︽ᠣᠷᠳᠣᠰ ᠬᠤᠲᠠ ᠶᠢᠨ ᠤᠰᠤᠨ ᠤ ᠵᠠᠰᠠᠭ ᠵᠠᠬᠢᠷᠭᠠᠨ ᠤ ᠰᠢᠢᠳᠭᠡᠯ ᠲᠣᠷᠭᠠᠭᠤᠯᠢ ᠶᠢᠨ ᠴᠢᠯᠥᠭᠡᠲᠦ ᠲᠠᠰᠤᠯᠤᠯᠲᠠ ᠶᠢᠨ ᠡᠷᠬᠡ ᠶᠢᠨ ᠰᠠᠭᠤᠷᠢ ᠪᠠᠷᠢᠮᠵᠢᠶ᠎ᠠ ︵ᠲᠤᠷᠰᠢᠨ ᠬᠡᠷᠡᠭᠵᠢᠭᠦᠯᠬᠦ︶︾ ᠶᠢᠨ ᠲᠤᠬᠠᠶ ᠣᠷᠳᠣᠰ ᠬᠤᠲᠠ ᠶᠢᠨ ᠤᠰᠤᠨ ᠠᠰᠢᠭᠯᠠᠯᠲᠠ ᠶᠢᠨ ᠲᠣᠪᠴᠢᠶ᠎ᠠ ᠶᠢᠨ ᠲᠣᠭᠲᠠᠭᠠᠭᠰᠠᠨ ᠲᠣᠳᠣᠷᠬᠠᠶᠢᠯᠠᠯᠲᠠ
ᠨᠡᠶᠢᠲᠡᠯᠡᠭᠰᠡᠨ ᠴᠠᠭ᠄
2024/4/23
  ᠮᠠᠨ ᠤ ᠬᠤᠲᠠ ᠶᠢᠨ ᠤᠰᠤᠨ ᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠦᠢᠯᠡ ᠠᠵᠢᠯᠯᠠᠭ᠎ᠠ ᠶᠢ ᠤᠯᠠᠮ ᠨᠢᠭᠡ ᠠᠯᠬᠤᠮ ᠵᠢᠷᠤᠮᠵᠢᠭᠤᠯᠵᠤ ᠂ ᠬᠠᠤᠯᠢ ᠬᠡᠷᠡᠭᠵᠢᠭᠦᠯᠬᠦ ᠶᠠᠰᠤ ᠴᠢᠨᠠᠷ ᠪᠠ ᠬᠢᠷᠢ ᠬᠡᠮᠵᠢᠶ᠎ᠡ ᠶᠢ ᠳᠡᠭᠡᠭᠰᠢᠯᠡᠭᠦᠯᠦᠨ ᠂ ᠤᠰᠤᠨ ᠤ ᠵᠠᠰᠠᠭ ᠵᠠᠬᠢᠷᠭᠠᠨ ᠤ ᠰᠢᠢᠳᠭᠡᠯ ᠤᠨ ᠲᠠᠰᠤᠯᠤᠯᠲᠠ ᠶᠢᠨ ᠡᠷᠬᠡ ᠶᠢ ᠵᠢᠷᠤᠮᠵᠢᠭᠤᠯᠬᠤ ᠠᠵᠢᠯ ᠢ ᠦᠨᠡᠨ ᠬᠦ ᠰᠠᠶᠢᠲᠤᠷ ᠬᠢᠬᠦ ᠶᠢᠨ ᠲᠤᠰᠠᠳᠠ ᠂ ᠣᠷᠳᠣᠰ ᠬᠤᠲᠠ ᠶᠢᠨ ᠤᠰᠤᠨ ᠠᠰᠢᠭᠯᠠᠯᠲᠠ ᠶᠢᠨ ᠲᠣᠪᠴᠢᠶ᠎ᠠ ︽ᠣᠷᠳᠣᠰ ᠬᠤᠲᠠ ᠶᠢᠨ ᠤᠰᠤᠨ ᠤ ᠵᠠᠰᠠᠭ ᠵᠠᠬᠢᠷᠭᠠᠨ ᠤ ᠰᠢᠢᠳᠭᠡᠯ ᠤᠨ ᠴᠢᠯᠥᠭᠡᠲᠦ ᠲᠠᠰᠤᠯᠤᠯᠲᠠ ᠶᠢᠨ ᠡᠷᠬᠡ ᠶᠢᠨ ᠰᠠᠭᠤᠷᠢ ᠪᠠᠷᠢᠮᠵᠢᠶ᠎ᠠ ︵ᠲᠤᠷᠰᠢᠨ ᠬᠡᠷᠡᠭᠵᠢᠭᠦᠯᠬᠦ︶︾ ᠶᠢ ᠵᠣᠬᠢᠶᠠᠨ ᠪᠠᠶᠢᠭᠤᠯᠤᠨ ᠲᠣᠭᠲᠠᠭᠠᠵᠤ ᠳᠠᠭᠤᠰᠬᠠᠬᠤ ᠶᠢᠨ ᠲᠤᠰᠠᠳᠠ ᠂ ᠡᠳᠦᠭᠡ ᠬᠤᠯᠪᠣᠭᠳᠠᠯ ᠪᠥᠬᠦᠶ ᠲᠣᠭᠲᠠᠭᠠᠭᠰᠠᠨ ᠪᠠᠶᠢᠳᠠᠯ ᠢ ᠳᠣᠤᠷᠠᠬᠢ ᠮᠡᠲᠦ ᠲᠣᠳᠣᠷᠬᠠᠶᠢᠯᠠᠶ᠎ᠠ ᠃  ᠨᠢᠭᠡ ᠂ ᠲᠣᠭᠲᠠᠭᠠᠬᠤ ᠶᠢᠨ ᠴᠢᠬᠤᠯᠠ ᠴᠢᠨᠠᠷ  ᠵᠠᠰᠠᠭ ᠵᠠᠬᠢᠷᠭᠠᠨ ᠤ ᠰᠢᠢᠳᠭᠡᠯ ᠲᠣᠷᠭᠠᠭᠤᠯᠢ ᠶᠢᠨ ᠴᠢᠯᠥᠭᠡᠲᠦ ᠲᠠᠰᠤᠯᠤᠯᠲᠠ ᠶᠢᠨ ᠡᠷᠬᠡ ᠶᠢ ᠵᠢᠷᠤᠮᠵᠢᠭᠤᠯᠬᠤ ᠨᠢ ᠲᠥᠷᠥ ᠶᠢᠨ ᠶᠠᠪᠤᠳᠠᠯ ᠤᠨ ᠬᠤᠷᠢᠶ᠎ᠠ ᠪᠣᠯᠤᠨ ᠥᠪᠡᠷᠲᠡᠭᠡᠨ ᠵᠠᠰᠠᠬᠤ ᠣᠷᠣᠨ ᠤ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠬᠦᠷᠢᠶ᠎ᠡ ᠬᠡᠪᠴᠢᠶᠡᠨ ᠳᠤ ᠳᠤᠷᠠᠳᠤᠭᠰᠠᠨ ᠰᠢᠨ᠎ᠡ ᠱᠠᠭᠠᠷᠳᠠᠯᠭ᠎ᠠ ᠂ ᠰᠢᠨ᠎ᠡ ᠵᠣᠷᠢᠭ ᠰᠠᠨᠠᠭ᠎ᠠ ᠶᠢ ᠤᠯᠠᠮ ᠨᠢᠭᠡ ᠠᠯᠬᠤᠮ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢᠨ ᠲᠤᠰᠠᠳᠠ ᠂ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠪᠣᠳᠠᠲᠠᠶ ᠠᠵᠢᠯ ᠤᠨ ᠢᠯᠡᠷᠡᠯ ᠪᠣᠯᠤᠨ᠎ᠠ ᠃ 2022 ᠣᠨ ᠤ 7 ᠳ᠋ᠤᠭᠠᠷ ᠰᠠᠷ᠎ᠠ ᠳᠤ ᠂ ᠲᠥᠷᠥ ᠶᠢᠨ ᠶᠠᠪᠤᠳᠠᠯ ᠤᠨ ᠬᠤᠷᠢᠶ᠎ᠠ ᠠᠴᠠ ︽ᠵᠠᠰᠠᠭ ᠵᠠᠬᠢᠷᠭᠠᠨ ᠤ ᠲᠠᠰᠤᠯᠤᠯᠲᠠ ᠶᠢᠨ ᠡᠷᠬᠡ ᠶᠢᠨ ᠰᠠᠭᠤᠷᠢ ᠪᠠᠷᠢᠮᠵᠢᠶ᠎ᠠ ᠶᠢ ᠲᠣᠭᠲᠠᠭᠠᠬᠤ ᠪᠠ ᠬᠠᠮᠢᠶᠠᠷᠬᠤ ᠠᠵᠢᠯ ᠢ ᠤᠯᠠᠮ ᠨᠢᠭᠡ ᠠᠯᠬᠤᠮ ᠵᠢᠷᠤᠮᠵᠢᠭᠤᠯᠬᠤ ᠲᠤᠬᠠᠶ ᠰᠠᠨᠠᠯ︾ ︵ᠲᠥᠷᠥ ᠠᠯᠪᠠᠨ ᠲᠠᠷᠬᠠᠭᠠᠭᠰᠠᠨ ﹇2022﹈ 27 ᠳ᠋ᠤᠭᠠᠷ ᠲᠣᠭᠠᠲᠤ︶ ᠢ ᠳᠠᠷᠤᠮᠠᠯᠯᠠᠨ ᠲᠠᠷᠬᠠᠭᠠᠵᠤ ᠂ ᠡᠯ᠎ᠡ ᠱᠠᠲᠤᠨ ᠤ ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠵᠠᠰᠠᠭ ᠵᠠᠬᠢᠷᠭᠠᠨ ᠤ ᠲᠠᠰᠤᠯᠤᠯᠲᠠ ᠶᠢᠨ ᠡᠷᠬᠡ ᠶᠢᠨ ᠰᠠᠭᠤᠷᠢ ᠪᠠᠷᠢᠮᠵᠢᠶ᠎ᠠ ᠶᠢ ᠲᠣᠭᠲᠠᠭᠠᠬᠤ ᠠᠵᠢᠯ ᠢ ᠦᠨᠡᠨ ᠬᠦ ᠰᠠᠶᠢᠲᠤᠷ ᠬᠢᠵᠦ ᠂ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠬᠦᠷᠢᠶᠡᠨ ᠳᠠᠬᠢ ᠲᠠᠰᠤᠯᠤᠯᠲᠠ ᠶᠢᠨ ᠡᠷᠬᠡ ᠪᠠᠨ ᠬᠡᠷᠡᠭᠵᠢᠭᠦᠯᠬᠦ ᠲᠦᠷᠢᠮ ᠢ ᠲᠡᠭᠦᠯᠳᠡᠷᠵᠢᠭᠦᠯᠬᠦ ᠬᠡᠷᠡᠭᠲᠡᠶ ᠭᠡᠵᠦ ᠱᠠᠭᠠᠷᠳᠠᠪᠠ ᠃ ᠳᠠᠷᠠᠭ᠎ᠠ ᠨᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠠᠤᠯᠢ ᠴᠠᠭᠠᠵᠠ ᠶᠢᠨ ᠲᠢᠩᠬᠢᠮ ︽ᠵᠠᠰᠠᠭ ᠵᠠᠬᠢᠷᠭᠠᠨ ᠤ ᠲᠠᠰᠤᠯᠤᠯᠲᠠ ᠶᠢᠨ ᠡᠷᠬᠡ ᠶᠢᠨ ᠰᠠᠭᠤᠷᠢ ᠪᠠᠷᠢᠮᠵᠢᠶ᠎ᠠ ᠶᠢ ᠲᠣᠭᠲᠠᠭᠠᠬᠤ ᠪᠠ ᠬᠠᠮᠢᠶᠠᠷᠬᠤ ᠠᠵᠢᠯ ᠢ ᠰᠠᠶᠢᠲᠤᠷ ᠬᠢᠬᠦ ᠲᠤᠬᠠᠶ ᠮᠡᠳᠡᠭᠳᠡᠯ︾ ︵ᠥᠪᠥᠷ ᠵᠤᠷᠭᠠᠨ ᠮᠡᠳᠡᠭᠳᠡᠯ ﹇2022﹈ 135 ᠳ᠋ᠤᠭᠠᠷ ᠲᠣᠭᠠᠲᠤ︶ ᠢ ᠳᠠᠷᠤᠮᠠᠯᠯᠠᠨ ᠲᠠᠷᠬᠠᠭᠠᠪᠠ ᠃ ᠣᠷᠳᠣᠰ ᠬᠤᠲᠠ ᠶᠢᠨ ᠵᠠᠰᠠᠭ ᠵᠠᠬᠢᠷᠭᠠᠨ ᠤ ᠲᠠᠰᠤᠯᠤᠯᠲᠠ ᠶᠢᠨ ᠡᠷᠬᠡ ᠶᠢᠨ ᠰᠠᠭᠤᠷᠢ ᠪᠠᠷᠢᠮᠵᠢᠶ᠎ᠠ ᠶᠢ ᠲᠣᠭᠲᠠᠭᠠᠬᠤ ᠪᠠ ᠬᠠᠮᠢᠶᠠᠷᠬᠤ ᠠᠵᠢᠯ ᠢ ᠪᠥᠬᠦ ᠲᠠᠯ᠎ᠠ ᠪᠠᠷ ᠰᠠᠶᠢᠲᠤᠷ ᠬᠢᠬᠦ ᠶᠢᠨ ᠲᠥᠯᠥᠭᠡ ᠂ ᠣᠷᠳᠣᠰ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠪᠠᠶᠢᠷᠢᠯᠠᠭᠤᠯᠤᠯᠲᠠ ᠲᠣᠬᠢᠷᠠᠭᠤᠯᠤᠯᠲᠠ ᠶᠣᠰᠣᠭᠠᠷ ᠂ ᠣᠷᠳᠣᠰ ᠬᠤᠲᠠ ᠶᠢᠨ ᠬᠠᠤᠯᠢ ᠴᠠᠭᠠᠵᠠ ᠶᠢᠨ ᠲᠣᠪᠴᠢᠶ᠎ᠠ ᠪᠥᠬᠦ ᠬᠤᠲᠠ ᠶᠢᠨ ᠪᠣᠳᠠᠲᠠᠶ ᠲᠠᠢ ᠪᠠᠨ ᠤᠶᠠᠯᠳᠤᠭᠤᠯᠤᠨ ᠂ ︽ᠵᠠᠰᠠᠭ ᠵᠠᠬᠢᠷᠭᠠᠨ ᠤ ᠲᠠᠰᠤᠯᠤᠯᠲᠠ ᠶᠢᠨ ᠡᠷᠬᠡ ᠶᠢᠨ ᠰᠠᠭᠤᠷᠢ ᠪᠠᠷᠢᠮᠵᠢᠶ᠎ᠠ ᠶᠢ ᠲᠣᠭᠲᠠᠭᠠᠬᠤ ᠪᠠ ᠬᠠᠮᠢᠶᠠᠷᠬᠤ ᠠᠵᠢᠯ ᠢ ᠤᠯᠠᠮ ᠨᠢᠭᠡ ᠠᠯᠬᠤᠮ ᠰᠠᠶᠢᠲᠤᠷ ᠬᠢᠬᠦ ᠲᠤᠬᠠᠶ ᠮᠡᠳᠡᠭᠳᠡᠯ︾ ︵ᠣᠷᠳᠤᠰ ᠬᠠᠥᠯᠢ ᠲᠠᠷᠬᠠᠭᠠᠭᠰᠠᠨ ﹇2022﹈ 73 ᠳ᠋ᠤᠭᠠᠷ ᠲᠣᠭᠠᠲᠤ︶ ᠢ ᠳᠠᠷᠤᠮᠠᠯᠯᠠᠨ ᠲᠠᠷᠬᠠᠭᠠᠪᠠ ᠃  ᠳᠡᠭᠡᠷ᠎ᠡ ᠳᠤᠷᠠᠳᠤᠭᠰᠠᠨ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠵᠢᠴᠢ ᠬᠠᠮᠢᠶ᠎ᠠ ᠪᠦᠬᠦᠢ ᠠᠵᠢᠯ ᠤᠨ ᠬᠤᠪᠢᠶᠠᠷᠢᠯᠠᠯ ᠤᠨ ᠱᠠᠭᠠᠷᠳᠠᠯᠭ᠎ᠠ ᠶᠢ ᠰᠠᠶᠢᠲᠤᠷ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢᠨ ᠲᠤᠰᠠᠳᠠ ᠂ ᠣᠷᠳᠣᠰ ᠬᠤᠲᠠ ᠶᠢᠨ ᠤᠰᠤᠨ ᠠᠰᠢᠭᠯᠠᠯᠲᠠ ᠶᠢᠨ ᠲᠣᠪᠴᠢᠶ᠎ᠠ ᠨᠢ ᠲᠣᠰ ᠰᠠᠯᠠᠭ᠎ᠠ ᠮᠥᠴᠢᠷ ᠤᠨ ᠢᠶᠠᠨ ᠡᠭᠦᠷᠭᠡ ᠬᠠᠷᠢᠭᠤᠴᠠᠯᠭ᠎ᠠ ᠶᠢᠨ ᠬᠡᠪᠴᠢᠶᠡᠨ ᠳᠣᠲᠣᠷ᠎ᠠ ᠂ ᠲᠣᠰ ᠵᠠᠰᠠᠭ ᠵᠠᠬᠢᠷᠭᠠᠨ ᠤ ᠣᠷᠣᠨ ᠤ ᠳᠣᠲᠣᠷᠠᠬᠢ ᠣᠷᠣᠨ ᠨᠤᠲᠤᠭ ᠤᠨ ᠴᠢᠨᠠᠷᠲᠠᠶ ᠬᠠᠤᠯᠢ ᠲᠣᠭᠲᠠᠭᠠᠯ ᠤᠨ ᠤᠰᠤᠨ ᠤ ᠵᠠᠰᠠᠭ ᠵᠠᠬᠢᠷᠭᠠᠨ ᠤ ᠰᠢᠢᠳᠬᠡᠯ ᠤᠨ ᠲᠠᠰᠤᠯᠤᠯᠲᠠ ᠶᠢᠨ ᠰᠠᠭᠤᠷᠢ ᠪᠠᠷᠢᠮᠵᠢᠶ᠎ᠠ ᠶᠢ ᠲᠣᠭᠲᠠᠭᠠᠬᠤ ᠠᠵᠢᠯ ᠢ ᠲᠦᠷᠭᠡᠳᠬᠡᠨ ᠠᠬᠢᠭᠤᠯᠵᠤ ᠂ ᠤᠰᠤᠨ ᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯᠲᠠᠨ ᠤ ᠲᠠᠰᠤᠯᠤᠯᠲᠠ ᠶᠢᠨ ᠡᠷᠬᠡ ᠶᠢ ᠵᠢᠷᠤᠮᠵᠢᠭᠤᠯᠤᠨ ᠂ ᠤᠰᠤᠨ ᠤ ᠵᠠᠰᠠᠭ ᠵᠠᠬᠢᠷᠭᠠᠨ ᠤ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠨ ᠬᠠᠤᠯᠢ ᠶᠣᠰᠣᠭᠠᠷ ᠵᠠᠰᠠᠭ ᠶᠠᠪᠤᠭᠤᠯᠬᠤ ᠂ ᠵᠦᠶ ᠵᠣᠬᠢᠰᠲᠠᠶ ᠵᠠᠰᠠᠭ ᠶᠠᠪᠤᠭᠤᠯᠬᠤ ᠶᠢ ᠠᠬᠢᠭᠤᠯᠵᠤ ᠂ ᠣᠷᠳᠣᠰ ᠤᠨ ᠤᠰᠤᠨ ᠳᠤ ᠬᠤᠯᠪᠣᠭᠳᠠᠬᠤ ᠣᠷᠣᠨ ᠨᠤᠲᠤᠭ ᠤᠨ ᠴᠢᠨᠠᠷᠲᠠᠶ ᠬᠠᠤᠯᠢ ᠲᠣᠭᠲᠠᠭᠠᠯ ᠤᠨ ᠵᠥᠪ ᠣᠨᠣᠪᠴᠢᠲᠠᠶ ᠬᠡᠷᠡᠭᠵᠢᠭᠦᠯᠦᠭᠳᠡᠬᠦ ᠶᠢ ᠪᠠᠲᠤᠯᠠᠨ ᠂ ᠪᠥᠬᠦ ᠰᠢᠰᠲ᠋ᠧᠮ ᠤᠨ ᠬᠠᠤᠯᠢ ᠬᠡᠷᠡᠭᠵᠢᠭᠦᠯᠬᠦ ᠬᠢᠷᠢ ᠲᠦᠪᠰᠢᠨ ᠪᠠ ᠬᠠᠤᠯᠢ ᠬᠡᠷᠡᠭᠵᠢᠭᠦᠯᠬᠦ ᠨᠡᠶᠢᠲᠡ ᠳᠤ ᠢᠲᠡᠭᠡᠭᠦᠯᠬᠦ ᠬᠦᠴᠦᠨ ᠢ ᠳᠡᠭᠡᠭᠰᠢᠯᠡᠭᠦᠯᠬᠦ ᠳᠤ ᠴᠢᠬᠤᠯᠠ ᠠᠴᠢ ᠬᠤᠯᠪᠣᠭᠳᠠᠯ ᠲᠠᠢ ᠶᠤᠮ ᠃  ᠬᠤᠶᠠᠷ ᠂ ᠲᠣᠭᠲᠠᠭᠠᠭᠰᠠᠨ ᠦᠨᠳᠦᠰᠦᠯᠡᠯ ᠪᠠ ᠶᠠᠪᠤᠴᠠ  ︵ᠨᠢᠭᠡ︶ ᠲᠣᠭᠲᠠᠭᠠᠭᠰᠠᠨ ᠦᠨᠳᠦᠰᠦᠯᠡᠯ  ᠲᠠᠰᠤᠯᠤᠯᠲᠠ ᠶᠢᠨ ᠰᠠᠭᠤᠷᠢ ᠪᠠᠷᠢᠮᠵᠢᠶ᠎ᠠ ᠨᠢ ᠭᠤᠤᠯᠳᠠᠭᠤ ᠣᠷᠳᠣᠰ ᠬᠤᠲᠠ ᠶᠢᠨ ᠣᠲᠣ ᠶᠢᠨ ᠬᠡᠷᠡᠭᠵᠢᠭᠦᠯᠵᠦ ᠪᠠᠶᠢᠭ᠎ᠠ ᠬᠦᠴᠦᠨ ᠪᠥᠬᠦᠶ ᠣᠷᠣᠨ ᠨᠤᠲᠤᠭ ᠤᠨ ᠴᠢᠨᠠᠷᠲᠠᠶ ᠬᠠᠤᠯᠢ ᠲᠣᠭᠲᠠᠭᠠᠯ ᠳᠤ ᠤᠰᠤᠨ ᠤ ᠵᠠᠰᠠᠭ ᠵᠠᠬᠢᠷᠭᠠᠨ ᠤ ᠰᠢᠢᠳᠭᠡᠯ ᠲᠣᠷᠭᠠᠭᠤᠯᠢ ᠶᠢᠨ ᠵᠦᠢᠯᠡᠰ ᠲᠤ ᠬᠤᠯᠪᠣᠭᠳᠠᠬᠤ ᠲᠣᠭᠲᠠᠭᠠᠯ ᠳᠤ ᠴᠢᠭᠯᠡᠭᠦᠯᠦᠨ᠎ᠡ ᠃ ᠡᠶᠢᠮᠦ ᠠᠴᠠ ᠂ ᠮᠠᠨ ᠤ ᠲᠣᠪᠴᠢᠶ᠎ᠠ ᠡᠩ ᠲᠡᠷᠢᠭᠦᠨ ᠳᠤ ᠣᠷᠳᠣᠰ ᠬᠤᠲᠠ ᠶᠢᠨ ᠣᠲᠣ ᠶᠢᠨ ᠬᠡᠷᠡᠭᠵᠢᠭᠦᠯᠵᠦ ᠪᠠᠶᠢᠭ᠎ᠠ ᠣᠷᠣᠨ ᠨᠤᠲᠤᠭ ᠤᠨ ᠴᠢᠨᠠᠷᠲᠠᠶ ᠬᠠᠤᠯᠢ ᠲᠣᠭᠲᠠᠭᠠᠯ ᠢ ᠬᠠᠤᠯᠢ ᠪᠠᠷ ᠲᠣᠭᠲᠠᠭᠠᠭᠰᠠᠨ ᠬᠠᠤᠯᠢ ᠬᠡᠷᠡᠭᠵᠢᠭᠦᠯᠬᠦ ᠭᠤᠤᠯ ᠴᠣᠭᠴᠠ ᠶᠢᠨ ᠬᠠᠤᠯᠢ ᠴᠠᠭᠠᠵᠠ ᠶᠢᠨ ᠦᠨᠳᠦᠰᠦᠯᠡᠯ ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠶᠢᠨ ᠰᠢᠢᠳᠭᠡᠯ ᠤᠨ ᠦᠨᠳᠦᠰᠦᠯᠡᠯ ᠠᠴᠠ ᠨᠠᠷᠢᠨ ᠬᠢᠨᠠᠮᠠᠭᠠᠶ ᠡᠮᠬᠢᠯᠡᠨ ᠰᠣᠩᠭᠤᠵᠤ ᠂ ᠡᠴᠦᠰ ᠲᠡᠭᠡᠨ ︽ᠣᠷᠳᠣᠰ ᠬᠤᠲᠠ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠲᠦᠷᠢᠮ︾ ᠂ ︽ᠣᠷᠳᠣᠰ ᠬᠤᠲᠠ ᠶᠢᠨ ᠬᠠᠲᠤᠨ ᠭᠤᠤᠯ ᠤᠨ ᠵᠠᠮ ᠤᠨ ᠬᠠᠮᠢᠶᠠᠷᠤᠯᠲᠠ ᠶᠢᠨ ᠲᠦᠷᠢᠮ︾ ᠂ ︽ᠣᠷᠳᠣᠰ ᠬᠤᠲᠠ ᠶᠢᠨ ᠪᠣᠬᠢᠷᠲᠤᠯ ᠥᠬᠡᠶ ᠠᠭᠤᠷᠬᠠᠶ ᠶᠢᠨ ᠪᠥᠲᠥᠭᠡᠨ ᠪᠠᠶᠢᠭᠤᠯᠤᠯᠲᠠ ᠶᠢᠨ ᠬᠠᠮᠢᠶᠠᠷᠤᠯᠲᠠ ᠶᠢᠨ ᠲᠦᠷᠢᠮ︾ ᠂ ︽ᠣᠷᠳᠣᠰ ᠬᠤᠲᠠ ᠶᠢᠨ ᠤᠰᠤᠨ ᠤ ᠡᠬᠢ ᠪᠠᠶᠠᠯᠢᠭ ᠤᠨ ᠬᠠᠮᠢᠶᠠᠷᠤᠯᠲᠠ ᠶᠢᠨ ᠲᠦᠷᠢᠮ︾ ᠵᠡᠷᠭᠡ ᠣᠷᠣᠨ ᠨᠤᠲᠤᠭ ᠤᠨ ᠴᠢᠨᠠᠷᠲᠠᠶ ᠳᠥᠷᠪᠡᠨ ᠬᠠᠤᠯᠢ ᠲᠣᠭᠲᠠᠭᠠᠯ ᠢ ᠲᠣᠭᠲᠠᠭᠠᠪᠠ ᠃ ᠡᠭᠦᠨ ᠳᠤ ᠤᠰᠤᠨ ᠤ ᠵᠠᠰᠠᠭ ᠵᠠᠬᠢᠷᠭᠠᠨ ᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠠᠴᠠ ᠵᠠᠰᠠᠭ ᠵᠠᠬᠢᠷᠭᠠᠨ ᠤ ᠰᠢᠢᠳᠭᠡᠯ ᠥᠭᠬᠦ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠳᠤ ᠬᠤᠯᠪᠣᠭᠳᠠᠬᠤ ᠲᠣᠭᠲᠠᠭᠠᠯ ᠨᠡᠶᠢᠲᠡ 8 ᠵᠦᠢᠯ ᠲᠠᠢ ᠂ ᠡᠭᠦᠨ ᠳᠤ ᠳᠣᠣᠷᠠᠬᠢ ᠵᠦᠢᠯᠡᠰ ᠪᠠᠭᠲᠠᠨ᠎ᠠ᠄  1. ᠠᠵᠤ ᠦᠢᠯᠡᠳᠪᠦᠷᠢ ᠶᠢᠨ ᠠᠵᠤ ᠠᠬᠤᠶᠢᠯᠠᠯ ᠭᠠᠵᠠᠷ ᠳᠣᠣᠷᠠᠬᠢ ᠤᠰᠤ ᠶᠢ ᠳᠤᠷ᠎ᠠ ᠪᠠᠷ ᠢᠶᠠᠨ ᠲᠠᠲᠠᠵᠤ ᠠᠪᠴᠤ ᠦᠢᠯᠡᠳᠪᠦᠷᠢᠯᠡᠯ ᠳᠤ ᠬᠡᠷᠡᠭᠯᠡᠬᠦ ᠤᠰᠤ ᠪᠣᠯᠭᠠᠬᠤ︔  2. ᠬᠠᠤᠯᠢ ᠶᠣᠰᠣᠭᠠᠷ ᠪᠠᠶᠢᠭᠤᠯᠤᠭᠰᠠᠨ ᠬᠢᠯᠢ ᠶᠢᠨ ᠪᠠᠭᠠᠨ᠎ᠠ ᠶᠢ ᠳᠤᠷ᠎ᠠ ᠪᠠᠷ ᠢᠶᠠᠨ ᠰᠢᠯᠵᠢᠭᠦᠯᠵᠦ ᠂ ᠡᠪᠳᠡᠨ ᠰᠦᠢᠳᠭᠡᠬᠦ︔  3. ᠬᠠᠰᠢᠯᠭ᠎ᠠ ᠶᠢᠨ ᠠᠮᠤᠷ ᠲᠦᠪᠰᠢᠨ ᠤ ᠬᠠᠮᠠᠭᠠᠯᠠᠯᠲᠠ ᠶᠢᠨ ᠣᠷᠣᠨ ᠳᠤ ᠬᠤᠳᠳᠤᠭ ᠮᠠᠯᠲᠠᠬᠤ ᠂ ᠥᠷᠥᠮᠳᠡᠬᠦ ᠂ ᠳᠡᠯᠪᠡᠴᠡᠬᠦ ᠂ ᠵᠢᠭᠠᠰᠤᠨ ᠴᠥᠭᠦᠷᠦᠮ ᠪᠠᠷᠢᠬᠤ ᠂ ᠴᠢᠯᠠᠭᠤ ᠭᠠᠷᠭᠠᠬᠤ ᠂ ᠰᠢᠷᠣᠶ ᠠᠪᠬᠤ ᠵᠡᠷᠭᠡ ᠠᠮᠤᠷ ᠲᠦᠪᠰᠢᠨ ᠢ ᠬᠥᠨᠥᠭᠡᠬᠦ ᠠᠵᠢᠯᠯᠠᠭ᠎ᠠ ᠬᠢᠬᠦ︔  4. ᠭᠤᠤᠯ ᠤᠨ ᠵᠠᠮ ᠤᠨ ᠡᠯᠡᠰᠦ ᠮᠠᠯᠲᠠᠬᠤ ᠵᠥᠪᠰᠢᠶᠡᠷᠡᠯ ᠤᠨ ᠦᠨᠡᠮᠯᠡᠯ ᠳᠤ ᠲᠣᠭᠲᠠᠭᠠᠭᠰᠠᠨ ᠨᠡᠭᠡᠭᠡᠨ ᠮᠠᠯᠲᠠᠬᠤ ᠭᠠᠵᠠᠷ ᠂ ᠬᠤᠭᠤᠴᠠᠭ᠎ᠠ ᠂ ᠬᠦᠷᠢᠶ᠎ᠡ ᠬᠡᠪᠴᠢᠶ᠎ᠡ ᠂ ᠭᠦᠨᠴᠡ ᠂ ᠠᠵᠢᠯᠯᠠᠬᠤ ᠠᠷᠭ᠎ᠠ ᠮᠠᠶ᠋ᠢᠭ ᠢᠶᠠᠷ ᠡᠯᠡᠰᠦ ᠮᠠᠯᠲᠠᠬᠤ ᠠᠵᠢᠯ ᠢ ᠬᠢᠬᠦ︔  5. ᠡᠯᠡᠰᠦ ᠪᠠᠨ ᠴᠠᠭ ᠲᠤᠬᠠᠢ ᠳᠤ ᠨᠢ ᠪᠦᠭᠯᠡᠭᠰᠡᠨ ᠦᠭᠡᠢ︔  6. ᠮᠠᠯᠲᠠᠬᠤ ᠶᠢ ᠴᠠᠭᠠᠵᠠᠯᠠᠬᠤ ᠣᠷᠣᠨ ᠂ ᠮᠠᠯᠲᠠᠬᠤ ᠶᠢ ᠴᠠᠭᠠᠵᠠᠯᠠᠬᠤ ᠬᠤᠭᠤᠴᠠᠭᠠᠨ ᠳᠤ ᠡᠯᠡᠰᠦ ᠮᠠᠯᠲᠠᠬᠤ ᠠᠵᠢᠯᠯᠠᠭ᠎ᠠ ᠶᠠᠪᠤᠭᠤᠯᠬᠤ︔  7. ᠠᠭᠤᠷᠬᠠᠶ ᠮᠠᠯᠲᠠᠬᠤ ᠡᠷᠬᠡᠲᠦ ᠬᠥᠮᠦᠨ ᠰᠢᠷᠣᠶ ᠪᠠᠷᠢᠬᠤ ᠶᠠᠪᠤᠴᠠ ᠳᠤ ᠤᠰᠤ ᠰᠢᠷᠣᠶ ᠶᠢ ᠬᠠᠮᠠᠭᠠᠯᠠᠬᠤ ᠲᠦᠷ ᠴᠠᠭ ᠤᠨ ᠬᠠᠮᠠᠭᠠᠯᠠᠯᠲᠠ ᠶᠢᠨ ᠠᠷᠭ᠎ᠠ ᠬᠡᠮᠵᠢᠶ᠎ᠡ ᠠᠪᠤᠭᠰᠠᠨ ᠦᠭᠡᠶ︔  8. ᠤᠰᠤ ᠲᠠᠲᠠᠵᠤ ᠬᠡᠷᠡᠭᠯᠡᠬᠦ ᠡᠷᠦᠬᠡ ᠲᠥᠯᠥᠪᠯᠡᠭᠡ ᠶᠢᠨ ᠤᠰᠤ ᠬᠡᠷᠡᠭᠯᠡᠬᠦ ᠬᠠᠮᠢᠶᠠᠷᠤᠯᠲᠠ ᠶᠢᠨ ᠶᠣᠰᠣᠭᠠᠷ ᠤᠰᠤ ᠲᠠᠲᠠᠵᠤ ᠬᠡᠷᠡᠭᠯᠡᠭᠰᠡᠨ ᠦᠭᠡᠶ ᠃  ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠰᠤᠨ ᠤ ᠵᠠᠰᠠᠭ ᠵᠠᠬᠢᠷᠭᠠᠨ ᠤ ᠰᠢᠢᠳᠬᠡᠯ ᠤᠨ ᠴᠢᠯᠥᠭᠡᠲᠦ ᠲᠠᠰᠤᠯᠤᠯᠲᠠ ᠶᠢᠨ ᠰᠠᠭᠤᠷᠢ ᠪᠠᠷᠢᠮᠵᠢᠶ᠎ᠠ ᠶᠢ ᠲᠣᠭᠲᠠᠭᠠᠬᠤ ᠰᠡᠳᠬᠢᠴᠡ ᠪᠠ ᠠᠷᠭ᠎ᠠ ᠮᠠᠶ᠋ᠢᠭ ᠢᠶᠠᠷ ᠲᠣᠯᠢ ᠪᠣᠯᠭᠠᠵᠤ ᠂ ᠲᠠᠰᠤᠯᠤᠯᠲᠠ ᠶᠢᠨ ᠰᠠᠭᠤᠷᠢ ᠨᠢ ᠳᠡᠭᠡᠷ᠎ᠡ ᠳᠤᠷᠠᠳᠤᠭᠰᠠᠨ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠳᠥᠷᠪᠡᠨ ᠲᠠᠰᠤᠯᠤᠯᠲᠠ ᠶᠢᠨ ᠱᠠᠲᠤᠯᠢᠭ ᠬᠤᠪᠢᠶᠠᠵᠤ ᠂ ᠲᠣᠰ ᠲᠣᠰ ᠬᠥᠩᠭᠡᠨ ᠂ ᠡᠩ ᠤᠨ ᠂ ᠨᠡᠯᠢᠶᠡᠳ ᠬᠦᠨᠳᠦ ᠂ ᠬᠦᠨᠳᠦ ᠨᠣᠴᠢᠲᠠᠶ ᠪᠣᠯᠤᠭᠰᠠᠨ ᠪᠥᠭᠡᠳ ᠳᠥᠷᠪᠡᠨ ᠬᠡᠮᠵᠢᠶᠡᠨ ᠤ ᠰᠢᠢᠳᠬᠡᠯ ᠤᠨ ᠪᠣᠳᠠᠲᠠᠶ ᠲᠠᠰᠤᠯᠤᠯᠲᠠ ᠶᠢᠨ ᠪᠠᠷᠢᠮᠵᠢᠶ᠎ᠠ ᠶᠢ ᠲᠣᠭᠲᠠᠭᠠᠪᠠ ᠃  ︵ᠬᠤᠶᠠᠷ︶ ᠲᠤᠭᠳᠠᠭᠠᠬᠤ ᠶᠠᠪᠤᠴᠠ  1. ᠰᠠᠨᠠᠯ ᠬᠤᠷᠢᠶᠠᠭᠰᠠᠨ ᠪᠠᠶᠢᠳᠠᠯ  ︽ᠵᠠᠰᠠᠭ ᠵᠠᠬᠢᠷᠭᠠᠨ ᠤ ᠲᠠᠰᠤᠯᠤᠯᠲᠠ ᠶᠢᠨ ᠡᠷᠬᠡ ᠶᠢᠨ ᠰᠠᠭᠤᠷᠢ ᠪᠠᠷᠢᠮᠵᠢᠶ᠎ᠠ ᠶᠢ ᠲᠣᠭᠲᠠᠭᠠᠬᠤ ᠪᠠ ᠬᠠᠮᠢᠶᠠᠷᠬᠤ ᠠᠵᠢᠯ ᠢ ᠰᠠᠶᠢᠲᠤᠷ ᠬᠢᠬᠦ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠠᠤᠯᠢ ᠴᠠᠭᠠᠵᠠ ᠶᠢᠨ ᠲᠢᠩᠬᠢᠮ ᠤᠨ ᠮᠡᠳᠡᠭᠳᠡᠯ︾ ᠪᠠ ︽ᠣᠷᠳᠣᠰ ᠬᠤᠲᠠ ᠶᠢᠨ ᠬᠠᠤᠯᠢ ᠴᠠᠭᠠᠵᠠ ᠶᠢᠨ ᠲᠣᠪᠴᠢᠶ᠎ᠠ ᠶᠢᠨ ᠵᠠᠰᠠᠭ ᠵᠠᠬᠢᠷᠭᠠᠨ ᠤ ᠲᠠᠰᠤᠯᠤᠯᠲᠠ ᠶᠢᠨ ᠡᠷᠬᠡ ᠶᠢᠨ ᠰᠠᠭᠤᠷᠢ ᠪᠠᠷᠢᠮᠵᠢᠶ᠎ᠠ ᠶᠢ ᠲᠣᠭᠲᠠᠭᠠᠬᠤ ᠪᠠ ᠬᠠᠮᠢᠶᠠᠷᠬᠤ ᠠᠵᠢᠯ ᠢ ᠤᠯᠠᠮ ᠨᠢᠭᠡ ᠠᠯᠬᠤᠮ ᠰᠠᠶᠢᠲᠤᠷ ᠬᠢᠬᠦ ᠲᠤᠬᠠᠶ ᠮᠡᠳᠡᠭᠳᠡᠯ︾ ︵ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ ᠤᠨ ᠮᠡᠳᠡᠭᠳᠡᠯ ︵ᠲᠤᠷᠰᠢᠨ ᠬᠡᠷᠡᠭᠵᠢᠭᠦᠯᠬᠦ︶ ᠪᠠ ︿ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠰᠤᠨ ᠤ ᠵᠠᠰᠠᠭ ᠵᠠᠬᠢᠷᠭᠠᠨ ᠤ ᠰᠢᠢᠳᠬᠡᠯ ᠤᠨ ᠲᠠᠰᠤᠯᠤᠯᠲᠠ ᠶᠢᠨ ᠡᠷᠬᠡ ᠶᠢᠨ ᠰᠠᠭᠤᠷᠢ ᠪᠠᠷᠢᠮᠵᠢᠶ᠎ᠠ ︵ᠲᠤᠷᠰᠢᠨ ᠬᠡᠷᠡᠭᠵᠢᠭᠦᠯᠬᠦ︶ ᠶᠢ ᠳᠠᠷᠤᠮᠠᠯᠯᠠᠨ ᠲᠠᠷᠬᠠᠭᠠᠬᠤ﹀ ᠲᠤᠬᠠᠶ ᠮᠡᠳᠡᠭᠳᠡᠯ︾ ︵ᠥᠪᠥᠷ ᠤᠰᠤ ᠵᠠᠰᠠᠭ ﹇2023﹈ 53 ᠳ᠋ᠤᠭᠠᠷ ᠲᠣᠭᠠᠲᠤ︶ ᠪᠠ ᠮᠠᠨ ᠤ ᠬᠤᠲᠠ ᠶᠢᠨ ᠤᠰᠤᠨ ᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯ ᠤᠨ ᠪᠣᠳᠠᠲᠤ ᠪᠠᠶᠢᠳᠠᠯ ᠲᠠᠢ ᠤᠶᠠᠯᠳᠤᠭᠤᠯᠤᠨ ᠂ ᠤᠰᠤᠨ ᠤ ᠶᠠᠪᠤᠳᠠᠯ ᠤᠨ ᠰᠠᠯᠠᠭ᠎ᠠ ᠠᠴᠠ ᠲᠦᠷᠦᠭᠦᠯᠡᠨ ︽ᠣᠷᠳᠣᠰ ᠬᠤᠲᠠ ᠶᠢᠨ ᠤᠰᠤᠨ ᠤ ᠵᠠᠰᠠᠭ ᠵᠠᠬᠢᠷᠭᠠᠨ ᠤ ᠰᠢᠢᠳᠬᠡᠯ ᠤᠨ ᠴᠢᠯᠥᠭᠡᠲᠦ ᠲᠠᠰᠤᠯᠤᠯᠲᠠ ᠶᠢᠨ ᠡᠷᠬᠡ ᠶᠢᠨ ᠰᠠᠭᠤᠷᠢ ᠪᠠᠷᠢᠮᠵᠢᠶ᠎ᠠ ︵ᠰᠠᠨᠠᠯ ᠬᠤᠷᠢᠶᠠᠬᠤ ᠨᠣᠤᠷᠠᠭ︶︾ ᠢ ᠲᠤᠭᠤᠷᠪᠢᠵᠤ ᠂ 2023 ᠣᠨ ᠤ 11 ᠳ᠋ᠦ᠋ᠭᠡᠷ ᠰᠠᠷ᠎ᠠ ᠶᠢᠨ 22 ᠤᠨ ᠡᠳᠦᠷ ᠮᠡᠳᠡᠭᠳᠡᠯ ᠳᠠᠷᠤᠮᠠᠯᠯᠠᠨ ᠲᠠᠷᠬᠠᠭᠠᠵᠤ ᠤᠰᠤᠨ ᠤ ᠡᠬᠢ ᠪᠠᠶᠠᠯᠢᠭ ᠤᠨ ᠰᠠᠯᠠᠭ᠎ᠠ ᠂ ᠤᠰᠤ ᠰᠢᠷᠣᠶ ᠶᠢᠨ ᠬᠠᠮᠠᠭᠠᠯᠠᠯᠲᠠ ᠶᠢᠨ ᠰᠠᠯᠠᠭ᠎ᠠ ᠂ ᠭᠤᠤᠯ ᠨᠠᠭᠤᠷ ᠤᠨ ᠰᠠᠯᠠᠭ᠎ᠠ ᠂ ᠬᠠᠤᠯᠢ ᠬᠡᠷᠡᠭᠵᠢᠭᠦᠯᠬᠦ ᠰᠠᠯᠪᠤᠷᠢ ᠠᠩᠭᠢ ᠵᠢᠴᠢ ᠡᠯ᠎ᠡ ᠬᠤᠰᠢᠭᠤ ᠲᠣᠭᠤᠷᠢᠭ ᠤᠨ ᠤᠰᠤᠨ ᠠᠰᠢᠭᠯᠠᠯᠲᠠ ᠶᠢᠨ ᠲᠣᠪᠴᠢᠶ᠎ᠠ ᠠᠴᠠ ᠰᠠᠨᠠᠯ ᠬᠤᠷᠢᠶᠠᠬᠤ ᠶᠢᠨ ᠬᠠᠮᠲᠤ ᠂ ᠬᠤᠲᠠ ᠶᠢᠨ ᠤᠰᠤᠨ ᠠᠰᠢᠭᠯᠠᠯᠲᠠ ᠶᠢᠨ ᠲᠣᠪᠴᠢᠶ᠎ᠠ ᠶᠢᠨ ᠫᠣᠷᠲ᠋ᠧᠯ ᠰᠦᠯᠵᠢᠶ᠎ᠡ ᠳᠤ ᠨᠡᠶᠢᠭᠡᠮ ᠨᠡᠶᠢᠲᠡ ᠠᠴᠠ ᠢᠯᠡ ᠪᠠᠷ ᠰᠠᠨᠠᠯ ᠬᠤᠷᠢᠶᠠᠵᠤ ᠂ ᠰᠠᠨᠠᠯ ᠢᠶᠠᠨ ᠬᠠᠷᠢᠭᠤ ᠲᠤᠰᠬᠠᠭᠰᠠᠨ ᠤ ᠳᠠᠷᠠᠭ᠎ᠠ ᠬᠢᠨᠠᠭᠤᠯᠬᠤ ᠨᠣᠤᠷᠠᠭ ᠪᠣᠯᠭᠠᠪᠠ ᠃  2. ᠬᠠᠤᠯᠢ ᠳᠦᠷᠢᠮ ᠤᠨ ᠪᠠᠶᠢᠭᠤᠯᠤᠮᠵᠢ ᠶᠢᠨ ᠬᠢᠨᠠᠨ ᠬᠠᠷᠭᠤᠭᠤᠯᠤᠭᠰᠠᠨ ᠰᠠᠨᠠᠯ  2024 ᠣᠨ ᠤ 2 ᠳ᠋ᠤᠭᠠᠷ ᠰᠠᠷ᠎ᠠ ᠶᠢᠨ 28 ᠤ ᠡᠳᠦᠷ ᠂ ᠬᠤᠲᠠ ᠶᠢᠨ ᠤᠰᠤᠨ ᠠᠰᠢᠭᠯᠠᠯᠲᠠ ᠶᠢᠨ ᠲᠣᠪᠴᠢᠶ᠎ᠠ ᠶᠢᠨ ᠤᠰᠤᠨ ᠤ ᠶᠠᠪᠤᠳᠠᠯ ᠤᠨ ᠰᠠᠯᠠᠭ᠎ᠠ ︽ᠣᠷᠳᠣᠰ ᠬᠤᠲᠠ ᠶᠢᠨ ᠤᠰᠤᠨ ᠤ ᠵᠠᠰᠠᠭ ᠵᠠᠬᠢᠷᠭᠠᠨ ᠤ ᠰᠢᠢᠳᠭᠡᠯ ᠤᠨ ᠴᠢᠯᠥᠭᠡᠲᠦ ᠲᠠᠰᠤᠯᠤᠯᠲᠠ ᠶᠢᠨ ᠡᠷᠬᠡ ᠶᠢᠨ ᠰᠠᠭᠤᠷᠢ ᠪᠠᠷᠢᠮᠵᠢᠶ᠎ᠠ ︵ᠲᠤᠷᠰᠢᠨ ᠬᠡᠷᠡᠭᠵᠢᠭᠦᠯᠬᠦ︶︾ ᠳᠤ ᠬᠠᠤᠯᠢ ᠶᠣᠰᠣᠴᠢ ᠴᠢᠨᠠᠷ ᠤᠨ ᠬᠢᠨᠠᠨ ᠪᠠᠶᠢᠴᠠᠭᠠᠯᠲᠠ ᠬᠢᠵᠦ ᠂ ᠲᠣᠰ ᠨᠠᠷᠢᠨ ᠬᠠᠭᠤᠳᠠᠰᠤ ᠶᠢ ᠲᠣᠭᠲᠠᠭᠠᠬᠤ ᠭᠤᠤᠯ ᠴᠣᠭᠴᠠ ᠨᠢ ᠲᠣᠬᠢᠷᠠᠮᠵᠢᠲᠠᠶ ᠪᠥᠭᠡᠳ ᠬᠢᠨᠠᠨ ᠪᠠᠶᠢᠴᠠᠭᠠᠵᠤ ᠂ ᠲᠣᠭᠲᠠᠭᠠᠬᠤ ᠲᠠᠰ ᠳᠠᠷᠠᠭᠠᠯᠠᠯ ᠨᠢ ᠲᠣᠭᠲᠠᠭᠠᠯ ᠳᠤ ᠨᠡᠶᠢᠴᠡᠵᠦ ᠂ ᠬᠤᠲᠠ ᠶᠢᠨ ᠤᠰᠤᠨ ᠠᠰᠢᠭᠯᠠᠯᠲᠠ ᠶᠢᠨ ᠲᠣᠪᠴᠢᠶ᠎ᠠ ᠶᠢᠨ ᠰᠢᠢᠳᠪᠦᠷᠢᠲᠦ ᠪᠣᠳᠣᠯᠭ᠎ᠠ ᠶᠢᠨ ᠬᠡᠪᠴᠢᠶᠡᠨ ᠳᠤ ᠬᠠᠷᠢᠶᠠᠯᠠᠭᠳᠠᠵᠤ ᠂ ᠠᠭᠤᠯᠭ᠎ᠠ ᠨᠢ ᠣᠲᠣ ᠶᠢᠨ ᠬᠡᠷᠡᠭᠵᠢᠭᠦᠯᠵᠦ ᠪᠠᠶᠢᠭ᠎ᠠ ᠬᠠᠤᠯᠢ ᠴᠠᠭᠠᠵᠠ ᠂ ᠬᠠᠤᠯᠢ ᠲᠣᠭᠲᠠᠭᠠᠯ ᠂ ᠲᠦᠷᠢᠮ ᠲᠣᠭᠲᠠᠭᠠᠯ ᠵᠢᠴᠢ ᠳᠡᠭᠡᠳᠦ ᠱᠠᠲᠤᠨ ᠤ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠪᠠ ᠲᠥᠷᠥ ᠶᠢᠨ ᠪᠣᠳᠣᠯᠭ᠎ᠠ ᠶᠢᠨ ᠲᠣᠭᠲᠠᠭᠠᠯ ᠲᠠᠢ ᠬᠠᠷᠰᠢᠯᠳᠤᠬᠤ ᠥᠬᠡᠶ ᠪᠠᠶᠢᠵᠤ ᠂ ᠬᠤᠲᠠ ᠶᠢᠨ ᠤᠰᠤᠨ ᠠᠰᠢᠭᠯᠠᠯᠲᠠ ᠶᠢᠨ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠬᠤᠷᠠᠯ ᠳᠤ ᠳᠡᠪᠰᠢᠭᠦᠯᠵᠦ ᠬᠢᠨᠠᠨ ᠵᠥᠪᠯᠡᠭᠦᠯᠵᠦ ᠪᠣᠯᠤᠨ᠎ᠠ ᠃  3. ᠬᠤᠷᠠᠯᠳᠤᠭᠠᠨ ᠬᠠᠮᠲᠤ ᠪᠠᠷ ᠶᠠᠷᠢᠯᠴᠠᠨ ᠲᠣᠭᠲᠠᠭᠠᠭᠰᠠᠨ ᠪᠠᠶᠢᠳᠠᠯ  2024 ᠣᠨ ᠤ 3 ᠳ᠋ᠤᠭᠠᠷ ᠰᠠᠷ᠎ᠠ ᠶᠢᠨ 14 ᠤ ᠡᠳᠦᠷ ᠂ ᠬᠤᠲᠠ ᠶᠢᠨ ᠤᠰᠤᠨ ᠠᠰᠢᠭᠯᠠᠯᠲᠠ ᠶᠢᠨ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ 2024 ᠣᠨ ᠤ 5 ᠳ᠋ᠤᠭᠠᠷ ᠤᠳᠠᠭᠠᠨ ᠤ ᠬᠤᠷᠠᠯ ᠠᠴᠠ ᠲᠣᠰ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠤᠨ ᠬᠤᠯᠪᠣᠭᠳᠠᠯ ᠪᠥᠬᠦᠶ ᠤᠴᠢᠷ ᠶᠠᠪᠤᠳᠠᠯ ᠢ ᠰᠤᠳᠤᠯᠵᠤ ᠂ ᠡᠯ᠎ᠡ ᠱᠠᠲᠤᠨ ᠤ ᠤᠰᠤᠨ ᠳᠤ ᠬᠤᠯᠪᠣᠭᠳᠠᠬᠤ ᠬᠠᠤᠯᠢ ᠴᠠᠭᠠᠵᠠ ᠬᠠᠤᠯᠢ ᠲᠣᠭᠲᠠᠭᠠᠯ ᠤᠨ ᠲᠣᠭᠲᠠᠭᠠᠯ ᠢ ᠴᠢᠩᠭ᠎ᠠ ᠵᠢᠷᠤᠮᠯᠠᠨ ᠂ ᠲᠠᠰ ᠳᠠᠷᠠᠭᠠᠯᠠᠯ ᠤᠨ ᠶᠣᠰᠣᠭᠠᠷ ︽ᠣᠷᠳᠣᠰ ᠬᠤᠲᠠ ᠶᠢᠨ ᠤᠰᠤᠨ ᠤ ᠵᠠᠰᠠᠭ ᠵᠠᠬᠢᠷᠭᠠᠨ ᠤ ᠰᠢᠢᠳᠭᠡᠯ ᠤᠨ ᠴᠢᠯᠥᠭᠡᠲᠦ ᠲᠠᠰᠤᠯᠤᠯᠲᠠ ᠶᠢᠨ ᠡᠷᠬᠡ ᠶᠢᠨ ᠰᠠᠭᠤᠷᠢ ᠪᠠᠷᠢᠮᠵᠢᠶ᠎ᠠ ︵ᠲᠤᠷᠰᠢᠨ ᠬᠡᠷᠡᠭᠵᠢᠭᠦᠯᠬᠦ︶︾ ᠶᠢ ᠳᠠᠷᠤᠮᠠᠯᠯᠠᠨ ᠲᠠᠷᠬᠠᠭᠠᠵᠤ ᠬᠡᠷᠡᠭᠵᠢᠭᠦᠯᠬᠦ ᠶᠢ ᠵᠠᠷᠴᠢᠮ ᠳᠡᠭᠡᠷ᠎ᠡ ᠪᠠᠨ ᠵᠥᠪᠰᠢᠶᠡᠷᠡᠨ᠎ᠡ ᠃  ᠭᠤᠷᠪᠠ ᠂ ᠲᠠᠰᠤᠯᠤᠯᠲᠠ ᠶᠢᠨ ᠰᠠᠭᠤᠷᠢ ᠪᠠᠷᠢᠮᠵᠢᠶ᠎ᠠ ᠶᠢᠨ ᠭᠤᠤᠯ ᠠᠭᠤᠯᠭ᠎ᠠ ᠵᠢᠴᠢ ᠭᠢᠯᠠᠰ ᠴᠡᠭ  ᠲᠤᠰ ᠤᠰᠤᠨ ᠤ ᠵᠠᠰᠠᠭ ᠵᠠᠬᠢᠷᠭᠠᠨ ᠤ ᠰᠢᠢᠳᠬᠡᠯ ᠤᠨ ᠴᠢᠯᠥᠭᠡᠲᠦ ᠲᠠᠰᠤᠯᠤᠯᠲᠠ ᠶᠢᠨ ᠰᠠᠭᠤᠷᠢ ᠪᠠᠷᠢᠮᠵᠢᠶ᠎ᠠ ᠶᠢ ᠥᠪᠡᠷᠲᠡᠭᠡᠨ ᠵᠠᠰᠠᠬᠤ ᠣᠷᠣᠨ ᠤ ᠵᠠᠰᠠᠭ ᠵᠠᠬᠢᠷᠭᠠᠨ ᠤ ᠰᠢᠢᠳᠬᠡᠯ ᠤᠨ ᠴᠢᠯᠥᠭᠡᠲᠦ ᠲᠠᠰᠤᠯᠤᠯᠲᠠ ᠶᠢᠨ ᠠᠵᠢᠯ ᠤᠨ ᠦᠷ᠎ᠡ ᠪᠦᠲᠦᠭᠡᠯ ᠢ ᠵᠢᠷᠤᠮᠵᠢᠭᠤᠯᠤᠭᠰᠠᠨ ᠰᠠᠭᠤᠷᠢᠨ ᠳᠡᠭᠡᠷ᠎ᠡ ᠂ ᠱᠠᠨᠳᠦ᠋ᠩ ᠂ ᠹᠦᠵᠢᠶᠠᠨ ᠂ ᠬᠤᠪᠸᠢ ᠵᠡᠷᠭᠡ ᠣᠯᠠᠨ ᠮᠤᠵᠢ ᠶᠢᠨ ᠤᠰᠤᠨ ᠤ ᠵᠠᠰᠠᠭ ᠵᠠᠬᠢᠷᠭᠠᠨ ᠤ ᠲᠠᠰᠤᠯᠤᠯᠲᠠ ᠶᠢᠨ ᠡᠷᠬᠡ ᠶᠢᠨ ᠰᠠᠭᠤᠷᠢ ᠪᠠᠷᠢᠮᠵᠢᠶ᠎ᠠ ᠶᠢᠨ ᠲᠠᠯ᠎ᠠ ᠪᠠᠷ ᠬᠢ ᠲᠣᠭᠲᠠᠭᠠᠯ ᠢᠶᠠᠷ ᠤᠯᠠᠮ ᠨᠢᠭᠡ ᠠᠯᠬᠤᠮ ᠯᠠᠪᠯᠠᠯᠲᠠ ᠪᠣᠯᠭᠠᠭᠰᠠᠨ ᠪᠥᠭᠡᠳ ᠮᠠᠨ ᠤ ᠬᠤᠲᠠ ᠶᠢᠨ ᠤᠰᠤᠨ ᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯ ᠤᠨ ᠪᠣᠳᠠᠲᠤ ᠪᠠᠶᠢᠳᠠᠯ ᠲᠠᠢ ᠤᠶᠠᠯᠳᠤᠭᠤᠯᠤᠨ ᠲᠣᠭᠲᠠᠭᠠᠪᠠ ᠃ ᠳᠤᠤᠷ᠎ᠠ ᠨᠠᠢᠮᠠᠨ ᠵᠦᠢᠯ ᠤᠨ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠳᠤ ᠴᠢᠭᠯᠡᠭᠦᠯᠦᠨ ᠰᠢᠢᠳᠭᠡᠯ ᠤᠨ ᠰᠠᠭᠤᠷᠢ ᠪᠠᠷᠢᠮᠵᠢᠶ᠎ᠠ ᠶᠢᠨ ᠭᠤᠤᠯ ᠠᠭᠤᠯᠭ᠎ᠠ ᠵᠢᠴᠢ ᠬᠢᠯᠠᠰ ᠴᠡᠭ ᠨᠢ ᠳᠤᠤᠷᠠᠬᠢ ᠮᠡᠲᠦ ᠲᠤᠳᠣᠷᠬᠠᠶᠢᠯᠠᠪᠠ ᠃  ︵ᠨᠢᠭᠡ︶ ᠠᠵᠤ ᠦᠢᠯᠡᠳᠪᠦᠷᠢ ᠶᠢᠨ ᠠᠵᠤ ᠠᠬᠤᠶᠢᠯᠠᠯ ᠭᠠᠵᠠᠷ ᠳᠣᠣᠷᠠᠬᠢ ᠤᠰᠤ ᠶᠢ ᠳᠤᠷ᠎ᠠ ᠪᠠᠷ ᠢᠶᠠᠨ ᠲᠠᠲᠠᠵᠤ ᠦᠢᠯᠡᠳᠪᠦᠷᠢᠯᠡᠯ ᠢᠶᠠᠷ ᠤᠰᠤ ᠪᠣᠯᠭᠠᠵᠤ ᠪᠠᠶᠢᠪᠠ  ︽ᠤᠷᠳᠤᠰ ᠬᠤᠳᠠ ᠶᠢᠨ ᠤᠷᠴᠢᠨ ᠲᠤᠭᠤᠷᠢᠨ ᠤ ᠬᠠᠮᠠᠭᠠᠯᠠᠯᠳᠠ ᠶᠢᠨ ᠲᠦᠷᠢᠮ︾ ᠤᠨ ᠲᠠᠪᠢᠨ ᠨᠠᠢᠮᠠᠳᠤᠭᠠᠷ ᠵᠦᠢᠯ ︽ᠪᠦᠭᠦᠳᠠ ᠨᠠᠶᠢᠷᠠᠮᠳᠠᠬᠤ ᠲᠤᠮᠳᠠᠳᠤ ᠠᠷᠠᠳ ᠤᠯᠤᠰ ᠤᠨ ᠬᠠᠳᠤᠨ ᠭᠤᠤᠯ ᠤᠨ ᠬᠠᠮᠠᠭᠠᠯᠠᠯᠳᠠ ᠶᠢᠨ ᠬᠠᠤᠯᠢ︾ ᠶᠢᠨ ᠵᠠᠭᠤ ᠠᠷᠪᠠᠨ ᠭᠤᠷᠪᠠᠳᠤᠭᠠᠷ ᠵᠦᠢᠯ ᠤᠨ ᠲᠤᠭᠳᠠᠭᠠᠯ ᠲᠠᠢ ᠨᠢᠭᠡᠳᠤᠯ ᠦᠭᠡᠢ ᠪᠠᠶᠢᠵᠤ ᠂ ᠲᠡᠭᠡᠳᠤ ᠪᠠᠶᠢᠷᠢ ᠶᠢᠨ ᠬᠠᠤᠯᠢ ᠲᠤᠤᠷ᠎ᠠ ᠪᠠᠶᠢᠷᠢ ᠶᠢᠨ ᠬᠠᠤᠯᠢ ᠠᠴᠠ ᠰᠠᠶᠢᠨ ᠭᠡᠷᠡᠭᠯᠡᠬᠦ ᠵᠠᠷᠴᠢᠮ ᠶᠤᠰᠤᠭᠠᠷ ᠂ ᠤᠷᠳᠤᠰ ᠬᠤᠳᠠ ᠶᠢᠨ ᠠᠵᠤ ᠦᠢᠯᠡᠳᠪᠤᠷᠢ ᠶᠢᠨ ᠠᠵᠤ ᠠᠬᠤᠢᠢᠯᠠᠯ ᠲᠤᠷ᠎ᠠ ᠪᠠᠷ ᠢᠶᠠᠨ ᠭᠠᠵᠠᠷ ᠲᠤᠤᠷᠠᠬᠢ ᠤᠰᠤ ᠶᠢ ᠲᠠᠳᠠᠨ ᠦᠢᠯᠡᠳᠪᠤᠷᠢᠯᠡᠯ ᠳᠤ ᠭᠡᠷᠡᠭᠯᠡᠬᠦ ᠤᠰᠤ ᠪᠤᠯᠭᠠᠪᠠᠯ ᠂ ︽ᠤᠷᠳᠤᠰ ᠬᠤᠳᠠ ᠶᠢᠨ ᠤᠷᠴᠢᠨ ᠲᠤᠭᠤᠷᠢᠨ ᠤ ᠬᠠᠮᠠᠭᠠᠯᠠᠯᠳᠠ ᠶᠢᠨ ᠲᠦᠷᠢᠮ︾ ᠳᠤ ᠰᠢᠨ᠎ᠠ ᠪᠠᠷ ᠵᠠᠰᠠᠪᠤᠷᠢ ᠤᠷᠤᠭᠤᠯᠬᠤ ᠠᠴᠠ ᠡᠮᠤᠨ᠎ᠡ ᠂ ︽ᠪᠦᠭᠦᠳᠠ ᠨᠠᠶᠢᠷᠠᠮᠳᠠᠬᠤ ᠲᠤᠮᠳᠠᠳᠤ ᠠᠷᠠᠳ ᠤᠯᠤᠰ ᠤᠨ ᠬᠠᠳᠤᠨ ᠭᠤᠤᠯ ᠤᠨ ᠬᠠᠮᠠᠭᠠᠯᠠᠯᠳᠠ ᠶᠢᠨ ᠬᠠᠤᠯᠢ︾ ᠶᠢᠨ ᠵᠠᠭᠤ ᠠᠷᠪᠠᠨ ᠭᠤᠷᠪᠠᠳᠤᠭᠠᠷ ᠵᠦᠢᠯ ᠢ ᠦᠨᠳᠤᠰᠤᠯᠡᠨ ᠵᠠᠰᠠᠭ ᠵᠠᠬᠢᠷᠭᠠᠨ ᠤ ᠰᠢᠢᠳᠭᠡᠯ ᠦᠭᠴᠤ ᠂ ᠵᠠᠰᠠᠭ ᠵᠠᠬᠢᠷᠭᠠᠨ ᠤ ᠲᠠᠰᠤᠯᠤᠯᠳᠠ ᠳᠤ ᠦᠪᠤᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠤᠰᠤᠨ ᠤ ᠵᠠᠰᠠᠭ ᠵᠠᠬᠢᠷᠭᠠᠨ ᠤ ᠰᠢᠢᠳᠭᠡᠯ ᠦᠭᠴᠤ ᠲᠠᠰᠤᠯᠤᠯᠳᠠ ᠶᠢᠨ ᠡᠷᠭᠡ ᠶᠢᠨ ᠰᠠᠭᠤᠷᠢ ᠪᠠᠷᠢᠮᠵᠢᠶ᠎ᠠ ︵ᠲᠤᠷᠰᠢᠨ ᠭᠡᠷᠡᠭᠯᠡᠬᠦ︶ ᠵᠢᠷᠭᠤᠳᠤᠭᠠᠷ ᠵᠦᠢᠯ ᠢ ᠲᠤᠭᠢᠷᠠᠭᠤᠯᠤᠨ ᠭᠡᠷᠡᠭᠯᠡᠨ᠎ᠠ ᠃ ᠡᠨᠡ ᠪᠣᠯ ᠲᠤᠰ ᠵᠦᠢᠯ ᠤᠨ ᠲᠠᠰᠤᠯᠤᠯᠲᠠ ᠶᠢᠨ ᠦᠨᠳᠦᠰᠦᠨ ᠪᠠᠷᠢᠮᠲᠠ ᠳᠤ ᠲᠣᠭᠲᠠᠭᠠᠭᠰᠠᠨ ᠭᠤᠣᠯ ᠠᠭᠤᠯᠭ᠎ᠠ ᠮᠥᠨ ᠃  ︵ᠬᠤᠶᠠᠷ︶ ᠬᠠᠤᠯᠢ ᠶᠣᠰᠣᠭᠠᠷ ᠪᠠᠶᠢᠭᠤᠯᠤᠭᠰᠠᠨ ᠬᠢᠯᠢ ᠶᠢᠨ ᠪᠠᠭᠠᠨ᠎ᠠ ᠶᠢ ᠳᠤᠷ᠎ᠠ ᠪᠠᠷ ᠢᠶᠠᠨ ᠰᠢᠯᠵᠢᠭᠦᠯᠵᠦ ᠰᠦᠢᠳᠭᠡᠬᠦ  ᠲᠣᠰ ᠬᠠᠤᠯᠢ ᠠᠴᠠ ᠵᠥᠷᠢᠴᠡᠭᠰᠡᠨ ᠠᠵᠢᠯᠯᠠᠭ᠎ᠠ ᠳᠤ ᠴᠢᠭᠯᠡᠭᠦᠯᠦᠨ ᠂ ᠲᠣᠰ ᠲᠠᠰᠤᠯᠤᠯᠲᠠ ᠶᠢᠨ ᠰᠠᠭᠤᠷᠢ ᠪᠠᠷᠢᠮᠲᠠ ᠨᠢ ᠭᠤᠤᠯᠳᠠᠭᠤ ᠬᠦᠴᠦᠨ ᠵᠦᠢᠯ ᠨᠢ ᠪᠣᠳᠠᠲᠠᠶ ᠰᠢᠯᠵᠢᠬᠦ ᠪᠤᠶᠤ ᠵᠠᠭᠠᠭ ᠤᠨ ᠪᠠᠭᠠᠨ᠎ᠠ ᠶᠢᠨ ᠲᠤᠭ᠎ᠠ ᠬᠡᠮᠵᠢᠶ᠎ᠡ ᠶᠢ ᠡᠪᠳᠡᠬᠦ ᠵᠢᠴᠢ ᠬᠡᠷᠡᠭ ᠢ ᠪᠠᠶᠢᠴᠠᠭᠠᠨ ᠰᠢᠢᠳᠪᠦᠷᠢᠯᠡᠭᠰᠡᠨ ᠤ ᠳᠠᠷᠠᠭᠠᠬᠢ ᠪᠡᠶᠡᠴᠢ ᠴᠣᠭᠴᠠ ᠶᠢᠨ ᠴᠡᠭᠴᠡᠯᠡᠨ ᠰᠠᠶᠢᠵᠢᠷᠠᠭᠤᠯᠤᠭᠰᠠᠨ ᠪᠠᠶᠢᠳᠠᠯ ᠢ ᠪᠣᠳᠣᠯᠬᠢᠯᠠᠨ᠎ᠠ ᠃  ᠪᠥᠬᠦ ᠤᠯᠤᠰ ᠤᠨ ᠡᠯ᠎ᠡ ᠭᠠᠵᠠᠷ ᠤᠨ ᠤᠰᠤᠨ ᠤ ᠵᠠᠰᠠᠭ ᠵᠠᠬᠢᠷᠭᠠᠨ ᠤ ᠰᠢᠢᠳᠬᠡᠯ ᠤᠨ ᠴᠢᠯᠥᠭᠡᠲᠦ ᠲᠠᠰᠤᠯᠤᠯᠲᠠ ᠶᠢᠨ ᠪᠠᠶᠢᠳᠠᠯ ᠲᠠᠢ ᠤᠶᠠᠯᠳᠤᠭᠤᠯᠤᠨ ᠦᠵᠡᠪᠡᠯ ᠂ ᠱᠠᠨᠳᠦ᠋ᠩ ᠂ ᠬᠤᠪᠧᠶ ᠂ ᠹᠦᠵᠢᠶᠠᠨ ᠳᠤ ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠰᠤᠨ ᠤ ᠵᠠᠰᠠᠭ ᠵᠠᠬᠢᠷᠭᠠᠨ ᠤ ᠰᠢᠢᠳᠬᠡᠯ ᠤᠨ ᠴᠢᠯᠥᠭᠡᠲᠦ ᠲᠠᠰᠤᠯᠤᠯᠲᠠ ᠶᠢᠨ ᠰᠠᠭᠤᠷᠢ ᠪᠠᠷᠢᠮᠵᠢᠶ᠎ᠠ ᠶᠢ ᠪᠠᠭᠲᠠᠭᠠᠭᠰᠠᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠰᠤᠨ ᠤ ᠵᠠᠰᠠᠭ ᠵᠠᠬᠢᠷᠭᠠᠨ ᠤ ᠰᠢᠢᠳᠬᠡᠯ ᠤᠨ ᠴᠢᠯᠥᠭᠡᠲᠦ ᠲᠠᠰᠤᠯᠤᠯᠲᠠ ᠶᠢᠨ ᠰᠠᠭᠤᠷᠢ ᠪᠠᠷᠢᠮᠵᠢᠶ᠎ᠠ ᠨᠢ ᠮᠥᠨ ᠡᠭᠦᠨ ᠢᠶᠠᠷ ᠬᠡᠮᠵᠢᠯᠲᠡ ᠶᠢᠨ ᠬᠦᠴᠦᠨ ᠵᠦᠢᠯ ᠪᠣᠯᠭᠠᠪᠠ ᠃ ᠡᠶᠢᠮᠦ ᠠᠴᠠ ᠡᠨᠡ ᠬᠦ ᠬᠠᠤᠯᠢ ᠶᠢ ᠵᠥᠷᠢᠴᠡᠭᠰᠡᠨ ᠠᠵᠢᠯᠯᠠᠭ᠎ᠠ ᠳᠤ ᠰᠢᠯᠵᠢᠭᠦᠯᠬᠦ ᠪᠤᠶᠤ ᠡᠪᠳᠡᠯᠡᠬᠦ ᠬᠢᠯᠢ ᠶᠢᠨ ᠪᠠᠭᠠᠨ᠎ᠠ ᠶᠢᠨ ᠲᠤᠭ᠎ᠠ ᠬᠡᠮᠵᠢᠶ᠎ᠡ ᠪᠠᠷ ᠲᠠᠰᠤᠯᠤᠯᠲᠠ ᠶᠢᠨ ᠪᠠᠷᠢᠮᠵᠢᠶ᠎ᠠ ᠪᠣᠯᠭᠠᠬᠤ ᠲᠠᠯ᠎ᠠ ᠪᠠᠷ ᠠᠪᠴᠤ ᠬᠡᠯᠡᠪᠡᠯ ᠬᠠᠤᠯᠢ ᠲᠣᠭᠲᠠᠭᠠᠬᠤ ᠵᠣᠷᠢᠯᠭ᠎ᠠ ᠳᠤ ᠨᠡᠩ ᠨᠡᠶᠢᠴᠡᠨ᠎ᠡ ᠃  ᠡᠭᠦᠨ ᠤ ᠬᠠᠮᠲᠤ ᠂ ᠰᠢᠢᠳᠭᠡᠯ ᠪᠠ ᠰᠤᠷᠭᠠᠨ ᠬᠥᠮᠦᠵᠢᠯ ᠢ ᠤᠶᠠᠯᠳᠤᠭᠤᠯᠬᠤ ᠵᠠᠷᠴᠢᠮ ᠢ ᠢᠯᠡᠷᠡᠭᠦᠯᠬᠦ ᠶᠢᠨ ᠲᠥᠯᠥᠭᠡ ᠂ ᠪᠢᠳᠡ ᠴᠠᠭ ᠲᠤᠬᠠᠶ ᠳᠤᠨᠢ ᠵᠠᠯᠠᠷᠠᠭᠤᠯᠬᠤ ᠂ ᠤᠤᠯ ᠪᠠᠶᠢᠳᠠᠯ ᠢ ᠰᠡᠷᠭᠦᠭᠡᠬᠦ ᠮᠥᠷᠲᠡᠭᠡᠨ ᠬᠤᠤᠷ ᠬᠥᠨᠥᠭᠡᠯ ᠤᠨ ᠦᠷ᠎ᠡ ᠳ᠋ᠦᠩ ᠭᠠᠷᠭᠠᠭᠰᠠᠨ ᠥᠬᠡᠶ ᠬᠠᠤᠯᠢ ᠶᠢ ᠵᠥᠷᠢᠴᠡᠭᠰᠡᠨ ᠦᠢᠯᠡ ᠠᠵᠢᠯᠯᠠᠭ᠎ᠠ ᠶᠢ ᠰᠢᠢᠳᠭᠡᠯ ᠥᠭᠬᠦ ᠥᠬᠡᠶ ᠂ ᠡᠨᠡ ᠨᠢ ᠲᠣᠰ ᠵᠦᠢᠯ ᠤᠨ ᠲᠠᠰᠤᠯᠤᠯᠲᠠ ᠶᠢᠨ ᠰᠠᠭᠤᠷᠢ ᠪᠠᠷᠢᠮᠵᠢᠶ᠎ᠠ ᠶᠢᠨ ᠬᠢᠯᠠᠰ ᠴᠡᠭ ᠪᠣᠯᠤᠨ᠎ᠠ ᠃  ︵ᠭᠤᠷᠪᠠ︶ ᠬᠠᠰᠢᠯᠭ᠎ᠠ ᠶᠢᠨ ᠠᠮᠤᠷ ᠲᠦᠪᠰᠢᠨ ᠤ ᠬᠠᠮᠠᠭᠠᠯᠠᠯᠲᠠ ᠶᠢᠨ ᠣᠷᠣᠨ ᠳᠤ ᠬᠤᠳᠳᠤᠭ ᠮᠠᠯᠲᠠᠬᠤ ᠂ ᠥᠷᠥᠮᠳᠡᠨ ᠬᠠᠶᠢᠬᠤ ᠂ ᠳᠡᠯᠪᠡᠴᠡᠬᠦ ᠂ ᠵᠢᠭᠠᠰᠤᠨ ᠴᠥᠭᠦᠷᠥᠮ ᠢ ᠮᠠᠯᠲᠠᠬᠤ ᠂ ᠴᠢᠯᠠᠭᠤ ᠭᠠᠷᠭᠠᠬᠤ ᠂ ᠰᠢᠷᠣᠶ ᠠᠪᠬᠤ ᠵᠡᠷᠭᠡ ᠬᠠᠰᠢᠯᠭ᠎ᠠ ᠶᠢᠨ ᠠᠮᠤᠷ ᠲᠦᠪᠰᠢᠨ ᠢ ᠬᠤᠬᠢᠷᠠᠭᠤᠯᠬᠤ ᠠᠵᠢᠯᠯᠠᠭ᠎ᠠ ᠬᠢᠬᠦ  ︽ᠣᠷᠳᠣᠰ ᠬᠤᠲᠠ ᠶᠢᠨ ᠬᠠᠲᠤᠨ ᠭᠤᠤᠯ ᠤᠨ ᠭᠤᠤᠯ ᠤᠨ ᠵᠠᠮ ᠤᠨ ᠬᠠᠮᠢᠶᠠᠷᠤᠯᠲᠠ ᠶᠢᠨ ᠲᠦᠷᠢᠮ︾ ᠤᠨ ᠳᠥᠴᠢᠳᠦᠭᠡᠷ ᠵᠦᠢᠯ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠠᠲᠤᠨ ᠭᠤᠤᠯ ᠤᠨ ᠬᠠᠮᠠᠭᠠᠯᠠᠯᠲᠠ ᠶᠢᠨ ᠬᠠᠤᠯᠢ︾ ᠶᠢᠨ ᠵᠠᠭᠤ ᠠᠷᠪᠠᠨ ᠨᠠᠢᠮᠠᠳᠤᠭᠠᠷ ᠵᠦᠢᠯ ᠤᠨ ᠨᠢᠭᠡᠳᠦᠭᠡᠷ ᠵᠤᠷᠪᠤᠰ ᠤᠨ ᠲᠣᠭᠲᠠᠭᠠᠯ ᠯᠤᠭ᠎ᠠ ᠨᠢᠭᠡᠳᠦᠯ ᠥᠬᠡᠶ ᠪᠠᠶᠢᠵᠤ ᠂ ᠳᠡᠭᠡᠳᠦ ᠪᠠᠶᠢᠷᠢ ᠶᠢᠨ ᠬᠠᠤᠯᠢ ᠳᠣᠣᠷᠠᠳᠤ ᠪᠠᠶᠢᠷᠢ ᠶᠢᠨ ᠬᠠᠤᠯᠢ ᠠᠴᠠ ᠳᠠᠪᠠᠭᠤᠯᠢᠭ ᠪᠠᠶᠢᠬᠤ ᠵᠠᠷᠴᠢᠮ ᠶᠣᠰᠣᠭᠠᠷ ᠂ ᠣᠷᠳᠣᠰ ᠬᠤᠲᠠ ᠶᠢᠨ ᠬᠠᠲᠤᠨ ᠭᠤᠤᠯ ᠤᠨ ᠭᠤᠤᠯ ᠪᠤᠯᠬᠤ ᠰᠠᠯᠪᠤᠷᠢ ᠤᠷᠤᠰᠬᠠᠯ ᠤᠨ ᠬᠠᠰᠢᠯᠭ᠎ᠠ ᠶᠢᠨ ᠠᠮᠤᠷ ᠲᠦᠪᠰᠢᠨ ᠤ ᠬᠠᠮᠠᠭᠠᠯᠠᠯᠲᠠ ᠶᠢᠨ ᠣᠷᠣᠨ ᠤ ᠳᠣᠲᠣᠷ᠎ᠠ ᠬᠤᠳᠳᠤᠭ ᠮᠠᠯᠲᠠᠬᠤ ᠂ ᠥᠷᠥᠮᠳᠡᠨ ᠬᠠᠶᠢᠬᠤ ᠂ ᠳᠡᠯᠪᠡᠴᠢᠬᠦ ᠂ ᠵᠢᠭᠠᠰᠤ ᠠᠩᠨᠠᠬᠤ ᠴᠥᠭᠦᠷᠥᠮ ᠢ ᠮᠠᠯᠳᠠᠬᠤ ᠂ ᠴᠢᠯᠠᠭᠤ ᠮᠠᠯᠲᠠᠬᠤ ᠂ ᠰᠢᠷᠣᠶ ᠠᠪᠬᠤ ᠵᠡᠷᠭᠡ ᠳᠠᠯᠠᠩ ᠤᠨ ᠠᠮᠤᠷ ᠲᠦᠪᠰᠢᠨ ᠳᠤ ᠬᠤᠤᠷ ᠬᠥᠨᠥᠭᠡᠯ ᠤᠴᠠᠷᠠᠭᠤᠯᠬᠤ ᠠᠵᠢᠯᠯᠠᠭ᠎ᠠ ᠬᠢᠵᠦ ᠂ ︽ᠣᠷᠳᠣᠰ ᠬᠤᠲᠠ ᠶᠢᠨ ᠬᠠᠲᠤᠨ ᠭᠤᠤᠯ ᠤᠨ ᠭᠤᠤᠯ ᠤᠨ ᠵᠠᠮ ᠤᠨ ᠬᠠᠮᠢᠶᠠᠷᠤᠯᠲᠠ ᠶᠢᠨ ᠲᠦᠷᠢᠮ︾ ᠳᠤ ᠳᠠᠭᠢᠵᠤ ᠵᠠᠰᠠᠪᠤᠷᠢ ᠣᠷᠣᠭᠤᠯᠬᠤ ᠠᠴᠠ ᠡᠮᠦᠨ᠎ᠡ ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠠᠲᠤᠨ ᠭᠤᠤᠯ ᠤᠨ ᠵᠠᠮ ᠤᠨ ᠬᠠᠮᠠᠭᠠᠯᠠᠯᠲᠠ ᠶᠢᠨ ᠬᠠᠤᠯᠢ︾ ᠶᠢᠨ ᠵᠠᠭᠤ ᠠᠷᠪᠠᠨ ᠨᠠᠢᠮᠠᠳᠤᠭᠠᠷ ᠵᠦᠢᠯ ᠤᠨ ᠨᠢᠭᠡᠳᠦᠭᠡᠷ ᠵᠦᠢᠯ ᠢ ᠦᠨᠳᠦᠰᠦᠯᠡᠨ ᠵᠠᠰᠠᠭ ᠵᠠᠬᠢᠷᠭᠠᠨ ᠤ ᠰᠢᠢᠳᠭᠡᠯ ᠥᠭᠴᠦ ᠂ ᠵᠠᠰᠠᠭ ᠵᠠᠬᠢᠷᠭᠠᠨ ᠤ ᠲᠠᠰᠤᠯᠤᠯᠲᠠ ᠳᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠰᠤᠨ ᠤ ᠵᠠᠰᠠᠭ ᠵᠠᠬᠢᠷᠭᠠᠨ ᠤ ᠰᠢᠢᠳᠬᠡᠯ ᠤᠨ ᠲᠠᠰᠤᠯᠤᠯᠲᠠ ᠶᠢᠨ ᠡᠷᠬᠡ ᠶᠢᠨ ᠰᠠᠭᠤᠷᠢ ᠪᠠᠷᠢᠮᠵᠢᠶ᠎ᠠ ︵ᠲᠤᠷᠰᠢᠨ ᠬᠡᠷᠡᠭᠵᠢᠭᠦᠯᠬᠦ︶ ᠶᠢ ᠬᠡᠷᠡᠭᠯᠡᠨ᠎ᠡ ᠃ ᠡᠨᠡ ᠪᠣᠯ ᠲᠤᠰ ᠵᠦᠢᠯ ᠤᠨ ᠲᠠᠰᠤᠯᠤᠯᠲᠠ ᠶᠢᠨ ᠦᠨᠳᠦᠰᠦᠨ ᠪᠠᠷᠢᠮᠲᠠ ᠳᠤ ᠲᠣᠭᠲᠠᠭᠠᠭᠰᠠᠨ ᠭᠤᠣᠯ ᠠᠭᠤᠯᠭ᠎ᠠ ᠮᠥᠨ ᠃  ︵ᠲᠦᠷᠪᠡ︶ ᠭᠤᠣᠯ ᠤᠨ ᠵᠠᠮ ᠳᠡᠭᠡᠷ᠎ᠡ ᠡᠯᠡᠰᠦ ᠮᠠᠯᠲᠠᠬᠤ ᠵᠥᠪᠰᠢᠶᠡᠷᠡᠯ ᠤᠨ ᠦᠨᠡᠮᠯᠡᠯ ᠳᠤ ᠲᠣᠭᠲᠠᠭᠠᠭᠰᠠᠨ ᠨᠡᠭᠡᠭᠡᠨ ᠮᠠᠯᠲᠠᠬᠤ ᠭᠠᠵᠠᠷ ᠂ ᠬᠤᠭᠤᠴᠠᠭ᠎ᠠ ᠂ ᠬᠦᠷᠢᠶ᠎ᠡ ᠬᠡᠪᠴᠢᠶ᠎ᠡ ᠂ ᠭᠦᠨᠴᠡ ᠂ ᠠᠵᠢᠯᠯᠠᠬᠤ ᠠᠷᠭ᠎ᠠ ᠮᠠᠶ᠋ᠢᠭ ᠢᠶᠠᠷ ᠡᠯᠡᠰᠦ ᠮᠠᠯᠲᠠᠬᠤ ᠠᠵᠢᠯ ᠢ ᠬᠢᠭᠰᠡᠨ ᠦᠭᠡᠢ  ᠲᠣᠰ ᠬᠠᠦᠯᠢ ᠠᠴᠠ ᠵᠦᠷᠢᠴᠡᠭᠰᠡᠨ ᠦᠢᠯᠡ ᠠᠵᠢᠯᠯᠠᠭ᠎ᠠ ᠳᠤ ᠴᠢᠭᠯᠡᠬᠦᠯᠥᠨ ᠂ ᠲᠣᠰ ᠲᠠᠰᠣᠯᠥᠯᠳᠡ ᠶᠢᠨ ᠰᠠᠭᠤᠷᠢ ᠪᠡᠷᠢᠮᠵᠢᠶ᠎ᠠ ᠨᠢ ᠭᠤᠤᠯᠳᠠᠭᠤ ᠬᠠᠦᠯᠢ ᠠᠴᠠ ᠵᠦᠷᠢᠴᠡᠭᠰᠡᠨ ᠦᠢᠯᠡ ᠠᠵᠢᠯᠯᠠᠭ᠎ᠠ ᠶᠢᠨ ᠬᠦᠮᠦᠨ ᠤ ᠬᠠᠶᠢᠷ ᠴᠢᠯᠠᠭᠤ ᠨᠡᠭᠡᠭᠡᠨ ᠮᠠᠯᠳ᠋ᠬᠠᠥ ᠪᠤᠳᠡᠳᠡᠢ ᠡᠵᠡᠯᠡᠬᠦᠨ ᠤ ᠶᠡᠭᠡ ᠪᠠᠭ᠎ᠠ ᠵᠢᠴᠢ ᠭᠡᠷᠩ ᠢ ᠪᠠᠶᠢᠴᠠᠭᠠᠨ ᠰᠢᠢᠳᠪᠦᠷᠢᠯᠡᠭᠰᠡᠨ ᠤ ᠳᠡᠷᠡᠭᠠᠬᠢ ᠪᠡᠶᠡᠴᠢ ᠴᠣᠠᠠᠴᠨ ᠪᠠᠷ ᠴᠡᠭᠴᠡᠯᠡᠨ ᠰᠠᠶᠢᠵᠢᠷᠡᠭᠤᠯᠥᠠᠠᠰᠠᠨ ᠪᠠᠶᠢᠳᠡᠯ ᠢ ᠪᠤᠳᠣᠯᠬᠢᠯᠠᠨ᠎ᠠ ᠃  ᠡᠭᠦᠨ ᠤ ᠬᠠᠮᠲᠤ ᠂ ᠰᠢᠢᠳᠭᠡᠨ ᠲᠣᠷᠭᠠᠬᠤ ᠪᠠ ᠰᠤᠷᠭᠠᠨ ᠬᠥᠮᠦᠵᠢᠭᠦᠯᠬᠦ ᠶᠢ ᠤᠶᠠᠯᠳᠤᠭᠤᠯᠬᠤ ᠵᠠᠷᠴᠢᠮ ᠳᠤ ᠰᠠᠭᠤᠷᠢᠯᠠᠨ ᠂ ᠨᠢᠭᠡᠳᠦᠭᠡᠷ ᠹᠷᠣᠨᠲ ᠤᠨ ᠬᠠᠤᠯᠢ ᠬᠡᠷᠡᠭᠵᠢᠭᠦᠯᠬᠦ ᠠᠵᠢᠯᠲᠠᠨ ᠤ ᠰᠠᠨᠠᠯ ᠢ ᠬᠤᠷᠢᠶᠠᠭᠰᠠᠨ ᠰᠠᠭᠤᠷᠢᠨ ᠳᠡᠭᠡᠷ᠎ᠡ ᠂ ᠬᠠᠶᠢᠷ ᠴᠢᠯᠠᠭᠤ 1000 ᠪᠣᠰᠤᠭ᠎ᠠ ᠳᠥᠷᠪᠡᠯᠵᠢᠨ ᠮᠧᠲᠷ ᠠᠴᠠ ᠳᠣᠷᠣᠭᠰᠢ ᠮᠠᠯᠲᠠᠭᠰᠠᠨ ᠮᠥᠷᠲᠡᠭᠡᠨ ᠠᠩᠬ᠎ᠠ ᠤᠳᠠᠭ᠎ᠠ ᠬᠠᠤᠯᠢ ᠶᠢ ᠵᠥᠷᠢᠴᠡᠭᠰᠡᠨ ᠂ ᠴᠠᠭ ᠲᠤᠬᠠᠶ ᠳᠤᠨᠢ ᠵᠠᠯᠠᠷᠠᠭᠤᠯᠤᠭᠰᠠᠨ ᠪᠠᠶᠢᠪᠠᠯ ᠂ ᠰᠢᠢᠳᠭᠡᠨ ᠲᠣᠷᠭᠠᠬᠤ ᠥᠬᠡᠶ ᠪᠠᠶᠢᠵᠤ ᠂ ᠬᠠᠶᠢᠷ ᠮᠠᠯᠲᠠᠬᠤ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠪᠣᠳᠠᠲᠠᠶ ᠪᠠᠶᠢᠴᠠᠭᠠᠨ ᠰᠢᠢᠳᠪᠦᠷᠢᠯᠡᠭᠰᠡᠨ ᠪᠣᠳᠠᠲᠤ ᠪᠠᠶᠢᠳᠠᠯ ᠲᠠᠢ ᠨᠠᠩ ᠢᠯᠡᠭᠦᠤ ᠨᠡᠶᠢᠴᠡᠵᠦ ᠂ ᠲᠣᠰ ᠵᠦᠢᠯ ᠤᠨ ᠲᠠᠰᠤᠯᠤᠯᠲᠠ ᠶᠢᠨ ᠰᠠᠭᠤᠷᠢ ᠪᠠᠷᠢᠮᠲᠠ ᠳᠤ ᠲᠣᠭᠲᠠᠭᠠᠭᠰᠠᠨ ᠬᠢᠯᠠᠰ ᠴᠡᠭ ᠪᠣᠯᠤᠨ᠎ᠠ ᠃  ︵ᠲᠠᠪᠤ︶ ᠡᠯᠡᠰᠤ ᠮᠠᠯᠳᠠᠬᠤ ᠨᠦᠬᠡ ᠶᠢ ᠴᠠᠭ ᠲᠤᠬᠠᠢ ᠳᠤᠨᠢ ᠪᠦᠭᠯᠡᠭᠰᠡᠨ ᠦᠭᠡᠢ  