ᠥᠪᠥᠷ ᠮᠣᠩᠭᠤᠯ ᠤᠨ ᠤᠰᠤᠨ ᠠᠰᠢᠭᠯᠠᠯᠲᠠ ᠶᠢᠨ ᠲᠢᠩᠬᠢᠮ ᠨᠠᠮ ᠤᠨ ᠠᠵᠢᠯ ᠤᠨ ᠺᠠᠳ᠋ᠷ ᠤᠨ ᠴᠢᠳᠠᠪᠤᠷᠢ ᠬᠡᠪ ᠴᠢᠨᠠᠷ ᠢ ᠳᠡᠭᠡᠭᠰᠢᠯᠡᠭᠦᠯᠵᠦ ᠪᠠᠲᠤ ᠴᠢᠩᠭ᠎ᠠ ᠪᠠᠬᠢᠯᠡᠯᠲᠡ ᠶᠢᠨ ︽ᠵᠢᠱᠢᠶᠡᠴᠢ︾ ᠶᠢᠨ ᠨᠠᠮ ᠤᠨ ᠡᠭᠦᠷ ᠢ ᠡᠭᠦᠳᠦᠨ ᠪᠠᠶᠢᠭᠤᠯᠬᠤ ᠠᠵᠢᠯ ᠤᠨ ᠪᠣᠯᠪᠠᠰᠤᠷᠠᠯ ᠶᠢ ᠵᠤᠬᠢᠶᠠᠨ ᠪᠠᠶᠢᠭᠤᠯᠪᠠ
ᠨᠡᠶᠢᠲᠡᠯᠡᠭᠰᠡᠨ ᠴᠠᠭ᠄
2024/5/14
  5 ᠳ᠋ᠤᠭᠠᠷ ᠰᠠᠷ᠎ᠠ ᠶᠢᠨ 11 ᠤ ᠡᠳᠦᠷ᠂ ᠥᠪᠥᠷ ᠮᠣᠩᠭᠤᠯ ᠤᠨ ᠤᠰᠤᠨ ᠠᠰᠢᠭᠯᠠᠯᠲᠠ ᠶᠢᠨ ᠲᠢᠩᠬᠢᠮ ᠨᠠᠮ ᠤᠨ ᠠᠵᠢᠯ ᠤᠨ ᠺᠠᠳ᠋ᠷ ᠤᠨ ᠴᠢᠳᠠᠪᠤᠷᠢ ᠬᠡᠪ ᠴᠢᠨᠠᠷ ᠢ ᠳᠡᠭᠡᠭᠰᠢᠯᠡᠭᠦᠯᠬᠦ ᠵᠢᠴᠢ ᠪᠠᠲᠤ ᠴᠢᠩᠭ᠎ᠠ ᠪᠠᠬᠢᠯᠡᠯᠲᠡ ᠶᠢᠨ ︽ᠵᠢᠱᠢᠶᠡᠴᠢ︾ ᠶᠢᠨ ᠨᠠᠮ ᠤᠨ ᠡᠭᠦᠷ ᠢ ᠡᠭᠦᠳᠦᠨ ᠪᠠᠶᠢᠭᠤᠯᠬᠤ ᠠᠵᠢᠯ ᠤᠨ ᠪᠣᠯᠪᠠᠰᠤᠷᠠᠯ ᠢ ᠵᠣᠬᠢᠶᠠᠨ ᠪᠠᠶᠢᠭᠤᠯᠵᠤ᠂ ᠨᠠᠮ ᠤᠨ ᠡᠭᠦᠷ ᠤᠨ ᠪᠠᠷᠢᠮᠵᠢᠶᠠᠵᠢᠭᠤᠯᠤᠯᠲᠠ ᠵᠢᠷᠤᠮᠵᠢᠭᠤᠯᠤᠯᠲᠠ ᠶᠢᠨ ᠪᠠᠶᠢᠭᠤᠯᠤᠯᠲᠠ ᠶᠢᠨ ᠦᠷ᠎ᠡ ᠪᠦᠲᠦᠭᠡᠯ ᠢ ᠦᠷᠭᠦᠯᠵᠢᠯᠡᠨ ᠪᠠᠬᠢᠵᠢᠭᠦᠯᠵᠦ᠂ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢᠨ ᠨᠠᠷᠠᠲᠤ ᠲᠡᠮᠳᠡᠭᠲᠦ ᠶᠢ ᠪᠣᠶ ᠪᠣᠯᠭᠠᠬᠤ᠂ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠬᠦ᠂ ︽ᠤᠮᠠᠷᠠᠲᠤ ᠬᠢᠯᠢ ᠶᠢᠨ ᠵᠢᠱᠢᠶᠡᠴᠢ ᠪᠠᠶᠢᠭᠤᠯᠭ᠎ᠠ︾ ᠶᠢ ᠡᠭᠦᠳᠦᠨ ᠪᠠᠶᠢᠭᠤᠯᠬᠤ ᠶᠢ ᠠᠬᠢᠭᠤᠯᠬᠤ ᠳᠤ ᠰᠠᠭᠤᠷᠢ ᠶᠢ ᠪᠠᠬᠢᠵᠢᠭᠦᠯᠪᠡ᠃  ᠪᠣᠯᠪᠠᠰᠤᠷᠠᠯ ᠨᠢ ᠶᠡᠷᠦᠩᠬᠡᠶ ᠱᠦᠵᠢ ᠰᠢ ᠶᠢᠨ ᠫᠢᠩ ᠤᠨ ᠲᠥᠪ ᠬᠤᠷᠢᠶ᠎ᠠ ᠪᠠ ᠲᠥᠷᠥ ᠶᠢᠨ ᠪᠠᠶᠢᠭᠤᠯᠭ᠎ᠠ ᠶᠢᠨ ᠨᠠᠮ ᠤᠨ ᠪᠠᠶᠢᠭᠤᠯᠤᠯᠲᠠ ᠶᠢᠨ ᠠᠵᠢᠯ ᠤᠨ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ᠂ ᠨᠠᠮ ᠤᠨ ᠲᠥᠪ ᠬᠤᠷᠢᠶ᠎ᠠ ᠪᠠ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢᠨ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠭᠦᠨᠵᠡᠭᠡᠶ ᠲᠤᠭᠤᠰᠢᠯᠠᠭᠤᠯᠵᠤ᠂ ᠭᠤᠤᠯᠳᠠᠯᠭ᠎ᠠ ᠲᠠᠢ ᠡᠭᠦᠷᠭᠡ᠂ ᠵᠠᠩᠭᠢᠯᠠᠭ᠎ᠠ ᠶᠢᠨ ᠭᠤᠭᠴᠤᠭ᠎ᠠ᠂ ᠨᠡᠶᠢᠳᠡᠮ ᠠᠩᠬᠠᠷᠴᠤ᠂ ᠪᠠᠴᠢᠮ ᠰᠢᠢᠳᠪᠦᠷᠢᠯᠡᠬᠦ ᠲᠣᠪᠤᠶᠢᠮ᠎ᠠ ᠠᠰᠠᠭᠤᠳᠠᠯ ᠢ ᠴᠢᠩᠭ᠎ᠠ ᠠᠩᠬᠠᠷᠴᠤ᠂ ︽ᠨᠢᠭᠡ ᠤᠳᠠᠭ᠎ᠠ ᠳᠤ ᠨᠢᠭᠡ ᠭᠤᠤᠯ ᠰᠡᠳᠦᠪ᠂ ᠵᠠᠷᠢᠮ ᠠᠰᠠᠭᠤᠳᠠᠯ ᠢ ᠰᠢᠢᠳᠪᠦᠷᠢᠯᠡᠵᠦ᠂ ᠵᠣᠬᠢᠬᠤ ᠬᠢᠷᠢ ᠲᠦᠪᠰᠢᠨ ᠢ ᠳᠡᠭᠡᠭᠰᠢᠯᠡᠭᠦᠯᠬᠦ︾ ᠰᠡᠳᠬᠢᠮᠵᠢ ᠶᠣᠰᠣᠭᠠᠷ᠂ ︽ᠵᠠᠩᠭᠢᠯᠠᠭ᠎ᠠ ᠶᠢᠨ ᠬᠥᠮᠦᠨ᠂ ᠪᠠᠭ᠎ᠠ ᠠᠩᠭᠢ ᠳᠤᠭᠤᠶᠢᠯᠠᠩ᠂ ᠣᠯᠠᠨ ᠪᠦᠯᠦᠭ ᠤᠳᠠᠭ᠎ᠠ᠂ ᠲᠦᠷᠭᠡᠨ ᠠᠬᠢᠴᠠ︾ ᠠᠷᠭ᠎ᠠ ᠬᠡᠮᠵᠢᠶ᠎ᠡ ᠠᠪᠴᠤ᠂ ᠪᠠᠷᠢᠮᠵᠢᠶ᠎ᠠ ᠶᠢᠨ ᠱᠠᠭᠠᠷᠳᠠᠯᠭ᠎ᠠ ᠶᠢ ᠲᠣᠳᠣᠷᠬᠠᠶᠢᠯᠠᠬᠤ᠂ ᠨᠢᠭᠡᠳᠦᠯᠲᠡᠶ ᠪᠣᠳᠠᠲᠠᠶ ᠬᠢᠬᠦ ᠠᠷᠭ᠎ᠠ᠂ ᠬᠠᠷᠠᠯᠲᠠ ᠦᠷ᠎ᠡ ᠪᠦᠲᠦᠮᠵᠢ ᠶᠢ ᠪᠡᠶᠡᠯᠡᠭᠦᠯᠬᠦ ᠵᠣᠷᠢᠯᠭ᠎ᠠ ᠳᠤ ᠬᠦᠷᠴᠦ᠂ ᠴᠢᠩᠭ᠎ᠠ ᠠᠳᠬᠤᠨ ᠲᠦᠷᠭᠡᠨ ᠭᠦᠢᠴᠡᠳᠭᠡᠬᠦ᠂ ᠪᠣᠳᠠᠲᠤ ᠦᠷ᠎ᠡ ᠪᠦᠲᠦᠮᠵᠢ ᠶᠢ ᠡᠷᠬᠢᠮᠯᠡᠬᠦ ᠰᠡᠳᠬᠢᠴᠡ᠂ ᠵᠢᠭᠠᠬᠤ ᠠᠷᠭ᠎ᠠ ᠶᠢ ᠵᠢᠭᠠᠵᠤ ᠥᠭᠪᠡ᠃  ᠪᠣᠯᠪᠠᠰᠤᠷᠠᠯ ᠤᠨ ᠠᠩᠭᠢ ᠪᠠᠰᠠ ᠤᠰᠤ ᠭᠠᠩ ᠤᠨ ᠭᠠᠮᠰᠢᠭ ᠢ ᠰᠡᠷᠭᠡᠶᠢᠯᠡᠬᠦ ᠮᠡᠷᠭᠡᠵᠢᠯ ᠤᠨ ᠲᠥᠪ ᠤᠨ ᠮᠡᠷᠭᠡᠵᠢᠯᠲᠡᠨ ᠢ ᠤᠷᠢᠵᠤ᠂ ᠤᠰᠤᠨ ᠠᠰᠢᠭᠯᠠᠯᠲᠠ ᠶᠢᠨ ᠲᠢᠩᠬᠢᠮ ᠤᠨ ᠪᠠᠲᠤ ᠪᠠᠬᠢ ︽ᠵᠢᠱᠢᠶᠡᠴᠢ︾ ᠶᠢᠨ ᠨᠠᠮ ᠤᠨ ᠡᠭᠦᠷ ᠤᠨ ︽ᠢᠯᠡ ᠲᠣᠳᠣ ᠠᠳᠠᠯᠢᠳᠬᠠᠬᠤ︾ ᠲᠠᠪᠴᠠᠩ ᠤᠨ ᠠᠵᠢᠯᠯᠠᠭᠠᠨ ᠤ ᠶᠠᠪᠤᠴᠠ ᠶᠢ ᠲᠤᠰᠬᠠᠶ ᠰᠡᠳᠦᠪ ᠢᠶᠠᠷ ᠬᠠᠪᠰᠤᠷᠤᠨ ᠵᠢᠯᠣᠭᠤᠳᠪᠠ᠃ ᠡᠯ᠎ᠡ ᠨᠠᠮ ᠤᠨ ᠡᠭᠦᠷ ᠡᠷᠡᠰ ᠴᠢᠩᠭ᠎ᠠ ᠪᠠᠬᠢᠯᠡᠯᠲᠡ ᠶᠢᠨ ︽ᠵᠢᠱᠢᠶᠡᠴᠢ︾ ᠶᠢᠨ ᠨᠠᠮ ᠤᠨ ᠡᠭᠦᠷ ᠢ ᠡᠭᠦᠳᠦᠨ ᠪᠠᠶᠢᠭᠤᠯᠬᠤ ᠶᠢ ᠣᠨ ᠤ ᠭᠤᠣᠯᠳᠠᠯᠭ᠎ᠠ ᠲᠠᠢ ᠠᠵᠢᠯ ᠤᠨ ᠡᠭᠦᠷᠭᠡ ᠪᠣᠯᠭᠠᠨ ᠡᠳᠦᠷ ᠳᠤᠳᠤᠮ ᠤᠨ ᠠᠵᠢᠯ ᠳᠤ ᠠᠭᠤᠰᠤᠯᠴᠠᠭᠤᠯᠵᠤ᠂ ᠪᠠᠶᠢᠩᠭᠤ ᠠᠳᠬᠤᠵᠤ᠂ ᠨᠠᠶᠢᠳᠠᠪᠤᠷᠢᠵᠢᠭᠤᠯᠤᠯᠲᠠ ᠶᠢ ᠠᠬᠢᠭᠤᠯᠵᠤ᠂ ︽ᠢᠯᠡ ᠲᠣᠳᠣ ᠠᠳᠠᠯᠢᠳᠬᠠᠬᠤ︾ ᠲᠠᠪᠴᠠᠩ ᠤᠨ ᠵᠢᠵᠢᠭ ᠲᠡᠰ ᠳᠠᠷᠠᠭᠠᠯᠠᠯ ᠢ ᠰᠠᠶᠢᠲᠤᠷ ᠠᠮᠢᠳᠤᠯᠢᠭ ᠢᠶᠠᠷ ᠬᠡᠷᠡᠭᠯᠡᠵᠦ᠂ ᠡᠳᠦᠷ ᠳᠤᠳᠤᠮ ᠤᠨ ᠮᠠᠲ᠋ᠧᠷᠢᠶᠠᠯ ᠢ ᠡᠮᠬᠢᠯᠡᠬᠦ᠂ ᠮᠠᠲ᠋ᠧᠷᠢᠶᠠᠯ ᠢ ᠳᠠᠩᠰᠠ ᠡᠪᠬᠡᠮᠡᠯ ᠳᠤ ᠣᠷᠣᠭᠤᠯᠬᠤ ᠠᠵᠢᠯ ᠤᠨ ᠬᠦᠴᠦᠯᠡᠴᠡ ᠪᠠ ᠬᠦᠴᠢᠷᠳᠡᠯ ᠵᠢᠴᠢ ᠶᠠᠷᠰᠢᠭ ᠲᠦᠪᠡᠭᠲᠡᠢ ᠬᠡᠮᠵᠢᠶ᠎ᠡ ᠶᠢ ᠪᠠᠭᠤᠷᠠᠭᠤᠯᠵᠤ᠂ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢᠨ ᠠᠵᠢᠯ ᠤᠨ ᠳᠠᠷᠤᠭᠠᠰᠤ ᠶᠢ ᠬᠥᠩᠭᠡᠯᠡᠵᠦ ᠳᠠᠷᠤᠯᠲᠠ ᠶᠢ ᠪᠠᠭᠠᠰᠬᠠᠬᠤ ᠲᠡᠰ ᠳᠠᠷᠠᠭᠠᠯᠠᠯ ᠢ ᠦᠨᠡᠨᠬᠦ ᠪᠡᠶᠡᠯᠡᠭᠦᠯᠵᠦ᠂ ᠪᠠᠶᠢᠭᠤᠯᠭ᠎ᠠ ᠶᠢᠨ ︽ᠵᠢᠷᠤᠮᠵᠢᠭᠤᠯᠬᠤ᠂ ᠴᠤᠮᠬᠠᠳᠬᠠᠬᠤ᠂ ᠲᠦᠷᠭᠡᠳᠬᠡᠬᠦ︾ ᠴᠢᠳᠠᠪᠤᠷᠢ ᠶᠢ ᠳᠡᠭᠡᠭᠰᠢᠯᠡᠭᠦᠯᠵᠦ᠂ ︽ᠭᠤᠷᠪᠠᠨ ᠤᠯᠠᠨ᠂ ᠭᠤᠷᠪᠠᠨ ᠴᠦᠬᠡᠨ᠂ ᠭᠤᠷᠪᠠᠨ ᠤᠳᠠᠭᠠᠨ︾ ᠪᠠ ︽ᠤᠳᠠᠭᠠᠨ᠂ ᠪᠦᠳᠦᠭᠦᠯᠢᠭ᠂ ᠬᠡᠶᠢᠰᠪᠦᠷᠢ︾ ᠪᠠᠶᠢᠬᠤ ᠠᠰᠠᠭᠤᠳᠠᠯ ᠢ ᠦᠷᠭᠦᠯᠵᠢᠯᠡᠨ ᠰᠢᠢᠳᠪᠦᠷᠢᠯᠡᠬᠦ ᠬᠡᠷᠡᠭᠲᠡᠢ ᠭᠡᠵᠦ ᠱᠠᠭᠠᠷᠳᠠᠪᠠ᠃  ᠪᠣᠯᠪᠠᠰᠤᠷᠠᠯ ᠤᠨ ᠲᠠᠯ᠎ᠠ ᠪᠠᠷ ᠪᠠᠰᠠ ᠡᠯ᠎ᠡ ᠨᠠᠮ ᠤᠨ ᠡᠭᠦᠷ ᠤᠨ ᠤᠰᠤᠨ ᠠᠰᠢᠭᠯᠠᠯᠲᠠ ᠶᠢᠨ ᠭᠤᠣᠯ ᠠᠵᠢᠯ ᠲᠠᠢ ᠤᠶᠠᠯᠳᠤᠭᠤᠯᠤᠨ ᠨᠠᠮ ᠤᠨ ᠪᠠᠶᠢᠭᠤᠯᠤᠯᠲᠠ ᠶᠢᠨ ᠲᠦᠷᠦᠯ ᠲᠡᠮᠳᠡᠭ ᠢ ᠡᠭᠦᠳᠦᠨ ᠪᠠᠶᠢᠭᠤᠯᠬᠤ ᠪᠣᠳᠠᠲᠠᠢ ᠡᠭᠦᠷᠭᠡ ᠶᠢ ᠨᠠᠷᠢᠯᠢᠬᠵᠢᠭᠤᠯᠵᠤ᠂ ᠨᠠᠮ ᠤᠨ ᠪᠠᠶᠢᠭᠤᠯᠤᠯᠲᠠ ᠪᠣᠯᠤᠨ ᠲᠤᠬᠠᠶᠢᠯᠠᠭᠰᠠᠨ ᠠᠵᠢᠯ ᠤᠨ ᠭᠦᠨᠵᠡᠭᠡᠢ ᠠᠭᠤᠰᠤᠯᠴᠠᠯ ᠢ ᠤᠯᠠᠮ ᠴᠢᠨᠠᠭᠰᠢᠳᠠ ᠪᠡᠶᠡᠯᠡᠭᠦᠯᠵᠦ᠂ ᠬᠠᠷᠢᠯᠴᠠᠨ ᠠᠬᠢᠭᠤᠯᠵᠤ ᠬᠥᠭᠵᠢᠯᠲᠡ ᠶᠢ ᠠᠬᠢᠭᠤᠯᠬᠤ ᠶᠢᠨ ᠲᠥᠯᠥᠭᠡ᠂ ᠪᠠᠲᠤ ᠴᠢᠩᠭ᠎ᠠ ᠪᠠᠬᠢᠯᠡᠯᠲᠡ ᠶᠢᠨ ︽ᠵᠢᠱᠢᠶᠡᠴᠢ︾ ᠶᠢᠨ ᠨᠠᠮ ᠤᠨ ᠡᠭᠦᠷ ᠢ ᠪᠦᠬᠦ ᠬᠦᠴᠦᠨ ᠢᠶᠠᠷ ᠢᠶᠠᠨ ᠴᠣᠭᠴᠠᠯᠠᠵᠤ᠂ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠪᠦᠲᠦᠭᠡᠨ ᠪᠠᠶᠢᠭᠤᠯᠬᠤ ᠪᠦᠬᠦ ᠲᠠᠯ᠎ᠠ ᠪᠠᠷ ᠲᠠᠪᠰᠢᠬᠤ ᠶᠢ ᠠᠬᠢᠭᠤᠯᠬᠤ ᠰᠠᠭᠤᠷᠢ ᠶᠢ ᠪᠠᠲᠤᠳᠬᠠᠪᠠ᠃  ᠪᠣᠯᠪᠠᠰᠤᠷᠠᠯ ᠢ ᠤᠰᠤᠨ ᠠᠰᠢᠭᠯᠠᠯᠲᠠ ᠶᠢᠨ ᠲᠢᠩᠬᠢᠮ ᠤᠨ ᠪᠠᠶᠢᠭᠤᠯᠭ᠎ᠠ ᠶᠢᠨ ᠨᠠᠮ ᠤᠨ ᠬᠤᠷᠢᠶ᠎ᠠ ᠠᠴᠠ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠲᠢᠩᠬᠢᠮ ᠤᠨ ᠬᠠᠷᠢᠶ᠎ᠠ ᠡᠯ᠎ᠡ ᠦᠨᠳᠦᠰᠦᠨ ᠱᠠᠲᠤᠨ ᠤ ᠨᠠᠮ ᠤᠨ ᠬᠤᠷᠢᠶ᠎ᠠ᠂ ᠨᠠᠮ ᠤᠨ ᠶᠡᠷᠦᠩᠬᠡᠶ ᠡᠭᠦᠷ᠂ ᠨᠠᠮ ᠤᠨ ᠡᠭᠦᠷ ᠨᠡᠶᠢᠲᠡ 60 ᠭᠠᠷᠤᠶ ᠨᠠᠮ ᠤᠨ ᠠᠵᠢᠯ ᠤᠨ ᠠᠵᠢᠯᠲᠠᠨ ᠣᠷᠣᠯᠴᠠᠵᠠᠶ᠃    ︵ᠡᠬᠡ ᠪᠢᠴᠢᠭ ᠢ ᠲᠢᠩᠬᠢᠮ ᠤᠨ ᠪᠠᠶᠢᠭᠤᠯᠭ᠎ᠠ ᠶᠢᠨ ᠨᠠᠮ ᠤᠨ ᠬᠤᠷᠢᠶ᠎ᠠ ᠠᠴᠠ ᠬᠠᠩᠭᠠᠪᠠ︶ 
 
ᠢᠷᠡᠯᠲᠡ᠄ ᠦᠪᠤᠷ ᠮᠣᠩᠭᠤᠯ ᠤᠨ ᠦᠪᠡᠷᠳᠡᠭᠡᠨ ᠵᠠᠰᠠᠬᠤ ᠣᠷᠣᠨ ᠤ ᠣᠰᠣᠨ ᠠᠰᠢᠠᠠᠯᠠᠯᠳᠡ ᠶᠢᠨ ᠳᠢᠩᠬᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号