︽2024 ᠣᠨ ᠤ ᠮᠤᠵᠢ ᠶᠢᠨ ᠱᠠᠲᠤᠨ ᠤ ᠬᠢᠨᠠᠨ ᠬᠡᠮᠵᠢᠯᠲᠡ ᠶᠢᠨ ᠣᠷᠣᠨ ᠪᠦᠰᠡ ᠶᠢᠨ ᠤᠰᠤ ᠰᠢᠷᠤᠢ ᠶᠢᠨ ᠢᠳᠡᠭᠳᠡᠯ ᠢ ᠬᠥᠳᠡᠯᠦᠩᠭᠦᠶ ᠪᠠᠷ ᠬᠢᠨᠠᠨ ᠬᠡᠮᠵᠢᠬᠦ ᠠᠯᠤᠰ ᠮᠡᠳᠡᠷᠡᠮᠵᠢ ᠶᠢ ᠵᠠᠳᠠᠯᠤᠨ ᠣᠷᠴᠢᠭᠤᠯᠬᠤ ᠪᠠ ᠳ᠋ᠦᠩᠨᠡᠨ ᠵᠠᠳᠠᠯᠬᠤ︾᠎ ᠶᠢᠨ ᠳᠠᠭᠠᠭᠠᠴᠢᠯᠠᠯᠲᠠ ᠵᠠᠷᠯᠠᠬᠤ ᠶᠢ ᠣᠷᠣᠯᠠᠬᠤ ᠪᠠᠶᠢᠭᠤᠯᠤᠮᠵᠢ ᠶᠢᠨ ᠢᠯᠡ ᠪᠠᠷ ᠬᠠᠷᠢᠴᠠᠭᠤᠯᠤᠨ ᠰᠣᠩᠭᠤᠬᠤ ᠠᠯᠪᠠᠨ ᠵᠠᠷ
ᠨᠡᠶᠢᠲᠡᠯᠡᠭᠰᠡᠨ ᠴᠠᠭ᠄
2024/5/6
  ︽ᠡᠷᠬᠡ ᠲᠡᠭᠰᠢ᠂ ᠲᠥᠪ ᠭᠤᠣᠯᠴᠢ᠂ ᠢᠯᠡ ᠲᠣᠳᠣ︾ ᠪᠠᠶᠢᠬᠤ ᠵᠠᠷᠴᠢᠮ ᠶᠣᠰᠣᠭᠠᠷ᠂ ᠮᠠᠨ ᠤ ᠲᠥᠪ ᠣᠲᠣ ᠢᠯᠡ ᠪᠠᠷ 2024 ᠣᠨ ᠤ ᠮᠤᠵᠢ ᠶᠢᠨ ᠱᠠᠲᠤᠨ ᠤ ᠬᠢᠨᠠᠨ ᠬᠡᠮᠵᠢᠯᠲᠡ ᠶᠢᠨ ᠣᠷᠣᠨ ᠪᠦᠰᠡ ᠶᠢᠨ ᠤᠰᠤ ᠰᠢᠷᠤᠢ ᠶᠢᠨ ᠢᠳᠡᠭᠳᠡᠯ ᠢ ᠬᠥᠳᠡᠯᠦᠩᠭᠦᠶ ᠪᠠᠷ ᠬᠢᠨᠠᠨ ᠬᠡᠮᠵᠢᠬᠦ ᠠᠯᠤᠰ ᠮᠡᠳᠡᠷᠡᠮᠵᠢ ᠶᠢᠨ ᠵᠠᠳᠠᠯᠤᠯᠳᠠ ᠪᠠ ᠪᠤᠳᠤᠯᠳᠠ ᠶᠢᠨ ᠵᠠᠳᠠᠯᠤᠯᠲᠠ ᠶᠢᠨ ᠲᠥᠷᠥᠯ ᠵᠦᠢᠯ ᠤᠨ ᠳᠠᠭᠠᠭᠠᠴᠢᠯᠠᠯᠲᠠ ᠵᠠᠷᠯᠠᠬᠤ ᠣᠷᠣᠯᠠᠬᠤ ᠪᠠᠶᠢᠭᠤᠯᠤᠮᠵᠢ ᠶᠢ ᠰᠣᠩᠭᠤᠬᠤ ᠪᠠᠷ ᠳᠠᠮᠵᠢᠭᠤᠯᠤᠨ ᠳᠠᠭᠠᠭᠠᠴᠢᠯᠠᠯᠲᠠ ᠵᠠᠷᠯᠠᠵᠤ ᠣᠷᠣᠯᠠᠬᠤ ᠠᠵᠢᠯ ᠢ ᠥᠷᠨᠢᠭᠦᠯᠪᠡ᠃ ᠡᠳᠦᠭᠡ ᠬᠤᠯᠪᠣᠭᠳᠠᠯ ᠪᠦᠬᠦᠢ ᠤᠴᠢᠷ ᠢ ᠳᠣᠣᠷᠠᠬᠢ ᠮᠡᠲᠦ ᠵᠠᠷᠯᠠᠶ᠎ᠠ᠄  ᠨᠢᠭᠡ᠂ ᠲᠥᠷᠥᠯ ᠵᠦᠢᠯ ᠤᠨ ᠲᠦᠢᠮᠣ ᠪᠠᠶᠢᠳᠠᠯ  1. ᠲᠥᠷᠥᠯ ᠵᠦᠢᠯ ᠤᠨ ᠨᠡᠷᠡᠶᠢᠳᠦᠯ᠄ 2024 ᠣᠨ ᠤ ᠮᠤᠵᠢ ᠶᠢᠨ ᠱᠠᠲᠤᠨ ᠤ ᠬᠢᠨᠠᠨ ᠬᠡᠮᠵᠢᠯᠲᠡ ᠶᠢᠨ ᠣᠷᠣᠨ ᠤ ᠤᠰᠤ ᠰᠢᠷᠤᠢ ᠶᠢᠨ ᠢᠳᠡᠭᠳᠡᠯ ᠤᠨ ᠬᠥᠳᠡᠯᠦᠯ ᠪᠠᠶᠢᠳᠠᠯ ᠢ ᠬᠢᠨᠠᠨ ᠬᠡᠮᠵᠢᠬᠦ ᠠᠯᠤᠰ ᠮᠡᠳᠡᠷᠡᠮᠵᠢ ᠶᠢᠨ ᠵᠠᠳᠠᠯᠤᠯᠲᠠ ᠪᠠ ᠪᠣᠳᠣᠯᠭ᠎ᠠ ᠶᠢᠨ ᠵᠠᠳᠠᠯᠤᠯᠲᠠ ᠶᠢᠨ ᠲᠥᠷᠥᠯ ᠵᠦᠢᠯ  2. ᠬᠡᠷᠡᠭᠵᠢᠭᠦᠯᠬᠦ ᠴᠠᠭ ᠪᠠ ᠭᠠᠵᠠᠷ᠄ 2024 ᠣᠨ ᠤ 5 ᠳ᠋ᠤᠭᠠᠷ ᠰᠠᠷ᠎ᠠ ᠳᠤ᠂ ᠬᠥᠬᠡᠬᠤᠲᠠ᠃  3. ᠳᠠᠭᠠᠭᠠᠴᠢᠯᠠᠯᠲᠠ ᠵᠠᠷᠯᠠᠬᠤ ᠶᠢ ᠣᠷᠣᠯᠠᠬᠤ ᠠᠭᠤᠯᠭ᠎ᠠ᠄ ᠳᠠᠭᠠᠭᠠᠴᠢᠯᠠᠯᠲᠠ ᠵᠠᠷᠯᠠᠬᠤ ᠣᠷᠣᠯᠠᠬᠤ ᠠᠵᠢᠯᠯᠠᠭ᠎ᠠ ᠶᠢ ᠵᠣᠬᠢᠶᠠᠨ ᠪᠠᠶᠢᠭᠤᠯᠤᠨ᠎ᠠ᠂ ᠡᠭᠦᠨ ᠳᠤ ᠳᠠᠭᠠᠭᠠᠴᠢᠯᠠᠯᠲᠠ ᠵᠠᠷᠯᠠᠬᠤ ᠪᠢᠴᠢᠭ ᠮᠠᠲ᠋ᠧᠷᠢᠶᠠᠯ ᠲᠣᠭᠲᠠᠭᠠᠬᠤ᠂ ᠠᠯᠪᠠᠨ ᠵᠠᠷ ᠨᠡᠶᠢᠲᠡᠯᠡᠬᠦ᠂ ᠲᠥᠷᠥᠯ ᠵᠦᠢᠯ ᠢ ᠥᠷᠨᠢᠭᠦᠯᠬᠦ ᠳᠤᠮᠳᠠᠬᠢ ᠰᠡᠵᠢᠭᠯᠡᠯ ︵ᠵᠢᠱᠢᠶᠡᠯᠡᠪᠡᠯ ᠪᠠᠶᠢᠬᠤ︶᠎ ᠢ ᠰᠢᠢᠳᠪᠦᠷᠢᠯᠡᠬᠦ᠂ ᠳᠠᠭᠠᠭᠠᠴᠢᠯᠠᠯᠲᠠ ᠨᠡᠶᠢᠲᠡᠯᠡᠬᠦ ᠶᠢ ᠵᠣᠬᠢᠶᠠᠨ ᠪᠠᠶᠢᠭᠤᠯᠬᠤ᠂ ᠳᠠᠭᠠᠭᠠᠴᠢᠯᠠᠯᠲᠠ ᠣᠯᠬᠤ ᠮᠡᠳᠡᠭᠳᠡᠯ ᠤᠨ ᠪᠢᠴᠢᠭ ᠲᠠᠷᠬᠠᠭᠠᠬᠤ᠂ ᠲᠥᠷᠥᠯ ᠵᠦᠢᠯ ᠢ ᠳᠠᠩᠰᠠ ᠡᠪᠬᠡᠮᠡᠯ ᠳᠤ ᠣᠷᠣᠭᠤᠯᠬᠤ ᠵᠡᠷᠭᠡ ᠶᠢ ᠪᠠᠭᠲᠠᠭᠠᠭᠰᠠᠨ ᠪᠣᠯᠪᠠᠴᠤ ᠦᠯᠦ ᠬᠢᠵᠠᠭᠠᠷᠯᠠᠨ᠎ᠠ᠃  ᠬᠤᠶᠠᠷ᠂ ᠣᠷᠣᠯᠠᠬᠤ ᠪᠠᠶᠢᠭᠤᠯᠤᠮᠵᠢ ᠶᠢᠨ ᠬᠢᠷᠢ ᠬᠡᠮ ᠤᠨ ᠱᠠᠭᠠᠷᠳᠠᠯᠭ᠎ᠠ  1. ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠬᠤᠳᠠᠯᠳᠤᠨ ᠠᠪᠬᠤ ᠰᠦᠯᠵᠢᠶ᠎ᠡ ᠶᠢᠨ ᠣᠷᠣᠯᠠᠨ ᠭᠦᠢᠴᠡᠳᠬᠡᠬᠦ ᠪᠠᠶᠢᠭᠤᠯᠤᠮᠵᠢ ᠶᠢᠨ ᠬᠥᠮᠥᠷᠭᠡ ᠶᠢ ᠪᠦᠷᠢᠳᠬᠡᠨ ᠳᠠᠩᠰᠠᠯᠠᠬᠤ  2. ᠲᠤᠰᠠᠭᠠᠷ ᠲᠣᠭᠲᠠᠨᠢᠭᠰᠠᠨ ᠬᠠᠤᠯᠢ ᠶᠢᠨ ᠡᠷᠬᠡᠲᠡᠨ ᠤ ᠬᠢᠷᠢ ᠭᠡᠮ ᠲᠠᠢ ᠪᠠᠶᠢᠭᠤᠯᠤᠮᠵᠢ ᠡᠷᠬᠡᠪᠰᠢ ᠰᠠᠶᠢᠨ ᠰᠠᠶᠢᠬᠠᠨ ᠡᠳ᠋ ᠤᠨ ᠶᠠᠪᠤᠳᠠᠯ ᠤᠨ ᠪᠠᠶᠢᠳᠠᠯ ᠪᠠ ᠬᠤᠳᠠᠯᠳᠤᠭᠠᠨ ᠤ ᠢᠲᠡᠭᠡᠯ ᠬᠦᠨᠳᠦ ᠲᠠᠢ ᠪᠠᠶᠢᠵᠤ᠂ ᠭᠦᠢᠴᠡᠳ ᠡᠳ᠋ ᠬᠥᠷᠥᠩᠭᠡ ᠪᠠ ᠴᠢᠳᠠᠪᠤᠷᠢ ᠲᠠᠢ ᠪᠠᠶᠢᠵᠤ ᠭᠡᠷ᠎ᠡ ᠶᠢ ᠭᠦᠢᠴᠡᠳᠬᠡᠬᠦ ᠬᠡᠷᠡᠭᠲᠡᠢ᠃  3. ᠲᠤᠰ ᠭᠠᠵᠠᠷ ᠤᠨ ᠲᠤᠰᠠᠭᠠᠷ ᠳᠠᠭᠠᠭᠠᠴᠢᠯᠠᠯᠲᠠ ᠵᠠᠷᠯᠠᠬᠤ ᠭᠠᠵᠠᠷ ᠪᠣᠯᠤᠨ ᠲᠥᠬᠦᠭᠡᠷᠦᠮᠵᠢ ᠪᠦᠷᠢᠳᠦᠭᠦᠯᠦᠭᠰᠡᠨ᠃  ᠭᠤᠷᠪᠠ᠂ ᠨᠡᠷ᠎ᠡ ᠮᠡᠳᠡᠭᠦᠯᠬᠦ ᠳᠡᠭᠡᠨ ᠠᠪᠴᠤ ᠶᠠᠪᠤᠬᠤ ᠬᠡᠷᠡᠭᠲᠡᠶ  1. ᠨᠡᠷ᠎ᠡ ᠮᠡᠳᠡᠭᠦᠯᠦᠭᠰᠡᠨ ᠬᠥᠮᠥᠨ ᠲᠤᠰ ᠬᠥᠮᠥᠨ ᠤ ᠪᠡᠶ᠎ᠡ ᠶᠢᠨ ᠦᠨᠡᠮᠯᠡᠯ ᠤᠨ ᠤᠭ ᠮᠠᠲ᠋ᠧᠷᠢᠶᠠᠯ ᠢᠶᠠᠨ ᠭᠠᠷᠭᠠᠨ ᠦᠵᠡᠭᠦᠯᠵᠦ᠂ ᠪᠠᠭᠤᠯᠭᠠᠪᠤᠷᠢ ᠶᠢ ᠬᠠᠩᠭᠠᠨ᠎ᠠ᠃  2. ᠨᠡᠷ᠎ᠡ ᠮᠡᠳᠡᠭᠦᠯᠦᠭᠴᠢ ᠨᠢ ᠬᠠᠤᠯᠢ ᠪᠠᠷ ᠲᠣᠭᠲᠠᠭᠠᠭᠰᠠᠨ ᠲᠥᠯᠥᠭᠡᠯᠡᠭᠴᠢ ᠶᠢᠨ ᠭᠠᠷ ᠤᠨ ᠦᠰᠦᠭ       ᠵᠢᠷᠤᠬᠤ᠂ ᠺᠣᠮᠫᠠᠨᠢ ᠶᠢᠨ ᠲᠠᠮᠠᠭ᠎ᠠ ᠳᠠᠷᠤᠭᠰᠠᠨ ︽ᠡᠷᠬᠡ ᠣᠯᠭᠤᠭᠰᠠᠨ ᠨᠠᠶᠢᠳᠠᠯᠭ᠎ᠠ ᠶᠢᠨ ᠪᠢᠴᠢᠭ︾ ᠭᠠᠷᠭᠠᠵᠤ ᠥᠭᠭᠦᠨ᠎ᠡ︔  3.