ᠥᠪᠥᠷ ᠮᠣᠩᠭᠤᠯ ᠤᠨ ᠬᠥᠯᠥᠨ ᠪᠤᠶᠢᠷ ᠬᠤᠲᠠ ᠤᠰᠤ ᠬᠡᠷᠡᠭᠯᠡᠬᠦ ︽ᠨᠠᠷᠢᠨ ᠲᠠᠩᠰᠠ︾᠎ ᠶᠢ ᠰᠠᠶᠢᠲᠤᠷ ᠪᠤᠳᠤᠨ᠎ᠠ
ᠨᠡᠶᠢᠲᠡᠯᠡᠭᠰᠡᠨ ᠴᠠᠭ᠄
2024/4/3
ᠲᠤᠰ ᠰᠣᠨᠢᠠ ᠤ ᠰᠣᠷᠪᠤᠯᠵᠢᠯᠠᠬᠴᠢ  ᠯᠢ ᠵᠢᠶᠠᠨ ᠭᠦᠸᠧ   ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠯᠥᠨ ᠪᠤᠶᠢᠷ ᠬᠤᠲᠠ ᠣᠶᠢᠷ᠎ᠠ ᠶᠢᠨ ᠵᠢᠯ ᠤᠨ ᠲᠤᠷᠰᠢ ︽ᠤᠰᠤ ᠪᠠᠷ ᠳᠥᠷᠪᠡ ᠶᠢ ᠲᠣᠭᠲᠠᠭᠠᠬᠤ︾ ᠵᠠᠷᠴᠢᠮ ᠢ ᠪᠥᠬᠦ ᠲᠠᠯ᠎ᠠ ᠪᠠᠷ ᠲᠤᠭᠤᠰᠢᠯᠠᠭᠤᠯᠵᠤ᠂ ᠤᠰᠤᠨ ᠤ ᠡᠬᠢ ᠪᠠᠶᠠᠯᠢᠭ ᠢ ᠨᠡᠭᠡᠭᠡᠨ ᠠᠰᠢᠭᠯᠠᠬᠤ ᠶᠢᠨ ᠳᠡᠭᠡᠳᠦ ᠬᠢᠵᠠᠭᠠᠷ ᠢ ᠴᠢᠩᠭ᠎ᠠ ᠰᠠᠬᠢᠵᠤ᠂ ᠲᠠᠷᠢᠶᠠᠯᠠᠩ ᠤᠨ ᠤᠰᠤ ᠠᠷᠪᠢᠯᠠᠵᠤ ᠦᠷ᠎ᠡ ᠠᠰᠢᠭ ᠢ ᠨᠡᠮᠡᠭᠳᠡᠭᠦᠯᠬᠦ᠂ ᠠᠵᠤ ᠦᠢᠯᠡᠳᠪᠦᠷᠢ ᠶᠢᠨ ᠤᠰᠤ ᠠᠷᠪᠢᠯᠠᠵᠤ ᠪᠣᠬᠢᠷᠲᠤᠯ ᠪᠣᠳᠠᠰ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ᠂ ᠤᠰᠤ ᠠᠷᠪᠢᠯᠠᠬᠤ ᠬᠡᠯᠪᠡᠷᠢ ᠶᠢᠨ ᠶᠡᠭᠡ ᠳᠡᠭᠡᠳᠦ ᠰᠤᠷᠭᠠᠭᠤᠯᠢ ᠶᠢᠨ ᠪᠥᠲᠥᠭᠡᠨ ᠪᠠᠶᠢᠭᠤᠯᠤᠯᠲᠠ ᠶᠢ ᠶᠡᠬᠡᠪᠡᠷ ᠳᠥᠯᠭᠢᠨ ᠠᠬᠢᠭᠤᠯᠵᠤ᠂ ᠤᠰᠤ ᠬᠡᠷᠡᠭᠯᠡᠬᠦ ᠠᠷᠭ᠎ᠠ ᠮᠠᠶ᠋ᠢᠭ ᠢ ᠪᠦᠳᠦᠭᠦᠯᠢᠭ ᠪᠠᠶᠢᠭᠰᠠᠨ ᠠᠴᠠ ᠠᠷᠪᠢᠲᠠᠶ ᠡᠷᠴᠢᠮᠯᠢᠭ ᠳᠠᠰᠢ ᠬᠤᠪᠢᠷᠠᠭᠤᠯᠬᠤ ᠶᠢ ᠲᠦᠷᠭᠡᠳᠬᠡᠨ ᠠᠬᠢᠭᠤᠯᠪᠠ᠃  ︽ᠪᠢᠳᠡ ᠤᠰᠤ ᠬᠡᠷᠡᠭᠯᠡᠬᠦ ᠶᠡᠷᠦᠩᠬᠡᠶ ᠬᠡᠮᠵᠢᠶ᠎ᠡ ᠪᠠ ᠬᠦᠴᠦᠯᠡᠴᠡ ᠶᠢ ᠴᠢᠩᠭ᠎ᠠ ᠬᠢᠵᠠᠭᠠᠷᠯᠠᠵᠤ᠂ ᠤᠰᠤᠨ ᠤ ᠬᠡᠮᠵᠢᠶ᠎ᠡ ᠶᠢ ᠨᠠᠷᠢᠯᠢᠬᠵᠢᠭᠤᠯᠤᠨ ᠵᠠᠳᠠᠯᠵᠤ᠂ ᠬᠤᠰᠢᠭᠤ ᠬᠤᠲᠠ ᠲᠣᠭᠤᠷᠢᠭ ᠢᠶᠠᠷ ᠨᠢᠭᠡᠴᠢ ᠪᠣᠯᠭᠠᠨ ᠭᠠᠵᠠᠷ ᠳᠡᠭᠡᠷᠡᠬᠢ ᠤᠰᠤ ᠪᠠ ᠭᠠᠵᠠᠷ ᠳᠣᠤᠷᠠᠬᠢ ᠤᠰᠤᠨ ᠤ ᠶᠡᠷᠦᠩᠬᠡᠶ ᠬᠡᠮᠵᠢᠶ᠎ᠡ ᠶᠢ ᠬᠢᠵᠠᠭᠠᠷᠯᠠᠬᠤ ᠭᠦᠢᠴᠡᠳᠭᠡᠯ ᠲᠤᠭ᠎ᠠ ᠶᠢ ᠲᠣᠳᠣᠷᠬᠠᠶᠢᠯᠠᠵᠤ᠂ ᠭᠠᠵᠠᠷ ᠳᠣᠤᠷᠠᠬᠢ ᠤᠰᠤᠨ ᠤ ᠤᠰᠤ ᠬᠡᠷᠡᠭᠯᠡᠬᠦ ᠶᠡᠷᠦᠩᠬᠡᠶ ᠬᠡᠮᠵᠢᠶ᠎ᠡ ᠪᠠ ᠤᠰᠤᠨ ᠲᠦᠪᠰᠢᠨ ᠤ ᠬᠤᠤᠰ ᠡᠵᠡᠮᠳᠡᠯ ᠤᠨ ᠭᠦᠢᠴᠡᠳᠭᠡᠯ ᠲᠤᠭ᠎ᠠ ᠶᠢ 70 ᠬᠠᠮᠢᠶᠠᠷᠤᠯᠲᠠ ᠶᠢᠨ ᠨᠢᠭᠡᠴᠢ ᠳᠤ ᠨᠠᠷᠢᠯᠢᠬᠵᠢᠭᠤᠯᠤᠨ ᠵᠠᠳᠠᠯᠵᠤ᠂ ᠭᠠᠵᠠᠷ ᠳᠣᠤᠷᠠᠬᠢ ᠤᠰᠤ ᠶᠢ ᠨᠡᠭᠡᠭᠡᠨ ᠠᠰᠢᠭᠯᠠᠬᠤ ᠳᠡᠭᠡᠳᠦ ᠬᠢᠵᠠᠭᠠᠷ ᠢ ᠲᠣᠭᠲᠠᠭᠠᠪᠠ︾᠃ ᠬᠦᠯᠦᠨ ᠪᠤᠶᠢᠷ ᠬᠤᠲᠠ ᠶᠢᠨ ᠤᠰᠤᠨ ᠠᠰᠢᠭᠯᠠᠯᠲᠠ ᠶᠢᠨ ᠲᠣᠪᠴᠢᠶᠠᠨ ᠤ ᠳᠡᠳ᠋ ᠳᠠᠷᠤᠭ᠎ᠠ ᠯᠢᠶᠠᠩ ᠰᠢᠨ ᠷᠦᠢ ᠬᠡᠯᠡᠵᠡᠢ᠃  ᠥᠪᠥᠷ ᠮᠣᠩᠭᠤᠯ ᠤᠨ ᠶᠡᠭᠡ ᠬᠢᠩᠭᠠᠨ ᠳᠠᠪᠠᠭ᠎ᠠ ᠶᠢᠨ ᠵᠢᠶᠠᠩ ᡁᠢ ᠬᠢᠵᠠᠭᠠᠷᠲᠤ ᠬᠠᠷᠢᠭᠤᠴᠠᠯᠭᠠᠲᠤ ᠺᠣᠮᠫᠠᠨᠢ 2023 ᠣᠨ ᠳᠤ ᠳᠠᠬᠢᠯᠲᠠ ᠤᠰᠤ ᠪᠠ ᠭᠠᠵᠠᠷ ᠳᠡᠭᠡᠷᠡᠬᠢ ᠤᠰᠤ ᠪᠠᠷ ᠦᠢᠯᠡᠳᠪᠦᠷᠢᠯᠡᠯ ᠤᠨ ᠤᠰᠤᠨ ᠤ ᠡᠬᠢ ᠪᠣᠯᠭᠠᠬᠤ ᠤᠰᠤ ᠠᠪᠬᠤ ᠵᠥᠪᠰᠢᠶᠡᠷᠡᠯ ᠤᠨ ᠭᠤᠶᠤᠴᠢᠯᠠᠯ ᠢᠶᠠᠨ ᠲᠤᠰᠢᠶᠠᠪᠠ᠃ ᠬᠥᠯᠥᠨ ᠪᠤᠶᠢᠷ ᠬᠤᠲᠠ ᠶᠢᠨ ᠤᠰᠤᠨ ᠠᠰᠢᠭᠯᠠᠯᠲᠠ ᠶᠢᠨ ᠲᠣᠪᠴᠢᠶ᠎ᠠ ᠬᠠᠮᠢᠶ᠎ᠠ ᠪᠥᠬᠦᠶ ᠲᠣᠭᠲᠠᠭᠠᠯ ᠪᠠ ᠺᠣᠮᠫᠠᠨᠢ ᠶᠢᠨ ᠪᠠᠶᠢᠭ᠎ᠠ ᠭᠠᠵᠠᠷ ᠤᠨ ᠵᠠᠯᠠᠨ ᠠᠶᠢᠯ ᠬᠤᠲᠠ ᠶᠢᠨ ᠳᠠᠬᠢᠯᠲᠠ ᠤᠰᠤ ᠶᠢ ᠡᠭᠡᠭᠦᠯᠦᠨ ᠬᠡᠷᠡᠭᠯᠡᠬᠦ ᠪᠡᠯᠡᠳᠬᠡᠮᠵᠢ ᠶᠢᠨ ᠪᠥᠲᠥᠭᠡᠨ ᠪᠠᠶᠢᠭᠤᠯᠤᠯᠲᠠ ᠶᠢᠨ ᠪᠣᠳᠠᠲᠠᠶ ᠪᠠᠶᠢᠳᠠᠯ ᠳᠤ ᠰᠠᠭᠤᠷᠢᠯᠠᠨ᠂ ᠶᠡᠭᠡ ᠬᠢᠩᠭᠠᠨ ᠳᠠᠪᠠᠭ᠎ᠠ ᠶᠢᠨ ᠵᠢᠶᠠᠩ ᡁᠢ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢᠨ ᠲᠥᠷᠥᠯ ᠵᠦᠢᠯ ᠤᠨ ᠤᠰᠤ ᠠᠪᠬᠤ ᠵᠥᠪᠰᠢᠶᠡᠷᠡᠯ ᠳᠤ ᠴᠣᠬᠤᠯᠠᠪᠤᠷᠢ ᠬᠢᠬᠦ ᠶᠢᠨ ᠬᠠᠮᠲᠤ ᠳᠠᠬᠢᠯᠲᠠ ᠤᠰᠤᠨ ᠤ ᠡᠬᠢ ᠪᠠᠶᠠᠯᠢᠭ ᠤᠨ ᠬᠡᠮᠵᠢᠶ᠎ᠡ ᠶᠢ 79.5 ᠲᠦᠮᠡᠨ ᠪᠣᠰᠤᠭ᠎ᠠ ᠳᠥᠷᠪᠡᠯᠵᠢᠨ ᠮᠧᠲᠷ ᠲᠣᠬᠢᠷᠠᠭᠤᠯᠪᠠ᠃ ᠣᠳᠣᠬᠠᠨ ᠳᠤ᠂ ᠲᠣᠰ ᠺᠣᠮᠫᠠᠨᠢ ᠨᠢᠭᠡᠨᠲᠡ ᠳᠠᠬᠢᠯᠲᠠ ᠤᠰᠤᠨ ᠤ ᠡᠬᠢ ᠰᠤᠷᠪᠤᠯᠵᠢ ᠶᠢ ᠰᠣᠯᠢᠬᠤ ᠠᠵᠢᠯ ᠢ ᠪᠡᠶᠡᠯᠡᠭᠦᠯᠵᠦ᠂ ᠳᠠᠬᠢᠯᠲᠠ ᠤᠰᠤᠨ ᠤ ᠤᠰᠤ ᠲᠠᠲᠠᠬᠤ ᠢᠨᠵᠧᠨᠧᠷᠢᠩ ᠤᠨ ᠤᠰᠤ ᠬᠠᠩᠭᠠᠬᠤ ᠶᠢ ᠪᠡᠶᠡᠯᠡᠭᠦᠯᠵᠦ᠂ ᠵᠠᠯᠠᠨ ᠠᠶᠢᠯ ᠬᠤᠲᠠ ᠴᠤ ᠳᠠᠬᠢᠯᠲᠠ ᠤᠰᠤ ᠶᠢ ᠳᠣᠭᠢᠷᠠᠭᠤᠯᠤᠨ ᠠᠰᠢᠭᠯᠠᠬᠤ ᠲᠠᠯ᠎ᠠ ᠪᠠᠷ ︽ᠲᠡᠭ︾᠎ ᠤᠨ ᠰᠢᠪᠲᠤᠯᠤᠯᠲᠠ ᠶᠢ ᠪᠡᠶᠡᠯᠡᠭᠦᠯᠪᠡ᠃  ᠠᠵᠤ ᠦᠢᠯᠡᠳᠪᠦᠷᠢ ᠶᠢᠨ ᠤᠰᠤ ᠠᠷᠪᠢᠯᠠᠬᠤ ᠶᠢ ᠯᠠᠪᠳᠠᠭᠤᠨ ᠢᠶᠠᠷ ᠠᠬᠢᠭᠤᠯᠬᠤ ᠶᠢᠨ ᠬᠠᠮᠲᠤ᠂ ᠬᠥᠯᠥᠨ ᠪᠤᠶᠢᠷ ᠬᠤᠲᠠ ᠶᠢᠨ ᠲᠠᠷᠢᠶᠠᠯᠠᠩ ᠳᠤ ᠬᠡᠷᠡᠭᠯᠡᠬᠦ ᠤᠰᠤᠨ ᠤ ᠦᠷ᠎ᠡ ᠪᠦᠲᠦᠮᠵᠢ ᠴᠦ ᠨᠡᠮᠡᠭᠳᠡᠵᠦ ᠪᠠᠶᠢᠨ᠎ᠠ᠃ ᠬᠥᠯᠥᠨ ᠪᠤᠶᠢᠷ ᠬᠤᠲᠠ ᠲᠠᠷᠢᠶᠠᠯᠠᠩ ᠤᠨ ᠤᠰᠤᠨ ᠤ ᠦᠨ᠎ᠡ ᠬᠠᠩᠰᠢ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢ ᠭᠦᠨᠵᠡᠭᠡᠶ ᠠᠬᠢᠭᠤᠯᠵᠤ᠂ ︽ᠤᠰᠤᠨ ᠤ ᠦᠨ᠎ᠡ ᠬᠠᠩᠰᠢ ᠪᠦᠷᠢᠯᠳᠦᠬᠦ᠂ ᠨᠠᠷᠢᠯᠢᠭ ᠣᠨᠣᠴᠠᠲᠠᠶ ᠪᠠᠷ ᠨᠥᠬᠦᠪᠥᠷᠢ ᠥᠭᠬᠦ ᠪᠠ ᠤᠰᠤ ᠠᠷᠪᠢᠯᠠᠬᠤ ᠱᠠᠩᠨᠠᠯ᠂ ᠢᠨᠵᠧᠨᠧᠷᠢᠩ ᠢ ᠬᠠᠮᠢᠶᠠᠷᠴᠤ ᠬᠠᠮᠠᠭᠠᠯᠠᠬᠤ᠂ ᠤᠰᠤ ᠬᠡᠷᠡᠭᠯᠡᠬᠦ ᠬᠠᠮᠢᠶᠠᠷᠤᠯᠲᠠ︾ ᠵᠡᠷᠭᠡ 4 ᠵᠦᠢᠯ ᠤᠨ ᠲᠣᠭᠲᠠᠴᠠ ᠶᠢ ᠪᠠᠶᠢᠭᠤᠯᠤᠨ ᠪᠦᠷᠢᠨᠰᠢᠬᠦᠯᠵᠦ᠂ ᠲᠠᠷᠢᠶᠠᠯᠠᠩ ᠤᠨ ᠤᠰᠤᠨ ᠤ ᠦᠨ᠎ᠡ ᠬᠠᠩᠰᠢ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢᠨ ᠬᠡᠷᠡᠭᠵᠢᠭᠦᠯᠬᠦ ᠲᠥᠰᠦᠯ ᠢ ᠲᠣᠭᠲᠠᠭᠠᠨ ᠳᠠᠷᠤᠮᠠᠯᠯᠠᠨ ᠲᠠᠷᠬᠠᠭᠠᠵᠤ᠂ ᠲᠠᠷᠢᠶᠠᠨ ᠭᠠᠵᠠᠷ ᠤᠨ ᠤᠰᠤᠯᠠᠯᠲᠠ ᠶᠢᠨ ᠪᠡᠯᠡᠳᠬᠡᠮᠵᠢ ᠶᠢᠨ ᠪᠥᠲᠥᠭᠡᠨ ᠪᠠᠶᠢᠭᠤᠯᠤᠯᠲᠠ ᠶᠢ ᠴᠢᠩᠭᠠᠷᠠᠭᠤᠯᠤᠨ᠂ ᠨᠢ ᠡᠯ ᠵᠢᠢ ᠤᠰᠤᠨ ᠠᠰᠢᠭᠯᠠᠯᠲᠠ ᠶᠢᠨ ᠵᠠᠩᠭᠢᠯᠠᠭ᠎ᠠ ᠶᠢᠨ ᠳᠣᠤᠷᠠᠳᠤ ᠤᠷᠤᠰᠬᠠᠯ ᠤᠨ ᠥᠪᠥᠷ ᠮᠣᠩᠭᠤᠯ ᠤᠨ ᠤᠰᠤᠯᠠᠯᠲᠠ ᠶᠢᠨ ᠣᠷᠣᠨ ᠤ ᠢᠨᠵᠧᠨᠧᠷᠢᠩ ᠤᠨ ᠪᠥᠲᠥᠭᠡᠨ ᠪᠠᠶᠢᠭᠤᠯᠤᠯᠲᠠ ᠶᠢᠨ ᠡᠭᠦᠷᠭᠡ ᠶᠢ ᠪᠡᠶᠡᠯᠡᠭᠦᠯᠵᠦ᠂ ᠵᠢᠢ ᠴᠢᠨ ᠾᠧ ᠤᠰᠤᠯᠠᠯᠲᠠ ᠶᠢᠨ ᠣᠷᠣᠨ᠂ ᠬᠤᠸᠠ ᠮᠦ ᠯᠠᠨ ᠤᠰᠤᠯᠠᠯᠲᠠ ᠶᠢᠨ ᠣᠷᠣᠨ ᠢ ᠦᠷᠭᠦᠯᠵᠢᠯᠡᠨ ᠪᠠᠶᠢᠭᠤᠯᠵᠤ ᠢᠵᠢ ᠪᠥᠷᠢᠳᠦᠭᠦᠯᠬᠦ ᠪᠠ ᠣᠳᠣᠬᠢᠴᠢᠯᠠᠭᠰᠠᠨ ᠥᠭᠡᠷᠡᠴᠢᠯᠡᠯᠲᠡ ᠶᠢᠨ ᠲᠥᠷᠥᠯ ᠵᠦᠢᠯ ᠢ ᠶᠠᠭ ᠪᠥᠬᠦ ᠲᠠᠯ᠎ᠠ ᠪᠠᠷ ᠳᠥᠯᠭᠢᠨ ᠠᠬᠢᠭᠤᠯᠵᠤ ᠪᠠᠶᠢᠨ᠎ᠠ᠃  ᠤᠰᠤ ᠶᠢ ᠰᠠᠶᠢᠲᠤᠷ ᠬᠠᠮᠢᠶᠠᠷᠴᠤ᠂ ᠤᠰᠤ ᠶᠢ ᠰᠠᠶᠢᠲᠤᠷ ᠬᠡᠷᠡᠭᠯᠡᠬᠦ ᠠᠴᠠ ᠭᠠᠳᠠᠨ᠎ᠠ᠂ ᠬᠥᠯᠥᠨ ᠪᠤᠶᠢᠷ ᠬᠤᠲᠠ ᠤᠰᠤ ᠠᠷᠪᠢᠯᠠᠬᠤ ᠰᠢᠨ᠎ᠡ ᠵᠠᠭᠪᠤᠷ ᠢ ᠰᠠᠨᠠᠭᠠᠴᠢᠯᠠᠭ᠎ᠠ ᠠᠴᠠ ᠪᠠᠨ ᠬᠠᠶᠢᠨ ᠰᠦᠪᠡᠭᠴᠢᠯᠡᠵᠦ᠂ ᠭᠡᠷ᠎ᠡ ᠶᠢᠨ ᠤᠰᠤ ᠠᠷᠪᠢᠯᠠᠬᠤ ᠵᠢᠴᠢ ︽ᠤᠰᠤ ᠠᠷᠪᠢᠯᠠᠬᠤ ᠵᠢᠭᠡᠯᠡᠯᠭᠡ︾᠎ ᠶᠢᠨ ᠠᠵᠢᠯ ᠢ ᠶᠡᠬᠡᠪᠡᠷ ᠠᠬᠢᠭᠤᠯᠵᠤ᠂ ᠤᠷᠢᠳ ᠬᠤᠵᠢᠳ 8 ᠬᠤᠰᠢᠭᠤ ᠬᠤᠲᠠ ᠲᠣᠭᠤᠷᠢᠭ ᠢ ᠵᠣᠬᠢᠶᠠᠨ ᠪᠠᠶᠢᠭᠤᠯᠤᠨ ᠰᠢᠶᠠᠨ ᠤ ᠬᠡᠪᠴᠢᠶᠡᠨ ᠤ ᠤᠰᠤ ᠠᠷᠪᠢᠯᠠᠬᠤ ᠬᠡᠯᠪᠡᠷᠢ ᠶᠢᠨ ᠨᠡᠶᠢᠭᠡᠮ ᠤᠨ ᠪᠠᠷᠢᠮᠵᠢᠶ᠎ᠠ ᠳᠤ ᠬᠦᠷᠭᠡᠬᠦ ᠪᠦᠲᠦᠭᠡᠨ ᠪᠠᠶᠢᠭᠤᠯᠤᠯᠲᠠ ᠶᠢ ᠥᠷᠨᠢᠭᠦᠯᠵᠦ᠂ 4 ᠶᠡᠭᠡ ᠳᠡᠭᠡᠳᠦ ᠰᠤᠷᠭᠠᠭᠤᠯᠢ ᠶᠢ ᠵᠣᠬᠢᠶᠠᠨ ᠪᠠᠶᠢᠭᠤᠯᠤᠨ ᠤᠰᠤ ᠠᠷᠪᠢᠯᠠᠬᠤ ᠬᠡᠯᠪᠡᠷᠢ ᠶᠢᠨ ᠶᠡᠭᠡ ᠳᠡᠭᠡᠳᠦ ᠰᠤᠷᠭᠠᠭᠤᠯᠢ ᠶᠢᠨ ᠪᠦᠲᠦᠭᠡᠨ ᠪᠠᠶᠢᠭᠤᠯᠤᠯᠲᠠ ᠶᠢ ᠥᠷᠨᠢᠭᠦᠯᠵᠦ᠂ ᠤᠰᠤ ᠠᠷᠪᠢᠯᠠᠬᠤ ᠠᠴᠢᠶᠠᠯᠠᠪᠤᠷᠢ ᠶᠢᠨ ᠵᠢᠱᠢᠶ᠎ᠡ ᠦᠵᠡᠭᠦᠯᠵᠦ ᠬᠥᠲᠥᠯᠥᠨ ᠳᠠᠭᠠᠭᠤᠯᠬᠤ ᠦᠢᠯᠡᠳᠦᠯ ᠢ ᠭᠦᠢᠴᠡᠳ ᠪᠠᠳᠠᠷᠠᠭᠤᠯᠪᠠ᠃ ᠣᠳᠣᠬᠠᠨ ᠳᠤ᠂ ᠬᠠᠶᠢᠯᠠᠷ ᠲᠣᠭᠤᠷᠢᠭ ᠵᠡᠷᠭᠡ 8 ᠬᠤᠰᠢᠭᠤ ᠬᠤᠲᠠ ᠲᠣᠭᠤᠷᠢᠭ ᠨᠢ ᠨᠢᠭᠡᠨᠲᠡ ᠰᠢᠶᠠᠨ ᠤ ᠬᠡᠪᠴᠢᠶᠡᠨ ᠤ ᠤᠰᠤ ᠠᠷᠪᠢᠯᠠᠬᠤ ᠬᠡᠯᠪᠡᠷᠢ ᠶᠢᠨ ᠨᠡᠶᠢᠭᠡᠮ ᠤᠨ ᠪᠠᠶᠢᠭᠤᠯᠤᠯᠲᠠ ᠶᠢᠨ ᠡᠭᠦᠷᠭᠡ ᠶᠢ ᠪᠡᠶᠡᠯᠡᠭᠦᠯᠵᠦ᠂ ᠪᠥᠬᠦ ᠬᠤᠲᠠ ᠶᠢᠨ ᠪᠠᠶᠢᠭᠤᠯᠤᠭᠰᠠᠨ ᠨᠣᠷᠮ᠎ᠠ 61%᠎ ᠳᠤ ᠬᠦᠷᠴᠦ᠂ ᠥᠪᠡᠷᠲᠡᠭᠡᠨ ᠵᠠᠰᠠᠬᠤ ᠣᠷᠣᠨ ᠠᠴᠠ ᠪᠠᠭᠤᠯᠭᠠᠭᠰᠠᠨ 2025 