ᠰᠢᠨᠬᠤᠸᠠ ᠬᠤᠷᠢᠶ᠎ᠠ᠄ ᠵᠦᠵᠢᠶᠠᠩ ᠮᠦᠷᠡᠨ ᠤ ᠰᠠᠪᠠ ᠭᠠᠵᠠᠷ ᠤᠨ ᠪᠧᠶᠢᠵᠢᠶᠠᠩ ᠳᠤ 2 ᠳ᠋ᠤᠭᠠᠷ ᠨᠣᠮᠧᠷᠲᠤ ᠦᠶᠡᠷ ᠤᠨ ᠤᠰᠤ ᠡᠭᠦᠰᠴᠡᠶ
ᠨᠡᠶᠢᠲᠡᠯᠡᠭᠰᠡᠨ ᠴᠠᠭ᠄
2024/4/24
  ᠤᠰᠤᠨ ᠠᠰᠢᠭᠯᠠᠯᠲᠠ ᠶᠢᠨ ᠶᠠᠮᠤᠨ ᠦᠶᠡᠷ ᠤᠨ ᠪᠠᠶᠢᠳᠠᠯ ᠤᠨ ᠮᠡᠳᠡᠭᠡᠯᠡᠯ ᠢ ᠨᠡᠶᠢᠲᠡᠯᠡᠵᠦ᠂ 20 ᠤ ᠡᠳᠦᠷ ᠤᠨ 20 ᠴᠠᠭ 45 ᠮᠢᠨᠦ᠋ᠲ ᠲᠤ ᠵᠦᠵᠢᠶᠠᠩ ᠮᠥᠷᠡᠨ ᠤ ᠰᠠᠪᠠ ᠭᠠᠵᠠᠷ ᠤᠨ ᠪᠧᠶᠢᠵᠢᠶᠠᠩ ᠮᠥᠷᠡᠨ ᠤ ᠭᠤᠣᠯ ᠤᠷᠤᠰᠬᠠᠯ ᠤᠨ ᠱᠢ ᠵᠢᠶᠣᠣ ᠤᠰᠤᠨ ᠰᠢᠨᠵᠢᠯᠡᠭᠡᠨ ᠤ ᠥᠷᠲᠡᠭᠡ ᠶᠢᠨ ᠤᠷᠤᠰᠬᠠᠯ ᠤᠨ ᠬᠡᠮᠵᠢᠶ᠎ᠡ ᠨᠡᠮᠡᠭᠳᠡᠭᠡᠳ ᠰᠧᠺᠦ᠋ᠨ᠋ᠳ᠋ ᠪᠦᠷᠢ ᠳᠤ 12000 ᠪᠣᠰᠤᠭ᠎ᠠ ᠳᠥᠷᠪᠡᠯᠵᠢᠨ ᠮᠧᠲᠷ ᠪᠣᠯᠵᠤ᠂ ᠪᠧᠶᠢᠵᠢᠶᠠᠩ ᠮᠥᠷᠡᠨ ᠳᠤ 2024 ᠣᠨ ᠤ 2 ᠳ᠋ᠤᠭᠠᠷ ᠨᠣᠮᠧᠷᠲᠤ ᠦᠶᠡᠷ ᠤᠨ ᠤᠰᠤ ᠭᠠᠷᠴᠠᠢ᠃  ᠣᠶᠢᠷ᠎ᠠ ᠶᠢᠨ ᠡᠳᠦᠷ ᠰᠢᠷᠦᠭᠦᠨ ᠪᠣᠷᠣᠭᠠᠨ ᠤ ᠨᠥᠯᠥᠭᠡ ᠪᠠᠷ ᠵᠦᠵᠢᠶᠠᠩ ᠮᠥᠷᠡᠨ ᠤ ᠰᠠᠪᠠ ᠭᠠᠵᠠᠷ ᠤᠨ ᠤᠮᠠᠷᠠᠲᠤ ᠮᠥᠷᠡᠨ ᠳᠤ ᠮᠡᠳᠡᠭᠳᠡᠮ᠎ᠡ ᠦᠶᠡᠷ ᠤᠨ ᠤᠰᠤ ᠣᠷᠣᠭᠰᠠᠨ ᠪᠠᠶᠢᠨ᠎ᠠ᠃ ᠤᠰᠤᠨ ᠠᠰᠢᠭᠯᠠᠯᠲᠠ ᠶᠢᠨ ᠶᠠᠮᠤᠨ ᠲᠤᠰ ᠡᠳᠦᠷ ᠦᠶᠡᠷ ᠢ ᠰᠡᠷᠭᠡᠶᠢᠯᠡᠵᠤ ᠵᠥᠪᠳᠡᠯᠴᠡᠬᠦ ᠬᠤᠷᠠᠯ ᠬᠢᠵᠦ᠂ ᠲᠦᠷᠦᠭᠦᠬᠡᠨ ᠡᠬᠢᠯᠡᠭᠦᠯᠦᠭᠰᠡᠨ ᠦᠶᠡᠷ ᠤᠨ ᠰᠡᠷᠭᠡᠶᠢᠯᠡᠯᠲᠡ ᠶᠢᠨ Ⅳ ᠳᠡᠰ ᠤᠨ ᠪᠠᠴᠢᠮ ᠪᠠᠶᠢᠳᠠᠯ ᠢ ᠠᠷᠭᠠᠴᠠᠬᠤ ᠶᠢᠨ ᠬᠠᠮᠲᠤ ᠭᠤᠸᠠᠩᠳᠦ᠋ᠩ ᠮᠣᠵᠢ ᠶᠢᠨ ᠤᠰᠤᠨ ᠠᠰᠢᠭᠯᠠᠯᠲᠠ ᠶᠢᠨ ᠲᠢᠩᠬᠢᠮ ᠳᠤ ᠮᠡᠳᠡᠭᠳᠡᠯ ᠭᠠᠷᠭᠠᠵᠤ᠂ ᠪᠧᠶᠢᠵᠢᠶᠠᠩ ᠤᠨ ᠳᠤᠭᠰᠢᠨ ᠪᠣᠷᠣᠭᠠᠨ ᠦᠶᠡᠷ ᠤᠨ ᠤᠰᠤ ᠶᠢ ᠰᠡᠷᠭᠡᠶᠢᠯᠡᠬᠦ ᠠᠵᠢᠯ ᠢ ᠪᠠᠶᠢᠷᠢᠯᠠᠭᠤᠯᠵᠠᠢ᠃  ᠤᠰᠤᠨ ᠠᠰᠢᠭᠯᠠᠯᠲᠠ ᠶᠢᠨ ᠶᠠᠮᠤᠨ ᠤ ᠵᠦᠵᠢᠶᠠᠩ ᠮᠥᠷᠡᠨ ᠤ ᠤᠰᠤᠨ ᠠᠰᠢᠭᠯᠠᠯᠲᠠ ᠶᠢᠨ ᠵᠥᠪᠯᠡᠯ ᠨᠢ 20 ᠤ ᠡᠳᠦᠷ ᠤᠨ 17 ᠴᠠᠭ ᠲᠤ ᠦᠶᠡᠷ ᠤᠨ ᠭᠠᠮᠰᠢᠭ ᠢ ᠰᠡᠷᠭᠡᠶᠢᠯᠡᠬᠦ Ⅳᠳᠡᠰ ᠤᠨ ᠪᠠᠴᠢᠮ ᠪᠠᠶᠢᠳᠠᠯ ᠢ ᠠᠷᠭᠠᠴᠠᠬᠤ ᠶᠢ Ⅲ ᠳᠡᠰ ᠪᠣᠯᠭᠠᠨ ᠳᠡᠭᠡᠭᠰᠢᠯᠡᠭᠦᠯᠵᠦ᠂ ᠭᠤᠸᠠᠩᠳᠦ᠋ᠩ ᠮᠣᠵᠢ ᠶᠢᠨ ᠤᠰᠤᠨ ᠠᠰᠢᠭᠯᠠᠯᠲᠠ ᠶᠢᠨ ᠲᠢᠩᠬᠢᠮ ᠵᠡᠷᠭᠡ ᠬᠤᠯᠪᠣᠭᠳᠠᠯ ᠪᠦᠬᠦᠢ ᠨᠢᠭᠡᠴᠢ ᠪᠣᠯᠤᠨ ᠰᠠᠯᠠᠭ᠎ᠠ ᠮᠥᠴᠢᠷ ᠲᠠᠢ ᠬᠠᠮᠲᠤᠷᠠᠨ ᠤᠮᠠᠷᠠᠲᠤ ᠮᠥᠷᠡᠨ ᠤ ᠳᠡᠭᠡᠳᠦ ᠤᠷᠤᠰᠬᠠᠯ ᠤᠨ ᠤᠰᠤᠨ ᠴᠥᠭᠦᠷᠥᠮ ᠤᠨ ᠦᠶᠡᠷ ᠢ ᠬᠤᠷᠢᠭᠯᠠᠬᠤ᠂ ᠣᠷᠭᠢᠯ ᠢ ᠠᠷᠢᠯᠭᠠᠬᠤ᠂ ᠣᠷᠭᠢᠯ ᠢ ᠵᠥᠷᠢᠭᠦᠯᠬᠦ ᠶᠠᠪᠤᠳᠠᠯ ᠢ ᠲᠣᠬᠢᠷᠠᠭᠤᠯᠵᠤ᠂ ᠵᠠᠮ ᠳᠠᠭᠠᠤ ᠡᠯ᠎ᠡ ᠭᠠᠵᠠᠷ ᠤᠨ ᠬᠢᠨ ᠲᠣᠭᠤᠷᠢᠨ ᠪᠠᠶᠢᠴᠠᠭᠠᠵᠤ ᠰᠡᠷᠭᠡᠶᠢᠯᠡᠬᠦ ᠶᠢ ᠴᠢᠩᠭᠠᠳᠬᠠᠨ᠂ ᠪᠧᠶᠢᠵᠢᠶᠠᠩ ᠤᠨ ᠭᠤᠣᠯ ᠤᠷᠤᠰᠬᠠᠯ ᠤᠨ ᠦᠶᠡᠷ ᠢ ᠰᠡᠷᠭᠡᠶᠢᠯᠡᠬᠦ ᠳᠠᠷᠤᠯᠲᠠ ᠶᠢ ᠪᠦᠬᠦ ᠬᠦᠴᠦᠨ ᠢᠶᠠᠷ ᠢᠶᠠᠨ᠂ ᠦᠶᠡᠷ ᠶᠠᠪᠤᠭᠤᠯᠬᠤ ᠠᠮᠤᠷ ᠲᠦᠪᠰᠢᠨ ᠢ ᠦᠨᠡᠨᠬᠦ ᠪᠠᠲᠤᠯᠠᠬᠤ ᠬᠡᠷᠡᠭᠲᠡᠢ᠃  4 ᠳ᠋ᠦ᠋ᠭᠡᠷ ᠰᠠᠷ᠎ᠠ ᠶᠢᠨ 7 ᠤ ᠡᠳᠦᠷ ᠤᠨ 6 ᠴᠠᠭ 35 ᠮᠢᠨᠦ᠋ᠲ ᠲᠤ᠂ ᠪᠧᠶᠢᠵᠢᠶᠠᠩ ᠳᠤ 2024 ᠣᠨ ᠤ 1 ᠳ᠋ᠤᠭᠡᠷ ᠲᠣᠭᠠᠲᠤ ᠦᠶᠡᠷ ᠭᠠᠷᠪᠠ᠂ ᠡᠨᠡ ᠪᠣᠯ ᠮᠠᠨ ᠤ ᠤᠯᠤᠰ ᠤᠨ ᠡᠨᠡ ᠵᠢᠯ ᠤᠨ ᠭᠤᠤᠯ ᠮᠥᠷᠡᠨ ᠳᠤ ᠠᠩᠬ᠎ᠠ ᠤᠳᠠᠭ᠎ᠠ ᠳ᠋ᠤᠭᠠᠷᠯᠠᠭᠰᠠᠨ ᠦᠶᠡᠷ ᠪᠣᠯᠤᠨ᠎ᠠ᠂ ᠮᠥᠨ ᠴᠦ 1998 ᠣᠨ ᠳᠤ ᠪᠥᠬᠦ ᠤᠯᠤᠰ ᠲᠤ ᠳ᠋ᠤᠭᠠᠷᠯᠠᠭᠰᠠᠨ ᠦᠶᠡᠷ ᠤᠨ ᠭᠠᠮᠰᠢᠭ ᠤᠨ ᠪᠦᠷᠢᠳᠬᠡᠯ ᠢ ᠦᠨᠳᠦᠰᠦᠯᠡᠪᠡᠯ᠂ ᠬᠠᠮᠤᠭ ᠤᠨ ᠡᠷᠲᠡ ᠡᠭᠦᠰᠦᠭᠰᠡᠨ ᠨᠢᠭᠡ ᠤᠳᠠᠭ᠎ᠠ ᠪᠣᠯᠤᠨ᠎ᠠ᠃ 
 
ᠢᠷᠡᠯᠲᠡ᠄ ᠰᠢᠨᠬᠤᠸᠠ ᠬᠤᠷᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号