ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠲᠤᠰᠬᠠᠶ ᠰᠡᠳᠦᠪᠲᠦ ᠨᠣᠮ ᠤᠩᠰᠢᠬᠤ ᠠᠩᠭᠢ ᠡᠷᠬᠢᠯᠡᠪᠡ
ᠨᠡᠶᠢᠲᠡᠯᠡᠭᠰᠡᠨ ᠴᠠᠭ᠄
2024/4/28
  ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠲᠤᠬᠠᠶ ᠨᠠᠮ ᠤᠨ ᠲᠥᠪ ᠬᠤᠷᠢᠶ᠎ᠠ ᠪᠣᠯᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠤᠰᠤᠨ ᠠᠰᠢᠭᠯᠠᠯᠲᠠ ᠶᠢᠨ ᠰᠢᠰᠲ᠋ᠧᠮ ᠤᠨ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠭᠦᠨᠵᠡᠭᠡᠶ ᠥᠷᠨᠢᠭᠦᠯᠬᠦ ᠶᠢᠨ ᠲᠥᠯᠥᠭᠡ᠂ 4 ᠳ᠋ᠦ᠋ᠭᠡᠷ ᠰᠠᠷ᠎ᠠ ᠶᠢᠨ 26 ᠤ ᠡᠳᠦᠷ᠂ 28 ᠤ ᠡᠳᠦᠷ᠂ ᠤᠰᠤᠨ ᠠᠰᠢᠭᠯᠠᠯᠲᠠ ᠶᠢᠨ ᠲᠢᠩᠬᠢᠮ 2 ᠡᠳᠦᠷ ᠤᠨ ᠴᠠᠭ ᠢ ᠠᠰᠢᠭᠯᠠᠨ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠲᠤᠰᠬᠠᠶ ᠰᠡᠳᠦᠪᠲᠦ ᠨᠣᠮ ᠤᠩᠰᠢᠬᠤ ᠠᠩᠭᠢ ᠡᠷᠭᠢᠯᠡᠪᠡ᠃ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠢᠩᠬᠢᠮ ᠤᠨ ᠳᠠᠷᠤᠭ᠎ᠠ ᠱᠧᠩ ᠰᠢᠶᠣᠣ ᠶᠢᠦ ᠨᠣᠮ ᠤᠩᠰᠢᠬᠤ ᠠᠩᠭᠢ ᠶᠢ ᠡᠷᠭᠢᠯᠡᠭᠰᠡᠨ ᠪᠥᠭᠡᠳ ᠶᠠᠷᠢᠶ᠎ᠠ ᠲᠠᠯᠪᠢᠪᠠ᠃ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠭᠡᠰᠢᠭᠦᠨ᠂ ᠲᠢᠩᠬᠢᠮ ᠳᠤ ᠰᠠᠭᠤᠭ᠎ᠠ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠳᠤᠭᠤᠶᠢᠯᠠᠩ ᠤᠨ ᠳᠠᠷᠤᠭ᠎ᠠ ᠹᠠᠨ ᠵᠥᠩ ᠰᠢᠨ᠎ᠡ ᠪᠠᠷ ᠵᠠᠰᠠᠪᠤᠷᠢ ᠣᠷᠣᠭᠤᠯᠤᠭᠰᠠᠨ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠰᠠᠬᠢᠯᠭ᠎ᠠ ᠪᠠᠲᠤ ᠶᠢᠨ ᠰᠢᠢᠳᠬᠡᠯ ᠥᠭᠬᠦ ᠲᠦᠷᠢᠮ︾ ᠤᠨ ᠲᠣᠭᠤᠷᠢᠨ ᠳᠤ ᠨᠠᠷᠢᠨ ᠲᠠᠶᠢᠯᠤᠮᠵᠢ ᠬᠢᠪᠠ᠃
学习教育专题读书班1.png
  ᠨᠣᠮ ᠤᠩᠰᠢᠬᠤ ᠠᠩᠭᠢ ᠶᠢ ᠨᠢᠭᠡᠳᠦᠯᠲᠡᠶ ᠲᠥᠯᠥᠪᠯᠡᠬᠦ᠂ ᠲᠥᠪᠯᠡᠷᠡᠭᠦᠯᠦᠨ ᠵᠣᠬᠢᠶᠠᠨ ᠪᠠᠶᠢᠭᠤᠯᠬᠤ᠂ ᠵᠡᠷᠭᠡ ᠪᠠᠷ ᠬᠡᠷᠡᠭᠵᠢᠭᠦᠯᠬᠦ᠂ ᠲᠥᠷᠥᠯ ᠬᠤᠪᠢᠶᠠᠨ ᠠᠬᠢᠭᠤᠯᠬᠤ ᠠᠷᠭ᠎ᠠ ᠬᠡᠮᠵᠢᠶ᠎ᠡ ᠠᠯᠬᠤᠮ ᠳᠠᠷᠠᠭ᠎ᠠ ᠶᠣᠰᠣᠭᠠᠷ᠂ ᠲᠠᠶᠢᠯᠤᠮᠵᠢ ᠶᠢ ᠦᠵᠡᠬᠦ᠂ ᠲᠤᠰᠬᠠᠶ ᠰᠡᠳᠦᠪ ᠢᠶᠠᠷ ᠬᠠᠪᠰᠤᠷᠤᠨ ᠵᠢᠯᠣᠭᠤᠳᠬᠤ᠂ ᠬᠤᠪᠢ ᠬᠥᠮᠦᠨ ᠥᠪᠡᠰᠦᠪᠡᠨ ᠰᠤᠷᠤᠯᠴᠠᠬᠤ᠂ ᠰᠣᠯᠢᠯᠴᠠᠵᠤ ᠰᠤᠳᠤᠯᠤᠨ ᠶᠠᠷᠢᠯᠴᠠᠬᠤ ᠵᠡᠷᠭᠡ ᠠᠷᠭ᠎ᠠ ᠮᠠᠶ᠋ᠢᠭ ᠢᠶᠠᠷ ᠶᠠᠪᠤᠭᠳᠠᠭᠤᠯᠪᠠ᠃ 4 ᠳ᠋ᠦ᠋ᠭᠡᠷ ᠰᠠᠷ᠎ᠠ ᠶᠢᠨ 26 ᠤ ᠡᠳᠦᠷ ᠤᠨ ᠦᠳᠡ ᠶᠢᠨ ᠡᠮᠦᠨ᠎ᠡ᠂ ᠲᠤᠰᠬᠠᠶ ᠰᠡᠳᠦᠪᠲᠦ ᠨᠣᠮ ᠤᠩᠰᠢᠬᠤ ᠠᠩᠭᠢ ᠶᠢᠨ ᠠᠩᠭᠢ ᠡᠬᠢᠯᠡᠬᠦ ᠶᠣᠰᠣᠯᠠᠯ ᠶᠠᠪᠤᠭᠤᠯᠵᠤ᠂ ᠲᠥᠪ ᠤᠨ ᠤᠬᠠᠭᠤᠯᠬᠤ ᠬᠡᠯᠲᠡᠰ ᠤᠨ ᠪᠥᠬᠦ ᠤᠯᠤᠰ ᠤᠨ ᠤᠬᠠᠭᠤᠯᠬᠤ ᠺᠠᠳ᠋ᠷ ᠤᠨ ᠳᠡᠭᠡᠳᠦ ᠰᠤᠷᠭᠠᠭᠤᠯᠢ ᠶᠢᠨ ᠵᠢᠭᠠᠨ ᠰᠤᠳᠤᠯᠬᠤ ᠬᠡᠯᠲᠡᠰ ᠤᠨ ᠡᠷᠬᠢᠯᠡᠭᠴᠢ ᠴᠢᠨ ᠴᠢᠶᠠᠩ ᠫᠷᠤᠹᠧᠰᠰᠤᠷ ᠭᠤᠣᠯᠯᠠᠨ ᠶᠠᠷᠢᠭᠰᠠᠨ ︽ᠰᠢᠨ᠎ᠡ ᠪᠠᠷ ᠵᠠᠰᠠᠪᠤᠷᠢ ᠣᠷᠣᠭᠤᠯᠤᠭᠰᠠᠨ ︿ᠳᠤᠮᠳᠠᠳᠤ ᠤᠯᠤᠰ ᠤᠨ ᠡᠪ ᠬᠠᠮᠲᠤ ᠨᠠᠮ ᠤᠨ ᠰᠠᠬᠢᠯᠭ᠎ᠠ ᠪᠠᠲᠤ ᠶᠢᠨ ᠰᠢᠢᠳᠬᠡᠯ ᠥᠭᠬᠦ ᠲᠦᠷᠢᠮ﹀ ᠤᠨ ᠵᠣᠷᠢᠭ ᠰᠠᠨᠠᠭᠠᠨ ᠤ ᠲᠠᠶᠢᠯᠤᠮᠵᠢ︾ ᠭᠡᠬᠦ ᠬᠠᠪᠰᠤᠷᠤᠨ ᠵᠢᠯᠣᠭᠤᠳᠬᠤ ᠲᠠᠶᠢᠯᠤᠮᠵᠢ ᠶᠢ ᠲᠥᠪᠯᠡᠷᠡᠭᠦᠯᠦᠨ ᠦᠵᠡᠪᠡ︔ 4 ᠳ᠋ᠦ᠋ᠭᠡᠷ ᠰᠠᠷ᠎ᠠ ᠶᠢᠨ 26 ᠤ ᠡᠳᠦᠷ ᠤᠨ ᠦᠳᠡ ᠶᠢᠨ ᠬᠤᠶᠢᠨ᠎ᠠ᠂ ᠹᠠᠨ ᠵᠦᠩ ᠨᠥᠬᠦᠷ ᠵᠠᠰᠠᠪᠤᠷᠢ ᠣᠷᠣᠭᠤᠯᠤᠭᠰᠠᠨ ᠠᠬᠤᠶ ᠪᠠᠶᠢᠳᠠᠯ᠂ ᠭᠤᠣᠯ ᠣᠨᠴᠠᠯᠢᠭ᠂ ᠭᠤᠣᠯ ᠠᠭᠤᠯᠭ᠎ᠠ ᠵᠡᠷᠭᠡ ᠲᠠᠯ᠎ᠠ ᠪᠠᠷ ᠪᠦᠯᠦᠭ ᠵᠤᠷᠪᠤᠰ ᠳᠠᠷᠠᠭᠠᠯᠠᠨ ︽ᠳᠦᠷᠢᠮ︾ ᠳᠤ ᠭᠦᠨᠵᠡᠭᠡᠶ ᠲᠠᠶᠢᠯᠤᠮᠵᠢ ᠬᠢᠪᠡ︔ 4 ᠳ᠋ᠦ᠋ᠭᠡᠷ ᠰᠠᠷ᠎ᠠ ᠶᠢᠨ 28 ᠤ ᠡᠳᠦᠷ ᠤᠨ ᠦᠳᠡ ᠶᠢᠨ ᠡᠮᠦᠨ᠎ᠡ᠂ ᠲᠢᠩᠬᠢᠮ ᠤᠨ ᠤᠳᠤᠷᠢᠳᠤᠯᠭ᠎ᠠ᠂ ᠲᠢᠩᠬᠢᠮ ᠤᠨ ᠪᠠᠶᠢᠭᠤᠯᠭ᠎ᠠ᠂ ᠲᠢᠩᠬᠢᠮ ᠤᠨ ᠬᠠᠷᠢᠶ᠎ᠠ ᠡᠯ᠎ᠡ ᠨᠢᠭᠡᠴᠢ ᠶᠢ ᠵᠣᠬᠢᠶᠠᠨ ᠪᠠᠶᠢᠭᠤᠯᠤᠨ ᠬᠤᠪᠢ ᠬᠥᠮᠦᠨ ᠤ ᠥᠪᠡᠰᠦᠪᠡᠨ ᠰᠣᠷᠣᠯᠴᠠᠬᠤ ᠶᠢ ᠥᠷᠨᠢᠭᠦᠯᠵᠦ᠂ ᠰᠤᠳᠤᠯᠤᠨ ᠶᠠᠷᠢᠯᠴᠠᠵᠤ ᠰᠣᠯᠢᠯᠴᠠᠬᠤ ᠮᠠᠲ᠋ᠧᠷᠢᠶᠠᠯ ᠪᠢᠴᠢᠵᠦ᠂ ᠪᠠᠭ᠎ᠠ ᠬᠡᠪᠴᠢᠶᠡᠨ ᠤ ᠰᠣᠯᠢᠯᠴᠠᠭ᠎ᠠ ᠰᠤᠳᠤᠯᠭᠠᠨ ᠥᠷᠨᠢᠭᠦᠯᠪᠡ︔ 4 ᠳ᠋ᠦ᠋ᠭᠡᠷ ᠰᠠᠷ᠎ᠠ ᠶᠢᠨ 28 ᠤ ᠡᠳᠦᠷ ᠤᠨ ᠦᠳᠡ ᠶᠢᠨ ᠬᠤᠶᠢᠨ᠎ᠠ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠲᠤᠰᠬᠠᠢ ᠰᠡᠳᠦᠪᠲᠦ ᠨᠣᠮ ᠤᠩᠰᠢᠬᠤ ᠠᠩᠭᠢ ᠵᠢᠴᠢ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠤᠨᠤᠯ ᠤᠨ ᠰᠤᠷᠤᠯᠴᠠᠯᠭ᠎ᠠ ᠶᠢᠨ ᠭᠤᠣᠯ ᠳᠤᠭᠤᠶᠢᠯᠠᠩ ᠤᠨ ᠳᠣᠯᠣᠳᠤᠭᠠᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ᠶᠢᠨ ᠰᠤᠳᠤᠯᠤᠨ ᠶᠠᠷᠢᠯᠴᠠᠬᠤ ᠬᠤᠷᠠᠯ ᠬᠤᠷᠠᠯᠳᠤᠭᠤᠯᠵᠤ᠂   ︽ᠰᠦᠨ ᠱᠤᠤ ᠴᠧᠩ ᠱᠦᠵᠢ ᠶᠢᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠨᠣᠮ ᠤᠩᠰᠢᠬᠤ ᠠᠩᠭᠢ ᠵᠢᠴᠢ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠤᠨᠤᠯ ᠰᠤᠷᠤᠯᠴᠠᠬᠤ ᠭᠤᠣᠯ ᠳᠤᠭᠤᠶᠢᠯᠠᠩ ᠤᠨ 2024 ᠣᠨ ᠤ 4 ᠳ᠋ᠤᠭᠡᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ᠬᠢᠬᠦ ᠦᠶ᠎ᠡ ᠶᠢᠨ ᠶᠠᠷᠢᠶ᠎ᠠ︾ ᠶᠢ ᠤᠯᠠᠮᠵᠢᠯᠠᠨ ᠰᠣᠷᠣᠯᠴᠠᠵᠤ᠂ ︽ᠲᠦᠷᠢᠮ︾ ᠢ ᠰᠤᠷᠤᠯᠴᠠᠨ ᠲᠤᠭᠤᠰᠢᠯᠠᠭᠤᠯᠬᠤ ᠳᠤ ᠠᠩᠬᠠᠷᠤᠯ ᠢᠶᠠᠨ ᠲᠥᠪᠯᠡᠷᠡᠭᠦᠯᠦᠨ᠂ ᠲᠣᠰ ᠪᠡᠶ᠎ᠡ ᠶᠢᠨ ᠦᠵᠡᠯ ᠰᠠᠨᠠᠭ᠎ᠠ ᠪᠠ ᠲᠤᠬᠠᠶᠢᠯᠠᠭᠰᠠᠨ ᠠᠵᠢᠯ ᠲᠠᠢ ᠪᠠᠨ ᠤᠶᠠᠯᠳᠤᠭᠤᠯᠤᠨ᠂ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠭᠡᠰᠢᠭᠦᠨ ᠰᠤᠳᠤᠯᠤᠨ ᠶᠠᠷᠢᠯᠴᠠᠵᠤ ᠰᠣᠯᠢᠯᠴᠠᠵᠤ᠂ ᠪᠤᠰᠤᠳ ᠭᠤᠣᠯ ᠳᠤᠭᠤᠶᠢᠯᠠᠩ ᠤᠨ ᠭᠡᠰᠢᠭᠦᠨ ᠨᠡᠷ ᠪᠢᠴᠢᠭ ᠤᠨ ᠬᠡᠯᠪᠡᠷᠢ ᠪᠠᠷ ᠰᠤᠳᠤᠯᠤᠨ ᠶᠠᠷᠢᠯᠴᠠᠬᠤ ᠮᠠᠲ᠋ᠧᠷᠢᠶᠠᠯ ᠢᠶᠠᠨ ᠲᠤᠰᠢᠶᠠᠪᠠ᠃
学习教育专题读书班2.png
  ᠬᠤᠷᠠᠯ ᠠᠴᠠ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠥᠷᠨᠢᠭᠦᠯᠬᠦ ᠪᠣᠯ ᠨᠠᠮ ᠤᠨ ᠰᠠᠬᠢᠯᠭ᠎ᠠ ᠪᠠᠲᠤ ᠶᠢᠨ ᠪᠠᠶᠢᠭᠤᠯᠤᠯᠲᠠ ᠶᠢ ᠴᠢᠩᠭᠠᠳᠬᠠᠬᠤ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢᠨ ᠭᠦᠨᠵᠡᠭᠡᠶᠢᠷᠡᠨ ᠬᠥᠭᠵᠢᠬᠦ ᠶᠢ ᠠᠬᠢᠭᠤᠯᠬᠤ ᠴᠢᠬᠤᠯᠠ ᠠᠷᠭ᠎ᠠ ᠬᠡᠮᠵᠢᠶ᠎ᠡ ᠪᠣᠯᠤᠨ᠎ᠠ᠃ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠪᠣᠯᠤᠨ ᠨᠠᠮ ᠤᠨ ᠭᠡᠰᠢᠭᠦᠨ ᠺᠠᠳ᠋ᠷ ᠡᠷᠬᠡᠪᠰᠢ ᠤᠯᠤᠰ ᠲᠦᠷᠦ ᠶᠢᠨ ᠬᠠᠷᠢᠭᠤᠴᠠᠯᠭ᠎ᠠ ᠶᠢ ᠡᠭᠦᠷᠭᠡᠯᠡᠵᠦ᠂ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ ᠰᠠᠶᠢᠲᠤᠷ ᠠᠳᠬᠤᠵᠤ᠂ ᠰᠠᠶᠢᠨ ᠰᠠᠶᠢᠬᠠᠨ ᠰᠤᠷᠲᠠᠯ ᠢᠶᠠᠷ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ ᠶᠢ ᠪᠠᠲᠤᠯᠠᠬᠤ ᠬᠡᠷᠡᠭᠲᠡᠢ᠃ ᠲᠦᠷᠢᠮ ᠳᠤ ᠵᠠᠰᠠᠪᠤᠷᠢ ᠣᠷᠣᠭᠤᠯᠤᠬᠰᠠᠨ ᠴᠢᠬᠤᠯᠠ ᠶᠡᠭᠡ ᠠᠴᠢ ᠬᠤᠯᠪᠣᠭᠳᠠᠯ᠂ ᠭᠤᠣᠯ ᠠᠭᠤᠯᠭ᠎ᠠ ᠪᠣᠯᠤᠨ ᠵᠣᠷᠢᠭ ᠰᠠᠨᠠᠭᠠᠨ ᠤ ᠮᠥᠨ ᠴᠢᠨᠠᠷ ᠢ ᠪᠦᠬᠦ ᠲᠠᠯ᠎ᠠ ᠪᠠᠷ ᠭᠦᠨᠵᠡᠭᠡᠢ ᠣᠶᠢᠯᠠᠭᠠᠵᠤ᠂ ᠰᠤᠷᠤᠯᠴᠠᠯᠭ᠎ᠠ ᠶᠢᠨ ᠭᠤᠣᠯᠳᠠᠯᠭ᠎ᠠ ᠶᠢ ᠠᠳᠬᠤᠵᠤ᠂ ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠥᠷᠨᠢᠭᠦᠯᠬᠦ ᠲᠤᠬᠠᠢ ᠴᠢᠬᠤᠯᠠ ᠶᠠᠷᠢᠶ᠎ᠠ ᠪᠣᠯᠤᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ︽ᠲᠦᠷᠢᠮ︾ ᠢ ᠤᠶᠤᠨ ᠲᠠᠷᠢᠬᠢᠨ ᠳᠠᠭᠠᠨ ᠬᠠᠳᠠᠩᠰᠢᠭᠤᠯᠬᠤ ᠶᠢ ᠠᠬᠢᠭᠤᠯᠵᠤ᠂ ︽ᠲᠦᠷᠢᠮ︾ ᠢ ᠤᠢᠢᠯᠠᠭᠠᠨ ᠬᠡᠷᠡᠭᠯᠡᠬᠦ ᠶᠢ ᠭᠦᠨᠵᠡᠭᠡᠶᠢᠷᠡᠭᠦᠯᠵᠦ᠂ ᠨᠠᠮ ᠤᠨ ᠲᠣᠭᠲᠠᠭᠠᠯ ᠨᠠᠮ ᠤᠨ ᠰᠠᠬᠢᠯᠭ᠎ᠠ ᠪᠠᠲᠤ ᠪᠠᠷ ᠦᠵᠡᠯ ᠰᠠᠨᠠᠭ᠎ᠠ ᠪᠣᠯᠤᠨ ᠦᠢᠯᠡ ᠠᠵᠢᠯᠯᠠᠭ᠎ᠠ ᠶᠢ ᠵᠠᠯᠠᠷᠠᠭᠤᠯᠵᠤ᠂ ᠨᠠᠮ ᠤᠨ ᠰᠠᠬᠢᠯᠭ᠎ᠠ ᠪᠠᠲᠤ ᠶᠢ ᠰᠤᠷᠤᠯᠴᠠᠬᠤ ᠶᠠᠪᠤᠴᠠ ᠶᠢ ᠦᠨᠡᠨ ᠬᠦ ᠰᠠᠬᠢᠯᠭ᠎ᠠ ᠪᠠᠲᠤ ᠶᠢᠨ ᠤᠬᠠᠮᠰᠠᠷ ᠢᠶᠠᠨ ᠴᠢᠩᠭᠠᠳᠬᠠᠬᠤ᠂ ᠨᠠᠮᠴᠢ ᠴᠢᠨᠠᠷ ᠤᠨ ᠪᠣᠯᠪᠠᠰᠤᠷᠠᠯ ᠢᠶᠠᠨ ᠳᠡᠭᠡᠭᠰᠢᠯᠡᠭᠦᠯᠬᠦ ᠶᠠᠪᠤᠴᠠ ᠪᠣᠯᠭᠠᠬᠤ ᠬᠡᠷᠡᠭᠲᠡᠢ ᠭᠡᠵᠦ ᠴᠢᠬᠤᠯᠠᠴᠢᠯᠠᠪᠠ᠃  ᠬᠤᠷᠠᠯ ᠠᠴᠠ᠂ ᠤᠰᠤᠨ ᠠᠰᠢᠭᠯᠠᠯᠲᠠ ᠶᠢᠨ ᠲᠢᠩᠬᠢᠮ ᠤᠨ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠴᠢᠬᠤᠯᠠ ᠤᠯᠤᠰ ᠲᠦᠷᠦ ᠶᠢᠨ ᠡᠭᠦᠷᠭᠡ ᠪᠣᠯᠭᠠᠵᠤ᠂ ᠪᠠᠶᠢᠩᠭᠤ ᠶᠢᠨ ᠴᠢᠨᠠᠷᠲᠠᠢ ᠰᠠᠬᠢᠯᠭ᠎ᠠ ᠪᠠᠲᠤ ᠶᠢᠨ ᠬᠥᠮᠦᠵᠢᠯ ᠢ ᠴᠢᠩᠭᠠᠳᠬᠠᠵᠤ᠂ ᠲᠡᠮᠦᠷ ᠮᠡᠲᠦ ᠰᠠᠬᠢᠯᠭ᠎ᠠ ᠪᠠᠲᠤ ᠶᠢ ᠡᠳᠦᠷ ᠲᠤᠳᠤᠮ ᠤᠨ ᠳᠠᠳᠬᠠᠯ ᠪᠠ ᠤᠬᠠᠮᠰᠠᠷᠲᠤ ᠵᠢᠷᠤᠮᠯᠠᠯ ᠪᠣᠯᠭᠠᠨ ᠬᠤᠪᠢᠷᠠᠭᠤᠯᠬᠤ ᠬᠡᠷᠡᠭᠲᠡᠢ᠃ ᠨᠢᠭᠡ ᠳᠤ ᠤᠯᠤᠰ ᠲᠦᠷᠦ ᠶᠢᠨ ᠰᠠᠬᠢᠯᠭ᠎ᠠ ᠪᠠᠲᠤ ᠪᠠ ᠤᠯᠤᠰ ᠲᠦᠷᠦ ᠶᠢᠨ ᠶᠣᠰᠣ ᠲᠦᠷᠢᠮ ᠢ ᠴᠢᠩᠳᠠᠯᠠᠵᠤ᠂ ᠤᠰᠤᠨ ᠠᠰᠢᠭᠯᠠᠯᠲᠠ ᠶᠢᠨ ᠰᠢᠰᠲ᠋ᠧᠮ ᠤᠨ ᠤᠯᠤᠰ ᠲᠦᠷᠦ ᠶᠢᠨ ᠪᠠᠶᠢᠭᠤᠯᠤᠯᠲᠠ ᠶᠢ ᠴᠢᠩᠭᠠᠳᠬᠠᠬᠤ ᠬᠡᠷᠡᠭᠲᠡᠢ᠃ ᠨᠠᠮ ᠤᠨ ᠲᠥᠪ ᠬᠤᠷᠢᠶᠠᠨ ᠤ ᠡᠷᠬᠡ ᠰᠦᠷ ᠢ ᠡᠷᠡᠰ ᠬᠠᠮᠠᠭᠠᠯᠠᠵᠤ᠂ ᠪᠦᠬᠦ ᠨᠠᠮ ᠤᠨ ᠪᠦᠯᠬᠦᠮᠳᠡᠯ ᠨᠢᠭᠡᠳᠦᠯ ᠢ ᠦᠷᠭᠦᠯᠵᠢᠯᠡᠨ ᠪᠠᠬᠢᠵᠢᠭᠦᠯᠵᠦ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠦᠷᠢᠨ ᠪᠦᠲᠦᠨ᠂ ᠣᠨᠣᠪᠴᠢᠲᠠᠢ᠂ ᠪᠦᠬᠦ ᠲᠠᠯ᠎ᠠ ᠪᠠᠷ ᠲᠤᠭᠤᠰᠢᠯᠠᠭᠤᠯᠬᠤ ᠶᠢ ᠠᠬᠢᠭᠤᠯᠬᠤ ᠬᠡᠷᠡᠭᠲᠡᠢ᠃ ᠠᠷᠠᠳ ᠢ ᠵᠦᠳᠡᠭᠡᠵᠦ ᠡᠳ᠋ ᠢ ᠰᠦᠢᠳᠬᠡᠭᠰᠡᠨ ︽ᠳᠦᠷᠢ ᠲᠥᠷᠬᠦ ᠶᠢᠨ ᠢᠨᠵᠧᠨᠧᠷᠢᠩ︾ ︽ᠵᠠᠰᠠᠭ ᠤᠨ ᠠᠵᠢᠯ ᠤᠨ ᠪᠦᠲᠦᠮᠵᠢ ᠶᠢᠨ ᠢᠨᠵᠧᠨᠧᠷᠢᠩ︾ ᠢ ᠡᠷᠡᠰ ᠬᠢᠬᠦ ᠦᠭᠡᠢ ᠪᠠᠶᠢᠬᠤ ᠬᠡᠷᠡᠭᠲᠡᠢ᠃ ᠬᠤᠶᠠᠷ ᠲᠤ ᠰᠠᠬᠢᠯᠭ᠎ᠠ ᠪᠠᠲᠤ ᠶᠢᠨ ᠤᠬᠠᠮᠰᠠᠷ ᠪᠠ ᠥᠪᠡᠷ ᠢ ᠪᠠᠨ ᠬᠢᠵᠠᠭᠠᠷᠯᠠᠬᠤ ᠴᠢᠳᠠᠪᠤᠷᠢ ᠪᠠᠨ ᠴᠢᠩᠭᠠᠳᠬᠠᠵᠤ᠂ ᠤᠰᠤᠨ ᠠᠰᠢᠭᠯᠠᠯᠲᠠ ᠶᠢᠨ ᠰᠢᠰᠲ᠋ᠧᠮ ᠤᠨ ᠨᠠᠮ ᠤᠨ ᠭᠡᠰᠢᠭᠦᠨ ᠺᠠᠳ᠋ᠷᠴᠤᠳ ᠤᠨ ᠰᠠᠬᠢᠯᠭ᠎ᠠ ᠪᠠᠲᠤ ᠶᠢᠨ ᠲᠣᠭᠲᠠᠯ ᠬᠦᠴᠦᠨ ᠢ ᠴᠢᠩᠭᠠᠳᠬᠠᠬᠤ ᠬᠡᠷᠡᠭᠲᠡᠢ᠃ ᠨᠠᠮ ᠤᠨ ᠰᠠᠬᠢᠯᠭ᠎ᠠ ᠪᠠᠲᠤ ᠶᠢ ᠰᠡᠳᠬᠢᠯ ᠲᠠᠯᠪᠢᠬᠤ ᠦᠭᠡᠢ᠂ ᠣᠶᠢᠯᠠᠭᠠᠬᠤ ᠦᠭᠡᠢ᠂ ᠡᠵᠡᠮᠰᠢᠬᠦ ᠦᠭᠡᠢ ᠵᠡᠷᠭᠡ ᠠᠰᠠᠭᠤᠳᠠᠯ ᠢ ᠦᠨᠡᠨ ᠬᠦ ᠰᠢᠢᠳᠪᠦᠷᠢᠯᠡᠬᠦ ᠬᠡᠷᠡᠭᠲᠡᠢ᠃ ᠰᠠᠬᠢᠯᠭ᠎ᠠ ᠪᠠᠲᠤ ᠶᠢ ᠰᠠᠬᠢᠬᠤ᠂ ᠶᠣᠰᠣ ᠲᠦᠷᠢᠮ ᠢ ᠡᠷᠬᠢᠮᠯᠡᠬᠦ ᠶᠢ ᠲᠡᠷᠢᠭᠦᠨ ᠪᠠᠶᠢᠷᠢᠨ ᠳᠤ ᠲᠠᠯᠪᠢᠵᠤ᠂ ᠰᠢᠨ᠎ᠡ ᠪᠠᠷ ᠵᠠᠰᠠᠪᠤᠷᠢ ᠣᠷᠣᠭᠤᠯᠤᠭᠰᠠᠨ ︽ᠲᠦᠷᠢᠮ︾ ᠢ ᠰᠤᠷᠤᠯᠴᠠᠬᠤ ᠪᠠᠷ ᠠᠵᠠ ᠲᠣᠬᠢᠶᠠᠯ ᠪᠣᠯᠭᠠᠵᠤ᠂ ᠴᠢᠩᠭ᠎ᠠ ᠪᠠᠷᠢᠮᠵᠢᠶ᠎ᠠ ᠶᠢ ᠪᠤᠢ ᠪᠣᠯᠭᠠᠵᠤ᠂ ᠴᠢᠩᠭ᠎ᠠ ᠰᠠᠬᠢᠯᠭ᠎ᠠ ᠪᠠᠲᠤ ᠶᠢ ᠬᠡᠷᠡᠭᠵᠢᠭᠦᠯᠵᠦ᠂ ᠪᠤᠰᠤᠴᠢᠷ ᠬᠠᠤᠯᠢ ᠱᠠᠭᠠᠷᠳᠠᠯᠭ᠎ᠠ ᠶᠢ ᠳᠣᠲᠣᠭᠠᠳᠤ ᠬᠥᠭᠡᠭᠡᠴᠡᠯᠳᠦᠯ ᠪᠣᠯᠭᠠᠨ ᠬᠤᠪᠢᠷᠠᠭᠤᠯᠬᠤ ᠬᠡᠷᠡᠭᠲᠡᠢ᠃ ᠰᠠᠬᠢᠯᠭ᠎ᠠ ᠪᠠᠲᠤ ᠶᠢ ᠴᠢᠩᠳᠠᠯᠠᠵᠤ ᠴᠡᠭᠴᠡᠯᠡᠨ ᠵᠠᠰᠠᠬᠤ ᠰᠤᠷᠲᠠᠯ ᠢᠶᠠᠷ ᠪᠠᠶᠢᠴᠠᠭᠠᠨ ᠰᠤᠳᠤᠯᠬᠤ ᠠᠵᠢᠯ ᠤᠨ ᠳᠤᠮᠳᠠ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠴᠢᠩᠭ᠎ᠠ ᠨᠠᠶᠢᠳᠠᠪᠤᠷᠢᠵᠢᠭᠤᠯᠤᠨ᠂ ᠰᠢᠮᠳᠠᠭᠤᠯᠤᠨ ᠪᠠᠶᠢᠴᠠᠭᠠᠬᠤ ᠠᠵᠢᠯ ᠤᠨ ᠳᠤᠮᠳᠠ ᠲᠥᠯᠥᠪᠯᠡᠭᠡ ᠶᠢ ᠨᠢᠭᠡᠳᠦᠯᠲᠡᠶ ᠲᠥᠯᠥᠪᠯᠡᠬᠦ ᠶᠢ ᠰᠠᠶᠢᠲᠤᠷ ᠬᠢᠵᠦ᠂ ︽ ᠭᠤᠷᠪᠠᠨ ᠣᠯᠠᠨ ᠭᠤᠷᠪᠠᠨ ᠴᠥᠭᠡᠨ ᠭᠤᠷᠪᠠᠨ ᠤᠳᠠᠭᠠᠨ︾ ᠪᠠ ︽ᠤᠳᠠᠭᠠᠨ︾ ︽ᠪᠦᠳᠦᠭᠦᠯᠢᠭ︾ ︽ᠬᠡᠶᠢᠰᠪᠦᠷᠢ︾ ᠪᠠᠶᠢᠬᠤ ᠠᠰᠠᠭᠤᠳᠠᠯ ᠢ ᠦᠷᠭᠦᠯᠵᠢᠯᠡᠨ ᠰᠢᠢᠳᠪᠦᠷᠢᠯᠡᠵᠦ᠂ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠰᠢᠰᠲ᠋ᠧᠮ ᠤᠨ ᠴᠢᠩᠭ᠎ᠠ ᠪᠣᠳᠠᠲᠠᠶ ᠰᠤᠷᠲᠠᠯ ᠢ ᠪᠣᠶ ᠪᠣᠯᠭᠠᠬᠤ ᠬᠡᠷᠡᠭᠲᠡᠶ᠃ ᠭᠤᠷᠪᠠ ᠳᠤ ᠨᠠᠮ ᠤᠨ ᠰᠢᠨ᠎ᠡ ᠶᠢ ᠡᠭᠦᠳᠬᠦ ᠤᠨᠤᠯ ᠢᠶᠠᠷ ᠤᠰᠤᠨ ᠠᠰᠢᠭᠯᠠᠯᠲᠠ ᠶᠢᠨ ᠰᠢᠰᠲ᠋ᠧᠮ ᠤᠨ ᠰᠠᠬᠢᠯᠭ᠎ᠠ ᠪᠠᠲᠤ ᠶᠢᠨ ᠪᠠᠶᠢᠭᠤᠯᠤᠯᠲᠠ ᠶᠢᠨ ᠠᠵᠢᠯ ᠢ ᠬᠦᠳᠦᠯᠦᠨ ᠳᠠᠭᠠᠭᠤᠯᠬᠤ ᠬᠡᠷᠡᠭᠲᠡᠢ᠃ ᠰᠤᠷᠤᠯᠴᠠᠬᠤ ᠠᠭᠤᠯᠭ᠎ᠠ ᠶᠢ ᠭᠤᠣᠯᠳᠠᠯᠭ᠎ᠠ ᠲᠠᠢ ᠡᠵᠡᠮᠳᠡᠵᠦ᠂ ︽ᠲᠦᠷᠢᠮ︾ ᠤᠨ ᠡᠯ᠎ᠡ ᠵᠦᠢᠯ ᠤᠨ ᠲᠣᠭᠲᠠᠭᠠᠯ ᠪᠠ ᠱᠠᠭᠠᠷᠳᠠᠯᠭ᠎ᠠ ᠶᠢ ᠪᠣᠳᠠᠲᠠᠢ ᠳᠤ ᠨᠠᠶᠢᠳᠠᠪᠤᠷᠢᠵᠢᠭᠤᠯᠵᠤ᠂ ᠪᠣᠳᠠᠲᠤ ᠦᠷ᠎ᠡ ᠪᠦᠲᠦᠮᠵᠢ ᠤᠯᠬᠤ ᠶᠢ ᠠᠬᠢᠭᠤᠯᠬᠤ ᠬᠡᠷᠡᠭᠲᠡᠢ᠃ ᠰᠠᠬᠢᠯᠭ᠎ᠠ ᠪᠠᠲᠤ ᠶᠢ ᠢᠮᠠᠭᠲᠠ ᠲᠡᠷᠢᠭᠦᠨ ᠳᠤ ᠲᠠᠯᠪᠢᠵᠤ᠂ ︽ᠳᠥᠷᠪᠡᠨ ᠵᠦᠢᠯ ᠤᠨ ᠬᠡᠯᠪᠡᠷᠢ ᠪᠠᠶᠢᠳᠠᠯ︾ ᠢ ᠣᠨᠣᠪᠴᠢᠲᠠᠶ ᠬᠡᠷᠡᠭᠯᠡᠨ᠂ ︽ᠭᠤᠷᠪᠠ ᠶᠢ ᠢᠯᠭᠠᠬᠤ︾ ᠶᠢ ᠨᠠᠶᠢᠳᠠᠪᠤᠷᠢᠵᠢᠭᠤᠯᠵᠤ᠂ ᠴᠢᠩᠭ᠎ᠠ ᠬᠠᠮᠢᠶᠠᠷᠴᠤ ᠬᠢᠨᠠᠯᠲᠠ ᠲᠠᠯᠪᠢᠬᠤ ᠪᠠ ᠬᠠᠷᠢᠭᠤᠴᠠᠯᠭ᠎ᠠ ᠡᠭᠦᠷᠭᠡᠯᠡᠬᠦ ᠶᠢ ᠵᠣᠷᠢᠭᠵᠢᠭᠤᠯᠬᠤ ᠶᠢ ᠨᠢᠭᠡᠳᠬᠡᠬᠦ ᠬᠡᠷᠡᠭᠲᠡᠢ᠃ ᠦᠨᠡᠨ ᠠᠴᠠ ᠵᠥᠪ ᠢ ᠡᠷᠢᠬᠦ ᠶᠢ ᠪᠠᠷᠢᠮᠲᠠᠯᠠᠵᠤ᠂ ᠨᠠᠮ ᠤᠨ ᠰᠠᠬᠢᠯᠭ᠎ᠠ ᠪᠠᠲᠤ ᠶᠢ ᠵᠥᠷᠢᠴᠡᠭᠰᠡᠨ ᠠᠰᠠᠭᠤᠳᠠᠯ ᠢ ᠨᠢᠭᠡ ᠶᠢ ᠢᠯᠡᠷᠡᠭᠦᠯᠪᠡᠯ ᠨᠢᠭᠡ ᠶᠢ ᠪᠠᠶᠢᠴᠠᠭᠠᠨ ᠰᠢᠢᠳᠪᠦᠷᠢᠯᠡᠵᠦ᠂ ᠰᠠᠬᠢᠯᠭ᠎ᠠ ᠪᠠᠲᠤ ᠶᠢᠨ ᠬᠠᠳᠠᠨ ᠴᠢᠨᠠᠷ᠂ ᠲᠥᠪ ᠴᠢᠩᠭ᠎ᠠ ᠴᠢᠨᠠᠷ ᠢ ᠦᠨᠡᠨ ᠬᠦ ᠬᠠᠮᠠᠭᠠᠯᠠᠬᠤ ᠬᠡᠷᠡᠭᠲᠡᠢ ᠭᠡᠵᠦ ᠱᠠᠭᠠᠷᠳᠠᠪᠠ᠃  ᠬᠤᠷᠠᠯ ᠠᠴᠠ ᠪᠠᠰᠠ ᠪᠤᠰᠤᠳ ᠠᠵᠢᠯ ᠤᠨ ᠵᠦᠢᠯᠡᠰ ᠢ ᠲᠤᠬᠢᠷᠠᠭᠤᠯᠤᠨ ᠪᠠᠶᠢᠷᠢᠯᠠᠭᠤᠯᠵᠤ᠂ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠢᠨ ᠦᠶᠡᠷ ᠭᠠᠩ ᠤᠨ ᠭᠠᠮᠰᠢᠭ ᠢ ᠰᠡᠷᠭᠡᠶᠢᠯᠡᠬᠦ ᠠᠵᠢᠯ ᠢ ᠨᠠᠷᠢᠨ ᠬᠢᠨᠠᠮᠠᠭᠠᠢ ᠰᠠᠶᠢᠲᠤᠷ ᠬᠢᠵᠦ᠂ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢᠨ ᠠᠬᠢᠴᠠ ᠶᠢ ᠣᠨᠣᠪᠴᠢᠲᠠᠢ ᠡᠵᠡᠮᠳᠡᠵᠦ᠂ ᠭᠤᠣᠯᠳᠠᠯᠭ᠎ᠠ ᠲᠠᠢ ᠬᠦᠷᠢᠶᠡᠨ ᠤ ᠠᠶᠤᠯ ᠦᠭᠡᠢ ᠦᠢᠯᠡᠳᠪᠦᠷᠢᠯᠡᠯ ᠤᠨ ᠠᠵᠢᠯ ᠢ ᠰᠠᠶᠢᠲᠤᠷ ᠠᠳᠬᠤᠵᠤ᠂ ᠪᠠᠶᠠᠷ ᠤᠨ ᠡᠳᠦᠷ ᠤᠨ ᠬᠤᠭᠤᠴᠠᠭᠠᠨ ᠳᠠᠬᠢ ᠰᠤᠷᠲᠠᠯ ᠢ ᠴᠡᠭᠴᠡᠯᠡᠨ ᠰᠠᠬᠢᠯᠭ᠎ᠠ ᠪᠠᠲᠤ ᠶᠢ ᠴᠢᠩᠳᠠᠯᠠᠬᠤ ᠡᠯ᠎ᠡ ᠵᠦᠢᠯ ᠤᠨ ᠠᠵᠢᠯ ᠢ ᠰᠠᠶᠢᠲᠤᠷ ᠬᠢᠬᠦ ᠬᠡᠷᠡᠭᠲᠡᠢ ᠭᠡᠵᠦ ᠱᠠᠭᠠᠷᠳᠠᠪᠠ᠃  ᠬᠤᠶᠠᠷ ᠡᠳᠦᠷ ᠤᠨ ᠨᠣᠮ ᠤᠩᠰᠢᠵᠤ ᠰᠤᠷᠤᠯᠴᠠᠬᠤ ᠪᠠᠷ ᠳᠠᠮᠵᠢᠭᠤᠯᠤᠨ᠂ ᠬᠤᠷᠠᠯ ᠳᠤ ᠣᠷᠣᠯᠴᠠᠭᠰᠠᠨ ᠨᠠᠮ ᠤᠨ ᠭᠡᠰᠢᠭᠦᠨ ᠺᠠᠳ᠋ᠷᠴᠤᠳ ︽ᠲᠦᠷᠢᠮ︾ ᠤᠨ ᠪᠠᠶᠠᠯᠢᠭ ᠠᠭᠤᠯᠤᠭᠳᠠᠬᠤᠨ ᠪᠠ ᠦᠢᠯᠡᠳᠦᠯᠭᠡ ᠶᠢᠨ ᠱᠠᠭᠠᠷᠳᠠᠯᠭ᠎ᠠ ᠶᠢᠨ ᠲᠤᠬᠠᠶ ᠨᠠᠩ ᠪᠥᠬᠦ ᠲᠠᠯ᠎ᠠ ᠶᠢᠨ᠂ ᠭᠦᠨᠵᠡᠭᠡᠶ ᠣᠶᠢᠯᠠᠭᠠᠯᠲᠠ ᠪᠠ ᠲᠠᠨᠢᠯᠲᠠ ᠲᠠᠢ ᠪᠣᠯᠵᠣ᠂ ᠰᠠᠬᠢᠯᠭ᠎ᠠ ᠪᠠᠲᠤ ᠶᠢ ᠰᠤᠷᠤᠯᠴᠠᠬᠤ᠂ ᠮᠡᠳᠡᠬᠦ᠂ ᠣᠶᠢᠯᠠᠭᠠᠬᠤ᠂ ᠰᠠᠬᠢᠬᠤ ᠤᠯᠤᠰ ᠲᠥᠷᠥ ᠶᠢᠨ ᠤᠬᠠᠮᠰᠠᠷ᠂ ᠦᠵᠡᠯ ᠰᠠᠨᠠᠭᠠᠨ ᠤ ᠤᠬᠠᠮᠰᠠᠷ᠂ ᠦᠢᠯᠡ ᠠᠵᠢᠯᠯᠠᠭᠠᠨ ᠤ ᠤᠬᠠᠮᠰᠠᠷ ᠢᠶᠠᠨ ᠤᠯᠠᠮ ᠨᠢᠭᠡ ᠠᠯᠬᠤᠮ ᠴᠢᠩᠭᠠᠳᠬᠠᠵᠤ᠂ ᠨᠠᠮ ᠳᠠᠭᠠᠨ ᠦᠨᠡᠨᠴᠢ ᠰᠢᠳᠤᠷᠭᠤ᠂ ᠦᠨᠡᠨ ᠠᠴᠠ ᠵᠥᠪ ᠢ ᠡᠷᠢᠬᠦ᠂ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠬᠤ᠂ ᠢᠯᠵᠠᠷᠠᠯ ᠢ ᠡᠰᠡᠷᠭᠦᠴᠡᠨ ᠬᠤᠪᠢᠷᠠᠬᠤ ᠶᠢ ᠰᠡᠷᠭᠡᠶᠢᠯᠡᠬᠦ ᠢᠲᠡᠭᠡᠯ ᠵᠣᠷᠢᠭ ᠢᠶᠠᠨ       ᠪᠠᠲᠤᠳᠬᠠᠪᠠ᠃ ᠨᠠᠮ ᠤᠨ ᠭᠡᠰᠢᠭᠦᠨ ᠺᠠᠳ᠋ᠷᠴᠤᠳ ᠦᠷᠭᠦᠯᠵᠢᠯᠡᠨ ᠰᠡᠳᠬᠢᠯ ᠰᠠᠨᠠᠭ᠎ᠠ ᠪᠠᠨ ᠲᠣᠭᠲᠠᠭᠤᠨ ᠪᠠᠶᠢᠯᠭᠠᠵᠤ᠂ ᠲᠡᠷᠡ ᠬᠡᠪ ᠢᠶᠠᠷ ᠨᠢ᠂ ︽ᠳᠦᠷᠢᠮ︾ ᠤᠨ ᠰᠤᠷᠤᠯᠴᠠᠯᠭ᠎ᠠ ᠶᠢ ᠡᠳᠦᠷ ᠲᠤᠲᠤᠮ ᠤᠨ ᠠᠮᠢᠳᠤᠷᠠᠯ ᠳᠤ ᠠᠭᠤᠰᠤᠯᠴᠠᠭᠤᠯᠵᠤ᠂ ᠲᠤᠭᠤᠰᠢᠯᠠᠭᠤᠯᠤᠨ ᠬᠡᠷᠡᠭᠵᠢᠭᠦᠯᠬᠦ ᠶᠢ ᠰᠠᠶᠢᠲᠤᠷ ᠠᠳᠬᠤᠵᠤ᠂ ᠥᠪᠡᠷ ᠢ ᠪᠠᠨ ᠬᠢᠵᠠᠭᠠᠷᠯᠠᠬᠤ ᠶᠢ ᠴᠢᠩᠭᠠᠳᠬᠠᠵᠤ᠂ ᠦᠯᠦ ᠬᠠᠯᠳᠠᠭᠠᠬᠤ ᠴᠢᠳᠠᠪᠤᠷᠢ ᠶᠢ ᠳᠡᠭᠡᠭᠰᠢᠯᠡᠭᠦᠯᠵᠦ᠂ ᠰᠠᠬᠢᠯᠭ᠎ᠠ ᠪᠠᠲᠤ ᠪᠠ ᠰᠢᠯᠢᠳᠡᠭ ᠰᠤᠷᠲᠠᠯ ᠢᠶᠠᠷ ᠤᠰᠤᠨ ᠠᠰᠢᠭᠯᠠᠯᠲᠠ ᠶᠢᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠳᠤ ᠰᠢᠨ᠎ᠡ ᠬᠤᠪᠢ ᠨᠡᠮᠡᠷᠢ ᠦᠵᠡᠭᠦᠯᠦᠨ᠎ᠡ ᠭᠡᠵᠦ ᠢᠯᠡᠳᠬᠡᠵᠡᠭᠡᠪᠡ᠃  ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠭᠡᠰᠢᠭᠦᠨ᠂ ᠲᠢᠩᠬᠢᠮ ᠤᠨ ᠳᠡᠳ᠋ ᠳᠠᠷᠤᠭ᠎ᠠ᠂ ᠲᠣᠭᠤᠷᠢᠨ ᠪᠠᠶᠢᠴᠠᠭᠠᠭᠴᠢ᠂ ᠶᠡᠷᠦᠩᠬᠡᠢ ᠢᠨᠵᠧᠨᠧᠷ᠂ ᠲᠢᠩᠬᠢᠮ ᠤᠨ ᠪᠠᠶᠢᠭᠤᠯᠭ᠎ᠠ ᠶᠢᠨ ᠪᠦᠬᠦ ᠨᠠᠮ ᠤᠨ ᠭᠡᠰᠢᠭᠦᠨ᠂ ᠬᠦᠬᠡᠬᠤᠳᠠ ᠳᠤ ᠰᠠᠭᠤᠭ᠎ᠠ ᠲᠢᠩᠬᠢᠮ ᠤᠨ ᠬᠠᠷᠢᠶ᠎ᠠ ᠡᠯ᠎ᠡ ᠨᠢᠭᠡᠴᠢ ᠶᠢᠨ ᠨᠠᠮ ᠤᠨ ᠭᠡᠰᠢᠭᠦᠨ ᠤᠳᠤᠷᠢᠳᠬᠤ ᠺᠠᠳ᠋ᠷ ᠪᠣᠯᠤᠨ ᠬᠡᠰᠡᠭ ᠨᠢᠭᠡᠴᠢ ᠶᠢᠨ ᠪᠦᠬᠦ ᠨᠠᠮ ᠤᠨ ᠭᠡᠰᠢᠭᠦᠨ ᠭᠤᠣᠯ ᠬᠤᠷᠠᠯ ᠤᠨ ᠲᠠᠯᠠᠪᠠᠢ ᠳᠤ ᠰᠤᠷᠤᠯᠴᠠᠯᠭ᠎ᠠ ᠳᠤ ᠣᠷᠣᠯᠴᠠᠵᠤ᠂ ᠭᠠᠳᠠᠭᠠᠳᠤ ᠳᠤ ᠰᠠᠭᠤᠭ᠎ᠠ ᠡᠯ᠎ᠡ ᠨᠢᠭᠡᠴᠢ ᠶᠢᠨ ᠨᠠᠮ ᠤᠨ ᠭᠡᠰᠢᠭᠦᠨ ᠺᠠᠳ᠋ᠷ ᠸᠢᠳᠢᠣ᠋ ᠬᠤᠷᠠᠯ ᠤᠨ ᠠᠷᠭ᠎ᠠ ᠬᠡᠯᠪᠡᠷᠢ ᠪᠠᠷ ᠵᠡᠷᠭᠡᠪᠡᠷ ᠰᠤᠷᠤᠯᠴᠠᠵᠤ᠂ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠤᠨᠤᠯ ᠰᠤᠷᠤᠯᠴᠠᠬᠤ ᠭᠤᠣᠯ ᠳᠤᠭᠤᠶᠢᠯᠠᠩ ᠤᠨ ᠭᠡᠰᠢᠭᠦᠨ ᠲᠤᠰᠬᠠᠢ ᠰᠡᠳᠦᠪᠲᠦ ᠰᠤᠳᠤᠯᠤᠨ ᠶᠠᠷᠢᠯᠴᠠᠵᠤ ᠰᠣᠯᠢᠯᠴᠠᠬᠤ ᠳᠤ ᠣᠷᠣᠯᠴᠠᠪᠠ᠃ 
 
ᠢᠷᠡᠯᠲᠡ᠄ ᠦᠪᠤᠷ ᠮᠣᠩᠭᠤᠯ ᠤᠨ ᠦᠪᠡᠷᠳᠡᠭᠡᠨ ᠵᠠᠰᠠᠬᠤ ᠣᠷᠣᠨ ᠤ ᠣᠰᠣᠨ ᠠᠰᠢᠠᠠᠯᠠᠯᠳᠡ ᠶᠢᠨ ᠳᠢᠩᠬᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号