ᠥᠪᠥᠷ ᠮᠣᠩᠭᠤᠯ ᠤᠨ ᠤᠰᠤᠨ ᠠᠰᠢᠭᠯᠠᠯᠲᠠ ᠶᠢᠨ ᠲᠢᠩᠬᠢᠮ ᠤᠨ ᠡᠪᠯᠡᠯ ᠤᠨ ᠬᠤᠷᠢᠶ᠎ᠠ ᠬᠢᠭᠡᠳ ᠠᠷᠠᠳ ᠤᠨ ᠥᠨᠳᠥᠷ ᠵᠡᠷᠭᠡ ᠶᠢᠨ ᠰᠢᠭᠦᠬᠦ ᠬᠤᠷᠢᠶ᠎ᠠ ᠶᠢᠨ ᠡᠪᠯᠡᠯ ᠤᠨ ᠬᠤᠷᠢᠶ᠎ᠠ ᠬᠠᠮᠲᠤᠷᠠᠨ ᠡᠵᠢ ᠭᠤᠣᠯ ᠢᠶᠠᠨ ᠬᠠᠮᠲᠤ ᠪᠠᠷ ᠬᠠᠮᠠᠭᠠᠯᠠᠬᠤ ᠭᠤᠣᠯ ᠰᠡᠳᠦᠪᠲᠦ ᠡᠪᠯᠡᠯ ᠤᠨ ᠡᠳᠦᠷ ᠤᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/4/24
  ︽ᠬᠠᠲᠤᠨ ᠭᠤᠤᠯ ᠢ ᠬᠠᠮᠠᠭᠠᠯᠠᠬᠤ ᠬᠠᠤᠯᠢ︾᠎ ᠶᠢ ᠵᠢᠩᠬᠢᠨᠢ ᠪᠠᠷ ᠬᠡᠷᠡᠭᠵᠢᠭᠦᠯᠦᠭᠰᠡᠨ ᠨᠢᠭᠡ ᠵᠢᠯ ᠤᠨ ᠣᠶ ᠶᠢᠨ ᠲᠠᠰᠢᠷᠠᠮ ᠳᠤ᠂ 4 ᠳ᠋ᠦ᠋ᠭᠡᠷ ᠰᠠᠷ᠎ᠠ ᠶᠢᠨ 22᠎ ᠤᠨ ᠡᠳᠦᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ ᠤᠨ ᠡᠪᠯᠡᠯ ᠤᠨ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠥᠨᠳᠥᠷ ᠵᠡᠷᠭᠡ ᠶᠢᠨ ᠰᠢᠭᠦᠬᠦ ᠬᠤᠷᠢᠶ᠎ᠠ ᠶᠢᠨ ᠡᠪᠯᠡᠯ ᠤᠨ ᠬᠤᠷᠢᠶ᠎ᠠ ᠬᠥᠬᠡᠬᠤᠲᠠ ᠶᠢᠨ ᠲᠣᠭᠲᠠᠬᠤ ᠰᠢᠶᠠᠨ ᠳᠤ ︽ᠶᠡᠭᠡ ᠭᠤᠤᠯ ᠶᠢᠰᠦᠨ ᠮᠤᠷᠤᠢ ᠳᠤ ᠵᠠᠯᠠᠭᠤ ᠨᠠᠰᠤᠨ ᠤ ᠭᠡᠷᠡᠯ ᠭᠢᠯᠪᠠᠭ᠎ᠠ ᠪᠠᠨ ᠨᠡᠮᠡᠷᠢᠯᠡᠶ᠎ᠡ︾ ᠭᠡᠬᠦ ᠡᠬᠡ ᠭᠤᠤᠯ ᠤᠨ ᠭᠤᠤᠯ ᠰᠡᠳᠦᠪᠲᠦ ᠡᠪᠯᠡᠯ ᠤᠨ ᠡᠳᠦᠷ ᠤᠨ ᠠᠵᠢᠯᠯᠠᠭ᠎ᠠ ᠶᠢ ᠬᠠᠮᠲᠤᠷᠠᠨ ᠥᠷᠨᠢᠭᠦᠯᠪᠡ᠃
