ᠲᠤᠰ ᠰᠣᠨᠢᠠ ᠤ ᠴᠢᠮᠡᠭᠯᠡᠭᠴᠢ ᠯᠢ ᠴᠧᠨ ᠢᠣᠢ ᠰᠣᠷᠪᠤᠯᠵᠢᠯᠠᠬᠴᠢ ᠯᠢ ᠵᠢᠶᠠᠨ ᠭᠦᠸᠧ | | | | | | ᠥᠪᠥᠷ ᠮᠤᠩᠭᠤᠯ ᠤᠨ ᠣᠷᠳᠣᠰ ᠬᠤᠲᠠ ᠶᠢᠨ ᠬᠠᠩᠭᠢᠨ ᠬᠤᠰᠢᠭᠤᠨ ᠤ ᠴᠢ ᠰᠢᠩ ᠬᠤ᠋ ᠨᠠᠭᠤᠷ ᠤᠨ ᠠᠮᠢ | ᠠᠬᠤᠢ ᠰᠠᠶᠢᠵᠢᠷᠠᠵᠤ᠂ ᠲᠤᠯ ᠡᠳᠦᠷ ᠤᠷᠢᠬᠠᠨ ᠲᠡᠭᠷᠢ ᠪᠠᠶᠢᠵᠠᠢ ᠲᠤᠰ ᠰᠣᠨᠢᠨ ᠤ ᠰᠤᠷᠪᠤᠯᠵᠢᠯᠠᠭᠴᠢ ᠯᠢ ᠵᠢᠶᠠᠨ | ᠭᠦᠸᠧ ᠰᠡᠭᠦᠳᠡᠷᠯᠡᠪᠡ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠤᠲᠤᠭ ᠳᠡᠪᠢᠰᠬᠡᠷ ᠥᠷᠭᠡᠨ ᠠᠭᠤᠳᠠᠮ᠂ ᠭᠤᠣᠯ | ᠮᠥᠷᠡᠨ ᠣᠯᠠᠨ ᠪᠠᠶᠢᠵᠤ᠂ ᠨᠡᠶᠢᠳᠡ 4087 ᠭᠤᠣᠯ᠂ 428 ᠨᠠᠭᠤᠷ ᠪᠤᠢ᠃ ᠤᠢᠢᠷ᠎ᠠ ᠶᠢᠨ ᠵᠢᠯ ᠠᠴᠠ᠂ ᠥᠪᠥᠷ | ᠮᠣᠩᠭᠤᠯ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢᠨ | ᠪᠠᠶᠢᠯᠳᠤᠬᠤ ᠪᠤᠳᠤᠯᠭ᠎ᠠ ᠶᠢᠨ ᠪᠠᠶᠢᠷᠢ ᠲᠣᠭᠲᠠᠭᠠᠯᠲᠠ ᠳᠤ ᠰᠠᠭᠤᠷᠢᠯᠠᠵᠤ᠂ ᠭᠤᠣᠯ ᠮᠥᠷᠡᠨ ᠨᠠᠭᠤᠷ ᠴᠥᠭᠦᠷᠥᠮ ᠤᠨ | ᠳᠠᠷᠤᠭ᠎ᠠ ᠶᠢᠨ ᠲᠦᠷᠢᠮ ᠢ ᠪᠦᠬᠦ ᠲᠠᠯ᠎ᠠ ᠪᠠᠷ ᠬᠡᠷᠡᠭᠵᠢᠭᠦᠯᠵᠦ᠂ ᠤᠰᠤᠨ ᠤ ᠡᠬᠢ ᠪᠠᠶᠠᠯᠢᠭ ᠤᠨ ᠬᠠᠮᠢᠶᠠᠷᠤᠯᠲᠠ᠂ | ᠤᠰᠤᠨ ᠤ ᠣᠷᠴᠢᠨ ᠲᠣᠭᠤᠷᠢᠨ ᠤ ᠵᠠᠰᠠᠯᠲᠠ᠂ ᠤᠰᠤᠨ ᠤ ᠠᠮᠢ ᠠᠬᠤᠢ ᠶᠢᠨ ᠰᠡᠷᠭᠦᠭᠡᠯᠲᠡ ᠶᠢ ᠨᠢᠭᠡᠳᠦᠯᠲᠡᠢ | ᠲᠥᠯᠥᠪᠵᠢᠭᠦᠯᠵᠦ᠂ ᠭᠤᠣᠯ ᠮᠥᠷᠡᠨ ᠨᠠᠭᠤᠷ ᠴᠥᠭᠦᠷᠥᠮ ᠤᠨ ᠠᠮᠢ ᠠᠬᠤᠢ ᠶᠢᠨ ᠣᠷᠴᠢᠨ ᠲᠣᠭᠤᠷᠢᠨ | ᠦᠷᠭᠦᠯᠵᠢᠯᠡᠨ ᠰᠠᠶᠢᠵᠢᠷᠠᠵᠤ᠂ ᠬᠥᠭᠵᠢᠯᠲᠡ ᠪᠣᠯᠤᠨ ᠠᠮᠤᠷ ᠲᠦᠪᠰᠢᠨ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ᠂ | ︽ᠰᠢᠨ᠎ᠡ ᠵᠠᠮ ᠢ ᠨᠡᠬᠡᠬᠡᠵᠤ᠂ ᠳᠤᠮᠳᠠ ᠲᠦᠪᠰᠢᠨ ᠳᠤ ᠣᠷᠣᠬᠤ︾ ᠬᠠᠷᠠᠯᠲᠠ ᠶᠢ ᠪᠡᠶᠡᠯᠡᠭᠦᠯᠬᠦ ᠳᠤ ᠬᠦᠴᠦᠲᠡᠢ | ᠲᠤᠯᠭᠠᠭᠤᠷᠢᠯᠠᠯ ᠬᠠᠩᠭᠠᠵᠠᠢ᠃ | ᠥᠪᠥᠷ ᠮᠣᠩᠭᠤᠯ ᠭᠤᠣᠯ ᠮᠥᠷᠡᠨ ᠨᠠᠭᠤᠷ ᠴᠥᠭᠦᠷᠥᠮ ᠤᠨ ᠳᠠᠷᠤᠭ᠎ᠠ ᠶᠢᠨ ᠳᠦᠷᠢᠮ ᠢ | ᠨᠠᠶᠢᠳᠠᠪᠤᠷᠢᠵᠢᠭᠤᠯᠬᠤ ᠶᠢ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢ ᠠᠬᠢᠭᠤᠯᠬᠤ ᠴᠢᠬᠤᠯᠠ ᠠᠭᠤᠯᠭ᠎ᠠ ᠪᠠ | ᠬᠦᠴᠦᠲᠡᠢ ᠠᠷᠭ᠎ᠠ ᠬᠡᠮᠵᠢᠶ᠎ᠡ ᠪᠣᠯᠭᠠᠬᠤ ᠶᠢ ᠪᠠᠷᠢᠮᠲᠠᠯᠠᠵᠤ᠂ ᠤᠢᠢᠷ᠎ᠠ ᠶᠢᠨ ᠵᠢᠯ ᠠᠴᠠ᠂ ᠨᠢᠩᠰᠢᠶᠠ ᠬᠠᠳᠤᠨ | ᠭᠤᠣᠯ ᠤᠨ ᠰᠠᠪᠠ ᠭᠠᠵᠠᠷ ᠤᠨ ᠬᠥᠨᠳᠡᠯᠡᠨ ᠠᠮᠢ ᠠᠬᠤᠢ ᠶᠢᠨ ᠨᠥᠬᠦᠪᠥᠷᠢ ᠶᠢᠨ ᠲᠣᠭᠲᠠᠴᠠ ᠶᠢ ᠪᠠᠶᠢᠭᠤᠯᠵᠤ᠂ ᠭᠠᠨᠰᠦ | ᠮᠤᠵᠢ ᠲᠠᠢ ᠬᠤᠯᠪᠣᠭᠠᠯᠠᠨ ᠰᠡᠷᠭᠡᠶᠢᠯᠡᠵᠦ ᠬᠤᠯᠪᠣᠭᠠᠯᠠᠨ ᠡᠵᠡᠮᠳᠡᠵᠦ ᠬᠤᠯᠪᠣᠭᠠᠯᠠᠨ ᠵᠠᠰᠠᠬᠤ ᠠᠵᠢᠯᠯᠠᠭ᠎ᠠ ᠶᠢ | ᠥᠷᠨᠢᠭᠦᠯᠵᠦ᠂ ᠭᠤᠣᠯ ᠮᠥᠷᠡᠨ ᠨᠠᠭᠤᠷ ᠴᠥᠭᠦᠷᠥᠮ ᠤᠨ ᠵᠠᠰᠠᠯᠲᠠ ᠶᠢ ︽ᠬᠡᠰᠡᠭ ᠬᠤᠪᠢᠶᠠᠨ ᠵᠠᠰᠠᠬᠤ︾ ᠠᠴᠠ ︽ | ᠪᠦᠬᠦ ᠣᠷᠣᠨ ᠪᠦᠰᠡ ᠶᠢᠨ ᠵᠠᠰᠠᠯᠲᠠ︾ ᠪᠣᠯᠭᠠᠨ ᠬᠤᠪᠢᠷᠠᠭᠤᠯᠬᠤ ᠶᠢ ᠠᠬᠢᠭᠤᠯᠪᠠ᠃ ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠭᠤᠤᠯ ᠮᠥᠷᠡᠨ ᠨᠠᠭᠤᠷ ᠴᠥᠭᠦᠷᠥᠮ ᠤᠨ ᠳᠠᠷᠤᠭ᠎ᠠ ᠶᠢᠨ ᠲᠦᠷᠢᠮ ᠤᠨ | ᠲᠢᠩᠬᠢᠮ ᠤᠨ ᠬᠤᠭᠤᠷᠣᠨᠳᠣᠬᠢ ᠬᠠᠮᠲᠤᠷᠠᠭᠰᠠᠨ ᠬᠤᠷᠠᠯ ᠤᠨ ᠲᠦᠷᠢᠮ ᠪᠠ ︽ᠭᠤᠤᠯ ᠮᠥᠷᠡᠨ ᠨᠠᠭᠤᠷ | ᠴᠥᠭᠦᠷᠥᠮ ᠤᠨ ᠳᠠᠷᠤᠭ᠎ᠠ + ᠪᠠᠶᠢᠴᠠᠭᠠᠬᠤ ᠳᠠᠷᠤᠭ᠎ᠠ︾ ᠶᠢᠨ ᠬᠠᠮᠵᠢᠯᠴᠠᠬᠤ ᠲᠣᠭᠲᠠᠴᠠ ᠶᠢᠨ ᠦᠢᠯᠡᠳᠦᠯ ᠢ | ᠭᠦᠢᠴᠡᠳ ᠪᠠᠳᠠᠷᠠᠭᠤᠯᠵᠤ᠂ ᠺᠠᠳ᠋ᠷ ᠢ ᠬᠠᠷᠢᠯᠴᠠᠨ ᠲᠣᠮᠢᠯᠠᠵᠤ ᠰᠣᠯᠢᠯᠴᠠᠬᠤ ᠲᠣᠭᠲᠠᠴᠠ ᠶᠢ ᠪᠠᠶᠢᠭᠤᠯᠤᠨ᠂ ᠪᠤᠭᠤᠲᠤ | ᠬᠤᠲᠠ ᠶᠢᠨ ᠸᠠᠩ ᠳ᠋ᠠ ᠬᠠᠨ ᠬᠥᠭᠦᠷᠭᠡ ᠶᠢ ᠨᠤᠷᠠᠭᠠᠵᠤ ᠴᠡᠭᠴᠡᠯᠡᠨ ᠰᠠᠶᠢᠵᠢᠷᠠᠭᠤᠯᠬᠤ ᠠᠵᠢᠯ ᠢ ᠲᠡᠭᠦᠰ | ᠠᠮᠵᠢᠯᠲᠠ ᠲᠠᠢ ᠪᠡᠶᠡᠯᠡᠭᠦᠯᠦᠭᠰᠡᠨ ᠪᠥᠭᠡᠳ ᠠᠷᠠᠳ ᠤᠨ ᠳᠡᠭᠡᠳᠦ ᠪᠠᠶᠢᠴᠠᠭᠠᠬᠤ ᠬᠤᠷᠢᠶ᠎ᠠ ᠶᠢᠨ ᠨᠡᠶᠢᠲᠡᠯᠡᠭᠰᠡᠨ ᠨᠤᠭᠤ | ᠭᠠᠵᠠᠷ ᠢ ᠬᠠᠮᠠᠭᠠᠯᠠᠬᠤ ᠨᠡᠶᠢᠲᠡ ᠶᠢᠨ ᠠᠰᠠᠷᠠᠮᠵᠢ ᠶᠢᠨ ᠵᠠᠷᠭᠤ ᠶᠢᠨ ᠨᠡᠶᠢᠲᠡᠯᠢᠭ ᠬᠡᠷᠡᠭ ᠤᠨ ᠵᠢᠱᠢᠶ᠎ᠡ ᠳᠤ | ᠰᠣᠩᠭᠤᠭᠳᠠᠪᠠ︔ ︽ᠬᠤᠤᠰ ᠶᠡᠷᠦᠩᠬᠡᠶ ᠭᠤᠤᠯ ᠤᠨ ᠳᠠᠷᠤᠭ᠎ᠠ︾ ᠶᠢᠨ ᠵᠣᠬᠢᠶᠠᠨ ᠪᠠᠶᠢᠭᠤᠯᠤᠯᠲᠠ ᠶᠢᠨ ᠰᠢᠰᠲ᠋ᠧᠮ ᠢ | ᠪᠠᠶᠢᠭᠤᠯᠵᠤ᠂ ᠥᠪᠡᠷᠲᠡᠭᠡᠨ ᠵᠠᠰᠠᠬᠤ ᠣᠷᠣᠨ ᠢ ᠬᠠᠮᠤᠷᠤᠭᠰᠠᠨ ᠲᠠᠪᠤᠨ ᠱᠠᠲᠤᠨ ᠤ ᠭᠤᠤᠯ ᠮᠥᠷᠡᠨ ᠨᠠᠭᠤᠷ | ᠴᠥᠭᠦᠷᠥᠮ ᠤᠨ ᠳᠠᠷᠤᠭ᠎ᠠ ᠶᠢᠨ ᠲᠦᠷᠢᠮ ᠤᠨ ᠬᠠᠮᠢᠶᠠᠷᠤᠯᠲᠠ ᠶᠢᠨ ᠰᠢᠰᠲ᠋ᠧᠮ ᠢ ᠪᠦᠷᠢᠯᠳᠦᠭᠦᠯᠵᠦ᠂ ᠡᠯ᠎ᠡ ᠱᠠᠲᠤᠨ ᠤ | ᠭᠤᠤᠯ ᠮᠥᠷᠡᠨ ᠨᠠᠭᠤᠷ ᠴᠥᠭᠦᠷᠥᠮ ᠤᠨ ᠳᠠᠷᠤᠭ᠎ᠠ ᠶᠢᠨ ᠭᠤᠤᠯ ᠮᠥᠷᠡᠨ ᠨᠠᠭᠤᠷ ᠴᠥᠭᠦᠷᠥᠮ ᠢ ᠬᠠᠮᠠᠭᠠᠯᠠᠨ ᠵᠠᠰᠠᠬᠤ | ᠨᠢᠭᠡ ᠪᠦᠯᠦᠭ ᠭᠤᠤᠯᠳᠠᠯᠭ᠎ᠠ ᠲᠠᠢ ᠬᠦᠴᠢᠷ ᠠᠰᠠᠭᠤᠳᠠᠯ ᠢ ᠬᠦᠴᠦᠲᠡᠶ ᠳᠥᠯᠭᠢᠨ ᠠᠬᠢᠭᠤᠯᠪᠠ᠃ 2023 ᠣᠨ ᠳᠤ᠂ | ᠬᠠᠲᠤᠨ ᠭᠤᠤᠯ ᠪᠥᠬᠦ ᠤᠯᠤᠰ ᠤᠨ ᠬᠤᠶᠠᠳᠤᠭᠠᠷ ᠬᠤᠭᠤᠴᠠᠭᠠᠨ ᠤ ︽ᠬᠠᠮᠤᠭ ᠤᠨ ᠭᠤᠶᠣ ᠨᠤᠲᠤᠭ ᠤᠨ ᠭᠤᠤᠯ︾ | ᠢᠶᠠᠷ ᠰᠣᠩᠭᠤᠭᠳᠠᠵᠤ᠂ ᠬᠢᠩᠭᠠᠨ ᠠᠶᠢᠮᠠᠭ ᠤᠨ ᠬᠠᠯᠬ᠎ᠠ ᠭᠤᠤᠯ᠂ ᠣᠷᠳᠣᠰ ᠬᠤᠲᠠ ᠶᠢᠨ ᠦ᠋ ᠳ᠋ᠢᠩ ᠾᠧ | ᠭᠤᠤᠯ ᠨᠢ ᠦᠵᠡᠰᠬᠦᠯᠡᠩᠲᠦ ᠰᠠᠶᠢᠬᠠᠨ ᠭᠤᠤᠯ ᠮᠥᠷᠡᠨ ᠨᠠᠭᠤᠷ ᠴᠥᠭᠦᠷᠥᠮ ᠤᠨ ᠰᠢᠯᠢᠳᠡᠭ ᠬᠡᠷᠡᠭ ᠤᠨ ᠵᠢᠱᠢᠶ᠎ᠡ ᠪᠠᠷ | ᠰᠣᠩᠭᠤᠭᠳᠠᠵᠤ᠂ 5 ᠨᠡᠷᠡᠰ ᠲᠣᠭᠤᠷᠢᠨ ᠴᠠᠭᠳᠠᠵᠤ ︵ᠬᠠᠮᠠᠭᠠᠯᠠᠭᠴᠢ︶ ᠪᠥᠬᠦ ᠤᠯᠤᠰ ᠤᠨ ︽ᠬᠠᠮᠤᠭ ᠤᠨ ᠭᠤᠶᠣ | ᠭᠤᠤᠯ ᠮᠥᠷᠡᠨ ᠨᠠᠭᠤᠷ ᠴᠥᠭᠦᠷᠥᠮ ᠤᠨ ᠬᠠᠮᠠᠭᠠᠯᠠᠭᠴᠢ︾ ᠪᠠᠷ ᠦᠨᠡᠯᠡᠭᠳᠡᠪᠡ᠃ | ᠭᠤᠣᠯ ᠮᠥᠷᠡᠨ ᠨᠠᠭᠤᠷ ᠴᠥᠭᠦᠷᠥᠮ ᠢ ᠵᠠᠰᠠᠬᠤ ᠳᠤ ᠬᠠᠤᠯᠢ ᠪᠠᠷ ᠵᠠᠰᠠᠬᠤ ᠬᠦᠴᠦᠲᠡᠢ ᠪᠠᠲᠤᠯᠠᠭ᠎ᠠ ᠬᠡᠷᠡᠭᠲᠡᠢ᠃ | ᠣᠶᠢᠷ᠎ᠠ ᠶᠢᠨ ᠵᠢᠯ ᠤᠳ ᠲᠤ᠂ ᠥᠪᠥᠷ ᠮᠣᠩᠭᠤᠯ ᠣᠯᠠᠨ ᠶᠠᠮᠤᠨ ᠤ ᠬᠠᠮᠢᠶᠠᠷᠤᠯᠲᠠ ᠶᠢᠨ ᠲᠦᠷᠢᠮ ᠪᠠ ᠬᠡᠷᠡᠭᠵᠢᠭᠦᠯᠬᠦ | ᠲᠥᠰᠦᠯ ᠢ ᠨᠡᠶᠢᠲᠡᠯᠡᠵᠦ᠂ ᠭᠤᠤᠯ ᠮᠥᠷᠡᠨ ᠨᠠᠭᠤᠷ ᠴᠥᠭᠦᠷᠥᠮ ᠤᠨ ᠵᠠᠰᠠᠯᠲᠠ ᠶᠢᠨ ᠬᠠᠥᠯᠢ ᠪᠠᠷ ᠵᠠᠰᠠᠬᠤ ᠬᠢᠷᠢ | ᠲᠦᠪᠰᠢᠨ ᠢ ᠪᠥᠬᠦ ᠲᠠᠯ᠎ᠠ ᠪᠠᠷ ᠳᠡᠭᠡᠭᠰᠢᠯᠡᠭᠦᠯᠪᠡ᠃ 23 ᠰᠠᠯᠠᠭ᠎ᠠ ᠮᠥᠴᠢᠷ ᠢᠶᠠᠷ ᠪᠦᠷᠢᠯᠳᠦᠭᠰᠡᠨ ᠥᠪᠡᠷᠲᠡᠭᠡᠨ | ᠵᠠᠰᠠᠬᠤ ᠣᠷᠣᠨ ᠤ ᠭᠤᠤᠯ ᠮᠥᠷᠡᠨ ᠨᠠᠭᠤᠷ ᠴᠥᠭᠦᠷᠥᠮ ᠤᠨ ᠳᠠᠷᠤᠭ᠎ᠠ ᠶᠢᠨ ᠲᠦᠷᠢᠮ ᠤᠨ ᠲᠢᠩᠬᠢᠮ ᠤᠨ | ᠬᠤᠭᠤᠷᠣᠨᠳᠣᠬᠢ ᠬᠠᠮᠲᠤᠷᠠᠭᠰᠠᠨ ᠬᠤᠷᠠᠯ ᠤᠨ ᠲᠦᠷᠢᠮ ᠢ ᠬᠡᠷᠡᠭᠵᠢᠭᠦᠯᠵᠦ᠂ ᠬᠥᠯᠥᠨ ᠨᠠᠭᠤᠷ᠂ ᠨᠤᠨ ᠮᠥᠷᠡᠨ ᠵᠡᠷᠭᠡ | ᠭᠤᠤᠯ ᠮᠥᠷᠡᠨ ᠨᠠᠭᠤᠷ ᠴᠥᠭᠦᠷᠥᠮ ᠳᠤ ᠬᠠᠮᠢᠶᠠᠷᠴᠤ ᠬᠠᠮᠠᠭᠠᠯᠠᠬᠤ ᠭᠤᠤᠯᠳᠠᠯᠭ᠎ᠠ ᠲᠠᠢ ᠠᠵᠢᠯ ᠤᠨ ᠡᠬᠡ ᠲᠠᠩᠰᠠ | ᠪᠠᠶᠢᠭᠤᠯᠪᠠ᠃ ᠥᠪᠥᠷ ᠮᠣᠩᠭᠤᠯ ᠭᠤᠤᠯ ᠮᠥᠷᠡᠨ ᠨᠠᠭᠤᠷ ᠴᠥᠭᠦᠷᠥᠮ ᠤᠨ ᠨᠡᠷᠡᠰ ᠤᠨ ᠵᠢᠭᠰᠠᠭᠠᠯᠲᠠ ᠶᠢ ᠡᠮᠬᠢᠯᠡᠨ | ᠳᠠᠬᠢᠨ ᠬᠢᠨᠠᠬᠤ ᠠᠵᠢᠯ ᠢ ᠥᠷᠨᠢᠭᠦᠯᠵᠦ᠂ ︽ᠬᠤᠪᠢᠶᠠᠷᠢᠯᠠᠬᠤ ᠶᠣᠰᠣᠲᠠᠶ ᠶᠢ ᠨᠢ ᠪᠦᠬᠦᠨ ᠢ ᠬᠤᠪᠢᠶᠠᠷᠢᠯᠠᠬᠤ︾ ᠶᠢ | ᠪᠡᠶᠡᠯᠡᠭᠦᠯᠵᠦ᠂ ᠠᠩᠬᠠᠳᠤᠭᠠᠷ ᠤᠳᠠᠭᠠᠨ ᠤ ᠪᠥᠬᠦ ᠤᠯᠤᠰ ᠤᠨ ᠤᠰᠤᠨ ᠠᠰᠢᠭᠯᠠᠯᠲᠠ ᠶᠢᠨ ᠨᠡᠶᠢᠳᠡᠮ | ᠪᠠᠶᠢᠴᠠᠭᠠᠯᠲᠠ ᠶᠢᠨ ᠨᠡᠷᠡᠰ ᠤᠨ ᠵᠢᠭᠰᠠᠭᠠᠯᠲᠠ ᠶᠢᠨ ᠳᠣᠲᠣᠨ᠎ᠠ ᠭᠠᠳᠠᠨᠠᠬᠢ ᠪᠣᠶ ᠪᠥᠬᠦᠶ ᠭᠤᠤᠯ ᠮᠥᠷᠡᠨ ᠤ | ᠬᠠᠮᠢᠶᠠᠷᠤᠯᠲᠠ ᠶᠢᠨ ᠬᠡᠪᠴᠢᠶ᠎ᠡ ᠶᠢ ᠵᠠᠭᠠᠭᠯᠠᠨ ᠲᠣᠭᠲᠠᠭᠠᠬᠤ ᠠᠵᠢᠯ ᠢ ᠪᠥᠬᠦ ᠲᠠᠯ᠎ᠠ ᠪᠠᠷ ᠪᠡᠶᠡᠯᠡᠭᠦᠯᠪᠡ︔ ᠭᠤᠣᠯ | ᠮᠥᠷᠡᠨ ᠨᠠᠭᠤᠷ ᠴᠥᠭᠦᠷᠥᠮ ᠤᠨ ᠬᠠᠮᠢᠶᠠᠷᠤᠯᠲᠠ ᠶᠢᠨ ︽ᠨᠢᠭᠡ ᠭᠤᠣᠯ ︵ᠨᠠᠭᠤᠷ︶ ᠨᠢᠭᠡ ᠲᠦᠷᠦ ᠶᠢᠨ ᠪᠤᠳᠣᠯᠭ᠎ᠠ︾ | ᠶᠢ ᠬᠡᠷᠡᠭᠵᠢᠭᠦᠯᠬᠦ ᠲᠦᠰᠦᠯ ᠢ ᠪᠠᠷᠢᠮᠲᠠᠯᠠᠵᠤ᠂ 1685 ᠭᠤᠣᠯ ᠮᠥᠷᠡᠨ᠂ 350 ᠨᠠᠭᠤᠷ ᠴᠥᠭᠦᠷᠥᠮ ᠤᠨ | ᠡᠷᠭᠢ ᠶᠢᠨ ᠱᠤᠭᠤᠮ ᠢ ᠬᠠᠮᠠᠭᠠᠯᠠᠬᠤ ᠪᠠ ᠠᠰᠢᠭᠯᠠᠬᠤ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠠᠵᠢᠯ ᠢ | ᠡᠮᠬᠢ ᠵᠢᠷᠤᠮ ᠲᠠᠢ ᠠᠬᠢᠭᠤᠯᠵᠤ᠂ 434 ᠭᠤᠤᠯ ᠮᠥᠷᠡᠨ ᠨᠠᠭᠤᠷ ᠴᠥᠭᠦᠷᠥᠮ ᠤᠨ ᠡᠷᠡᠭᠦᠯ ᠮᠡᠨᠳᠦ ᠶᠢᠨ | ᠦᠨᠡᠯᠡᠯᠲᠡ ᠶᠢᠨ ᠡᠭᠦᠷᠭᠡ ᠶᠢ ᠪᠡᠶᠡᠯᠡᠭᠦᠯᠵᠦ᠂ ᠭᠤᠣᠯ ᠮᠥᠷᠡᠨ ᠨᠠᠭᠤᠷ ᠴᠥᠭᠦᠷᠥᠮ ᠤᠨ ᠰᠢᠨᠵᠢᠯᠡᠬᠦ ᠤᠬᠠᠭᠠᠨᠴᠢ ᠪᠠᠷ | ᠬᠠᠮᠢᠶᠠᠷᠤᠨ ᠬᠠᠮᠠᠭᠠᠯᠠᠬᠤ ᠳᠤ ᠳᠡᠮᠵᠢᠯᠭᠡ ᠪᠠ ᠦᠨᠳᠦᠰᠦᠯᠡᠯ ᠬᠠᠩᠭᠠᠪᠠ᠃ | ᠳᠤᠷ᠎ᠠ ᠪᠠᠷ ᠢᠶᠠᠨ ᠡᠵᠡᠯᠡᠬᠦ᠂ ᠳᠤᠷ᠎ᠠ ᠪᠠᠷ ᠢᠶᠠᠨ ᠮᠠᠯᠲᠠᠬᠤ᠂ ᠳᠤᠷ᠎ᠠ ᠪᠠᠷ ᠢᠶᠠᠨ ᠣᠪᠣᠭᠠᠯᠠᠬᠤ᠂ | ᠳᠤᠷ᠎ᠠ ᠪᠠᠷ ᠢᠶᠠᠨ ᠪᠠᠶᠢᠭᠤᠯᠬᠤ ᠵᠡᠷᠭᠡ ︽ᠲᠦᠷᠪᠡᠨ ᠰᠠᠮᠠᠭᠤᠨ︾ ᠠᠷᠬᠠᠭ ᠭᠡᠮ ᠨᠢ ᠭᠤᠣᠯ ᠮᠥᠷᠡᠨ ᠨᠠᠭᠤᠷ | ᠴᠥᠭᠦᠷᠥᠮ ᠤᠨ ᠡᠷᠡᠭᠦᠯ ᠮᠡᠨᠳᠦ ᠶᠢ ᠨᠥᠯᠥᠭᠡᠯᠡᠵᠦ ᠪᠠᠶᠢᠨ᠎ᠠ᠃ ᠥᠪᠥᠷ ᠮᠣᠩᠭᠤᠯ ᠭᠤᠤᠯ ᠮᠥᠷᠡᠨ ᠨᠠᠭᠤᠷ | ᠴᠥᠭᠦᠷᠥᠮ ᠤᠨ ︽ᠳᠥᠷᠪᠡᠨ ᠰᠠᠮᠠᠭᠤᠨ ᠢ ᠠᠷᠢᠯᠭᠠᠬᠤ︾ ᠶᠢ ᠪᠠᠶᠢᠩᠭᠤᠵᠢᠭᠤᠯᠤᠨ ᠵᠢᠷᠤᠮᠵᠢᠭᠤᠯᠬᠤ ᠶᠢ ᠭᠦᠨᠵᠡᠭᠡᠶ | ᠠᠬᠢᠭᠤᠯᠵᠤ᠂ ᠤᠰᠤᠨ ᠠᠰᠢᠭᠯᠠᠯᠲᠠ ᠶᠢᠨ ᠰᠠᠯᠠᠭ᠎ᠠ ᠮᠥᠴᠢᠷ ᠤᠳ ᠵᠢᠯ ᠪᠦᠷᠢ ᠳᠣᠲᠣᠭᠠᠳᠤ ᠶᠢ ᠬᠠᠮᠠᠭᠠᠯᠠᠬᠤ᠂ | ᠪᠠᠶᠢᠴᠠᠭᠠᠬᠤ ᠵᠡᠷᠭᠡ ᠰᠠᠯᠠᠭ᠎ᠠ ᠮᠥᠴᠢᠷ ᠲᠠᠢ ᠲᠣᠭᠲᠠᠮᠠᠯ ᠬᠤᠭᠤᠴᠠᠭ᠎ᠠ ᠲᠠᠢ ᠪᠠᠷ ᠬᠠᠮᠲᠤᠷᠠᠨ᠂ ᠭᠤᠤᠯ ᠮᠥᠷᠡᠨ ᠨᠠᠭᠤᠷ | ᠴᠥᠭᠦᠷᠥᠮ ᠢ ᠬᠠᠮᠢᠶᠠᠷᠤᠨ ᠬᠠᠮᠠᠭᠠᠯᠠᠬᠤ ︽ᠬᠠᠪᠤᠷ ᠤᠨ ᠤᠯᠠᠷᠢᠯ ᠤᠨ ᠠᠵᠢᠯᠯᠠᠭ᠎ᠠ︾᠂ ︽ᠨᠠᠮᠤᠷ ᠤᠨ ᠤᠯᠠᠷᠢᠯ ᠤᠨ | ᠠᠵᠢᠯᠯᠠᠭ᠎ᠠ︾ ᠶᠢ ᠵᠣᠬᠢᠶᠠᠨ ᠪᠠᠶᠢᠭᠤᠯᠤᠨ ᠥᠷᠨᠢᠭᠦᠯᠪᠡ᠃ 2018 ᠣᠨ ᠠᠴᠠ ᠨᠠᠭᠠᠰᠢ᠂ ᠥᠪᠡᠷᠲᠡᠭᠡᠨ ᠵᠠᠰᠠᠬᠤ | ᠣᠷᠣᠨ ᠭᠤᠤᠯ ᠮᠥᠷᠡᠨ ᠨᠠᠭᠤᠷ ᠴᠥᠭᠦᠷᠥᠮ ᠤᠨ ︽ᠳᠥᠷᠪᠡᠨ ᠰᠠᠮᠠᠭᠤᠨ︾ ᠤ ᠠᠰᠠᠭᠤᠳᠠᠯ ᠢ ᠨᠡᠶᠢᠲᠡ 1.3 | ᠲᠦᠮᠡ ᠭᠠᠷᠤᠶ ᠴᠡᠭᠴᠡᠯᠡᠨ ᠵᠠᠰᠠᠵᠤ᠂ 192 ᠲᠦᠮᠡᠨ ᠲᠡᠭᠰᠢ ᠳᠥᠷᠪᠡᠯᠵᠢᠨ ᠮᠧᠲᠷ ᠲᠣᠭᠲᠠᠭᠠᠯ ᠠᠴᠠ ᠵᠥᠷᠢᠴᠡᠨ | ᠪᠠᠶᠢᠭᠤᠯᠤᠭᠰᠠᠨ ᠪᠠᠷᠢᠯᠭ᠎ᠠ ᠶᠢ ᠨᠤᠷᠠᠭᠠᠵᠤ᠂ 70 ᠺᠢᠯᠤᠮᠧᠲᠷ ᠤᠨ ᠬᠠᠰᠢᠯᠭ᠎ᠠ ᠳᠠᠯᠠᠩ ᠢ ᠴᠡᠪᠡᠷᠯᠡᠵᠦ᠂ 200 ᠲᠦᠮᠡ | ᠭᠠᠷᠤᠶ ᠲᠣᠨ ᠬᠤᠭ ᠨᠣᠪᠰᠢ ᠶᠢ ᠴᠡᠪᠡᠷᠯᠡᠵᠦ᠂ ᠭᠤᠤᠯ ᠮᠥᠷᠡᠨ ᠨᠠᠭᠤᠷ ᠴᠥᠭᠦᠷᠥᠮ ᠤᠨ ᠳᠦᠷᠰᠦ ᠪᠠᠶᠢᠳᠠᠯ ᠢ | ᠦᠨᠳᠦᠰᠦᠨ ᠠᠴᠠ ᠨᠢ ᠬᠤᠪᠢᠷᠠᠭᠤᠯᠬᠤ ᠶᠢ ᠪᠡᠶᠡᠯᠡᠭᠦᠯᠪᠡ᠃ ᠤᠰᠤᠨ ᠠᠰᠢᠭᠯᠠᠯᠲᠠ ᠶᠢᠨ ᠶᠠᠮᠤᠨ ᠤ ᠭᠤᠤᠯ ᠮᠥᠷᠡᠨ | ᠨᠠᠭᠤᠷ ᠴᠥᠭᠦᠷᠥᠮ ᠤᠨ ᠠᠯᠤᠰ ᠰᠡᠷᠡᠯ ᠤᠨ ᠵᠢᠷᠤᠭ ᠢ ᠬᠠᠷᠭᠤᠭᠤᠯᠤᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ | ᠠᠵᠢᠯ ᠢ ᠢᠳᠡᠪᠬᠢᠲᠡᠶ ᠥᠷᠨᠢᠭᠦᠯᠵᠦ᠂ ᠲᠤᠰᠬᠠᠶ ᠬᠥᠮᠦᠨ ᠢ ᠵᠣᠬᠢᠶᠠᠨ ᠪᠠᠶᠢᠭᠤᠯᠤᠨ 1.8 ᠲᠦᠮᠡ ᠭᠠᠷᠤᠶ ᠭᠤᠤᠯ | ᠮᠥᠷᠡᠨ ᠨᠠᠭᠤᠷ ᠴᠥᠭᠦᠷᠥᠮ ᠤᠨ ᠰᠡᠵᠢᠭᠯᠡᠯᠲᠡᠶ ᠵᠢᠷᠤᠭ ᠤᠨ ᠲᠣᠯᠪᠤ ᠶᠢ ᠳᠠᠬᠢᠨ ᠬᠢᠨᠠᠵᠤ᠂ 1229 ᠠᠰᠠᠭᠤᠳᠠᠯ ᠢ | ᠴᠡᠭᠴᠡᠯᠡᠨ ᠰᠠᠶᠢᠵᠢᠷᠠᠭᠤᠯᠵᠤ ᠢᠯᠡᠷᠡᠭᠦᠯᠪᠡ︔ ᠭᠤᠣᠯ ᠮᠥᠷᠡᠨ ᠤ ᠡᠯᠡᠰᠦ ᠮᠠᠯᠲᠠᠬᠤ ᠬᠢᠨᠠᠯᠲᠠ ᠬᠠᠮᠢᠶᠠᠷᠤᠯᠲᠠ ᠶᠢ | ᠦᠷᠭᠦᠯᠵᠢᠯᠡᠨ ᠴᠢᠩᠭᠠᠳᠬᠠᠵᠤ᠂ ᠡᠯᠡᠰᠦ ᠮᠠᠯᠲᠠᠬᠤ ᠬᠠᠮᠢᠶᠠᠷᠤᠯᠲᠠ ᠶᠢᠨ ︽ᠳᠥᠷᠪᠡᠨ ᠬᠠᠷᠢᠭᠤᠴᠠᠯᠭᠠᠲᠠᠨ︾ ᠢ | ᠨᠡᠶᠢᠲᠡ 2800 ᠭᠠᠷᠤᠶ ᠬᠥᠮᠦᠨ ᠳᠤ ᠲᠣᠬᠢᠷᠠᠭᠤᠯᠤᠯᠲᠠ ᠬᠢᠵᠦ᠂ ᠥᠨᠳᠥᠷ ᠳᠠᠷᠤᠯᠲᠠᠲᠤ ᠪᠠᠶᠢᠳᠠᠯ ᠢᠶᠠᠷ ᠭᠤᠤᠯ | ᠮᠥᠷᠡᠨ ᠤ ᠬᠠᠤᠯᠢ ᠪᠤᠰᠤ ᠪᠠᠷ ᠡᠯᠡᠰᠦ ᠮᠠᠯᠲᠠᠬᠤ ᠳᠤ ᠴᠣᠬᠢᠯᠲᠠ ᠥᠭᠪᠡ᠃ | ᠥᠪᠥᠷ ᠮᠣᠩᠭᠤᠯ ᠤᠨ ᠬᠢᠯᠢ ᠳᠣᠲᠣᠷ᠎ᠠ ᠭᠤᠣᠯ ᠮᠥᠷᠡᠨ ᠣᠯᠠᠨ᠂ ᠠᠰᠠᠭᠤᠳᠠᠯ ᠪᠤᠳᠤᠯᠢᠶᠠᠨᠲᠠᠢ᠃ | ᠥᠪᠡᠷᠲᠡᠭᠡᠨ ᠵᠠᠰᠠᠬᠤ ᠣᠷᠣᠨ ᠠᠴᠠ ᠪᠣᠳᠠᠲᠠᠢ ᠠᠰᠠᠭᠤᠳᠠᠯ ᠢ ᠪᠣᠳᠠᠲᠠᠢ ᠪᠠᠷ ᠵᠠᠳᠠᠯᠬᠤ ᠶᠢ ᠪᠠᠷᠢᠮᠲᠠᠯᠠᠨ᠂ ᠲᠥᠷᠥ ᠶᠢᠨ | ᠪᠣᠳᠣᠯᠭ᠎ᠠ ᠶᠢ ᠶᠡᠷᠦᠩᠬᠡᠶᠢᠯᠡᠨ ᠬᠡᠷᠡᠭᠵᠢᠭᠦᠯᠵᠦ᠂ ᠭᠤᠣᠯᠳᠠᠯᠭ᠎ᠠ ᠶᠢ ᠴᠢᠩᠭ᠎ᠠ ᠠᠳᠬᠤᠨ᠂ ᠬᠠᠲᠤᠨ ᠭᠤᠣᠯ ᠤᠨ ᠲᠠᠩ | ᠣᠷᠣᠨ ᠤ 1178.55 ᠮᠦ ᠦᠶᠡᠷ ᠢ ᠵᠠᠯᠠᠬᠤ ᠶᠢ ᠬᠦᠨᠳᠦ ᠨᠣᠴᠢᠲᠠᠢ ᠬᠠᠷᠰᠢᠯᠠᠬᠤ ᠪᠠ ᠭᠤᠣᠯ ᠤᠨ ᠪᠠᠶᠢᠳᠠᠯ ᠢ | ᠲᠣᠭᠲᠠᠭᠤᠨ ᠪᠣᠯᠭᠠᠵᠤ ᠪᠠᠶᠢᠭ᠎ᠠ ᠣᠢ ᠮᠣᠳᠣ ᠶᠢ ᠢᠯᠭᠠᠷᠠᠭᠤᠯᠤᠨ ᠴᠡᠭᠴᠡᠯᠡᠬᠦ ᠠᠵᠢᠯ ᠢ ᠪᠡᠶᠡᠯᠡᠭᠦᠯᠵᠦ᠂ ᠬᠠᠲᠤᠨ | ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠶᠢᠨ ᠲᠣᠪᠤᠶᠢᠮ᠎ᠠ ᠠᠰᠠᠭᠤᠳᠠᠯ ᠢ ᠰᠢᠢᠳᠪᠦᠷᠢᠯᠡᠪᠡ᠃ | ᠬᠠᠲᠤᠨ ᠭᠤᠤᠯ ᠤᠨ ᠲᠠᠩ ᠭᠠᠵᠠᠷ ᠤᠨ ᠰᠠᠭᠤᠭᠠᠯᠢ ᠠᠷᠠᠳ ᠢ ᠨᠡᠭᠦᠯᠭᠡᠨ ᠪᠠᠶᠢᠭᠤᠯᠬᠤ ᠠᠵᠢᠯ ᠢ ᠪᠥᠬᠦ | ᠬᠦᠴᠦᠨ ᠢᠶᠠᠷ ᠢᠶᠠᠨ ᠳᠥᠯᠭᠢᠨ ᠠᠬᠢᠭᠤᠯᠵᠤ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ | ᠬᠤᠭᠤᠴᠠᠭᠠᠨ ᠤ ᠲᠠᠩ ᠭᠠᠵᠠᠷ ᠤᠨ ᠰᠠᠭᠤᠭᠠᠯᠢ ᠠᠷᠠᠳ ᠢ ᠨᠡᠭᠦᠯᠭᠡᠨ ᠪᠠᠶᠢᠭᠤᠯᠬᠤ ᠡᠭᠦᠷᠭᠡ ᠶᠢ 2 ᠵᠢᠯ ᠤᠷᠢᠳᠴᠢᠯᠠᠨ | ᠪᠡᠶᠡᠯᠡᠭᠦᠯᠪᠡ᠃ ︽ᠬᠦᠯᠦᠨ ᠨᠠᠭᠤᠷ᠂ ᠲᠠᠬ᠎ᠠ ᠨᠠᠭᠤᠷ᠂ ᠤᠯᠠᠭᠠᠨᠰᠤᠬᠠᠢ ᠨᠠᠭᠤᠷ︾ ᠢ ᠵᠠᠰᠠᠭᠰᠠᠨ ᠦᠷ᠎ᠡ | ᠪᠦᠲᠦᠮᠵᠢ ᠶᠢ ᠦᠷᠭᠦᠯᠵᠢᠯᠡᠨ ᠪᠠᠬᠢᠵᠢᠭᠦᠯᠵᠦ᠂ ᠬᠥᠯᠥᠨ ᠨᠠᠭᠤᠷ ᠤᠨ ᠲᠠᠯᠠᠪᠠᠢ 2237.1 ᠲᠡᠭᠰᠢ ᠳᠥᠷᠪᠡᠯᠵᠢᠨ | ᠺᠢᠯᠤᠮᠧᠲᠷ ᠲᠤ ᠬᠦᠷᠴᠦ᠂ ᠤᠯᠠᠭᠠᠨᠰᠤᠬᠠᠢ ᠶᠢᠨ 2023 ᠣᠨ ᠳᠤ ᠠᠮᠢ ᠠᠬᠤᠢ ᠶᠢᠨ ᠤᠰᠤ ᠨᠥᠬᠦᠪᠥᠷᠢᠯᠡᠵᠦ | ᠪᠠᠶᠢᠭ᠎ᠠ ᠨᠢ 4.87 ᠳ᠋ᠦᠩᠰᠢᠭᠤᠷ ᠪᠣᠰᠤᠭ᠎ᠠ ᠳᠥᠷᠪᠡᠯᠵᠢᠨ ᠮᠧᠲᠷ ᠬᠦᠷᠴᠦ᠂ ᠤᠰᠤᠨ ᠤ ᠭᠠᠳᠠᠷᠭᠤ ᠶᠢᠨ ᠲᠠᠯᠠᠪᠠᠢ | 293 ᠲᠡᠭᠰᠢ ᠳᠥᠷᠪᠡᠯᠵᠢᠨ ᠺᠢᠯᠤᠮᠧᠲᠷ ᠲᠤ ᠲᠣᠭᠲᠠᠪᠤᠷᠢᠵᠢᠵᠤ᠂ ᠳᠠᠭ᠎ᠠ ᠶᠢᠨ ᠨᠠᠭᠤᠷ ᠤᠨ ᠲᠠᠯᠠᠪᠠᠢ 45.1 ᠲᠡᠭᠰᠢ | ᠳᠥᠷᠪᠡᠯᠵᠢᠨ ᠺᠢᠯᠤᠮᠧᠲᠷ ᠲᠤ ᠬᠦᠷᠪᠡ᠃ 2023 ᠣᠨ ᠳᠤ᠂ ᠪᠠᠷᠠᠭᠤᠨ ᠯᠢᠶᠣᠤᠾᠧ ᠭᠤᠣᠯ ᠤᠨ ᠭᠤᠣᠯ | ᠤᠷᠤᠰᠬᠠᠯ ᠤᠨ ᠤᠰᠤᠨ ᠲᠦᠷᠦᠭᠦᠦ 25 ᠵᠢᠯ ᠤᠨ ᠲᠤᠷᠰᠢ ᠠᠩᠬ᠎ᠠ ᠤᠳᠠᠭ᠎ᠠ ᠲᠦᠩᠯᠢᠶᠣᠤ ᠬᠤᠳᠠ ᠶᠢᠨ ᠭᠤᠣᠯ | ᠬᠤᠳᠠ ᠶᠢᠨ ᠲᠣᠭᠤᠷᠢᠭ ᠤᠨ ᠣᠭᠲᠣᠯᠤᠭᠠᠰᠤ ᠳᠤ ᠬᠦᠷᠴᠦ᠂ ᠵᠡᠭᠦᠨ ᠰᠤᠪᠨᠠᠭᠤᠷ ᠨᠢ ᠠᠮᠢ ᠠᠬᠤᠢ ᠶᠢᠨ ᠤᠰᠤ | ᠨᠥᠬᠦᠪᠥᠷᠢᠯᠡᠬᠦ ᠪᠠᠷ ᠳᠠᠮᠵᠢᠨ 19 ᠵᠢᠯ ᠳᠠᠷᠠᠭᠠᠯᠠᠨ ᠬᠠᠲᠠᠬᠤ ᠦᠭᠡᠢ ᠪᠠᠶᠢᠬᠤ ᠶᠢ ᠪᠡᠶᠡᠯᠡᠭᠦᠯᠪᠡ᠃ | ᠤᠰᠤᠨ ᠤ ᠬᠡᠮᠵᠢᠶ᠎ᠡ ᠶᠢ ᠪᠠᠲᠤᠯᠠᠬᠤ ᠪᠠᠷ ᠪᠠᠷᠠᠬᠤ ᠦᠭᠡᠢ ᠤᠰᠤᠨ ᠤ ᠴᠢᠨᠠᠷ ᠢ ᠨᠡᠩ ᠴᠤ ᠪᠠᠲᠤᠯᠠᠬᠤ | ᠬᠡᠷᠡᠭᠲᠡᠢ᠃ ᠥᠪᠥᠷ ᠮᠣᠩᠭᠤᠯ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ | ᠬᠤᠭᠤᠴᠠᠭᠠᠨ ᠳᠠᠬᠢ ᠤᠰᠤ ᠬᠡᠷᠡᠭᠯᠡᠬᠦ ᠶᠡᠷᠦᠩᠬᠡᠶ ᠬᠡᠮᠵᠢᠶ᠎ᠡ ᠪᠣᠯᠤᠨ ᠬᠦᠴᠦᠯᠡᠴᠡ ᠶᠢᠨ ᠬᠤᠤᠰ ᠡᠵᠡᠮᠳᠡᠯ ᠤᠨ | ᠭᠦᠢᠴᠡᠳᠭᠡᠯ ᠲᠤᠭ᠎ᠠ ᠶᠢ ᠱᠠᠲᠤ ᠳᠠᠷᠠᠭᠠᠯᠠᠨ ᠵᠠᠳᠠᠯᠵᠤ᠂ ᠳᠠᠭᠠᠭᠠᠴᠠ ᠠᠴᠠ ᠬᠡᠲᠦᠷᠡᠭᠰᠡᠨ ᠭᠠᠵᠠᠷ ᠣᠷᠣᠨ ᠳᠤ ᠤᠰᠤ | ᠠᠪᠬᠤ ᠵᠥᠪᠰᠢᠶᠡᠷᠡᠯ ᠢ ᠬᠢᠵᠠᠭᠠᠷᠯᠠᠨ ᠬᠢᠨᠠᠨ ᠵᠥᠪᠰᠢᠶᠡᠷᠡᠬᠦ ᠶᠢ ᠬᠡᠷᠡᠭᠵᠢᠭᠦᠯᠵᠦ᠂ 0.96 ᠳ᠋ᠦᠩᠰᠢᠭᠤᠷ ᠪᠣᠰᠤᠭ᠎ᠠ | ᠳᠥᠷᠪᠡᠯᠵᠢᠨ ᠮᠧᠲᠷ ᠤᠨ ᠰᠤᠯᠠ ᠪᠠᠶᠢᠭ᠎ᠠ ᠤᠰᠤᠨ ᠤ ᠭᠦᠢᠴᠡᠳᠭᠡᠯ ᠲᠤᠭ᠎ᠠ ᠶᠢ ᠪᠦᠬᠦᠨ ᠢ ᠳᠠᠬᠢᠨ | ᠳᠣᠭᠢᠷᠠᠭᠤᠯᠬᠤ ᠶᠢᠨ ᠬᠠᠮᠲᠤ ᠦᠷ᠎ᠡ ᠠᠰᠢᠭ ᠢ ᠪᠠᠳᠠᠷᠠᠭᠤᠯᠤᠨ᠎ᠠ᠃ ᠬᠤᠲᠠ ᠪᠠᠯᠭᠠᠰᠤ ᠶᠢᠨ ᠪᠣᠬᠢᠷ ᠤᠰᠤ ᠶᠢ | ᠰᠢᠢᠳᠪᠦᠷᠢᠯᠡᠬᠦ ᠴᠢᠳᠠᠪᠤᠷᠢ ᠦᠷᠭᠦᠯᠵᠢᠯᠡᠨ ᠳᠡᠭᠡᠭᠰᠢᠯᠡᠵᠦ᠂ ᠭᠤᠤᠯᠳᠠᠯᠭ᠎ᠠ ᠲᠠᠢ ᠰᠠᠪᠠ ᠭᠠᠵᠠᠷ ᠤᠨ ᠬᠤᠲᠠ | ᠪᠠᠯᠭᠠᠰᠤ ᠶᠢᠨ ᠠᠮᠢᠳᠤᠷᠠᠯ ᠤᠨ ᠪᠣᠬᠢᠷ ᠤᠰᠤ ᠶᠢ ᠰᠢᠢᠳᠪᠦᠷᠢᠯᠡᠬᠦ ᠦᠢᠯᠡᠳᠪᠦᠷᠢ ᠴᠥᠮ ᠨᠢᠭᠡᠳᠦᠭᠡᠷ ᠳᠡᠰ ᠤᠨ A | ᠭᠠᠳᠠᠭᠰᠢᠯᠠᠭᠤᠯᠬᠤ ᠪᠠᠷᠢᠮᠵᠢᠶ᠎ᠠ ᠳᠤ ᠬᠦᠷᠴᠦ᠂ ᠪᠣᠬᠢᠷ ᠤᠰᠤ ᠶᠢ ᠰᠢᠢᠳᠪᠦᠷᠢᠯᠡᠬᠦ ᠪᠠᠷᠢᠮᠵᠢᠶ᠎ᠠ ᠳᠤ ᠬᠦᠷᠦᠭᠰᠡᠨ ᠨᠣᠷᠮ᠎ᠠ | 97.92% ᠪᠣᠯᠪᠠ᠃ 2023 ᠣᠨ ᠤ ᠡᠴᠦᠰ ᠲᠤ ᠥᠪᠡᠷᠲᠡᠭᠡᠨ ᠵᠠᠰᠠᠬᠤ ᠣᠷᠣᠨ ᠤ ᠤᠯᠤᠰ ᠤᠨ ᠬᠢᠨᠠᠨ | ᠰᠢᠯᠭᠠᠯᠲᠠ ᠶᠢᠨ ᠣᠭᠲᠣᠯᠤᠭᠠᠰᠤ ᠶᠢᠨ ᠤᠰᠤᠨ ᠤ ᠴᠢᠨᠠᠷ ᠤᠨ ᠰᠢᠯᠢᠳᠡᠭ ᠰᠠᠶᠢᠨ 121 ᠬᠠᠷᠢᠴᠠᠯ ᠢ 78.5% ᠳᠤ | ᠬᠦᠷᠦᠭᠦᠯᠵᠦ᠂ ᠬᠠᠲᠤᠨ ᠭᠤᠤᠯ ᠤᠨ ᠰᠠᠯᠪᠤᠷᠢ ᠤᠷᠤᠰᠬᠠᠯ ᠤᠨ ᠣᠭᠲᠣᠯᠤᠭᠠᠰᠤ ᠶᠢ ᠪᠦᠬᠦᠨ ᠢ ᠦᠭᠡᠶᠢᠰᠬᠡᠪᠡ᠃ | ︵︽ᠳᠤᠮᠳᠠᠳᠤ ᠤᠯᠤᠰ ᠤᠨ ᠤᠰᠤᠨ ᠠᠰᠢᠭᠯᠠᠯᠲᠠ ᠶᠢᠨ ᠰᠣᠨᠢᠨ︾ ᠠᠴᠠ ᠰᠢᠯᠵᠢᠭᠦᠯᠪᠡ ︵2024 | ᠣᠨ ᠤ 4 ᠳ᠋ᠦ᠋ᠭᠡᠷ ᠰᠠᠷ᠎ᠠ ᠶᠢᠨ 02 ᠤᠨ ᠡᠳᠦᠷ︶ | |