ᠤᠰᠤᠨ ᠴᠥᠭᠦᠷᠥᠮ ᠤᠨ ᠪᠦᠲᠦᠭᠡᠨ ᠪᠠᠶᠢᠭᠤᠯᠤᠯᠲᠠ ᠶᠢᠨ ᠲᠤᠬᠠᠢ ᠶᠢᠨ ᠲᠠᠯᠠᠪᠠᠢ ᠳᠤ ᠬᠦᠷ ᠬᠥᠭᠵᠢᠶᠡᠨ ᠲᠠᠢ | ᠪᠠᠶᠢᠵᠤ᠂ ᠲᠠᠲᠠᠪᠤᠷᠢᠯᠠᠨ ᠨᠡᠭᠦᠯᠭᠡᠵᠦ ᠲᠥᠪᠬᠢᠨᠡᠭᠦᠯᠬᠦ ᠨᠥᠬᠦᠪᠦᠷᠢ ᠶᠢ ᠤᠷᠤᠭᠰᠢᠲᠠᠢ ᠠᠬᠢᠭᠤᠯᠵᠤ᠂ ᠤᠰᠤᠯᠠᠯᠲᠠ ᠶᠢᠨ | ᠣᠷᠣᠨ ᠤ ᠣᠳᠣᠬᠢᠴᠢᠯᠠᠯᠲᠠ ᠶᠢᠨ ᠥᠭᠡᠷᠡᠴᠢᠯᠡᠯᠲᠡ ᠶᠢ ︽ᠰᠢᠨ᠎ᠡ︾ ᠲᠡᠶᠢᠰᠢ ᠬᠦᠴᠦᠯᠡᠵᠦ᠂ ᠤᠰᠤᠨ ᠳᠤ | ᠡᠪᠳᠡᠭᠳᠡᠭᠰᠡᠨ ᠲᠥᠬᠦᠭᠡᠷᠦᠮᠵᠢ ᠶᠢ ᠰᠡᠯᠪᠢᠨ ᠵᠠᠰᠠᠬᠤ ᠬᠤᠷᠳᠤᠴᠠ ᠶᠢ ᠲᠦᠷᠭᠡᠳᠬᠡᠪᠡ ᠁ ᠴᠢ ᠯᠦ ᠡᠬᠡ ᠭᠠᠵᠠᠷ᠂ | ᠵᠤᠨ ᠤ ᠨᠣᠭᠤᠭᠠᠨ ᠠᠩᠬ᠎ᠠ ᠪᠦᠷᠢᠯᠳᠦᠵᠦ᠂ ᠲᠦᠮᠡᠨ ᠪᠣᠳᠠᠰ ᠬᠥᠭᠵᠢᠨ ᠪᠠᠳᠠᠷᠠᠵᠤ᠂ ᠤᠯᠤᠰ ᠤᠨ ᠵᠢᠭᠡᠯᠡᠯᠭᠡ ᠶᠢᠨ | ᠤᠰᠤᠨ ᠠᠰᠢᠭᠯᠠᠯᠲᠠ ᠶᠢᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠠᠭ ᠠᠮᠵᠢᠯᠲᠠ ᠣᠯᠵᠤ᠂ | ᠱᠠᠨᠳᠦ᠋ᠩ ᠤᠨ ᠣᠳᠣ ᠦᠶ᠎ᠡ ᠶᠢᠨ ᠤᠰᠤᠨ ᠲᠣᠣᠷ ᠢ ᠲᠦᠷᠭᠡᠳᠭᠡᠨ ᠪᠠᠶᠢᠭᠤᠯᠬᠤ ᠳᠤ ᠬᠦᠴᠦᠨ ᠨᠡᠮᠡᠷᠢᠯᠡᠵᠡᠢ᠃ | 2023 ᠣᠨ ᠤ ᠳᠥᠷᠪᠡᠳᠦᠭᠡᠷ ᠤᠯᠠᠷᠢᠯ ᠳᠤ᠂ ᠲᠥᠪ ᠤᠨ ᠡᠳ᠋ ᠤᠨ ᠵᠠᠰᠠᠭ ᠠᠴᠠ 1 ᠲᠦᠮᠡᠨ ᠳ᠋ᠦᠩᠰᠢᠭᠤᠷ | ᠤᠯᠤᠰ ᠤᠨ ᠵᠢᠭᠡᠯᠡᠯᠭᠡ ᠶᠢ ᠨᠡᠮᠡᠨ ᠣᠯᠭᠤᠵᠤ᠂ ᠭᠠᠮᠰᠢᠭ ᠤᠨ ᠳᠠᠷᠠᠭᠠᠬᠢ ᠰᠡᠷᠭᠦᠭᠡᠵᠦ ᠳᠠᠬᠢᠨ ᠪᠦᠲᠦᠭᠡᠨ | ᠪᠠᠶᠢᠭᠤᠯᠬᠤ ᠶᠢ ᠳᠡᠮᠵᠢᠬᠦ ᠪᠠ ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠴᠢᠳᠠᠪᠤᠷᠢ ᠪᠠᠨ ᠳᠡᠭᠡᠭᠰᠢᠯᠡᠭᠦᠯᠬᠦ ᠳᠤ | ᠲᠤᠰᠬᠠᠶ ᠵᠦᠢᠯ ᠢᠶᠠᠷ ᠬᠡᠷᠡᠭᠯᠡᠨ᠎ᠡ᠃ ᠱᠠᠨᠳᠦ᠋ᠩ ᠤᠨ ᠲᠤᠰ ᠡᠭᠡᠯᠵᠢ ᠶᠢᠨ ᠤᠯᠤᠰ ᠤᠨ ᠵᠢᠭᠡᠯᠡᠯᠭᠡ ᠶᠢ 157.3 | ᠳ᠋ᠦᠩᠰᠢᠭᠤᠷ ᠲᠦᠭᠦᠷᠢᠭ ᠨᠡᠮᠡᠨ ᠲᠠᠷᠬᠠᠭᠠᠵᠤ᠂ ᠤᠰᠤᠨ ᠠᠰᠢᠭᠯᠠᠯᠲᠠ ᠶᠢᠨ ᠲᠥᠷᠥᠯ ᠵᠦᠢᠯ 120 ᠶᠢ | ᠣᠷᠣᠭᠤᠯᠤᠨ᠂ ᠲᠣᠮᠣ ᠳᠤᠮᠳᠠ ᠬᠡᠯᠪᠡᠷᠢ ᠶᠢᠨ ᠤᠰᠤᠨ ᠴᠥᠭᠦᠷᠥᠮ ᠤᠨ ᠪᠠᠶᠢᠭᠤᠯᠤᠯᠲᠠ᠂ ᠤᠰᠤᠯᠠᠯᠲᠠ ᠶᠢᠨ | ᠣᠷᠣᠨ ᠤ ᠣᠳᠣᠬᠢᠴᠢᠯᠠᠭᠰᠠᠨ ᠥᠭᠡᠷᠡᠴᠢᠯᠡᠯᠲᠡ᠂ ᠤᠰᠤᠨ ᠳᠤ ᠡᠪᠳᠡᠭᠳᠡᠭᠰᠡᠨ ᠲᠥᠬᠦᠭᠡᠷᠦᠮᠵᠢ ᠶᠢ ᠵᠠᠰᠠᠵᠤ ᠰᠡᠷᠭᠦᠭᠡᠬᠦ | ᠵᠡᠷᠭᠡ ᠨᠠᠢᠮᠠᠨ ᠶᠡᠭᠡ ᠲᠥᠷᠥᠯ ᠳᠤ ᠬᠤᠯᠪᠣᠭᠳᠠᠵᠠᠶ᠃ | ᠠᠭᠤᠯᠠ ᠶᠢᠨ ᠤᠰᠤᠯᠠᠯᠲᠠ ᠶᠢᠨ ᠣᠷᠣᠨ ᠳᠤ ᠪᠠᠶᠢᠷᠢᠯᠠᠵᠤ᠂ ᠭᠤᠷᠪᠠᠨ ᠭᠤᠣᠯ ᠰᠤᠪᠠᠭ ᠤᠨ ᠤᠰᠤᠨ ᠳᠤ | ᠡᠪᠳᠡᠭᠳᠡᠬᠦ ᠶᠢ ᠵᠠᠰᠠᠨ ᠰᠡᠷᠭᠦᠭᠡᠬᠦ ᠢᠨᠵᠧᠨᠧᠷᠢᠩ ᠤᠨ ᠡᠮᠦᠨᠡᠬᠢ ᠬᠤᠭᠤᠴᠠᠭᠠᠨ ᠤ ᠠᠵᠢᠯ ᠢ ᠨᠢᠭᠡᠨᠲᠡ | ᠦᠨᠳᠦᠰᠦᠨ ᠳᠡᠭᠡᠨ ᠪᠡᠶᠡᠯᠡᠭᠦᠯᠪᠡ︔ ᠯᠢᠶᠣᠣ ᠴᠧᠩ ᠭᠤᠸᠠᠨ ᠰᠢᠶᠠᠨ ᠳᠤ᠂ ᠳ᠋ᠠ ᠱᠠ ᠾᠧ ᠤᠰᠤᠨ | ᠴᠥᠭᠦᠷᠥᠮ ᠤᠨ ᠭᠠᠵᠠᠷ ᠰᠢᠷᠣᠶ ᠶᠢ ᠲᠠᠲᠠᠪᠤᠷᠢᠯᠠᠬᠤ ᠠᠵᠢᠯ ᠢ ᠶᠠᠭ ᠲᠦᠷᠭᠡᠳᠬᠡᠨ ᠠᠬᠢᠭᠤᠯᠵᠤ ᠪᠠᠶᠢᠨ᠎ᠠ︔ ᠳ᠋ᠧ | ᠵᠧᠤ ᠶᠢᠨ ᠯᠧ ᠯᠢᠩ ᠳᠤ ᠴᠣᠬᠤᠯᠠᠪᠤᠷᠢ ᠪᠠ ᠳᠠᠭᠠᠭᠠᠴᠢᠯᠠᠯᠲᠠ ᠵᠠᠷᠯᠠᠬᠤ ᠪᠠᠷᠢᠯᠭ᠎ᠠ ᠶᠢ ᠶᠠᠭ ᠠᠯᠬᠤᠮ ᠠᠯᠬᠤᠮ ᠢᠶᠠᠷ | ᠠᠬᠢᠭᠤᠯᠵᠤ ᠪᠠᠶᠢᠨ᠎ᠠ︔ ᠪᠢᠨ ᠵᠧᠦ ᠳᠤ ᠬᠠᠰᠢᠵᠤ᠂ ᠴᠤᠤᠶᠠᠩ ᠤᠨ ᠤᠷᠤᠰᠬᠠᠯ ᠢ ᠬᠤᠷᠢᠭᠯᠠᠬᠤ ᠬᠠᠭᠠᠯᠲᠠ ᠶᠢᠨ | ᠪᠠᠷᠢᠯᠭ᠎ᠠ ᠶᠢ ᠨᠢᠭᠡᠨᠲᠡ ᠤᠷᠤᠭᠰᠢᠲᠠᠶ ᠡᠬᠢᠯᠡᠭᠦᠯᠪᠡ ᠁ ᠱᠠᠨᠳᠦ᠋ᠩ ᠤᠨ 16 ᠲᠤᠰᠬᠠᠶ ᠣᠷᠣᠨ ᠬᠤᠲᠠ ᠤᠰᠤᠨ | ᠠᠰᠢᠭᠯᠠᠯᠲᠠ ᠶᠢᠨ ᠪᠥᠲᠥᠭᠡᠨ ᠪᠠᠶᠢᠭᠤᠯᠤᠯᠲᠠ ᠶᠢ ᠠᠬᠢᠭᠤᠯᠵᠤ᠂ 5 ᠳ᠋ᠤᠭᠠᠷ ᠰᠠᠷ᠎ᠠ ᠶᠢᠨ 15 ᠤ ᠡᠳᠦᠷ ᠪᠣᠯᠲᠠᠯ᠎ᠠ᠂ | ᠪᠥᠬᠦ ᠮᠤᠵᠢ ᠶᠢᠨ 120 ᠤᠯᠤᠰ ᠤᠨ ᠵᠢᠭᠡᠯᠡᠯᠭᠡ ᠶᠢᠨ ᠤᠰᠤᠨ ᠠᠰᠢᠭᠯᠠᠯᠲᠠ ᠶᠢᠨ ᠪᠥᠲᠥᠭᠡᠨ ᠪᠠᠶᠢᠭᠤᠯᠤᠯᠲᠠ ᠶᠢᠨ | ᠤᠯᠤᠰ ᠤᠨ ᠵᠢᠭᠡᠯᠡᠯᠭᠡ ᠶᠢᠨ ᠪᠡᠯᠡ ᠮᠥᠩᠭᠦ ᠶᠢᠨ ᠪᠡᠯᠡ ᠣᠷᠣᠭᠤᠯᠤᠯᠲᠠ ᠶᠢᠨ ᠪᠡᠶᠡᠯᠡᠭᠦᠯᠦᠭᠰᠡᠨ ᠨᠤᠷᠮ᠎ᠠ 31% ᠳᠤ | ᠬᠦ᠋ᠷᠴᠡᠶ᠃ | |