︽ᠬᠠᠲᠤᠨ ᠭᠤᠤᠯ ᠢ ᠬᠠᠮᠠᠭᠠᠯᠠᠬᠤ ᠬᠠᠤᠯᠢ︾ ᠶᠢ ᠵᠢᠩᠬᠢᠨᠢ ᠪᠠᠷ ᠬᠡᠷᠡᠭᠵᠢᠭᠦᠯᠦᠭᠰᠡᠨ ᠨᠢᠭᠡ ᠵᠢᠯ ᠤᠨ ᠣᠶ ᠶᠢᠨ | ᠲᠠᠰᠢᠷᠠᠮ ᠳᠤ᠂ 4 ᠳ᠋ᠦ᠋ᠭᠡᠷ ᠰᠠᠷ᠎ᠠ ᠶᠢᠨ 22 ᠤᠨ ᠡᠳᠦᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠤᠰᠤᠨ ᠠᠰᠢᠭᠯᠠᠯᠲᠠ ᠶᠢᠨ ᠲᠢᠩᠬᠢᠮ ᠤᠨ ᠡᠪᠯᠡᠯ ᠤᠨ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠠᠷᠠᠳ ᠤᠨ | ᠥᠨᠳᠥᠷ ᠵᠡᠷᠭᠡ ᠶᠢᠨ ᠰᠢᠭᠦᠬᠦ ᠬᠤᠷᠢᠶ᠎ᠠ ᠶᠢᠨ ᠡᠪᠯᠡᠯ ᠤᠨ ᠬᠤᠷᠢᠶ᠎ᠠ ᠬᠥᠬᠡᠬᠤᠲᠠ ᠶᠢᠨ ᠲᠣᠭᠲᠠᠬᠤ ᠰᠢᠶᠠᠨ ᠳᠤ ︽ᠶᠡᠭᠡ | ᠭᠤᠤᠯ ᠶᠢᠰᠦᠨ ᠮᠤᠷᠤᠢ ᠳᠤ ᠵᠠᠯᠠᠭᠤ ᠨᠠᠰᠤᠨ ᠤ ᠭᠡᠷᠡᠯ ᠭᠢᠯᠪᠠᠭ᠎ᠠ ᠪᠠᠨ ᠨᠡᠮᠡᠷᠢᠯᠡᠶ᠎ᠡ︾ ᠭᠡᠬᠦ ᠡᠬᠡ ᠭᠤᠤᠯ ᠤᠨ ᠭᠤᠤᠯ | ᠰᠡᠳᠦᠪᠲᠦ ᠡᠪᠯᠡᠯ ᠤᠨ ᠡᠳᠦᠷ ᠤᠨ ᠠᠵᠢᠯᠯᠠᠭ᠎ᠠ ᠶᠢ ᠬᠠᠮᠲᠤᠷᠠᠨ ᠥᠷᠨᠢᠭᠦᠯᠪᠡ᠃ | | | | | | ᠠᠵᠢᠯᠯᠠᠭ᠎ᠠ ᠡᠬᠢᠯᠡᠮᠡᠭᠴᠡ᠂ ᠡᠪᠯᠡᠯ ᠤᠨ ᠭᠡᠰᠢᠭᠦᠨ ᠵᠠᠯᠠᠭᠤᠴᠤᠳ ᠬᠤᠤ ᠵᠢᠶᠠ ᠶᠣᠣ ᠲᠣᠰᠬᠤᠨ ᠳᠤ ᠬᠠᠤᠯᠢ | ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠤᠬᠠᠭᠤᠯᠭ᠎ᠠ ᠥᠷᠨᠢᠭᠦᠯᠵᠦ᠂ ᠲᠣᠰᠬᠤᠨ ᠤ ᠠᠷᠠᠳ ᠲᠤ | ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠵᠤ᠂ ︽ᠬᠠᠲᠤᠨ ᠭᠤᠤᠯ ᠢ ᠬᠠᠮᠠᠭᠠᠯᠠᠬᠤ ᠬᠠᠤᠯᠢ︾ ᠶᠢ ᠲᠦᠭᠡᠮᠡᠯᠵᠢᠭᠦᠯᠵᠦ᠂ | ᠣᠯᠠᠨ ᠲᠦᠮᠡᠨ ᠢ ᠬᠥᠲᠥᠯᠦᠨ ᠵᠢᠯᠣᠭᠤᠳᠴᠤ ᠪᠠᠶᠢᠭᠠᠳ ᠬᠠᠤᠯᠢ ᠶᠢ ᠬᠦᠨᠳᠦᠳᠬᠡᠬᠦ ᠬᠠᠤᠯᠢ ᠶᠢ ᠰᠤᠷᠤᠯᠴᠠᠬᠤ | ᠬᠠᠤᠯᠢ ᠶᠢ ᠰᠠᠬᠢᠬᠤ ᠬᠠᠤᠯᠢ ᠶᠢ ᠬᠡᠷᠡᠭᠯᠡᠬᠦ ᠪᠣᠯᠭᠠᠵᠤ᠂ ᠣᠯᠠᠨ ᠲᠦᠮᠡᠨ ᠤ ᠬᠠᠤᠯᠢ ᠴᠠᠭᠠᠵᠠ ᠶᠢᠨ ᠤᠬᠠᠮᠰᠠᠷ ᠪᠠ | ᠬᠠᠤᠯᠢ ᠪᠠᠷ ᠵᠠᠰᠠᠬᠤ ᠦᠵᠡᠯᠲᠡ ᠶᠢ ᠴᠢᠩᠭᠠᠳᠬᠠᠵᠤ᠂ ︽ᠬᠠᠲᠤᠨ ᠭᠤᠤᠯ ᠢ ᠬᠠᠮᠠᠭᠠᠯᠠᠬᠤ ᠬᠠᠤᠯᠢ︾ ᠶᠢᠨ ᠡᠷᠬᠡ | ᠰᠦᠷ ᠢ ᠬᠠᠮᠠᠭᠠᠯᠠᠬᠤ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠣᠯᠭᠠᠪᠠ᠃ | | | | | | ᠳᠠᠷᠠᠭ᠎ᠠ ᠨᠢ᠂ ᠪᠦᠬᠦ ᠵᠠᠯᠠᠭᠤᠴᠤᠳ ᠬᠠᠳᠤᠨ ᠭᠤᠣᠯ ᠳᠠᠭᠠᠤ ᠶᠢᠨ ᠶᠠᠪᠠᠭᠠᠨ ᠵᠠᠮ ᠢᠶᠠᠷ᠂ ᠬᠠᠲᠤᠨ ᠭᠤᠤᠯ ᠤᠨ | ᠨᠠᠮ ᠤᠨ ᠬᠤᠷᠢᠶ᠎ᠡ ᠶᠢᠨ ᠲᠸᠤ ᠳ᠋ᠤᠤ ᠭᠤᠸᠠᠢ ᠤᠰᠤᠨ ᠰᠢᠨᠵᠢᠯᠡᠭᠡᠨ ᠤ ᠦᠷᠳᠡᠭᠡ ᠪᠣᠯᠤᠨ ᠱᠢ ᠰᠧ ᠹᠧᠨ | ᠲᠣᠰᠬᠤᠨ ᠤ ᠠᠶᠤᠯᠲᠠᠢ ᠪᠠᠷᠢᠯᠭ᠎ᠠ ᠶᠢᠨ ᠬᠡᠰᠡᠭ ᠲᠤ ᠬᠦᠷᠴᠦ ᠲᠣᠭᠤᠷᠢᠨ ᠦᠵᠡᠵᠦ ᠪᠠᠶᠢᠴᠠᠭᠠᠨ ᠰᠤᠳᠤᠯᠤᠯᠲᠠ | ᠬᠢᠪᠡ᠃ ᠳᠧᠦ ᠳ᠋ᠤᠤ ᠭᠤᠸᠠᠢ ᠤᠰᠤᠨ ᠰᠢᠨᠵᠢᠯᠡᠭᠡᠨ ᠤ ᠦᠷᠳᠡᠭᠡ ᠶᠢᠨ ᠠᠵᠢᠯᠲᠠᠳ ᠪᠦᠯᠬᠦᠮ ᠤᠨ ᠭᠡᠰᠢᠭᠦᠳ ᠲᠤ | ᠬᠠᠯᠢᠶ᠎ᠠ ᠦᠶᠡᠷ ᠤᠨ ᠬᠤᠭᠤᠴᠠᠭᠠᠨ ᠤ ᠤᠰᠤᠨ ᠰᠢᠨᠵᠢᠯᠡᠭᠡᠨ ᠤ ᠰᠢᠨᠵᠢᠯᠡᠨ ᠮᠡᠳᠡᠭᠡᠯᠡᠬᠦ ᠲᠦᠷᠦᠯ ᠵᠦᠢᠯ ᠪᠣᠯᠤᠨ | ᠤᠷᠤᠰᠬᠠᠯ ᠤᠨ ᠬᠡᠮᠵᠢᠯᠲᠡ ᠶᠢᠨ ᠠᠵᠢᠭᠯᠠᠯᠲᠠ ᠶᠢᠨ ᠲᠥᠬᠦᠭᠡᠷᠦᠮᠵᠢ ᠶᠢ ᠲᠠᠨᠢᠯᠴᠠᠭᠤᠯᠤᠭᠰᠠᠨ ᠪᠥᠭᠡᠳ | ᠬᠡᠮᠵᠢᠭᠦᠷᠯᠢᠭ ᠤᠨ ᠬᠠᠵᠠᠭᠤ ᠳᠤ ᠠᠵᠢᠯᠯᠠᠬᠤ ᠶᠠᠪᠤᠴᠠ ᠵᠢᠴᠢ ᠠᠵᠢᠯ ᠤᠨ ᠤᠭ ᠶᠣᠰᠣ ᠶᠢ ᠨᠠᠷᠢᠨ ᠲᠠᠶᠢᠯᠪᠤᠷᠢᠯᠠᠪᠠ᠃ | ᠪᠠᠷᠲᠠᠭᠠᠲᠤ ᠪᠠᠷᠢᠯᠭ᠎ᠠ ᠶᠢᠨ ᠬᠡᠰᠡᠭ ᠲᠤ᠂ ᠡᠪᠯᠡᠯ ᠤᠨ ᠭᠡᠰᠢᠭᠦᠳ ᠠᠩᠬ᠎ᠠ ᠤᠳᠠᠭ᠎ᠠ ᠮᠢᠩᠭᠠᠨ ᠵᠢᠯ ᠤᠨ ᠲᠡᠦᠬᠡ ᠲᠠᠢ | ᠵᠣᠴᠢᠨ ᠤ ᠴᠢᠯᠠᠭᠤᠨ ᠰᠢᠩᠭᠡᠯᠢᠭ ᠢ ᠣᠯᠵᠤ ᠬᠠᠷᠠᠵᠤ᠂ ᠲᠡᠷᠢ ᠲᠡᠭᠰᠢ ᠴᠢᠯᠠᠭᠤᠨ ᠰᠢᠩᠭᠡᠯᠢᠭ ᠨᠢ ᠡᠷᠭᠢ ᠶᠢᠨ | ᠬᠥᠪᠡᠭᠡᠨ ᠳᠤ ᠪᠠᠶᠢᠷᠢᠯᠠᠵᠤ᠂ ᠭᠤᠣᠯ ᠤᠨ ᠰᠠᠪᠠ ᠶᠢ ᠬᠠᠮᠠᠭᠠᠯᠠᠬᠤ᠂ ᠶᠡᠭᠦᠷᠡᠯ ᠢ ᠵᠠᠰᠠᠬᠤ᠂ ᠰᠢᠪᠠᠷ ᠴᠢᠯᠠᠭᠤᠨ ᠤ | ᠤᠷᠤᠰᠬᠠᠯ ᠵᠢᠴᠢ ᠣᠷᠴᠢᠨ ᠲᠣᠭᠤᠷᠢᠨ ᠤ ᠬᠠᠮᠠᠭᠠᠯᠠᠯᠲᠠ ᠶᠢ ᠰᠡᠷᠭᠡᠶᠢᠯᠡᠨ ᠵᠠᠰᠠᠬᠤ ᠳᠤ ᠴᠢᠬᠤᠯᠠ ᠦᠢᠯᠡᠳᠦᠯ ᠲᠠᠢ | ᠶᠤᠮ᠃ | ᠲᠣᠭᠲᠠᠬᠤ ᠰᠢᠶᠠᠨ ᠤ ᠠᠷᠠᠳ ᠤᠨ ᠰᠢᠭᠦᠬᠦ ᠬᠤᠷᠢᠶᠠᠨ ᠤ ᠲᠠᠶᠢᠯᠪᠤᠷᠢᠯᠠᠭᠴᠢ ᠶᠢᠨ ᠳᠠᠭᠠᠭᠤᠯᠭ᠎ᠠ ᠳᠣᠣᠷ᠎ᠠ᠂ | ᠡᠪᠯᠡᠯ ᠤᠨ ᠭᠡᠰᠢᠭᠦᠨ ᠵᠠᠯᠠᠭᠤᠴᠤᠳ ᠣᠷᠴᠢᠨ ᠲᠣᠭᠤᠷᠢᠨ ᠤ ᠡᠬᠢ ᠪᠠᠶᠠᠯᠢᠭ ᠤᠨ ᠬᠠᠮᠠᠭᠠᠯᠠᠯᠲᠠ ᠶᠢᠨ ᠰᠢᠭᠦᠬᠦ | ᠲᠢᠩᠬᠢᠮ᠂ ᠥᠪᠥᠷ ᠮᠣᠩᠭᠤᠯ ᠤᠨ ᠣᠷᠴᠢᠨ ᠲᠣᠭᠤᠷᠢᠨ ᠤ ᠡᠬᠢ ᠪᠠᠶᠠᠯᠢᠭ ᠤᠨ ᠬᠠᠤᠯᠢ ᠴᠠᠭᠠᠵᠠ ᠶᠢᠨ | ᠬᠠᠮᠠᠭᠠᠯᠠᠯᠲᠠ ᠶᠢᠨ ᠰᠤᠷᠭᠠᠨ ᠬᠥᠮᠦᠵᠢᠯ ᠤᠨ ᠰᠠᠭᠤᠷᠢᠨ ᠭᠠᠵᠠᠷ ᠪᠣᠯᠤᠨ ᠥᠪᠥᠷ ᠮᠣᠩᠭᠤᠯ ᠤᠨ ᠤᠰᠤᠨ | ᠠᠰᠢᠭᠯᠠᠯᠲᠠ ᠶᠢᠨ ᠬᠠᠥᠯᠢ ᠪᠠᠷ ᠵᠠᠰᠠᠬᠤ ᠰᠣᠶᠣᠯ ᠰᠤᠷᠭᠠᠨ ᠬᠥᠮᠦᠵᠢᠯ ᠤᠨ ᠰᠠᠭᠤᠷᠢᠨ ᠭᠠᠵᠠᠷ ᠢ ᠲᠣᠭᠤᠷᠢᠨ ᠦᠵᠡᠵᠦ | ᠪᠠᠶᠢᠴᠠᠭᠠᠨ ᠰᠤᠳᠤᠯᠵᠤ᠂ ︽ᠬᠠᠳᠤᠨ ᠭᠤᠣᠯ ᠢ ᠬᠠᠮᠠᠭᠠᠯᠠᠬᠤ ᠬᠠᠤᠯᠢ︾ ᠶᠢᠨ ᠵᠦᠢᠯ ᠵᠤᠷᠪᠤᠰ ᠢ ᠰᠤᠷᠤᠯᠴᠠᠪᠠ᠃ | | | | | | ᠡᠴᠦᠰ ᠲᠤ᠂ ᠪᠦᠬᠦ ᠡᠪᠯᠡᠯ ᠤᠨ ᠭᠡᠰᠢᠭᠦᠨ ᠵᠠᠯᠠᠭᠤᠴᠤᠳ ᠡᠪᠯᠡᠯ ᠳᠤ ᠣᠷᠣᠬᠤ ᠲᠥᠪ ᠴᠢᠩᠭ᠎ᠠ | ᠲᠠᠩᠭᠠᠷᠢᠭ ᠢᠶᠠᠨ ᠳᠠᠬᠢᠨ ᠰᠠᠨᠠᠭᠠᠯᠵᠠᠬᠤ ᠶᠣᠰᠣᠯᠠᠯ ᠢ ᠥᠷᠨᠢᠭᠦᠯᠪᠡ᠃ ᠡᠪᠯᠡᠯ ᠤᠨ ᠭᠡᠰᠢᠭᠦᠨ ᠪᠣᠯᠤᠨ ᠵᠠᠯᠠᠭᠤᠴᠤᠳ | ᠲᠥᠪ ᠴᠢᠩᠭ᠎ᠠ ᠤᠯᠤᠰ ᠲᠦᠷᠦ ᠶᠢᠨ ᠶᠣᠰᠣᠯᠠᠯ ᠤᠨ ᠳᠤᠮᠳᠠ ᠬᠥᠮᠦᠵᠢᠯ ᠬᠦᠷᠳᠡᠵᠦ᠂ ᠡᠪᠯᠡᠯ ᠤᠨ ᠵᠣᠬᠢᠶᠠᠨ | ᠪᠠᠶᠢᠭᠤᠯᠤᠯᠲᠠ ᠶᠢᠨ ᠲᠤᠬᠠᠢ ᠮᠡᠳᠡᠷᠡᠮᠵᠢ᠂ ᠨᠠᠮ ᠤᠨ ᠵᠣᠬᠢᠶᠠᠨ ᠪᠠᠶᠢᠭᠤᠯᠤᠯᠲᠠ ᠶᠢᠨ ᠲᠤᠬᠠᠢ ᠬᠦᠰᠡᠯ ᠡᠷᠡᠮᠡᠯᠵᠡᠯ ᠢ | ᠴᠢᠩᠭᠠᠳᠬᠠᠪᠠ᠃ | ᠡᠪᠯᠡᠯ ᠤᠨ ᠭᠡᠰᠢᠭᠦᠳ᠂ ᠨᠢᠭᠡ ᠡᠳᠦᠷ ᠤᠨ ᠠᠵᠢᠯᠯᠠᠭ᠎ᠠ ᠪᠠᠷ ᠳᠠᠮᠵᠢᠨ᠂ ︽ᠬᠠᠳᠤᠨ ᠭᠤᠣᠯ ᠢ ᠬᠠᠮᠠᠭᠠᠯᠠᠬᠤ | ᠬᠠᠤᠯᠢ︾ ᠶᠢᠨ ᠲᠤᠬᠠᠢ ᠨᠡᠩ ᠪᠦᠬᠦ ᠲᠠᠯ᠎ᠠ ᠶᠢᠨ ᠣᠶᠢᠯᠠᠭᠠᠯᠲᠠ ᠲᠠᠨᠢᠯᠲᠠ ᠲᠠᠢ ᠪᠣᠯᠵᠤ᠂ ᠬᠠᠮᠠᠭᠠᠯᠠᠬᠤ ᠬᠠᠤᠯᠢ ᠶᠢᠨ | ᠬᠠᠳᠤᠨ ᠭᠤᠣᠯ ᠤᠨ ᠵᠠᠰᠠᠯᠲᠠ ᠳᠠᠬᠢ ᠴᠢᠬᠤᠯᠠ ᠦᠢᠯᠡᠳᠦᠯ ᠢ ᠭᠦᠢᠴᠡᠳ ᠲᠠᠨᠢᠵᠤ᠂ ᠤᠰᠤᠨ ᠤ ᠬᠠᠤᠯᠢ ᠶᠢᠨ | ᠰᠤᠷᠤᠯᠴᠠᠯᠭ᠎ᠠ ᠶᠢ ᠡᠳᠦᠷ ᠲᠤᠳᠤᠮ ᠤᠨ ᠠᠵᠢᠯ ᠳᠠᠭᠠᠨ ᠠᠭᠤᠰᠤᠯᠴᠠᠭᠤᠯᠵᠤ᠂ ᠬᠠᠥᠯᠢ ᠪᠠᠷ ᠵᠠᠰᠠᠬᠤ ᠵᠣᠷᠢᠭ | ᠰᠠᠨᠠᠭ᠎ᠠ ᠶᠢ ᠤᠯᠠᠮᠵᠢᠯᠠᠨ ᠪᠠᠳᠠᠷᠠᠭᠤᠯᠵᠤ᠂ ᠬᠤᠶᠠᠷ ᠶᠡᠭᠡ ᠶᠠᠪᠤᠳᠠᠯ ᠳᠤ ᠰᠠᠶᠢᠲᠤᠷ ᠦᠢᠯᠡᠴᠢᠯᠡᠵᠦ ᠪᠠᠲᠤᠯᠠᠬᠤ ᠪᠠ | ᠥᠪᠥᠷ ᠮᠣᠩᠭᠤᠯ ᠤᠨ ᠤᠰᠤᠨ ᠠᠰᠢᠭᠯᠠᠯᠲᠠ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠬᠦᠴᠦᠨ | ᠴᠢᠳᠠᠯ ᠢᠶᠠᠨ ᠡᠷᠭᠦᠨ᠎ᠡ ᠭᠡᠵᠦ ᠢᠯᠡᠳᠬᠡᠵᠡᠭᠡᠪᠡ᠃ | ᠲᠢᠩᠬᠢᠮ ᠤᠨ ᠬᠠᠷᠢᠶ᠎ᠠ ᠡᠯ᠎ᠡ ᠨᠢᠭᠡᠴᠢ᠂ ᠠᠷᠠᠳ ᠤᠨ ᠥᠨᠳᠥᠷ ᠵᠡᠷᠭᠡ ᠶᠢᠨ ᠰᠢᠭᠦᠬᠦ ᠬᠤᠷᠢᠶ᠎ᠠ᠂ ᠤᠰᠤᠨ | ᠠᠰᠢᠭᠯᠠᠯᠲᠠ ᠶᠢᠨ ᠦᠢᠯᠡᠰ ᠤᠨ ᠬᠥᠭᠵᠢᠯᠲᠡ ᠶᠢᠨ ᠲᠥᠪ ᠤᠨ 90 ᠭᠠᠷᠤᠢ ᠡᠪᠯᠡᠯ ᠤᠨ ᠭᠡᠰᠢᠭᠦᠨ ᠵᠠᠯᠠᠭᠤᠴᠤᠳ | ᠠᠵᠢᠯᠯᠠᠭ᠎ᠠ ᠳᠤ ᠣᠷᠣᠯᠴᠠᠪᠠ᠃ | |