︽ᠣᠷᠳᠣᠰ ᠬᠤᠲᠠ ᠶᠢᠨ ᠤᠰᠤᠨ ᠤ ᠵᠠᠰᠠᠭ ᠵᠠᠬᠢᠷᠭᠠᠨ ᠤ ᠰᠢᠢᠳᠭᠡᠯ ᠲᠣᠷᠭᠠᠭᠤᠯᠢ ᠶᠢᠨ ᠴᠢᠯᠥᠭᠡᠲᠦ ᠲᠠᠰᠤᠯᠤᠯᠲᠠ ᠶᠢᠨ ᠡᠷᠬᠡ ᠶᠢᠨ ᠰᠠᠭᠤᠷᠢ ᠪᠠᠷᠢᠮᠵᠢᠶ᠎ᠠ ︵ᠲᠤᠷᠰᠢᠨ ᠬᠡᠷᠡᠭᠵᠢᠭᠦᠯᠬᠦ︶︾᠎ ᠶᠢᠨ ᠲᠤᠬᠠᠶ ᠣᠷᠳᠣᠰ ᠬᠤᠲᠠ ᠶᠢᠨ ᠤᠰᠤᠨ ᠠᠰᠢᠭᠯᠠᠯᠲᠠ ᠶᠢᠨ ᠲᠣᠪᠴᠢᠶ᠎ᠠ ᠶᠢᠨ ᠲᠣᠭᠲᠠᠭᠠᠭᠰᠠᠨ ᠲᠣᠳᠣᠷᠬᠠᠶᠢᠯᠠᠯᠲᠠ
ᠨᠡᠶᠢᠲᠡᠯᠡᠭᠰᠡᠨ ᠴᠠᠭ᠄
2024/4/23
  ᠮᠠᠨ ᠤ ᠬᠤᠲᠠ ᠶᠢᠨ ᠤᠰᠤᠨ ᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠦᠢᠯᠡ ᠠᠵᠢᠯᠯᠠᠭ᠎ᠠ ᠶᠢ ᠤᠯᠠᠮ ᠨᠢᠭᠡ ᠠᠯᠬᠤᠮ ᠵᠢᠷᠤᠮᠵᠢᠭᠤᠯᠵᠤ ᠂ ᠬᠠᠤᠯᠢ ᠬᠡᠷᠡᠭᠵᠢᠭᠦᠯᠬᠦ ᠶᠠᠰᠤ ᠴᠢᠨᠠᠷ ᠪᠠ ᠬᠢᠷᠢ ᠬᠡᠮᠵᠢᠶ᠎ᠡ ᠶᠢ ᠳᠡᠭᠡᠭᠰᠢᠯᠡᠭᠦᠯᠦᠨ ᠂ ᠤᠰᠤᠨ ᠤ ᠵᠠᠰᠠᠭ ᠵᠠᠬᠢᠷᠭᠠᠨ ᠤ ᠰᠢᠢᠳᠭᠡᠯ ᠤᠨ ᠲᠠᠰᠤᠯᠤᠯᠲᠠ ᠶᠢᠨ ᠡᠷᠬᠡ ᠶᠢ ᠵᠢᠷᠤᠮᠵᠢᠭᠤᠯᠬᠤ ᠠᠵᠢᠯ ᠢ ᠦᠨᠡᠨ ᠬᠦ ᠰᠠᠶᠢᠲᠤᠷ ᠬᠢᠬᠦ ᠶᠢᠨ ᠲᠤᠰᠠᠳᠠ ᠂ ᠣᠷᠳᠣᠰ ᠬᠤᠲᠠ ᠶᠢᠨ ᠤᠰᠤᠨ ᠠᠰᠢᠭᠯᠠᠯᠲᠠ ᠶᠢᠨ ᠲᠣᠪᠴᠢᠶ᠎ᠠ ︽ᠣᠷᠳᠣᠰ ᠬᠤᠲᠠ ᠶᠢᠨ ᠤᠰᠤᠨ ᠤ ᠵᠠᠰᠠᠭ ᠵᠠᠬᠢᠷᠭᠠᠨ ᠤ ᠰᠢᠢᠳᠭᠡᠯ ᠤᠨ ᠴᠢᠯᠥᠭᠡᠲᠦ ᠲᠠᠰᠤᠯᠤᠯᠲᠠ ᠶᠢᠨ ᠡᠷᠬᠡ ᠶᠢᠨ ᠰᠠᠭᠤᠷᠢ ᠪᠠᠷᠢᠮᠵᠢᠶ᠎ᠠ ︵ᠲᠤᠷᠰᠢᠨ ᠬᠡᠷᠡᠭᠵᠢᠭᠦᠯᠬᠦ︶︾᠎ ᠶᠢ ᠵᠣᠬᠢᠶᠠᠨ ᠪᠠᠶᠢᠭᠤᠯᠤᠨ ᠲᠣᠭᠲᠠᠭᠠᠵᠤ ᠳᠠᠭᠤᠰᠬᠠᠬᠤ ᠶᠢᠨ ᠲᠤᠰᠠᠳᠠ ᠂ ᠡᠳᠦᠭᠡ ᠬᠤᠯᠪᠣᠭᠳᠠᠯ ᠪᠥᠬᠦᠶ ᠲᠣᠭᠲᠠᠭᠠᠭᠰᠠᠨ ᠪᠠᠶᠢᠳᠠᠯ ᠢ ᠳᠣᠤᠷᠠᠬᠢ ᠮᠡᠲᠦ ᠲᠣᠳᠣᠷᠬᠠᠶᠢᠯᠠᠶ᠎ᠠ ᠃  ᠨᠢᠭᠡ ᠂ ᠲᠣᠭᠲᠠᠭᠠᠬᠤ ᠶᠢᠨ ᠴᠢᠬᠤᠯᠠ ᠴᠢᠨᠠᠷ  ᠵᠠᠰᠠᠭ ᠵᠠᠬᠢᠷᠭᠠᠨ ᠤ ᠰᠢᠢᠳᠭᠡᠯ ᠲᠣᠷᠭᠠᠭᠤᠯᠢ ᠶᠢᠨ ᠴᠢᠯᠥᠭᠡᠲᠦ ᠲᠠᠰᠤᠯᠤᠯᠲᠠ ᠶᠢᠨ ᠡᠷᠬᠡ ᠶᠢ ᠵᠢᠷᠤᠮᠵᠢᠭᠤᠯᠬᠤ ᠨᠢ ᠲᠥᠷᠥ ᠶᠢᠨ ᠶᠠᠪᠤᠳᠠᠯ ᠤᠨ ᠬᠤᠷᠢᠶ᠎ᠠ ᠪᠣᠯᠤᠨ ᠥᠪᠡᠷᠲᠡᠭᠡᠨ ᠵᠠᠰᠠᠬᠤ ᠣᠷᠣᠨ ᠤ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠬᠦᠷᠢᠶ᠎ᠡ ᠬᠡᠪᠴᠢᠶᠡᠨ ᠳᠤ ᠳᠤᠷᠠᠳᠤᠭᠰᠠᠨ ᠰᠢᠨ᠎ᠡ ᠱᠠᠭᠠᠷᠳᠠᠯᠭ᠎ᠠ ᠂ ᠰᠢᠨ᠎ᠡ ᠵᠣᠷᠢᠭ ᠰᠠᠨᠠᠭ᠎ᠠ ᠶᠢ ᠤᠯᠠᠮ ᠨᠢᠭᠡ ᠠᠯᠬᠤᠮ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢᠨ ᠲᠤᠰᠠᠳᠠ ᠂ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠪᠣᠳᠠᠲᠠᠶ ᠠᠵᠢᠯ ᠤᠨ ᠢᠯᠡᠷᠡᠯ ᠪᠣᠯᠤᠨ᠎ᠠ ᠃ 2022 ᠣᠨ ᠤ 7 ᠳ᠋ᠤᠭᠠᠷ ᠰᠠᠷ᠎ᠠ ᠳᠤ ᠂ ᠲᠥᠷᠥ ᠶᠢᠨ ᠶᠠᠪᠤᠳᠠᠯ ᠤᠨ ᠬᠤᠷᠢᠶ᠎ᠠ ᠠᠴᠠ ︽ᠵᠠᠰᠠᠭ ᠵᠠᠬᠢᠷᠭᠠᠨ ᠤ ᠲᠠᠰᠤᠯᠤᠯᠲᠠ ᠶᠢᠨ ᠡᠷᠬᠡ ᠶᠢᠨ ᠰᠠᠭᠤᠷᠢ ᠪᠠᠷᠢᠮᠵᠢᠶ᠎ᠠ ᠶᠢ ᠲᠣᠭᠲᠠᠭᠠᠬᠤ ᠪᠠ ᠬᠠᠮᠢᠶᠠᠷᠬᠤ ᠠᠵᠢᠯ ᠢ ᠤᠯᠠᠮ ᠨᠢᠭᠡ ᠠᠯᠬᠤᠮ ᠵᠢᠷᠤᠮᠵᠢᠭᠤᠯᠬᠤ ᠲᠤᠬᠠᠶ ᠰᠠᠨᠠᠯ︾ ︵ᠲᠥᠷᠥ ᠠᠯᠪᠠᠨ ᠲᠠᠷᠬᠠᠭᠠᠭᠰᠠᠨ ﹇2022﹈ 27 ᠳ᠋ᠤᠭᠠᠷ ᠲᠣᠭᠠᠲᠤ︶᠎ ᠢ ᠳᠠᠷᠤᠮᠠᠯᠯᠠᠨ ᠲᠠᠷᠬᠠᠭᠠᠵᠤ ᠂ ᠡᠯ᠎ᠡ ᠱᠠᠲᠤᠨ ᠤ ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠵᠠᠰᠠᠭ ᠵᠠᠬᠢᠷᠭᠠᠨ ᠤ ᠲᠠᠰᠤᠯᠤᠯᠲᠠ ᠶᠢᠨ ᠡᠷᠬᠡ ᠶᠢᠨ ᠰᠠᠭᠤᠷᠢ ᠪᠠᠷᠢᠮᠵᠢᠶ᠎ᠠ ᠶᠢ ᠲᠣᠭᠲᠠᠭᠠᠬᠤ ᠠᠵᠢᠯ ᠢ ᠦᠨᠡᠨ ᠬᠦ ᠰᠠᠶᠢᠲᠤᠷ ᠬᠢᠵᠦ ᠂ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠬᠦᠷᠢᠶᠡᠨ ᠳᠠᠬᠢ ᠲᠠᠰᠤᠯᠤᠯᠲᠠ ᠶᠢᠨ ᠡᠷᠬᠡ ᠪᠠᠨ ᠬᠡᠷᠡᠭᠵᠢᠭᠦᠯᠬᠦ ᠲᠦᠷᠢᠮ ᠢ ᠲᠡᠭᠦᠯᠳᠡᠷᠵᠢᠭᠦᠯᠬᠦ ᠬᠡᠷᠡᠭᠲᠡᠶ ᠭᠡᠵᠦ ᠱᠠᠭᠠᠷᠳᠠᠪᠠ ᠃ ᠳᠠᠷᠠᠭ᠎ᠠ ᠨᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠠᠤᠯᠢ ᠴᠠᠭᠠᠵᠠ ᠶᠢᠨ ᠲᠢᠩᠬᠢᠮ ︽ᠵᠠᠰᠠᠭ ᠵᠠᠬᠢᠷᠭᠠᠨ ᠤ ᠲᠠᠰᠤᠯᠤᠯᠲᠠ ᠶᠢᠨ ᠡᠷᠬᠡ ᠶᠢᠨ ᠰᠠᠭᠤᠷᠢ ᠪᠠᠷᠢᠮᠵᠢᠶ᠎ᠠ ᠶᠢ ᠲᠣᠭᠲᠠᠭᠠᠬᠤ ᠪᠠ ᠬᠠᠮᠢᠶᠠᠷᠬᠤ ᠠᠵᠢᠯ ᠢ ᠰᠠᠶᠢᠲᠤᠷ ᠬᠢᠬᠦ ᠲᠤᠬᠠᠶ ᠮᠡᠳᠡᠭᠳᠡᠯ︾ ︵ᠥᠪᠥᠷ ᠵᠤᠷᠭᠠᠨ ᠮᠡᠳᠡᠭᠳᠡᠯ ﹇2022﹈ 135 ᠳ᠋ᠤᠭᠠᠷ ᠲᠣᠭᠠᠲᠤ︶᠎ ᠢ ᠳᠠᠷᠤᠮᠠᠯᠯᠠᠨ ᠲᠠᠷᠬᠠᠭᠠᠪᠠ ᠃ ᠣᠷᠳᠣᠰ ᠬᠤᠲᠠ ᠶᠢᠨ ᠵᠠᠰᠠᠭ ᠵᠠᠬᠢᠷᠭᠠᠨ ᠤ ᠲᠠᠰᠤᠯᠤᠯᠲᠠ ᠶᠢᠨ ᠡᠷᠬᠡ ᠶᠢᠨ ᠰᠠᠭᠤᠷᠢ ᠪᠠᠷᠢᠮᠵᠢᠶ᠎ᠠ ᠶᠢ ᠲᠣᠭᠲᠠᠭᠠᠬᠤ ᠪᠠ ᠬᠠᠮᠢᠶᠠᠷᠬᠤ ᠠᠵᠢᠯ ᠢ ᠪᠥᠬᠦ ᠲᠠᠯ᠎ᠠ ᠪᠠᠷ ᠰᠠᠶᠢᠲᠤᠷ ᠬᠢᠬᠦ ᠶᠢᠨ ᠲᠥᠯᠥᠭᠡ ᠂ ᠣᠷᠳᠣᠰ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠪᠠᠶᠢᠷᠢᠯᠠᠭᠤᠯᠤᠯᠲᠠ ᠲᠣᠬᠢᠷᠠᠭᠤᠯᠤᠯᠲᠠ ᠶᠣᠰᠣᠭᠠᠷ ᠂ ᠣᠷᠳᠣᠰ ᠬᠤᠲᠠ ᠶᠢᠨ ᠬᠠᠤᠯᠢ ᠴᠠᠭᠠᠵᠠ ᠶᠢᠨ ᠲᠣᠪᠴᠢᠶ᠎ᠠ ᠪᠥᠬᠦ ᠬᠤᠲᠠ ᠶᠢᠨ ᠪᠣᠳᠠᠲᠠᠶ ᠲᠠᠢ ᠪᠠᠨ ᠤᠶᠠᠯᠳᠤᠭᠤᠯᠤᠨ ᠂ ︽ᠵᠠᠰᠠᠭ ᠵᠠᠬᠢᠷᠭᠠᠨ ᠤ ᠲᠠᠰᠤᠯᠤᠯᠲᠠ ᠶᠢᠨ ᠡᠷᠬᠡ ᠶᠢᠨ ᠰᠠᠭᠤᠷᠢ ᠪᠠᠷᠢᠮᠵᠢᠶ᠎ᠠ ᠶᠢ ᠲᠣᠭᠲᠠᠭᠠᠬᠤ ᠪᠠ ᠬᠠᠮᠢᠶᠠᠷᠬᠤ ᠠᠵᠢᠯ ᠢ ᠤᠯᠠᠮ ᠨᠢᠭᠡ ᠠᠯᠬᠤᠮ ᠰᠠᠶᠢᠲᠤᠷ ᠬᠢᠬᠦ ᠲᠤᠬᠠᠶ ᠮᠡᠳᠡᠭᠳᠡᠯ︾ ︵ᠣᠷᠳᠤᠰ ᠬᠠᠥᠯᠢ ᠲᠠᠷᠬᠠᠭᠠᠭᠰᠠᠨ ﹇2022﹈ 73 ᠳ᠋ᠤᠭᠠᠷ ᠲᠣᠭᠠᠲᠤ︶᠎ ᠢ ᠳᠠᠷᠤᠮᠠᠯᠯᠠᠨ ᠲᠠᠷᠬᠠᠭᠠᠪᠠ ᠃  ᠳᠡᠭᠡᠷ᠎ᠡ ᠳᠤᠷᠠᠳᠤᠭᠰᠠᠨ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠵᠢᠴᠢ ᠬᠠᠮᠢᠶ᠎ᠠ ᠪᠦᠬᠦᠢ ᠠᠵᠢᠯ ᠤᠨ ᠬᠤᠪᠢᠶᠠᠷᠢᠯᠠᠯ ᠤᠨ ᠱᠠᠭᠠᠷᠳᠠᠯᠭ᠎ᠠ ᠶᠢ ᠰᠠᠶᠢᠲᠤᠷ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢᠨ ᠲᠤᠰᠠᠳᠠ ᠂ ᠣᠷᠳᠣᠰ ᠬᠤᠲᠠ ᠶᠢᠨ ᠤᠰᠤᠨ ᠠᠰᠢᠭᠯᠠᠯᠲᠠ ᠶᠢᠨ ᠲᠣᠪᠴᠢᠶ᠎ᠠ ᠨᠢ ᠲᠣᠰ ᠰᠠᠯᠠᠭ᠎ᠠ ᠮᠥᠴᠢᠷ ᠤᠨ ᠢᠶᠠᠨ ᠡᠭᠦᠷᠭᠡ ᠬᠠᠷᠢᠭᠤᠴᠠᠯᠭ᠎ᠠ ᠶᠢᠨ ᠬᠡᠪᠴᠢᠶᠡᠨ ᠳᠣᠲᠣᠷ᠎ᠠ ᠂ ᠲᠣᠰ ᠵᠠᠰᠠᠭ ᠵᠠᠬᠢᠷᠭᠠᠨ ᠤ ᠣᠷᠣᠨ ᠤ ᠳᠣᠲᠣᠷᠠᠬᠢ ᠣᠷᠣᠨ ᠨᠤᠲᠤᠭ ᠤᠨ ᠴᠢᠨᠠᠷᠲᠠᠶ ᠬᠠᠤᠯᠢ ᠲᠣᠭᠲᠠᠭᠠᠯ ᠤᠨ ᠤᠰᠤᠨ ᠤ ᠵᠠᠰᠠᠭ ᠵᠠᠬᠢᠷᠭᠠᠨ ᠤ ᠰᠢᠢᠳᠬᠡᠯ ᠤᠨ ᠲᠠᠰᠤᠯᠤᠯᠲᠠ ᠶᠢᠨ ᠰᠠᠭᠤᠷᠢ ᠪᠠᠷᠢᠮᠵᠢᠶ᠎ᠠ ᠶᠢ ᠲᠣᠭᠲᠠᠭᠠᠬᠤ ᠠᠵᠢᠯ ᠢ ᠲᠦᠷᠭᠡᠳᠬᠡᠨ ᠠᠬᠢᠭᠤᠯᠵᠤ ᠂ ᠤᠰᠤᠨ ᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯᠲᠠᠨ ᠤ ᠲᠠᠰᠤᠯᠤᠯᠲᠠ ᠶᠢᠨ ᠡᠷᠬᠡ ᠶᠢ ᠵᠢᠷᠤᠮᠵᠢᠭᠤᠯᠤᠨ ᠂ ᠤᠰᠤᠨ ᠤ ᠵᠠᠰᠠᠭ ᠵᠠᠬᠢᠷᠭᠠᠨ ᠤ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠨ ᠬᠠᠤᠯᠢ ᠶᠣᠰᠣᠭᠠᠷ ᠵᠠᠰᠠᠭ ᠶᠠᠪᠤᠭᠤᠯᠬᠤ ᠂ ᠵᠦᠶ ᠵᠣᠬᠢᠰᠲᠠᠶ ᠵᠠᠰᠠᠭ ᠶᠠᠪᠤᠭᠤᠯᠬᠤ ᠶᠢ ᠠᠬᠢᠭᠤᠯᠵᠤ ᠂ ᠣᠷᠳᠣᠰ ᠤᠨ ᠤᠰᠤᠨ ᠳᠤ ᠬᠤᠯᠪᠣᠭᠳᠠᠬᠤ ᠣᠷᠣᠨ ᠨᠤᠲᠤᠭ ᠤᠨ ᠴᠢᠨᠠᠷᠲᠠᠶ ᠬᠠᠤᠯᠢ ᠲᠣᠭᠲᠠᠭᠠᠯ ᠤᠨ ᠵᠥᠪ ᠣᠨᠣᠪᠴᠢᠲᠠᠶ ᠬᠡᠷᠡᠭᠵᠢᠭᠦᠯᠦᠭᠳᠡᠬᠦ ᠶᠢ ᠪᠠᠲᠤᠯᠠᠨ ᠂ ᠪᠥᠬᠦ ᠰᠢᠰᠲ᠋ᠧᠮ ᠤᠨ ᠬᠠᠤᠯᠢ ᠬᠡᠷᠡᠭᠵᠢᠭᠦᠯᠬᠦ ᠬᠢᠷᠢ ᠲᠦᠪᠰᠢᠨ ᠪᠠ ᠬᠠᠤᠯᠢ ᠬᠡᠷᠡᠭᠵᠢᠭᠦᠯᠬᠦ ᠨᠡᠶᠢᠲᠡ ᠳᠤ ᠢᠲᠡᠭᠡᠭᠦᠯᠬᠦ ᠬᠦᠴᠦᠨ ᠢ ᠳᠡᠭᠡᠭᠰᠢᠯᠡᠭᠦᠯᠬᠦ ᠳᠤ ᠴᠢᠬᠤᠯᠠ ᠠᠴᠢ ᠬᠤᠯᠪᠣᠭᠳᠠᠯ ᠲᠠᠢ ᠶᠤᠮ ᠃  ᠬᠤᠶᠠᠷ ᠂ ᠲᠣᠭᠲᠠᠭᠠᠭᠰᠠᠨ ᠦᠨᠳᠦᠰᠦᠯᠡᠯ ᠪᠠ ᠶᠠᠪᠤᠴᠠ  ︵ᠨᠢᠭᠡ︶ ᠲᠣᠭᠲᠠᠭᠠᠭᠰᠠᠨ ᠦᠨᠳᠦᠰᠦᠯᠡᠯ  ᠲᠠᠰᠤᠯᠤᠯᠲᠠ ᠶᠢᠨ ᠰᠠᠭᠤᠷᠢ ᠪᠠᠷᠢᠮᠵᠢᠶ᠎ᠠ ᠨᠢ ᠭᠤᠤᠯᠳᠠᠭᠤ ᠣᠷᠳᠣᠰ ᠬᠤᠲᠠ ᠶᠢᠨ ᠣᠲᠣ ᠶᠢᠨ ᠬᠡᠷᠡᠭᠵᠢᠭᠦᠯᠵᠦ ᠪᠠᠶᠢᠭ᠎ᠠ ᠬᠦᠴᠦᠨ ᠪᠥᠬᠦᠶ ᠣᠷᠣᠨ ᠨᠤᠲᠤᠭ ᠤᠨ ᠴᠢᠨᠠᠷᠲᠠᠶ ᠬᠠᠤᠯᠢ ᠲᠣᠭᠲᠠᠭᠠᠯ ᠳᠤ ᠤᠰᠤᠨ ᠤ ᠵᠠᠰᠠᠭ ᠵᠠᠬᠢᠷᠭᠠᠨ ᠤ ᠰᠢᠢᠳᠭᠡᠯ ᠲᠣᠷᠭᠠᠭᠤᠯᠢ ᠶᠢᠨ ᠵᠦᠢᠯᠡᠰ ᠲᠤ ᠬᠤᠯᠪᠣᠭᠳᠠᠬᠤ ᠲᠣᠭᠲᠠᠭᠠᠯ ᠳᠤ ᠴᠢᠭᠯᠡᠭᠦᠯᠦᠨ᠎ᠡ ᠃ ᠡᠶᠢᠮᠦ ᠠᠴᠠ ᠂ ᠮᠠᠨ ᠤ ᠲᠣᠪᠴᠢᠶ᠎ᠠ ᠡᠩ ᠲᠡᠷᠢᠭᠦᠨ ᠳᠤ ᠣᠷᠳᠣᠰ ᠬᠤᠲᠠ ᠶᠢᠨ ᠣᠲᠣ ᠶᠢᠨ ᠬᠡᠷᠡᠭᠵᠢᠭᠦᠯᠵᠦ ᠪᠠᠶᠢᠭ᠎ᠠ ᠣᠷᠣᠨ ᠨᠤᠲᠤᠭ ᠤᠨ ᠴᠢᠨᠠᠷᠲᠠᠶ ᠬᠠᠤᠯᠢ ᠲᠣᠭᠲᠠᠭᠠᠯ ᠢ ᠬᠠᠤᠯᠢ ᠪᠠᠷ ᠲᠣᠭᠲᠠᠭᠠᠭᠰᠠᠨ ᠬᠠᠤᠯᠢ ᠬᠡᠷᠡᠭᠵᠢᠭᠦᠯᠬᠦ ᠭᠤᠤᠯ ᠴᠣᠭᠴᠠ ᠶᠢᠨ ᠬᠠᠤᠯᠢ ᠴᠠᠭᠠᠵᠠ ᠶᠢᠨ ᠦᠨᠳᠦᠰᠦᠯᠡᠯ ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠶᠢᠨ ᠰᠢᠢᠳᠭᠡᠯ ᠤᠨ ᠦᠨᠳᠦᠰᠦᠯᠡᠯ ᠠᠴᠠ ᠨᠠᠷᠢᠨ ᠬᠢᠨᠠᠮᠠᠭᠠᠶ ᠡᠮᠬᠢᠯᠡᠨ ᠰᠣᠩᠭᠤᠵᠤ ᠂ ᠡᠴᠦᠰ ᠲᠡᠭᠡᠨ ︽ᠣᠷᠳᠣᠰ ᠬᠤᠲᠠ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠲᠦᠷᠢᠮ︾᠎ ᠂ ︽ᠣᠷᠳᠣᠰ ᠬᠤᠲᠠ ᠶᠢᠨ ᠬᠠᠲᠤᠨ ᠭᠤᠤᠯ ᠤᠨ ᠵᠠᠮ ᠤᠨ ᠬᠠᠮᠢᠶᠠᠷᠤᠯᠲᠠ ᠶᠢᠨ ᠲᠦᠷᠢᠮ︾᠎ ᠂ ︽ᠣᠷᠳᠣᠰ ᠬᠤᠲᠠ ᠶᠢᠨ ᠪᠣᠬᠢᠷᠲᠤᠯ ᠥᠬᠡᠶ ᠠᠭᠤᠷᠬᠠᠶ ᠶᠢᠨ ᠪᠥᠲᠥᠭᠡᠨ ᠪᠠᠶᠢᠭᠤᠯᠤᠯᠲᠠ ᠶᠢᠨ ᠬᠠᠮᠢᠶᠠᠷᠤᠯᠲᠠ ᠶᠢᠨ ᠲᠦᠷᠢᠮ︾᠎ ᠂ ︽ᠣᠷᠳᠣᠰ ᠬᠤᠲᠠ ᠶᠢᠨ ᠤᠰᠤᠨ ᠤ ᠡᠬᠢ ᠪᠠᠶᠠᠯᠢᠭ ᠤᠨ ᠬᠠᠮᠢᠶᠠᠷᠤᠯᠲᠠ ᠶᠢᠨ ᠲᠦᠷᠢᠮ︾ ᠵᠡᠷᠭᠡ ᠣᠷᠣᠨ ᠨᠤᠲᠤᠭ ᠤᠨ ᠴᠢᠨᠠᠷᠲᠠᠶ ᠳᠥᠷᠪᠡᠨ ᠬᠠᠤᠯᠢ ᠲᠣᠭᠲᠠᠭᠠᠯ ᠢ ᠲᠣᠭᠲᠠᠭᠠᠪᠠ ᠃ ᠡᠭᠦᠨ ᠳᠤ ᠤᠰᠤᠨ ᠤ ᠵᠠᠰᠠᠭ ᠵᠠᠬᠢᠷᠭᠠᠨ ᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠠᠴᠠ ᠵᠠᠰᠠᠭ ᠵᠠᠬᠢᠷᠭᠠᠨ ᠤ ᠰᠢᠢᠳᠭᠡᠯ ᠥᠭᠬᠦ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠳᠤ ᠬᠤᠯᠪᠣᠭᠳᠠᠬᠤ ᠲᠣᠭᠲᠠᠭᠠᠯ ᠨᠡᠶᠢᠲᠡ 8 ᠵᠦᠢᠯ ᠲᠠᠢ ᠂ ᠡᠭᠦᠨ ᠳᠤ ᠳᠣᠣᠷᠠᠬᠢ ᠵᠦᠢᠯᠡᠰ ᠪᠠᠭᠲᠠᠨ᠎ᠠ᠄  1. ᠠᠵᠤ ᠦᠢᠯᠡᠳᠪᠦᠷᠢ ᠶᠢᠨ ᠠᠵᠤ ᠠᠬᠤᠶᠢᠯᠠᠯ ᠭᠠᠵᠠᠷ ᠳᠣᠣᠷᠠᠬᠢ ᠤᠰᠤ ᠶᠢ ᠳᠤᠷ᠎ᠠ ᠪᠠᠷ ᠢᠶᠠᠨ ᠲᠠᠲᠠᠵᠤ ᠠᠪᠴᠤ ᠦᠢᠯᠡᠳᠪᠦᠷᠢᠯᠡᠯ ᠳᠤ ᠬᠡᠷᠡᠭᠯᠡᠬᠦ ᠤᠰᠤ ᠪᠣᠯᠭᠠᠬᠤ︔  2. ᠬᠠᠤᠯᠢ ᠶᠣᠰᠣᠭᠠᠷ ᠪᠠᠶᠢᠭᠤᠯᠤᠭᠰᠠᠨ ᠬᠢᠯᠢ ᠶᠢᠨ ᠪᠠᠭᠠᠨ᠎ᠠ ᠶᠢ ᠳᠤᠷ᠎ᠠ ᠪᠠᠷ ᠢᠶᠠᠨ ᠰᠢᠯᠵᠢᠭᠦᠯᠵᠦ ᠂ ᠡᠪᠳᠡᠨ ᠰᠦᠢᠳᠭᠡᠬᠦ︔  3. ᠬᠠᠰᠢᠯᠭ᠎ᠠ ᠶᠢᠨ ᠠᠮᠤᠷ ᠲᠦᠪᠰᠢᠨ ᠤ ᠬᠠᠮᠠᠭᠠᠯᠠᠯᠲᠠ ᠶᠢᠨ ᠣᠷᠣᠨ ᠳᠤ ᠬᠤᠳᠳᠤᠭ ᠮᠠᠯᠲᠠᠬᠤ ᠂ ᠥᠷᠥᠮᠳᠡᠬᠦ ᠂ ᠳᠡᠯᠪᠡᠴᠡᠬᠦ ᠂ ᠵᠢᠭᠠᠰᠤᠨ ᠴᠥᠭᠦᠷᠦᠮ ᠪᠠᠷᠢᠬᠤ ᠂ ᠴᠢᠯᠠᠭᠤ ᠭᠠᠷᠭᠠᠬᠤ ᠂ ᠰᠢᠷᠣᠶ ᠠᠪᠬᠤ ᠵᠡᠷᠭᠡ ᠠᠮᠤᠷ ᠲᠦᠪᠰᠢᠨ ᠢ ᠬᠥᠨᠥᠭᠡᠬᠦ ᠠᠵᠢᠯᠯᠠᠭ᠎ᠠ ᠬᠢᠬᠦ︔  4. ᠭᠤᠤᠯ ᠤᠨ ᠵᠠᠮ ᠤᠨ ᠡᠯᠡᠰᠦ ᠮᠠᠯᠲᠠᠬᠤ ᠵᠥᠪᠰᠢᠶᠡᠷᠡᠯ ᠤᠨ ᠦᠨᠡᠮᠯᠡᠯ ᠳᠤ ᠲᠣᠭᠲᠠᠭᠠᠭᠰᠠᠨ ᠨᠡᠭᠡᠭᠡᠨ ᠮᠠᠯᠲᠠᠬᠤ ᠭᠠᠵᠠᠷ ᠂ ᠬᠤᠭᠤᠴᠠᠭ᠎ᠠ ᠂ ᠬᠦᠷᠢᠶ᠎ᠡ ᠬᠡᠪᠴᠢᠶ᠎ᠡ ᠂ ᠭᠦᠨᠴᠡ ᠂ ᠠᠵᠢᠯᠯᠠᠬᠤ ᠠᠷᠭ᠎ᠠ ᠮᠠᠶ᠋ᠢᠭ ᠢᠶᠠᠷ ᠡᠯᠡᠰᠦ ᠮᠠᠯᠲᠠᠬᠤ ᠠᠵᠢᠯ ᠢ ᠬᠢᠬᠦ︔  5. ᠡᠯᠡᠰᠦ ᠪᠠᠨ ᠴᠠᠭ ᠲᠤᠬᠠᠢ ᠳᠤ ᠨᠢ ᠪᠦᠭᠯᠡᠭᠰᠡᠨ ᠦᠭᠡᠢ︔  6. ᠮᠠᠯᠲᠠᠬᠤ ᠶᠢ ᠴᠠᠭᠠᠵᠠᠯᠠᠬᠤ ᠣᠷᠣᠨ ᠂ ᠮᠠᠯᠲᠠᠬᠤ ᠶᠢ ᠴᠠᠭᠠᠵᠠᠯᠠᠬᠤ ᠬᠤᠭᠤᠴᠠᠭᠠᠨ ᠳᠤ ᠡᠯᠡᠰᠦ ᠮᠠᠯᠲᠠᠬᠤ ᠠᠵᠢᠯᠯᠠᠭ᠎ᠠ ᠶᠠᠪᠤᠭᠤᠯᠬᠤ︔  7. ᠠᠭᠤᠷᠬᠠᠶ ᠮᠠᠯᠲᠠᠬᠤ ᠡᠷᠬᠡᠲᠦ ᠬᠥᠮᠦᠨ ᠰᠢᠷᠣᠶ ᠪᠠᠷᠢᠬᠤ ᠶᠠᠪᠤᠴᠠ ᠳᠤ ᠤᠰᠤ ᠰᠢᠷᠣᠶ ᠶᠢ ᠬᠠᠮᠠᠭᠠᠯᠠᠬᠤ ᠲᠦᠷ ᠴᠠᠭ ᠤᠨ ᠬᠠᠮᠠᠭᠠᠯᠠᠯᠲᠠ ᠶᠢᠨ ᠠᠷᠭ᠎ᠠ ᠬᠡᠮᠵᠢᠶ᠎ᠡ ᠠᠪᠤᠭᠰᠠᠨ ᠦᠭᠡᠶ︔  8. ᠤᠰᠤ ᠲᠠᠲᠠᠵᠤ ᠬᠡᠷᠡᠭᠯᠡᠬᠦ ᠡᠷᠦᠬᠡ ᠲᠥᠯᠥᠪᠯᠡᠭᠡ ᠶᠢᠨ ᠤᠰᠤ ᠬᠡᠷᠡᠭᠯᠡᠬᠦ ᠬᠠᠮᠢᠶᠠᠷᠤᠯᠲᠠ ᠶᠢᠨ ᠶᠣᠰᠣᠭᠠᠷ ᠤᠰᠤ ᠲᠠᠲᠠᠵᠤ ᠬᠡᠷᠡᠭᠯᠡᠭᠰᠡᠨ ᠦᠭᠡᠶ ᠃  ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠰᠤᠨ ᠤ ᠵᠠᠰᠠᠭ ᠵᠠᠬᠢᠷᠭᠠᠨ ᠤ ᠰᠢᠢᠳᠬᠡᠯ ᠤᠨ ᠴᠢᠯᠥᠭᠡᠲᠦ ᠲᠠᠰᠤᠯᠤᠯᠲᠠ ᠶᠢᠨ ᠰᠠᠭᠤᠷᠢ ᠪᠠᠷᠢᠮᠵᠢᠶ᠎ᠠ ᠶᠢ ᠲᠣᠭᠲᠠᠭᠠᠬᠤ ᠰᠡᠳᠬᠢᠴᠡ ᠪᠠ ᠠᠷᠭ᠎ᠠ ᠮᠠᠶ᠋ᠢᠭ ᠢᠶᠠᠷ ᠲᠣᠯᠢ ᠪᠣᠯᠭᠠᠵᠤ ᠂ ᠲᠠᠰᠤᠯᠤᠯᠲᠠ ᠶᠢᠨ ᠰᠠᠭᠤᠷᠢ ᠨᠢ ᠳᠡᠭᠡᠷ᠎ᠡ ᠳᠤᠷᠠᠳᠤᠭᠰᠠᠨ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠳᠥᠷᠪᠡᠨ ᠲᠠᠰᠤᠯᠤᠯᠲᠠ ᠶᠢᠨ ᠱᠠᠲᠤᠯᠢᠭ ᠬᠤᠪᠢᠶᠠᠵᠤ ᠂ ᠲᠣᠰ ᠲᠣᠰ ᠬᠥᠩᠭᠡᠨ ᠂ ᠡᠩ ᠤᠨ ᠂ ᠨᠡᠯᠢᠶᠡᠳ ᠬᠦᠨᠳᠦ ᠂ ᠬᠦᠨᠳᠦ ᠨᠣᠴᠢᠲᠠᠶ ᠪᠣᠯᠤᠭᠰᠠᠨ ᠪᠥᠭᠡᠳ ᠳᠥᠷᠪᠡᠨ ᠬᠡᠮᠵᠢᠶᠡᠨ ᠤ ᠰᠢᠢᠳᠬᠡᠯ ᠤᠨ ᠪᠣᠳᠠᠲᠠᠶ ᠲᠠᠰᠤᠯᠤᠯᠲᠠ ᠶᠢᠨ ᠪᠠᠷᠢᠮᠵᠢᠶ᠎ᠠ ᠶᠢ ᠲᠣᠭᠲᠠᠭᠠᠪᠠ ᠃  ︵ᠬᠤᠶᠠᠷ︶ ᠲᠤᠭᠳᠠᠭᠠᠬᠤ ᠶᠠᠪᠤᠴᠠ  1. ᠰᠠᠨᠠᠯ ᠬᠤᠷᠢᠶᠠᠭᠰᠠᠨ ᠪᠠᠶᠢᠳᠠᠯ  ︽ᠵᠠᠰᠠᠭ ᠵᠠᠬᠢᠷᠭᠠᠨ ᠤ ᠲᠠᠰᠤᠯᠤᠯᠲᠠ ᠶᠢᠨ ᠡᠷᠬᠡ ᠶᠢᠨ ᠰᠠᠭᠤᠷᠢ ᠪᠠᠷᠢᠮᠵᠢᠶ᠎ᠠ ᠶᠢ ᠲᠣᠭᠲᠠᠭᠠᠬᠤ ᠪᠠ ᠬᠠᠮᠢᠶᠠᠷᠬᠤ ᠠᠵᠢᠯ ᠢ ᠰᠠᠶᠢᠲᠤᠷ ᠬᠢᠬᠦ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠠᠤᠯᠢ ᠴᠠᠭᠠᠵᠠ ᠶᠢᠨ ᠲᠢᠩᠬᠢᠮ ᠤᠨ ᠮᠡᠳᠡᠭᠳᠡᠯ︾ ᠪᠠ ︽ᠣᠷᠳᠣᠰ ᠬᠤᠲᠠ ᠶᠢᠨ ᠬᠠᠤᠯᠢ ᠴᠠᠭᠠᠵᠠ ᠶᠢᠨ ᠲᠣᠪᠴᠢᠶ᠎ᠠ ᠶᠢᠨ ᠵᠠᠰᠠᠭ ᠵᠠᠬᠢᠷᠭᠠᠨ ᠤ ᠲᠠᠰᠤᠯᠤᠯᠲᠠ ᠶᠢᠨ ᠡᠷᠬᠡ ᠶᠢᠨ ᠰᠠᠭᠤᠷᠢ ᠪᠠᠷᠢᠮᠵᠢᠶ᠎ᠠ ᠶᠢ ᠲᠣᠭᠲᠠᠭᠠᠬᠤ ᠪᠠ ᠬᠠᠮᠢᠶᠠᠷᠬᠤ ᠠᠵᠢᠯ ᠢ ᠤᠯᠠᠮ ᠨᠢᠭᠡ ᠠᠯᠬᠤᠮ ᠰᠠᠶᠢᠲᠤᠷ ᠬᠢᠬᠦ ᠲᠤᠬᠠᠶ ᠮᠡᠳᠡᠭᠳᠡᠯ︾ ︵ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ ᠤᠨ ᠮᠡᠳᠡᠭᠳᠡᠯ ︵ᠲᠤᠷᠰᠢᠨ ᠬᠡᠷᠡᠭᠵᠢᠭᠦᠯᠬᠦ︶ ᠪᠠ ︿ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠰᠤᠨ ᠤ ᠵᠠᠰᠠᠭ ᠵᠠᠬᠢᠷᠭᠠᠨ ᠤ ᠰᠢᠢᠳᠬᠡᠯ ᠤᠨ ᠲᠠᠰᠤᠯᠤᠯᠲᠠ ᠶᠢᠨ ᠡᠷᠬᠡ ᠶᠢᠨ ᠰᠠᠭᠤᠷᠢ ᠪᠠᠷᠢᠮᠵᠢᠶ᠎ᠠ ︵ᠲᠤᠷᠰᠢᠨ ᠬᠡᠷᠡᠭᠵᠢᠭᠦᠯᠬᠦ︶᠎ ᠶᠢ ᠳᠠᠷᠤᠮᠠᠯᠯᠠᠨ ᠲᠠᠷᠬᠠᠭᠠᠬᠤ﹀ ᠲᠤᠬᠠᠶ ᠮᠡᠳᠡᠭᠳᠡᠯ︾ ︵ᠥᠪᠥᠷ ᠤᠰᠤ ᠵᠠᠰᠠᠭ ﹇2023﹈ 53 ᠳ᠋ᠤᠭᠠᠷ ᠲᠣᠭᠠᠲᠤ︶ ᠪᠠ ᠮᠠᠨ ᠤ ᠬᠤᠲᠠ ᠶᠢᠨ ᠤᠰᠤᠨ ᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯ ᠤᠨ ᠪᠣᠳᠠᠲᠤ ᠪᠠᠶᠢᠳᠠᠯ ᠲᠠᠢ ᠤᠶᠠᠯᠳᠤᠭᠤᠯᠤᠨ ᠂ ᠤᠰᠤᠨ ᠤ ᠶᠠᠪᠤᠳᠠᠯ ᠤᠨ ᠰᠠᠯᠠᠭ᠎ᠠ ᠠᠴᠠ ᠲᠦᠷᠦᠭᠦᠯᠡᠨ ︽ᠣᠷᠳᠣᠰ ᠬᠤᠲᠠ ᠶᠢᠨ ᠤᠰᠤᠨ ᠤ ᠵᠠᠰᠠᠭ ᠵᠠᠬᠢᠷᠭᠠᠨ ᠤ ᠰᠢᠢᠳᠬᠡᠯ ᠤᠨ ᠴᠢᠯᠥᠭᠡᠲᠦ ᠲᠠᠰᠤᠯᠤᠯᠲᠠ ᠶᠢᠨ ᠡᠷᠬᠡ ᠶᠢᠨ ᠰᠠᠭᠤᠷᠢ ᠪᠠᠷᠢᠮᠵᠢᠶ᠎ᠠ ︵ᠰᠠᠨᠠᠯ ᠬᠤᠷᠢᠶᠠᠬᠤ ᠨᠣᠤᠷᠠᠭ︶︾᠎ ᠢ ᠲᠤᠭᠤᠷᠪᠢᠵᠤ ᠂ 2023 ᠣᠨ ᠤ 11 ᠳ᠋ᠦ᠋ᠭᠡᠷ ᠰᠠᠷ᠎ᠠ ᠶᠢᠨ 22᠎ ᠤᠨ ᠡᠳᠦᠷ ᠮᠡᠳᠡᠭᠳᠡᠯ ᠳᠠᠷᠤᠮᠠᠯᠯᠠᠨ ᠲᠠᠷᠬᠠᠭᠠᠵᠤ ᠤᠰᠤᠨ ᠤ ᠡᠬᠢ ᠪᠠᠶᠠᠯᠢᠭ ᠤᠨ ᠰᠠᠯᠠᠭ᠎ᠠ ᠂ ᠤᠰᠤ ᠰᠢᠷᠣᠶ ᠶᠢᠨ ᠬᠠᠮᠠᠭᠠᠯᠠᠯᠲᠠ ᠶᠢᠨ ᠰᠠᠯᠠᠭ᠎ᠠ ᠂ ᠭᠤᠤᠯ ᠨᠠᠭᠤᠷ ᠤᠨ ᠰᠠᠯᠠᠭ᠎ᠠ ᠂ ᠬᠠᠤᠯᠢ ᠬᠡᠷᠡᠭᠵᠢᠭᠦᠯᠬᠦ ᠰᠠᠯᠪᠤᠷᠢ ᠠᠩᠭᠢ ᠵᠢᠴᠢ ᠡᠯ᠎ᠡ ᠬᠤᠰᠢᠭᠤ ᠲᠣᠭᠤᠷᠢᠭ ᠤᠨ ᠤᠰᠤᠨ ᠠᠰᠢᠭᠯᠠᠯᠲᠠ ᠶᠢᠨ ᠲᠣᠪᠴᠢᠶ᠎ᠠ ᠠᠴᠠ ᠰᠠᠨᠠᠯ ᠬᠤᠷᠢᠶᠠᠬᠤ ᠶᠢᠨ ᠬᠠᠮᠲᠤ ᠂ ᠬᠤᠲᠠ ᠶᠢᠨ ᠤᠰᠤᠨ ᠠᠰᠢᠭᠯᠠᠯᠲᠠ ᠶᠢᠨ ᠲᠣᠪᠴᠢᠶ᠎ᠠ ᠶᠢᠨ ᠫᠣᠷᠲ᠋ᠧᠯ ᠰᠦᠯᠵᠢᠶ᠎ᠡ ᠳᠤ ᠨᠡᠶᠢᠭᠡᠮ ᠨᠡᠶᠢᠲᠡ ᠠᠴᠠ ᠢᠯᠡ ᠪᠠᠷ ᠰᠠᠨᠠᠯ ᠬᠤᠷᠢᠶᠠᠵᠤ ᠂ ᠰᠠᠨᠠᠯ ᠢᠶᠠᠨ ᠬᠠᠷᠢᠭᠤ ᠲᠤᠰᠬᠠᠭᠰᠠᠨ ᠤ ᠳᠠᠷᠠᠭ᠎ᠠ ᠬᠢᠨᠠᠭᠤᠯᠬᠤ ᠨᠣᠤᠷᠠᠭ ᠪᠣᠯᠭᠠᠪᠠ ᠃  2. ᠬᠠᠤᠯᠢ ᠳᠦᠷᠢᠮ ᠤᠨ ᠪᠠᠶᠢᠭᠤᠯᠤᠮᠵᠢ ᠶᠢᠨ ᠬᠢᠨᠠᠨ ᠬᠠᠷᠭᠤᠭᠤᠯᠤᠭᠰᠠᠨ ᠰᠠᠨᠠᠯ  2024 ᠣᠨ ᠤ 2 ᠳ᠋ᠤᠭᠠᠷ ᠰᠠᠷ᠎ᠠ ᠶᠢᠨ 28᠎ ᠤ ᠡᠳᠦᠷ ᠂ ᠬᠤᠲᠠ ᠶᠢᠨ ᠤᠰᠤᠨ ᠠᠰᠢᠭᠯᠠᠯᠲᠠ ᠶᠢᠨ ᠲᠣᠪᠴᠢᠶ᠎ᠠ ᠶᠢᠨ ᠤᠰᠤᠨ ᠤ ᠶᠠᠪᠤᠳᠠᠯ ᠤᠨ ᠰᠠᠯᠠᠭ᠎ᠠ ︽ᠣᠷᠳᠣᠰ ᠬᠤᠲᠠ ᠶᠢᠨ ᠤᠰᠤᠨ ᠤ ᠵᠠᠰᠠᠭ ᠵᠠᠬᠢᠷᠭᠠᠨ ᠤ ᠰᠢᠢᠳᠭᠡᠯ ᠤᠨ ᠴᠢᠯᠥᠭᠡᠲᠦ ᠲᠠᠰᠤᠯᠤᠯᠲᠠ ᠶᠢᠨ ᠡᠷᠬᠡ ᠶᠢᠨ ᠰᠠᠭᠤᠷᠢ ᠪᠠᠷᠢᠮᠵᠢᠶ᠎ᠠ ︵ᠲᠤᠷᠰᠢᠨ ᠬᠡᠷᠡᠭᠵᠢᠭᠦᠯᠬᠦ︶︾᠎ ᠳᠤ ᠬᠠᠤᠯᠢ ᠶᠣᠰᠣᠴᠢ ᠴᠢᠨᠠᠷ ᠤᠨ ᠬᠢᠨᠠᠨ ᠪᠠᠶᠢᠴᠠᠭᠠᠯᠲᠠ ᠬᠢᠵᠦ ᠂ ᠲᠣᠰ ᠨᠠᠷᠢᠨ ᠬᠠᠭᠤᠳᠠᠰᠤ ᠶᠢ ᠲᠣᠭᠲᠠᠭᠠᠬᠤ ᠭᠤᠤᠯ ᠴᠣᠭᠴᠠ ᠨᠢ ᠲᠣᠬᠢᠷᠠᠮᠵᠢᠲᠠᠶ ᠪᠥᠭᠡᠳ ᠬᠢᠨᠠᠨ ᠪᠠᠶᠢᠴᠠᠭᠠᠵᠤ ᠂ ᠲᠣᠭᠲᠠᠭᠠᠬᠤ ᠲᠠᠰ ᠳᠠᠷᠠᠭᠠᠯᠠᠯ ᠨᠢ ᠲᠣᠭᠲᠠᠭᠠᠯ ᠳᠤ ᠨᠡᠶᠢᠴᠡᠵᠦ ᠂ ᠬᠤᠲᠠ ᠶᠢᠨ ᠤᠰᠤᠨ ᠠᠰᠢᠭᠯᠠᠯᠲᠠ ᠶᠢᠨ ᠲᠣᠪᠴᠢᠶ᠎ᠠ ᠶᠢᠨ ᠰᠢᠢᠳᠪᠦᠷᠢᠲᠦ ᠪᠣᠳᠣᠯᠭ᠎ᠠ ᠶᠢᠨ ᠬᠡᠪᠴᠢᠶᠡᠨ ᠳᠤ ᠬᠠᠷᠢᠶᠠᠯᠠᠭᠳᠠᠵᠤ ᠂ ᠠᠭᠤᠯᠭ᠎ᠠ ᠨᠢ ᠣᠲᠣ ᠶᠢᠨ ᠬᠡᠷᠡᠭᠵᠢᠭᠦᠯᠵᠦ ᠪᠠᠶᠢᠭ᠎ᠠ ᠬᠠᠤᠯᠢ ᠴᠠᠭᠠᠵᠠ ᠂ ᠬᠠᠤᠯᠢ ᠲᠣᠭᠲᠠᠭᠠᠯ ᠂ ᠲᠦᠷᠢᠮ ᠲᠣᠭᠲᠠᠭᠠᠯ ᠵᠢᠴᠢ ᠳᠡᠭᠡᠳᠦ ᠱᠠᠲᠤᠨ ᠤ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠪᠠ ᠲᠥᠷᠥ ᠶᠢᠨ ᠪᠣᠳᠣᠯᠭ᠎ᠠ ᠶᠢᠨ ᠲᠣᠭᠲᠠᠭᠠᠯ ᠲᠠᠢ ᠬᠠᠷᠰᠢᠯᠳᠤᠬᠤ ᠥᠬᠡᠶ ᠪᠠᠶᠢᠵᠤ ᠂ ᠬᠤᠲᠠ ᠶᠢᠨ ᠤᠰᠤᠨ ᠠᠰᠢᠭᠯᠠᠯᠲᠠ ᠶᠢᠨ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠬᠤᠷᠠᠯ ᠳᠤ ᠳᠡᠪᠰᠢᠭᠦᠯᠵᠦ ᠬᠢᠨᠠᠨ ᠵᠥᠪᠯᠡᠭᠦᠯᠵᠦ ᠪᠣᠯᠤᠨ᠎ᠠ ᠃  3. ᠬᠤᠷᠠᠯᠳᠤᠭᠠᠨ ᠬᠠᠮᠲᠤ ᠪᠠᠷ ᠶᠠᠷᠢᠯᠴᠠᠨ ᠲᠣᠭᠲᠠᠭᠠᠭᠰᠠᠨ ᠪᠠᠶᠢᠳᠠᠯ  2024 ᠣᠨ ᠤ 3 ᠳ᠋ᠤᠭᠠᠷ ᠰᠠᠷ᠎ᠠ ᠶᠢᠨ 14᠎ ᠤ ᠡᠳᠦᠷ ᠂ ᠬᠤᠲᠠ ᠶᠢᠨ ᠤᠰᠤᠨ ᠠᠰᠢᠭᠯᠠᠯᠲᠠ ᠶᠢᠨ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ 2024 ᠣᠨ ᠤ 5 ᠳ᠋ᠤᠭᠠᠷ ᠤᠳᠠᠭᠠᠨ ᠤ ᠬᠤᠷᠠᠯ ᠠᠴᠠ ᠲᠣᠰ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠤᠨ ᠬᠤᠯᠪᠣᠭᠳᠠᠯ ᠪᠥᠬᠦᠶ ᠤᠴᠢᠷ ᠶᠠᠪᠤᠳᠠᠯ ᠢ ᠰᠤᠳᠤᠯᠵᠤ ᠂ ᠡᠯ᠎ᠡ ᠱᠠᠲᠤᠨ ᠤ ᠤᠰᠤᠨ ᠳᠤ ᠬᠤᠯᠪᠣᠭᠳᠠᠬᠤ ᠬᠠᠤᠯᠢ ᠴᠠᠭᠠᠵᠠ ᠬᠠᠤᠯᠢ ᠲᠣᠭᠲᠠᠭᠠᠯ ᠤᠨ ᠲᠣᠭᠲᠠᠭᠠᠯ ᠢ ᠴᠢᠩᠭ᠎ᠠ ᠵᠢᠷᠤᠮᠯᠠᠨ ᠂ ᠲᠠᠰ ᠳᠠᠷᠠᠭᠠᠯᠠᠯ ᠤᠨ ᠶᠣᠰᠣᠭᠠᠷ ︽ᠣᠷᠳᠣᠰ ᠬᠤᠲᠠ ᠶᠢᠨ ᠤᠰᠤᠨ ᠤ ᠵᠠᠰᠠᠭ ᠵᠠᠬᠢᠷᠭᠠᠨ ᠤ ᠰᠢᠢᠳᠭᠡᠯ ᠤᠨ ᠴᠢᠯᠥᠭᠡᠲᠦ ᠲᠠᠰᠤᠯᠤᠯᠲᠠ ᠶᠢᠨ ᠡᠷᠬᠡ ᠶᠢᠨ ᠰᠠᠭᠤᠷᠢ ᠪᠠᠷᠢᠮᠵᠢᠶ᠎ᠠ ︵ᠲᠤᠷᠰᠢᠨ ᠬᠡᠷᠡᠭᠵᠢᠭᠦᠯᠬᠦ︶︾᠎ ᠶᠢ ᠳᠠᠷᠤᠮᠠᠯᠯᠠᠨ ᠲᠠᠷᠬᠠᠭᠠᠵᠤ ᠬᠡᠷᠡᠭᠵᠢᠭᠦᠯᠬᠦ ᠶᠢ ᠵᠠᠷᠴᠢᠮ ᠳᠡᠭᠡᠷ᠎ᠡ ᠪᠠᠨ ᠵᠥᠪᠰᠢᠶᠡᠷᠡᠨ᠎ᠡ ᠃  ᠭᠤᠷᠪᠠ ᠂ ᠲᠠᠰᠤᠯᠤᠯᠲᠠ ᠶᠢᠨ ᠰᠠᠭᠤᠷᠢ ᠪᠠᠷᠢᠮᠵᠢᠶ᠎ᠠ ᠶᠢᠨ ᠭᠤᠤᠯ ᠠᠭᠤᠯᠭ᠎ᠠ ᠵᠢᠴᠢ ᠭᠢᠯᠠᠰ ᠴᠡᠭ  ᠲᠤᠰ ᠤᠰᠤᠨ ᠤ ᠵᠠᠰᠠᠭ ᠵᠠᠬᠢᠷᠭᠠᠨ ᠤ ᠰᠢᠢᠳᠬᠡᠯ ᠤᠨ ᠴᠢᠯᠥᠭᠡᠲᠦ ᠲᠠᠰᠤᠯᠤᠯᠲᠠ ᠶᠢᠨ ᠰᠠᠭᠤᠷᠢ ᠪᠠᠷᠢᠮᠵᠢᠶ᠎ᠠ ᠶᠢ ᠥᠪᠡᠷᠲᠡᠭᠡᠨ ᠵᠠᠰᠠᠬᠤ ᠣᠷᠣᠨ ᠤ ᠵᠠᠰᠠᠭ ᠵᠠᠬᠢᠷᠭᠠᠨ ᠤ ᠰᠢᠢᠳᠬᠡᠯ ᠤᠨ ᠴᠢᠯᠥᠭᠡᠲᠦ ᠲᠠᠰᠤᠯᠤᠯᠲᠠ ᠶᠢᠨ ᠠᠵᠢᠯ ᠤᠨ ᠦᠷ᠎ᠡ ᠪᠦᠲᠦᠭᠡᠯ ᠢ ᠵᠢᠷᠤᠮᠵᠢᠭᠤᠯᠤᠭᠰᠠᠨ ᠰᠠᠭᠤᠷᠢᠨ ᠳᠡᠭᠡᠷ᠎ᠡ ᠂ ᠱᠠᠨᠳᠦ᠋ᠩ ᠂ ᠹᠦᠵᠢᠶᠠᠨ ᠂ ᠬᠤᠪᠸᠢ ᠵᠡᠷᠭᠡ ᠣᠯᠠᠨ ᠮᠤᠵᠢ ᠶᠢᠨ ᠤᠰᠤᠨ ᠤ ᠵᠠᠰᠠᠭ ᠵᠠᠬᠢᠷᠭᠠᠨ ᠤ ᠲᠠᠰᠤᠯᠤᠯᠲᠠ ᠶᠢᠨ ᠡᠷᠬᠡ ᠶᠢᠨ ᠰᠠᠭᠤᠷᠢ ᠪᠠᠷᠢᠮᠵᠢᠶ᠎ᠠ ᠶᠢᠨ ᠲᠠᠯ᠎ᠠ ᠪᠠᠷ ᠬᠢ ᠲᠣᠭᠲᠠᠭᠠᠯ ᠢᠶᠠᠷ ᠤᠯᠠᠮ ᠨᠢᠭᠡ ᠠᠯᠬᠤᠮ ᠯᠠᠪᠯᠠᠯᠲᠠ ᠪᠣᠯᠭᠠᠭᠰᠠᠨ ᠪᠥᠭᠡᠳ ᠮᠠᠨ ᠤ ᠬᠤᠲᠠ ᠶᠢᠨ ᠤᠰᠤᠨ ᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯ ᠤᠨ ᠪᠣᠳᠠᠲᠤ ᠪᠠᠶᠢᠳᠠᠯ ᠲᠠᠢ ᠤᠶᠠᠯᠳᠤᠭᠤᠯᠤᠨ ᠲᠣᠭᠲᠠᠭᠠᠪᠠ ᠃ ᠳᠤᠤᠷ᠎ᠠ ᠨᠠᠢᠮᠠᠨ ᠵᠦᠢᠯ ᠤᠨ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠳᠤ ᠴᠢᠭᠯᠡᠭᠦᠯᠦᠨ ᠰᠢᠢᠳᠭᠡᠯ ᠤᠨ ᠰᠠᠭᠤᠷᠢ ᠪᠠᠷᠢᠮᠵᠢᠶ᠎ᠠ ᠶᠢᠨ ᠭᠤᠤᠯ ᠠᠭᠤᠯᠭ᠎ᠠ ᠵᠢᠴᠢ ᠬᠢᠯᠠᠰ ᠴᠡᠭ ᠨᠢ ᠳᠤᠤᠷᠠᠬᠢ ᠮᠡᠲᠦ ᠲᠤᠳᠣᠷᠬᠠᠶᠢᠯᠠᠪᠠ ᠃  ︵ᠨᠢᠭᠡ︶ ᠠᠵᠤ ᠦᠢᠯᠡᠳᠪᠦᠷᠢ ᠶᠢᠨ ᠠᠵᠤ ᠠᠬᠤᠶᠢᠯᠠᠯ ᠭᠠᠵᠠᠷ ᠳᠣᠣᠷᠠᠬᠢ ᠤᠰᠤ ᠶᠢ ᠳᠤᠷ᠎ᠠ ᠪᠠᠷ ᠢᠶᠠᠨ ᠲᠠᠲᠠᠵᠤ ᠦᠢᠯᠡᠳᠪᠦᠷᠢᠯᠡᠯ ᠢᠶᠠᠷ ᠤᠰᠤ ᠪᠣᠯᠭᠠᠵᠤ ᠪᠠᠶᠢᠪᠠ  ︽ᠤᠷᠳᠤᠰ ᠬᠤᠳᠠ ᠶᠢᠨ ᠤᠷᠴᠢᠨ ᠲᠤᠭᠤᠷᠢᠨ ᠤ ᠬᠠᠮᠠᠭᠠᠯᠠᠯᠳᠠ ᠶᠢᠨ ᠲᠦᠷᠢᠮ︾᠎ ᠤᠨ ᠲᠠᠪᠢᠨ ᠨᠠᠢᠮᠠᠳᠤᠭᠠᠷ ᠵᠦᠢᠯ ︽ᠪᠦᠭᠦᠳᠠ ᠨᠠᠶᠢᠷᠠᠮᠳᠠᠬᠤ ᠲᠤᠮᠳᠠᠳᠤ ᠠᠷᠠᠳ ᠤᠯᠤᠰ ᠤᠨ ᠬᠠᠳᠤᠨ ᠭᠤᠤᠯ ᠤᠨ ᠬᠠᠮᠠᠭᠠᠯᠠᠯᠳᠠ ᠶᠢᠨ ᠬᠠᠤᠯᠢ︾᠎ ᠶᠢᠨ ᠵᠠᠭᠤ ᠠᠷᠪᠠᠨ ᠭᠤᠷᠪᠠᠳᠤᠭᠠᠷ ᠵᠦᠢᠯ ᠤᠨ ᠲᠤᠭᠳᠠᠭᠠᠯ ᠲᠠᠢ ᠨᠢᠭᠡᠳᠤᠯ ᠦᠭᠡᠢ ᠪᠠᠶᠢᠵᠤ ᠂ ᠲᠡᠭᠡᠳᠤ ᠪᠠᠶᠢᠷᠢ ᠶᠢᠨ ᠬᠠᠤᠯᠢ ᠲᠤᠤᠷ᠎ᠠ ᠪᠠᠶᠢᠷᠢ ᠶᠢᠨ ᠬᠠᠤᠯᠢ ᠠᠴᠠ ᠰᠠᠶᠢᠨ ᠭᠡᠷᠡᠭᠯᠡᠬᠦ ᠵᠠᠷᠴᠢᠮ ᠶᠤᠰᠤᠭᠠᠷ ᠂ ᠤᠷᠳᠤᠰ ᠬᠤᠳᠠ ᠶᠢᠨ ᠠᠵᠤ ᠦᠢᠯᠡᠳᠪᠤᠷᠢ ᠶᠢᠨ ᠠᠵᠤ ᠠᠬᠤᠢᠢᠯᠠᠯ ᠲᠤᠷ᠎ᠠ ᠪᠠᠷ ᠢᠶᠠᠨ ᠭᠠᠵᠠᠷ ᠲᠤᠤᠷᠠᠬᠢ ᠤᠰᠤ ᠶᠢ ᠲᠠᠳᠠᠨ ᠦᠢᠯᠡᠳᠪᠤᠷᠢᠯᠡᠯ ᠳᠤ ᠭᠡᠷᠡᠭᠯᠡᠬᠦ ᠤᠰᠤ ᠪᠤᠯᠭᠠᠪᠠᠯ ᠂ ︽ᠤᠷᠳᠤᠰ ᠬᠤᠳᠠ ᠶᠢᠨ ᠤᠷᠴᠢᠨ ᠲᠤᠭᠤᠷᠢᠨ ᠤ ᠬᠠᠮᠠᠭᠠᠯᠠᠯᠳᠠ ᠶᠢᠨ ᠲᠦᠷᠢᠮ︾᠎ ᠳᠤ ᠰᠢᠨ᠎ᠠ ᠪᠠᠷ ᠵᠠᠰᠠᠪᠤᠷᠢ ᠤᠷᠤᠭᠤᠯᠬᠤ ᠠᠴᠠ ᠡᠮᠤᠨ᠎ᠡ ᠂ ︽ᠪᠦᠭᠦᠳᠠ ᠨᠠᠶᠢᠷᠠᠮᠳᠠᠬᠤ ᠲᠤᠮᠳᠠᠳᠤ ᠠᠷᠠᠳ ᠤᠯᠤᠰ ᠤᠨ ᠬᠠᠳᠤᠨ ᠭᠤᠤᠯ ᠤᠨ ᠬᠠᠮᠠᠭᠠᠯᠠᠯᠳᠠ ᠶᠢᠨ ᠬᠠᠤᠯᠢ︾᠎ ᠶᠢᠨ ᠵᠠᠭᠤ ᠠᠷᠪᠠᠨ ᠭᠤᠷᠪᠠᠳᠤᠭᠠᠷ ᠵᠦᠢᠯ ᠢ ᠦᠨᠳᠤᠰᠤᠯᠡᠨ ᠵᠠᠰᠠᠭ ᠵᠠᠬᠢᠷᠭᠠᠨ ᠤ ᠰᠢᠢᠳᠭᠡᠯ ᠦᠭᠴᠤ ᠂ ᠵᠠᠰᠠᠭ ᠵᠠᠬᠢᠷᠭᠠᠨ ᠤ ᠲᠠᠰᠤᠯᠤᠯᠳᠠ ᠳᠤ ᠦᠪᠤᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠤᠰᠤᠨ ᠤ ᠵᠠᠰᠠᠭ ᠵᠠᠬᠢᠷᠭᠠᠨ ᠤ ᠰᠢᠢᠳᠭᠡᠯ ᠦᠭᠴᠤ ᠲᠠᠰᠤᠯᠤᠯᠳᠠ ᠶᠢᠨ ᠡᠷᠭᠡ ᠶᠢᠨ ᠰᠠᠭᠤᠷᠢ ᠪᠠᠷᠢᠮᠵᠢᠶ᠎ᠠ ︵ᠲᠤᠷᠰᠢᠨ ᠭᠡᠷᠡᠭᠯᠡᠬᠦ︶ ᠵᠢᠷᠭᠤᠳᠤᠭᠠᠷ ᠵᠦᠢᠯ ᠢ ᠲᠤᠭᠢᠷᠠᠭᠤᠯᠤᠨ ᠭᠡᠷᠡᠭᠯᠡᠨ᠎ᠠ ᠃ ᠡᠨᠡ ᠪᠣᠯ ᠲᠤᠰ ᠵᠦᠢᠯ ᠤᠨ ᠲᠠᠰᠤᠯᠤᠯᠲᠠ ᠶᠢᠨ ᠦᠨᠳᠦᠰᠦᠨ ᠪᠠᠷᠢᠮᠲᠠ ᠳᠤ ᠲᠣᠭᠲᠠᠭᠠᠭᠰᠠᠨ ᠭᠤᠣᠯ ᠠᠭᠤᠯᠭ᠎ᠠ ᠮᠥᠨ ᠃  ︵ᠬᠤᠶᠠᠷ︶ ᠬᠠᠤᠯᠢ ᠶᠣᠰᠣᠭᠠᠷ ᠪᠠᠶᠢᠭᠤᠯᠤᠭᠰᠠᠨ ᠬᠢᠯᠢ ᠶᠢᠨ ᠪᠠᠭᠠᠨ᠎ᠠ ᠶᠢ ᠳᠤᠷ᠎ᠠ ᠪᠠᠷ ᠢᠶᠠᠨ ᠰᠢᠯᠵᠢᠭᠦᠯᠵᠦ ᠰᠦᠢᠳᠭᠡᠬᠦ  ᠲᠣᠰ ᠬᠠᠤᠯᠢ ᠠᠴᠠ ᠵᠥᠷᠢᠴᠡᠭᠰᠡᠨ ᠠᠵᠢᠯᠯᠠᠭ᠎ᠠ ᠳᠤ ᠴᠢᠭᠯᠡᠭᠦᠯᠦᠨ ᠂ ᠲᠣᠰ ᠲᠠᠰᠤᠯᠤᠯᠲᠠ ᠶᠢᠨ ᠰᠠᠭᠤᠷᠢ ᠪᠠᠷᠢᠮᠲᠠ ᠨᠢ ᠭᠤᠤᠯᠳᠠᠭᠤ ᠬᠦᠴᠦᠨ ᠵᠦᠢᠯ ᠨᠢ ᠪᠣᠳᠠᠲᠠᠶ ᠰᠢᠯᠵᠢᠬᠦ ᠪᠤᠶᠤ ᠵᠠᠭᠠᠭ ᠤᠨ ᠪᠠᠭᠠᠨ᠎ᠠ ᠶᠢᠨ ᠲᠤᠭ᠎ᠠ ᠬᠡᠮᠵᠢᠶ᠎ᠡ ᠶᠢ ᠡᠪᠳᠡᠬᠦ ᠵᠢᠴᠢ ᠬᠡᠷᠡᠭ ᠢ ᠪᠠᠶᠢᠴᠠᠭᠠᠨ ᠰᠢᠢᠳᠪᠦᠷᠢᠯᠡᠭᠰᠡᠨ ᠤ ᠳᠠᠷᠠᠭᠠᠬᠢ ᠪᠡᠶᠡᠴᠢ ᠴᠣᠭᠴᠠ ᠶᠢᠨ ᠴᠡᠭᠴᠡᠯᠡᠨ ᠰᠠᠶᠢᠵᠢᠷᠠᠭᠤᠯᠤᠭᠰᠠᠨ ᠪᠠᠶᠢᠳᠠᠯ ᠢ ᠪᠣᠳᠣᠯᠬᠢᠯᠠᠨ᠎ᠠ ᠃  ᠪᠥᠬᠦ ᠤᠯᠤᠰ ᠤᠨ ᠡᠯ᠎ᠡ ᠭᠠᠵᠠᠷ ᠤᠨ ᠤᠰᠤᠨ ᠤ ᠵᠠᠰᠠᠭ ᠵᠠᠬᠢᠷᠭᠠᠨ ᠤ ᠰᠢᠢᠳᠬᠡᠯ ᠤᠨ ᠴᠢᠯᠥᠭᠡᠲᠦ ᠲᠠᠰᠤᠯᠤᠯᠲᠠ ᠶᠢᠨ ᠪᠠᠶᠢᠳᠠᠯ ᠲᠠᠢ ᠤᠶᠠᠯᠳᠤᠭᠤᠯᠤᠨ ᠦᠵᠡᠪᠡᠯ ᠂ ᠱᠠᠨᠳᠦ᠋ᠩ ᠂ ᠬᠤᠪᠧᠶ ᠂ ᠹᠦᠵᠢᠶᠠᠨ ᠳᠤ ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠰᠤᠨ ᠤ ᠵᠠᠰᠠᠭ ᠵᠠᠬᠢᠷᠭᠠᠨ ᠤ ᠰᠢᠢᠳᠬᠡᠯ ᠤᠨ ᠴᠢᠯᠥᠭᠡᠲᠦ ᠲᠠᠰᠤᠯᠤᠯᠲᠠ ᠶᠢᠨ ᠰᠠᠭᠤᠷᠢ ᠪᠠᠷᠢᠮᠵᠢᠶ᠎ᠠ ᠶᠢ ᠪᠠᠭᠲᠠᠭᠠᠭᠰᠠᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠰᠤᠨ ᠤ ᠵᠠᠰᠠᠭ ᠵᠠᠬᠢᠷᠭᠠᠨ ᠤ ᠰᠢᠢᠳᠬᠡᠯ ᠤᠨ ᠴᠢᠯᠥᠭᠡᠲᠦ ᠲᠠᠰᠤᠯᠤᠯᠲᠠ ᠶᠢᠨ ᠰᠠᠭᠤᠷᠢ ᠪᠠᠷᠢᠮᠵᠢᠶ᠎ᠠ ᠨᠢ ᠮᠥᠨ ᠡᠭᠦᠨ ᠢᠶᠠᠷ ᠬᠡᠮᠵᠢᠯᠲᠡ ᠶᠢᠨ ᠬᠦᠴᠦᠨ ᠵᠦᠢᠯ ᠪᠣᠯᠭᠠᠪᠠ ᠃ ᠡᠶᠢᠮᠦ ᠠᠴᠠ ᠡᠨᠡ ᠬᠦ ᠬᠠᠤᠯᠢ ᠶᠢ ᠵᠥᠷᠢᠴᠡᠭᠰᠡᠨ ᠠᠵᠢᠯᠯᠠᠭ᠎ᠠ ᠳᠤ ᠰᠢᠯᠵᠢᠭᠦᠯᠬᠦ ᠪᠤᠶᠤ ᠡᠪᠳᠡᠯᠡᠬᠦ ᠬᠢᠯᠢ ᠶᠢᠨ ᠪᠠᠭᠠᠨ᠎ᠠ ᠶᠢᠨ ᠲᠤᠭ᠎ᠠ ᠬᠡᠮᠵᠢᠶ᠎ᠡ ᠪᠠᠷ ᠲᠠᠰᠤᠯᠤᠯᠲᠠ ᠶᠢᠨ ᠪᠠᠷᠢᠮᠵᠢᠶ᠎ᠠ ᠪᠣᠯᠭᠠᠬᠤ ᠲᠠᠯ᠎ᠠ ᠪᠠᠷ ᠠᠪᠴᠤ ᠬᠡᠯᠡᠪᠡᠯ ᠬᠠᠤᠯᠢ ᠲᠣᠭᠲᠠᠭᠠᠬᠤ ᠵᠣᠷᠢᠯᠭ᠎ᠠ ᠳᠤ ᠨᠡᠩ ᠨᠡᠶᠢᠴᠡᠨ᠎ᠡ ᠃  ᠡᠭᠦᠨ ᠤ ᠬᠠᠮᠲᠤ ᠂ ᠰᠢᠢᠳᠭᠡᠯ ᠪᠠ ᠰᠤᠷᠭᠠᠨ ᠬᠥᠮᠦᠵᠢᠯ ᠢ ᠤᠶᠠᠯᠳᠤᠭᠤᠯᠬᠤ ᠵᠠᠷᠴᠢᠮ ᠢ ᠢᠯᠡᠷᠡᠭᠦᠯᠬᠦ ᠶᠢᠨ ᠲᠥᠯᠥᠭᠡ ᠂ ᠪᠢᠳᠡ ᠴᠠᠭ ᠲᠤᠬᠠᠶ ᠳᠤᠨᠢ ᠵᠠᠯᠠᠷᠠᠭᠤᠯᠬᠤ ᠂ ᠤᠤᠯ ᠪᠠᠶᠢᠳᠠᠯ ᠢ ᠰᠡᠷᠭᠦᠭᠡᠬᠦ ᠮᠥᠷᠲᠡᠭᠡᠨ ᠬᠤᠤᠷ ᠬᠥᠨᠥᠭᠡᠯ ᠤᠨ ᠦᠷ᠎ᠡ ᠳ᠋ᠦᠩ ᠭᠠᠷᠭᠠᠭᠰᠠᠨ ᠥᠬᠡᠶ ᠬᠠᠤᠯᠢ ᠶᠢ ᠵᠥᠷᠢᠴᠡᠭᠰᠡᠨ ᠦᠢᠯᠡ ᠠᠵᠢᠯᠯᠠᠭ᠎ᠠ ᠶᠢ ᠰᠢᠢᠳᠭᠡᠯ ᠥᠭᠬᠦ ᠥᠬᠡᠶ ᠂ ᠡᠨᠡ ᠨᠢ ᠲᠣᠰ ᠵᠦᠢᠯ ᠤᠨ ᠲᠠᠰᠤᠯᠤᠯᠲᠠ ᠶᠢᠨ ᠰᠠᠭᠤᠷᠢ ᠪᠠᠷᠢᠮᠵᠢᠶ᠎ᠠ ᠶᠢᠨ ᠬᠢᠯᠠᠰ ᠴᠡᠭ ᠪᠣᠯᠤᠨ᠎ᠠ ᠃  ︵ᠭᠤᠷᠪᠠ︶ ᠬᠠᠰᠢᠯᠭ᠎ᠠ ᠶᠢᠨ ᠠᠮᠤᠷ ᠲᠦᠪᠰᠢᠨ ᠤ ᠬᠠᠮᠠᠭᠠᠯᠠᠯᠲᠠ ᠶᠢᠨ ᠣᠷᠣᠨ ᠳᠤ ᠬᠤᠳᠳᠤᠭ ᠮᠠᠯᠲᠠᠬᠤ ᠂ ᠥᠷᠥᠮᠳᠡᠨ ᠬᠠᠶᠢᠬᠤ ᠂ ᠳᠡᠯᠪᠡᠴᠡᠬᠦ ᠂ ᠵᠢᠭᠠᠰᠤᠨ ᠴᠥᠭᠦᠷᠥᠮ ᠢ ᠮᠠᠯᠲᠠᠬᠤ ᠂ ᠴᠢᠯᠠᠭᠤ ᠭᠠᠷᠭᠠᠬᠤ ᠂ ᠰᠢᠷᠣᠶ ᠠᠪᠬᠤ ᠵᠡᠷᠭᠡ ᠬᠠᠰᠢᠯᠭ᠎ᠠ ᠶᠢᠨ ᠠᠮᠤᠷ ᠲᠦᠪᠰᠢᠨ ᠢ ᠬᠤᠬᠢᠷᠠᠭᠤᠯᠬᠤ ᠠᠵᠢᠯᠯᠠᠭ᠎ᠠ ᠬᠢᠬᠦ  ︽ᠣᠷᠳᠣᠰ ᠬᠤᠲᠠ ᠶᠢᠨ ᠬᠠᠲᠤᠨ ᠭᠤᠤᠯ ᠤᠨ ᠭᠤᠤᠯ ᠤᠨ ᠵᠠᠮ ᠤᠨ ᠬᠠᠮᠢᠶᠠᠷᠤᠯᠲᠠ ᠶᠢᠨ ᠲᠦᠷᠢᠮ︾᠎ ᠤᠨ ᠳᠥᠴᠢᠳᠦᠭᠡᠷ ᠵᠦᠢᠯ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠠᠲᠤᠨ ᠭᠤᠤᠯ ᠤᠨ ᠬᠠᠮᠠᠭᠠᠯᠠᠯᠲᠠ ᠶᠢᠨ ᠬᠠᠤᠯᠢ︾᠎ ᠶᠢᠨ ᠵᠠᠭᠤ ᠠᠷᠪᠠᠨ ᠨᠠᠢᠮᠠᠳᠤᠭᠠᠷ ᠵᠦᠢᠯ ᠤᠨ ᠨᠢᠭᠡᠳᠦᠭᠡᠷ ᠵᠤᠷᠪᠤᠰ ᠤᠨ ᠲᠣᠭᠲᠠᠭᠠᠯ ᠯᠤᠭ᠎ᠠ ᠨᠢᠭᠡᠳᠦᠯ ᠥᠬᠡᠶ ᠪᠠᠶᠢᠵᠤ ᠂ ᠳᠡᠭᠡᠳᠦ ᠪᠠᠶᠢᠷᠢ ᠶᠢᠨ ᠬᠠᠤᠯᠢ ᠳᠣᠣᠷᠠᠳᠤ ᠪᠠᠶᠢᠷᠢ ᠶᠢᠨ ᠬᠠᠤᠯᠢ ᠠᠴᠠ ᠳᠠᠪᠠᠭᠤᠯᠢᠭ ᠪᠠᠶᠢᠬᠤ ᠵᠠᠷᠴᠢᠮ ᠶᠣᠰᠣᠭᠠᠷ ᠂ ᠣᠷᠳᠣᠰ ᠬᠤᠲᠠ ᠶᠢᠨ ᠬᠠᠲᠤᠨ ᠭᠤᠤᠯ ᠤᠨ ᠭᠤᠤᠯ ᠪᠤᠯᠬᠤ ᠰᠠᠯᠪᠤᠷᠢ ᠤᠷᠤᠰᠬᠠᠯ ᠤᠨ ᠬᠠᠰᠢᠯᠭ᠎ᠠ ᠶᠢᠨ ᠠᠮᠤᠷ ᠲᠦᠪᠰᠢᠨ ᠤ ᠬᠠᠮᠠᠭᠠᠯᠠᠯᠲᠠ ᠶᠢᠨ ᠣᠷᠣᠨ ᠤ ᠳᠣᠲᠣᠷ᠎ᠠ ᠬᠤᠳᠳᠤᠭ ᠮᠠᠯᠲᠠᠬᠤ ᠂ ᠥᠷᠥᠮᠳᠡᠨ ᠬᠠᠶᠢᠬᠤ ᠂ ᠳᠡᠯᠪᠡᠴᠢᠬᠦ ᠂ ᠵᠢᠭᠠᠰᠤ ᠠᠩᠨᠠᠬᠤ ᠴᠥᠭᠦᠷᠥᠮ ᠢ ᠮᠠᠯᠳᠠᠬᠤ ᠂ ᠴᠢᠯᠠᠭᠤ ᠮᠠᠯᠲᠠᠬᠤ ᠂ ᠰᠢᠷᠣᠶ ᠠᠪᠬᠤ ᠵᠡᠷᠭᠡ ᠳᠠᠯᠠᠩ ᠤᠨ ᠠᠮᠤᠷ ᠲᠦᠪᠰᠢᠨ ᠳᠤ ᠬᠤᠤᠷ ᠬᠥᠨᠥᠭᠡᠯ ᠤᠴᠠᠷᠠᠭᠤᠯᠬᠤ ᠠᠵᠢᠯᠯᠠᠭ᠎ᠠ ᠬᠢᠵᠦ ᠂ ︽ᠣᠷᠳᠣᠰ ᠬᠤᠲᠠ ᠶᠢᠨ ᠬᠠᠲᠤᠨ ᠭᠤᠤᠯ ᠤᠨ ᠭᠤᠤᠯ ᠤᠨ ᠵᠠᠮ ᠤᠨ ᠬᠠᠮᠢᠶᠠᠷᠤᠯᠲᠠ ᠶᠢᠨ ᠲᠦᠷᠢᠮ︾᠎ ᠳᠤ ᠳᠠᠭᠢᠵᠤ ᠵᠠᠰᠠᠪᠤᠷᠢ ᠣᠷᠣᠭᠤᠯᠬᠤ ᠠᠴᠠ ᠡᠮᠦᠨ᠎ᠡ ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠠᠲᠤᠨ ᠭᠤᠤᠯ ᠤᠨ ᠵᠠᠮ ᠤᠨ ᠬᠠᠮᠠᠭᠠᠯᠠᠯᠲᠠ ᠶᠢᠨ ᠬᠠᠤᠯᠢ︾᠎ ᠶᠢᠨ ᠵᠠᠭᠤ ᠠᠷᠪᠠᠨ ᠨᠠᠢᠮᠠᠳᠤᠭᠠᠷ ᠵᠦᠢᠯ ᠤᠨ ᠨᠢᠭᠡᠳᠦᠭᠡᠷ ᠵᠦᠢᠯ ᠢ ᠦᠨᠳᠦᠰᠦᠯᠡᠨ ᠵᠠᠰᠠᠭ ᠵᠠᠬᠢᠷᠭᠠᠨ ᠤ ᠰᠢᠢᠳᠭᠡᠯ ᠥᠭᠴᠦ ᠂ ᠵᠠᠰᠠᠭ ᠵᠠᠬᠢᠷᠭᠠᠨ ᠤ ᠲᠠᠰᠤᠯᠤᠯᠲᠠ ᠳᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠰᠤᠨ ᠤ ᠵᠠᠰᠠᠭ ᠵᠠᠬᠢᠷᠭᠠᠨ ᠤ ᠰᠢᠢᠳᠬᠡᠯ ᠤᠨ ᠲᠠᠰᠤᠯᠤᠯᠲᠠ ᠶᠢᠨ ᠡᠷᠬᠡ ᠶᠢᠨ ᠰᠠᠭᠤᠷᠢ ᠪᠠᠷᠢᠮᠵᠢᠶ᠎ᠠ ︵ᠲᠤᠷᠰᠢᠨ ᠬᠡᠷᠡᠭᠵᠢᠭᠦᠯᠬᠦ︶᠎ ᠶᠢ ᠬᠡᠷᠡᠭᠯᠡᠨ᠎ᠡ ᠃ ᠡᠨᠡ ᠪᠣᠯ ᠲᠤᠰ ᠵᠦᠢᠯ ᠤᠨ ᠲᠠᠰᠤᠯᠤᠯᠲᠠ ᠶᠢᠨ ᠦᠨᠳᠦᠰᠦᠨ ᠪᠠᠷᠢᠮᠲᠠ ᠳᠤ ᠲᠣᠭᠲᠠᠭᠠᠭᠰᠠᠨ ᠭᠤᠣᠯ ᠠᠭᠤᠯᠭ᠎ᠠ ᠮᠥᠨ ᠃  ︵ᠲᠦᠷᠪᠡ︶ ᠭᠤᠣᠯ ᠤᠨ ᠵᠠᠮ ᠳᠡᠭᠡᠷ᠎ᠡ ᠡᠯᠡᠰᠦ ᠮᠠᠯᠲᠠᠬᠤ ᠵᠥᠪᠰᠢᠶᠡᠷᠡᠯ ᠤᠨ ᠦᠨᠡᠮᠯᠡᠯ ᠳᠤ ᠲᠣᠭᠲᠠᠭᠠᠭᠰᠠᠨ ᠨᠡᠭᠡᠭᠡᠨ ᠮᠠᠯᠲᠠᠬᠤ ᠭᠠᠵᠠᠷ ᠂ ᠬᠤᠭᠤᠴᠠᠭ᠎ᠠ ᠂ ᠬᠦᠷᠢᠶ᠎ᠡ ᠬᠡᠪᠴᠢᠶ᠎ᠡ ᠂ ᠭᠦᠨᠴᠡ ᠂ ᠠᠵᠢᠯᠯᠠᠬᠤ ᠠᠷᠭ᠎ᠠ ᠮᠠᠶ᠋ᠢᠭ ᠢᠶᠠᠷ ᠡᠯᠡᠰᠦ ᠮᠠᠯᠲᠠᠬᠤ ᠠᠵᠢᠯ ᠢ ᠬᠢᠭᠰᠡᠨ ᠦᠭᠡᠢ  ᠲᠣᠰ ᠬᠠᠦᠯᠢ ᠠᠴᠠ ᠵᠦᠷᠢᠴᠡᠭᠰᠡᠨ ᠦᠢᠯᠡ ᠠᠵᠢᠯᠯᠠᠭ᠎ᠠ ᠳᠤ ᠴᠢᠭᠯᠡᠬᠦᠯᠥᠨ ᠂ ᠲᠣᠰ ᠲᠠᠰᠣᠯᠥᠯᠳᠡ ᠶᠢᠨ ᠰᠠᠭᠤᠷᠢ ᠪᠡᠷᠢᠮᠵᠢᠶ᠎ᠠ ᠨᠢ ᠭᠤᠤᠯᠳᠠᠭᠤ ᠬᠠᠦᠯᠢ ᠠᠴᠠ ᠵᠦᠷᠢᠴᠡᠭᠰᠡᠨ ᠦᠢᠯᠡ ᠠᠵᠢᠯᠯᠠᠭ᠎ᠠ ᠶᠢᠨ ᠬᠦᠮᠦᠨ ᠤ ᠬᠠᠶᠢᠷ ᠴᠢᠯᠠᠭᠤ ᠨᠡᠭᠡᠭᠡᠨ ᠮᠠᠯᠳ᠋ᠬᠠᠥ ᠪᠤᠳᠡᠳᠡᠢ ᠡᠵᠡᠯᠡᠬᠦᠨ ᠤ ᠶᠡᠭᠡ ᠪᠠᠭ᠎ᠠ ᠵᠢᠴᠢ ᠭᠡᠷᠩ ᠢ ᠪᠠᠶᠢᠴᠠᠭᠠᠨ ᠰᠢᠢᠳᠪᠦᠷᠢᠯᠡᠭᠰᠡᠨ ᠤ ᠳᠡᠷᠡᠭᠠᠬᠢ ᠪᠡᠶᠡᠴᠢ ᠴᠣᠠᠠᠴᠨ ᠪᠠᠷ ᠴᠡᠭᠴᠡᠯᠡᠨ ᠰᠠᠶᠢᠵᠢᠷᠡᠭᠤᠯᠥᠠᠠᠰᠠᠨ ᠪᠠᠶᠢᠳᠡᠯ ᠢ ᠪᠤᠳᠣᠯᠬᠢᠯᠠᠨ᠎ᠠ ᠃  ᠡᠭᠦᠨ ᠤ ᠬᠠᠮᠲᠤ ᠂ ᠰᠢᠢᠳᠭᠡᠨ ᠲᠣᠷᠭᠠᠬᠤ ᠪᠠ ᠰᠤᠷᠭᠠᠨ ᠬᠥᠮᠦᠵᠢᠭᠦᠯᠬᠦ ᠶᠢ ᠤᠶᠠᠯᠳᠤᠭᠤᠯᠬᠤ ᠵᠠᠷᠴᠢᠮ ᠳᠤ ᠰᠠᠭᠤᠷᠢᠯᠠᠨ ᠂ ᠨᠢᠭᠡᠳᠦᠭᠡᠷ ᠹᠷᠣᠨᠲ ᠤᠨ ᠬᠠᠤᠯᠢ ᠬᠡᠷᠡᠭᠵᠢᠭᠦᠯᠬᠦ ᠠᠵᠢᠯᠲᠠᠨ ᠤ ᠰᠠᠨᠠᠯ ᠢ ᠬᠤᠷᠢᠶᠠᠭᠰᠠᠨ ᠰᠠᠭᠤᠷᠢᠨ ᠳᠡᠭᠡᠷ᠎ᠡ ᠂ ᠬᠠᠶᠢᠷ ᠴᠢᠯᠠᠭᠤ 1000 ᠪᠣᠰᠤᠭ᠎ᠠ ᠳᠥᠷᠪᠡᠯᠵᠢᠨ ᠮᠧᠲᠷ ᠠᠴᠠ ᠳᠣᠷᠣᠭᠰᠢ ᠮᠠᠯᠲᠠᠭᠰᠠᠨ ᠮᠥᠷᠲᠡᠭᠡᠨ ᠠᠩᠬ᠎ᠠ ᠤᠳᠠᠭ᠎ᠠ ᠬᠠᠤᠯᠢ ᠶᠢ ᠵᠥᠷᠢᠴᠡᠭᠰᠡᠨ ᠂ ᠴᠠᠭ ᠲᠤᠬᠠᠶ ᠳᠤᠨᠢ ᠵᠠᠯᠠᠷᠠᠭᠤᠯᠤᠭᠰᠠᠨ ᠪᠠᠶᠢᠪᠠᠯ ᠂ ᠰᠢᠢᠳᠭᠡᠨ ᠲᠣᠷᠭᠠᠬᠤ ᠥᠬᠡᠶ ᠪᠠᠶᠢᠵᠤ ᠂ ᠬᠠᠶᠢᠷ ᠮᠠᠯᠲᠠᠬᠤ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠪᠣᠳᠠᠲᠠᠶ ᠪᠠᠶᠢᠴᠠᠭᠠᠨ ᠰᠢᠢᠳᠪᠦᠷᠢᠯᠡᠭᠰᠡᠨ ᠪᠣᠳᠠᠲᠤ ᠪᠠᠶᠢᠳᠠᠯ ᠲᠠᠢ ᠨᠠᠩ ᠢᠯᠡᠭᠦᠤ ᠨᠡᠶᠢᠴᠡᠵᠦ ᠂ ᠲᠣᠰ ᠵᠦᠢᠯ ᠤᠨ ᠲᠠᠰᠤᠯᠤᠯᠲᠠ ᠶᠢᠨ ᠰᠠᠭᠤᠷᠢ ᠪᠠᠷᠢᠮᠲᠠ ᠳᠤ ᠲᠣᠭᠲᠠᠭᠠᠭᠰᠠᠨ ᠬᠢᠯᠠᠰ ᠴᠡᠭ ᠪᠣᠯᠤᠨ᠎ᠠ ᠃  ︵ᠲᠠᠪᠤ︶ ᠡᠯᠡᠰᠤ ᠮᠠᠯᠳᠠᠬᠤ ᠨᠦᠬᠡ ᠶᠢ ᠴᠠᠭ ᠲᠤᠬᠠᠢ ᠳᠤᠨᠢ ᠪᠦᠭᠯᠡᠭᠰᠡᠨ ᠦᠭᠡᠢ  