共护母亲河主题团日活动1.png
  ᠠᠵᠢᠯᠯᠠᠭ᠎ᠠ ᠡᠬᠢᠯᠡᠮᠡᠭᠴᠡ᠂ ᠡᠪᠯᠡᠯ ᠤᠨ ᠭᠡᠰᠢᠭᠦᠨ ᠵᠠᠯᠠᠭᠤᠴᠤᠳ ᠬᠤᠤ ᠵᠢᠶᠠ ᠶᠣᠣ ᠲᠣᠰᠬᠤᠨ ᠳᠤ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠤᠬᠠᠭᠤᠯᠭ᠎ᠠ ᠥᠷᠨᠢᠭᠦᠯᠵᠦ᠂ ᠲᠣᠰᠬᠤᠨ ᠤ ᠠᠷᠠᠳ ᠲᠤ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠵᠤ᠂ ︽ᠬᠠᠲᠤᠨ ᠭᠤᠤᠯ ᠢ ᠬᠠᠮᠠᠭᠠᠯᠠᠬᠤ ᠬᠠᠤᠯᠢ︾᠎ ᠶᠢ ᠲᠦᠭᠡᠮᠡᠯᠵᠢᠭᠦᠯᠵᠦ᠂ ᠣᠯᠠᠨ ᠲᠦᠮᠡᠨ ᠢ ᠬᠥᠲᠥᠯᠦᠨ ᠵᠢᠯᠣᠭᠤᠳᠴᠤ ᠪᠠᠶᠢᠭᠠᠳ ᠬᠠᠤᠯᠢ ᠶᠢ ᠬᠦᠨᠳᠦᠳᠬᠡᠬᠦ ᠬᠠᠤᠯᠢ ᠶᠢ ᠰᠤᠷᠤᠯᠴᠠᠬᠤ ᠬᠠᠤᠯᠢ ᠶᠢ ᠰᠠᠬᠢᠬᠤ ᠬᠠᠤᠯᠢ ᠶᠢ ᠬᠡᠷᠡᠭᠯᠡᠬᠦ ᠪᠣᠯᠭᠠᠵᠤ᠂ ᠣᠯᠠᠨ ᠲᠦᠮᠡᠨ ᠤ ᠬᠠᠤᠯᠢ ᠴᠠᠭᠠᠵᠠ ᠶᠢᠨ ᠤᠬᠠᠮᠰᠠᠷ ᠪᠠ ᠬᠠᠤᠯᠢ ᠪᠠᠷ ᠵᠠᠰᠠᠬᠤ ᠦᠵᠡᠯᠲᠡ ᠶᠢ ᠴᠢᠩᠭᠠᠳᠬᠠᠵᠤ᠂ ︽ᠬᠠᠲᠤᠨ ᠭᠤᠤᠯ ᠢ ᠬᠠᠮᠠᠭᠠᠯᠠᠬᠤ ᠬᠠᠤᠯᠢ︾᠎ ᠶᠢᠨ ᠡᠷᠬᠡ ᠰᠦᠷ ᠢ ᠬᠠᠮᠠᠭᠠᠯᠠᠬᠤ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠣᠯᠭᠠᠪᠠ᠃
共护母亲河主题团日活动2.jpg
  ᠳᠠᠷᠠᠭ᠎ᠠ ᠨᠢ᠂ ᠪᠦᠬᠦ ᠵᠠᠯᠠᠭᠤᠴᠤᠳ ᠬᠠᠳᠤᠨ ᠭᠤᠣᠯ ᠳᠠᠭᠠᠤ ᠶᠢᠨ ᠶᠠᠪᠠᠭᠠᠨ ᠵᠠᠮ ᠢᠶᠠᠷ᠂ ᠬᠠᠲᠤᠨ ᠭᠤᠤᠯ ᠤᠨ ᠨᠠᠮ ᠤᠨ ᠬᠤᠷᠢᠶ᠎ᠡ ᠶᠢᠨ ᠲᠸᠤ ᠳ᠋ᠤᠤ ᠭᠤᠸᠠᠢ ᠤᠰᠤᠨ ᠰᠢᠨᠵᠢᠯᠡᠭᠡᠨ ᠤ ᠦᠷᠳᠡᠭᠡ ᠪᠣᠯᠤᠨ ᠱᠢ ᠰᠧ ᠹᠧᠨ ᠲᠣᠰᠬᠤᠨ ᠤ ᠠᠶᠤᠯᠲᠠᠢ ᠪᠠᠷᠢᠯᠭ᠎ᠠ ᠶᠢᠨ ᠬᠡᠰᠡᠭ ᠲᠤ ᠬᠦᠷᠴᠦ ᠲᠣᠭᠤᠷᠢᠨ ᠦᠵᠡᠵᠦ ᠪᠠᠶᠢᠴᠠᠭᠠᠨ ᠰᠤᠳᠤᠯᠤᠯᠲᠠ       ᠬᠢᠪᠡ᠃ ᠳᠧᠦ ᠳ᠋ᠤᠤ ᠭᠤᠸᠠᠢ ᠤᠰᠤᠨ ᠰᠢᠨᠵᠢᠯᠡᠭᠡᠨ ᠤ ᠦᠷᠳᠡᠭᠡ ᠶᠢᠨ ᠠᠵᠢᠯᠲᠠᠳ ᠪᠦᠯᠬᠦᠮ ᠤᠨ ᠭᠡᠰᠢᠭᠦᠳ ᠲᠤ ᠬᠠᠯᠢᠶ᠎ᠠ ᠦᠶᠡᠷ ᠤᠨ ᠬᠤᠭᠤᠴᠠᠭᠠᠨ ᠤ ᠤᠰᠤᠨ ᠰᠢᠨᠵᠢᠯᠡᠭᠡᠨ ᠤ ᠰᠢᠨᠵᠢᠯᠡᠨ ᠮᠡᠳᠡᠭᠡᠯᠡᠬᠦ ᠲᠦᠷᠦᠯ ᠵᠦᠢᠯ ᠪᠣᠯᠤᠨ ᠤᠷᠤᠰᠬᠠᠯ ᠤᠨ ᠬᠡᠮᠵᠢᠯᠲᠡ ᠶᠢᠨ ᠠᠵᠢᠭᠯᠠᠯᠲᠠ ᠶᠢᠨ ᠲᠥᠬᠦᠭᠡᠷᠦᠮᠵᠢ ᠶᠢ ᠲᠠᠨᠢᠯᠴᠠᠭᠤᠯᠤᠭᠰᠠᠨ ᠪᠥᠭᠡᠳ ᠬᠡᠮᠵᠢᠭᠦᠷᠯᠢᠭ ᠤᠨ ᠬᠠᠵᠠᠭᠤ ᠳᠤ ᠠᠵᠢᠯᠯᠠᠬᠤ ᠶᠠᠪᠤᠴᠠ ᠵᠢᠴᠢ ᠠᠵᠢᠯ ᠤᠨ ᠤᠭ ᠶᠣᠰᠣ ᠶᠢ ᠨᠠᠷᠢᠨ ᠲᠠᠶᠢᠯᠪᠤᠷᠢᠯᠠᠪᠠ᠃ ᠪᠠᠷᠲᠠᠭᠠᠲᠤ ᠪᠠᠷᠢᠯᠭ᠎ᠠ ᠶᠢᠨ ᠬᠡᠰᠡᠭ ᠲᠤ᠂ ᠡᠪᠯᠡᠯ ᠤᠨ ᠭᠡᠰᠢᠭᠦᠳ ᠠᠩᠬ᠎ᠠ ᠤᠳᠠᠭ᠎ᠠ ᠮᠢᠩᠭᠠᠨ ᠵᠢᠯ ᠤᠨ ᠲᠡᠦᠬᠡ ᠲᠠᠢ ᠵᠣᠴᠢᠨ ᠤ ᠴᠢᠯᠠᠭᠤᠨ ᠰᠢᠩᠭᠡᠯᠢᠭ ᠢ ᠣᠯᠵᠤ ᠬᠠᠷᠠᠵᠤ᠂ ᠲᠡᠷᠢ ᠲᠡᠭᠰᠢ ᠴᠢᠯᠠᠭᠤᠨ ᠰᠢᠩᠭᠡᠯᠢᠭ ᠨᠢ ᠡᠷᠭᠢ ᠶᠢᠨ ᠬᠥᠪᠡᠭᠡᠨ ᠳᠤ ᠪᠠᠶᠢᠷᠢᠯᠠᠵᠤ᠂ ᠭᠤᠣᠯ ᠤᠨ ᠰᠠᠪᠠ ᠶᠢ ᠬᠠᠮᠠᠭᠠᠯᠠᠬᠤ᠂ ᠶᠡᠭᠦᠷᠡᠯ ᠢ ᠵᠠᠰᠠᠬᠤ᠂ ᠰᠢᠪᠠᠷ ᠴᠢᠯᠠᠭᠤᠨ ᠤ ᠤᠷᠤᠰᠬᠠᠯ ᠵᠢᠴᠢ ᠣᠷᠴᠢᠨ ᠲᠣᠭᠤᠷᠢᠨ ᠤ ᠬᠠᠮᠠᠭᠠᠯᠠᠯᠲᠠ ᠶᠢ ᠰᠡᠷᠭᠡᠶᠢᠯᠡᠨ ᠵᠠᠰᠠᠬᠤ ᠳᠤ ᠴᠢᠬᠤᠯᠠ ᠦᠢᠯᠡᠳᠦᠯ ᠲᠠᠢ ᠶᠤᠮ᠃  ᠲᠣᠭᠲᠠᠬᠤ ᠰᠢᠶᠠᠨ ᠤ ᠠᠷᠠᠳ ᠤᠨ ᠰᠢᠭᠦᠬᠦ ᠬᠤᠷᠢᠶᠠᠨ ᠤ ᠲᠠᠶᠢᠯᠪᠤᠷᠢᠯᠠᠭᠴᠢ ᠶᠢᠨ ᠳᠠᠭᠠᠭᠤᠯᠭ᠎ᠠ ᠳᠣᠣᠷ᠎ᠠ᠂ ᠡᠪᠯᠡᠯ ᠤᠨ ᠭᠡᠰᠢᠭᠦᠨ ᠵᠠᠯᠠᠭᠤᠴᠤᠳ ᠣᠷᠴᠢᠨ ᠲᠣᠭᠤᠷᠢᠨ ᠤ ᠡᠬᠢ ᠪᠠᠶᠠᠯᠢᠭ ᠤᠨ ᠬᠠᠮᠠᠭᠠᠯᠠᠯᠲᠠ ᠶᠢᠨ ᠰᠢᠭᠦᠬᠦ ᠲᠢᠩᠬᠢᠮ᠂ ᠥᠪᠥᠷ ᠮᠣᠩᠭᠤᠯ ᠤᠨ ᠣᠷᠴᠢᠨ ᠲᠣᠭᠤᠷᠢᠨ ᠤ ᠡᠬᠢ ᠪᠠᠶᠠᠯᠢᠭ ᠤᠨ ᠬᠠᠤᠯᠢ ᠴᠠᠭᠠᠵᠠ ᠶᠢᠨ ᠬᠠᠮᠠᠭᠠᠯᠠᠯᠲᠠ ᠶᠢᠨ ᠰᠤᠷᠭᠠᠨ ᠬᠥᠮᠦᠵᠢᠯ ᠤᠨ ᠰᠠᠭᠤᠷᠢᠨ ᠭᠠᠵᠠᠷ ᠪᠣᠯᠤᠨ ᠥᠪᠥᠷ ᠮᠣᠩᠭᠤᠯ ᠤᠨ ᠤᠰᠤᠨ ᠠᠰᠢᠭᠯᠠᠯᠲᠠ ᠶᠢᠨ ᠬᠠᠥᠯᠢ ᠪᠠᠷ ᠵᠠᠰᠠᠬᠤ ᠰᠣᠶᠣᠯ ᠰᠤᠷᠭᠠᠨ ᠬᠥᠮᠦᠵᠢᠯ ᠤᠨ ᠰᠠᠭᠤᠷᠢᠨ ᠭᠠᠵᠠᠷ ᠢ ᠲᠣᠭᠤᠷᠢᠨ ᠦᠵᠡᠵᠦ ᠪᠠᠶᠢᠴᠠᠭᠠᠨ ᠰᠤᠳᠤᠯᠵᠤ᠂ ︽ᠬᠠᠳᠤᠨ ᠭᠤᠣᠯ ᠢ ᠬᠠᠮᠠᠭᠠᠯᠠᠬᠤ ᠬᠠᠤᠯᠢ︾᠎ ᠶᠢᠨ ᠵᠦᠢᠯ ᠵᠤᠷᠪᠤᠰ ᠢ ᠰᠤᠷᠤᠯᠴᠠᠪᠠ᠃
共护母亲河主题团日活动3.jpg
  ᠡᠴᠦᠰ ᠲᠤ᠂ ᠪᠦᠬᠦ ᠡᠪᠯᠡᠯ ᠤᠨ ᠭᠡᠰᠢᠭᠦᠨ ᠵᠠᠯᠠᠭᠤᠴᠤᠳ ᠡᠪᠯᠡᠯ ᠳᠤ ᠣᠷᠣᠬᠤ ᠲᠥᠪ ᠴᠢᠩᠭ᠎ᠠ ᠲᠠᠩᠭᠠᠷᠢᠭ ᠢᠶᠠᠨ ᠳᠠᠬᠢᠨ ᠰᠠᠨᠠᠭᠠᠯᠵᠠᠬᠤ ᠶᠣᠰᠣᠯᠠᠯ ᠢ ᠥᠷᠨᠢᠭᠦᠯᠪᠡ᠃ ᠡᠪᠯᠡᠯ ᠤᠨ ᠭᠡᠰᠢᠭᠦᠨ ᠪᠣᠯᠤᠨ ᠵᠠᠯᠠᠭᠤᠴᠤᠳ ᠲᠥᠪ ᠴᠢᠩᠭ᠎ᠠ ᠤᠯᠤᠰ ᠲᠦᠷᠦ ᠶᠢᠨ ᠶᠣᠰᠣᠯᠠᠯ ᠤᠨ ᠳᠤᠮᠳᠠ ᠬᠥᠮᠦᠵᠢᠯ ᠬᠦᠷᠳᠡᠵᠦ᠂ ᠡᠪᠯᠡᠯ ᠤᠨ ᠵᠣᠬᠢᠶᠠᠨ ᠪᠠᠶᠢᠭᠤᠯᠤᠯᠲᠠ ᠶᠢᠨ ᠲᠤᠬᠠᠢ ᠮᠡᠳᠡᠷᠡᠮᠵᠢ᠂ ᠨᠠᠮ ᠤᠨ ᠵᠣᠬᠢᠶᠠᠨ ᠪᠠᠶᠢᠭᠤᠯᠤᠯᠲᠠ ᠶᠢᠨ ᠲᠤᠬᠠᠢ ᠬᠦᠰᠡᠯ ᠡᠷᠡᠮᠡᠯᠵᠡᠯ ᠢ ᠴᠢᠩᠭᠠᠳᠬᠠᠪᠠ᠃  ᠡᠪᠯᠡᠯ ᠤᠨ ᠭᠡᠰᠢᠭᠦᠳ᠂ ᠨᠢᠭᠡ ᠡᠳᠦᠷ ᠤᠨ ᠠᠵᠢᠯᠯᠠᠭ᠎ᠠ ᠪᠠᠷ ᠳᠠᠮᠵᠢᠨ᠂ ︽ᠬᠠᠳᠤᠨ ᠭᠤᠣᠯ ᠢ ᠬᠠᠮᠠᠭᠠᠯᠠᠬᠤ ᠬᠠᠤᠯᠢ︾᠎ ᠶᠢᠨ ᠲᠤᠬᠠᠢ ᠨᠡᠩ ᠪᠦᠬᠦ ᠲᠠᠯ᠎ᠠ ᠶᠢᠨ ᠣᠶᠢᠯᠠᠭᠠᠯᠲᠠ ᠲᠠᠨᠢᠯᠲᠠ ᠲᠠᠢ ᠪᠣᠯᠵᠤ᠂ ᠬᠠᠮᠠᠭᠠᠯᠠᠬᠤ ᠬᠠᠤᠯᠢ ᠶᠢᠨ ᠬᠠᠳᠤᠨ ᠭᠤᠣᠯ ᠤᠨ ᠵᠠᠰᠠᠯᠲᠠ ᠳᠠᠬᠢ ᠴᠢᠬᠤᠯᠠ ᠦᠢᠯᠡᠳᠦᠯ ᠢ ᠭᠦᠢᠴᠡᠳ ᠲᠠᠨᠢᠵᠤ᠂ ᠤᠰᠤᠨ ᠤ ᠬᠠᠤᠯᠢ ᠶᠢᠨ ᠰᠤᠷᠤᠯᠴᠠᠯᠭ᠎ᠠ ᠶᠢ ᠡᠳᠦᠷ ᠲᠤᠳᠤᠮ ᠤᠨ ᠠᠵᠢᠯ ᠳᠠᠭᠠᠨ ᠠᠭᠤᠰᠤᠯᠴᠠᠭᠤᠯᠵᠤ᠂ ᠬᠠᠥᠯᠢ ᠪᠠᠷ ᠵᠠᠰᠠᠬᠤ ᠵᠣᠷᠢᠭ ᠰᠠᠨᠠᠭ᠎ᠠ ᠶᠢ ᠤᠯᠠᠮᠵᠢᠯᠠᠨ ᠪᠠᠳᠠᠷᠠᠭᠤᠯᠵᠤ᠂ ᠬᠤᠶᠠᠷ ᠶᠡᠭᠡ ᠶᠠᠪᠤᠳᠠᠯ ᠳᠤ ᠰᠠᠶᠢᠲᠤᠷ ᠦᠢᠯᠡᠴᠢᠯᠡᠵᠦ ᠪᠠᠲᠤᠯᠠᠬᠤ ᠪᠠ ᠥᠪᠥᠷ ᠮᠣᠩᠭᠤᠯ ᠤᠨ ᠤᠰᠤᠨ ᠠᠰᠢᠭᠯᠠᠯᠲᠠ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠬᠦᠴᠦᠨ ᠴᠢᠳᠠᠯ ᠢᠶᠠᠨ ᠡᠷᠭᠦᠨ᠎ᠡ ᠭᠡᠵᠦ ᠢᠯᠡᠳᠬᠡᠵᠡᠭᠡᠪᠡ᠃  ᠲᠢᠩᠬᠢᠮ ᠤᠨ ᠬᠠᠷᠢᠶ᠎ᠠ ᠡᠯ᠎ᠡ ᠨᠢᠭᠡᠴᠢ᠂ ᠠᠷᠠᠳ ᠤᠨ ᠥᠨᠳᠥᠷ ᠵᠡᠷᠭᠡ ᠶᠢᠨ ᠰᠢᠭᠦᠬᠦ ᠬᠤᠷᠢᠶ᠎ᠠ᠂ ᠤᠰᠤᠨ ᠠᠰᠢᠭᠯᠠᠯᠲᠠ ᠶᠢᠨ ᠦᠢᠯᠡᠰ ᠤᠨ ᠬᠥᠭᠵᠢᠯᠲᠡ ᠶᠢᠨ ᠲᠥᠪ ᠤᠨ 90 ᠭᠠᠷᠤᠢ ᠡᠪᠯᠡᠯ ᠤᠨ ᠭᠡᠰᠢᠭᠦᠨ ᠵᠠᠯᠠᠭᠤᠴᠤᠳ ᠠᠵᠢᠯᠯᠠᠭ᠎ᠠ ᠳᠤ ᠣᠷᠣᠯᠴᠠᠪᠠ᠃ 
 
ᠢᠷᠡᠯᠲᠡ᠄ ᠦᠪᠤᠷ ᠮᠣᠩᠭᠤᠯ ᠤᠨ ᠦᠪᠡᠷᠳᠡᠭᠡᠨ ᠵᠠᠰᠠᠬᠤ ᠣᠷᠣᠨ ᠤ ᠣᠰᠣᠨ ᠠᠰᠢᠠᠠᠯᠠᠯᠳᠡ ᠶᠢᠨ ᠳᠢᠩᠬᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号