︽ᠡᠷᠬᠡ ᠲᠡᠭᠰᠢ᠂ ᠲᠥᠪ ᠭᠤᠣᠯᠴᠢ᠂ ᠢᠯᠡ ᠨᠡᠶᠢᠲᠡᠯᠡᠬᠦ︾ ᠵᠠᠷᠴᠢᠮ ᠶᠣᠰᠣᠭᠠᠷ᠂ ᠮᠠᠨ ᠤ ᠲᠥᠪ ᠣᠲᠣ | ᠢᠯᠡ ᠪᠠᠷ ᠳᠠᠭᠠᠭᠠᠴᠢᠯᠠᠯᠲᠠ ᠵᠠᠷᠯᠠᠬᠤ ᠶᠢ ᠣᠷᠣᠯᠠᠬᠤ ᠪᠠᠶᠢᠭᠤᠯᠤᠮᠵᠢ ᠶᠢ ᠰᠣᠩᠭᠤᠬᠤ ᠪᠠᠷ ᠳᠠᠮᠵᠢᠭᠤᠯᠤᠨ ︽ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠭᠤᠯᠠᠨ ᠦᠶᠡᠷ ᠤᠨ ᠭᠠᠮᠰᠢᠭ ᠢ ᠬᠢᠨᠠᠨ ᠬᠡᠮᠵᠢᠵᠦ ᠤᠷᠢᠳᠴᠢᠯᠠᠨ | ᠰᠡᠷᠡᠮᠵᠢᠯᠡᠭᠦᠯᠬᠦ ᠲᠠᠪᠴᠠᠩ ᠤᠨ ︿ᠳᠥᠷᠪᠡ ᠶᠢ ᠤᠷᠢᠳᠴᠢᠯᠠᠬᠤ﹀ ᠴᠢᠳᠠᠪᠤᠷᠢ ᠶᠢ ᠳᠡᠭᠡᠭᠰᠢᠯᠡᠭᠦᠯᠬᠦ ᠲᠥᠷᠥᠯ ᠵᠦᠢᠯ︾ | ᠢ ᠥᠷᠨᠢᠭᠦᠯᠬᠦ ᠪᠠᠷ ᠲᠠᠮᠵᠢᠨ᠂ ᠡᠳᠦᠭᠡ ᠬᠤᠯᠪᠣᠭᠳᠠᠯ ᠪᠥᠬᠦᠶ ᠵᠦᠢᠯᠡᠰ ᠢ ᠳᠣᠤᠷᠠᠬᠢ ᠮᠡᠲᠦ ᠵᠠᠷᠯᠠᠶ᠎ᠠ᠄ | ᠨᠢᠭᠡ᠂ ᠲᠦᠷᠦᠯ ᠵᠦᠢᠯ ᠤᠨ ᠲᠦᠢᠮᠦ ᠪᠠᠶᠢᠳᠠᠯ | 1. ᠲᠥᠷᠥᠯ ᠵᠦᠢᠯ ᠤᠨ ᠨᠡᠷᠡᠶᠢᠳᠦᠯ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠭᠤᠯᠠᠨ | ᠦᠶᠡᠷ ᠤᠨ ᠭᠠᠮᠰᠢᠭ ᠢ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠲᠠᠪᠴᠠᠩ ᠤᠨ ︽ᠳᠥᠷᠪᠡ ᠶᠢ | ᠤᠷᠢᠳᠴᠢᠯᠠᠬᠤ︾ ᠴᠢᠳᠠᠪᠤᠷᠢ ᠶᠢ ᠳᠡᠭᠡᠭᠰᠢᠯᠡᠭᠦᠯᠬᠦ ᠲᠥᠷᠥᠯ ᠵᠦᠢᠯ᠃ | 2. ᠬᠡᠷᠡᠭᠵᠢᠭᠦᠯᠬᠦ ᠴᠠᠭ ᠬᠤᠭᠤᠴᠠᠭ᠎ᠠ ᠪᠠ ᠭᠠᠵᠠᠷ ᠣᠷᠣᠨ᠄ 2024 ᠣᠨ᠂ ᠬᠥᠬᠡᠬᠤᠲᠠ᠂ ᠥᠪᠡᠷᠲᠡᠭᠡᠨ | ᠵᠠᠰᠠᠬᠤ ᠣᠷᠣᠨ ᠤ ᠤᠰᠤ ᠭᠠᠩ ᠤᠨ ᠭᠠᠮᠰᠢᠭ ᠢ ᠰᠡᠷᠭᠡᠶᠢᠯᠡᠬᠦ ᠮᠡᠷᠭᠡᠵᠢᠯ ᠤᠨ ᠲᠥᠪ᠃ | 3. ᠳᠠᠭᠠᠭᠠᠴᠢᠯᠠᠯᠲᠠ ᠵᠠᠷᠯᠠᠬᠤ ᠶᠢ ᠣᠷᠣᠯᠠᠬᠤ ᠠᠭᠤᠯᠭ᠎ᠠ᠄ ᠳᠠᠭᠠᠭᠠᠴᠢᠯᠠᠯᠲᠠ ᠵᠠᠷᠯᠠᠬᠤ ᠣᠷᠣᠯᠠᠬᠤ | ᠠᠵᠢᠯᠯᠠᠭ᠎ᠠ ᠶᠢ ᠵᠣᠬᠢᠶᠠᠨ ᠪᠠᠶᠢᠭᠤᠯᠤᠨ᠎ᠠ᠂ ᠡᠭᠦᠨ ᠳᠤ ᠳᠠᠭᠠᠭᠠᠴᠢᠯᠠᠯᠲᠠ ᠵᠠᠷᠯᠠᠬᠤ ᠪᠢᠴᠢᠭ ᠮᠠᠲ᠋ᠧᠷᠢᠶᠠᠯ ᠲᠣᠭᠲᠠᠭᠠᠬᠤ᠂ | ᠠᠯᠪᠠᠨ ᠵᠠᠷ ᠨᠡᠶᠢᠲᠡᠯᠡᠬᠦ᠂ ᠲᠥᠷᠥᠯ ᠵᠦᠢᠯ ᠢ ᠥᠷᠨᠢᠭᠦᠯᠬᠦ ᠳᠤᠮᠳᠠᠬᠢ ᠰᠡᠵᠢᠭᠯᠡᠯ ︵ ᠬᠡᠷᠪᠡ ᠪᠠᠶᠢᠪᠠᠯ ︶ ᠢ | ᠰᠢᠢᠳᠪᠦᠷᠢᠯᠡᠬᠦ᠂ ᠳᠠᠭᠠᠭᠠᠴᠢᠯᠠᠯᠲᠠ ᠨᠡᠶᠢᠲᠡᠯᠡᠬᠦ ᠶᠢ ᠵᠣᠬᠢᠶᠠᠨ ᠪᠠᠶᠢᠭᠤᠯᠬᠤ᠂ ᠳᠠᠭᠠᠭᠠᠴᠢᠯᠠᠯᠲᠠ ᠣᠯᠬᠤ ᠮᠡᠳᠡᠭᠳᠡᠯ ᠤᠨ | ᠪᠢᠴᠢᠭ ᠲᠠᠷᠬᠠᠭᠠᠬᠤ᠂ ᠲᠥᠷᠥᠯ ᠵᠦᠢᠯ ᠢ ᠳᠠᠩᠰᠠ ᠡᠪᠬᠡᠮᠡᠯ ᠳᠤ ᠣᠷᠣᠭᠤᠯᠬᠤ ᠵᠡᠷᠭᠡ ᠶᠢ ᠪᠠᠭᠲᠠᠭᠠᠭᠰᠠᠨ ᠪᠣᠯᠪᠠᠴᠤ | ᠦᠯᠦ ᠬᠢᠵᠠᠭᠠᠷᠯᠠᠨ᠎ᠠ᠃ | ᠬᠤᠶᠠᠷ᠂ ᠣᠷᠣᠯᠠᠬᠤ ᠪᠠᠶᠢᠭᠤᠯᠤᠮᠵᠢ ᠶᠢᠨ ᠬᠢᠷᠢ ᠬᠡᠮ ᠤᠨ ᠱᠠᠭᠠᠷᠳᠠᠯᠭ᠎ᠠ | 1. ᠣᠷᠣᠯᠠᠨ ᠭᠦᠢᠴᠡᠳᠬᠡᠬᠦ ᠪᠠᠶᠢᠭᠤᠯᠤᠮᠵᠢ ᠨᠢ ᠡᠷᠬᠡᠪᠰᠢ ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠤ ᠵᠠᠰᠠᠭ ᠤᠨ ᠣᠷᠳᠣᠨ ᠤ ᠬᠤᠳᠠᠯᠳᠤᠨ ᠠᠪᠬᠤ ᠰᠦᠯᠵᠢᠶᠡᠨ ᠤ ᠣᠷᠣᠯᠠᠨ ᠭᠦᠢᠴᠡᠳᠬᠡᠬᠦ ᠪᠠᠶᠢᠭᠤᠯᠤᠮᠵᠢ ᠶᠢᠨ | ᠬᠥᠮᠥᠷᠭᠡ ᠳᠤ ᠪᠦᠷᠢᠳᠬᠡᠨ ᠳᠠᠩᠰᠠᠯᠠᠭᠤᠯᠬᠤ ᠬᠡᠷᠡᠭᠲᠡᠶ᠃ | 2. ᠲᠤᠰᠠᠭᠠᠷ ᠲᠣᠭᠲᠠᠨᠢᠭᠰᠠᠨ ᠬᠠᠤᠯᠢ ᠶᠢᠨ ᠡᠷᠬᠡᠲᠡᠨ ᠤ ᠬᠢᠷᠢ ᠭᠡᠮ ᠲᠠᠢ ᠪᠠᠶᠢᠭᠤᠯᠤᠮᠵᠢ ᠡᠷᠬᠡᠪᠰᠢ ᠰᠠᠶᠢᠨ | ᠰᠠᠶᠢᠬᠠᠨ ᠡᠳ᠋ ᠤᠨ ᠶᠠᠪᠤᠳᠠᠯ ᠤᠨ ᠪᠠᠶᠢᠳᠠᠯ ᠪᠠ ᠬᠤᠳᠠᠯᠳᠤᠭᠠᠨ ᠤ ᠢᠲᠡᠭᠡᠯ ᠬᠦᠨᠳᠦ ᠲᠠᠢ ᠪᠠᠶᠢᠵᠤ᠂ ᠭᠦᠢᠴᠡᠳ ᠡᠳ᠋ | ᠬᠥᠷᠥᠩᠭᠡ ᠪᠠ ᠴᠢᠳᠠᠪᠤᠷᠢ ᠲᠠᠢ ᠪᠠᠶᠢᠵᠤ ᠭᠡᠷ᠎ᠡ ᠶᠢ ᠭᠦᠢᠴᠡᠳᠬᠡᠬᠦ ᠬᠡᠷᠡᠭᠲᠡᠢ᠃ | 3. ᠲᠤᠰ ᠭᠠᠵᠠᠷ ᠤᠨ ᠲᠤᠰᠠᠭᠠᠷ ᠳᠠᠭᠠᠭᠠᠴᠢᠯᠠᠯᠲᠠ ᠵᠠᠷᠯᠠᠬᠤ ᠭᠠᠵᠠᠷ ᠪᠣᠯᠤᠨ ᠲᠥᠬᠦᠭᠡᠷᠦᠮᠵᠢ ᠶᠢ | ᠪᠦᠷᠢᠳᠦᠭᠦᠯᠦᠭᠰᠡᠨ᠃ | ᠭᠤᠷᠪᠠ᠂ ᠨᠡᠷ᠎ᠡ ᠮᠡᠳᠡᠭᠦᠯᠬᠦ ᠳᠡᠭᠡᠨ ᠮᠠᠲ᠋ᠧᠷᠢᠶᠠᠯ ᠬᠠᠩᠭᠠᠬᠤ ᠬᠡᠷᠡᠭᠲᠡᠶ | 1. ᠨᠡᠷ᠎ᠡ ᠮᠡᠳᠡᠭᠦᠯᠦᠭᠴᠢ ᠠᠴᠠ ᠪᠡᠶ᠎ᠡ ᠶᠢᠨ ᠦᠨᠡᠮᠯᠡᠯ ᠢᠶᠠᠨ ᠭᠠᠷᠭᠠᠵᠤ ᠦᠵᠡᠭᠦᠯᠬᠦ ᠤᠭ ᠮᠠᠲ᠋ᠧᠷᠢᠶᠠᠯ ᠨᠢ | ᠪᠠᠭᠤᠯᠭᠠᠪᠤᠷᠢ ᠪᠠᠶᠢᠵᠤ᠂ ᠬᠠᠷᠢᠯᠴᠠᠬᠤ ᠠᠷᠭ᠎ᠠ ᠬᠡᠯᠪᠡᠷᠢ ᠲᠠᠢ᠃ | 2. ᠨᠡᠷ᠎ᠡ ᠮᠡᠳᠡᠭᠦᠯᠦᠭᠴᠢ ᠨᠢ ᠬᠠᠤᠯᠢ ᠪᠠᠷ ᠲᠣᠭᠲᠠᠭᠠᠭᠰᠠᠨ ᠲᠥᠯᠥᠭᠡᠯᠡᠭᠴᠢ ᠶᠢᠨ ᠭᠠᠷ ᠤᠨ ᠦᠰᠦᠭ | ᠵᠢᠷᠤᠬᠤ᠂ ᠺᠣᠮᠫᠠᠨᠢ ᠶᠢᠨ ᠲᠠᠮᠠᠭ᠎ᠠ ᠳᠠᠷᠤᠭᠰᠠᠨ ︽ᠡᠷᠬᠡ ᠣᠯᠭᠤᠭᠰᠠᠨ ᠨᠠᠶᠢᠳᠠᠯᠭ᠎ᠠ ᠶᠢᠨ ᠪᠢᠴᠢᠭ︾ ᠭᠠᠷᠭᠠᠵᠤ | ᠥᠭᠭᠦᠨ᠎ᠡ᠃ | 3. ᠤᠯᠤᠰ ᠤᠨ ᠦᠢᠯᠡᠳᠪᠦᠷᠢ ᠬᠤᠳᠠᠯᠳᠤᠭᠠᠨ ᠤ ᠪᠠᠶᠢᠭᠤᠯᠭ᠎ᠠ ᠶᠢᠨ ᠣᠨ ᠤ ᠪᠠᠶᠢᠴᠠᠭᠠᠯᠲᠠ ᠳᠤ ᠬᠢᠷᠢ | ᠲᠡᠩᠴᠡᠭᠰᠡᠨ ᠨᠢ ᠬᠦᠴᠦᠨ ᠲᠠᠢ ᠮᠥᠷᠲᠡᠭᠡᠨ ᠳᠠᠭᠠᠭᠠᠴᠢᠯᠠᠯᠲᠠ ᠬᠦᠯᠢᠶᠡᠬᠦ ᠠᠵᠤ ᠠᠬᠤᠶᠢᠯᠠᠯ ᠤᠨ ᠠᠯᠪᠠᠨ ᠲᠠᠮᠠᠭ᠎ᠠ ᠶᠢ | ᠳᠠᠷᠤᠭᠰᠠᠨ ᠡᠵᠡᠩᠨᠡᠯᠲᠡ ᠶᠢᠨ ᠦᠨᠡᠮᠯᠡᠯ ᠤᠨ ᠬᠠᠭᠤᠯᠪᠤᠷᠢ ᠳᠡᠪᠲᠡᠷ ᠤᠨ ᠬᠠᠭᠤᠯᠪᠤᠷᠢ ᠶᠢ ᠬᠠᠩᠭᠠᠵᠤ ᠥᠭᠭᠦᠨ᠎ᠡ᠃ | 4. ᠤᠶᠢᠷ᠎ᠠ ᠶᠢᠨ ᠬᠠᠭᠠᠰ ᠵᠢᠯ ᠳᠤ ᠭᠤᠷᠪᠠᠨ ᠰᠠᠷ᠎ᠠ ᠳᠠᠷᠠᠭᠠᠯᠠᠨ ᠨᠡᠶᠢᠭᠡᠮ ᠤᠨ ᠪᠠᠲᠤᠯᠠᠭ᠎ᠠ ᠶᠢᠨ ᠪᠡᠯᠡ ᠮᠦᠩᠭᠦ | ᠲᠤᠰᠢᠶᠠᠭᠰᠠᠨ ᠭᠡᠷᠡᠴᠢ ᠮᠠᠲ᠋ᠧᠷᠢᠶᠠᠯ᠂ ᠪᠠᠷᠤᠭ ᠬᠠᠭᠠᠰ ᠵᠢᠯ ᠳᠠᠷᠠᠭᠠᠯᠠᠨ ᠭᠤᠷᠪᠠᠨ ᠰᠠᠷ᠎ᠠ ᠭᠠᠶᠢᠯᠢ ᠲᠤᠰᠢᠶᠠᠭᠰᠠᠨ | ᠭᠡᠷᠡᠴᠢ ᠮᠠᠲ᠋ᠧᠷᠢᠶᠠᠯ ᠢ ᠬᠠᠩᠭᠠᠨ᠎ᠠ᠃ | 5. 2023 ᠪᠤᠶᠤ 2022 ᠣᠨ ᠳᠤ ᠬᠢᠨᠠᠨ ᠪᠤᠳᠤᠬᠤ ᠰᠠᠯᠠᠭ᠎ᠠ ᠮᠥᠴᠢᠷ ᠪᠤᠶᠤ ᠨᠢᠭᠲᠠᠯᠠᠨ ᠪᠤᠳᠤᠬᠤ | ᠬᠡᠷᠡᠭ ᠡᠷᠬᠢᠯᠡᠬᠦ ᠭᠠᠵᠠᠷ ᠠᠴᠠ ᠭᠠᠷᠭᠠᠵᠤ ᠥᠭᠭᠦᠭᠰᠡᠨ ᠬᠢᠨᠠᠨ ᠪᠤᠳᠤᠬᠤ ᠮᠡᠳᠡᠭᠦᠯᠦᠯᠲᠡ ᠪᠤᠶᠤ ᠺᠣᠮᠫᠠᠨᠢ ᠶᠢᠨ | ᠦᠨᠳᠦᠰᠦᠨ ᠳᠠᠩᠰᠠᠨ ᠡᠷᠦᠬᠡ ᠪᠠᠶᠢᠭᠤᠯᠤᠭᠰᠠᠨ ᠪᠠᠩᠬᠢ ᠶᠢᠨ ᠬᠢᠵᠦ ᠥᠭᠭᠦᠭᠰᠡᠨ ᠬᠢᠷᠢ ᠬᠡᠮ ᠤᠨ ᠢᠲᠡᠭᠡᠮᠵᠢ ᠶᠢᠨ | ᠭᠡᠷᠡᠴᠢ ᠬᠠᠩᠭᠠᠨ᠎ᠠ᠃ | 6. ︽ᠳᠤᠮᠳᠠᠳᠤ ᠤᠯᠤᠰ ᠤᠨ ᠵᠠᠰᠠᠭ ᠤᠨ ᠣᠷᠳᠣᠨ ᠤ ᠬᠤᠳᠠᠯᠳᠤᠨ ᠠᠪᠬᠤ ᠰᠦᠯᠵᠢᠶ᠎ᠡ︾ ᠵᠢᠴᠢ ︽ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠬᠤᠳᠠᠯᠳᠤᠨ ᠠᠪᠬᠤ ᠰᠦᠯᠵᠢᠶ᠎ᠡ︾ ᠶᠢᠨ | ᠣᠷᠣᠯᠠᠬᠤ ᠪᠠᠶᠢᠭᠤᠯᠤᠮᠵᠢ ᠳᠤ ᠳᠡᠩᠰᠡᠯᠡᠵᠦ ᠬᠥᠮᠥᠷᠭᠡ ᠳᠤ ᠣᠷᠣᠭᠤᠯᠬᠤ ᠵᠢᠷᠤᠭ ᠤᠨ ᠭᠡᠷᠡᠴᠢ ᠮᠠᠲ᠋ᠧᠷᠢᠶᠠᠯ ᠢ | ᠬᠠᠩᠭᠠᠨ᠎ᠠ᠃ | 7. ︽ᠢᠲᠡᠭᠡᠮᠵᠢᠲᠦ ᠳᠤᠮᠳᠠᠳᠤ ᠤᠯᠤᠰ︾ ᠰᠦᠯᠵᠢᠶ᠎ᠡ ︵www.creditchina.gov.cn ︶ | ᠢᠲᠡᠭᠡᠮᠵᠢ ᠠᠯᠳᠠᠭᠰᠠᠨ ᠭᠦᠢᠴᠡᠳᠬᠡᠭᠴᠢ ᠪᠠ ᠬᠦᠨᠳᠦ ᠶᠡᠭᠡ ᠭᠠᠶᠢᠯᠢ ᠲᠠᠲᠠᠪᠤᠷᠢ ᠶᠢᠨ ᠬᠠᠤᠯᠢ ᠠᠴᠠ ᠵᠥᠷᠢᠴᠡᠭᠰᠡᠨ | ᠬᠡᠷᠡᠭ ᠤᠨ ᠲᠤᠬᠠᠶ ᠶᠢᠨ ᠬᠥᠮᠦᠨ ᠤ ᠨᠡᠷᠡᠰ ᠤᠨ ᠲᠡᠮᠳᠡᠭᠯᠡᠯ ᠢ ᠲᠠᠰᠤᠯᠤᠭᠰᠠᠨ ᠵᠢᠷᠤᠭ ᠵᠢᠴᠢ ︽ᠳᠤᠮᠳᠠᠳᠤ | ᠤᠯᠤᠰ ᠤᠨ ᠵᠠᠰᠠᠭ ᠤᠨ ᠣᠷᠳᠣᠨ ᠤ ᠬᠤᠳᠠᠯᠳᠤᠨ ᠠᠪᠬᠤ ᠰᠦᠯᠵᠢᠶ᠎ᠡ︾ ᠶᠢᠨ ᠰᠦᠯᠵᠢᠶ᠎ᠡ ︵www.ccgp. | gov.cn ︶ ᠶᠢᠨ ᠵᠠᠰᠠᠭ ᠤᠨ ᠣᠷᠳᠣᠨ ᠤ ᠬᠤᠳᠠᠯᠳᠤᠨ ᠠᠪᠬᠤ ᠬᠦᠨᠳᠦ ᠨᠣᠴᠢᠲᠠᠶ ᠬᠠᠤᠯᠢ ᠶᠢ ᠵᠥᠷᠢᠴᠡᠵᠦ | ᠢᠲᠡᠭᠡᠯ ᠠᠯᠳᠠᠭᠰᠠᠨ ᠦᠢᠯᠡ ᠠᠵᠢᠯᠯᠠᠭ᠎ᠠ ᠶᠢᠨ ᠲᠡᠮᠳᠡᠭᠯᠡᠯ ᠤᠨ ᠨᠡᠷᠡᠰ ᠤᠨ ᠣᠭᠲᠣᠯᠣᠭᠰᠠᠨ ᠵᠢᠷᠤᠭ ᠢ ᠬᠠᠩᠭᠠᠨ᠎ᠠ᠃ | 8. ᠳᠤᠮᠳᠠᠳᠤ ᠤᠯᠤᠰ ᠤᠨ ᠲᠠᠰᠤᠯᠤᠨ ᠲᠣᠭᠲᠠᠭᠠᠯᠲᠠ ᠶᠢᠨ ᠪᠢᠴᠢᠭ ᠬᠠᠷ᠎ᠠ ᠶᠢᠨ ᠰᠦᠯᠵᠢᠶᠡᠨ ᠳᠤ ᠨᠡᠷ᠎ᠡ | ᠮᠡᠳᠡᠭᠦᠯᠦᠭᠡᠳ ᠣᠶᠢᠷ᠎ᠠ ᠶᠢᠨ ᠭᠤᠷᠪᠠᠨ ᠵᠢᠯ ︵2021 ᠣᠨ ᠤ 1 ᠳ᠋ᠦ᠋ᠭᠡᠷ ᠰᠠᠷ᠎ᠠ ᠶᠢᠨ 1 ᠠᠴᠠ ᠤᠳᠤ ᠪᠣᠯᠲᠠᠯ᠎ᠠ︶ | ᠬᠡᠭᠡᠯᠢ ᠲᠦᠯᠬᠢᠭᠰᠡᠨ ᠶᠠᠯ᠎ᠠ ᠬᠢᠭᠰᠡᠨ ᠲᠡᠮᠳᠡᠭᠯᠡᠯ ᠢ ᠪᠠᠶᠢᠴᠠᠭᠠᠨ ᠠᠰᠠᠭᠤᠭᠰᠠᠨ ᠲᠡᠮᠳᠡᠭᠯᠡᠯ ᠢ ᠣᠯᠤᠭᠰᠠᠨ ᠦᠭᠡᠢ᠃ | 9. ᠲᠤᠰ ᠭᠠᠵᠠᠷ ᠤᠨ ᠲᠤᠰᠠᠭᠠᠷ ᠳᠠᠭᠠᠭᠠᠴᠢᠯᠠᠯᠲᠠ ᠵᠠᠷᠯᠠᠬᠤ ᠲᠠᠯᠠᠪᠤᠷ ᠪᠠ ᠪᠡᠯᠡᠳᠬᠡᠮᠵᠢ ︵ᠲᠣᠰ ᠭᠠᠵᠠᠷ ᠤᠨ | ᠭᠡᠷ ᠪᠠᠶᠢᠰᠢᠩ ᠲᠦᠷᠢᠶᠡᠰᠦᠯᠡᠬᠦ ᠭᠡᠷ᠎ᠡ ᠪᠤᠶᠤ ᠭᠡᠷ ᠬᠥᠷᠥᠩᠭᠡ ᠶᠢᠨ ᠦᠨᠡᠮᠯᠡᠯ ᠵᠢᠴᠢ ᠲᠠᠯᠠᠪᠤᠷ᠂ ᠪᠡᠯᠡᠳᠬᠡᠮᠵᠢ ᠶᠢᠨ | ᠭᠡᠷᠡᠯ ᠵᠢᠷᠤᠭ ᠵᠡᠷᠭᠡ ᠶᠢ ᠬᠠᠩᠭᠠᠨ᠎ᠠ︶᠃ | 10. ᠪᠤᠰᠤᠳ ᠬᠠᠮᠢᠶ᠎ᠠ ᠪᠦᠬᠦᠢ ᠮᠠᠲ᠋ᠧᠷᠢᠶᠠᠯ᠃ | ᠲᠠᠶᠢᠯᠪᠤᠷᠢ᠄ ᠳᠡᠭᠡᠷᠡᠬᠢ ᠪᠤᠢ ᠪᠦᠬᠦᠢ ᠮᠠᠲ᠋ᠧᠷᠢᠶᠠᠯ ᠨᠢ ᠴᠥᠮ ᠤᠭ ᠮᠠᠲ᠋ᠧᠷᠢᠶᠠᠯ ︵ᠰᠦᠯᠵᠢᠶᠡᠨ ᠤ ᠨᠢᠭᠤᠷ ᠤᠨ | ᠣᠭᠲᠣᠯᠤᠭᠰᠠᠨ ᠵᠢᠷᠤᠭ ᠠᠴᠠ ᠭᠠᠳᠠᠨ᠎ᠠ︶ ᠵᠢᠴᠢ ᠪᠠᠭᠤᠯᠭᠠᠪᠤᠷᠢ ᠶᠢ ᠬᠠᠩᠭᠠᠬᠤ ᠴᠢᠬᠤᠯᠠᠲᠠᠢ᠂ ᠨᠢᠭᠡᠴᠢ ᠶᠢᠨ ᠠᠯᠪᠠᠨ | ᠲᠠᠮᠠᠭ᠎ᠠ ᠶᠢ ᠳᠠᠷᠤᠬᠤ ᠴᠢᠬᠤᠯᠠᠲᠠᠢ᠂ ᠡᠰᠡ ᠲᠡᠶᠢᠮᠦ ᠪᠣᠯ ᠬᠦᠴᠦᠨ ᠦᠭᠡᠢ᠃ | ᠳᠥᠷᠪᠡ᠂ ᠨᠡᠷ᠎ᠡ ᠮᠡᠳᠡᠭᠦᠯᠬᠦ ᠴᠠᠭ᠂ ᠭᠠᠵᠠᠷ ᠣᠷᠣᠨ | ᠳᠡᠭᠡᠷ᠎ᠡ ᠳᠤᠷᠠᠳᠤᠭᠰᠠᠨ ᠨᠥᠬᠦᠴᠡᠯ ᠳᠤ ᠨᠡᠶᠢᠴᠡᠬᠦ ᠳᠠᠭᠠᠭᠠᠴᠢᠯᠠᠯᠲᠠ ᠵᠠᠷᠯᠠᠬᠤ ᠶᠢ ᠣᠷᠣᠯᠠᠬᠤ | ᠪᠠᠶᠢᠭᠤᠯᠤᠮᠵᠢ ᠨᠢ 2024 ᠣᠨ ᠤ 5 ᠳ᠋ᠤᠭᠠᠷ ᠰᠠᠷ᠎ᠠ ᠶᠢᠨ 23 ᠤ ᠡᠳᠦᠷ ᠠᠴᠠ 2024 ᠣᠨ ᠤ 5 ᠳ᠋ᠤᠭᠠᠷ | ᠰᠠᠷ᠎ᠠ ᠶᠢᠨ 24 ᠤ ᠡᠳᠦᠷ ᠪᠣᠯᠲᠠᠯ᠎ᠠ᠂ ᠠᠵᠢᠯᠯᠠᠬᠤ ᠡᠳᠦᠷ ᠤᠨ ᠦᠳᠡ ᠶᠢᠨ ᠡᠮᠦᠨ᠎ᠡ 9᠄ 00 — 12᠄ 00᠂ | ᠦᠳᠡ ᠶᠢᠨ ᠬᠤᠶᠢᠨ᠎ᠠ 14᠄ 30 — 17᠄ 00 ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠰᠤ | ᠭᠠᠩ ᠤᠨ ᠭᠠᠮᠰᠢᠭ ᠢ ᠰᠡᠷᠭᠡᠶᠢᠯᠡᠬᠦ ᠮᠡᠷᠭᠡᠵᠢᠯ ᠤᠨ ᠲᠥᠪ ᠲᠤ ᠨᠡᠷ᠎ᠡ ᠮᠡᠳᠡᠭᠦᠯᠬᠦ ᠮᠠᠲ᠋ᠧᠷᠢᠶᠠᠯ ᠢᠶᠠᠨ ᠲᠤᠰᠢᠶᠠᠨ᠎ᠠ᠃ | ᠲᠠᠪᠤ᠂ ᠬᠠᠷᠢᠯᠴᠠᠬᠤ ᠠᠷᠭ᠎ᠠ ᠮᠠᠶ᠋ᠢᠭ | ᠨᠢᠭᠡᠴᠢ ᠶᠢᠨ ᠨᠡᠷᠡᠶᠢᠳᠦᠯ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠰᠤ ᠭᠠᠩ ᠤᠨ | ᠭᠠᠮᠰᠢᠭ ᠢ ᠰᠡᠷᠭᠡᠶᠢᠯᠡᠬᠦ ᠮᠡᠷᠭᠡᠵᠢᠯ ᠤᠨ ᠲᠥᠪ | ᠨᠡᠷ᠎ᠡ ᠮᠡᠳᠡᠭᠦᠯᠬᠦ ᠬᠠᠶ᠋ᠢᠭ᠄ ᠥᠪᠥᠷ ᠮᠣᠩᠭᠤᠯ ᠤᠨ ᠬᠥᠬᠡᠬᠤᠲᠠ ᠶᠢᠨ ᠰᠠᠶᠢᠬᠠᠨ ᠲᠣᠭᠤᠷᠢᠭ ᠤᠨ ᠬᠥᠯᠥᠨ | ᠪᠤᠶᠢᠷ ᠤᠨ ᠡᠮᠦᠨ᠎ᠡ ᠵᠠᠮ ᠤᠨ 119 ᠳ᠋ᠦ᠋ᠭᠡᠷ ᠤᠰᠤᠨ ᠠᠰᠢᠭᠯᠠᠯᠲᠠ ᠶᠢᠨ ᠲᠢᠩᠬᠢᠮ ᠤᠨ ᠲᠣᠮᠣ ᠠᠰᠠᠷ 2119 | ᠳ᠋ᠦ᠋ᠭᠡᠷ ᠥᠷᠥᠭᠡ | ᠰᠢᠦᠳᠠᠨ ᠨᠣᠮᠧᠷ᠄ 010020 | ᠬᠠᠷᠢᠯᠴᠠᠬᠤ ᠬᠥᠮᠥᠨ᠄ ᠯᠢᠦ ᠽᠢ ᠵᠢᠶᠠ 13337101318 ᠵᠢᠶᠠᠩ ᠵᠤᠤ ᠹᠠᠩ 13847683332 | ᠥᠪᠥᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ ᠤᠰᠤ ᠭᠠᠩ ᠤᠨ ᠭᠠᠮᠰᠢᠭ ᠢ ᠰᠡᠷᠭᠡᠶᠢᠯᠡᠬᠦ ᠮᠡᠷᠭᠡᠵᠢᠯ ᠤᠨ | ᠲᠥᠪ | 2024 ᠣᠨ ᠤ 5 ᠳ᠋ᠤᠭᠠᠷ ᠰᠠᠷ᠎ᠠ ᠶᠢᠨ 22 ᠤᠨ ᠡᠳᠦᠷ | | |