ᠲᠣᠰ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠳᠤ ᠴᠢᠭᠯᠡᠭᠦᠯᠦᠨ ᠂ ᠲᠣᠰ ᠲᠠᠰᠤᠯᠤᠯᠲᠠ ᠶᠢᠨ ᠰᠠᠭᠤᠷᠢ ᠪᠠᠷᠢᠮᠵᠢᠶ᠎ᠠ ᠨᠢ ᠭᠤᠤᠯᠳᠠᠭᠤ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠳᠤ ᠬᠠᠶᠢᠷ ᠮᠠᠯᠲᠠᠭᠰᠠᠨ ᠤ ᠳᠠᠷᠠᠭ᠎ᠠ ᠨᠦᠬᠡ ᠶᠢ ᠪᠥᠭᠯᠡᠭᠰᠡᠨ ᠥᠬᠡᠶ ᠲᠠᠯᠠᠪᠠᠶ ᠶᠢᠨ ᠶᠡᠭᠡ ᠪᠠᠭ᠎ᠠ ᠵᠢᠴᠢ ᠬᠡᠷᠡᠭ ᠢ ᠪᠠᠶᠢᠴᠠᠭᠠᠨ ᠰᠢᠢᠳᠪᠦᠷᠢᠯᠡᠭᠰᠡᠨ ᠤ ᠳᠠᠷᠠᠭᠠᠬᠢ ᠪᠡᠶᠡᠴᠢ ᠴᠣᠭᠴᠠ ᠶᠢᠨ ᠴᠡᠭᠴᠡᠯᠡᠨ ᠰᠠᠶᠢᠵᠢᠷᠠᠭᠤᠯᠤᠭᠰᠠᠨ ᠪᠠᠶᠢᠳᠠᠯ ᠢ ᠪᠣᠳᠣᠯᠬᠢᠯᠠᠨ᠎ᠠ ᠃  ᠪᠦᠬᠦ ᠤᠯᠤᠰ ᠤᠨ ᠡᠯ᠎ᠡ ᠭᠠᠵᠠᠷ ᠤᠨ ᠤᠰᠤᠨ ᠤ ᠵᠠᠰᠠᠭ ᠵᠠᠬᠢᠷᠭᠠᠨ ᠤ ᠰᠢᠢᠳᠭᠡᠯ ᠲᠣᠷᠭᠠᠭᠤᠯᠢ ᠶᠢᠨ ᠴᠢᠯᠥᠭᠡᠲᠦ ᠲᠠᠰᠤᠯᠤᠯᠲᠠ ᠠᠴᠠ ᠠᠪᠴᠤ ᠦᠵᠡᠪᠡᠯ ᠂ ᠡᠨᠡᠬᠦ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠨᠢ ᠶᠡᠷᠦᠳᠡᠭᠡᠨ ᠡᠵᠡᠯᠡᠨ ᠬᠡᠷᠡᠭᠯᠡᠭᠰᠡᠨ ᠲᠠᠯᠠᠪᠠᠶ ᠪᠤᠶᠤ ᠭᠤᠤᠯ ᠤᠨ ᠵᠠᠮ ᠳᠠᠬᠢ ᠡᠵᠡᠯᠡᠬᠦ ᠬᠠᠷᠢᠴᠠᠯ ᠪᠤᠶᠤ ᠡᠰᠡᠬᠦᠯ᠎ᠡ ᠤᠤᠯ ᠤᠨ ᠪᠠᠶᠢᠳᠠᠯ ᠢ ᠨᠢ ᠰᠡᠷᠭᠦᠭᠡᠬᠦ ᠳᠤ ᠬᠡᠷᠡᠭᠰᠡᠬᠦ ᠵᠠᠷᠤᠳᠠᠯ ᠤᠨ ᠬᠦᠴᠦᠨ ᠵᠦᠢᠯ ᠢ ᠰᠡᠷᠭᠦᠭᠡᠯᠭᠡᠬᠦ ᠪᠠᠷ ᠳᠠᠮᠵᠢᠨ ᠰᠢᠢᠳᠭᠡᠨ ᠲᠣᠷᠭᠠᠬᠤ ᠬᠡᠮᠵᠢᠶ᠎ᠡ ᠶᠢ ᠲᠣᠭᠲᠠᠭᠠᠬᠤ ᠬᠡᠷᠡᠭᠲᠡᠶ ᠃  ᠡᠭᠦᠨ ᠤ ᠬᠠᠮᠲᠤ ᠲᠤᠰ ᠵᠦᠢᠯ ᠤᠨ ᠲᠠᠰᠤᠯᠤᠯᠲᠠ ᠶᠢᠨ ᠰᠠᠭᠤᠷᠢ ᠪᠠᠷᠢᠮᠵᠢᠶ᠎ᠠ ᠶᠢ ᠲᠣᠭᠲᠠᠭᠠᠬᠤ ᠦᠶ᠎ᠡ ᠳᠤ ᠂ ᠪᠢᠳᠡ ᠨᠢᠭᠡᠳᠦᠭᠡᠷ ᠹᠷᠣᠨᠲ ᠤᠨ ᠬᠠᠤᠯᠢ ᠬᠡᠷᠡᠭᠵᠢᠭᠦᠯᠬᠦ ᠠᠵᠢᠯᠲᠠᠨ ᠤ ᠰᠠᠨᠠᠯ ᠢ ᠬᠤᠷᠢᠶᠠᠵᠤ ᠂ ᠨᠥᠬᠡᠨ ᠵᠠᠮ ᠤᠨ ᠲᠠᠯᠠᠪᠠᠢ ᠶᠢ 500 ᠲᠡᠭᠰᠢ ᠳᠥᠷᠪᠡᠯᠵᠢᠨ ᠮᠧᠲᠷ ᠢᠶᠠᠷ ᠭᠠᠷᠤᠭ᠎ᠠ ᠪᠣᠯᠭᠠᠨ ᠵᠣᠬᠢᠴᠠᠩᠭᠤᠶ ᠲᠠᠰᠤᠯᠤᠯᠲᠠ ᠶᠢᠨ ᠱᠠᠲᠤ ᠪᠠ ᠰᠢᠢᠳᠬᠡᠨ ᠲᠣᠷᠭᠠᠬᠤ ᠪᠠᠷᠢᠮᠵᠢᠶ᠎ᠠ ᠶᠢ ᠲᠣᠭᠲᠠᠭᠠᠵᠤ ᠂ ᠪᠣᠳᠠᠲᠠᠶ ᠬᠠᠤᠯᠢ ᠬᠡᠷᠡᠭᠵᠢᠭᠦᠯᠦᠭᠰᠡᠨ ᠪᠠᠶᠢᠳᠠᠯ ᠳᠤ ᠨᠠᠩ ᠨᠡᠶᠢᠴᠡᠨ᠎ᠡ ᠭᠡᠵᠦ ᠦᠵᠡᠪᠡ ᠃  ︵ᠵᠢᠷᠭᠤᠭ᠎ᠠ︶ ᠮᠠᠯᠲᠠᠬᠤ ᠶᠢ ᠴᠠᠭᠠᠵᠠᠯᠠᠬᠤ ᠣᠷᠣᠨ ᠂ ᠲᠡᠭᠦᠬᠦ ᠶᠢ ᠴᠠᠭᠠᠵᠠᠯᠠᠬᠤ ᠬᠤᠭᠤᠴᠠᠭᠠᠨ ᠳᠤ ᠡᠯᠡᠰᠦ ᠮᠠᠯᠲᠠᠬᠤ ᠠᠵᠢᠯᠯᠠᠭ᠎ᠠ ᠬᠢᠬᠦ  ᠲᠣᠰ ᠬᠠᠤᠯᠢ ᠠᠴᠠ ᠵᠥᠷᠢᠴᠡᠭᠰᠡᠨ ᠠᠵᠢᠯᠯᠠᠭ᠎ᠠ ᠳᠤ ᠴᠢᠭᠯᠡᠭᠦᠯᠦᠨ ᠂ ᠲᠣᠰ ᠲᠠᠰᠤᠯᠤᠯᠲᠠ ᠶᠢᠨ ᠰᠠᠭᠤᠷᠢ ᠪᠠᠷᠢᠮᠲᠠ ᠨᠢ ᠭᠤᠤᠯᠳᠠᠭᠤ ᠬᠠᠤᠯᠢ ᠠᠴᠠ ᠵᠥᠷᠢᠴᠡᠨ ᠡᠯᠡᠰᠦ ᠮᠠᠯᠲᠠᠬᠤ ᠪᠠᠷᠠᠭᠠᠨ ᠤ ᠥᠷᠲᠡᠭ ᠤᠨ ᠶᠡᠭᠡ ᠪᠠᠭ᠎ᠠ ᠶᠢᠨ ᠪᠠᠶᠢᠳᠠᠯ ᠢ ᠪᠣᠳᠣᠯᠬᠢᠯᠠᠨ᠎ᠠ ᠃  ᠡᠭᠦᠨ ᠤ ᠬᠠᠮᠲᠤ ᠂ ᠪᠢᠳᠡ ︽ᠬᠥᠬᠡᠮᠥ᠋ᠷᠡᠨ ᠤ ᠬᠠᠮᠠᠭᠠᠯᠠᠯᠲᠠ ᠶᠢᠨ ᠬᠠᠤᠯᠢ︾᠎ ᠂ ︽ᠬᠥᠬᠡᠮᠥ᠋ᠷᠡᠨ ᠤ ᠭᠤᠤᠯ ᠤᠨ ᠵᠠᠮ ᠤᠨ ᠡᠯᠡᠰᠦ ᠮᠠᠯᠲᠠᠬᠤ ᠬᠠᠮᠢᠶᠠᠷᠤᠯᠲᠠ ᠶᠢᠨ ᠲᠦᠷᠢᠮ︾᠎ ᠤᠨ ᠳᠤᠮᠳᠠ ᠂ ᠮᠠᠯᠲᠠᠬᠤ ᠶᠢ ᠴᠠᠭᠠᠵᠠᠯᠠᠬᠤ ᠣᠷᠣᠨ ᠂ ᠲᠡᠭᠦᠬᠦ ᠶᠢ ᠴᠠᠭᠠᠵᠠᠯᠠᠬᠤ ᠣᠷᠣᠨ ᠤ ᠡᠯᠡᠰᠦ ᠮᠠᠯᠲᠠᠬᠤ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠰᠢᠢᠳᠭᠡᠨ ᠲᠣᠷᠭᠠᠬᠤ ᠲᠤᠬᠠᠶ ᠲᠠᠰᠤᠯᠤᠯᠲᠠ ᠶᠢᠨ ᠪᠠᠷᠢᠮᠵᠢᠶ᠎ᠠ ᠪᠠᠷ ᠦᠨᠳᠦᠰᠦᠯᠡᠯ ᠪᠣᠯᠭᠠᠵᠤ ᠂ ᠬᠤᠪᠸᠢ ᠂ ᠵᠢᠶᠠᠩᠰᠢ ᠵᠡᠷᠭᠡ ᠮᠤᠵᠢ ᠣᠷᠣᠨ ᠴᠥᠮ ᠪᠠᠷᠠᠭᠠᠨ ᠤ ᠥᠷᠲᠡᠭ ᠤᠨ ᠵᠣᠭᠤᠰ ᠤᠨ ᠲᠤᠭ᠎ᠠ ᠪᠠᠷ ᠵᠠᠰᠠᠭ ᠵᠠᠬᠢᠷᠭᠠᠨ ᠤ ᠰᠢᠢᠳᠬᠡᠯ ᠤᠨ ᠭᠤᠤᠯ ᠪᠣᠳᠣᠯᠬᠢᠯᠠᠬᠤ ᠬᠦᠴᠦᠨ ᠵᠦᠢᠯ ᠪᠣᠯᠭᠠᠪᠠ ᠃ ᠬᠤᠪᠧᠶ ᠮᠤᠵᠢ ᠶᠢᠨ ᠤᠰᠤᠨ ᠤ ᠵᠠᠰᠠᠭ ᠵᠠᠬᠢᠷᠭᠠᠨ ᠤ ᠰᠢᠢᠳᠬᠡᠯ ᠤᠨ ᠴᠢᠯᠥᠭᠡᠲᠦ ᠲᠠᠰᠤᠯᠤᠯᠲᠠ ᠶᠢᠨ ᠪᠠᠷᠢᠮᠵᠢᠶ᠎ᠠ ᠪᠠᠷ ᠯᠠᠪᠯᠠᠯᠲᠠ ᠪᠣᠯᠭᠠᠵᠤ ᠂ ᠲᠣᠰ ᠵᠦᠢᠯ ᠨᠢ ᠪᠠᠷᠠᠭᠠᠨ ᠤ ᠥᠷᠲᠡᠭ ᠤᠨ ᠵᠣᠭᠤᠰ ᠤᠨ ᠲᠤᠭ᠎ᠠ ᠨᠢ ᠠᠷᠪᠠᠨ ᠲᠦᠮᠡᠨ ᠲᠥᠭᠦᠷᠢᠭ ᠠᠴᠠ ᠳᠣᠷᠣᠭᠰᠢ ︵ᠠᠷᠪᠠᠨ ᠲᠦᠮᠡᠨ ᠲᠥᠭᠦᠷᠢᠭ ᠪᠠᠭᠲᠠᠬᠤ ᠥᠬᠡᠶ︶ ᠲᠠᠰᠤᠯᠤᠯᠲᠠ ᠶᠢᠨ ᠪᠠᠷᠢᠮᠵᠢᠶ᠎ᠠ ᠶᠢ ᠲᠣᠭᠲᠠᠭᠠᠬᠤ ᠶᠢᠨ ᠬᠠᠮᠲᠤ ᠮᠠᠯᠲᠠᠬᠤ ᠶᠢ ᠴᠠᠭᠠᠵᠠᠯᠠᠬᠤ ᠬᠤᠭᠤᠴᠠᠭ᠎ᠠ ᠂ ᠮᠠᠯᠲᠠᠬᠤ ᠶᠢ ᠴᠠᠭᠠᠵᠠᠯᠠᠬᠤ ᠣᠷᠣᠨ ᠳᠤ ᠬᠠᠤᠯᠢ ᠪᠤᠰᠤ ᠪᠠᠷ ᠡᠯᠡᠰᠦ ᠮᠠᠯᠲᠠᠬᠤ ᠥᠷᠲᠡᠭ ᠤᠨ ᠵᠣᠭᠤᠰ ᠤᠨ ᠲᠤᠭ᠎ᠠ ᠨᠢ ᠲᠠᠪᠤᠨ ᠲᠦᠮᠡᠨ ᠲᠥᠭᠦᠷᠢᠭ ᠠᠴᠠ ᠳᠡᠭᠡᠭᠰᠢ ︵ᠲᠠᠪᠤᠨ ᠲᠦᠮᠡᠨ ᠲᠥᠭᠦᠷᠢᠭ ᠢ ᠪᠠᠭᠲᠠᠭᠠᠨ᠎ᠠ︶᠎  ᠪᠣᠯᠬᠤ ᠳᠤ ᠲᠣᠳᠣᠷᠬᠠᠶ ᠵᠢᠭᠠᠨ ᠭᠠᠷᠭᠠᠵᠤ ᠂ ︽ᠵᠠᠰᠠᠭ ᠵᠠᠬᠢᠷᠭᠠᠨ ᠤ ᠰᠢᠢᠳᠬᠡᠯ ᠤᠨ ᠬᠠᠤᠯᠢ︾᠎ ᠶᠢᠨ ᠬᠤᠷᠢᠨ ᠳᠣᠯᠣᠳᠤᠭᠠᠷ ᠵᠦᠢᠯ ᠪᠠ ︽ᠬᠠᠤᠯᠢ ᠪᠤᠰᠤ ᠪᠠᠷ ᠠᠭᠤᠷᠬᠠᠶ ᠮᠠᠯᠲᠠᠬᠤ ᠂ ᠡᠪᠳᠡᠯᠡᠭᠡ ᠶᠢᠨ ᠴᠢᠨᠠᠷᠲᠠᠶ ᠠᠭᠤᠷᠬᠠᠶ ᠮᠠᠯᠲᠠᠬᠤ ᠡᠷᠡᠭᠦᠦ ᠶᠢᠨ ᠬᠡᠷᠡᠭ ᠢ ᠰᠢᠢᠳᠪᠦᠷᠢᠯᠡᠬᠦ ᠳᠤ ᠬᠠᠤᠯᠢ ᠴᠠᠭᠠᠵᠠ ᠶᠢ ᠬᠡᠷᠡᠭᠯᠡᠬᠦ ᠠᠰᠠᠭᠤᠳᠠᠯ ᠤᠨ ᠲᠤᠬᠠᠶ ᠠᠷᠠᠳ ᠤᠨ ᠳᠡᠭᠡᠳᠦ ᠰᠢᠭᠦᠬᠦ ᠬᠤᠷᠢᠶ᠎ᠠ ᠂ ᠠᠷᠠᠳ ᠤᠨ ᠳᠡᠭᠡᠳᠦ ᠪᠠᠶᠢᠴᠠᠭᠠᠬᠤ ᠬᠤᠷᠢᠶ᠎ᠠ ᠶᠢᠨ ᠲᠠᠶᠢᠯᠪᠤᠷᠢᠯᠠᠯᠲᠠ︾᠎ ᠶᠢᠨ ᠭᠤᠷᠪᠠᠳᠤᠭᠠᠷ ᠵᠦᠢᠯ ᠤᠨ ᠲᠣᠭᠲᠠᠭᠠᠯ ᠶᠣᠰᠣᠭᠠᠷ ᠬᠠᠤᠯᠢ ᠴᠠᠭᠠᠵᠠ ᠶᠢᠨ ᠰᠠᠯᠠᠭ᠎ᠠ ᠮᠥᠴᠢᠷ ᠲᠤ ᠰᠢᠯᠵᠢᠭᠦᠯᠦᠨ ᠲᠤᠰᠢᠶᠠᠵᠤ ᠰᠢᠢᠳᠪᠦᠷᠢᠯᠡᠬᠦ ᠬᠡᠷᠡᠭᠲᠡᠶ ᠃  ︵ᠳᠤᠯᠤᠭ᠎ᠠ︶ ᠠᠭᠤᠷᠬᠠᠶ ᠮᠠᠯᠲᠠᠬᠤ ᠡᠷᠬᠡᠲᠦ ᠬᠥᠮᠦᠨ ᠰᠢᠷᠣᠶ ᠪᠠᠶᠢᠭᠤᠯᠬᠤ ᠶᠠᠪᠤᠴᠠ ᠳᠤ ᠤᠰᠤ ᠰᠢᠷᠣᠶ ᠶᠢ ᠬᠠᠮᠠᠭᠠᠯᠠᠬᠤ ᠲᠦᠷ ᠴᠠᠭ ᠤᠨ ᠬᠠᠮᠠᠭᠠᠯᠠᠯᠲᠠ ᠶᠢᠨ ᠠᠷᠭ᠎ᠠ ᠬᠡᠮᠵᠢᠶ᠎ᠡ ᠠᠪᠤᠭᠰᠠᠨ ᠦᠭᠡᠶ  ᠲᠣᠰ ᠬᠠᠤᠯᠢ ᠠᠴᠠ ᠵᠥᠷᠢᠴᠡᠭᠰᠡᠨ ᠠᠵᠢᠯᠯᠠᠭ᠎ᠠ ᠳᠤ ᠴᠢᠭᠯᠡᠭᠦᠯᠦᠨ ᠂ ᠲᠣᠰ ᠲᠠᠰᠤᠯᠤᠯᠲᠠ ᠶᠢᠨ ᠰᠠᠭᠤᠷᠢ ᠪᠠᠷᠢᠮᠲᠠ ᠨᠢ ᠭᠤᠤᠯᠳᠠᠭᠤ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢᠨ ᠬᠤᠭᠤᠴᠠᠭ᠎ᠠ ᠠᠴᠠ ᠬᠡᠲᠦᠷᠡᠭᠰᠡᠨ ᠣᠷᠳᠣ ᠣᠬᠤᠷ ᠵᠢᠴᠢ ᠬᠡᠷᠡᠭ ᠢ ᠪᠠᠶᠢᠴᠠᠭᠠᠨ ᠰᠢᠢᠳᠪᠦᠷᠢᠯᠡᠭᠰᠡᠨ ᠤ ᠳᠠᠷᠠᠭ᠎ᠠ ᠪᠡᠶᠡᠴᠢ ᠴᠣᠭᠴᠠ ᠶᠢᠨ ᠴᠡᠭᠴᠡᠯᠡᠨ ᠰᠠᠶᠢᠵᠢᠷᠠᠭᠤᠯᠤᠭᠰᠠᠨ ᠪᠠᠶᠢᠳᠠᠯ ᠢ ᠪᠣᠳᠣᠯᠬᠢᠯᠠᠨ᠎ᠠ ᠃  ᠡᠭᠦᠨ ᠤ ᠬᠠᠮᠲᠤ ᠂ ᠬᠤᠭᠤᠴᠠᠭ᠎ᠠ ᠬᠡᠲᠦᠷᠡᠭᠰᠡᠨ ᠪᠣᠳᠠᠲᠠᠶ ᠪᠠᠷᠢᠮᠵᠢᠶ᠎ᠠ ᠶᠢ ᠨᠢᠭᠡᠳᠦᠭᠡᠷ ᠹᠷᠣᠨᠲ ᠤᠨ ᠬᠠᠤᠯᠢ ᠬᠡᠷᠡᠭᠵᠢᠭᠦᠯᠬᠦ ᠠᠵᠢᠯᠲᠠᠨ ᠪᠠ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠰᠠᠨᠠᠯ ᠢ ᠥᠷᠭᠡᠨ ᠢᠶᠠᠷ ᠬᠤᠷᠢᠶᠠᠭᠰᠠᠨ ᠤ ᠳᠠᠷᠠᠭ᠎ᠠ ᠂ ᠡᠴᠦᠰ ᠲᠡᠭᠡᠨ 15 ᠡᠳᠦᠷ ᠂ 30 ᠡᠳᠦᠷ ᠂ 45 ᠡᠳᠦᠷ ᠢ ᠪᠣᠳᠠᠲᠠᠶ ᠬᠤᠭᠤᠴᠠᠭ᠎ᠠ ᠬᠡᠲᠦᠷᠡᠭᠰᠡᠨ ᠪᠠᠷᠢᠮᠵᠢᠶ᠎ᠠ ᠪᠣᠯᠭᠠᠬᠤ ᠪᠠᠷ ᠲᠣᠭᠲᠠᠭᠠᠪᠠ ᠃  ︵ᠨᠠᠢᠮᠠ︶ ᠤᠰᠤ ᠠᠪᠬᠤ ᠡᠷᠦᠬᠡ ᠤᠰᠤ ᠠᠪᠬᠤ ᠲᠥᠯᠥᠪᠯᠡᠭᠡ ᠪᠠᠨ ᠦᠯᠦ ᠵᠢᠷᠤᠮᠯᠠᠨ ᠤᠰᠤ ᠠᠪᠴᠤ ᠬᠡᠷᠡᠭᠯᠡᠬᠦ  ᠪᠦᠬᠦ ᠤᠯᠤᠰ ᠤᠨ ᠡᠯ᠎ᠡ ᠭᠠᠵᠠᠷ ᠤᠨ ᠤᠰᠤᠨ ᠤ ᠵᠠᠰᠠᠭ ᠵᠠᠬᠢᠷᠭᠠᠨ ᠤ ᠰᠢᠢᠳᠭᠡᠯ ᠤᠨ ᠴᠢᠯᠥᠭᠡᠲᠦ ᠲᠠᠰᠤᠯᠤᠯᠲᠠ ᠶᠢᠨ ᠦᠵᠡᠬᠦ ᠪᠠᠷ ᠂ ᠡᠨᠡ ᠬᠦ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢᠨ ᠵᠣᠩᠬᠢᠯᠠᠬᠤ ᠬᠡᠰᠡᠭ ᠨᠢ ᠴᠥᠮ ᠪᠣᠳᠠᠲᠠᠶ ᠠᠪᠤᠭᠰᠠᠨ ᠤᠰᠤᠨ ᠤ ᠡᠵᠡᠯᠡᠬᠦ ᠬᠠᠷᠢᠴᠠᠯ ᠢ ᠪᠣᠳᠣᠯᠬᠢᠯᠠᠬᠤ ᠠᠷᠭ᠎ᠠ ᠪᠠᠷ ᠳᠠᠮᠵᠢᠭᠤᠯᠤᠨ ᠰᠢᠢᠳᠭᠡᠨ ᠲᠣᠷᠭᠠᠬᠤ ᠬᠡᠮᠵᠢᠶ᠎ᠡ ᠶᠢ ᠲᠣᠭᠲᠠᠭᠠᠨ᠎ᠠ ᠃ ᠵᠠᠰᠠᠭ ᠵᠠᠬᠢᠷᠭᠠᠨ ᠤ ᠪᠠᠶᠢᠭᠤᠯᠭ᠎ᠠ ᠤᠰᠤ ᠲᠠᠲᠠᠬᠤ ᠬᠡᠮᠵᠢᠶ᠎ᠡ ᠶᠢ ᠬᠢᠵᠠᠭᠠᠷᠯᠠᠬᠤ ᠲᠣᠭᠲᠠᠭᠠᠯ ᠭᠠᠷᠭᠠᠭᠰᠠᠨ ᠤ ᠭᠤᠤᠯ ᠰᠢᠯᠲᠠᠭᠠᠨ ᠨᠢ ᠵᠠᠰᠠᠭ ᠤᠨ ᠣᠷᠳᠣᠨ ᠠᠴᠠ ᠤᠰᠤᠨ ᠤ ᠡᠬᠢ ᠪᠠᠶᠠᠯᠢᠭ ᠲᠤ ᠬᠡᠷᠡᠭᠯᠡᠬᠦ ᠤᠰᠤᠨ ᠤ ᠶᠡᠷᠦᠩᠬᠡᠶ ᠬᠡᠮᠵᠢᠶ᠎ᠡ ᠶᠢ ᠬᠢᠵᠠᠭᠠᠷᠯᠠᠬᠤ ᠶᠢ ᠬᠡᠷᠡᠭᠵᠢᠭᠦᠯᠪᠡᠯ ᠂ ᠳᠠᠷᠤᠶ ᠤᠰᠤᠨ ᠤ ᠡᠬᠢ ᠰᠤᠷᠪᠤᠯᠵᠢ ᠶᠢ ᠵᠦᠢ ᠵᠣᠬᠢᠰᠲᠠᠶ ᠠᠰᠢᠭᠯᠠᠬᠤ ᠳᠤ ᠣᠷᠣᠰᠢᠨ᠎ᠠ ᠃  ᠡᠭᠦᠨ ᠤ ᠬᠠᠮᠲᠤ ᠂ ᠲᠣᠰ ᠲᠠᠰᠤᠯᠤᠯᠲᠠ ᠶᠢᠨ ᠰᠠᠭᠤᠷᠢ ᠪᠠᠷᠢᠮᠵᠢᠶ᠎ᠠ ᠨᠢ ᠭᠤᠤᠯᠳᠠᠭᠤ ᠵᠥᠪᠰᠢᠶᠡᠷᠡᠯ ᠤᠨ ᠨᠥᠬᠦᠴᠡᠯ ᠠᠴᠠ ᠬᠡᠲᠦᠷᠡᠭᠰᠡᠨ ᠤᠰᠤ ᠠᠪᠬᠤ ᠤᠰᠤᠨ ᠤ ᠡᠬᠢ ᠪᠠᠶᠠᠯᠢᠭ ᠤᠨ ᠭᠠᠶᠢᠯᠢ ᠲᠠᠲᠠᠪᠤᠷᠢᠯᠠᠬᠤ ᠬᠠᠷᠢᠴᠠᠯ ᠢᠶᠠᠷ ᠯᠠᠪᠯᠠᠯᠲᠠ ᠪᠣᠯᠭᠠᠵᠤ ᠂ 20%᠎ ᠠᠴᠠ 40%᠎ ᠶᠢᠨ ᠬᠠᠷᠢᠴᠠᠯ ᠢᠶᠠᠷ ᠭᠤᠤᠯ ᠰᠠᠭᠤᠷᠢ ᠪᠠᠷᠢᠮᠵᠢᠶ᠎ᠠ ᠪᠣᠯᠭᠠᠵᠤ ᠂ ᠨᠠᠩ ᠵᠦᠶ ᠵᠣᠬᠢᠰᠲᠠᠶ ᠂ ᠵᠠᠰᠠᠭ ᠵᠠᠬᠢᠷᠭᠠᠨ ᠤ ᠬᠠᠤᠯᠢ ᠴᠠᠭᠠᠵᠠ ᠶᠢᠨ ᠬᠠᠷᠢᠴᠠᠯ ᠤᠨ ᠵᠠᠷᠴᠢᠮ ᠳᠤ ᠨᠠᠩ ᠨᠡᠶᠢᠴᠡᠨ᠎ᠡ ᠃ ᠲᠡᠷᠡ ᠮᠥᠷᠲᠡᠭᠡᠨ ᠰᠢᠢᠳᠭᠡᠯ ᠪᠠ ᠰᠤᠷᠭᠠᠨ ᠬᠥᠮᠦᠵᠢᠯ ᠢ ᠤᠶᠠᠯᠳᠤᠭᠤᠯᠬᠤ ᠳᠤ ᠰᠠᠭᠤᠷᠢᠯᠠᠨ ᠂ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠵᠦ ᠂ ᠲᠥᠯᠥᠪᠯᠡᠭᠡ ᠠᠴᠠ ᠬᠡᠲᠦᠷᠡᠭᠦᠯᠦᠨ ᠤᠰᠤ ᠬᠡᠷᠡᠭᠯᠡᠬᠦ ᠬᠠᠷᠢᠴᠠᠯ ᠢ 20%᠎ ᠠᠴᠠ ᠬᠡᠲᠦᠷᠡᠭᠦᠯᠬᠦ ᠥᠬᠡᠶ ᠮᠥᠷᠲᠡᠭᠡᠨ ᠵᠥᠪᠰᠢᠶᠡᠷᠡᠯ ᠤᠨ ᠨᠥᠬᠦᠴᠡᠯ ᠠᠴᠠ ᠵᠥᠷᠢᠴᠡᠭᠰᠡᠨ ᠥᠬᠡᠶ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠰᠢᠢᠳᠬᠡᠬᠦ ᠥᠬᠡᠶ ᠂ ᠡᠨᠡ ᠨᠢ ᠲᠣᠰ ᠲᠠᠰᠤᠯᠤᠯᠲᠠ ᠶᠢᠨ ᠰᠠᠭᠤᠷᠢ ᠪᠠᠷᠢᠮᠵᠢᠶ᠎ᠠ ᠲᠣᠭᠲᠠᠭᠠᠭᠰᠠᠨ ᠬᠢᠯᠠᠰ ᠴᠡᠭ ᠪᠣᠯᠤᠨ᠎ᠠ ᠃            ᠣᠷᠳᠣᠰ ᠬᠤᠲᠠ ᠶᠢᠨ ᠤᠰᠤᠨ ᠠᠰᠢᠭᠯᠠᠯᠲᠠ ᠶᠢᠨ ᠲᠣᠪᠴᠢᠶ᠎ᠠ          2024 ᠣᠨ ᠤ 4 ᠳ᠋ᠦ᠋ᠭᠡᠷ ᠰᠠᠷ᠎ᠠ ᠶᠢᠨ 23᠎ ᠤ ᠡᠳᠦᠷ 
 
ᠢᠷᠡᠯᠲᠡ᠄ ᠤᠷᠳᠤᠰ ᠬᠤᠳᠠ ᠶᠢᠨ ᠤᠰᠤᠨ ᠠᠰᠢᠭᠯᠠᠯᠳᠠ ᠶᠢᠨ ᠲᠤᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号