ᠬᠡᠯᠬᠢᠶᠡᠰᠦᠨ ᠨᠣᠮᠧᠷ᠄ 000014348/2024-02319 | ᠭᠤᠣᠯ ᠰᠡᠳᠦᠪ ᠤᠨ ᠠᠩᠭᠢᠯᠠᠯ᠄ ᠪᠤᠰᠤᠳ | ᠨᠡᠶᠢᠲᠡᠯᠡᠭᠰᠡᠨ ᠪᠠᠶᠢᠭᠤᠯᠤᠮᠵᠢ᠄ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ | ᠪᠢᠴᠢᠭ ᠤᠨ ᠳ᠋ᠤᠭᠠᠷ᠄ ᠦᠪᠦᠷ ᠤᠰᠤ ᠬᠠᠮᠠᠭᠠᠯᠠᠬᠤ ᠵᠦᠪᠰᠢᠶᠡᠷᠡᠯ ᠲᠤᠭᠲᠠᠭᠠᠯ ﹇2024﹈ 27 ᠳ᠋ᠤᠭᠠᠷ | ᠲᠣᠭᠠᠲᠤ | ᠪᠢᠴᠢᠭᠳᠡᠭᠰᠡᠨ ᠡᠳᠦᠷ ᠬᠤᠭᠤᠴᠠᠭ᠎ᠠ᠄ 2024 ᠣᠨ ᠤ 4 ᠳ᠋ᠦ᠋ᠭᠡᠷ ᠰᠠᠷ᠎ᠠ ᠶᠢᠨ 2 ᠤ ᠡᠳᠦᠷ | ᠠᠯᠪᠠᠨ ᠪᠢᠴᠢᠭ ᠤᠨ ᠬᠦᠴᠦᠨ ᠲᠠᠢ ᠬᠤᠭᠤᠴᠠᠭ᠎ᠠ᠄ ᠬᠦᠴᠦᠨ ᠲᠠᠢ | ᠰᠦᠨᠢᠳ ᠤᠨ ᠶᠢᠨ ᠰᠢ ᠠᠯᠲᠠᠨ ᠠᠭᠤᠷᠬᠠᠶ ᠶᠢᠨ ᠦᠢᠯᠡᠰ ᠤᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ᠄ | ᠮᠠᠨ ᠤ ᠲᠢᠩᠬᠢᠮ 2024 ᠣᠨ ᠤ 3 ᠳ᠋ᠤᠭᠠᠷ ᠰᠠᠷ᠎ᠠ ᠶᠢᠨ 4 ᠤ ᠡᠳᠦᠷ ᠮᠠᠨ ᠤ ᠺᠣᠮᠫᠠᠨᠢ ᠶᠢᠨ ᠳᠤᠷᠠᠳᠤᠭᠰᠠᠨ | ᠰᠦᠨᠢᠳ ᠤᠨ ᠶᠢᠨ ᠰᠢ ᠠᠯᠲᠠᠨ ᠠᠭᠤᠷᠬᠠᠢ ᠶᠢᠨ ᠦᠢᠯᠡᠰ ᠤᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢᠨ ᠪᠢ ᠯᠢ | ᠡᠾᠧ ᠠᠭᠤᠷᠬᠠᠢ ᠶᠢᠨ ᠣᠷᠣᠨ ᠤ Ⅱᠨᠣᠮᠧᠷᠲᠤ ᠠᠭᠤᠷᠬᠠᠢ ᠬᠦᠳᠡᠷ ᠨᠡᠭᠡᠭᠡᠨ ᠮᠠᠯᠲᠠᠬᠤ ᠴᠢᠳᠠᠮᠵᠢ ᠶᠢ ᠥᠷᠭᠡᠳᠬᠡᠬᠦ | ᠲᠦᠷᠦᠯ ᠵᠦᠢᠯ ᠤᠨ ᠤᠰᠤ ᠰᠢᠷᠣᠢ ᠶᠢ ᠬᠠᠮᠠᠭᠠᠯᠠᠬᠤ ᠲᠥᠰᠦᠯ ᠤᠨ ᠮᠡᠳᠡᠭᠦᠯᠦᠯᠲᠡ ᠶᠢᠨ ᠪᠢᠴᠢᠭ ᠢ ᠬᠢᠨᠠᠨ | ᠵᠥᠪᠰᠢᠶᠡᠷᠡᠬᠦ ᠭᠤᠶᠤᠴᠢᠯᠠᠯ ᠢ ᠬᠦᠯᠢᠶᠡᠨ ᠠᠪᠴᠤ ᠰᠢᠢᠳᠪᠦᠷᠢᠯᠡᠨ᠎ᠡ᠃ ᠬᠢᠨᠠᠨ ᠪᠠᠶᠢᠴᠠᠭᠠᠭᠠᠳ᠂ ᠲᠤᠰ | ᠭᠤᠶᠤᠴᠢᠯᠠᠯ ᠨᠢ ᠬᠠᠤᠯᠢ ᠪᠠᠷ ᠲᠣᠭᠲᠠᠭᠠᠭᠰᠠᠨ ᠨᠥᠬᠦᠴᠡᠯ ᠳᠤ ᠨᠡᠶᠢᠴᠡᠵᠦ᠂ ︽ᠪᠦᠭᠦᠳᠡ ᠨᠠᠶᠢᠷᠠᠮᠳᠠᠬᠤ ᠳᠤᠮᠳᠠᠳᠤ | ᠠᠷᠠᠳ ᠤᠯᠤᠰ ᠤᠨ ᠵᠠᠰᠠᠭ ᠵᠠᠬᠢᠷᠭᠠᠨ ᠤ ᠵᠥᠪᠰᠢᠶᠡᠷᠡᠯ ᠤᠨ ᠬᠠᠤᠯᠢ︾ ᠶᠢᠨ ᠭᠤᠴᠢᠨ ᠨᠠᠢᠮᠠᠳᠤᠭᠠᠷ ᠵᠦᠢᠯ ᠤᠨ | ᠨᠢᠭᠡᠳᠦᠭᠡᠷ ᠵᠤᠷᠪᠤᠰ᠂ ︽ᠤᠰᠤᠨ ᠤ ᠵᠠᠰᠠᠭ ᠵᠠᠬᠢᠷᠭᠠᠨ ᠤ ᠵᠥᠪᠰᠢᠶᠡᠷᠡᠯ ᠤᠨ ᠬᠡᠷᠡᠭᠵᠢᠭᠦᠯᠬᠦ ᠠᠷᠭ᠎ᠠ︾ ᠶᠢᠨ ᠭᠤᠴᠢᠨ | ᠬᠤᠶᠠᠳᠤᠭᠠᠷ ᠵᠦᠢᠯ ᠤᠨ ᠨᠢᠭᠡᠳᠦᠭᠡᠷ ᠵᠤᠷᠪᠤᠰ ᠢ ᠦᠨᠳᠦᠰᠦᠯᠡᠨ᠂ ᠵᠠᠰᠠᠭ ᠵᠠᠬᠢᠷᠭᠠᠨ ᠤ ᠵᠥᠪᠰᠢᠶᠡᠷᠡᠯ ᠣᠯᠭᠤᠬᠤ ᠶᠢ | ᠵᠥᠪᠰᠢᠶᠡᠷᠡᠬᠦ ᠪᠠᠷ ᠲᠣᠭᠲᠠᠪᠠ᠃ | ᠰᠦᠨᠢᠳ ᠤᠨ ᠶᠢᠨ ᠰᠢ ᠠᠯᠲᠠᠨ ᠠᠭᠤᠷᠬᠠᠶ ᠶᠢᠨ ᠦᠢᠯᠡᠰ ᠤᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢᠨ | ᠪᠢ ᠯᠢ ᠡᠾᠧ ᠠᠭᠤᠷᠬᠠᠶ ᠶᠢᠨ ᠣᠷᠣᠨ ᠤ Ⅱ ᠨᠣᠮᠧᠷᠲᠦ ᠠᠭᠤᠷᠬᠠᠢ ᠶᠢᠨ ᠬᠦᠳᠡᠷ ᠨᠡᠭᠡᠭᠡᠨ ᠮᠠᠯᠲᠠᠬᠤ ᠴᠢᠳᠠᠮᠵᠢ ᠶᠢ | ᠥᠷᠭᠡᠳᠭᠡᠬᠦ ᠲᠥᠷᠥᠯ ᠵᠦᠢᠯ ᠨᠢ ᠰᠢᠯᠢ ᠶᠢᠨ ᠭᠤᠤᠯ ᠠᠶᠢᠮᠠᠭ ᠤᠨ ᠰᠥᠨᠢᠳ ᠪᠠᠷᠠᠭᠤᠨ ᠬᠤᠰᠢᠭᠤᠨ ᠤ ᠬᠢᠯᠢ ᠳᠤ | ᠪᠠᠶᠢᠷᠢᠯᠠᠵᠤ᠂ ᠦᠢᠯᠡᠳᠪᠦᠷᠢᠯᠡᠯ ᠤᠨ ᠬᠡᠪᠴᠢᠶ᠎ᠡ ᠨᠢ ᠠᠯᠲᠠ ᠮᠠᠯᠲᠠᠬᠤ ᠬᠦᠳᠡᠷ ᠮᠠᠯᠲᠠᠬᠤ ᠵᠢᠯ ᠳᠤ 20 ᠲᠦᠮᠡᠨ ᠲᠣᠨ | ᠪᠠᠶᠢᠵᠤ᠂ ᠠᠭᠤᠷᠬᠠᠢ ᠶᠢᠨ ᠠᠵᠤ ᠦᠢᠯᠡᠳᠪᠦᠷᠢ ᠶᠢᠨ ᠲᠠᠯᠠᠪᠤᠷ᠂ ᠬᠠᠶᠠᠭᠳᠠᠮᠠᠯ ᠴᠢᠯᠠᠭᠤᠨ ᠤ ᠡᠷᠭᠢᠯᠲᠡ ᠶᠢᠨ | ᠲᠠᠯᠠᠪᠤᠷ ᠢᠶᠠᠷ ᠪᠦᠷᠢᠯᠳᠦᠪᠡ᠃ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠡᠵᠡᠯᠡᠭᠰᠡᠨ ᠭᠠᠵᠠᠷ ᠤᠨ | ᠲᠠᠯᠠᠪᠠᠶ ᠨᠢ 3.90 ᠾᠧᠺᠲ᠋ᠠᠷ ᠪᠠᠶᠢᠵᠤ᠂ ᠬᠥᠳᠡᠯᠭᠡᠨ ᠬᠡᠷᠡᠭᠯᠡᠭᠰᠡᠨ ᠰᠢᠷᠣᠶ ᠶᠢᠨ ᠴᠢᠯᠠᠭᠤᠨ ᠤ ᠶᠡᠷᠦᠩᠬᠡᠶ | ᠬᠡᠮᠵᠢᠶ᠎ᠡ ᠨᠢ 6.95 ᠲᠦᠮᠡᠨ ᠪᠣᠰᠤᠭ᠎ᠠ ᠳᠥᠷᠪᠡᠯᠵᠢᠨ ᠮᠧᠲᠷ᠂ ᠶᠡᠷᠦᠩᠬᠡᠶ ᠪᠡᠯᠡ ᠣᠷᠣᠭᠤᠯᠤᠯᠲᠠ ᠨᠢ 1526 | ᠲᠦᠮᠡᠨ ᠲᠥᠭᠦᠷᠢᠭ ᠪᠣᠯᠤᠨ᠎ᠠ᠃ ᠢᠨᠵᠧᠨᠧᠷᠢᠩ ᠨᠢ 2024 ᠣᠨ ᠤ 5 ᠳ᠋ᠤᠭᠠᠷ ᠰᠠᠷ᠎ᠠ ᠳᠤ ᠠᠵᠢᠯ ᠢᠶᠠᠨ | ᠡᠬᠢᠯᠡᠭᠦᠯᠵᠦ᠂ 2026 ᠣᠨ ᠤ 4 ᠳ᠋ᠦ᠋ᠭᠡᠷ ᠰᠠᠷ᠎ᠠ ᠳᠤ ᠠᠵᠢᠯ ᠢᠶᠠᠨ ᠳᠠᠭᠤᠰᠬᠠᠵᠤ᠂ ᠶᠡᠷᠦᠩᠬᠡᠶ ᠠᠵᠢᠯ ᠤᠨ | ᠬᠤᠭᠤᠴᠠᠭ᠎ᠠ ᠨᠢ 24 ᠰᠠᠷ᠎ᠠ ᠪᠣᠯᠤᠨ᠎ᠠ᠃ | ᠨᠢᠭᠡ᠂ ᠤᠰᠤ ᠰᠢᠷᠤᠢ ᠶᠢ ᠬᠠᠮᠠᠭᠠᠯᠠᠬᠤ ᠲᠥᠰᠦᠯ ᠤᠨ ᠶᠡᠷᠦᠩᠬᠡᠶ ᠰᠠᠨᠠᠯ | ︵ᠨᠢᠭᠡ︶ ᠪᠦᠲᠦᠭᠡᠨ ᠪᠠᠶᠢᠭᠤᠯᠬᠤ ᠬᠤᠭᠤᠴᠠᠭᠠᠨ ᠳᠤ ᠤᠰᠤ ᠰᠢᠷᠤᠢ ᠶᠢᠨ ᠢᠳᠡᠭᠳᠡᠯ ᠢ ᠰᠡᠷᠭᠡᠶᠢᠯᠡᠨ ᠵᠠᠰᠠᠬᠤ | ᠬᠠᠷᠢᠭᠤᠴᠠᠯᠭ᠎ᠠ ᠶᠢᠨ ᠬᠡᠪᠴᠢᠶ᠎ᠡ ᠨᠢ 3.90 ᠾᠧᠺᠲ᠋ᠠᠷ ᠪᠣᠯᠤᠨ᠎ᠠ᠃ | ︵ᠬᠤᠶᠠᠷ︶ ᠤᠰᠤ ᠰᠢᠷᠤᠢ ᠶᠢᠨ ᠢᠳᠡᠭᠳᠡᠯ ᠢ ᠰᠡᠷᠭᠡᠶᠢᠯᠡᠨ ᠵᠠᠰᠠᠬᠤ ᠠᠵᠢᠯ ᠳᠤ ᠤᠮᠠᠷᠠᠲᠤ ᠶᠢᠨ ᠰᠠᠯᠬᠢ | ᠡᠯᠡᠰᠦᠨ ᠤ ᠣᠷᠣᠨ ᠤ ᠨᠢᠭᠡᠳᠦᠭᠡᠷ ᠳᠡᠰ ᠤᠨ ᠰᠡᠷᠭᠡᠶᠢᠯᠡᠨ ᠵᠠᠰᠠᠬᠤ ᠪᠠᠷᠢᠮᠵᠢᠶ᠎ᠠ ᠶᠢ ᠬᠡᠷᠡᠭᠵᠢᠭᠦᠯᠬᠦ ᠶᠢ ᠵᠦᠪᠰᠢᠶᠡᠷᠡᠨ᠎ᠡ᠃ | | ︵ᠭᠤᠷᠪᠠ︶ ᠤᠰᠤ ᠰᠢᠷᠤᠢ ᠶᠢᠨ ᠢᠳᠡᠭᠳᠡᠯ ᠢ ᠰᠡᠷᠭᠡᠶᠢᠯᠡᠨ ᠵᠠᠰᠠᠬᠤ ᠬᠠᠷᠠᠯᠲᠠ ᠶᠢ ᠦᠨᠳᠦᠰᠦᠨ ᠳᠤ ᠪᠠᠨ | ᠵᠥᠪᠰᠢᠶᠡᠷᠡᠪᠡ᠄ ᠤᠰᠤ ᠰᠢᠷᠤᠢ ᠶᠢᠨ ᠢᠳᠡᠭᠳᠡᠯ ᠢ ᠵᠠᠰᠠᠬᠤ ᠬᠡᠮᠵᠢᠶ᠎ᠡ 85%᠂ ᠤᠰᠤ ᠰᠢᠷᠤᠢ ᠶᠢᠨ ᠢᠳᠡᠭᠳᠡᠯ ᠢ | ᠬᠢᠵᠠᠭᠠᠷᠯᠠᠬᠤ ᠨᠣᠷᠮ᠎ᠠ 0.8%᠂ ᠬᠤᠭ ᠰᠢᠷᠣᠶ ᠶᠢᠨ ᠰᠡᠷᠭᠡᠶᠢᠯᠡᠨ ᠬᠠᠮᠠᠭᠠᠯᠠᠬᠤ ᠨᠣᠷᠮ᠎ᠠ 87%᠂ ᠤᠰᠤ | ᠰᠢᠷᠤᠢ ᠶᠢᠨ ᠬᠠᠮᠠᠭᠠᠯᠠᠯᠲᠠ ᠶᠢᠨ ᠨᠣᠷᠮ᠎ᠠ 90% ᠪᠠᠶᠢᠵᠤ᠂ ᠣᠶ ᠰᠢᠭᠤᠶ ᠡᠪᠡᠰᠦ ᠶᠢᠨ ᠤᠷᠭᠤᠮᠠᠯ ᠤᠨ | ᠬᠤᠴᠢᠯᠭ᠎ᠠ ᠶᠢ ᠰᠡᠷᠭᠦᠭᠡᠬᠦ ᠨᠣᠷᠮ᠎ᠠ 93%᠂ ᠣᠶ ᠰᠢᠭᠤᠶ ᠡᠪᠡᠰᠦ ᠶᠢᠨ ᠪᠦᠷᠬᠦᠴᠡ ᠶᠢᠨ ᠨᠣᠷᠮ᠎ᠠ 22% | ᠪᠣᠯᠤᠨ᠎ᠠ᠃ | ︵ᠲᠦᠷᠪᠡ︶ ᠤᠰᠤ ᠰᠢᠷᠤᠢ ᠶᠢᠨ ᠢᠳᠡᠭᠳᠡᠯ ᠢ ᠰᠡᠷᠭᠡᠶᠢᠯᠡᠨ ᠵᠠᠰᠠᠬᠤ ᠣᠷᠣᠨ ᠲᠣᠭᠤᠷᠢᠭ ᠵᠢᠴᠢ ᠣᠷᠣᠨ | ᠬᠤᠪᠢᠶᠠᠨ ᠰᠡᠷᠭᠡᠶᠢᠯᠡᠨ ᠵᠠᠰᠠᠬᠤ ᠠᠷᠭ᠎ᠠ ᠬᠡᠮᠵᠢᠶ᠎ᠡ ᠶᠢᠨ ᠲᠣᠬᠢᠷᠠᠭᠤᠯᠤᠯᠲᠠ ᠶᠢ ᠦᠨᠳᠦᠰᠦᠨ ᠳᠡᠭᠡᠨ ᠵᠥᠪᠰᠢᠶᠡᠷᠡᠨ᠎ᠡ᠃ | ︵ᠲᠠᠪᠤ︶ ᠦᠨᠳᠦᠰᠦᠨ ᠳᠡᠭᠡᠨ ᠪᠦᠲᠦᠭᠡᠨ ᠪᠠᠶᠢᠭᠤᠯᠤᠯᠲᠠ ᠶᠢᠨ ᠬᠤᠭᠤᠴᠠᠭᠠᠨ ᠳᠤ ᠤᠰᠤ ᠰᠢᠷᠤᠶ ᠶᠢ | ᠬᠠᠮᠠᠬᠠᠯᠠᠬᠤ ᠨᠥᠬᠦᠪᠥᠷᠢ ᠨᠢ 6.63 ᠲᠦᠮᠡᠨ ᠲᠥᠭᠦᠷᠢᠭ ᠪᠤᠯᠤᠨ᠎ᠠ ᠃ | ᠬᠤᠶᠠᠷ᠂ ᠦᠢᠯᠡᠳᠪᠦᠷᠢᠯᠡᠯ ᠪᠦᠲᠦᠭᠡᠨ ᠪᠠᠶᠢᠭᠤᠯᠤᠯᠲᠠ ᠶᠢᠨ ᠨᠢᠭᠡᠴᠢ ᠨᠢ ᠲᠥᠷᠥᠯ ᠵᠦᠢᠯ ᠤᠨ ᠪᠦᠲᠦᠭᠡᠨ | ᠪᠠᠶᠢᠭᠤᠯᠤᠯᠲᠠ ᠶᠢᠨ ᠳᠤᠮᠳᠠ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠤᠰᠤ ᠰᠢᠷᠣᠢ ᠶᠢ | ᠬᠠᠮᠠᠭᠠᠯᠠᠬᠤ ᠬᠠᠤᠯᠢ︾ ᠶᠢᠨ ᠡᠯ᠎ᠡ ᠵᠦᠢᠯ ᠤᠨ ᠱᠠᠭᠠᠷᠳᠠᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠬᠤ ᠶᠢᠨ ᠬᠠᠮᠲᠤ | ᠳᠣᠣᠷᠠᠬᠢ ᠠᠵᠢᠯ ᠤᠳ ᠢ ᠭᠤᠣᠯᠳᠠᠯᠭ᠎ᠠ ᠲᠠᠢ ᠰᠠᠶᠢᠲᠤᠷ ᠬᠢᠬᠦ ᠬᠡᠷᠡᠭᠲᠡᠢ᠃ | ︵ᠨᠢᠭᠡ︶ ᠵᠥᠪᠰᠢᠶᠡᠷᠡᠭᠰᠡᠨ ᠤᠰᠤ ᠰᠢᠷᠤᠢ ᠶᠢ ᠬᠠᠮᠠᠭᠠᠯᠠᠬᠤ ᠲᠥᠰᠦᠯ ᠤᠨ ᠶᠣᠰᠣᠭᠠᠷ᠂ ᠤᠰᠤ ᠰᠢᠷᠤᠢ ᠶᠢ | ᠬᠠᠮᠠᠭᠠᠯᠠᠬᠤ ᠠᠩᠬ᠎ᠠ ᠠᠯᠬᠤᠮ ᠤᠨ ᠵᠢᠷᠤᠭ ᠲᠥᠯᠥᠪᠯᠡᠭᠡ ᠪᠣᠯᠤᠨ ᠪᠠᠷᠢᠯᠭ᠎ᠠ ᠪᠠᠷᠢᠬᠤ ᠵᠢᠷᠤᠭ ᠤᠨ ᠵᠢᠷᠤᠭ | ᠲᠥᠯᠥᠪᠯᠡᠭᠡ ᠶᠢ ᠰᠠᠶᠢᠲᠤᠷ ᠬᠢᠵᠦ᠂ ᠪᠠᠷᠢᠯᠭ᠎ᠠ ᠪᠠᠷᠢᠬᠤ ᠵᠣᠬᠢᠶᠠᠨ ᠪᠠᠶᠢᠭᠤᠯᠤᠯᠲᠠ ᠶᠢᠨ ᠬᠠᠮᠢᠶᠠᠷᠤᠯᠲᠠ ᠪᠠᠨ | ᠴᠢᠩᠭᠠᠳᠬᠠᠨ᠂ ᠤᠰᠤ ᠰᠢᠷᠤᠢ ᠶᠢ ᠬᠠᠮᠠᠭᠠᠯᠠᠬᠤ ︽ᠭᠤᠷᠪᠠ ᠶᠢ ᠵᠡᠷᠭᠡ ᠳᠤᠨᠢ ᠬᠢᠬᠦ︾ ᠳᠦᠷᠢᠮ ᠢ ᠦᠨᠡᠨᠬᠦ | ᠨᠠᠶᠢᠳᠠᠪᠤᠷᠢᠵᠢᠭᠤᠯᠬᠤ ᠬᠡᠷᠡᠭᠲᠡᠶ᠃ | ︵ᠬᠤᠶᠠᠷ︶ ᠲᠥᠰᠦᠯ ᠤᠨ ᠱᠠᠭᠠᠷᠳᠠᠯᠭ᠎ᠠ ᠶᠢ ᠴᠢᠩᠭ᠎ᠠ ᠵᠢᠷᠤᠮᠯᠠᠨ ᠤᠰᠤ ᠰᠢᠷᠤᠢ ᠶᠢ ᠬᠠᠮᠠᠭᠠᠯᠠᠬᠤ ᠡᠯ᠎ᠡ | ᠵᠦᠢᠯ ᠤᠨ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠬᠤ ᠬᠡᠷᠡᠭᠲᠡᠶ᠃ ᠡᠯ᠎ᠡ ᠲᠥᠷᠥᠯ ᠤᠨ ᠪᠠᠷᠢᠯᠭ᠎ᠠ ᠪᠠᠷᠢᠬᠤ | ᠠᠵᠢᠯᠯᠠᠭ᠎ᠠ ᠨᠢ ᠭᠠᠵᠠᠷ ᠬᠡᠷᠡᠭᠯᠡᠬᠦ ᠬᠡᠪᠴᠢᠶᠡᠨ ᠳᠣᠲᠣᠷ᠎ᠠ ᠳᠤᠷ᠎ᠠ ᠪᠠᠷ ᠢᠶᠠᠨ ᠡᠵᠡᠯᠡᠬᠦ᠂ ᠭᠠᠵᠠᠷ ᠤᠨ ᠭᠠᠳᠠᠷᠭᠤ ᠶᠢᠨ | ᠤᠷᠭᠤᠮᠠᠯ ᠤᠨ ᠬᠤᠴᠢᠯᠭ᠎ᠠ ᠶᠢ ᠰᠠᠮᠠᠭᠤᠷᠠᠭᠤᠯᠬᠤ ᠪᠠ ᠡᠪᠳᠡᠬᠦ ᠶᠢ ᠴᠢᠩᠭ᠎ᠠ ᠴᠠᠭᠠᠵᠠᠯᠠᠵᠤ᠂ ᠤᠰᠤ ᠰᠢᠷᠤᠢ ᠶᠢ | ᠰᠠᠯᠭᠠᠬᠤ᠂ ᠬᠠᠳᠠᠭᠠᠯᠠᠬᠤ ᠪᠠ ᠠᠰᠢᠭᠯᠠᠬᠤ ᠶᠢ ᠰᠠᠶᠢᠲᠤᠷ ᠬᠢᠬᠦ ᠬᠡᠷᠡᠭᠲᠡᠶ᠃ ᠲᠦᠷ ᠴᠠᠭ ᠰᠢᠷᠣᠶ ᠣᠪᠣᠭᠠᠯᠠᠬᠤ | ᠬᠠᠮᠢᠶᠠᠷᠤᠯᠲᠠ ᠶᠢ ᠴᠢᠩᠭᠠᠳᠬᠠᠨ᠂ ᠡᠯ᠎ᠡ ᠵᠦᠢᠯ ᠤᠨ ᠰᠡᠷᠭᠡᠶᠢᠯᠡᠨ ᠬᠠᠮᠠᠭᠠᠯᠠᠬᠤ ᠠᠷᠭ᠎ᠠ ᠬᠡᠮᠵᠢᠶ᠎ᠡ ᠶᠢ ᠴᠠᠭ | ᠲᠤᠬᠠᠶ ᠳᠤᠨᠢ ᠨᠠᠶᠢᠳᠠᠪᠤᠷᠢᠵᠢᠭᠤᠯᠬᠤ ᠬᠡᠷᠡᠭᠲᠡᠶ᠃ ᠲᠥᠰᠦᠯ ᠤᠨ ᠱᠠᠭᠠᠷᠳᠠᠯᠭ᠎ᠠ ᠶᠢ ᠦᠨᠳᠦᠰᠦᠯᠡᠨ ᠪᠠᠷᠢᠯᠭ᠎ᠠ ᠪᠠᠷᠢᠬᠤ | ᠤᠷᠠᠨ ᠮᠡᠷᠭᠡᠰᠢᠯ ᠢ ᠰᠢᠯᠢᠳᠡᠭᠵᠢᠭᠦᠯᠵᠦ᠂ ᠪᠠᠷᠢᠯᠭ᠎ᠠ ᠪᠠᠷᠢᠬᠤ ᠴᠠᠭ ᠤᠨ ᠳᠡᠰ ᠳᠠᠷᠠᠭᠠᠯᠠᠯ ᠪᠠ ᠤᠰᠤ ᠰᠢᠷᠤᠢ ᠶᠢ | ᠬᠠᠮᠠᠭᠠᠯᠠᠬᠤ ᠠᠷᠭ᠎ᠠ ᠬᠡᠮᠵᠢᠶ᠎ᠡ ᠶᠢ ᠬᠡᠷᠡᠭᠵᠢᠭᠦᠯᠬᠦ ᠠᠬᠢᠴᠠ ᠶᠢ ᠵᠦᠶ ᠵᠣᠬᠢᠰᠲᠠᠶ ᠲᠣᠬᠢᠷᠠᠭᠤᠯᠵᠤ᠂ ᠪᠠᠷᠢᠯᠭ᠎ᠠ ᠪᠠᠷᠢᠬᠤ | ᠬᠤᠭᠤᠴᠠᠭᠠᠨ ᠳᠠᠬᠢ ᠤᠰᠤ ᠰᠢᠷᠤᠢ ᠶᠢᠨ ᠢᠳᠡᠭᠳᠡᠯ ᠢ ᠴᠢᠩᠭ᠎ᠠ ᠬᠢᠵᠠᠭᠠᠷᠯᠠᠬᠤ ᠬᠡᠷᠡᠭᠲᠡᠶ᠃ | ︵ᠭᠤᠷᠪᠠ︶ ᠤᠰᠤ ᠰᠢᠷᠤᠢ ᠶᠢ ᠬᠠᠮᠠᠭᠠᠯᠠᠬᠤ ᠬᠢᠨᠠᠨ ᠬᠡᠮᠵᠢᠬᠦ ᠠᠵᠢᠯ ᠢ ᠦᠨᠡᠨᠬᠦ ᠰᠠᠶᠢᠲᠤᠷ ᠬᠢᠵᠦ᠂ ᠤᠰᠤ | ᠰᠢᠷᠤᠢ ᠶᠢᠨ ᠢᠳᠡᠭᠳᠡᠯ ᠤᠨ ᠪᠠᠶᠢᠳᠠᠯ ᠢ ᠬᠢᠨᠠᠨ ᠡᠵᠡᠮᠳᠡᠬᠦ ᠶᠢ ᠴᠢᠩᠭᠠᠳᠬᠠᠬᠤ ᠶᠢᠨ ᠬᠠᠮᠲᠤ ᠲᠣᠭᠲᠠᠭᠠᠯ ᠶᠣᠰᠣᠭᠠᠷ | ᠮᠠᠨ ᠤ ᠲᠢᠩᠬᠢᠮ ᠵᠢᠴᠢ ᠰᠢᠯᠢ ᠶᠢᠨ ᠭᠤᠤᠯ ᠠᠶᠢᠮᠠᠭ ᠤᠨ ᠤᠰᠤᠨ ᠠᠰᠢᠭᠯᠠᠯᠲᠠ ᠶᠢᠨ ᠲᠣᠪᠴᠢᠶ᠎ᠠ ᠳᠤ ᠬᠢᠨᠠᠨ | ᠬᠡᠮᠵᠢᠯᠲᠡ ᠶᠢᠨ ᠤᠯᠠᠷᠢᠯ ᠤᠨ ᠮᠡᠳᠡᠭᠦᠯᠦᠯᠲᠡ ᠵᠢᠴᠢ ᠳ᠋ᠦᠩᠨᠡᠯᠲᠡ ᠶᠢᠨ ᠮᠡᠳᠡᠭᠦᠯᠦᠯᠲᠡ ᠶᠢ ᠲᠤᠰᠢᠶᠠᠨ᠎ᠠ᠃ | ︵ᠲᠦᠷᠪᠡ︶ ᠤᠰᠤ ᠰᠢᠷᠤᠢ ᠶᠢ ᠬᠠᠮᠠᠭᠠᠯᠠᠬᠤ ᠬᠢᠨᠠᠯᠲᠠ ᠬᠠᠮᠢᠶᠠᠷᠤᠯᠲᠠ ᠶᠢᠨ ᠠᠵᠢᠯ ᠢ | ᠨᠠᠶᠢᠳᠠᠪᠤᠷᠢᠵᠢᠭᠤᠯᠬᠤ ᠶᠢᠨ ᠬᠠᠮᠲᠤ ᠰᠠᠶᠢᠲᠤᠷ ᠬᠢᠵᠦ᠂ ᠤᠰᠤ ᠰᠢᠷᠤᠢ ᠶᠢ ᠬᠠᠮᠠᠭᠠᠯᠠᠬᠤ ᠪᠠᠷᠢᠯᠭ᠎ᠠ ᠶᠢᠨ ᠪᠦᠲᠦᠭᠡᠨ | ᠪᠠᠶᠢᠭᠤᠯᠤᠯᠲᠠ ᠶᠢᠨ ᠶᠠᠰᠤ ᠴᠢᠨᠠᠷ ᠪᠣᠯᠤᠨ ᠠᠬᠢᠴᠠ ᠶᠢ ᠦᠨᠡᠨᠬᠦ ᠪᠠᠲᠤᠯᠠᠬᠤ ᠬᠡᠷᠡᠭᠲᠡᠶ᠃ | ︵ᠲᠠᠪᠤ︶ ᠤᠰᠤ ᠰᠢᠷᠤᠢ ᠶᠢ ᠬᠠᠮᠠᠭᠠᠯᠠᠬᠤ ᠨᠥᠬᠦᠪᠥᠷᠢ ᠵᠠᠷᠤᠳᠠᠯ ᠢ ᠬᠠᠤᠯᠢ ᠲᠣᠭᠲᠠᠭᠠᠯ ᠶᠣᠰᠣᠭᠠᠷ ᠭᠦᠢᠴᠡᠳ | ᠲᠤᠭ᠎ᠠ ᠪᠠᠷ ᠲᠤᠰᠢᠶᠠᠨ᠎ᠠ᠃ | ᠭᠤᠷᠪᠠ᠂ ᠲᠤᠰ ᠲᠥᠷᠥᠯ ᠤᠨ ᠭᠠᠵᠠᠷ᠂ ᠬᠡᠪᠴᠢᠶ᠎ᠡ ᠨᠢ ᠴᠢᠬᠤᠯᠠ ᠶᠡᠭᠡ ᠬᠤᠪᠢᠷᠠᠯᠲᠠ ᠭᠠᠷᠤᠭᠰᠠᠨ᠂ | ᠡᠰᠡᠬᠦᠯ᠎ᠡ ᠤᠰᠤ ᠰᠢᠷᠤᠢ ᠶᠢ ᠬᠠᠮᠠᠭᠠᠯᠠᠬᠤ ᠲᠥᠰᠦᠯ ᠢ ᠬᠡᠷᠡᠭᠵᠢᠭᠦᠯᠬᠦ ᠶᠠᠪᠤᠴᠠ ᠳᠠᠬᠢ ᠤᠰᠤ ᠰᠢᠷᠤᠢ ᠶᠢ ᠬᠠᠮᠠᠭᠠᠯᠠᠬᠤ | ᠠᠷᠭ᠎ᠠ ᠬᠡᠮᠵᠢᠶ᠎ᠡ ᠳᠤ ᠴᠢᠬᠤᠯᠠ ᠶᠡᠭᠡ ᠬᠤᠪᠢᠷᠠᠯᠲᠠ ᠭᠠᠷᠪᠠᠯ᠂ ᠤᠰᠤ ᠰᠢᠷᠤᠢ ᠶᠢ ᠬᠠᠮᠠᠭᠠᠯᠠᠬᠤ ᠲᠥᠰᠦᠯ ᠳᠤ | ᠨᠥᠬᠦᠪᠥᠷᠢᠯᠡᠬᠦ ᠪᠤᠶᠤ ᠵᠠᠰᠠᠪᠤᠷᠢ ᠣᠷᠣᠭᠤᠯᠵᠤ᠂ ᠮᠠᠨ ᠤ ᠲᠢᠩᠬᠢᠮ ᠳᠤ ᠮᠡᠳᠡᠭᠦᠯᠦᠨ ᠬᠢᠨᠠᠨ ᠵᠥᠪᠰᠢᠶᠡᠷᠡᠭᠦᠯᠬᠦ | ᠬᠡᠷᠡᠭᠲᠡᠶ᠃ ᠰᠢᠭᠠᠷᠤ ᠬᠠᠶᠠᠬᠤ ᠲᠠᠯᠠᠪᠤᠷ ᠢ ᠰᠢᠨ᠎ᠡ ᠪᠠᠷ ᠪᠠᠶᠢᠭᠤᠯᠬᠤ ᠴᠢᠬᠤᠯᠠ ᠲᠠᠢ ᠪᠣᠯ ᠦᠢᠯᠡᠳᠪᠦᠷᠢᠯᠡᠯ ᠪᠦᠲᠦᠭᠡᠨ | ᠪᠠᠶᠢᠭᠤᠯᠤᠯᠲᠠ ᠶᠢᠨ ᠨᠢᠭᠡᠴᠢ ᠨᠢ ᠰᠢᠭᠠᠷᠤ ᠶᠢᠨ ᠬᠡᠮᠵᠢᠶ᠎ᠡ ᠶᠢ ᠪᠠᠭᠠᠰᠬᠠᠬᠤ᠂ ᠡᠬᠢ ᠪᠠᠶᠠᠯᠢᠭᠵᠢᠭᠤᠯᠬᠤ ᠨᠤᠲᠠᠯᠠᠯᠲᠠ ᠶᠢ | ᠥᠷᠨᠢᠭᠦᠯᠬᠦ ᠶᠢᠨ ᠬᠠᠮᠲᠤ ᠰᠢᠭᠠᠷᠤ ᠶᠢ ᠬᠠᠶᠠᠬᠤ ᠠᠴᠠ ᠡᠮᠦᠨ᠎ᠡ ᠤᠰᠤ ᠰᠢᠷᠤᠢ ᠶᠢ ᠬᠠᠮᠠᠭᠠᠯᠠᠬᠤ ᠲᠥᠰᠦᠯ ᠤᠨ | ᠨᠥᠬᠦᠪᠥᠷᠢ ᠮᠡᠳᠡᠭᠦᠯᠦᠯᠲᠡ ᠶᠢ ᠨᠠᠶᠢᠷᠠᠭᠤᠯᠤᠨ ᠵᠣᠬᠢᠶᠠᠵᠤ᠂ ᠮᠠᠨ ᠤ ᠲᠢᠩᠬᠢᠮ ᠳᠤ ᠮᠡᠳᠡᠭᠦᠯᠦᠨ ᠬᠢᠨᠠᠨ | ᠵᠥᠪᠰᠢᠶᠡᠷᠡᠭᠦᠯᠬᠦ ᠬᠡᠷᠡᠭᠲᠡᠶ᠃ | ᠳᠥᠷᠪᠡ᠂ ᠲᠠᠨ ᠤ ᠨᠢᠭᠡᠴᠢ ᠪᠣᠯ ᠲᠤᠰ ᠲᠥᠷᠥᠯ ᠵᠦᠢᠯ ᠤᠨ ᠤᠰᠤ ᠰᠢᠷᠤᠢ ᠶᠢ ᠬᠠᠮᠠᠭᠠᠯᠠᠬᠤ ᠪᠡᠯᠡᠳᠬᠡᠮᠵᠢ ᠶᠢ | ᠰᠢᠯᠭᠠᠨ ᠠᠪᠬᠤ ᠬᠠᠷᠢᠭᠤᠴᠠᠯᠭ᠎ᠠ ᠶᠢᠨ ᠭᠤᠤᠯ ᠴᠣᠭᠴᠠ ᠪᠣᠯᠬᠤ ᠲᠤᠯᠠ᠂ ᠲᠤᠰ ᠲᠥᠷᠥᠯ ᠵᠦᠢᠯ ᠢ | ᠠᠰᠢᠭᠯᠠᠯᠲᠠ ᠳᠤ ᠣᠷᠣᠭᠤᠯᠬᠤ ᠠᠴᠠ ᠡᠮᠦᠨ᠎ᠡ᠂ ᠤᠰᠤ ᠰᠢᠷᠤᠢ ᠶᠢ ᠬᠠᠮᠠᠭᠠᠯᠠᠬᠤ ᠪᠡᠯᠡᠳᠬᠡᠮᠵᠢ ᠶᠢ ᠡᠵᠡᠨ ᠮᠡᠳᠡᠵᠦ | ᠰᠢᠯᠭᠠᠨ ᠠᠪᠬᠤ ᠶᠢ ᠥᠩᠭᠡᠷᠡᠭᠡᠬᠦ ᠬᠡᠷᠡᠭᠲᠡᠶ᠃ ᠡᠵᠡᠨ ᠮᠡᠳᠡᠨ ᠰᠢᠯᠭᠠᠨ ᠠᠪᠬᠤ ᠳᠤ ᠤᠰᠤ ᠰᠢᠷᠤᠢ ᠶᠢ ᠬᠠᠮᠠᠭᠠᠯᠠᠬᠤ | ᠬᠠᠤᠯᠢ ᠴᠠᠭᠠᠵᠠ ᠬᠠᠤᠯᠢ ᠲᠣᠭᠲᠠᠭᠠᠯ᠂ ᠪᠠᠷᠢᠮᠵᠢᠶ᠎ᠠ ᠶᠢᠨ ᠵᠢᠷᠤᠮᠵᠢᠯ᠂ ᠤᠰᠤ ᠰᠢᠷᠤᠢ ᠶᠢ ᠬᠠᠮᠠᠭᠠᠯᠠᠬᠤ ᠲᠥᠰᠦᠯ | ᠬᠢᠭᠡᠳ ᠲᠤᠰ ᠬᠢᠨᠠᠨ ᠵᠥᠪᠰᠢᠶᠡᠷᠡᠭᠰᠡᠨ ᠲᠣᠭᠲᠠᠭᠠᠯ᠂ ᠤᠰᠤ ᠰᠢᠷᠤᠢ ᠶᠢ ᠬᠠᠮᠠᠭᠠᠯᠠᠬᠤ ᠵᠠᠯᠭᠠᠮᠵᠢ ᠵᠢᠷᠤᠭ | ᠲᠥᠯᠥᠪᠯᠡᠭᠡ ᠵᠡᠷᠭᠡ ᠶᠢ ᠦᠨᠳᠦᠰᠦᠯᠡᠨ ᠶᠠᠪᠤᠭᠳᠠᠭᠤᠯᠵᠤ᠂ ᠤᠰᠤ ᠰᠢᠷᠤᠢ ᠶᠢ ᠬᠠᠮᠠᠭᠠᠯᠠᠬᠤ ᠪᠡᠯᠡᠳᠬᠡᠮᠵᠢ ᠶᠢ ᠰᠢᠯᠭᠠᠨ | ᠠᠪᠬᠤ ᠪᠠᠷᠢᠮᠵᠢᠶ᠎ᠠ ᠪᠣᠯᠤᠨ ᠨᠥᠬᠦᠴᠡᠯ ᠢ ᠴᠢᠩᠭ᠎ᠠ ᠬᠡᠷᠡᠭᠵᠢᠭᠦᠯᠬᠦ ᠬᠡᠷᠡᠭᠲᠡᠶ᠃ ᠤᠰᠤ ᠰᠢᠷᠣᠢ ᠶᠢ ᠬᠠᠮᠠᠭᠠᠯᠠᠬᠤ | ᠲᠥᠬᠦᠭᠡᠷᠦᠮᠵᠢ ᠶᠢ ᠪᠡᠶ᠎ᠡ ᠪᠠᠨ ᠳᠠᠭᠠᠭᠠᠵᠤ ᠰᠢᠯᠭᠠᠨ ᠠᠪᠬᠤ ᠳᠤ ᠬᠢᠷᠢ ᠲᠡᠩᠴᠡᠭᠰᠡᠨ ᠤ ᠳᠠᠷᠠᠭ᠎ᠠ᠂ ᠠᠯᠪᠠᠨ ᠤ | ᠰᠦᠯᠵᠢᠶ᠎ᠡ ᠪᠤᠶᠤ ᠪᠤᠰᠤᠳ ᠤᠯᠠᠨ ᠨᠡᠶᠢᠲᠡ ᠶᠢᠨ ᠣᠯᠵᠤ ᠮᠡᠳᠡᠭᠰᠡᠨ ᠰᠦᠯᠵᠢᠶᠡᠨ ᠳᠡᠭᠡᠷ᠎ᠡ ᠤᠰᠤ ᠰᠢᠷᠣᠢ ᠶᠢ | ᠬᠠᠮᠠᠭᠠᠯᠠᠬᠤ ᠪᠡᠯᠡᠳᠬᠡᠮᠵᠢ ᠶᠢ ᠰᠢᠯᠭᠠᠨ ᠠᠪᠬᠤ ᠮᠠᠲ᠋ᠧᠷᠢᠶᠠᠯ ᠢ ᠴᠠᠭ ᠲᠤᠬᠠᠢ ᠳᠤ ᠨᠢ ᠵᠠᠷᠯᠠᠨ ᠨᠡᠶᠢᠲᠡᠯᠡᠵᠦ᠂ ᠢᠯᠡ | ᠨᠡᠶᠢᠲᠡᠯᠡᠬᠦ ᠬᠤᠭᠤᠴᠠᠭ᠎ᠠ ᠶᠢ 20 ᠠᠵᠢᠯᠯᠠᠬᠤ ᠡᠳᠦᠷ ᠠᠴᠠ ᠳᠤᠲᠠᠭᠤ ᠪᠠᠶᠢᠯᠭᠠᠵᠤ ᠪᠣᠯᠬᠤ ᠦᠭᠡᠢ︔ ᠤᠰᠤ | ᠰᠢᠷᠤᠢ ᠶᠢ ᠬᠠᠮᠠᠭᠠᠯᠠᠬᠤ ᠪᠡᠯᠡᠳᠬᠡᠮᠵᠢ ᠶᠢ ᠡᠵᠡᠨ ᠮᠡᠳᠡᠨ ᠰᠢᠯᠭᠠᠨ ᠠᠪᠬᠤ ᠳᠤ ᠬᠢᠷᠢ ᠲᠡᠩᠴᠡᠭᠰᠡᠨ ᠦᠭᠡᠶ ᠪᠣᠯ | ᠠᠰᠢᠭᠯᠠᠯᠲᠠ ᠳᠤ ᠣᠷᠣᠭᠤᠯᠤᠨ ᠬᠡᠷᠡᠭᠯᠡᠵᠦ ᠪᠣᠯᠬᠤ ᠦᠭᠡᠶ᠃ | ᠲᠠᠪᠤ᠂ ᠲᠤᠰ ᠵᠥᠪᠰᠢᠶᠡᠷᠡᠯ ᠤᠨ ᠪᠢᠴᠢᠭ ᠮᠠᠲ᠋ᠧᠷᠢᠶᠠᠯ ᠢ ᠵᠥᠪᠰᠢᠶᠡᠷᠡᠭᠰᠡᠨ ᠡᠳᠦᠷ ᠠᠴᠠ ᠡᠬᠢᠯᠡᠨ ᠬᠦᠴᠦᠨ | ᠪᠦᠬᠦᠢ ᠬᠤᠭᠤᠴᠠᠭ᠎ᠠ ᠨᠢ 3 ᠵᠢᠯ ᠪᠣᠯᠤᠨ᠎ᠠ᠃ ᠵᠥᠪᠰᠢᠶᠡᠷᠡᠭᠰᠡᠨ ᠪᠢᠴᠢᠭ ᠮᠠᠲ᠋ᠧᠷᠢᠶᠠᠯ ᠤᠨ ᠬᠦᠴᠦᠨ ᠲᠠᠢ | ᠬᠤᠭᠤᠴᠠᠭᠠᠨ ᠳᠣᠲᠣᠷ᠎ᠠ ᠠᠵᠢᠯ ᠡᠬᠢᠯᠡᠭᠦᠯᠦᠨ ᠪᠦᠲᠦᠭᠡᠨ ᠪᠠᠶᠢᠭᠤᠯᠤᠭᠰᠠᠨ ᠦᠭᠡᠶ ᠪᠣᠯ ᠦᠢᠯᠡᠳᠪᠦᠷᠢᠯᠡᠵᠦ | ᠪᠦᠲᠦᠭᠡᠨ ᠪᠠᠶᠢᠭᠤᠯᠬᠤ ᠨᠢᠭᠡᠴᠢ ᠨᠢ ᠵᠥᠪᠰᠢᠶᠡᠷᠡᠭᠰᠡᠨ ᠪᠢᠴᠢᠭ ᠮᠠᠲ᠋ᠧᠷᠢᠶᠠᠯ ᠤᠨ ᠬᠦᠴᠦᠨ ᠲᠠᠢ ᠬᠤᠭᠤᠴᠠᠭ᠎ᠠ ᠨᠢ | ᠳᠦᠭᠦᠷᠬᠦ ᠠᠴᠠ 30 ᠠᠵᠢᠯᠯᠠᠬᠤ ᠡᠳᠦᠷ ᠤᠨ ᠡᠮᠦᠨ᠎ᠡ ᠮᠠᠨ ᠤ ᠲᠢᠩᠬᠢᠮ ᠳᠤ ᠳᠠᠬᠢᠨ ᠬᠢᠨᠠᠭᠤᠯᠬᠤ ᠪᠠᠷ ᠭᠤᠶᠤᠴᠢᠯᠠᠬᠤ | ᠬᠡᠷᠡᠭᠲᠡᠶ᠃ ᠲᠥᠷᠥᠯ ᠵᠦᠢᠯ ᠢ ᠵᠥᠪᠰᠢᠶᠡᠷᠡᠭᠰᠡᠨ ᠪᠢᠴᠢᠭ ᠮᠠᠲ᠋ᠧᠷᠢᠶᠠᠯ ᠤᠨ ᠬᠦᠴᠦᠨ ᠲᠠᠢ ᠬᠤᠭᠤᠴᠠᠭᠠᠨ ᠳᠣᠲᠣᠷ᠎ᠠ | ᠠᠵᠢᠯ ᠡᠬᠢᠯᠡᠭᠦᠯᠦᠨ ᠪᠦᠲᠦᠭᠡᠨ ᠪᠠᠶᠢᠭᠤᠯᠤᠭᠰᠠᠨ ᠦᠭᠡᠶ ᠮᠥᠷᠲᠡᠭᠡᠨ ᠳᠠᠬᠢᠵᠤ ᠬᠢᠨᠠᠨ ᠬᠠᠷᠭᠤᠭᠤᠯᠬᠤ ᠪᠠᠷ | ᠭᠤᠶᠤᠴᠢᠯᠠᠭᠰᠠᠨ ᠦᠭᠡᠶ ᠪᠤᠶᠤ ᠭᠤᠶᠤᠴᠢᠯᠠᠯ ᠢ ᠳᠠᠬᠢᠵᠤ ᠬᠢᠨᠠᠨ ᠬᠠᠷᠭᠤᠭᠤᠯᠬᠤ ᠪᠠᠷ ᠳᠤᠷᠠᠳᠤᠭᠰᠠᠨ ᠪᠣᠯᠪᠠᠴᠤ | ᠵᠥᠪᠰᠢᠶᠡᠷᠡᠭᠳᠡᠭᠰᠡᠨ ᠦᠭᠡᠶ ᠪᠣᠯ᠂ ᠲᠤᠰ ᠵᠥᠪᠰᠢᠶᠡᠷᠡᠭᠰᠡᠨ ᠪᠢᠴᠢᠭ ᠮᠠᠲ᠋ᠧᠷᠢᠶᠠᠯ ᠨᠢ ᠠᠶᠠᠨᠳᠠᠭᠠᠨ ᠬᠦᠴᠦᠨ ᠦᠭᠡᠶ | ᠪᠣᠯᠤᠨ᠎ᠠ᠃ | | 2024 ᠣᠨ ᠤ 4 ᠳ᠋ᠦ᠋ᠭᠡᠷ ᠰᠠᠷ᠎ᠠ ᠶᠢᠨ 2 ᠤᠨ ᠡᠳᠦᠷ | | | ᠳᠠᠭᠠᠯᠳᠤᠭᠤᠯᠤᠯ 1 | ᠳᠠᠭᠠᠯᠳᠤᠭᠤᠯᠤᠯ 2 | | | | |