ᠤᠰᠤᠨ ᠤ ᠶᠠᠪᠤᠳᠠᠯ ᠤᠨ ᠬᠠᠮᠢᠶᠠᠷᠤᠯᠲᠠ ᠶᠢᠨ ᠨᠠᠷᠢᠯᠢᠭᠵᠢᠭᠤᠯᠤᠯᠲᠠ  ᠬᠤᠪᠢᠶᠠᠷᠢ ᠲᠣᠭᠤᠷᠢᠭ ᠤᠨ ᠬᠡᠮᠵᠢᠯᠲᠡ ᠶᠢᠨ ᠤᠶᠤᠨᠴᠢᠯᠠᠯᠲᠠ  ᠥᠪᠥᠷ ᠮᠤᠩᠭᠤᠯ ᠤᠨ ᠪᠤᠭᠤᠲᠤ ᠬᠤᠲᠠ ᠶᠢᠨ ᠬᠤᠲᠠ ᠪᠠᠯᠭᠠᠰᠤᠨ ᠤ ᠤᠰᠤ ᠠᠷᠪᠢᠯᠠᠵᠤ ᠬᠤᠬᠢᠷᠠᠯ ᠢ ᠪᠠᠭᠠᠰᠬᠠᠬᠤ ᠦᠷ᠎ᠡ ᠪᠦᠲᠦᠮᠵᠢ ᠰᠠᠶᠢᠨ
ᠨᠡᠶᠢᠲᠡᠯᠡᠭᠰᠡᠨ ᠴᠠᠭ᠄
2024/5/24
进城镇节水降损成效好.png
  ᠤᠰᠤ ᠬᠠᠩᠭᠠᠬᠤ ᠣᠶᠤᠨᠴᠢ ᠬᠠᠮᠢᠶᠠᠷᠤᠯᠲᠠ ᠶᠢᠨ ᠲᠠᠪᠴᠠᠩ ︵ᠵᠢᠷᠤᠭ︶  ᠭᠤᠭᠤᠵᠢᠭᠳᠠᠭᠰᠠᠨ ᠢ ᠵᠠᠰᠠᠬᠤ᠂ ᠣᠷᠣᠨ ᠬᠤᠪᠢᠶᠠᠨ ᠬᠡᠮᠵᠢᠬᠦ ᠪᠠ ᠤᠶᠤᠨᠴᠢ ᠤᠰᠤᠨ ᠤ ᠶᠠᠪᠤᠳᠠᠯ ᠤᠨ ᠪᠥᠲᠥᠭᠡᠨ ᠪᠠᠶᠢᠭᠤᠯᠤᠯᠲᠠ ᠳᠤ ᠠᠩᠬᠠᠷᠤᠯ ᠢᠶᠠᠨ ᠲᠥᠪᠯᠡᠷᠡᠭᠦᠯᠵᠦ᠂ ᠭᠡᠷ᠎ᠡ ᠶᠢᠨ ᠤᠰᠤ ᠠᠷᠪᠢᠯᠠᠬᠤ ᠬᠠᠮᠢᠶᠠᠷᠤᠯᠲᠠ ᠶᠢᠨ ᠰᠢᠨ᠎ᠡ ᠵᠠᠭᠪᠤᠷ ᠢ ᠰᠦᠪᠡᠭᠴᠢᠯᠡᠨ ᠠᠬᠢᠭᠤᠯᠵᠤ᠂ ᠲᠡᠷᠢᠭᠦᠨ ᠤ ᠤᠰᠤ ᠠᠷᠪᠢᠯᠠᠬᠤ ᠮᠡᠷᠭᠡᠵᠢᠯ ᠪᠠ ᠤᠶᠤᠨᠴᠢ ᠤᠰᠤᠨ ᠤ ᠶᠠᠪᠤᠳᠠᠯ ᠢ ᠰᠢᠢᠳᠪᠦᠷᠢᠯᠡᠬᠦ ᠲᠥᠰᠦᠯ ᠢ ᠣᠷᠣᠭᠤᠯᠤᠨ ᠠᠪᠴᠢᠷᠠᠵᠤ᠂ ᠬᠤᠭᠤᠯᠠᠶ ᠶᠢᠨ ᠲᠣᠤᠷ ᠤᠨ ᠭᠤᠭᠤᠵᠢᠭᠳᠠᠭᠰᠠᠨ ᠨᠣᠷᠮ᠎ᠠ ᠶᠢ 2020 ᠣᠨ ᠳᠤ 11.97% ᠠᠴᠠ 2023 ᠣᠨ ᠪᠣᠯᠲᠠᠯ᠎ᠠ ᠪᠠᠭᠤᠷᠠᠭᠤᠯᠵᠤ᠂ ᠤᠯᠤᠰ ᠤᠨ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ᠬᠤᠲᠠ ᠶᠢᠨ ᠣᠯᠠᠨ ᠨᠡᠶᠢᠲᠡ ᠶᠢᠨ ᠤᠰᠤ ᠬᠠᠩᠭᠠᠬᠤ ᠠᠵᠤ ᠠᠬᠤᠶᠢᠯᠠᠯ ᠤᠨ ᠬᠤᠭᠤᠯᠠᠶ ᠶᠢᠨ ᠲᠣᠤᠷ ᠤᠨ ᠭᠤᠭᠤᠵᠢᠭᠳᠠᠭᠰᠠᠨ ᠨᠣᠷᠮ᠎ᠠ ᠶᠢᠨ 9% ᠶᠢᠨ ᠬᠠᠷᠠᠯᠲᠠ ᠶᠢ ᠪᠡᠶᠡᠯᠡᠭᠦᠯᠪᠡ᠃ ᠡᠨᠡᠬᠦ ᠨᠢᠳᠦ ᠭᠢᠯᠠᠰᠤᠮ᠎ᠠ ᠬᠢᠷᠢ ᠪᠦᠲᠦᠮᠵᠢ ᠶᠢᠨ ᠬᠠᠭᠤᠳᠠᠰᠤ ᠶᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠤᠭᠤᠲᠤ ᠬᠤᠲᠠ ᠶᠢᠨ ᠤᠰᠤᠨ ᠤ ᠶᠠᠪᠤᠳᠠᠯ ᠤᠨ ᠪᠦᠯᠦᠭᠯᠡᠯ ᠤᠨ ᠬᠢᠵᠠᠭᠠᠷᠲᠤ ᠺᠣᠮᠫᠠᠨᠢ ᠶᠢᠨ ᠬᠠᠷᠢᠶ᠎ᠠ ᠪᠦᠬᠦᠢ ᠤᠰᠤ ᠬᠠᠩᠭᠠᠬᠤ ᠺᠣᠮᠫᠠᠨᠢ ︵ᠳᠣᠷᠣᠭᠰᠢ ︽ᠤᠰᠤ ᠬᠠᠩᠭᠠᠬᠤ ᠺᠣᠮᠫᠠᠨᠢ︾ ᠭᠡᠵᠦ ᠲᠣᠪᠴᠢᠯᠠᠨ᠎ᠠ︶ ᠠᠴᠠ ᠢᠷᠡᠵᠡᠢ᠃  ᠣᠶᠢᠷ᠎ᠠ ᠳᠤ ᠨᠡᠶᠢᠲᠡᠯᠡᠭᠰᠡᠨ ︽ᠬᠤᠲᠠ ᠶᠢᠨ ᠣᠯᠠᠨ ᠨᠡᠶᠢᠲᠡ ᠶᠢᠨ ᠤᠰᠤ ᠬᠠᠩᠭᠠᠬᠤ ᠬᠤᠭᠤᠯᠠᠶ ᠶᠢᠨ ᠲᠣᠣᠷ ᠤᠨ ᠭᠤᠭᠤᠵᠢᠭᠳᠠᠬᠤ ᠶᠢ ᠵᠠᠰᠠᠬᠤ ᠲᠥᠷᠥ ᠶᠢᠨ ᠪᠣᠳᠣᠯᠭ᠎ᠠ ᠶᠢᠨ ᠲᠣᠭᠲᠠᠴᠠ ᠶᠢᠨ ᠨᠠᠷᠢᠨ ᠳᠠᠩᠰᠠ︾ ᠳᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠤᠭᠤᠲᠤ ᠬᠤᠲᠠ ᠶᠢᠨ ᠭᠡᠷ᠎ᠡ ᠶᠢᠨ ᠤᠰᠤ ᠠᠷᠪᠢᠯᠠᠬᠤ ᠶᠢ ᠬᠡᠷᠡᠭᠵᠢᠭᠦᠯᠦᠭᠰᠡᠨ ᠬᠠᠮᠢᠶ᠎ᠠ ᠪᠦᠬᠦᠢ ᠲᠤᠷᠰᠢᠯᠭ᠎ᠠ ᠰᠣᠩᠭᠤᠭᠳᠠᠪᠠ᠃ ᠤᠰᠤ ᠬᠠᠩᠭᠠᠬᠤ ᠺᠣᠮᠫᠠᠨᠢ ᠤᠰᠤᠨ ᠤ ᠵᠠᠰᠠᠭ ᠵᠠᠬᠢᠷᠭᠠᠨ ᠤ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠨ ᠵᠢᠯᠣᠭᠤᠳᠣᠯᠭ᠎ᠠ ᠳᠣᠤᠷ᠎ᠠ᠂ ᠪᠣᠳᠠᠲᠠᠶ ᠠᠴᠠ       ᠡᠭᠦᠰᠴᠦ᠂ ᠣᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ᠬᠤᠭᠤᠯᠠᠶ ᠶᠢᠨ ᠲᠣᠤᠷ ᠤᠨ ᠭᠤᠭᠤᠵᠢᠭᠳᠠᠭᠰᠠᠨ ᠬᠤᠬᠢᠷᠠᠯ ᠢ ᠡᠵᠡᠮᠳᠡᠵᠦ᠂ ᠬᠤᠲᠠ ᠪᠠᠯᠭᠠᠰᠤᠨ ᠤ ᠤᠰᠤ ᠠᠷᠪᠢᠯᠠᠵᠤ ᠬᠤᠬᠢᠷᠠᠯ ᠢ ᠪᠠᠭᠠᠰᠬᠠᠬᠤ ᠶᠢ ᠢᠳᠡᠪᠬᠢᠲᠡᠶ ᠠᠬᠢᠭᠤᠯᠪᠠ᠃  2021 ᠣᠨ ᠳᠤ᠂ ᠤᠰᠤ ᠬᠠᠩᠭᠠᠬᠤ ᠺᠣᠮᠫᠠᠨᠢ ᠠᠵᠤ ᠠᠬᠤᠶᠢᠯᠠᠯ ᠤᠨ ᠪᠠᠶᠢᠭᠤᠯᠤᠮᠵᠢ ᠶᠢᠨ ᠥᠭᠡᠷᠡᠴᠢᠯᠡᠯᠲᠡ ᠶᠢ ᠬᠡᠷᠡᠭᠵᠢᠭᠦᠯᠵᠦ᠂ ᠤᠤᠯ ᠤᠨ 5 ᠡᠵᠡᠩᠨᠡᠯᠲᠡ ᠶᠢᠨ ᠬᠤᠪᠢᠶᠠᠷᠢ ᠺᠣᠮᠫᠠᠨᠢ ᠬᠢᠭᠡᠳ 4 ᠬᠤᠭᠤᠯᠠᠶ ᠶᠢᠨ ᠲᠣᠤᠷ ᠤᠨ ᠬᠤᠪᠢᠶᠠᠷᠢ ᠺᠣᠮᠫᠠᠨᠢ ᠶᠢ 8 ᠣᠷᠣᠨ ᠪᠦᠰᠡ ᠶᠢᠨ ᠬᠤᠪᠢᠶᠠᠷᠢ ᠺᠣᠮᠫᠠᠨᠢ ᠪᠣᠯᠭᠠᠨ ᠨᠡᠶᠢᠯᠡᠭᠦᠯᠵᠦ᠂ ᠡᠯ᠎ᠡ ᠣᠷᠣᠨ ᠪᠦᠰᠡ ᠶᠢᠨ ᠦᠢᠯᠡᠴᠢᠯᠡᠭᠡᠨ ᠤ ᠬᠢᠷᠢ ᠲᠦᠪᠰᠢᠨ ᠪᠠ ᠠᠵᠢᠯᠯᠠᠭᠠᠨ ᠤ ᠦᠷ᠎ᠡ ᠪᠦᠲᠦᠮᠵᠢ ᠶᠢ ᠪᠥᠬᠦ ᠲᠠᠯ᠎ᠠ ᠪᠠᠷ ᠳᠡᠭᠡᠭᠰᠢᠯᠡᠭᠦᠯᠪᠡ᠃ ᠡᠭᠦᠨ ᠤ ᠬᠠᠮᠲᠤ᠂ ᠣᠷᠬᠢᠭᠳᠠᠭᠤᠯᠤᠭᠰᠠᠨ ᠢ ᠡᠵᠡᠮᠳᠡᠬᠦ ᠤᠳᠤᠷᠢᠳᠬᠤ ᠳᠤᠭᠤᠶᠢᠯᠠᠩ ᠪᠠᠶᠢᠭᠤᠯᠵᠤ᠂ ᠰᠠᠷ᠎ᠠ ᠪᠦᠷᠢ ᠬᠠᠷᠠᠯᠲᠠᠲᠤ ᠡᠭᠦᠷᠭᠡ ᠪᠠᠭᠤᠯᠭᠠᠵᠤ᠂ ᠡᠯ᠎ᠡ ᠨᠢᠭᠡᠴᠢ ︵ᠪᠠᠶᠢᠭᠤᠯᠭ᠎ᠠ︶ ᠶᠢ ᠵᠢᠯᠣᠭᠤᠳᠴᠤ ᠪᠠᠶᠢᠭᠠᠳ ᠬᠠᠷᠠᠯᠲᠠ ᠶᠢ ᠪᠡᠶᠡᠯᠡᠭᠦᠯᠦᠭᠰᠡᠨ ᠪᠠᠶᠢᠳᠠᠯ ᠢ ᠦᠨᠳᠦᠰᠦᠯᠡᠨ ᠵᠢᠯ ᠤᠨ ᠡᠴᠦᠰ ᠤᠨ ᠰᠢᠯᠭᠠᠨ ᠬᠢᠨᠠᠭᠰᠠᠨ ᠠᠮᠵᠢᠯᠲᠠ ᠪᠦᠲᠦᠮᠵᠢ ᠶᠢ ᠪᠤᠳᠤᠨ᠎ᠠ᠃  ᠤᠰᠤ ᠬᠠᠩᠭᠠᠬᠤ ᠺᠣᠮᠫᠠᠨᠢ ᠶᠢᠨ ᠤᠷᠢᠳ ᠬᠤᠵᠢᠳ ᠨᠡᠶᠢᠲᠡᠯᠡᠭᠰᠡᠨ ︽ᠣᠷᠣᠨ ᠪᠦᠰᠡ ᠶᠢᠨ ᠬᠤᠪᠢᠶᠠᠷᠢ ᠺᠣᠮᠫᠠᠨᠢ ᠶᠢᠨ ᠠᠵᠢᠯ ᠤᠨ ᠡᠭᠦᠷᠭᠡ ᠬᠠᠷᠢᠭᠤᠴᠠᠯᠭ᠎ᠠ︾᠂ ︽ᠵᠣᠬᠢᠶᠠᠨ ᠪᠠᠶᠢᠭᠤᠯᠤᠭᠰᠠᠨ ᠠᠵᠢᠯ ᠤᠨ ᠠᠮᠵᠢᠯᠲᠠ ᠪᠦᠲᠦᠮᠵᠢ ᠶᠢ ᠬᠢᠨᠠᠨ ᠰᠢᠯᠭᠠᠬᠤ ᠠᠷᠭ᠎ᠠ ᠵᠢᠴᠢ ᠬᠢᠨᠠᠨ ᠰᠢᠯᠭᠠᠬᠤ ᠨᠠᠷᠢᠨ ᠳᠦᠷᠢᠮ︾ ᠪᠣᠯᠤᠨ ᠭᠤᠭᠤᠵᠢᠭᠳᠠᠭᠰᠠᠨ ᠢ ᠪᠠᠶᠢᠴᠠᠭᠠᠬᠤ᠂ ᠲᠣᠭᠤᠷᠢᠨ ᠪᠠᠶᠢᠴᠠᠭᠠᠬᠤ ᠠᠵᠢᠯᠴᠢᠨ᠂ ᠬᠡᠮᠵᠢᠭᠦᠷ ᠬᠠᠭᠤᠯᠤᠭᠴᠢ᠂ ᠵᠠᠮ ᠤᠨ ᠠᠵᠢᠯᠴᠢᠨ ᠵᠡᠷᠭᠡ ᠠᠵᠢᠯ ᠤᠨ ᠪᠠᠶᠢᠷᠢ ᠶᠢᠨ ᠲᠤᠰᠬᠠᠶ ᠠᠵᠢᠯ ᠤᠨ ᠠᠮᠵᠢᠯᠲᠠ ᠪᠦᠲᠦᠮᠵᠢ ᠶᠢ ᠬᠢᠨᠠᠨ ᠰᠢᠯᠭᠠᠬᠤ ᠠᠷᠭ᠎ᠠ ᠵᠡᠷᠭᠡ 20 ᠭᠠᠷᠤᠶ ᠵᠦᠢᠯ ᠤᠨ ᠳᠦᠷᠢᠮ ᠢ ᠨᠡᠶᠢᠲᠡᠯᠡᠵᠦ᠂ ᠭᠡᠷ᠎ᠡ ᠶᠢᠨ ᠤᠰᠤ ᠠᠷᠪᠢᠯᠠᠬᠤ ᠬᠠᠮᠢᠶᠠᠷᠤᠯᠲᠠ ᠶᠢ ᠪᠦᠲᠦᠮᠵᠢᠲᠡᠶ ᠳᠡᠯᠭᠡᠷᠡᠭᠦᠯᠬᠦ ᠳᠤ ᠬᠦᠴᠦᠲᠡᠶ ᠳᠦᠷᠢᠮ ᠤᠨ ᠪᠠᠲᠤᠯᠠᠭ᠎ᠠ ᠬᠠᠩᠭᠠᠪᠠ᠃ ᠭᠤᠭᠤᠵᠢᠭᠳᠠᠭᠰᠠᠨ ᠢ ᠵᠠᠰᠠᠬᠤ ᠲᠦᠷᠢᠮ ᠪᠠ ᠠᠵᠢᠯ ᠤᠨ ᠠᠮᠵᠢᠯᠲᠠ ᠪᠦᠲᠦᠮᠵᠢ ᠶᠢ ᠬᠢᠨᠠᠨ ᠰᠢᠯᠭᠠᠬᠤ ᠰᠢᠰᠲ᠋ᠧᠮ ᠢ ᠪᠠᠶᠢᠭᠤᠯᠤᠨ ᠲᠡᠭᠦᠯᠳᠡᠷᠵᠢᠭᠦᠯᠬᠦ ᠪᠠᠷ ᠳᠠᠮᠵᠢᠭᠤᠯᠤᠨ ᠠᠵᠢᠯᠲᠠᠨ ᠠᠵᠢᠯᠴᠢᠨ ᠤ ᠢᠳᠡᠪᠬᠢᠵᠢᠯ ᠢ ᠳᠠᠶᠢᠴᠢᠯᠠᠵᠤ᠂ ᠵᠥᠪᠬᠡᠨ 2023 ᠣᠨ ᠳᠤ ᠤᠰᠤ ᠬᠠᠩᠭᠠᠬᠤ ᠺᠣᠮᠫᠠᠨᠢ 1844 ᠭᠠᠵᠠᠷ ᠢ ᠪᠠᠶᠢᠴᠠᠭᠠᠨ ᠭᠠᠷᠭᠠᠵᠤ᠂ 2021 ᠣᠨ ᠤ ᠬᠢ ᠠᠴᠠ 2.5 ᠳᠠᠬᠢᠨ ᠳᠡᠭᠡᠭᠰᠢᠯᠡᠪᠡ᠃  ᠤᠰᠤᠨ ᠤ ᠶᠠᠪᠤᠳᠠᠯ ᠤᠨ ᠨᠠᠷᠢᠯᠢᠬᠵᠢᠭᠤᠯᠤᠭᠰᠠᠨ ᠬᠠᠮᠢᠶᠠᠷᠤᠯᠲᠠ ᠪᠣᠯ ᠬᠤᠲᠠ ᠪᠠᠯᠭᠠᠰᠤ ᠶᠢᠨ ᠤᠰᠤ ᠠᠷᠪᠢᠯᠠᠵᠤ ᠬᠤᠬᠢᠷᠠᠯ ᠢ ᠪᠠᠭᠠᠰᠬᠠᠬᠤ ᠵᠠᠩᠭᠢᠯᠠᠭ᠎ᠠ ᠶᠢᠨ ᠠᠷᠭ᠎ᠠ ᠬᠡᠮᠵᠢᠶ᠎ᠡ ᠪᠣᠯᠤᠨ᠎ᠠ᠃ ᠤᠰᠤᠨ ᠤ ᠶᠠᠪᠤᠳᠠᠯ ᠤᠨ ᠬᠠᠮᠢᠶᠠᠷᠤᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠬᠦ ᠶᠢᠨ ᠲᠥᠯᠥᠭᠡ᠂ ᠤᠰᠤ ᠬᠠᠩᠭᠠᠬᠤ ᠺᠣᠮᠫᠠᠨᠢ ᠶᠡᠷᠦᠩᠬᠡᠶᠢᠯᠡᠭᠰᠡᠨ ᠤᠶᠤᠨᠴᠢ ᠤᠰᠤᠨ ᠤ ᠶᠠᠪᠤᠳᠠᠯ ᠤᠨ ︽ᠨᠢᠭᠡ ᠲᠠᠪᠴᠠᠩ︾ ᠢ ᠪᠠᠶᠢᠭᠤᠯᠵᠤ᠂ ᠠᠵᠤ ᠠᠬᠤᠶᠢᠯᠠᠯ ᠤᠨ ᠲᠣᠮᠣ ᠳ᠋ᠠᠶᠢᠲ᠋ᠠ ︵ᠲᠤᠭ᠎ᠠ ᠪᠠᠷᠢᠮᠲᠠ ᠶᠢᠨ ᠬᠥᠮᠥᠷᠭᠡ︶ ᠶᠢᠨ ︽ᠨᠢᠭᠡ ᠲᠥᠪ︾ ᠢ ᠪᠠᠶᠢᠭᠤᠯᠵᠤ᠂ ᠶᠡᠷᠦᠩᠬᠡᠶᠢᠯᠡᠭᠰᠡᠨ ︽ᠨᠢᠭᠡ ᠵᠢᠷᠤᠭ︾ ᠢ ᠳᠡᠯᠭᠡᠨ ᠦᠵᠡᠭᠦᠯᠵᠦ᠂ ᠬᠤᠭᠤᠯᠠᠶ ᠶᠢᠨ ᠲᠣᠤᠷ ᠤᠨ GIS ︵ᠭᠠᠵᠠᠷ ᠵᠦᠶ ᠶᠢᠨ ᠮᠡᠳᠡᠭᠡ ᠵᠠᠩᠭᠢ ᠶᠢᠨ ᠰᠢᠰᠲ᠋ᠧᠮ︶᠂ ᠦᠢᠯᠡᠳᠪᠦᠷᠢᠯᠡᠯ ᠤᠨ ᠲᠣᠬᠢᠷᠠᠭᠤᠯᠤᠯᠲᠠ᠂ ᠣᠷᠣᠨ ᠬᠤᠪᠢᠶᠠᠨ ᠬᠡᠮᠵᠢᠬᠦ᠂ ᠬᠤᠶᠠᠳᠠᠬᠢ ᠤᠳᠠᠭ᠎ᠠ ᠤᠰᠤ ᠬᠠᠩᠭᠠᠬᠤ᠂ ᠠᠯᠤᠰ ᠠᠴᠠ ᠤᠯᠠᠮᠵᠢᠯᠠᠨ ᠬᠠᠭᠤᠯᠬᠤ ᠵᠡᠷᠭᠡ ᠣᠯᠠᠨ ᠲᠤᠬᠠᠶᠢᠯᠠᠭᠰᠠᠨ ᠠᠵᠢᠯ ᠤᠨ ᠰᠢᠰᠲ᠋ᠧᠮ ᠢ ᠴᠤᠭᠯᠠᠭᠤᠯᠬᠤ ᠶᠢᠨ ᠬᠠᠮᠲᠤ ᠲᠡᠷᠢᠭᠦᠨ ᠤ ᠤᠰᠤ ᠣᠷᠬᠢᠭᠳᠠᠭᠤᠯᠬᠤ ᠬᠡᠮᠵᠢᠭᠦᠷᠯᠢᠭ ᠢ ᠣᠷᠣᠭᠤᠯᠤᠨ ᠠᠪᠴᠢᠷᠠᠵᠤ᠂ ᠤᠰᠤ ᠴᠢᠩᠨᠠᠬᠤ᠂ ᠱᠤᠤᠭᠢᠶᠠᠨ ᠢ ᠪᠠᠶᠢᠴᠠᠭᠠᠨ ᠬᠡᠮᠵᠢᠬᠦ ᠬᠡᠮᠵᠢᠭᠦᠷᠯᠢᠭ᠂ ᠡᠯᠧᠺᠲᠷᠣᠨ ᠰᠣᠨᠣᠷ ᠤᠨ ᠭᠤᠭᠤᠵᠢᠭᠤᠷ ᠵᠡᠷᠭᠡ ᠲᠥᠬᠦᠭᠡᠷᠦᠮᠵᠢ ᠶᠢ ᠬᠡᠷᠡᠭᠯᠡᠨ ᠭᠤᠭᠤᠵᠢᠭᠤᠷ ᠴᠡᠭ ᠢ ᠣᠨᠣᠪᠴᠢᠲᠠᠶ ᠲᠣᠭᠲᠠᠭᠠᠵᠤ᠂ ᠬᠤᠭᠤᠯᠠᠶ ᠶᠢᠨ ᠲᠣᠤᠷ ᠤᠨ ᠡᠳᠦᠷ ᠲᠤᠲᠤᠮ ᠢ ᠬᠠᠮᠠᠭᠠᠯᠠᠵᠤ ᠵᠠᠪᠳᠤᠨ ᠵᠠᠰᠠᠬᠤ ᠵᠡᠷᠭᠡ ᠳᠤ ᠨᠠᠶᠢᠳᠠᠪᠤᠷᠢᠲᠠᠶ ᠳᠡᠮᠵᠢᠯᠭᠡ ᠬᠠᠩᠭᠠᠪᠠ᠃  ᠬᠡᠷᠡᠭᠯᠡᠭᠴᠢ ᠶᠢᠨ ᠲᠤᠰᠬᠠᠭᠰᠠᠨ ᠤᠰᠤᠨ ᠳᠠᠷᠤᠯᠲᠠ ᠬᠦᠷᠦᠯᠴᠡᠬᠦ ᠥᠬᠡᠶ᠂ ᠭᠤᠭᠤᠵᠢᠵᠤ ᠰᠦᠢᠳᠦᠭᠰᠡᠨ ᠵᠡᠷᠭᠡ ᠪᠠᠶᠢᠳᠠᠯ ᠳᠤ ᠴᠢᠭᠯᠡᠭᠦᠯᠦᠨ᠂ ᠤᠰᠤ ᠬᠠᠩᠭᠠᠬᠤ ᠺᠣᠮᠫᠠᠨᠢ ᠪᠠᠯᠠ ᠮᠥᠩᠭᠦ ᠶᠢ ᠢᠳᠡᠪᠬᠢᠲᠡᠶ ᠲᠡᠮᠡᠴᠡᠨ ᠤᠯᠬᠤ ᠶᠢᠨ ᠬᠠᠮᠲᠤ ᠬᠠᠮᠢᠶ᠎ᠠ ᠪᠥᠬᠦᠶ ᠰᠠᠯᠠᠭ᠎ᠠ ᠮᠥᠴᠢᠷ ᠢ ᠵᠣᠬᠢᠴᠠᠭᠤᠯᠵᠤ᠂ ᠬᠡᠷᠡᠭᠯᠡᠭᠴᠢᠳ ᠤᠨ ᠲᠤᠰᠬᠠᠯ ᠶᠡᠬᠡᠲᠡᠶ ᠬᠠᠭᠤᠴᠢᠨ ᠪᠠᠭ᠎ᠠ ᠲᠣᠭᠤᠷᠢᠭ ᠪᠠ ᠬᠤᠲᠠ ᠶᠢᠨ ᠶᠠᠪᠤᠳᠠᠯ ᠤᠨ ᠬᠡᠰᠡᠭ ᠬᠤᠭᠤᠯᠠᠶ ᠶᠢᠨ ᠲᠣᠤᠷ ᠢ ᠥᠭᠡᠷᠡᠴᠢᠯᠡᠨ᠎ᠡ᠃ ᠣᠲᠣ ᠪᠣᠯᠲᠠᠯ᠎ᠠ᠂ ᠨᠢᠭᠡᠨᠲᠡ 4.8 ᠲᠦᠮᠡ ᠭᠠᠷᠤᠶ ᠤᠰᠤ ᠬᠡᠷᠡᠭᠯᠡᠬᠦ ᠡᠷᠦᠬᠡ ᠶᠢ ᠥᠭᠡᠷᠡᠴᠢᠯᠡᠬᠦ ᠠᠵᠢᠯ ᠢ ᠪᠡᠶᠡᠯᠡᠭᠦᠯᠵᠦ᠂ ᠬᠠᠭᠤᠴᠢᠨ ᠰᠠᠭᠤᠭᠠᠯᠢ ᠲᠣᠭᠤᠷᠢᠭ ᠤᠨ ᠤᠰᠤ ᠬᠠᠩᠭᠠᠬᠤ ᠬᠤᠭᠤᠯᠠᠶ ᠶᠢᠨ ᠲᠣᠤᠷ ᠲᠤ ᠣᠷᠣᠰᠢᠵᠤ ᠪᠠᠶᠢᠭ᠎ᠠ ᠠᠰᠠᠭᠤᠳᠠᠯ ᠢ ᠪᠦᠲᠦᠮᠵᠢᠲᠡᠶ ᠰᠢᠢᠳᠪᠦᠷᠢᠯᠡᠪᠡ᠃  ︵︽ᠳᠣᠮᠲᠠᠲᠤ ᠤᠯᠤᠰ ᠤᠨ ᠣᠰᠣᠠ ᠠᠰᠢᠬᠯᠠᠯᠲᠠ ᠶᠢᠨ ᠰᠣᠨᠢᠠ︾ ᠠᠴᠠ ᠰᠢᠯᠵᠢᠭᠦᠯᠪᠡ ᠰᠣᠷᠪᠤᠯᠵᠢᠯᠠᠬᠴᠢ ᠯᠢ ᠵᠢᠶᠠᠨ ᠭᠦᠸᠧ︶ 
 
ᠢᠷᠡᠯᠲᠡ᠄ ᠳᠤᠮᠳᠠᠳᠤ ᠤᠯᠤᠰ ᠤᠨ ᠤᠰᠤᠨ ᠠᠰᠢᠭᠯᠠᠯᠲᠠ ᠶᠢᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号