ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠣᠨᠣᠯ ᠰᠤᠷᠤᠯᠴᠠᠬᠤ ᠭᠤᠤᠯ ᠳᠤᠭᠤᠶᠢᠯᠠᠩ ᠤᠨ ᠨᠠᠢᠮᠠᠳᠤᠭᠠᠷ ᠤᠳᠠᠭᠠᠨ ᠤ ᠬᠠᠮᠲᠤ ᠶᠢᠨ ᠰᠤᠷᠤᠯᠴᠠᠯᠭ᠎ᠠ ᠵᠢᠴᠢ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠲᠤᠰᠬᠠᠶ ᠰᠡᠳᠦᠪᠲᠦ ᠰᠤᠷᠤᠯᠴᠠᠯᠭ᠎ᠠ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/5/11
  5 ᠳ᠋ᠤᠭᠠᠷ ᠰᠠᠷ᠎ᠠ ᠶᠢᠨ 11᠎ ᠤ ᠡᠳᠦᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠣᠨᠣᠯ ᠰᠤᠷᠤᠯᠴᠠᠬᠤ ᠭᠤᠤᠯ ᠳᠤᠭᠤᠶᠢᠯᠠᠩ ᠤᠨ ᠨᠠᠢᠮᠠᠳᠤᠭᠠᠷ ᠤᠳᠠᠭᠠᠨ ᠤ ᠬᠠᠮᠲᠤ ᠶᠢᠨ ᠰᠤᠷᠤᠯᠴᠠᠯᠭ᠎ᠠ ᠵᠢᠴᠢ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠲᠤᠰᠬᠠᠶ ᠰᠡᠳᠦᠪᠲᠦ ᠰᠤᠷᠤᠯᠴᠠᠯᠭ᠎ᠠ ᠶᠢᠨ ᠬᠤᠷᠠᠯ ᠬᠤᠷᠠᠯᠳᠤᠭᠤᠯᠵᠤ᠂ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠢᠩᠬᠢᠮ ᠤᠨ ᠳᠠᠷᠤᠭ᠎ᠠ ᠱᠧᠩ ᠰᠢᠶᠣᠣ ᠶᠢᠥ ᠬᠤᠷᠠᠯ ᠡᠷᠭᠢᠯᠡᠭᠰᠡᠨ ᠪᠥᠭᠡᠳ ᠶᠠᠷᠢᠶ᠎ᠠ ᠲᠠᠯᠪᠢᠪᠠ᠃
W020240511747018541660.png
  ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠥᠷᠨᠢᠭᠦᠯᠬᠦ ᠲᠤᠬᠠᠢ ᠴᠢᠬᠤᠯᠠ ᠶᠠᠷᠢᠶ᠎ᠠ ᠪᠣᠯᠤᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠨᠠᠮ ᠤᠨ ᠲᠥᠪ ᠬᠤᠷᠢᠶ᠎ᠠ ᠪᠣᠯᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠥᠷᠨᠢᠭᠦᠯᠬᠦ ᠲᠤᠬᠠᠢ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠲᠡᠷᠡ ᠬᠡᠪ ᠢᠶᠠᠷ ᠨᠢ ᠨᠠᠶᠢᠳᠠᠪᠤᠷᠢᠵᠢᠭᠤᠯᠵᠤ᠂ ᠲᠥᠪᠯᠡᠷᠡᠩᠭᠦᠢ ᠴᠢᠨᠠᠷᠲᠠᠢ ᠬᠥᠮᠦᠵᠢᠯ ᠪᠣᠯᠤᠨ ᠪᠠᠶᠢᠩᠭᠤ ᠶᠢᠨ ᠴᠢᠨᠠᠷᠲᠠᠢ ᠬᠥᠮᠦᠵᠢᠯ ᠢ ᠤᠶᠠᠯᠳᠤᠭᠤᠯᠬᠤ ᠶᠢ ᠪᠠᠷᠢᠮᠲᠠᠯᠠᠵᠤ᠂ ᠤᠰᠤᠨ ᠠᠰᠢᠭᠯᠠᠯᠲᠠ ᠶᠢᠨ ᠲᠢᠩᠬᠢᠮ ᠤᠨ ᠠᠵᠢᠯ ᠤᠨ ᠲᠥᠰᠦᠯ ᠤᠨ ᠲᠤᠬᠢᠷᠠᠭᠤᠯᠤᠯᠳᠠ ᠶᠣᠰᠣᠭᠠᠷ᠂ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠰᠠᠬᠢᠯᠭ᠎ᠠ ᠪᠠᠲᠤ ᠶᠢᠨ ᠰᠢᠢᠳᠭᠡᠯ ᠥᠭᠬᠦ ᠲᠦᠷᠢᠮ︾᠎ ᠳᠠᠬᠢ ᠤᠯᠤᠰ ᠲᠦᠷᠦ ᠶᠢᠨ ᠰᠠᠬᠢᠯᠭ᠎ᠠ ᠪᠠᠲᠤ ᠪᠣᠯᠤᠨ ᠵᠣᠬᠢᠶᠠᠨ ᠪᠠᠶᠢᠭᠤᠯᠤᠯᠲᠠ ᠶᠢᠨ ᠰᠠᠬᠢᠯᠭ᠎ᠠ ᠪᠠᠲᠤ ᠶᠢᠨ ᠬᠤᠯᠪᠣᠭᠳᠠᠯ ᠪᠦᠬᠦᠢ ᠪᠦᠯᠦᠭ ᠬᠡᠰᠡᠭ ᠤᠨ ᠠᠭᠤᠯᠭ᠎ᠠ ᠶᠢ ᠲᠡᠷᠡ ᠬᠡᠪ ᠢᠶᠠᠷ ᠨᠢ ᠪᠦᠯᠦᠭ ᠳᠠᠷᠠᠭᠠᠯᠠᠨ ᠰᠤᠷᠤᠯᠴᠠᠪᠠ᠃  ᠬᠤᠷᠠᠯ ᠠᠴᠠ ᠵᠢᠭᠠᠵᠤ ᠭᠠᠷᠭᠠᠭᠰᠠᠨ ᠨᠢ᠂ ᠤᠯᠤᠰ ᠲᠦᠷᠦ ᠶᠢᠨ ᠰᠠᠬᠢᠯᠭ᠎ᠠ ᠪᠠᠲᠤ ᠪᠣᠯ ᠨᠠᠮ ᠤᠨ ᠬᠠᠮᠤᠭ ᠤᠨ ᠦᠨᠳᠦᠰᠦᠨ᠂ ᠬᠠᠮᠤᠭ ᠤᠨ ᠴᠢᠬᠤᠯᠠ ᠰᠠᠬᠢᠯᠭ᠎ᠠ ᠪᠠᠲᠤ ᠮᠥᠨ᠂ ᠨᠠᠮ ᠤᠨ ᠤᠯᠤᠰ ᠲᠦᠷᠦ ᠶᠢᠨ ᠰᠠᠬᠢᠯᠭ᠎ᠠ ᠪᠠᠲᠤ ᠶᠢ ᠵᠢᠷᠤᠮᠯᠠᠬᠤ ᠪᠣᠯ ᠨᠠᠮ ᠤᠨ ᠪᠦᠬᠦ ᠰᠠᠬᠢᠯᠭ᠎ᠠ ᠪᠠᠲᠤ ᠶᠢ ᠵᠢᠷᠤᠮᠯᠠᠬᠤ ᠶᠢᠨ ᠰᠠᠭᠤᠷᠢ ᠮᠥᠨ᠃ ᠵᠣᠬᠢᠶᠠᠨ ᠪᠠᠶᠢᠭᠤᠯᠤᠯᠲᠠ ᠨᠢᠭᠲᠠ ᠴᠢᠩᠭ᠎ᠠ ᠪᠠᠶᠢᠬᠤ ᠪᠣᠯ ᠨᠠᠮ ᠤᠨ ᠢᠷᠠᠭᠤ ᠠᠯᠳᠠᠷᠲᠤ ᠤᠯᠠᠮᠵᠢᠯᠠᠯ ᠪᠠ ᠥᠪᠡᠷᠮᠢᠴᠡ ᠳᠠᠪᠠᠭᠤᠯᠢᠭ ᠮᠥᠨ᠂ ᠵᠣᠬᠢᠶᠠᠨ ᠪᠠᠶᠢᠭᠤᠯᠤᠯᠲᠠ ᠶᠢᠨ ᠰᠠᠬᠢᠯᠭ᠎ᠠ ᠪᠠᠲᠤ ᠪᠣᠯ ᠨᠠᠮ ᠤᠨ ᠲᠥᠪᠯᠡᠷᠡᠩᠭᠦᠢ ᠨᠢᠭᠡᠳᠦᠯ ᠢ ᠬᠠᠮᠠᠭᠠᠯᠠᠬᠤ᠂ ᠨᠠᠮ ᠤᠨ ᠲᠠᠶᠢᠴᠢᠨ ᠬᠦᠴᠦᠨ ᠢ ᠪᠠᠲᠤᠯᠠᠬᠤ ᠶᠢᠨ ᠴᠢᠬᠤᠯᠠ ᠪᠠᠲᠤᠯᠠᠭ᠎ᠠ ᠮᠥᠨ᠃ ᠤᠰᠤᠨ ᠠᠰᠢᠭᠯᠠᠯᠲᠠ ᠶᠢᠨ ᠰᠢᠰᠲ᠋ᠧᠮ ᠤᠨ ᠪᠦᠬᠦ ᠨᠠᠮ ᠤᠨ ᠭᠡᠰᠢᠭᠦᠨ ᠺᠠᠳ᠋ᠷ ᠴᠠᠭ ᠢᠮᠠᠭᠲᠠ ᠵᠥᠪ ᠤᠯᠤᠰ ᠲᠦᠷᠦ ᠶᠢᠨ ᠵᠣᠭᠰᠣᠯᠲᠠ ᠪᠠᠨ ᠪᠠᠷᠢᠮᠲᠠᠯᠠᠵᠤ᠂ ᠤᠯᠤᠰ ᠲᠦᠷᠦ ᠶᠢᠨ ᠰᠠᠬᠢᠯᠭ᠎ᠠ ᠪᠠᠲᠤ ᠶᠢᠨ ᠬᠡᠷᠡᠭᠵᠢᠭᠦᠯᠬᠦ ᠬᠦᠴᠦᠨ ᠪᠣᠯᠤᠨ ᠬᠢᠵᠠᠭᠠᠷᠯᠠᠬᠤ ᠬᠦᠴᠦᠨ ᠢᠶᠠᠨ ᠢᠮᠠᠭᠲᠠ ᠴᠢᠩᠭᠠᠳᠬᠠᠵᠤ᠂ ᠤᠯᠤᠰ ᠲᠦᠷᠦ ᠶᠢᠨ ᠰᠠᠬᠢᠯᠭ᠎ᠠ ᠪᠠᠲᠤ ᠶᠢᠨ ᠬᠥᠮᠦᠵᠢᠯ ᠢ ᠦᠷᠭᠦᠯᠵᠢᠯᠡᠨ ᠴᠢᠩᠭᠠᠳᠬᠠᠵᠤ᠂ ᠰᠠᠨᠠᠭᠠᠴᠢᠯᠠᠭ᠎ᠠ ᠠᠴᠠ ᠪᠠᠨ ᠤᠯᠤᠰ ᠲᠦᠷᠦ ᠶᠢᠨ ᠤᠬᠠᠮᠰᠠᠷ ᠢᠶᠠᠨ ᠴᠢᠩᠭᠠᠳᠬᠠᠵᠤ᠂ ᠤᠳᠤᠷᠢᠳᠬᠤ ᠺᠠᠳ᠋ᠷ ᠤᠨ ᠵᠢᠱᠢᠶ᠎ᠡ ᠦᠵᠡᠭᠦᠯᠵᠦ ᠬᠦᠳᠦᠯᠦᠨ ᠳᠠᠭᠠᠭᠤᠯᠬᠤ ᠦᠢᠯᠡᠳᠦᠯ ᠢ ᠭᠦᠢᠴᠡᠳ ᠪᠠᠳᠠᠷᠠᠭᠤᠯᠵᠤ᠂ ᠨᠠᠮ ᠢᠶᠠᠨ ᠬᠠᠶᠢᠷᠠᠯᠠᠵᠤ᠂ ᠨᠠᠮ ᠤᠨ ᠲᠥᠯᠥᠭᠡ ᠦᠭᠡ ᠬᠡᠯᠡᠵᠦ᠂ ᠨᠠᠮ ᠤᠨ ᠲᠥᠯᠥᠭᠡ ᠰᠠᠨᠠᠭᠠᠰᠢᠷᠠᠵᠤ᠂ ᠢᠮᠠᠭᠲᠠ ᠤᠯᠤᠰ ᠲᠦᠷᠦ ᠶᠢᠨ ᠲᠠᠯ᠎ᠠ ᠪᠠᠷ ᠬᠢ ︽ᠮᠡᠷᠭᠡᠨ ᠬᠥᠮᠦᠨ︾ ᠪᠣᠯᠬᠤ ᠬᠡᠷᠡᠭᠲᠡᠢ᠃ ᠵᠣᠬᠢᠶᠠᠨ ᠪᠠᠶᠢᠭᠤᠯᠤᠯᠲᠠ ᠶᠢᠨ ᠦᠵᠡᠯᠲᠡ ᠪᠠᠨ ᠴᠢᠩᠭᠠᠳᠬᠠᠵᠤ᠂ ᠰᠠᠬᠢᠯᠭ᠎ᠠ ᠪᠠᠲᠤ ᠶᠢ ᠴᠢᠩᠭ᠎ᠠ ᠬᠡᠷᠡᠭᠵᠢᠭᠦᠯᠵᠦ᠂ ᠬᠠᠮᠢᠶᠠᠷᠤᠯᠲᠠ ᠬᠢᠨᠠᠯᠲᠠ ᠶᠢ ᠴᠢᠩᠭᠠᠳᠬᠠᠵᠤ᠂ ᠨᠠᠮ ᠤᠨ ᠳᠣᠲᠣᠭᠠᠳᠤ ᠶᠢᠨ ᠠᠷᠠᠳᠴᠢᠯᠠᠯ ᠢ ᠭᠦᠢᠴᠡᠳ ᠪᠠᠳᠠᠷᠠᠭᠤᠯᠵᠤ᠂ ︽ᠲᠦᠷᠪᠡ ᠶᠢ ᠳᠠᠭᠠᠬᠤ︾᠎ ᠶᠢ ᠴᠢᠩᠭ᠎ᠠ ᠨᠠᠶᠢᠳᠠᠪᠤᠷᠢᠵᠢᠭᠤᠯᠵᠤ᠂ ᠨᠠᠮ ᠤᠨ ᠳᠣᠲᠣᠭᠠᠳᠤ ᠶᠢᠨ ᠤᠯᠤᠰ ᠲᠦᠷᠦ ᠶᠢᠨ ᠠᠮᠢᠳᠤᠷᠠᠯ ᠢ ᠴᠢᠩᠳᠠᠯᠠᠬᠤ ᠡᠨᠡ ᠬᠦ ︽ᠴᠢᠬᠤᠯᠠ ᠡᠷᠳᠡᠨᠢ︾᠎ ᠶᠢ ᠠᠳᠬᠤᠵᠤ᠂ ᠬᠢᠨᠠᠨ ᠪᠠᠶᠢᠴᠠᠭᠠᠬᠤ᠂ ᠰᠢᠯᠭᠠᠨ ᠦᠨᠡᠯᠡᠬᠦ ᠲᠣᠭᠲᠠᠴᠠ ᠶᠢ ᠪᠦᠷᠢᠨᠰᠢᠬᠦᠯᠵᠤ᠂ ᠵᠣᠬᠢᠶᠠᠨ ᠪᠠᠶᠢᠭᠤᠯᠤᠯᠲᠠ ᠶᠢᠨ ᠲᠦᠷᠢᠮ ᠤᠨ ᠬᠠᠲᠠᠭᠤ ᠬᠡᠷᠡᠭᠵᠢᠭᠦᠯᠦᠯᠲᠡ ᠶᠢ ᠠᠬᠢᠭᠤᠯᠵᠤ᠂ ᠮᠠᠨ ᠤ ᠨᠠᠮ ᠤᠨ ᠥᠪᠡᠷᠮᠢᠴᠡ ᠵᠣᠬᠢᠶᠠᠨ ᠪᠠᠶᠢᠭᠤᠯᠤᠯᠲᠠ ᠶᠢᠨ ᠳᠠᠪᠠᠭᠤᠯᠢᠭ ᠢ ᠦᠨᠡᠨ ᠬᠦ ᠨᠠᠮ ᠤᠨ ᠭᠡᠰᠢᠭᠦᠨ ᠺᠠᠳ᠋ᠷᠴᠤᠳ ᠤᠨ ᠡᠷᠡᠰ ᠪᠠᠲᠤ ᠵᠣᠬᠢᠶᠠᠨ ᠪᠠᠶᠢᠭᠤᠯᠤᠯᠲᠠ ᠶᠢᠨ ᠦᠵᠡᠯᠲᠡ ᠪᠣᠯᠭᠠᠨ ᠬᠤᠪᠢᠷᠠᠭᠤᠯᠬᠤ ᠬᠡᠷᠡᠭᠲᠡᠢ ᠭᠡᠵᠡᠢ᠃  ᠬᠤᠷᠠᠯ ᠠᠴᠠ ᠱᠠᠭᠠᠷᠳᠠᠭᠰᠠᠨ ᠨᠢ᠂ ᠰᠠᠬᠢᠯᠭ᠎ᠠ ᠪᠠᠲᠤ ᠶᠢᠨ ᠡᠨᠡ ᠬᠦ ᠨᠠᠮ ᠢ ᠬᠠᠮᠢᠶᠠᠷᠴᠤ ᠨᠠᠮ ᠢ ᠵᠠᠰᠠᠬᠤ ︽ᠰᠡᠷᠭᠡᠶᠢᠯᠡᠯᠲᠡ ᠶᠢᠨ ᠱᠤᠭᠤᠮ︾᠎ ᠢ ᠰᠠᠶᠢᠲᠤᠷ ᠬᠡᠷᠡᠭᠯᠡᠵᠦ᠂ ᠨᠠᠮ ᠤᠨ ᠰᠠᠬᠢᠯᠭ᠎ᠠ ᠪᠠᠲᠤ ᠶᠢ ᠨᠥᠬᠦᠴᠡᠯ ᠦᠭᠡᠢ ᠪᠠᠷ ᠵᠢᠷᠤᠮᠯᠠᠬᠤ ᠬᠡᠷᠡᠭᠲᠡᠢ᠃ ᠤᠰᠤᠨ ᠠᠰᠢᠭᠯᠠᠯᠲᠠ ᠶᠢᠨ ᠰᠢᠰᠲ᠋ᠧᠮ ᠤᠨ ᠪᠦᠬᠦ ᠨᠠᠮ ᠤᠨ ᠭᠡᠰᠢᠭᠦᠨ ᠺᠠᠳ᠋ᠷᠴᠤᠳ ︽ᠳᠦᠷᠢᠮ︾᠎ ᠳᠤ ᠵᠠᠰᠠᠪᠤᠷᠢ ᠣᠷᠣᠭᠤᠯᠬᠤ ᠶᠢᠨ ᠴᠢᠬᠤᠯᠠ ᠶᠡᠭᠡ ᠠᠴᠢ ᠬᠤᠯᠪᠣᠭᠳᠠᠯ ᠢ ᠭᠦᠢᠴᠡᠳ ᠲᠠᠨᠢᠵᠤ᠂ ᠰᠤᠷᠤᠯᠴᠠᠯᠭ᠎ᠠ ᠬᠥᠮᠦᠵᠢᠯ ᠢ ᠰᠠᠶᠢᠲᠤᠷ ᠠᠳᠬᠤᠬᠤ ᠬᠠᠷᠢᠭᠤᠴᠠᠯᠭᠠᠲᠤ ᠰᠡᠳᠬᠢᠯᠭᠡ ᠪᠠ ᠡᠭᠦᠷᠭᠡᠲᠦ ᠰᠡᠳᠬᠢᠯᠭᠡ ᠪᠠᠨ ᠴᠢᠩᠭᠠᠳᠬᠠᠵᠤ᠂ ᠰᠠᠬᠢᠯᠭ᠎ᠠ ᠪᠠᠲᠤ ᠶᠢᠨ ᠤᠬᠠᠮᠰᠠᠷ ᠢᠶᠠᠨ ᠤᠯᠠᠮ ᠨᠢᠭᠡ ᠠᠯᠬᠤᠮ ᠴᠢᠩᠭᠠᠳᠬᠠᠵᠤ᠂ ᠥᠪᠡᠷ ᠢ ᠪᠠᠨ ᠬᠢᠵᠠᠭᠠᠷᠯᠠᠬᠤ ᠪᠠᠨ ᠴᠢᠩᠭᠠᠳᠬᠠᠵᠤ᠂ ᠦᠯᠦ ᠬᠠᠯᠳᠠᠭᠠᠬᠤ ᠴᠢᠳᠠᠪᠤᠷᠢ ᠪᠠᠨ ᠳᠡᠭᠡᠭᠰᠢᠯᠡᠭᠦᠯᠬᠦ ᠬᠡᠷᠡᠭᠲᠡᠶ᠃ ᠨᠠᠮ ᠤᠨ ᠤᠯᠤᠰ ᠲᠦᠷᠦ ᠶᠢᠨ ᠰᠠᠬᠢᠯᠭ᠎ᠠ ᠪᠠᠲᠤ ᠶᠢ ᠴᠢᠩᠭ᠎ᠠ ᠰᠠᠬᠢᠵᠤ᠂ ᠨᠠᠮ ᠤᠨ ᠵᠣᠬᠢᠶᠠᠨ ᠪᠠᠶᠢᠭᠤᠯᠤᠯᠲᠠ ᠶᠢᠨ ᠰᠠᠬᠢᠯᠭ᠎ᠠ ᠪᠠᠲᠤ ᠶᠢ ᠴᠢᠩᠳᠠᠯᠠᠵᠤ᠂ ︽ᠲᠦᠷᠢᠮ︾ ᠪᠣᠯ ᠨᠠᠮ ᠢ ᠬᠠᠮᠢᠶᠠᠷᠴᠤ ᠨᠠᠮ ᠢ ᠵᠠᠰᠠᠬᠤ ᠶᠢᠨ ᠪᠣᠳᠠᠲᠤ ᠬᠡᠷᠡᠭᠴᠡᠭᠡ ᠮᠥᠨ᠂ ︽ᠲᠦᠷᠢᠮ︾᠎ ᠤᠨ ᠠᠭᠤᠯᠭ᠎ᠠ ᠶᠢ ᠦᠷᠭᠦᠯᠵᠢᠯᠡᠨ ᠨᠠᠷᠢᠨ ᠬᠢᠨᠠᠮᠠᠭᠠᠢ ᠰᠤᠷᠤᠯᠴᠠᠵᠤ᠂ ᠤᠬᠠᠮᠰᠠᠷ ᠠᠴᠠ ᠪᠠᠨ ᠰᠠᠬᠢᠯᠭ᠎ᠠ ᠪᠠᠲᠤ ᠶᠢ ᠰᠤᠷᠤᠯᠴᠠᠬᠤ᠂ ᠰᠠᠬᠢᠯᠭ᠎ᠠ ᠪᠠᠲᠤ ᠶᠢ ᠮᠡᠳᠡᠬᠦ᠂ ᠰᠠᠬᠢᠯᠭ᠎ᠠ ᠪᠠᠲᠤ ᠶᠢ ᠣᠶᠢᠯᠠᠭᠠᠬᠤ᠂ ᠰᠠᠬᠢᠯᠭ᠎ᠠ ᠪᠠᠲᠤ ᠶᠢ ᠰᠠᠬᠢᠬᠤ ᠶᠢ ᠪᠡᠶᠡᠯᠡᠭᠦᠯᠵᠦ᠂ ᠰᠠᠬᠢᠯᠭ᠎ᠠ ᠪᠠᠲᠤ ᠶᠢᠨ ᠬᠤᠷᠢᠭ᠎ᠠ ᠱᠤᠭᠤᠮ ᠪᠠ ᠰᠠᠬᠢᠯᠭ᠎ᠠ ᠪᠠᠲᠤ ᠶᠢᠨ ᠤᠬᠠᠮᠰᠠᠷ ᠢ ᠰᠡᠳᠬᠢᠯ ᠳᠡᠭᠡᠨ ᠰᠢᠩᠭᠡᠭᠡᠵᠦ᠂ ᠦᠢᠯᠡ ᠠᠵᠢᠯᠯᠠᠭ᠎ᠠ ᠳᠠᠭᠠᠨ ᠢᠯᠡᠷᠡᠭᠦᠯᠬᠦ ᠬᠡᠷᠡᠭᠲᠡᠢ᠃ ᠨᠣᠮᠣᠬᠠᠨ ᠰᠢᠳᠤᠷᠭᠤ ᠪᠠᠷ ᠬᠥᠮᠦᠨ ᠪᠤᠯᠵᠤ᠂ ᠯᠠᠪᠳᠠᠭᠤᠨ ᠪᠠᠲᠤᠲᠠᠢ ᠪᠠᠷ ᠠᠵᠢᠯᠯᠠᠵᠤ᠂ ᠠᠷᠢᠭᠤᠨ ᠴᠢᠬᠡᠴᠢ ᠨᠣᠶᠠᠨ ᠰᠠᠭᠤᠵᠤ᠂ ᠳᠠᠷᠤᠤ ᠬᠢᠴᠢᠶᠡᠩᠭᠦᠢ ᠪᠠᠶᠢᠵᠤ᠂ ᠪᠤᠰᠤᠳᠴᠢ ᠲᠥᠪ ᠭᠤᠣᠯᠴᠢ ᠪᠠᠶᠢᠵᠤ᠂ ᠰᠤᠷᠤᠯᠴᠠᠨ ᠪᠣᠳᠣᠯᠬᠢᠯᠠᠬᠤ ᠪᠠᠨ ᠴᠢᠩᠭᠠᠳᠬᠠᠵᠤ᠂ ᠠᠵᠢᠯ ᠤᠨ ᠪᠠᠶᠢᠷᠢ ᠶᠢᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠵᠦ᠂ ᠦᠰᠦᠨ ᠪᠤᠶᠢᠵᠢᠬᠤ ᠰᠡᠳᠬᠢᠬᠦᠢ ᠪᠠᠨ ᠪᠤᠶᠢᠵᠢᠭᠤᠯᠵᠤ᠂ ᠰᠠᠬᠢᠯᠭ᠎ᠠ ᠪᠠᠲᠤ ᠶᠢᠨ ᠬᠤᠷᠢᠭ᠎ᠠ ᠱᠤᠭᠤᠮ ᠢ ᠪᠠᠲᠤ ᠰᠠᠬᠢᠵᠤ᠂ ᠤᠶᠤᠨ ᠰᠠᠨᠠᠭᠠᠨ ᠤ ᠨᠢᠷᠤᠭᠤ ᠲᠤᠯᠭᠠᠭᠤᠷᠢ ᠶᠢ ᠴᠣᠭᠴᠠᠯᠠᠵᠤ᠂ ᠵᠠᠰᠠᠭ ᠶᠠᠪᠤᠭᠤᠯᠬᠤ ᠶᠢ ᠴᠢᠩᠭ᠎ᠠ ᠵᠢᠷᠤᠮᠵᠢᠭᠤᠯᠵᠤ᠂ ᠤᠰᠤᠨ ᠠᠰᠢᠭᠯᠠᠯᠲᠠ ᠶᠢᠨ ᠰᠢᠰᠲ᠋ᠧᠮ ᠤᠨ ᠰᠤᠷᠲᠠᠯ ᠴᠢᠬᠡᠴᠢ ᠣᠪᠣᠷ ᠲᠥᠪ ᠪᠠᠶᠢᠬᠤ ᠠᠵᠢᠯ ᠬᠢᠵᠦ ᠦᠢᠯᠡᠰ ᠪᠤᠰᠬᠠᠬᠤ ᠣᠷᠴᠢᠨ ᠲᠣᠭᠤᠷᠢᠨ ᠢ ᠦᠨᠡᠨ ᠬᠦ ᠪᠤᠢ ᠪᠣᠯᠭᠠᠬᠤ ᠬᠡᠷᠡᠭᠲᠡᠢ ᠭᠡᠵᠡᠢ᠃  ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠣᠨᠣᠯ ᠰᠤᠷᠤᠯᠴᠠᠬᠤ ᠭᠤᠣᠯ ᠳᠤᠭᠤᠶᠢᠯᠠᠩ ︵ᠥᠷᠭᠡᠳᠬᠡᠭᠰᠡᠨ︶᠎ ᠤᠨ ᠪᠦᠷᠢᠯᠳᠦᠬᠦᠨ᠂ ᠬᠡᠰᠡᠭ ᠲᠢᠩᠬᠢᠮ ᠤᠨ ᠬᠠᠷᠢᠶ᠎ᠠ ᠨᠢᠭᠡᠴᠢ ᠶᠢᠨ ᠤᠳᠤᠷᠢᠳᠬᠤ ᠪᠠᠭ ᠤᠨ ᠪᠦᠷᠢᠯᠳᠦᠬᠦᠨ ᠬᠤᠷᠠᠯ ᠳᠤ ᠣᠷᠣᠯᠴᠠᠪᠠ᠃ 
 
ᠢᠷᠡᠯᠲᠡ᠄ ᠦᠪᠤᠷ ᠮᠣᠩᠭᠤᠯ ᠤᠨ ᠦᠪᠡᠷᠳᠡᠭᠡᠨ ᠵᠠᠰᠠᠬᠤ ᠣᠷᠣᠨ ᠤ ᠣᠰᠣᠨ ᠠᠰᠢᠠᠠᠯᠠᠯᠳᠡ ᠶᠢᠨ ᠳᠢᠩᠬᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号