ᠦᠨᠡᠯᠡᠯᠲᠡ ᠶᠢᠨ ᠪᠠᠶᠢᠭᠤᠯᠤᠮᠵᠢ ᠶᠢᠨ ᠡᠭᠦᠷᠭᠡ ᠬᠠᠷᠢᠭᠤᠴᠠᠯᠭ᠎ᠠ ᠶᠢᠨ ᠠᠵᠢᠯ ᠤᠨ | ᠬᠤᠪᠢᠶᠠᠷᠢᠯᠠᠯ ᠂ ᠤᠰᠤᠨ ᠠᠰᠢᠭᠯᠠᠯᠲᠠ ᠶᠢᠨ ᠢᠨᠵᠧᠨᠧᠷᠢᠩ ᠤᠨ ᠶᠠᠰᠤ ᠴᠢᠨᠠᠷ ᠢ ᠰᠢᠯᠭᠠᠨ ᠪᠠᠶᠢᠴᠠᠭᠠᠭᠴᠢ ᠶᠢᠨ ᠠᠵᠢᠯ | ᠮᠡᠷᠭᠡᠵᠢᠯ ᠤᠨ ᠴᠢᠳᠠᠪᠤᠷᠢ ᠂ ᠨᠡᠷ᠎ᠡ ᠮᠡᠳᠡᠭᠦᠯᠬᠦ ᠨᠥᠬᠦᠴᠡᠯ ᠂ ᠰᠢᠯᠭᠠᠯᠲᠠ ᠶᠢᠨ ᠬᠢᠷᠢ ᠪᠦᠲᠦᠮᠵᠢ ᠶᠢ ᠢᠯᠡ ᠨᠡᠶᠢᠲᠡᠯᠡᠬᠦ | ᠵᠢᠴᠢ ᠦᠨᠡᠮᠯᠡᠯ ᠣᠯᠭᠤᠬᠤ ᠂ ᠰᠢᠯᠭᠠᠯᠲᠠ ᠶᠢᠨ ᠰᠠᠬᠢᠯᠭ᠎ᠠ ᠪᠠᠲᠤ ᠶᠢ ᠵᠥᠷᠢᠴᠡᠵᠦ ᠲᠣᠭᠲᠠᠭᠠᠯ ᠠᠴᠠ ᠵᠥᠷᠢᠴᠡᠭᠰᠡᠨ | ᠦᠢᠯᠡ ᠠᠵᠢᠯᠯᠠᠭ᠎ᠠ ᠶᠢ ᠰᠢᠢᠳᠪᠦᠷᠢᠯᠡᠬᠦ ᠵᠡᠷᠭᠡ ᠵᠦᠢᠯ ᠵᠤᠷᠪᠤᠰ ᠪᠠᠭᠲᠠᠨ᠎ᠠ ᠃ | ᠭᠤᠷᠪᠠᠳᠤᠭᠠᠷ ᠪᠦᠯᠦᠭ ᠠᠵᠢᠯ ᠡᠷᠬᠢᠯᠡᠵᠦ ᠂ ᠨᠡᠶᠢᠲᠡ ᠲᠠᠪᠤᠨ ᠵᠤᠷᠪᠤᠰ ᠂ ᠡᠭᠦᠨ ᠳᠤ ᠤᠰᠤᠨ | ᠠᠰᠢᠭᠯᠠᠯᠲᠠ ᠶᠢᠨ ᠢᠨᠵᠧᠨᠧᠷᠢᠩ ᠤᠨ ᠶᠠᠰᠤ ᠴᠢᠨᠠᠷ ᠢ ᠪᠠᠶᠢᠴᠠᠭᠠᠨ ᠰᠢᠯᠭᠠᠭᠴᠢ ᠶᠢᠨ ᠠᠵᠢᠯ ᠡᠷᠬᠢᠯᠡᠬᠦ ᠱᠠᠭᠠᠷᠳᠠᠯᠭ᠎ᠠ ᠂ | ᠦᠷᠭᠦᠯᠵᠢᠯᠡᠭᠰᠡᠨ ᠰᠤᠷᠭᠠᠨ ᠬᠥᠮᠦᠵᠢᠯ ᠪᠠ ᠦᠷᠭᠦᠯᠵᠢᠯᠡᠭᠰᠡᠨ ᠰᠤᠷᠭᠠᠨ ᠬᠥᠮᠦᠵᠢᠯ ᠤᠨ ᠪᠠᠶᠢᠭᠤᠯᠤᠮᠵᠢ ᠶᠢᠨ | ᠱᠠᠭᠠᠷᠳᠠᠯᠭ᠎ᠠ ᠶᠢ ᠳᠡᠭᠡᠭᠰᠢᠯᠡᠭᠦᠯᠬᠦ ᠵᠡᠷᠭᠡ ᠵᠦᠢᠯ ᠵᠤᠷᠪᠤᠰ ᠪᠠᠭᠲᠠᠨ᠎ᠠ ᠃ | ᠳᠥᠷᠪᠡᠳᠦᠭᠡᠷ ᠪᠦᠯᠦᠭ ᠳᠠᠩᠰᠠᠯᠠᠭᠤᠯᠬᠤ ᠳᠤ ᠳᠠᠩᠰᠠᠯᠠᠬᠤ ᠠᠵᠢᠯᠲᠠᠨ ᠤ ᠬᠦᠷᠢᠶ᠎ᠡ ᠬᠡᠪᠴᠢᠶ᠎ᠡ ᠂ ᠳᠠᠩᠰᠠᠯᠠᠬᠤ | ᠲᠠᠪᠴᠠᠩ ᠂ ᠳᠠᠩᠰᠠᠯᠠᠬᠤ ᠠᠭᠤᠯᠭ᠎ᠠ ᠵᠢᠴᠢ ᠳᠠᠩᠰᠠᠯᠠᠬᠤ ᠮᠡᠳᠡᠭᠡ ᠵᠠᠩᠭᠢ ᠶᠢᠨ ᠬᠡᠷᠡᠭᠴᠡᠭᠡ ᠂ ᠳᠠᠩᠰᠠᠯᠠᠬᠤ ᠮᠡᠳᠡᠭᠡ | ᠵᠠᠩᠭᠢ ᠶᠢ ᠢᠯᠡ ᠪᠣᠯᠭᠠᠬᠤ ᠵᠡᠷᠭᠡ ᠵᠦᠢᠯ ᠵᠤᠷᠪᠤᠰ ᠪᠠᠭᠲᠠᠨ᠎ᠠ ᠃ | ᠲᠠᠪᠤᠳᠤᠭᠠᠷ ᠪᠦᠯᠦᠭ ᠬᠢᠨᠠᠯᠲᠠ ᠲᠠᠯᠪᠢᠨ ᠬᠠᠮᠢᠶᠠᠷᠴᠤ ᠂ ᠡᠯ᠎ᠡ ᠱᠠᠲᠤᠨ ᠤ ᠤᠰᠤᠨ ᠤ ᠵᠠᠰᠠᠭ ᠵᠠᠬᠢᠷᠭᠠᠨ ᠤ | ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠨ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠢ | ᠪᠠᠭᠲᠠᠭᠠᠨ᠎ᠠ ᠂ ᠤᠰᠤᠨ ᠠᠰᠢᠭᠯᠠᠯᠲᠠ ᠶᠢᠨ ᠢᠨᠵᠧᠨᠧᠷᠢᠩ ᠤᠨ ᠶᠠᠰᠤ ᠴᠢᠨᠠᠷ ᠢ ᠰᠢᠯᠭᠠᠨ ᠪᠠᠶᠢᠴᠠᠭᠠᠭᠴᠢ ᠶᠢᠨ ᠬᠠᠤᠯᠢ | ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠰᠢᠢᠳᠪᠦᠷᠢᠯᠡᠬᠦ ᠂ ᠦᠨᠡᠯᠡᠬᠦ ᠪᠠᠶᠢᠭᠤᠯᠤᠮᠵᠢ ᠶᠢᠨ ᠡᠭᠦᠷᠭᠡ ᠂ | ᠴᠠᠭᠠᠵᠠᠯᠠᠬᠤ ᠴᠢᠨᠠᠷᠲᠠᠶ ᠦᠢᠯᠡ ᠠᠵᠢᠯᠯᠠᠭ᠎ᠠ ᠂ ᠦᠨᠡᠯᠡᠬᠦ ᠪᠠᠶᠢᠭᠤᠯᠤᠮᠵᠢ ᠶᠢᠨ ᠲᠣᠭᠲᠠᠭᠠᠯ ᠠᠴᠠ ᠵᠥᠷᠢᠴᠡᠭᠰᠡᠨ ᠦᠢᠯᠡ | ᠠᠵᠢᠯᠯᠠᠭ᠎ᠠ ᠶᠢ ᠰᠢᠢᠳᠪᠦᠷᠢᠯᠡᠬᠦ ᠵᠡᠷᠭᠡ ᠵᠦᠢᠯ ᠵᠤᠷᠪᠤᠰ ᠢ ᠪᠠᠭᠲᠠᠭᠠᠨ᠎ᠠ ᠃ | ᠵᠢᠷᠭᠤᠳᠤᠭᠠᠷ ᠪᠦᠯᠦᠭ ᠳᠠᠭᠠᠯᠳᠤᠭᠤᠯᠤᠯ ᠳᠦᠷᠢᠮ ᠂ 2013 ᠣᠨ ᠠᠴᠠ ᠡᠮᠦᠨᠡᠬᠢ ᠳᠤᠮᠳᠠᠳᠤ ᠤᠯᠤᠰ ᠤᠨ | ᠤᠰᠤᠨ ᠠᠰᠢᠭᠯᠠᠯᠲᠠ ᠶᠢᠨ ᠢᠨᠵᠧᠨᠧᠷᠢᠩ ᠤᠨ ᠨᠡᠶᠢᠭᠡᠮᠯᠢᠭ ᠠᠴᠠ ᠣᠯᠭᠤᠭᠰᠠᠨ ᠤᠰᠤᠨ ᠠᠰᠢᠭᠯᠠᠯᠲᠠ ᠶᠢᠨ | ᠢᠨᠵᠧᠨᠧᠷᠢᠩ ᠤᠨ ᠶᠠᠰᠤ ᠴᠢᠨᠠᠷ ᠤᠨ ᠪᠠᠶᠢᠴᠠᠭᠠᠨ ᠬᠡᠮᠵᠢᠭᠴᠢ ᠶᠢᠨ ᠬᠢᠷᠢ ᠭᠡᠮ ᠤᠨ ᠦᠨᠡᠮᠯᠡᠯ ᠤᠨ ᠬᠦᠴᠦᠨ ᠂ ︽ | ᠲᠣᠭᠲᠠᠭᠠᠯ︾ ᠢ ᠬᠡᠷᠡᠭᠵᠢᠭᠦᠯᠬᠦ ᠴᠠᠭ ᠬᠤᠭᠤᠴᠠᠭ᠎ᠠ ᠵᠡᠷᠭᠡ ᠵᠦᠢᠯ ᠵᠤᠷᠪᠤᠰ ᠪᠠᠭᠲᠠᠨ᠎ᠠ ᠃ | ︵ᠬᠤᠶᠠᠷ︶ ︽ᠠᠷᠭ᠎ᠠ︾ ᠨᠢ ᠪᠦᠯᠦᠭ ᠬᠤᠪᠢᠶᠠᠬᠤ ᠦᠭᠡᠢ ᠂ ᠨᠡᠶᠢᠲᠡ ᠠᠷᠪᠠᠨ ᠬᠤᠶᠠᠷ ᠵᠤᠷᠪᠤᠰ | ︽ᠠᠷᠭ᠎ᠠ︾ ᠳᠤ ᠭᠤᠤᠯᠳᠠᠭᠤ ᠲᠣᠭᠲᠠᠭᠠᠭᠰᠠᠨ ᠵᠣᠷᠢᠯᠭ᠎ᠠ ᠂ ᠤᠰᠤᠨ ᠠᠰᠢᠭᠯᠠᠯᠲᠠ ᠶᠢᠨ ᠶᠠᠮᠤᠨ ᠤ | ᠬᠠᠮᠢᠶᠠᠷᠤᠯᠲᠠ ᠶᠢᠨ ᠡᠭᠦᠷᠭᠡ ᠬᠠᠷᠢᠭᠤᠴᠠᠯᠭ᠎ᠠ ᠂ ᠰᠢᠯᠭᠠᠯᠲᠠ ᠶᠢ ᠬᠡᠷᠡᠭᠵᠢᠭᠦᠯᠬᠦ ᠪᠠᠶᠢᠭᠤᠯᠤᠮᠵᠢ ᠂ ᠰᠢᠯᠭᠠᠯᠲᠠ ᠶᠢᠨ | ᠲᠦᠰᠦᠯ ᠤᠨ ᠲᠣᠬᠢᠷᠠᠭᠤᠯᠤᠯᠲᠠ ᠂ ᠰᠢᠯᠭᠠᠯᠲᠠ ᠶᠢᠨ ᠦᠶᠡᠯᠡᠯ ᠤᠨ ᠬᠤᠭᠤᠴᠠᠭ᠎ᠠ ᠪᠠ ᠰᠢᠯᠭᠠᠯᠲᠠ ᠶᠢᠨ ᠴᠡᠭ ᠤᠨ | ᠲᠣᠬᠢᠷᠠᠭᠤᠯᠤᠯᠲᠠ ᠂ ᠰᠢᠯᠭᠠᠯᠲᠠ ᠳᠤ ᠨᠡᠷ᠎ᠡ ᠮᠡᠳᠡᠭᠦᠯᠬᠦ ᠂ ᠰᠢᠯᠭᠠᠯᠲᠠ ᠶᠢᠨ ᠬᠢᠷᠢ ᠪᠦᠲᠦᠮᠵᠢ ᠵᠢᠴᠢ ᠬᠢᠷᠢ ᠲᠡᠩᠴᠡᠭᠦ | ᠪᠠᠷᠢᠮᠵᠢᠶ᠎ᠠ ᠂ ᠵᠠᠶᠢᠯᠠᠬᠤ ᠵᠠᠷᠴᠢᠮ ᠂ ᠰᠢᠯᠭᠠᠯᠲᠠ ᠪᠠ ᠪᠣᠯᠪᠠᠰᠤᠷᠠᠯ ᠢ ᠰᠠᠯᠭᠠᠬᠤ ᠵᠠᠷᠴᠢᠮ ᠂ ᠰᠢᠯᠭᠠᠯᠲᠠ ᠶᠢᠨ ᠠᠵᠢᠯ ᠤᠨ | ᠰᠠᠬᠢᠯᠭ᠎ᠠ ᠪᠠᠲᠤ ᠂ ᠰᠠᠬᠢᠯᠭ᠎ᠠ ᠪᠠᠲᠤ ᠲᠦᠷᠢᠮ ᠲᠣᠭᠲᠠᠭᠠᠯ ᠠᠴᠠ ᠵᠥᠷᠢᠴᠡᠭᠰᠡᠨ ᠬᠥᠮᠦᠰ ᠢ ᠰᠢᠢᠳᠪᠦᠷᠢᠯᠡᠬᠦ ᠵᠡᠷᠭᠡ | ᠵᠦᠢᠯ ᠵᠤᠷᠪᠤᠰ ᠪᠠᠭᠲᠠᠨ᠎ᠠ ᠃ | ᠳᠥᠷᠪᠡ ᠂ ᠲᠣᠳᠣᠷᠬᠠᠶᠢᠯᠠᠬᠤ ᠴᠢᠬᠤᠯᠠᠲᠠᠶ ᠬᠡᠳᠦᠨ ᠠᠰᠠᠭᠤᠳᠠᠯ | ︵ᠨᠢᠭᠡ︶ ᠤᠰᠤᠨ ᠠᠰᠢᠭᠯᠠᠯᠲᠠ ᠶᠢᠨ ᠢᠨᠵᠧᠨᠧᠷᠢᠩ ᠤᠨ ᠶᠠᠰᠤ ᠴᠢᠨᠠᠷ ᠢ ᠰᠢᠯᠭᠠᠨ ᠪᠠᠶᠢᠴᠠᠭᠠᠭᠴᠢ ᠶᠢᠨ ᠬᠢᠷᠢ | ᠭᠡᠮ ᠤᠨ ᠲᠤᠬᠠᠢ ᠣᠷᠣᠨ ᠲᠣᠭᠲᠠᠭᠠᠯᠲᠠ | ᠤᠯᠤᠰ ᠤᠨ ᠠᠵᠢᠯ ᠮᠡᠷᠭᠡᠵᠢᠯ ᠤᠨ ᠬᠢᠷᠢ ᠭᠡᠮ ᠤᠨ ᠭᠠᠷᠴᠠᠭ ᠢ ᠦᠨᠳᠦᠰᠦᠯᠡᠪᠡᠯ ᠂ ᠤᠰᠤᠨ ᠠᠰᠢᠭᠯᠠᠯᠲᠠ ᠶᠢᠨ | ᠢᠨᠵᠧᠨᠧᠷᠢᠩ ᠤᠨ ᠶᠠᠰᠤ ᠴᠢᠨᠠᠷ ᠤᠨ ᠪᠠᠶᠢᠴᠠᠭᠠᠨ ᠬᠡᠮᠵᠢᠭᠴᠢ ᠶᠢᠨ ᠬᠢᠷᠢ ᠭᠡᠮ ᠤᠨ ᠲᠦᠰᠦᠯ ᠨᠢ ᠬᠢᠷᠢ ᠬᠡᠮᠵᠢᠶᠡᠨ ᠤ | ᠦᠨᠡᠯᠡᠯᠲᠡ ᠶᠢᠨ ᠲᠥᠷᠥᠯ ᠪᠣᠯᠤᠨ᠎ᠠ ᠂ ᠨᠡᠯᠢᠶᠡᠳ ᠴᠢᠩᠭ᠎ᠠ ᠲᠤᠰᠬᠠᠶ ᠮᠡᠷᠭᠡᠵᠢᠯ ᠤᠨ ᠴᠢᠨᠠᠷ ᠪᠣᠯᠤᠨ ᠨᠡᠶᠢᠭᠡᠮ ᠤᠨ | ᠨᠡᠶᠢᠳᠡᠮ ᠬᠡᠷᠡᠭᠯᠡᠬᠦ ᠴᠢᠨᠠᠷ ᠲᠠᠢ ᠪᠠᠶᠢᠵᠤ ᠂ ᠮᠡᠷᠭᠡᠵᠢᠯ ᠴᠢᠳᠠᠪᠤᠷᠢ ᠶᠢᠨ ᠱᠠᠭᠠᠷᠳᠠᠯᠭ᠎ᠠ ᠨᠢ ᠨᠡᠯᠢᠶᠡᠳ ᠥᠨᠳᠥᠷ ᠂ ᠠᠵᠢᠯ | ᠲᠥᠷᠥᠯ ᠤᠨ ᠬᠠᠮᠢᠶᠠᠷᠤᠯᠲᠠ ᠪᠣᠯᠤᠨ ᠴᠢᠳᠠᠪᠤᠷᠢᠲᠠᠨ ᠤ ᠡᠩᠨᠡᠭᠡ ᠶᠢᠨ ᠪᠠᠶᠢᠭᠤᠯᠤᠯᠲᠠ ᠶᠢᠨ ᠬᠡᠷᠡᠭᠴᠡᠭᠡ ᠲᠠᠢ ᠃ | ᠤᠰᠤᠨ ᠠᠰᠢᠭᠯᠠᠯᠲᠠ ᠶᠢᠨ ᠶᠠᠮᠤᠨ ᠪᠦᠬᠦ ᠨᠡᠶᠢᠭᠡᠮ ᠳᠤ ᠤᠰᠤᠨ ᠠᠰᠢᠭᠯᠠᠯᠲᠠ ᠶᠢᠨ ᠢᠨᠵᠧᠨᠧᠷᠢᠩ ᠤᠨ ᠶᠠᠰᠤ | ᠴᠢᠨᠠᠷ ᠤᠨ ᠪᠠᠶᠢᠴᠠᠭᠠᠨ ᠰᠢᠯᠭᠠᠭᠴᠢ ᠶᠢᠨ ᠬᠢᠷᠢ ᠬᠡᠮᠵᠢᠶ᠎ᠡ ᠶᠢ ᠦᠨᠡᠯᠡᠬᠦ ᠦᠢᠯᠡᠴᠢᠯᠡᠭᠡᠨ ᠬᠠᠩᠭᠠᠵᠤ ᠂ ᠰᠢᠯᠭᠠᠬᠤ ᠶᠢᠨ | ᠦᠨᠡᠯᠡᠬᠦ ᠠᠷᠭ᠎ᠠ ᠮᠠᠶ᠋ᠢᠭ ᠢ ᠬᠡᠷᠡᠭᠵᠢᠭᠦᠯᠬᠦ ᠬᠡᠷᠡᠭᠲᠡᠶ ᠃ ᠤᠰᠤᠨ ᠠᠰᠢᠭᠯᠠᠯᠲᠠ ᠶᠢᠨ ᠢᠨᠵᠧᠨᠧᠷᠢᠩ ᠤᠨ ᠶᠠᠰᠤ | ᠴᠢᠨᠠᠷ ᠤᠨ ᠰᠢᠯᠭᠠᠨ ᠪᠠᠶᠢᠴᠠᠭᠠᠭᠴᠢ ᠶᠢᠨ ᠬᠢᠷᠢ ᠭᠡᠮ ᠤᠨ ᠰᠢᠯᠭᠠᠯᠲᠠ ᠪᠠᠷ ᠳᠠᠮᠵᠢᠭᠤᠯᠤᠨ ᠂ ᠬᠢᠷᠢ ᠭᠡᠮ ᠤᠨ ᠦᠨᠡᠮᠯᠡᠯ | ᠣᠯᠤᠭᠰᠠᠨ ᠬᠥᠮᠦᠰ ᠨᠢ ᠨᠢᠭᠡᠨᠲᠡ ᠤᠰᠤᠨ ᠠᠰᠢᠭᠯᠠᠯᠲᠠ ᠶᠢᠨ ᠢᠨᠵᠧᠨᠧᠷᠢᠩ ᠤᠨ ᠶᠠᠰᠤ ᠴᠢᠨᠠᠷ ᠤᠨ ᠰᠢᠯᠭᠠᠨ | ᠪᠠᠶᠢᠴᠠᠭᠠᠬᠤ ᠲᠤᠰᠬᠠᠶ ᠮᠡᠷᠭᠡᠵᠢᠯ ᠤᠨ ᠠᠵᠢᠯ ᠤᠨ ᠪᠠᠶᠢᠷᠢ ᠶᠢᠨ ᠠᠵᠢᠯ ᠬᠢᠬᠦ ᠴᠢᠳᠠᠪᠤᠷᠢ ᠲᠠᠢ ᠪᠣᠯᠤᠭᠰᠠᠨ ᠠᠵᠢᠯ | ᠮᠡᠷᠭᠡᠵᠢᠯ ᠤᠨ ᠴᠢᠳᠠᠪᠤᠷᠢ ᠶᠢ ᠨᠢ ᠬᠠᠷᠠᠭᠤᠯᠬᠤ ᠬᠡᠷᠡᠭᠲᠡᠶ ᠂ ᠡᠭᠦᠨ ᠳᠤ ᠶᠠᠰᠤ ᠴᠢᠨᠠᠷ ᠤᠨ ᠰᠢᠯᠭᠠᠨ ᠪᠠᠶᠢᠴᠠᠭᠠᠬᠤ | ᠲᠤᠰᠬᠠᠶ ᠮᠡᠷᠭᠡᠵᠢᠯ ᠤᠨ ᠰᠢᠯᠭᠠᠨ ᠪᠠᠶᠢᠴᠠᠭᠠᠬᠤ ᠠᠵᠢᠯ ᠢ ᠪᠡᠶ᠎ᠡ ᠪᠠᠨ ᠳᠠᠭᠠᠭᠠᠵᠤ ᠪᠡᠶᠡᠯᠡᠭᠦᠯᠵᠦ ᠳᠡᠶᠢᠯᠬᠦ ᠂ ᠪᠠᠶᠢᠴᠠᠭᠠᠨ | ᠬᠡᠮᠵᠢᠬᠦ ᠶᠠᠪᠤᠴᠠ ᠳᠤ ᠪᠠᠶᠢᠩᠭᠤ ᠲᠣᠬᠢᠶᠠᠯᠳᠤᠬᠤ ᠠᠰᠠᠭᠤᠳᠠᠯ ᠢ ᠰᠢᠢᠳᠪᠦᠷᠢᠯᠡᠵᠦ ᠂ ᠵᠤᠷᠰᠢᠯ ᠤᠨ ᠴᠢᠨᠠᠷᠲᠠᠶ ᠰᠢᠯᠭᠠᠨ | ᠪᠠᠶᠢᠴᠠᠭᠠᠭᠰᠠᠨ ᠮᠡᠳᠡᠭᠦᠯᠦᠯᠲᠡ ᠵᠡᠷᠭᠡ ᠶᠢ ᠨᠠᠶᠢᠷᠠᠭᠤᠯᠤᠨ ᠵᠣᠬᠢᠶᠠᠬᠤ ᠵᠡᠷᠭᠡ ᠪᠠᠭᠲᠠᠨ᠎ᠠ ᠃ ᠨᠡᠷ᠎ᠡ ᠮᠡᠳᠡᠭᠦᠯᠬᠦ | ᠨᠥᠬᠦᠴᠡᠯ ᠪᠠ ᠴᠢᠳᠠᠪᠤᠷᠢ ᠶᠢᠨ ᠬᠢᠷᠢ ᠲᠦᠪᠰᠢᠨ ᠨᠢ ᠲᠤᠰᠠᠯᠠᠬᠤ ᠢᠨᠵᠧᠨᠧᠷ ᠲᠠᠢ ᠶᠡᠭᠡ ᠲᠥᠯᠥᠪ ᠲᠡᠩᠴᠡᠨ᠎ᠡ ᠃ | ︵ᠬᠤᠶᠠᠷ︶ ᠠᠵᠢᠯ ᠡᠷᠬᠢᠯᠡᠬᠦ ᠮᠡᠳᠡᠭᠡ ᠵᠠᠩᠭᠢ ᠳᠠᠩᠰᠠᠯᠠᠬᠤ ᠦᠢᠯᠡᠴᠢᠯᠡᠭᠡᠨ ᠤ ᠳᠦᠷᠢᠮ | ᠳᠠᠩᠰᠠᠯᠠᠬᠤ ᠳᠦᠷᠢᠮ ᠪᠣᠯ ᠬᠢᠷᠢ ᠲᠦᠪᠰᠢᠨ ᠤ ᠦᠨᠡᠯᠡᠯᠲᠡ ᠶᠢᠨ ᠲᠥᠷᠥᠯ ᠤᠨ ᠡᠷᠬᠢᠯᠡᠭᠰᠡᠨ ᠠᠵᠢᠯ ᠤᠨ ᠬᠢᠷᠢ | ᠬᠡᠮ ᠤᠨ ᠬᠠᠮᠢᠶᠠᠷᠤᠯᠲᠠ ᠶᠢᠨ ᠨᠡᠶᠢᠳᠡᠮ ᠬᠡᠷᠡᠭᠯᠡᠬᠦ ᠠᠷᠭ᠎ᠠ ᠪᠠᠷᠢᠯ ᠪᠣᠯᠤᠨ᠎ᠠ ᠂ ᠭᠤᠤᠯ ᠵᠣᠷᠢᠯᠭ᠎ᠠ ᠨᠢ ᠦᠨᠡᠮᠯᠡᠯ ᠲᠠᠢ | ᠬᠥᠮᠦᠰ ᠤᠨ ᠠᠵᠢᠯ ᠡᠷᠬᠢᠯᠡᠬᠦ ᠦᠢᠯᠡ ᠠᠵᠢᠯᠯᠠᠭ᠎ᠠ ᠶᠢ ᠵᠢᠷᠤᠮᠵᠢᠭᠤᠯᠵᠤ ᠂ ᠤᠰᠤᠨ ᠤ ᠵᠠᠰᠠᠭ ᠵᠠᠬᠢᠷᠭᠠᠨ ᠤ ᠡᠷᠬᠢᠯᠡᠨ | ᠬᠠᠮᠢᠶᠠᠷᠬᠤ ᠰᠠᠯᠠᠭ᠎ᠠ ᠮᠥᠴᠢᠷ ᠂ ᠬᠥᠮᠦᠨ ᠬᠡᠷᠡᠭᠯᠡᠬᠦ ᠨᠢᠭᠡᠴᠢ ᠶᠢᠨ ᠦᠨᠡᠮᠯᠡᠯ ᠲᠠᠢ ᠬᠥᠮᠦᠰ ᠤᠨ ᠠᠵᠢᠯ ᠡᠷᠬᠢᠯᠡᠭᠰᠡᠨ | ᠥᠩᠭᠡᠷᠡᠯᠲᠡ ᠶᠢ ᠡᠵᠡᠮᠰᠢᠬᠦ ᠳᠤ ᠳᠥᠭᠦᠮ ᠦᠵᠡᠭᠦᠯᠵᠦ ᠂ ᠨᠢᠭᠡ ᠬᠥᠮᠦᠨ ᠨᠢ ᠬᠠᠮᠲᠤ ᠳᠤᠨᠢ ᠣᠯᠠᠨ ᠨᠢᠭᠡᠴᠢ ᠳᠤ | ᠤᠷᠢᠭᠳᠠᠬᠤ ᠵᠡᠷᠭᠡ ︽ᠦᠨᠡᠮᠯᠡᠯ ᠡᠯᠭᠦᠬᠦ︾ ᠦᠢᠯᠡ ᠠᠵᠢᠯᠯᠠᠭ᠎ᠠ ᠡᠭᠦᠰᠬᠦ ᠶᠢ ᠰᠡᠷᠭᠡᠶᠢᠯᠡᠨ ᠬᠤᠷᠢᠭᠯᠠᠬᠤ ᠶᠢᠨ | ᠲᠥᠯᠥᠭᠡ ᠶᠤᠮ ᠃ ᠤᠰᠤᠨ ᠠᠰᠢᠭᠯᠠᠯᠲᠠ ᠶᠢᠨ ᠢᠨᠵᠧᠨᠧᠷᠢᠩ ᠤᠨ ᠶᠠᠰᠤ ᠴᠢᠨᠠᠷ ᠢ ᠪᠠᠶᠢᠴᠠᠭᠠᠨ ᠰᠢᠯᠭᠠᠬᠤ | ᠠᠵᠢᠯᠯᠠᠭ᠎ᠠ ᠬᠢᠬᠦ ᠶᠢᠨ ᠬᠠᠮᠲᠤ ᠤᠰᠤᠨ ᠠᠰᠢᠭᠯᠠᠯᠲᠠ ᠶᠢᠨ ᠢᠨᠵᠧᠨᠧᠷᠢᠩ ᠤᠨ ᠶᠠᠰᠤ ᠴᠢᠨᠠᠷ ᠤᠨ ᠪᠠᠶᠢᠴᠠᠭᠠᠨ | ᠰᠢᠯᠭᠠᠭᠴᠢ ᠶᠢᠨ ᠬᠢᠷᠢ ᠭᠡᠮ ᠤᠨ ᠦᠨᠡᠮᠯᠡᠯ ᠢ ᠣᠯᠤᠭᠰᠠᠨ ᠠᠵᠢᠯᠲᠠᠨ ᠤᠰᠤᠨ ᠠᠰᠢᠭᠯᠠᠯᠲᠠ ᠶᠢᠨ ᠶᠠᠮᠤᠨ ᠤ | ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠠᠪᠴᠠᠩ ᠳᠤ ᠳᠠᠩᠰᠠᠯᠠᠬᠤ ᠠᠵᠢᠯ ᠤᠨ ᠨᠢᠭᠡᠴᠢ ᠂ ᠲᠤᠰᠬᠠᠶ ᠮᠡᠷᠭᠡᠵᠢᠯ ᠂ | ᠦᠷᠭᠦᠯᠵᠢᠯᠡᠭᠰᠡᠨ ᠰᠤᠷᠭᠠᠨ ᠬᠥᠮᠦᠵᠢᠯ ᠡᠷᠬᠢᠯᠡᠬᠦ ᠵᠡᠷᠭᠡ ᠮᠡᠳᠡᠭᠡ ᠵᠠᠩᠭᠢ ᠶᠢ ᠣᠯᠤᠭᠰᠠᠨ ᠪᠠᠶᠢᠬᠤ ᠬᠡᠷᠡᠭᠲᠡᠶ ᠃ | ᠤᠰᠤᠨ ᠠᠰᠢᠭᠯᠠᠯᠲᠠ ᠶᠢᠨ ᠶᠠᠮᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠠᠪᠴᠠᠩ ᠤᠨ | ᠳᠠᠩᠰᠠᠯᠠᠭᠤᠯᠤᠭᠰᠠᠨ ᠮᠡᠳᠡᠭᠡ ᠵᠠᠩᠭᠢ ᠶᠢ ᠤᠰᠤᠨ ᠠᠰᠢᠭᠯᠠᠯᠲᠠ ᠶᠢᠨ ᠢᠨᠵᠧᠨᠧᠷᠢᠩ ᠤᠨ ᠶᠠᠰᠤ ᠴᠢᠨᠠᠷ ᠢ ᠪᠠᠶᠢᠴᠠᠭᠠᠨ | ᠬᠡᠮᠵᠢᠬᠦ ᠠᠵᠢᠯᠯᠠᠭ᠎ᠠ ᠡᠷᠭᠢᠯᠡᠬᠦ ᠶᠢᠨ ᠬᠦᠴᠦᠨ ᠪᠥᠬᠦᠶ ᠭᠡᠷᠡᠴᠢ ᠪᠣᠯᠭᠠᠵᠤ ᠪᠣᠯᠤᠨ᠎ᠠ ᠃ | ︵ᠭᠤᠷᠪᠠ︶ 2013 ᠣᠨ ᠤ 12 ᠳ᠋ᠤᠭᠠᠷ ᠰᠠᠷ᠎ᠠ ᠶᠢᠨ 3 ᠤ ᠡᠳᠦᠷ ᠠᠴᠠ ᠡᠮᠦᠨ᠎ᠡ ᠳᠤᠮᠳᠠᠳᠤ ᠤᠯᠤᠰ ᠤᠨ | ᠤᠰᠤᠨ ᠠᠰᠢᠭᠯᠠᠯᠲᠠ ᠶᠢᠨ ᠢᠨᠵᠧᠨᠧᠷᠢᠩ ᠤᠨ ᠨᠡᠶᠢᠭᠡᠮᠯᠢᠭ ᠠᠴᠠ ᠣᠯᠭᠤᠭᠰᠠᠨ ︽ᠤᠰᠤᠨ ᠠᠰᠢᠭᠯᠠᠯᠲᠠ ᠶᠢᠨ | ᠢᠨᠵᠧᠨᠧᠷᠢᠩ ᠤᠨ ᠶᠠᠰᠤ ᠴᠢᠨᠠᠷ ᠤᠨ ᠰᠢᠯᠭᠠᠨ ᠪᠠᠶᠢᠴᠠᠭᠠᠭᠴᠢ ᠶᠢᠨ ᠬᠢᠷᠢ ᠭᠡᠮ ᠤᠨ ᠦᠨᠡᠮᠯᠡᠯ︾ | 2013 ᠣᠨ ᠠᠴᠠ ᠡᠮᠦᠨ᠎ᠡ ᠂ ᠳᠤᠮᠳᠠᠳᠤ ᠤᠯᠤᠰ ᠤᠨ ᠤᠰᠤᠨ ᠠᠰᠢᠭᠯᠠᠯᠲᠠ ᠶᠢᠨ ᠢᠨᠵᠧᠨᠧᠷᠢᠩ ᠤᠨ | ᠨᠡᠶᠢᠭᠡᠮᠯᠢᠭ ᠤᠰᠤᠨ ᠠᠰᠢᠭᠯᠠᠯᠲᠠ ᠶᠢᠨ ᠶᠠᠮᠤᠨ ᠤ ᠨᠠᠶᠢᠳᠠᠯᠭ᠎ᠠ ᠪᠠᠷ ᠶᠠᠰᠤ ᠴᠢᠨᠠᠷ ᠢ ᠰᠢᠯᠭᠠᠨ ᠪᠠᠶᠢᠴᠠᠭᠠᠭᠴᠢ ᠶᠢᠨ | ᠬᠢᠷᠢ ᠭᠡᠮ ᠤᠨ ᠰᠢᠯᠭᠠᠯᠲᠠ ᠶᠢᠨ ᠠᠵᠢᠯ ᠢ ᠡᠭᠦᠷᠭᠡᠯᠡᠵᠦ ᠂ ᠲᠤᠬᠠᠶ ᠶᠢᠨ ᠦᠶ᠎ᠡ ᠶᠢᠨ ᠨᠡᠷ᠎ᠡ ᠮᠡᠳᠡᠭᠦᠯᠬᠦ ᠨᠥᠬᠦᠴᠡᠯ ᠂ | ᠡᠷᠬᠢᠯᠡᠭᠰᠡᠨ ᠠᠵᠢᠯ ᠤᠨ ᠬᠢᠷᠢ ᠬᠡᠮᠵᠢᠶ᠎ᠡ ᠬᠢᠭᠡᠳ ᠰᠢᠨ᠎ᠡ ᠲᠣᠭᠲᠠᠭᠠᠯ ᠨᠢ ᠠᠳᠠᠯᠢ ᠪᠠᠶᠢᠵᠤ ᠂ ᠪᠠᠷᠤᠭ 2.8 ᠲᠦᠮᠡᠨ | ᠬᠥᠮᠦᠨ ᠬᠢᠷᠢ ᠭᠡᠮ ᠤᠨ ᠦᠨᠡᠮᠯᠡᠯ ᠣᠯᠤᠭᠰᠠᠨ ᠪᠠᠶᠢᠨ᠎ᠠ ᠃ ᠡᠷᠬᠢᠯᠡᠭᠰᠡᠨ ᠠᠵᠢᠯ ᠤᠨ ᠬᠢᠷᠢ ᠭᠡᠮ ᠤᠨ | ᠬᠠᠮᠢᠶᠠᠷᠤᠯᠲᠠ ᠶᠢ ᠡᠮᠬᠢ ᠵᠢᠷᠤᠮ ᠲᠠᠢ ᠵᠣᠯᠭᠠᠭᠤᠯᠬᠤ ᠶᠢ ᠪᠠᠲᠤᠯᠠᠵᠤ ᠂ ᠲᠣᠭᠲᠠᠭᠤᠨ ᠢᠶᠠᠷ ᠰᠢᠯᠵᠢᠭᠦᠯᠬᠦ ᠶᠢ | ᠪᠠᠲᠤᠯᠠᠬᠤ ᠶᠢᠨ ᠲᠤᠰᠠᠳᠠ ᠂ ᠡᠭᠦᠨ ᠠᠴᠠ ᠡᠮᠦᠨ᠎ᠡ ᠦᠨᠡᠮᠯᠡᠯ ᠣᠯᠤᠭᠰᠠᠨ ᠬᠥᠮᠦᠰ ᠤᠨ ᠡᠷᠬᠡ ᠠᠰᠢᠭ ᠢ | ᠪᠠᠲᠤᠯᠠᠬᠤ ᠶᠢᠨ ᠲᠤᠰᠠᠳᠠ ᠂ ︽ᠲᠣᠭᠲᠠᠭᠠᠯ︾ ᠳᠤ 2013 ᠣᠨ ᠤ 12 ᠳ᠋ᠤᠭᠠᠷ ᠰᠠᠷ᠎ᠠ ᠶᠢᠨ 31 ᠤ ᠡᠳᠦᠷ ᠠᠴᠠ | ᠡᠮᠦᠨ᠎ᠡ ᠳᠤᠮᠳᠠᠳᠤ ᠤᠯᠤᠰ ᠤᠨ ᠤᠰᠤᠨ ᠠᠰᠢᠭᠯᠠᠯᠲᠠ ᠶᠢᠨ ᠢᠨᠵᠧᠨᠧᠷᠢᠩ ᠤᠨ ᠨᠡᠶᠢᠭᠡᠮᠯᠢᠭ ᠠᠴᠠ ᠣᠯᠭᠤᠭᠰᠠᠨ | ᠶᠠᠰᠤ ᠴᠢᠨᠠᠷ ᠢ ᠪᠠᠶᠢᠴᠠᠭᠠᠭᠴᠢ ᠶᠢᠨ ᠬᠢᠷᠢ ᠭᠡᠮ ᠤᠨ ᠦᠨᠡᠮᠯᠡᠯ ᠢ ᠲᠤᠰ ᠲᠣᠭᠲᠠᠭᠠᠯ ᠳᠠᠬᠢ ᠶᠠᠰᠤ ᠴᠢᠨᠠᠷ ᠢ ᠰᠢᠯᠭᠠᠨ | ᠪᠠᠶᠢᠴᠠᠭᠠᠭᠴᠢ ᠶᠢᠨ ᠬᠢᠷᠢ ᠭᠡᠮ ᠤᠨ ᠦᠨᠡᠮᠯᠡᠯ ᠲᠠᠢ ᠠᠳᠠᠯᠢ ᠬᠦᠴᠦᠨ ᠥᠬᠡᠢ ᠪᠣᠯᠭᠠᠨ᠎ᠠ ᠭᠡᠵᠦ ᠲᠤᠳᠤᠷᠬᠠᠶᠢᠯᠠᠭᠰᠠᠨ | ᠪᠠᠶᠢᠨ᠎ᠠ ᠃ | |