ᠠᠷᠠᠳ ᠤᠨ ᠡᠳᠦᠷ ᠤᠨ ᠰᠣᠨᠢᠨ᠄ ᠱᠠᠨᠳᠦ᠋ᠩ ᠤᠨ ᠣᠳᠣ ᠦᠶ᠎ᠡ ᠶᠢᠨ ᠤᠰᠤᠨ ᠠᠰᠢᠭᠯᠠᠯᠲᠠ ᠶᠢᠨ ᠪᠥᠲᠥᠭᠡᠨ ᠪᠠᠶᠢᠭᠤᠯᠤᠯᠲᠠ ᠳᠤ ᠤᠯᠤᠰ ᠤᠨ ᠵᠢᠭᠡᠯᠡᠯᠭᠡ ᠶᠢ ᠨᠡᠮᠡᠵᠦ ᠲᠠᠷᠬᠠᠭᠠᠵᠤ ᠤᠰᠤᠨ ᠠᠰᠢᠭᠯᠠᠯᠲᠠ ᠶᠢᠨ 120 ᠲᠦᠰᠦᠯ ᠢ ᠳᠡᠮᠵᠢᠪᠡ
ᠨᠡᠶᠢᠲᠡᠯᠡᠭᠰᠡᠨ ᠴᠠᠭ᠄
2024/5/28
  ᠤᠰᠤᠨ ᠴᠥᠭᠦᠷᠥᠮ ᠤᠨ ᠪᠦᠲᠦᠭᠡᠨ ᠪᠠᠶᠢᠭᠤᠯᠤᠯᠲᠠ ᠶᠢᠨ ᠲᠤᠬᠠᠢ ᠶᠢᠨ ᠲᠠᠯᠠᠪᠠᠢ ᠳᠤ ᠬᠦᠷ ᠬᠥᠭᠵᠢᠶᠡᠨ ᠲᠠᠢ ᠪᠠᠶᠢᠵᠤ᠂ ᠲᠠᠲᠠᠪᠤᠷᠢᠯᠠᠨ ᠨᠡᠭᠦᠯᠭᠡᠵᠦ ᠲᠥᠪᠬᠢᠨᠡᠭᠦᠯᠬᠦ ᠨᠥᠬᠦᠪᠦᠷᠢ ᠶᠢ ᠤᠷᠤᠭᠰᠢᠲᠠᠢ ᠠᠬᠢᠭᠤᠯᠵᠤ᠂ ᠤᠰᠤᠯᠠᠯᠲᠠ ᠶᠢᠨ ᠣᠷᠣᠨ ᠤ ᠣᠳᠣᠬᠢᠴᠢᠯᠠᠯᠲᠠ ᠶᠢᠨ ᠥᠭᠡᠷᠡᠴᠢᠯᠡᠯᠲᠡ ᠶᠢ ︽ᠰᠢᠨ᠎ᠡ︾ ᠲᠡᠶᠢᠰᠢ ᠬᠦᠴᠦᠯᠡᠵᠦ᠂ ᠤᠰᠤᠨ ᠳᠤ ᠡᠪᠳᠡᠭᠳᠡᠭᠰᠡᠨ ᠲᠥᠬᠦᠭᠡᠷᠦᠮᠵᠢ ᠶᠢ ᠰᠡᠯᠪᠢᠨ ᠵᠠᠰᠠᠬᠤ ᠬᠤᠷᠳᠤᠴᠠ ᠶᠢ ᠲᠦᠷᠭᠡᠳᠬᠡᠪᠡ ᠁ ᠴᠢ ᠯᠦ ᠡᠬᠡ ᠭᠠᠵᠠᠷ᠂ ᠵᠤᠨ ᠤ ᠨᠣᠭᠤᠭᠠᠨ ᠠᠩᠬ᠎ᠠ ᠪᠦᠷᠢᠯᠳᠦᠵᠦ᠂ ᠲᠦᠮᠡᠨ ᠪᠣᠳᠠᠰ ᠬᠥᠭᠵᠢᠨ ᠪᠠᠳᠠᠷᠠᠵᠤ᠂ ᠤᠯᠤᠰ ᠤᠨ ᠵᠢᠭᠡᠯᠡᠯᠭᠡ ᠶᠢᠨ ᠤᠰᠤᠨ ᠠᠰᠢᠭᠯᠠᠯᠲᠠ ᠶᠢᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠠᠭ ᠠᠮᠵᠢᠯᠲᠠ ᠣᠯᠵᠤ᠂ ᠱᠠᠨᠳᠦ᠋ᠩ ᠤᠨ ᠣᠳᠣ ᠦᠶ᠎ᠡ ᠶᠢᠨ ᠤᠰᠤᠨ ᠲᠣᠣᠷ ᠢ ᠲᠦᠷᠭᠡᠳᠭᠡᠨ ᠪᠠᠶᠢᠭᠤᠯᠬᠤ ᠳᠤ ᠬᠦᠴᠦᠨ ᠨᠡᠮᠡᠷᠢᠯᠡᠵᠡᠢ᠃  2023 ᠣᠨ ᠤ ᠳᠥᠷᠪᠡᠳᠦᠭᠡᠷ ᠤᠯᠠᠷᠢᠯ ᠳᠤ᠂ ᠲᠥᠪ ᠤᠨ ᠡᠳ᠋ ᠤᠨ ᠵᠠᠰᠠᠭ ᠠᠴᠠ 1 ᠲᠦᠮᠡᠨ ᠳ᠋ᠦᠩᠰᠢᠭᠤᠷ ᠤᠯᠤᠰ ᠤᠨ ᠵᠢᠭᠡᠯᠡᠯᠭᠡ ᠶᠢ ᠨᠡᠮᠡᠨ ᠣᠯᠭᠤᠵᠤ᠂ ᠭᠠᠮᠰᠢᠭ ᠤᠨ ᠳᠠᠷᠠᠭᠠᠬᠢ ᠰᠡᠷᠭᠦᠭᠡᠵᠦ ᠳᠠᠬᠢᠨ ᠪᠦᠲᠦᠭᠡᠨ ᠪᠠᠶᠢᠭᠤᠯᠬᠤ ᠶᠢ ᠳᠡᠮᠵᠢᠬᠦ ᠪᠠ ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠴᠢᠳᠠᠪᠤᠷᠢ ᠪᠠᠨ ᠳᠡᠭᠡᠭᠰᠢᠯᠡᠭᠦᠯᠬᠦ ᠳᠤ ᠲᠤᠰᠬᠠᠶ ᠵᠦᠢᠯ ᠢᠶᠠᠷ ᠬᠡᠷᠡᠭᠯᠡᠨ᠎ᠡ᠃ ᠱᠠᠨᠳᠦ᠋ᠩ ᠤᠨ ᠲᠤᠰ ᠡᠭᠡᠯᠵᠢ ᠶᠢᠨ ᠤᠯᠤᠰ ᠤᠨ ᠵᠢᠭᠡᠯᠡᠯᠭᠡ ᠶᠢ 157.3 ᠳ᠋ᠦᠩᠰᠢᠭᠤᠷ ᠲᠦᠭᠦᠷᠢᠭ ᠨᠡᠮᠡᠨ ᠲᠠᠷᠬᠠᠭᠠᠵᠤ᠂ ᠤᠰᠤᠨ ᠠᠰᠢᠭᠯᠠᠯᠲᠠ ᠶᠢᠨ ᠲᠥᠷᠥᠯ ᠵᠦᠢᠯ 120 ᠶᠢ       ᠣᠷᠣᠭᠤᠯᠤᠨ᠂ ᠲᠣᠮᠣ ᠳᠤᠮᠳᠠ ᠬᠡᠯᠪᠡᠷᠢ ᠶᠢᠨ ᠤᠰᠤᠨ ᠴᠥᠭᠦᠷᠥᠮ ᠤᠨ ᠪᠠᠶᠢᠭᠤᠯᠤᠯᠲᠠ᠂ ᠤᠰᠤᠯᠠᠯᠲᠠ ᠶᠢᠨ ᠣᠷᠣᠨ ᠤ ᠣᠳᠣᠬᠢᠴᠢᠯᠠᠭᠰᠠᠨ ᠥᠭᠡᠷᠡᠴᠢᠯᠡᠯᠲᠡ᠂ ᠤᠰᠤᠨ ᠳᠤ ᠡᠪᠳᠡᠭᠳᠡᠭᠰᠡᠨ ᠲᠥᠬᠦᠭᠡᠷᠦᠮᠵᠢ ᠶᠢ ᠵᠠᠰᠠᠵᠤ ᠰᠡᠷᠭᠦᠭᠡᠬᠦ ᠵᠡᠷᠭᠡ ᠨᠠᠢᠮᠠᠨ ᠶᠡᠭᠡ ᠲᠥᠷᠥᠯ ᠳᠤ ᠬᠤᠯᠪᠣᠭᠳᠠᠵᠠᠶ᠃  ᠠᠭᠤᠯᠠ ᠶᠢᠨ ᠤᠰᠤᠯᠠᠯᠲᠠ ᠶᠢᠨ ᠣᠷᠣᠨ ᠳᠤ ᠪᠠᠶᠢᠷᠢᠯᠠᠵᠤ᠂ ᠭᠤᠷᠪᠠᠨ ᠭᠤᠣᠯ ᠰᠤᠪᠠᠭ ᠤᠨ ᠤᠰᠤᠨ ᠳᠤ ᠡᠪᠳᠡᠭᠳᠡᠬᠦ ᠶᠢ ᠵᠠᠰᠠᠨ ᠰᠡᠷᠭᠦᠭᠡᠬᠦ ᠢᠨᠵᠧᠨᠧᠷᠢᠩ ᠤᠨ ᠡᠮᠦᠨᠡᠬᠢ ᠬᠤᠭᠤᠴᠠᠭᠠᠨ ᠤ ᠠᠵᠢᠯ ᠢ ᠨᠢᠭᠡᠨᠲᠡ ᠦᠨᠳᠦᠰᠦᠨ ᠳᠡᠭᠡᠨ ᠪᠡᠶᠡᠯᠡᠭᠦᠯᠪᠡ︔ ᠯᠢᠶᠣᠣ ᠴᠧᠩ ᠭᠤᠸᠠᠨ ᠰᠢᠶᠠᠨ ᠳᠤ᠂ ᠳ᠋ᠠ ᠱᠠ ᠾᠧ ᠤᠰᠤᠨ ᠴᠥᠭᠦᠷᠥᠮ ᠤᠨ ᠭᠠᠵᠠᠷ ᠰᠢᠷᠣᠶ ᠶᠢ ᠲᠠᠲᠠᠪᠤᠷᠢᠯᠠᠬᠤ ᠠᠵᠢᠯ ᠢ ᠶᠠᠭ ᠲᠦᠷᠭᠡᠳᠬᠡᠨ ᠠᠬᠢᠭᠤᠯᠵᠤ ᠪᠠᠶᠢᠨ᠎ᠠ︔ ᠳ᠋ᠧ ᠵᠧᠤ ᠶᠢᠨ ᠯᠧ ᠯᠢᠩ ᠳᠤ ᠴᠣᠬᠤᠯᠠᠪᠤᠷᠢ ᠪᠠ ᠳᠠᠭᠠᠭᠠᠴᠢᠯᠠᠯᠲᠠ ᠵᠠᠷᠯᠠᠬᠤ ᠪᠠᠷᠢᠯᠭ᠎ᠠ ᠶᠢ ᠶᠠᠭ ᠠᠯᠬᠤᠮ ᠠᠯᠬᠤᠮ ᠢᠶᠠᠷ ᠠᠬᠢᠭᠤᠯᠵᠤ ᠪᠠᠶᠢᠨ᠎ᠠ︔ ᠪᠢᠨ ᠵᠧᠦ ᠳᠤ ᠬᠠᠰᠢᠵᠤ᠂ ᠴᠤᠤᠶᠠᠩ ᠤᠨ ᠤᠷᠤᠰᠬᠠᠯ ᠢ ᠬᠤᠷᠢᠭᠯᠠᠬᠤ ᠬᠠᠭᠠᠯᠲᠠ ᠶᠢᠨ ᠪᠠᠷᠢᠯᠭ᠎ᠠ ᠶᠢ ᠨᠢᠭᠡᠨᠲᠡ ᠤᠷᠤᠭᠰᠢᠲᠠᠶ ᠡᠬᠢᠯᠡᠭᠦᠯᠪᠡ ᠁ ᠱᠠᠨᠳᠦ᠋ᠩ ᠤᠨ 16 ᠲᠤᠰᠬᠠᠶ ᠣᠷᠣᠨ ᠬᠤᠲᠠ ᠤᠰᠤᠨ ᠠᠰᠢᠭᠯᠠᠯᠲᠠ ᠶᠢᠨ ᠪᠥᠲᠥᠭᠡᠨ ᠪᠠᠶᠢᠭᠤᠯᠤᠯᠲᠠ ᠶᠢ ᠠᠬᠢᠭᠤᠯᠵᠤ᠂ 5 ᠳ᠋ᠤᠭᠠᠷ ᠰᠠᠷ᠎ᠠ ᠶᠢᠨ 15 ᠤ ᠡᠳᠦᠷ ᠪᠣᠯᠲᠠᠯ᠎ᠠ᠂ ᠪᠥᠬᠦ ᠮᠤᠵᠢ ᠶᠢᠨ 120 ᠤᠯᠤᠰ ᠤᠨ ᠵᠢᠭᠡᠯᠡᠯᠭᠡ ᠶᠢᠨ ᠤᠰᠤᠨ ᠠᠰᠢᠭᠯᠠᠯᠲᠠ ᠶᠢᠨ ᠪᠥᠲᠥᠭᠡᠨ ᠪᠠᠶᠢᠭᠤᠯᠤᠯᠲᠠ ᠶᠢᠨ ᠤᠯᠤᠰ ᠤᠨ ᠵᠢᠭᠡᠯᠡᠯᠭᠡ ᠶᠢᠨ ᠪᠡᠯᠡ ᠮᠥᠩᠭᠦ ᠶᠢᠨ ᠪᠡᠯᠡ ᠣᠷᠣᠭᠤᠯᠤᠯᠲᠠ ᠶᠢᠨ ᠪᠡᠶᠡᠯᠡᠭᠦᠯᠦᠭᠰᠡᠨ ᠨᠤᠷᠮ᠎ᠠ 31% ᠳᠤ ᠬᠦ᠋ᠷᠴᠡᠶ᠃   
 
ᠢᠷᠡᠯᠲᠡ᠄ ᠠᠷᠠᠳ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号