ᠤᠰᠤ ᠶᠢ ᠵᠠᠰᠠᠬᠤ ᠳᠤ ᠠᠷᠭ᠎ᠠ ᠲᠠᠢ  ᠥᠪᠥᠷ ᠮᠣᠩᠭᠤᠯ ᠭᠤᠣᠯ ᠮᠥᠷᠡᠨ ᠨᠠᠭᠤᠷ ᠴᠥᠭᠦᠷᠥᠮ ᠤᠨ ᠠᠮᠢ ᠠᠬᠤᠢ ᠣᠷᠴᠢᠨ ᠲᠣᠭᠤᠷᠢᠨ ᠢ ᠰᠠᠶᠢᠵᠢᠷᠠᠭᠤᠯᠬᠤ ᠪᠠᠷ ᠴᠢᠨᠠᠷ ᠰᠠᠶᠢᠲᠠᠢ ᠬᠥᠭᠵᠢᠯᠲᠡ ᠶᠢ ᠲᠤᠯᠭᠠᠭᠤᠷᠢᠯᠠᠪᠠ
ᠨᠡᠶᠢᠲᠡᠯᠡᠭᠰᠡᠨ ᠴᠠᠭ᠄
2024/4/3
  ᠲᠤᠰ ᠰᠣᠨᠢᠠ ᠤ ᠴᠢᠮᠡᠭᠯᠡᠭᠴᠢ  ᠯᠢ ᠴᠧᠨ ᠢᠣᠢ  ᠰᠣᠷᠪᠤᠯᠵᠢᠯᠠᠬᠴᠢ  ᠯᠢ ᠵᠢᠶᠠᠨ ᠭᠦᠸᠧ
支撑高质量发展     .jpg
  ᠥᠪᠥᠷ ᠮᠤᠩᠭᠤᠯ ᠤᠨ ᠣᠷᠳᠣᠰ ᠬᠤᠲᠠ ᠶᠢᠨ ᠬᠠᠩᠭᠢᠨ ᠬᠤᠰᠢᠭᠤᠨ ᠤ ᠴᠢ ᠰᠢᠩ ᠬᠤ᠋ ᠨᠠᠭᠤᠷ ᠤᠨ ᠠᠮᠢ ᠠᠬᠤᠢ ᠰᠠᠶᠢᠵᠢᠷᠠᠵᠤ᠂ ᠲᠤᠯ ᠡᠳᠦᠷ ᠤᠷᠢᠬᠠᠨ ᠲᠡᠭᠷᠢ ᠪᠠᠶᠢᠵᠠᠢ   ᠲᠤᠰ ᠰᠣᠨᠢᠨ ᠤ ᠰᠤᠷᠪᠤᠯᠵᠢᠯᠠᠭᠴᠢ ᠯᠢ ᠵᠢᠶᠠᠨ ᠭᠦᠸᠧ ᠰᠡᠭᠦᠳᠡᠷᠯᠡᠪᠡ  ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠤᠲᠤᠭ ᠳᠡᠪᠢᠰᠬᠡᠷ ᠥᠷᠭᠡᠨ ᠠᠭᠤᠳᠠᠮ᠂ ᠭᠤᠣᠯ ᠮᠥᠷᠡᠨ ᠣᠯᠠᠨ ᠪᠠᠶᠢᠵᠤ᠂ ᠨᠡᠶᠢᠳᠡ 4087 ᠭᠤᠣᠯ᠂ 428 ᠨᠠᠭᠤᠷ ᠪᠤᠢ᠃ ᠤᠢᠢᠷ᠎ᠠ ᠶᠢᠨ ᠵᠢᠯ ᠠᠴᠠ᠂ ᠥᠪᠥᠷ ᠮᠣᠩᠭᠤᠯ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢᠨ ᠪᠠᠶᠢᠯᠳᠤᠬᠤ ᠪᠤᠳᠤᠯᠭ᠎ᠠ ᠶᠢᠨ ᠪᠠᠶᠢᠷᠢ ᠲᠣᠭᠲᠠᠭᠠᠯᠲᠠ ᠳᠤ ᠰᠠᠭᠤᠷᠢᠯᠠᠵᠤ᠂ ᠭᠤᠣᠯ ᠮᠥᠷᠡᠨ ᠨᠠᠭᠤᠷ ᠴᠥᠭᠦᠷᠥᠮ ᠤᠨ ᠳᠠᠷᠤᠭ᠎ᠠ ᠶᠢᠨ ᠲᠦᠷᠢᠮ ᠢ ᠪᠦᠬᠦ ᠲᠠᠯ᠎ᠠ ᠪᠠᠷ ᠬᠡᠷᠡᠭᠵᠢᠭᠦᠯᠵᠦ᠂ ᠤᠰᠤᠨ ᠤ ᠡᠬᠢ ᠪᠠᠶᠠᠯᠢᠭ ᠤᠨ ᠬᠠᠮᠢᠶᠠᠷᠤᠯᠲᠠ᠂ ᠤᠰᠤᠨ ᠤ ᠣᠷᠴᠢᠨ ᠲᠣᠭᠤᠷᠢᠨ ᠤ ᠵᠠᠰᠠᠯᠲᠠ᠂ ᠤᠰᠤᠨ ᠤ ᠠᠮᠢ ᠠᠬᠤᠢ ᠶᠢᠨ ᠰᠡᠷᠭᠦᠭᠡᠯᠲᠡ ᠶᠢ ᠨᠢᠭᠡᠳᠦᠯᠲᠡᠢ ᠲᠥᠯᠥᠪᠵᠢᠭᠦᠯᠵᠦ᠂ ᠭᠤᠣᠯ ᠮᠥᠷᠡᠨ ᠨᠠᠭᠤᠷ ᠴᠥᠭᠦᠷᠥᠮ ᠤᠨ ᠠᠮᠢ ᠠᠬᠤᠢ ᠶᠢᠨ ᠣᠷᠴᠢᠨ ᠲᠣᠭᠤᠷᠢᠨ ᠦᠷᠭᠦᠯᠵᠢᠯᠡᠨ ᠰᠠᠶᠢᠵᠢᠷᠠᠵᠤ᠂ ᠬᠥᠭᠵᠢᠯᠲᠡ ᠪᠣᠯᠤᠨ ᠠᠮᠤᠷ ᠲᠦᠪᠰᠢᠨ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ᠂ ︽ᠰᠢᠨ᠎ᠡ ᠵᠠᠮ ᠢ ᠨᠡᠬᠡᠬᠡᠵᠤ᠂ ᠳᠤᠮᠳᠠ ᠲᠦᠪᠰᠢᠨ ᠳᠤ ᠣᠷᠣᠬᠤ︾ ᠬᠠᠷᠠᠯᠲᠠ ᠶᠢ ᠪᠡᠶᠡᠯᠡᠭᠦᠯᠬᠦ ᠳᠤ ᠬᠦᠴᠦᠲᠡᠢ ᠲᠤᠯᠭᠠᠭᠤᠷᠢᠯᠠᠯ ᠬᠠᠩᠭᠠᠵᠠᠢ᠃  ᠥᠪᠥᠷ ᠮᠣᠩᠭᠤᠯ ᠭᠤᠣᠯ ᠮᠥᠷᠡᠨ ᠨᠠᠭᠤᠷ ᠴᠥᠭᠦᠷᠥᠮ ᠤᠨ ᠳᠠᠷᠤᠭ᠎ᠠ ᠶᠢᠨ ᠳᠦᠷᠢᠮ ᠢ ᠨᠠᠶᠢᠳᠠᠪᠤᠷᠢᠵᠢᠭᠤᠯᠬᠤ ᠶᠢ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢ ᠠᠬᠢᠭᠤᠯᠬᠤ ᠴᠢᠬᠤᠯᠠ ᠠᠭᠤᠯᠭ᠎ᠠ ᠪᠠ ᠬᠦᠴᠦᠲᠡᠢ ᠠᠷᠭ᠎ᠠ ᠬᠡᠮᠵᠢᠶ᠎ᠡ ᠪᠣᠯᠭᠠᠬᠤ ᠶᠢ ᠪᠠᠷᠢᠮᠲᠠᠯᠠᠵᠤ᠂ ᠤᠢᠢᠷ᠎ᠠ ᠶᠢᠨ ᠵᠢᠯ ᠠᠴᠠ᠂ ᠨᠢᠩᠰᠢᠶᠠ ᠬᠠᠳᠤᠨ ᠭᠤᠣᠯ ᠤᠨ ᠰᠠᠪᠠ ᠭᠠᠵᠠᠷ ᠤᠨ ᠬᠥᠨᠳᠡᠯᠡᠨ ᠠᠮᠢ ᠠᠬᠤᠢ ᠶᠢᠨ ᠨᠥᠬᠦᠪᠥᠷᠢ ᠶᠢᠨ ᠲᠣᠭᠲᠠᠴᠠ ᠶᠢ ᠪᠠᠶᠢᠭᠤᠯᠵᠤ᠂ ᠭᠠᠨᠰᠦ ᠮᠤᠵᠢ ᠲᠠᠢ ᠬᠤᠯᠪᠣᠭᠠᠯᠠᠨ ᠰᠡᠷᠭᠡᠶᠢᠯᠡᠵᠦ ᠬᠤᠯᠪᠣᠭᠠᠯᠠᠨ ᠡᠵᠡᠮᠳᠡᠵᠦ ᠬᠤᠯᠪᠣᠭᠠᠯᠠᠨ ᠵᠠᠰᠠᠬᠤ ᠠᠵᠢᠯᠯᠠᠭ᠎ᠠ ᠶᠢ ᠥᠷᠨᠢᠭᠦᠯᠵᠦ᠂ ᠭᠤᠣᠯ ᠮᠥᠷᠡᠨ ᠨᠠᠭᠤᠷ ᠴᠥᠭᠦᠷᠥᠮ ᠤᠨ ᠵᠠᠰᠠᠯᠲᠠ ᠶᠢ ︽ᠬᠡᠰᠡᠭ ᠬᠤᠪᠢᠶᠠᠨ ᠵᠠᠰᠠᠬᠤ︾᠎ ᠠᠴᠠ ︽ᠪᠦᠬᠦ ᠣᠷᠣᠨ ᠪᠦᠰᠡ ᠶᠢᠨ ᠵᠠᠰᠠᠯᠲᠠ︾ ᠪᠣᠯᠭᠠᠨ ᠬᠤᠪᠢᠷᠠᠭᠤᠯᠬᠤ ᠶᠢ ᠠᠬᠢᠭᠤᠯᠪᠠ᠃ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠤᠤᠯ ᠮᠥᠷᠡᠨ ᠨᠠᠭᠤᠷ ᠴᠥᠭᠦᠷᠥᠮ ᠤᠨ ᠳᠠᠷᠤᠭ᠎ᠠ ᠶᠢᠨ ᠲᠦᠷᠢᠮ ᠤᠨ ᠲᠢᠩᠬᠢᠮ ᠤᠨ ᠬᠤᠭᠤᠷᠣᠨᠳᠣᠬᠢ ᠬᠠᠮᠲᠤᠷᠠᠭᠰᠠᠨ ᠬᠤᠷᠠᠯ ᠤᠨ ᠲᠦᠷᠢᠮ ᠪᠠ ︽ᠭᠤᠤᠯ ᠮᠥᠷᠡᠨ ᠨᠠᠭᠤᠷ ᠴᠥᠭᠦᠷᠥᠮ ᠤᠨ ᠳᠠᠷᠤᠭ᠎ᠠ + ᠪᠠᠶᠢᠴᠠᠭᠠᠬᠤ ᠳᠠᠷᠤᠭ᠎ᠠ︾᠎ ᠶᠢᠨ ᠬᠠᠮᠵᠢᠯᠴᠠᠬᠤ ᠲᠣᠭᠲᠠᠴᠠ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠺᠠᠳ᠋ᠷ ᠢ ᠬᠠᠷᠢᠯᠴᠠᠨ ᠲᠣᠮᠢᠯᠠᠵᠤ ᠰᠣᠯᠢᠯᠴᠠᠬᠤ ᠲᠣᠭᠲᠠᠴᠠ ᠶᠢ ᠪᠠᠶᠢᠭᠤᠯᠤᠨ᠂ ᠪᠤᠭᠤᠲᠤ ᠬᠤᠲᠠ ᠶᠢᠨ ᠸᠠᠩ ᠳ᠋ᠠ ᠬᠠᠨ ᠬᠥᠭᠦᠷᠭᠡ ᠶᠢ ᠨᠤᠷᠠᠭᠠᠵᠤ ᠴᠡᠭᠴᠡᠯᠡᠨ ᠰᠠᠶᠢᠵᠢᠷᠠᠭᠤᠯᠬᠤ ᠠᠵᠢᠯ ᠢ ᠲᠡᠭᠦᠰ ᠠᠮᠵᠢᠯᠲᠠ ᠲᠠᠢ ᠪᠡᠶᠡᠯᠡᠭᠦᠯᠦᠭᠰᠡᠨ ᠪᠥᠭᠡᠳ ᠠᠷᠠᠳ ᠤᠨ ᠳᠡᠭᠡᠳᠦ ᠪᠠᠶᠢᠴᠠᠭᠠᠬᠤ ᠬᠤᠷᠢᠶ᠎ᠠ ᠶᠢᠨ ᠨᠡᠶᠢᠲᠡᠯᠡᠭᠰᠡᠨ ᠨᠤᠭᠤ ᠭᠠᠵᠠᠷ ᠢ ᠬᠠᠮᠠᠭᠠᠯᠠᠬᠤ ᠨᠡᠶᠢᠲᠡ ᠶᠢᠨ ᠠᠰᠠᠷᠠᠮᠵᠢ ᠶᠢᠨ ᠵᠠᠷᠭᠤ ᠶᠢᠨ ᠨᠡᠶᠢᠲᠡᠯᠢᠭ ᠬᠡᠷᠡᠭ ᠤᠨ ᠵᠢᠱᠢᠶ᠎ᠡ ᠳᠤ ᠰᠣᠩᠭᠤᠭᠳᠠᠪᠠ︔ ︽ᠬᠤᠤᠰ ᠶᠡᠷᠦᠩᠬᠡᠶ ᠭᠤᠤᠯ ᠤᠨ ᠳᠠᠷᠤᠭ᠎ᠠ︾᠎ ᠶᠢᠨ ᠵᠣᠬᠢᠶᠠᠨ ᠪᠠᠶᠢᠭᠤᠯᠤᠯᠲᠠ ᠶᠢᠨ ᠰᠢᠰᠲ᠋ᠧᠮ ᠢ ᠪᠠᠶᠢᠭᠤᠯᠵᠤ᠂ ᠥᠪᠡᠷᠲᠡᠭᠡᠨ ᠵᠠᠰᠠᠬᠤ ᠣᠷᠣᠨ ᠢ ᠬᠠᠮᠤᠷᠤᠭᠰᠠᠨ ᠲᠠᠪᠤᠨ ᠱᠠᠲᠤᠨ ᠤ ᠭᠤᠤᠯ ᠮᠥᠷᠡᠨ ᠨᠠᠭᠤᠷ ᠴᠥᠭᠦᠷᠥᠮ ᠤᠨ ᠳᠠᠷᠤᠭ᠎ᠠ ᠶᠢᠨ ᠲᠦᠷᠢᠮ ᠤᠨ ᠬᠠᠮᠢᠶᠠᠷᠤᠯᠲᠠ ᠶᠢᠨ ᠰᠢᠰᠲ᠋ᠧᠮ ᠢ ᠪᠦᠷᠢᠯᠳᠦᠭᠦᠯᠵᠦ᠂ ᠡᠯ᠎ᠡ ᠱᠠᠲᠤᠨ ᠤ ᠭᠤᠤᠯ ᠮᠥᠷᠡᠨ ᠨᠠᠭᠤᠷ ᠴᠥᠭᠦᠷᠥᠮ ᠤᠨ ᠳᠠᠷᠤᠭ᠎ᠠ ᠶᠢᠨ ᠭᠤᠤᠯ ᠮᠥᠷᠡᠨ ᠨᠠᠭᠤᠷ ᠴᠥᠭᠦᠷᠥᠮ ᠢ ᠬᠠᠮᠠᠭᠠᠯᠠᠨ ᠵᠠᠰᠠᠬᠤ ᠨᠢᠭᠡ ᠪᠦᠯᠦᠭ ᠭᠤᠤᠯᠳᠠᠯᠭ᠎ᠠ ᠲᠠᠢ ᠬᠦᠴᠢᠷ ᠠᠰᠠᠭᠤᠳᠠᠯ ᠢ ᠬᠦᠴᠦᠲᠡᠶ ᠳᠥᠯᠭᠢᠨ ᠠᠬᠢᠭᠤᠯᠪᠠ᠃ 2023 ᠣᠨ ᠳᠤ᠂ ᠬᠠᠲᠤᠨ ᠭᠤᠤᠯ ᠪᠥᠬᠦ ᠤᠯᠤᠰ ᠤᠨ ᠬᠤᠶᠠᠳᠤᠭᠠᠷ ᠬᠤᠭᠤᠴᠠᠭᠠᠨ ᠤ ︽ᠬᠠᠮᠤᠭ ᠤᠨ ᠭᠤᠶᠣ ᠨᠤᠲᠤᠭ ᠤᠨ ᠭᠤᠤᠯ︾᠎ ᠢᠶᠠᠷ ᠰᠣᠩᠭᠤᠭᠳᠠᠵᠤ᠂ ᠬᠢᠩᠭᠠᠨ ᠠᠶᠢᠮᠠᠭ ᠤᠨ ᠬᠠᠯᠬ᠎ᠠ ᠭᠤᠤᠯ᠂ ᠣᠷᠳᠣᠰ ᠬᠤᠲᠠ ᠶᠢᠨ ᠦ᠋ ᠳ᠋ᠢᠩ ᠾᠧ ᠭᠤᠤᠯ ᠨᠢ ᠦᠵᠡᠰᠬᠦᠯᠡᠩᠲᠦ ᠰᠠᠶᠢᠬᠠᠨ ᠭᠤᠤᠯ ᠮᠥᠷᠡᠨ ᠨᠠᠭᠤᠷ ᠴᠥᠭᠦᠷᠥᠮ ᠤᠨ ᠰᠢᠯᠢᠳᠡᠭ ᠬᠡᠷᠡᠭ ᠤᠨ ᠵᠢᠱᠢᠶ᠎ᠡ ᠪᠠᠷ ᠰᠣᠩᠭᠤᠭᠳᠠᠵᠤ᠂ 5 ᠨᠡᠷᠡᠰ ᠲᠣᠭᠤᠷᠢᠨ ᠴᠠᠭᠳᠠᠵᠤ ︵ᠬᠠᠮᠠᠭᠠᠯᠠᠭᠴᠢ︶ ᠪᠥᠬᠦ ᠤᠯᠤᠰ ᠤᠨ ︽ᠬᠠᠮᠤᠭ ᠤᠨ ᠭᠤᠶᠣ ᠭᠤᠤᠯ ᠮᠥᠷᠡᠨ ᠨᠠᠭᠤᠷ ᠴᠥᠭᠦᠷᠥᠮ ᠤᠨ ᠬᠠᠮᠠᠭᠠᠯᠠᠭᠴᠢ︾᠎ ᠪᠠᠷ ᠦᠨᠡᠯᠡᠭᠳᠡᠪᠡ᠃  ᠭᠤᠣᠯ ᠮᠥᠷᠡᠨ ᠨᠠᠭᠤᠷ ᠴᠥᠭᠦᠷᠥᠮ ᠢ ᠵᠠᠰᠠᠬᠤ ᠳᠤ ᠬᠠᠤᠯᠢ ᠪᠠᠷ ᠵᠠᠰᠠᠬᠤ ᠬᠦᠴᠦᠲᠡᠢ ᠪᠠᠲᠤᠯᠠᠭ᠎ᠠ ᠬᠡᠷᠡᠭᠲᠡᠢ᠃ ᠣᠶᠢᠷ᠎ᠠ ᠶᠢᠨ ᠵᠢᠯ ᠤᠳ ᠲᠤ᠂ ᠥᠪᠥᠷ ᠮᠣᠩᠭᠤᠯ ᠣᠯᠠᠨ ᠶᠠᠮᠤᠨ ᠤ ᠬᠠᠮᠢᠶᠠᠷᠤᠯᠲᠠ ᠶᠢᠨ ᠲᠦᠷᠢᠮ ᠪᠠ ᠬᠡᠷᠡᠭᠵᠢᠭᠦᠯᠬᠦ ᠲᠥᠰᠦᠯ ᠢ ᠨᠡᠶᠢᠲᠡᠯᠡᠵᠦ᠂ ᠭᠤᠤᠯ ᠮᠥᠷᠡᠨ ᠨᠠᠭᠤᠷ ᠴᠥᠭᠦᠷᠥᠮ ᠤᠨ ᠵᠠᠰᠠᠯᠲᠠ ᠶᠢᠨ ᠬᠠᠥᠯᠢ ᠪᠠᠷ ᠵᠠᠰᠠᠬᠤ ᠬᠢᠷᠢ ᠲᠦᠪᠰᠢᠨ ᠢ ᠪᠥᠬᠦ ᠲᠠᠯ᠎ᠠ ᠪᠠᠷ ᠳᠡᠭᠡᠭᠰᠢᠯᠡᠭᠦᠯᠪᠡ᠃ 23 ᠰᠠᠯᠠᠭ᠎ᠠ ᠮᠥᠴᠢᠷ ᠢᠶᠠᠷ ᠪᠦᠷᠢᠯᠳᠦᠭᠰᠡᠨ ᠥᠪᠡᠷᠲᠡᠭᠡᠨ ᠵᠠᠰᠠᠬᠤ ᠣᠷᠣᠨ ᠤ ᠭᠤᠤᠯ ᠮᠥᠷᠡᠨ ᠨᠠᠭᠤᠷ ᠴᠥᠭᠦᠷᠥᠮ ᠤᠨ ᠳᠠᠷᠤᠭ᠎ᠠ ᠶᠢᠨ ᠲᠦᠷᠢᠮ ᠤᠨ ᠲᠢᠩᠬᠢᠮ ᠤᠨ ᠬᠤᠭᠤᠷᠣᠨᠳᠣᠬᠢ ᠬᠠᠮᠲᠤᠷᠠᠭᠰᠠᠨ ᠬᠤᠷᠠᠯ ᠤᠨ ᠲᠦᠷᠢᠮ ᠢ ᠬᠡᠷᠡᠭᠵᠢᠭᠦᠯᠵᠦ᠂ ᠬᠥᠯᠥᠨ ᠨᠠᠭᠤᠷ᠂ ᠨᠤᠨ ᠮᠥᠷᠡᠨ ᠵᠡᠷᠭᠡ ᠭᠤᠤᠯ ᠮᠥᠷᠡᠨ ᠨᠠᠭᠤᠷ ᠴᠥᠭᠦᠷᠥᠮ ᠳᠤ ᠬᠠᠮᠢᠶᠠᠷᠴᠤ ᠬᠠᠮᠠᠭᠠᠯᠠᠬᠤ ᠭᠤᠤᠯᠳᠠᠯᠭ᠎ᠠ ᠲᠠᠢ ᠠᠵᠢᠯ ᠤᠨ ᠡᠬᠡ ᠲᠠᠩᠰᠠ ᠪᠠᠶᠢᠭᠤᠯᠪᠠ᠃ ᠥᠪᠥᠷ ᠮᠣᠩᠭᠤᠯ ᠭᠤᠤᠯ ᠮᠥᠷᠡᠨ ᠨᠠᠭᠤᠷ ᠴᠥᠭᠦᠷᠥᠮ ᠤᠨ ᠨᠡᠷᠡᠰ ᠤᠨ ᠵᠢᠭᠰᠠᠭᠠᠯᠲᠠ ᠶᠢ ᠡᠮᠬᠢᠯᠡᠨ ᠳᠠᠬᠢᠨ ᠬᠢᠨᠠᠬᠤ ᠠᠵᠢᠯ ᠢ ᠥᠷᠨᠢᠭᠦᠯᠵᠦ᠂ ︽ᠬᠤᠪᠢᠶᠠᠷᠢᠯᠠᠬᠤ ᠶᠣᠰᠣᠲᠠᠶ ᠶᠢ ᠨᠢ ᠪᠦᠬᠦᠨ ᠢ ᠬᠤᠪᠢᠶᠠᠷᠢᠯᠠᠬᠤ︾᠎ ᠶᠢ ᠪᠡᠶᠡᠯᠡᠭᠦᠯᠵᠦ᠂ ᠠᠩᠬᠠᠳᠤᠭᠠᠷ ᠤᠳᠠᠭᠠᠨ ᠤ ᠪᠥᠬᠦ ᠤᠯᠤᠰ ᠤᠨ ᠤᠰᠤᠨ ᠠᠰᠢᠭᠯᠠᠯᠲᠠ ᠶᠢᠨ ᠨᠡᠶᠢᠳᠡᠮ ᠪᠠᠶᠢᠴᠠᠭᠠᠯᠲᠠ ᠶᠢᠨ ᠨᠡᠷᠡᠰ ᠤᠨ ᠵᠢᠭᠰᠠᠭᠠᠯᠲᠠ ᠶᠢᠨ ᠳᠣᠲᠣᠨ᠎ᠠ ᠭᠠᠳᠠᠨᠠᠬᠢ ᠪᠣᠶ ᠪᠥᠬᠦᠶ ᠭᠤᠤᠯ ᠮᠥᠷᠡᠨ ᠤ ᠬᠠᠮᠢᠶᠠᠷᠤᠯᠲᠠ ᠶᠢᠨ ᠬᠡᠪᠴᠢᠶ᠎ᠡ ᠶᠢ ᠵᠠᠭᠠᠭᠯᠠᠨ ᠲᠣᠭᠲᠠᠭᠠᠬᠤ ᠠᠵᠢᠯ ᠢ ᠪᠥᠬᠦ ᠲᠠᠯ᠎ᠠ ᠪᠠᠷ ᠪᠡᠶᠡᠯᠡᠭᠦᠯᠪᠡ︔ ᠭᠤᠣᠯ ᠮᠥᠷᠡᠨ ᠨᠠᠭᠤᠷ ᠴᠥᠭᠦᠷᠥᠮ ᠤᠨ ᠬᠠᠮᠢᠶᠠᠷᠤᠯᠲᠠ ᠶᠢᠨ ︽ᠨᠢᠭᠡ ᠭᠤᠣᠯ ︵ᠨᠠᠭᠤᠷ︶ ᠨᠢᠭᠡ ᠲᠦᠷᠦ ᠶᠢᠨ ᠪᠤᠳᠣᠯᠭ᠎ᠠ︾᠎ ᠶᠢ ᠬᠡᠷᠡᠭᠵᠢᠭᠦᠯᠬᠦ ᠲᠦᠰᠦᠯ ᠢ ᠪᠠᠷᠢᠮᠲᠠᠯᠠᠵᠤ᠂ 1685 ᠭᠤᠣᠯ ᠮᠥᠷᠡᠨ᠂ 350 ᠨᠠᠭᠤᠷ ᠴᠥᠭᠦᠷᠥᠮ ᠤᠨ ᠡᠷᠭᠢ ᠶᠢᠨ ᠱᠤᠭᠤᠮ ᠢ ᠬᠠᠮᠠᠭᠠᠯᠠᠬᠤ ᠪᠠ ᠠᠰᠢᠭᠯᠠᠬᠤ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠠᠵᠢᠯ ᠢ ᠡᠮᠬᠢ ᠵᠢᠷᠤᠮ ᠲᠠᠢ ᠠᠬᠢᠭᠤᠯᠵᠤ᠂ 434 ᠭᠤᠤᠯ ᠮᠥᠷᠡᠨ ᠨᠠᠭᠤᠷ ᠴᠥᠭᠦᠷᠥᠮ ᠤᠨ ᠡᠷᠡᠭᠦᠯ ᠮᠡᠨᠳᠦ ᠶᠢᠨ ᠦᠨᠡᠯᠡᠯᠲᠡ ᠶᠢᠨ ᠡᠭᠦᠷᠭᠡ ᠶᠢ ᠪᠡᠶᠡᠯᠡᠭᠦᠯᠵᠦ᠂ ᠭᠤᠣᠯ ᠮᠥᠷᠡᠨ ᠨᠠᠭᠤᠷ ᠴᠥᠭᠦᠷᠥᠮ ᠤᠨ ᠰᠢᠨᠵᠢᠯᠡᠬᠦ ᠤᠬᠠᠭᠠᠨᠴᠢ ᠪᠠᠷ ᠬᠠᠮᠢᠶᠠᠷᠤᠨ ᠬᠠᠮᠠᠭᠠᠯᠠᠬᠤ ᠳᠤ ᠳᠡᠮᠵᠢᠯᠭᠡ ᠪᠠ ᠦᠨᠳᠦᠰᠦᠯᠡᠯ ᠬᠠᠩᠭᠠᠪᠠ᠃  ᠳᠤᠷ᠎ᠠ ᠪᠠᠷ ᠢᠶᠠᠨ ᠡᠵᠡᠯᠡᠬᠦ᠂ ᠳᠤᠷ᠎ᠠ ᠪᠠᠷ ᠢᠶᠠᠨ ᠮᠠᠯᠲᠠᠬᠤ᠂ ᠳᠤᠷ᠎ᠠ ᠪᠠᠷ ᠢᠶᠠᠨ ᠣᠪᠣᠭᠠᠯᠠᠬᠤ᠂ ᠳᠤᠷ᠎ᠠ ᠪᠠᠷ ᠢᠶᠠᠨ ᠪᠠᠶᠢᠭᠤᠯᠬᠤ ᠵᠡᠷᠭᠡ ︽ᠲᠦᠷᠪᠡᠨ ᠰᠠᠮᠠᠭᠤᠨ︾ ᠠᠷᠬᠠᠭ ᠭᠡᠮ ᠨᠢ ᠭᠤᠣᠯ ᠮᠥᠷᠡᠨ ᠨᠠᠭᠤᠷ ᠴᠥᠭᠦᠷᠥᠮ ᠤᠨ ᠡᠷᠡᠭᠦᠯ ᠮᠡᠨᠳᠦ ᠶᠢ ᠨᠥᠯᠥᠭᠡᠯᠡᠵᠦ ᠪᠠᠶᠢᠨ᠎ᠠ᠃ ᠥᠪᠥᠷ ᠮᠣᠩᠭᠤᠯ ᠭᠤᠤᠯ ᠮᠥᠷᠡᠨ ᠨᠠᠭᠤᠷ ᠴᠥᠭᠦᠷᠥᠮ ᠤᠨ ︽ᠳᠥᠷᠪᠡᠨ ᠰᠠᠮᠠᠭᠤᠨ ᠢ ᠠᠷᠢᠯᠭᠠᠬᠤ︾᠎ ᠶᠢ ᠪᠠᠶᠢᠩᠭᠤᠵᠢᠭᠤᠯᠤᠨ ᠵᠢᠷᠤᠮᠵᠢᠭᠤᠯᠬᠤ ᠶᠢ ᠭᠦᠨᠵᠡᠭᠡᠶ ᠠᠬᠢᠭᠤᠯᠵᠤ᠂ ᠤᠰᠤᠨ ᠠᠰᠢᠭᠯᠠᠯᠲᠠ ᠶᠢᠨ ᠰᠠᠯᠠᠭ᠎ᠠ ᠮᠥᠴᠢᠷ ᠤᠳ ᠵᠢᠯ ᠪᠦᠷᠢ ᠳᠣᠲᠣᠭᠠᠳᠤ ᠶᠢ ᠬᠠᠮᠠᠭᠠᠯᠠᠬᠤ᠂ ᠪᠠᠶᠢᠴᠠᠭᠠᠬᠤ ᠵᠡᠷᠭᠡ ᠰᠠᠯᠠᠭ᠎ᠠ ᠮᠥᠴᠢᠷ ᠲᠠᠢ ᠲᠣᠭᠲᠠᠮᠠᠯ ᠬᠤᠭᠤᠴᠠᠭ᠎ᠠ ᠲᠠᠢ ᠪᠠᠷ ᠬᠠᠮᠲᠤᠷᠠᠨ᠂ ᠭᠤᠤᠯ ᠮᠥᠷᠡᠨ ᠨᠠᠭᠤᠷ ᠴᠥᠭᠦᠷᠥᠮ ᠢ ᠬᠠᠮᠢᠶᠠᠷᠤᠨ ᠬᠠᠮᠠᠭᠠᠯᠠᠬᠤ ︽ᠬᠠᠪᠤᠷ ᠤᠨ ᠤᠯᠠᠷᠢᠯ ᠤᠨ ᠠᠵᠢᠯᠯᠠᠭ᠎ᠠ︾᠂ ︽ᠨᠠᠮᠤᠷ ᠤᠨ ᠤᠯᠠᠷᠢᠯ ᠤᠨ ᠠᠵᠢᠯᠯᠠᠭ᠎ᠠ︾᠎ ᠶᠢ ᠵᠣᠬᠢᠶᠠᠨ ᠪᠠᠶᠢᠭᠤᠯᠤᠨ ᠥᠷᠨᠢᠭᠦᠯᠪᠡ᠃ 2018 ᠣᠨ ᠠᠴᠠ ᠨᠠᠭᠠᠰᠢ᠂ ᠥᠪᠡᠷᠲᠡᠭᠡᠨ ᠵᠠᠰᠠᠬᠤ ᠣᠷᠣᠨ ᠭᠤᠤᠯ ᠮᠥᠷᠡᠨ ᠨᠠᠭᠤᠷ ᠴᠥᠭᠦᠷᠥᠮ ᠤᠨ ︽ᠳᠥᠷᠪᠡᠨ ᠰᠠᠮᠠᠭᠤᠨ︾᠎ ᠤ ᠠᠰᠠᠭᠤᠳᠠᠯ ᠢ ᠨᠡᠶᠢᠲᠡ 1.3 ᠲᠦᠮᠡ ᠭᠠᠷᠤᠶ ᠴᠡᠭᠴᠡᠯᠡᠨ ᠵᠠᠰᠠᠵᠤ᠂ 192 ᠲᠦᠮᠡᠨ ᠲᠡᠭᠰᠢ ᠳᠥᠷᠪᠡᠯᠵᠢᠨ ᠮᠧᠲᠷ ᠲᠣᠭᠲᠠᠭᠠᠯ ᠠᠴᠠ ᠵᠥᠷᠢᠴᠡᠨ ᠪᠠᠶᠢᠭᠤᠯᠤᠭᠰᠠᠨ ᠪᠠᠷᠢᠯᠭ᠎ᠠ ᠶᠢ ᠨᠤᠷᠠᠭᠠᠵᠤ᠂ 70 ᠺᠢᠯᠤᠮᠧᠲᠷ ᠤᠨ ᠬᠠᠰᠢᠯᠭ᠎ᠠ ᠳᠠᠯᠠᠩ ᠢ ᠴᠡᠪᠡᠷᠯᠡᠵᠦ᠂ 200 ᠲᠦᠮᠡ ᠭᠠᠷᠤᠶ ᠲᠣᠨ ᠬᠤᠭ ᠨᠣᠪᠰᠢ ᠶᠢ ᠴᠡᠪᠡᠷᠯᠡᠵᠦ᠂ ᠭᠤᠤᠯ ᠮᠥᠷᠡᠨ ᠨᠠᠭᠤᠷ ᠴᠥᠭᠦᠷᠥᠮ ᠤᠨ ᠳᠦᠷᠰᠦ ᠪᠠᠶᠢᠳᠠᠯ ᠢ ᠦᠨᠳᠦᠰᠦᠨ ᠠᠴᠠ ᠨᠢ ᠬᠤᠪᠢᠷᠠᠭᠤᠯᠬᠤ ᠶᠢ ᠪᠡᠶᠡᠯᠡᠭᠦᠯᠪᠡ᠃ ᠤᠰᠤᠨ ᠠᠰᠢᠭᠯᠠᠯᠲᠠ ᠶᠢᠨ ᠶᠠᠮᠤᠨ ᠤ ᠭᠤᠤᠯ ᠮᠥᠷᠡᠨ ᠨᠠᠭᠤᠷ ᠴᠥᠭᠦᠷᠥᠮ ᠤᠨ ᠠᠯᠤᠰ ᠰᠡᠷᠡᠯ ᠤᠨ ᠵᠢᠷᠤᠭ ᠢ ᠬᠠᠷᠭᠤᠭᠤᠯᠤᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠠᠵᠢᠯ ᠢ ᠢᠳᠡᠪᠬᠢᠲᠡᠶ ᠥᠷᠨᠢᠭᠦᠯᠵᠦ᠂ ᠲᠤᠰᠬᠠᠶ ᠬᠥᠮᠦᠨ ᠢ ᠵᠣᠬᠢᠶᠠᠨ ᠪᠠᠶᠢᠭᠤᠯᠤᠨ 1.8 ᠲᠦᠮᠡ ᠭᠠᠷᠤᠶ ᠭᠤᠤᠯ ᠮᠥᠷᠡᠨ ᠨᠠᠭᠤᠷ ᠴᠥᠭᠦᠷᠥᠮ ᠤᠨ ᠰᠡᠵᠢᠭᠯᠡᠯᠲᠡᠶ ᠵᠢᠷᠤᠭ ᠤᠨ ᠲᠣᠯᠪᠤ ᠶᠢ ᠳᠠᠬᠢᠨ ᠬᠢᠨᠠᠵᠤ᠂ 1229 ᠠᠰᠠᠭᠤᠳᠠᠯ ᠢ ᠴᠡᠭᠴᠡᠯᠡᠨ ᠰᠠᠶᠢᠵᠢᠷᠠᠭᠤᠯᠵᠤ ᠢᠯᠡᠷᠡᠭᠦᠯᠪᠡ︔ ᠭᠤᠣᠯ ᠮᠥᠷᠡᠨ ᠤ ᠡᠯᠡᠰᠦ ᠮᠠᠯᠲᠠᠬᠤ ᠬᠢᠨᠠᠯᠲᠠ ᠬᠠᠮᠢᠶᠠᠷᠤᠯᠲᠠ ᠶᠢ ᠦᠷᠭᠦᠯᠵᠢᠯᠡᠨ ᠴᠢᠩᠭᠠᠳᠬᠠᠵᠤ᠂ ᠡᠯᠡᠰᠦ ᠮᠠᠯᠲᠠᠬᠤ ᠬᠠᠮᠢᠶᠠᠷᠤᠯᠲᠠ ᠶᠢᠨ ︽ᠳᠥᠷᠪᠡᠨ ᠬᠠᠷᠢᠭᠤᠴᠠᠯᠭᠠᠲᠠᠨ︾᠎ ᠢ ᠨᠡᠶᠢᠲᠡ 2800 ᠭᠠᠷᠤᠶ ᠬᠥᠮᠦᠨ ᠳᠤ ᠲᠣᠬᠢᠷᠠᠭᠤᠯᠤᠯᠲᠠ ᠬᠢᠵᠦ᠂ ᠥᠨᠳᠥᠷ ᠳᠠᠷᠤᠯᠲᠠᠲᠤ ᠪᠠᠶᠢᠳᠠᠯ ᠢᠶᠠᠷ ᠭᠤᠤᠯ ᠮᠥᠷᠡᠨ ᠤ ᠬᠠᠤᠯᠢ ᠪᠤᠰᠤ ᠪᠠᠷ ᠡᠯᠡᠰᠦ ᠮᠠᠯᠲᠠᠬᠤ ᠳᠤ ᠴᠣᠬᠢᠯᠲᠠ ᠥᠭᠪᠡ᠃  ᠥᠪᠥᠷ ᠮᠣᠩᠭᠤᠯ ᠤᠨ ᠬᠢᠯᠢ ᠳᠣᠲᠣᠷ᠎ᠠ ᠭᠤᠣᠯ ᠮᠥᠷᠡᠨ ᠣᠯᠠᠨ᠂ ᠠᠰᠠᠭᠤᠳᠠᠯ ᠪᠤᠳᠤᠯᠢᠶᠠᠨᠲᠠᠢ᠃ ᠥᠪᠡᠷᠲᠡᠭᠡᠨ ᠵᠠᠰᠠᠬᠤ ᠣᠷᠣᠨ ᠠᠴᠠ ᠪᠣᠳᠠᠲᠠᠢ ᠠᠰᠠᠭᠤᠳᠠᠯ ᠢ ᠪᠣᠳᠠᠲᠠᠢ ᠪᠠᠷ ᠵᠠᠳᠠᠯᠬᠤ ᠶᠢ ᠪᠠᠷᠢᠮᠲᠠᠯᠠᠨ᠂ ᠲᠥᠷᠥ ᠶᠢᠨ ᠪᠣᠳᠣᠯᠭ᠎ᠠ ᠶᠢ ᠶᠡᠷᠦᠩᠬᠡᠶᠢᠯᠡᠨ ᠬᠡᠷᠡᠭᠵᠢᠭᠦᠯᠵᠦ᠂ ᠭᠤᠣᠯᠳᠠᠯᠭ᠎ᠠ ᠶᠢ ᠴᠢᠩᠭ᠎ᠠ ᠠᠳᠬᠤᠨ᠂ ᠬᠠᠲᠤᠨ ᠭᠤᠣᠯ ᠤᠨ ᠲᠠᠩ ᠣᠷᠣᠨ ᠤ 1178.55 ᠮᠦ ᠦᠶᠡᠷ ᠢ ᠵᠠᠯᠠᠬᠤ ᠶᠢ ᠬᠦᠨᠳᠦ ᠨᠣᠴᠢᠲᠠᠢ ᠬᠠᠷᠰᠢᠯᠠᠬᠤ ᠪᠠ ᠭᠤᠣᠯ ᠤᠨ ᠪᠠᠶᠢᠳᠠᠯ ᠢ ᠲᠣᠭᠲᠠᠭᠤᠨ ᠪᠣᠯᠭᠠᠵᠤ ᠪᠠᠶᠢᠭ᠎ᠠ ᠣᠢ ᠮᠣᠳᠣ ᠶᠢ ᠢᠯᠭᠠᠷᠠᠭᠤᠯᠤᠨ ᠴᠡᠭᠴᠡᠯᠡᠬᠦ ᠠᠵᠢᠯ ᠢ ᠪᠡᠶᠡᠯᠡᠭᠦᠯᠵᠦ᠂ ᠬᠠᠲᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠶᠢᠨ ᠲᠣᠪᠤᠶᠢᠮ᠎ᠠ ᠠᠰᠠᠭᠤᠳᠠᠯ ᠢ ᠰᠢᠢᠳᠪᠦᠷᠢᠯᠡᠪᠡ᠃ ᠬᠠᠲᠤᠨ ᠭᠤᠤᠯ ᠤᠨ ᠲᠠᠩ ᠭᠠᠵᠠᠷ ᠤᠨ ᠰᠠᠭᠤᠭᠠᠯᠢ ᠠᠷᠠᠳ ᠢ ᠨᠡᠭᠦᠯᠭᠡᠨ ᠪᠠᠶᠢᠭᠤᠯᠬᠤ ᠠᠵᠢᠯ ᠢ ᠪᠥᠬᠦ ᠬᠦᠴᠦᠨ ᠢᠶᠠᠷ ᠢᠶᠠᠨ ᠳᠥᠯᠭᠢᠨ ᠠᠬᠢᠭᠤᠯᠵᠤ᠂ ︽ᠠᠷᠪᠠᠨ ᠳᠥᠷᠪᠡᠳᠦᠭᠡᠷ ᠲᠠᠪᠤᠨ ᠵᠢᠯ︾᠎ ᠤᠨ ᠲᠥᠯᠥᠪᠵᠢᠭᠦᠯᠭᠡ ᠶᠢᠨ ᠬᠤᠭᠤᠴᠠᠭᠠᠨ ᠤ ᠲᠠᠩ ᠭᠠᠵᠠᠷ ᠤᠨ ᠰᠠᠭᠤᠭᠠᠯᠢ ᠠᠷᠠᠳ ᠢ ᠨᠡᠭᠦᠯᠭᠡᠨ ᠪᠠᠶᠢᠭᠤᠯᠬᠤ ᠡᠭᠦᠷᠭᠡ ᠶᠢ 2 ᠵᠢᠯ ᠤᠷᠢᠳᠴᠢᠯᠠᠨ ᠪᠡᠶᠡᠯᠡᠭᠦᠯᠪᠡ᠃ ︽ᠬᠦᠯᠦᠨ ᠨᠠᠭᠤᠷ᠂ ᠲᠠᠬ᠎ᠠ ᠨᠠᠭᠤᠷ᠂ ᠤᠯᠠᠭᠠᠨᠰᠤᠬᠠᠢ ᠨᠠᠭᠤᠷ︾᠎ ᠢ ᠵᠠᠰᠠᠭᠰᠠᠨ ᠦᠷ᠎ᠡ ᠪᠦᠲᠦᠮᠵᠢ ᠶᠢ ᠦᠷᠭᠦᠯᠵᠢᠯᠡᠨ ᠪᠠᠬᠢᠵᠢᠭᠦᠯᠵᠦ᠂ ᠬᠥᠯᠥᠨ ᠨᠠᠭᠤᠷ ᠤᠨ ᠲᠠᠯᠠᠪᠠᠢ 2237.1 ᠲᠡᠭᠰᠢ ᠳᠥᠷᠪᠡᠯᠵᠢᠨ ᠺᠢᠯᠤᠮᠧᠲᠷ ᠲᠤ ᠬᠦᠷᠴᠦ᠂ ᠤᠯᠠᠭᠠᠨᠰᠤᠬᠠᠢ ᠶᠢᠨ 2023 ᠣᠨ ᠳᠤ ᠠᠮᠢ ᠠᠬᠤᠢ ᠶᠢᠨ ᠤᠰᠤ ᠨᠥᠬᠦᠪᠥᠷᠢᠯᠡᠵᠦ ᠪᠠᠶᠢᠭ᠎ᠠ ᠨᠢ 4.87 ᠳ᠋ᠦᠩᠰᠢᠭᠤᠷ ᠪᠣᠰᠤᠭ᠎ᠠ ᠳᠥᠷᠪᠡᠯᠵᠢᠨ ᠮᠧᠲᠷ ᠬᠦᠷᠴᠦ᠂ ᠤᠰᠤᠨ ᠤ ᠭᠠᠳᠠᠷᠭᠤ ᠶᠢᠨ ᠲᠠᠯᠠᠪᠠᠢ 293 ᠲᠡᠭᠰᠢ ᠳᠥᠷᠪᠡᠯᠵᠢᠨ ᠺᠢᠯᠤᠮᠧᠲᠷ ᠲᠤ ᠲᠣᠭᠲᠠᠪᠤᠷᠢᠵᠢᠵᠤ᠂ ᠳᠠᠭ᠎ᠠ ᠶᠢᠨ ᠨᠠᠭᠤᠷ ᠤᠨ ᠲᠠᠯᠠᠪᠠᠢ 45.1 ᠲᠡᠭᠰᠢ ᠳᠥᠷᠪᠡᠯᠵᠢᠨ ᠺᠢᠯᠤᠮᠧᠲᠷ ᠲᠤ ᠬᠦᠷᠪᠡ᠃ 2023 ᠣᠨ ᠳᠤ᠂ ᠪᠠᠷᠠᠭᠤᠨ ᠯᠢᠶᠣᠤᠾᠧ ᠭᠤᠣᠯ ᠤᠨ ᠭᠤᠣᠯ ᠤᠷᠤᠰᠬᠠᠯ ᠤᠨ ᠤᠰᠤᠨ ᠲᠦᠷᠦᠭᠦᠦ 25 ᠵᠢᠯ ᠤᠨ ᠲᠤᠷᠰᠢ ᠠᠩᠬ᠎ᠠ ᠤᠳᠠᠭ᠎ᠠ ᠲᠦᠩᠯᠢᠶᠣᠤ ᠬᠤᠳᠠ ᠶᠢᠨ ᠭᠤᠣᠯ ᠬᠤᠳᠠ ᠶᠢᠨ ᠲᠣᠭᠤᠷᠢᠭ ᠤᠨ ᠣᠭᠲᠣᠯᠤᠭᠠᠰᠤ ᠳᠤ ᠬᠦᠷᠴᠦ᠂ ᠵᠡᠭᠦᠨ ᠰᠤᠪᠨᠠᠭᠤᠷ ᠨᠢ ᠠᠮᠢ ᠠᠬᠤᠢ ᠶᠢᠨ ᠤᠰᠤ ᠨᠥᠬᠦᠪᠥᠷᠢᠯᠡᠬᠦ ᠪᠠᠷ ᠳᠠᠮᠵᠢᠨ 19 ᠵᠢᠯ ᠳᠠᠷᠠᠭᠠᠯᠠᠨ ᠬᠠᠲᠠᠬᠤ ᠦᠭᠡᠢ ᠪᠠᠶᠢᠬᠤ ᠶᠢ ᠪᠡᠶᠡᠯᠡᠭᠦᠯᠪᠡ᠃  ᠤᠰᠤᠨ ᠤ ᠬᠡᠮᠵᠢᠶ᠎ᠡ ᠶᠢ ᠪᠠᠲᠤᠯᠠᠬᠤ ᠪᠠᠷ ᠪᠠᠷᠠᠬᠤ ᠦᠭᠡᠢ ᠤᠰᠤᠨ ᠤ ᠴᠢᠨᠠᠷ ᠢ ᠨᠡᠩ ᠴᠤ ᠪᠠᠲᠤᠯᠠᠬᠤ       ᠬᠡᠷᠡᠭᠲᠡᠢ᠃ ᠥᠪᠥᠷ ᠮᠣᠩᠭᠤᠯ ︽ᠠᠷᠪᠠᠨ ᠳᠥᠷᠪᠡᠳᠦᠭᠡᠷ ᠲᠠᠪᠤᠨ ᠵᠢᠯ︾᠎ ᠤᠨ ᠲᠥᠯᠥᠪᠵᠢᠭᠦᠯᠭᠡ ᠶᠢᠨ ᠬᠤᠭᠤᠴᠠᠭᠠᠨ ᠳᠠᠬᠢ ᠤᠰᠤ ᠬᠡᠷᠡᠭᠯᠡᠬᠦ ᠶᠡᠷᠦᠩᠬᠡᠶ ᠬᠡᠮᠵᠢᠶ᠎ᠡ ᠪᠣᠯᠤᠨ ᠬᠦᠴᠦᠯᠡᠴᠡ ᠶᠢᠨ ᠬᠤᠤᠰ ᠡᠵᠡᠮᠳᠡᠯ ᠤᠨ ᠭᠦᠢᠴᠡᠳᠭᠡᠯ ᠲᠤᠭ᠎ᠠ ᠶᠢ ᠱᠠᠲᠤ ᠳᠠᠷᠠᠭᠠᠯᠠᠨ ᠵᠠᠳᠠᠯᠵᠤ᠂ ᠳᠠᠭᠠᠭᠠᠴᠠ ᠠᠴᠠ ᠬᠡᠲᠦᠷᠡᠭᠰᠡᠨ ᠭᠠᠵᠠᠷ ᠣᠷᠣᠨ ᠳᠤ ᠤᠰᠤ ᠠᠪᠬᠤ ᠵᠥᠪᠰᠢᠶᠡᠷᠡᠯ ᠢ ᠬᠢᠵᠠᠭᠠᠷᠯᠠᠨ ᠬᠢᠨᠠᠨ ᠵᠥᠪᠰᠢᠶᠡᠷᠡᠬᠦ ᠶᠢ ᠬᠡᠷᠡᠭᠵᠢᠭᠦᠯᠵᠦ᠂ 0.96 ᠳ᠋ᠦᠩᠰᠢᠭᠤᠷ ᠪᠣᠰᠤᠭ᠎ᠠ ᠳᠥᠷᠪᠡᠯᠵᠢᠨ ᠮᠧᠲᠷ ᠤᠨ ᠰᠤᠯᠠ ᠪᠠᠶᠢᠭ᠎ᠠ ᠤᠰᠤᠨ ᠤ ᠭᠦᠢᠴᠡᠳᠭᠡᠯ ᠲᠤᠭ᠎ᠠ ᠶᠢ ᠪᠦᠬᠦᠨ ᠢ ᠳᠠᠬᠢᠨ ᠳᠣᠭᠢᠷᠠᠭᠤᠯᠬᠤ ᠶᠢᠨ ᠬᠠᠮᠲᠤ ᠦᠷ᠎ᠡ ᠠᠰᠢᠭ ᠢ ᠪᠠᠳᠠᠷᠠᠭᠤᠯᠤᠨ᠎ᠠ᠃ ᠬᠤᠲᠠ ᠪᠠᠯᠭᠠᠰᠤ ᠶᠢᠨ ᠪᠣᠬᠢᠷ ᠤᠰᠤ ᠶᠢ ᠰᠢᠢᠳᠪᠦᠷᠢᠯᠡᠬᠦ ᠴᠢᠳᠠᠪᠤᠷᠢ ᠦᠷᠭᠦᠯᠵᠢᠯᠡᠨ ᠳᠡᠭᠡᠭᠰᠢᠯᠡᠵᠦ᠂ ᠭᠤᠤᠯᠳᠠᠯᠭ᠎ᠠ ᠲᠠᠢ ᠰᠠᠪᠠ ᠭᠠᠵᠠᠷ ᠤᠨ ᠬᠤᠲᠠ ᠪᠠᠯᠭᠠᠰᠤ ᠶᠢᠨ ᠠᠮᠢᠳᠤᠷᠠᠯ ᠤᠨ ᠪᠣᠬᠢᠷ ᠤᠰᠤ ᠶᠢ ᠰᠢᠢᠳᠪᠦᠷᠢᠯᠡᠬᠦ ᠦᠢᠯᠡᠳᠪᠦᠷᠢ ᠴᠥᠮ ᠨᠢᠭᠡᠳᠦᠭᠡᠷ ᠳᠡᠰ ᠤᠨ A ᠭᠠᠳᠠᠭᠰᠢᠯᠠᠭᠤᠯᠬᠤ ᠪᠠᠷᠢᠮᠵᠢᠶ᠎ᠠ ᠳᠤ ᠬᠦᠷᠴᠦ᠂ ᠪᠣᠬᠢᠷ ᠤᠰᠤ ᠶᠢ ᠰᠢᠢᠳᠪᠦᠷᠢᠯᠡᠬᠦ ᠪᠠᠷᠢᠮᠵᠢᠶ᠎ᠠ ᠳᠤ ᠬᠦᠷᠦᠭᠰᠡᠨ ᠨᠣᠷᠮ᠎ᠠ 97.92% ᠪᠣᠯᠪᠠ᠃ 2023 ᠣᠨ ᠤ ᠡᠴᠦᠰ ᠲᠤ ᠥᠪᠡᠷᠲᠡᠭᠡᠨ ᠵᠠᠰᠠᠬᠤ ᠣᠷᠣᠨ ᠤ ᠤᠯᠤᠰ ᠤᠨ ᠬᠢᠨᠠᠨ ᠰᠢᠯᠭᠠᠯᠲᠠ ᠶᠢᠨ ᠣᠭᠲᠣᠯᠤᠭᠠᠰᠤ ᠶᠢᠨ ᠤᠰᠤᠨ ᠤ ᠴᠢᠨᠠᠷ ᠤᠨ ᠰᠢᠯᠢᠳᠡᠭ ᠰᠠᠶᠢᠨ 121 ᠬᠠᠷᠢᠴᠠᠯ ᠢ 78.5%᠎ ᠳᠤ ᠬᠦᠷᠦᠭᠦᠯᠵᠦ᠂ ᠬᠠᠲᠤᠨ ᠭᠤᠤᠯ ᠤᠨ ᠰᠠᠯᠪᠤᠷᠢ ᠤᠷᠤᠰᠬᠠᠯ ᠤᠨ ᠣᠭᠲᠣᠯᠤᠭᠠᠰᠤ ᠶᠢ ᠪᠦᠬᠦᠨ ᠢ ᠦᠭᠡᠶᠢᠰᠬᠡᠪᠡ᠃  ︵︽ᠳᠤᠮᠳᠠᠳᠤ ᠤᠯᠤᠰ ᠤᠨ ᠤᠰᠤᠨ ᠠᠰᠢᠭᠯᠠᠯᠲᠠ ᠶᠢᠨ ᠰᠣᠨᠢᠨ︾᠎ ᠠᠴᠠ ᠰᠢᠯᠵᠢᠭᠦᠯᠪᠡ ︵2024 ᠣᠨ ᠤ 4 ᠳ᠋ᠦ᠋ᠭᠡᠷ ᠰᠠᠷ᠎ᠠ ᠶᠢᠨ 02᠎ ᠤᠨ ᠡᠳᠦᠷ︶ 
 
ᠢᠷᠡᠯᠲᠡ᠄ ᠳᠤᠮᠳᠠᠳᠤ ᠤᠯᠤᠰ ᠤᠨ ᠤᠰᠤᠨ ᠠᠰᠢᠭᠯᠠᠯᠲᠠ ᠶᠢᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号