ᠲᠣᠰ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠳᠤ ᠴᠢᠭᠯᠡᠭᠦᠯᠦᠨ ᠂ ᠲᠣᠰ ᠲᠠᠰᠤᠯᠤᠯᠲᠠ ᠶᠢᠨ ᠰᠠᠭᠤᠷᠢ ᠪᠠᠷᠢᠮᠵᠢᠶ᠎ᠠ ᠨᠢ ᠭᠤᠤᠯᠳᠠᠭᠤ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠳᠤ ᠬᠠᠶᠢᠷ ᠮᠠᠯᠲᠠᠭᠰᠠᠨ ᠤ ᠳᠠᠷᠠᠭ᠎ᠠ ᠨᠦᠬᠡ ᠶᠢ ᠪᠥᠭᠯᠡᠭᠰᠡᠨ ᠥᠬᠡᠶ ᠲᠠᠯᠠᠪᠠᠶ ᠶᠢᠨ ᠶᠡᠭᠡ ᠪᠠᠭ᠎ᠠ ᠵᠢᠴᠢ ᠬᠡᠷᠡᠭ ᠢ ᠪᠠᠶᠢᠴᠠᠭᠠᠨ ᠰᠢᠢᠳᠪᠦᠷᠢᠯᠡᠭᠰᠡᠨ ᠤ ᠳᠠᠷᠠᠭᠠᠬᠢ ᠪᠡᠶᠡᠴᠢ ᠴᠣᠭᠴᠠ ᠶᠢᠨ ᠴᠡᠭᠴᠡᠯᠡᠨ ᠰᠠᠶᠢᠵᠢᠷᠠᠭᠤᠯᠤᠭᠰᠠᠨ ᠪᠠᠶᠢᠳᠠᠯ ᠢ ᠪᠣᠳᠣᠯᠬᠢᠯᠠᠨ᠎ᠠ ᠃  ᠪᠦᠬᠦ ᠤᠯᠤᠰ ᠤᠨ ᠡᠯ᠎ᠡ ᠭᠠᠵᠠᠷ ᠤᠨ ᠤᠰᠤᠨ ᠤ ᠵᠠᠰᠠᠭ ᠵᠠᠬᠢᠷᠭᠠᠨ ᠤ ᠰᠢᠢᠳᠭᠡᠯ ᠲᠣᠷᠭᠠᠭᠤᠯᠢ ᠶᠢᠨ ᠴᠢᠯᠥᠭᠡᠲᠦ ᠲᠠᠰᠤᠯᠤᠯᠲᠠ ᠠᠴᠠ ᠠᠪᠴᠤ ᠦᠵᠡᠪᠡᠯ ᠂ ᠡᠨᠡᠬᠦ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠨᠢ ᠶᠡᠷᠦᠳᠡᠭᠡᠨ ᠡᠵᠡᠯᠡᠨ ᠬᠡᠷᠡᠭᠯᠡᠭᠰᠡᠨ ᠲᠠᠯᠠᠪᠠᠶ ᠪᠤᠶᠤ ᠭᠤᠤᠯ ᠤᠨ ᠵᠠᠮ ᠳᠠᠬᠢ ᠡᠵᠡᠯᠡᠬᠦ ᠬᠠᠷᠢᠴᠠᠯ ᠪᠤᠶᠤ ᠡᠰᠡᠬᠦᠯ᠎ᠡ ᠤᠤᠯ ᠤᠨ ᠪᠠᠶᠢᠳᠠᠯ ᠢ ᠨᠢ ᠰᠡᠷᠭᠦᠭᠡᠬᠦ ᠳᠤ ᠬᠡᠷᠡᠭᠰᠡᠬᠦ ᠵᠠᠷᠤᠳᠠᠯ ᠤᠨ ᠬᠦᠴᠦᠨ ᠵᠦᠢᠯ ᠢ ᠰᠡᠷᠭᠦᠭᠡᠯᠭᠡᠬᠦ ᠪᠠᠷ ᠳᠠᠮᠵᠢᠨ ᠰᠢᠢᠳᠭᠡᠨ ᠲᠣᠷᠭᠠᠬᠤ ᠬᠡᠮᠵᠢᠶ᠎ᠡ ᠶᠢ ᠲᠣᠭᠲᠠᠭᠠᠬᠤ ᠬᠡᠷᠡᠭᠲᠡᠶ ᠃  ᠡᠭᠦᠨ ᠤ ᠬᠠᠮᠲᠤ ᠲᠤᠰ ᠵᠦᠢᠯ ᠤᠨ ᠲᠠᠰᠤᠯᠤᠯᠲᠠ ᠶᠢᠨ ᠰᠠᠭᠤᠷᠢ ᠪᠠᠷᠢᠮᠵᠢᠶ᠎ᠠ ᠶᠢ ᠲᠣᠭᠲᠠᠭᠠᠬᠤ ᠦᠶ᠎ᠡ ᠳᠤ ᠂ ᠪᠢᠳᠡ ᠨᠢᠭᠡᠳᠦᠭᠡᠷ ᠹᠷᠣᠨᠲ ᠤᠨ ᠬᠠᠤᠯᠢ ᠬᠡᠷᠡᠭᠵᠢᠭᠦᠯᠬᠦ ᠠᠵᠢᠯᠲᠠᠨ ᠤ ᠰᠠᠨᠠᠯ ᠢ ᠬᠤᠷᠢᠶᠠᠵᠤ ᠂ ᠨᠥᠬᠡᠨ ᠵᠠᠮ ᠤᠨ ᠲᠠᠯᠠᠪᠠᠢ ᠶᠢ 500 ᠲᠡᠭᠰᠢ ᠳᠥᠷᠪᠡᠯᠵᠢᠨ ᠮᠧᠲᠷ ᠢᠶᠠᠷ ᠭᠠᠷᠤᠭ᠎ᠠ ᠪᠣᠯᠭᠠᠨ ᠵᠣᠬᠢᠴᠠᠩᠭᠤᠶ ᠲᠠᠰᠤᠯᠤᠯᠲᠠ ᠶᠢᠨ ᠱᠠᠲᠤ ᠪᠠ ᠰᠢᠢᠳᠬᠡᠨ ᠲᠣᠷᠭᠠᠬᠤ ᠪᠠᠷᠢᠮᠵᠢᠶ᠎ᠠ ᠶᠢ ᠲᠣᠭᠲᠠᠭᠠᠵᠤ ᠂ ᠪᠣᠳᠠᠲᠠᠶ ᠬᠠᠤᠯᠢ ᠬᠡᠷᠡᠭᠵᠢᠭᠦᠯᠦᠭᠰᠡᠨ ᠪᠠᠶᠢᠳᠠᠯ ᠳᠤ ᠨᠠᠩ ᠨᠡᠶᠢᠴᠡᠨ᠎ᠡ ᠭᠡᠵᠦ ᠦᠵᠡᠪᠡ ᠃  ︵ᠵᠢᠷᠭᠤᠭ᠎ᠠ︶ ᠮᠠᠯᠲᠠᠬᠤ ᠶᠢ ᠴᠠᠭᠠᠵᠠᠯᠠᠬᠤ ᠣᠷᠣᠨ ᠂ ᠲᠡᠭᠦᠬᠦ ᠶᠢ ᠴᠠᠭᠠᠵᠠᠯᠠᠬᠤ ᠬᠤᠭᠤᠴᠠᠭᠠᠨ ᠳᠤ ᠡᠯᠡᠰᠦ ᠮᠠᠯᠲᠠᠬᠤ ᠠᠵᠢᠯᠯᠠᠭ᠎ᠠ ᠬᠢᠬᠦ  ᠲᠣᠰ ᠬᠠᠤᠯᠢ ᠠᠴᠠ ᠵᠥᠷᠢᠴᠡᠭᠰᠡᠨ ᠠᠵᠢᠯᠯᠠᠭ᠎ᠠ ᠳᠤ ᠴᠢᠭᠯᠡᠭᠦᠯᠦᠨ ᠂ ᠲᠣᠰ ᠲᠠᠰᠤᠯᠤᠯᠲᠠ ᠶᠢᠨ ᠰᠠᠭᠤᠷᠢ ᠪᠠᠷᠢᠮᠲᠠ ᠨᠢ ᠭᠤᠤᠯᠳᠠᠭᠤ ᠬᠠᠤᠯᠢ ᠠᠴᠠ ᠵᠥᠷᠢᠴᠡᠨ ᠡᠯᠡᠰᠦ ᠮᠠᠯᠲᠠᠬᠤ ᠪᠠᠷᠠᠭᠠᠨ ᠤ ᠥᠷᠲᠡᠭ ᠤᠨ ᠶᠡᠭᠡ ᠪᠠᠭ᠎ᠠ ᠶᠢᠨ ᠪᠠᠶᠢᠳᠠᠯ ᠢ ᠪᠣᠳᠣᠯᠬᠢᠯᠠᠨ᠎ᠠ ᠃  ᠡᠭᠦᠨ ᠤ ᠬᠠᠮᠲᠤ ᠂ ᠪᠢᠳᠡ ︽ᠬᠥᠬᠡᠮᠥ᠋ᠷᠡᠨ ᠤ ᠬᠠᠮᠠᠭᠠᠯᠠᠯᠲᠠ ᠶᠢᠨ ᠬᠠᠤᠯᠢ︾ ᠂ ︽ᠬᠥᠬᠡᠮᠥ᠋ᠷᠡᠨ ᠤ ᠭᠤᠤᠯ ᠤᠨ ᠵᠠᠮ ᠤᠨ ᠡᠯᠡᠰᠦ ᠮᠠᠯᠲᠠᠬᠤ ᠬᠠᠮᠢᠶᠠᠷᠤᠯᠲᠠ ᠶᠢᠨ ᠲᠦᠷᠢᠮ︾ ᠤᠨ ᠳᠤᠮᠳᠠ ᠂ ᠮᠠᠯᠲᠠᠬᠤ ᠶᠢ ᠴᠠᠭᠠᠵᠠᠯᠠᠬᠤ ᠣᠷᠣᠨ ᠂ ᠲᠡᠭᠦᠬᠦ ᠶᠢ ᠴᠠᠭᠠᠵᠠᠯᠠᠬᠤ ᠣᠷᠣᠨ ᠤ ᠡᠯᠡᠰᠦ ᠮᠠᠯᠲᠠᠬᠤ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠰᠢᠢᠳᠭᠡᠨ ᠲᠣᠷᠭᠠᠬᠤ ᠲᠤᠬᠠᠶ ᠲᠠᠰᠤᠯᠤᠯᠲᠠ ᠶᠢᠨ ᠪᠠᠷᠢᠮᠵᠢᠶ᠎ᠠ ᠪᠠᠷ ᠦᠨᠳᠦᠰᠦᠯᠡᠯ ᠪᠣᠯᠭᠠᠵᠤ ᠂ ᠬᠤᠪᠸᠢ ᠂ ᠵᠢᠶᠠᠩᠰᠢ ᠵᠡᠷᠭᠡ ᠮᠤᠵᠢ ᠣᠷᠣᠨ ᠴᠥᠮ ᠪᠠᠷᠠᠭᠠᠨ ᠤ ᠥᠷᠲᠡᠭ ᠤᠨ ᠵᠣᠭᠤᠰ ᠤᠨ ᠲᠤᠭ᠎ᠠ ᠪᠠᠷ ᠵᠠᠰᠠᠭ ᠵᠠᠬᠢᠷᠭᠠᠨ ᠤ ᠰᠢᠢᠳᠬᠡᠯ ᠤᠨ ᠭᠤᠤᠯ ᠪᠣᠳᠣᠯᠬᠢᠯᠠᠬᠤ ᠬᠦᠴᠦᠨ ᠵᠦᠢᠯ ᠪᠣᠯᠭᠠᠪᠠ ᠃ ᠬᠤᠪᠧᠶ ᠮᠤᠵᠢ ᠶᠢᠨ ᠤᠰᠤᠨ ᠤ ᠵᠠᠰᠠᠭ ᠵᠠᠬᠢᠷᠭᠠᠨ ᠤ ᠰᠢᠢᠳᠬᠡᠯ ᠤᠨ ᠴᠢᠯᠥᠭᠡᠲᠦ ᠲᠠᠰᠤᠯᠤᠯᠲᠠ ᠶᠢᠨ ᠪᠠᠷᠢᠮᠵᠢᠶ᠎ᠠ ᠪᠠᠷ ᠯᠠᠪᠯᠠᠯᠲᠠ ᠪᠣᠯᠭᠠᠵᠤ ᠂ ᠲᠣᠰ ᠵᠦᠢᠯ ᠨᠢ ᠪᠠᠷᠠᠭᠠᠨ ᠤ ᠥᠷᠲᠡᠭ ᠤᠨ ᠵᠣᠭᠤᠰ ᠤᠨ ᠲᠤᠭ᠎ᠠ ᠨᠢ ᠠᠷᠪᠠᠨ ᠲᠦᠮᠡᠨ ᠲᠥᠭᠦᠷᠢᠭ ᠠᠴᠠ ᠳᠣᠷᠣᠭᠰᠢ ︵ᠠᠷᠪᠠᠨ ᠲᠦᠮᠡᠨ ᠲᠥᠭᠦᠷᠢᠭ ᠪᠠᠭᠲᠠᠬᠤ ᠥᠬᠡᠶ︶ ᠲᠠᠰᠤᠯᠤᠯᠲᠠ ᠶᠢᠨ ᠪᠠᠷᠢᠮᠵᠢᠶ᠎ᠠ ᠶᠢ ᠲᠣᠭᠲᠠᠭᠠᠬᠤ ᠶᠢᠨ ᠬᠠᠮᠲᠤ ᠮᠠᠯᠲᠠᠬᠤ ᠶᠢ ᠴᠠᠭᠠᠵᠠᠯᠠᠬᠤ ᠬᠤᠭᠤᠴᠠᠭ᠎ᠠ ᠂ ᠮᠠᠯᠲᠠᠬᠤ ᠶᠢ ᠴᠠᠭᠠᠵᠠᠯᠠᠬᠤ ᠣᠷᠣᠨ ᠳᠤ ᠬᠠᠤᠯᠢ ᠪᠤᠰᠤ ᠪᠠᠷ ᠡᠯᠡᠰᠦ ᠮᠠᠯᠲᠠᠬᠤ ᠥᠷᠲᠡᠭ ᠤᠨ ᠵᠣᠭᠤᠰ ᠤᠨ ᠲᠤᠭ᠎ᠠ ᠨᠢ ᠲᠠᠪᠤᠨ ᠲᠦᠮᠡᠨ ᠲᠥᠭᠦᠷᠢᠭ ᠠᠴᠠ ᠳᠡᠭᠡᠭᠰᠢ ︵ᠲᠠᠪᠤᠨ ᠲᠦᠮᠡᠨ ᠲᠥᠭᠦᠷᠢᠭ ᠢ ᠪᠠᠭᠲᠠᠭᠠᠨ᠎ᠠ︶  ᠪᠣᠯᠬᠤ ᠳᠤ ᠲᠣᠳᠣᠷᠬᠠᠶ ᠵᠢᠭᠠᠨ ᠭᠠᠷᠭᠠᠵᠤ ᠂ ︽ᠵᠠᠰᠠᠭ ᠵᠠᠬᠢᠷᠭᠠᠨ ᠤ ᠰᠢᠢᠳᠬᠡᠯ ᠤᠨ ᠬᠠᠤᠯᠢ︾ ᠶᠢᠨ ᠬᠤᠷᠢᠨ ᠳᠣᠯᠣᠳᠤᠭᠠᠷ ᠵᠦᠢᠯ ᠪᠠ ︽ᠬᠠᠤᠯᠢ ᠪᠤᠰᠤ ᠪᠠᠷ ᠠᠭᠤᠷᠬᠠᠶ ᠮᠠᠯᠲᠠᠬᠤ ᠂ ᠡᠪᠳᠡᠯᠡᠭᠡ ᠶᠢᠨ ᠴᠢᠨᠠᠷᠲᠠᠶ ᠠᠭᠤᠷᠬᠠᠶ ᠮᠠᠯᠲᠠᠬᠤ ᠡᠷᠡᠭᠦᠦ ᠶᠢᠨ ᠬᠡᠷᠡᠭ ᠢ ᠰᠢᠢᠳᠪᠦᠷᠢᠯᠡᠬᠦ ᠳᠤ ᠬᠠᠤᠯᠢ ᠴᠠᠭᠠᠵᠠ ᠶᠢ ᠬᠡᠷᠡᠭᠯᠡᠬᠦ ᠠᠰᠠᠭᠤᠳᠠᠯ ᠤᠨ ᠲᠤᠬᠠᠶ ᠠᠷᠠᠳ ᠤᠨ ᠳᠡᠭᠡᠳᠦ ᠰᠢᠭᠦᠬᠦ ᠬᠤᠷᠢᠶ᠎ᠠ ᠂ ᠠᠷᠠᠳ ᠤᠨ ᠳᠡᠭᠡᠳᠦ ᠪᠠᠶᠢᠴᠠᠭᠠᠬᠤ ᠬᠤᠷᠢᠶ᠎ᠠ ᠶᠢᠨ ᠲᠠᠶᠢᠯᠪᠤᠷᠢᠯᠠᠯᠲᠠ︾ ᠶᠢᠨ ᠭᠤᠷᠪᠠᠳᠤᠭᠠᠷ ᠵᠦᠢᠯ ᠤᠨ ᠲᠣᠭᠲᠠᠭᠠᠯ ᠶᠣᠰᠣᠭᠠᠷ ᠬᠠᠤᠯᠢ ᠴᠠᠭᠠᠵᠠ ᠶᠢᠨ ᠰᠠᠯᠠᠭ᠎ᠠ ᠮᠥᠴᠢᠷ ᠲᠤ ᠰᠢᠯᠵᠢᠭᠦᠯᠦᠨ ᠲᠤᠰᠢᠶᠠᠵᠤ ᠰᠢᠢᠳᠪᠦᠷᠢᠯᠡᠬᠦ ᠬᠡᠷᠡᠭᠲᠡᠶ ᠃  ︵ᠳᠤᠯᠤᠭ᠎ᠠ︶ ᠠᠭᠤᠷᠬᠠᠶ ᠮᠠᠯᠲᠠᠬᠤ ᠡᠷᠬᠡᠲᠦ ᠬᠥᠮᠦᠨ ᠰᠢᠷᠣᠶ ᠪᠠᠶᠢᠭᠤᠯᠬᠤ ᠶᠠᠪᠤᠴᠠ ᠳᠤ ᠤᠰᠤ ᠰᠢᠷᠣᠶ ᠶᠢ ᠬᠠᠮᠠᠭᠠᠯᠠᠬᠤ ᠲᠦᠷ ᠴᠠᠭ ᠤᠨ ᠬᠠᠮᠠᠭᠠᠯᠠᠯᠲᠠ ᠶᠢᠨ ᠠᠷᠭ᠎ᠠ ᠬᠡᠮᠵᠢᠶ᠎ᠡ ᠠᠪᠤᠭᠰᠠᠨ ᠦᠭᠡᠶ  ᠲᠣᠰ ᠬᠠᠤᠯᠢ ᠠᠴᠠ ᠵᠥᠷᠢᠴᠡᠭᠰᠡᠨ ᠠᠵᠢᠯᠯᠠᠭ᠎ᠠ ᠳᠤ ᠴᠢᠭᠯᠡᠭᠦᠯᠦᠨ ᠂ ᠲᠣᠰ ᠲᠠᠰᠤᠯᠤᠯᠲᠠ ᠶᠢᠨ ᠰᠠᠭᠤᠷᠢ ᠪᠠᠷᠢᠮᠲᠠ ᠨᠢ ᠭᠤᠤᠯᠳᠠᠭᠤ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢᠨ ᠬᠤᠭᠤᠴᠠᠭ᠎ᠠ ᠠᠴᠠ ᠬᠡᠲᠦᠷᠡᠭᠰᠡᠨ ᠣᠷᠳᠣ ᠣᠬᠤᠷ ᠵᠢᠴᠢ ᠬᠡᠷᠡᠭ ᠢ ᠪᠠᠶᠢᠴᠠᠭᠠᠨ ᠰᠢᠢᠳᠪᠦᠷᠢᠯᠡᠭᠰᠡᠨ ᠤ ᠳᠠᠷᠠᠭ᠎ᠠ ᠪᠡᠶᠡᠴᠢ ᠴᠣᠭᠴᠠ ᠶᠢᠨ ᠴᠡᠭᠴᠡᠯᠡᠨ ᠰᠠᠶᠢᠵᠢᠷᠠᠭᠤᠯᠤᠭᠰᠠᠨ ᠪᠠᠶᠢᠳᠠᠯ ᠢ ᠪᠣᠳᠣᠯᠬᠢᠯᠠᠨ᠎ᠠ ᠃  ᠡᠭᠦᠨ ᠤ ᠬᠠᠮᠲᠤ ᠂ ᠬᠤᠭᠤᠴᠠᠭ᠎ᠠ ᠬᠡᠲᠦᠷᠡᠭᠰᠡᠨ ᠪᠣᠳᠠᠲᠠᠶ ᠪᠠᠷᠢᠮᠵᠢᠶ᠎ᠠ ᠶᠢ ᠨᠢᠭᠡᠳᠦᠭᠡᠷ ᠹᠷᠣᠨᠲ ᠤᠨ ᠬᠠᠤᠯᠢ ᠬᠡᠷᠡᠭᠵᠢᠭᠦᠯᠬᠦ ᠠᠵᠢᠯᠲᠠᠨ ᠪᠠ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠰᠠᠨᠠᠯ ᠢ ᠥᠷᠭᠡᠨ ᠢᠶᠠᠷ ᠬᠤᠷᠢᠶᠠᠭᠰᠠᠨ ᠤ ᠳᠠᠷᠠᠭ᠎ᠠ ᠂ ᠡᠴᠦᠰ ᠲᠡᠭᠡᠨ 15 ᠡᠳᠦᠷ ᠂ 30 ᠡᠳᠦᠷ ᠂ 45 ᠡᠳᠦᠷ ᠢ ᠪᠣᠳᠠᠲᠠᠶ ᠬᠤᠭᠤᠴᠠᠭ᠎ᠠ ᠬᠡᠲᠦᠷᠡᠭᠰᠡᠨ ᠪᠠᠷᠢᠮᠵᠢᠶ᠎ᠠ ᠪᠣᠯᠭᠠᠬᠤ ᠪᠠᠷ ᠲᠣᠭᠲᠠᠭᠠᠪᠠ ᠃  ︵ᠨᠠᠢᠮᠠ︶ ᠤᠰᠤ ᠠᠪᠬᠤ ᠡᠷᠦᠬᠡ ᠤᠰᠤ ᠠᠪᠬᠤ ᠲᠥᠯᠥᠪᠯᠡᠭᠡ ᠪᠠᠨ ᠦᠯᠦ ᠵᠢᠷᠤᠮᠯᠠᠨ ᠤᠰᠤ ᠠᠪᠴᠤ ᠬᠡᠷᠡᠭᠯᠡᠬᠦ  ᠪᠦᠬᠦ ᠤᠯᠤᠰ ᠤᠨ ᠡᠯ᠎ᠡ ᠭᠠᠵᠠᠷ ᠤᠨ ᠤᠰᠤᠨ ᠤ ᠵᠠᠰᠠᠭ ᠵᠠᠬᠢᠷᠭᠠᠨ ᠤ ᠰᠢᠢᠳᠭᠡᠯ ᠤᠨ ᠴᠢᠯᠥᠭᠡᠲᠦ ᠲᠠᠰᠤᠯᠤᠯᠲᠠ ᠶᠢᠨ ᠦᠵᠡᠬᠦ ᠪᠠᠷ ᠂ ᠡᠨᠡ ᠬᠦ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢᠨ ᠵᠣᠩᠬᠢᠯᠠᠬᠤ ᠬᠡᠰᠡᠭ ᠨᠢ ᠴᠥᠮ ᠪᠣᠳᠠᠲᠠᠶ ᠠᠪᠤᠭᠰᠠᠨ ᠤᠰᠤᠨ ᠤ ᠡᠵᠡᠯᠡᠬᠦ ᠬᠠᠷᠢᠴᠠᠯ ᠢ ᠪᠣᠳᠣᠯᠬᠢᠯᠠᠬᠤ ᠠᠷᠭ᠎ᠠ ᠪᠠᠷ ᠳᠠᠮᠵᠢᠭᠤᠯᠤᠨ ᠰᠢᠢᠳᠭᠡᠨ ᠲᠣᠷᠭᠠᠬᠤ ᠬᠡᠮᠵᠢᠶ᠎ᠡ ᠶᠢ ᠲᠣᠭᠲᠠᠭᠠᠨ᠎ᠠ ᠃ ᠵᠠᠰᠠᠭ ᠵᠠᠬᠢᠷᠭᠠᠨ ᠤ ᠪᠠᠶᠢᠭᠤᠯᠭ᠎ᠠ ᠤᠰᠤ ᠲᠠᠲᠠᠬᠤ ᠬᠡᠮᠵᠢᠶ᠎ᠡ ᠶᠢ ᠬᠢᠵᠠᠭᠠᠷᠯᠠᠬᠤ ᠲᠣᠭᠲᠠᠭᠠᠯ ᠭᠠᠷᠭᠠᠭᠰᠠᠨ ᠤ ᠭᠤᠤᠯ ᠰᠢᠯᠲᠠᠭᠠᠨ ᠨᠢ ᠵᠠᠰᠠᠭ ᠤᠨ ᠣᠷᠳᠣᠨ ᠠᠴᠠ ᠤᠰᠤᠨ ᠤ ᠡᠬᠢ ᠪᠠᠶᠠᠯᠢᠭ ᠲᠤ ᠬᠡᠷᠡᠭᠯᠡᠬᠦ ᠤᠰᠤᠨ ᠤ ᠶᠡᠷᠦᠩᠬᠡᠶ ᠬᠡᠮᠵᠢᠶ᠎ᠡ ᠶᠢ ᠬᠢᠵᠠᠭᠠᠷᠯᠠᠬᠤ ᠶᠢ ᠬᠡᠷᠡᠭᠵᠢᠭᠦᠯᠪᠡᠯ ᠂ ᠳᠠᠷᠤᠶ ᠤᠰᠤᠨ ᠤ ᠡᠬᠢ ᠰᠤᠷᠪᠤᠯᠵᠢ ᠶᠢ ᠵᠦᠢ ᠵᠣᠬᠢᠰᠲᠠᠶ ᠠᠰᠢᠭᠯᠠᠬᠤ ᠳᠤ ᠣᠷᠣᠰᠢᠨ᠎ᠠ ᠃  ᠡᠭᠦᠨ ᠤ ᠬᠠᠮᠲᠤ ᠂ ᠲᠣᠰ ᠲᠠᠰᠤᠯᠤᠯᠲᠠ ᠶᠢᠨ ᠰᠠᠭᠤᠷᠢ ᠪᠠᠷᠢᠮᠵᠢᠶ᠎ᠠ ᠨᠢ ᠭᠤᠤᠯᠳᠠᠭᠤ ᠵᠥᠪᠰᠢᠶᠡᠷᠡᠯ ᠤᠨ ᠨᠥᠬᠦᠴᠡᠯ ᠠᠴᠠ ᠬᠡᠲᠦᠷᠡᠭᠰᠡᠨ ᠤᠰᠤ ᠠᠪᠬᠤ ᠤᠰᠤᠨ ᠤ ᠡᠬᠢ ᠪᠠᠶᠠᠯᠢᠭ ᠤᠨ ᠭᠠᠶᠢᠯᠢ ᠲᠠᠲᠠᠪᠤᠷᠢᠯᠠᠬᠤ ᠬᠠᠷᠢᠴᠠᠯ ᠢᠶᠠᠷ ᠯᠠᠪᠯᠠᠯᠲᠠ ᠪᠣᠯᠭᠠᠵᠤ ᠂ 20% ᠠᠴᠠ 40% ᠶᠢᠨ ᠬᠠᠷᠢᠴᠠᠯ ᠢᠶᠠᠷ ᠭᠤᠤᠯ ᠰᠠᠭᠤᠷᠢ ᠪᠠᠷᠢᠮᠵᠢᠶ᠎ᠠ ᠪᠣᠯᠭᠠᠵᠤ ᠂ ᠨᠠᠩ ᠵᠦᠶ ᠵᠣᠬᠢᠰᠲᠠᠶ ᠂ ᠵᠠᠰᠠᠭ ᠵᠠᠬᠢᠷᠭᠠᠨ ᠤ ᠬᠠᠤᠯᠢ ᠴᠠᠭᠠᠵᠠ ᠶᠢᠨ ᠬᠠᠷᠢᠴᠠᠯ ᠤᠨ ᠵᠠᠷᠴᠢᠮ ᠳᠤ ᠨᠠᠩ ᠨᠡᠶᠢᠴᠡᠨ᠎ᠡ ᠃ ᠲᠡᠷᠡ ᠮᠥᠷᠲᠡᠭᠡᠨ ᠰᠢᠢᠳᠭᠡᠯ ᠪᠠ ᠰᠤᠷᠭᠠᠨ ᠬᠥᠮᠦᠵᠢᠯ ᠢ ᠤᠶᠠᠯᠳᠤᠭᠤᠯᠬᠤ ᠳᠤ ᠰᠠᠭᠤᠷᠢᠯᠠᠨ ᠂ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠵᠦ ᠂ ᠲᠥᠯᠥᠪᠯᠡᠭᠡ ᠠᠴᠠ ᠬᠡᠲᠦᠷᠡᠭᠦᠯᠦᠨ ᠤᠰᠤ ᠬᠡᠷᠡᠭᠯᠡᠬᠦ ᠬᠠᠷᠢᠴᠠᠯ ᠢ 20% ᠠᠴᠠ ᠬᠡᠲᠦᠷᠡᠭᠦᠯᠬᠦ ᠥᠬᠡᠶ ᠮᠥᠷᠲᠡᠭᠡᠨ ᠵᠥᠪᠰᠢᠶᠡᠷᠡᠯ ᠤᠨ ᠨᠥᠬᠦᠴᠡᠯ ᠠᠴᠠ ᠵᠥᠷᠢᠴᠡᠭᠰᠡᠨ ᠥᠬᠡᠶ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠰᠢᠢᠳᠬᠡᠬᠦ ᠥᠬᠡᠶ ᠂ ᠡᠨᠡ ᠨᠢ ᠲᠣᠰ ᠲᠠᠰᠤᠯᠤᠯᠲᠠ ᠶᠢᠨ ᠰᠠᠭᠤᠷᠢ ᠪᠠᠷᠢᠮᠵᠢᠶ᠎ᠠ ᠲᠣᠭᠲᠠᠭᠠᠭᠰᠠᠨ ᠬᠢᠯᠠᠰ ᠴᠡᠭ ᠪᠣᠯᠤᠨ᠎ᠠ ᠃            ᠣᠷᠳᠣᠰ ᠬᠤᠲᠠ ᠶᠢᠨ ᠤᠰᠤᠨ ᠠᠰᠢᠭᠯᠠᠯᠲᠠ ᠶᠢᠨ ᠲᠣᠪᠴᠢᠶ᠎ᠠ          2024 ᠣᠨ ᠤ 4 ᠳ᠋ᠦ᠋ᠭᠡᠷ ᠰᠠᠷ᠎ᠠ ᠶᠢᠨ 23 ᠤ ᠡᠳᠦᠷ 
 
ᠢᠷᠡᠯᠲᠡ᠄ ᠤᠷᠳᠤᠰ ᠬᠤᠳᠠ ᠶᠢᠨ ᠤᠰᠤᠨ ᠠᠰᠢᠭᠯᠠᠯᠳᠠ ᠶᠢᠨ ᠲᠤᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号