ᠣᠨ ᠪᠣᠯᠬᠤ ᠳᠤ ᠪᠠᠶᠢᠭᠤᠯᠤᠭᠰᠠᠨ ᠨᠣᠷᠮ᠎ᠠ ᠶᠢ 60%᠎ ᠳᠤ ᠬᠦᠷᠭᠡᠬᠦ ᠡᠭᠦᠷᠭᠡ ᠶᠢᠨ ᠭᠦᠢᠴᠡᠳᠬᠡᠯ ᠲᠤᠭ᠎ᠠ ᠶᠢ ᠤᠷᠢᠳᠴᠢᠯᠠᠨ ᠪᠡᠶᠡᠯᠡᠭᠦᠯᠪᠡ︔ 4 ᠶᠡᠭᠡ ᠳᠡᠭᠡᠳᠦ ᠰᠤᠷᠭᠠᠭᠤᠯᠢ ᠤᠰᠤ ᠠᠷᠪᠢᠯᠠᠬᠤ ᠬᠡᠯᠪᠡᠷᠢ ᠶᠢᠨ ᠳᠡᠭᠡᠳᠦ ᠰᠤᠷᠭᠠᠭᠤᠯᠢ ᠶᠢ ᠡᠭᠦᠳᠦᠨ ᠪᠠᠶᠢᠭᠤᠯᠬᠤ ᠠᠵᠢᠯ ᠢ ᠪᠦᠬᠦᠨ ᠢ ᠪᠡᠶᠡᠯᠡᠭᠦᠯᠵᠦ᠂ ᠠᠬᠢᠴᠠ ᠨᠢ ᠪᠥᠬᠦ ᠣᠷᠣᠨ ᠤ ᠡᠮᠦᠨ᠎ᠡ ᠡᠩᠨᠡᠭᠡᠨ ᠳᠤ ᠵᠢᠭᠰᠠᠭᠠᠭᠳᠠᠪᠠ︔ ᠪᠥᠬᠦ ᠬᠤᠲᠠ ᠶᠢᠨ ᠤᠰᠤ ᠶᠡᠭᠡ ᠬᠤᠷᠣᠭᠳᠠᠭᠤᠯᠬᠤ ᠠᠵᠢᠯ ᠲᠥᠷᠥᠯ ᠤᠨ ᠤᠰᠤ ᠠᠷᠪᠢᠯᠠᠬᠤ ᠬᠡᠯᠪᠡᠷᠢ ᠶᠢᠨ ᠠᠵᠤ ᠠᠬᠤᠶᠢᠯᠠᠯ ᠤᠨ ᠪᠠᠶᠢᠭᠤᠯᠤᠭᠰᠠᠨ ᠨᠣᠷᠮ᠎ᠠ 86% ᠪᠣᠯᠪᠠ᠃  ︵︽ᠳᠤᠮᠳᠠᠳᠤ ᠤᠯᠤᠰ ᠤᠨ ᠤᠰᠤᠨ ᠠᠰᠢᠭᠯᠠᠯᠲᠠ ᠶᠢᠨ ᠰᠣᠨᠢᠨ︾᠎ ᠠᠴᠠ ᠰᠢᠯᠵᠢᠭᠦᠯᠪᠡ ︵2024 ᠣᠨ ᠤ 4 ᠳ᠋ᠦ᠋ᠭᠡᠷ ᠰᠠᠷ᠎ᠠ ᠶᠢᠨ 02᠎ ᠤᠨ ᠡᠳᠦᠷ︶ 
 
ᠢᠷᠡᠯᠲᠡ᠄ ᠳᠤᠮᠳᠠᠳᠤ ᠤᠯᠤᠰ ᠤᠨ ᠤᠰᠤᠨ ᠠᠰᠢᠭᠯᠠᠯᠲᠠ ᠶᠢᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号