ᠤᠯᠤᠰ ᠤᠨ ᠦᠢᠯᠡᠳᠪᠦᠷᠢ ᠬᠤᠳᠠᠯᠳᠤᠭᠠᠨ ᠤ ᠪᠠᠶᠢᠭᠤᠯᠭ᠎ᠠ ᠶᠢᠨ ᠣᠨ ᠤ ᠪᠠᠶᠢᠴᠠᠭᠠᠯᠲᠠ ᠳᠤ ᠬᠢᠷᠢ ᠲᠡᠩᠴᠡᠭᠰᠡᠨ ᠨᠢ ᠬᠦᠴᠦᠨ ᠲᠠᠢ ᠮᠥᠷᠲᠡᠭᠡᠨ ᠠᠵᠤ ᠠᠬᠤᠶᠢᠯᠠᠯ ᠤᠨ ᠠᠯᠪᠠᠨ ᠲᠠᠮᠠᠭ᠎ᠠ ᠳᠠᠷᠤᠭᠰᠠᠨ ᠡᠵᠡᠩᠨᠡᠯᠲᠡ ᠶᠢᠨ ᠦᠨᠡᠮᠯᠡᠯ ᠤᠨ ᠬᠠᠭᠤᠯᠪᠤᠷᠢ ᠳᠡᠪᠲᠡᠷ ᠤᠨ ᠬᠠᠭᠤᠯᠪᠤᠷᠢ᠃  4. ᠣᠶᠢᠷ᠎ᠠ ᠶᠢᠨ ᠬᠠᠭᠠᠰ ᠵᠢᠯ ᠳᠠᠷᠠᠭᠠᠯᠠᠨ ᠭᠤᠷᠪᠠᠨ ᠰᠠᠷ᠎ᠠ ᠨᠡᠶᠢᠭᠡᠮ ᠤᠨ ᠪᠠᠲᠤᠯᠠᠭ᠎ᠠ ᠶᠢᠨ ᠪᠡᠯᠡ ᠮᠥᠩᠭᠦ ᠲᠤᠰᠢᠶᠠᠭᠰᠠᠨ ᠭᠡᠷᠡᠴᠢ ᠮᠠᠲ᠋ᠧᠷᠢᠶᠠᠯ᠂ ᠪᠠᠷᠤᠭ ᠬᠠᠭᠠᠰ ᠵᠢᠯ ᠳᠤ ᠳᠠᠷᠠᠭᠠᠯᠠᠨ ᠭᠤᠷᠪᠠᠨ ᠰᠠᠷ᠎ᠠ ᠭᠠᠶᠢᠯᠢ ᠲᠠᠲᠠᠪᠤᠷᠢ ᠲᠤᠰᠢᠶᠠᠭᠰᠠᠨ ᠭᠡᠷᠡᠴᠢ ᠮᠠᠲ᠋ᠧᠷᠢᠶᠠᠯ︔  5.2023 ᠪᠤᠶᠤ 2022 ᠣᠨ ᠳᠤ ᠬᠢᠨᠠᠨ ᠪᠤᠳᠤᠬᠤ ᠰᠠᠯᠠᠭ᠎ᠠ ᠮᠥᠴᠢᠷ ᠪᠤᠶᠤ ᠨᠢᠭᠲᠠᠯᠠᠨ ᠪᠤᠳᠤᠬᠤ ᠬᠡᠷᠡᠭ ᠡᠷᠬᠢᠯᠡᠬᠦ ᠭᠠᠵᠠᠷ ᠤᠨ ᠬᠢᠵᠦ ᠥᠭᠭᠦᠭᠰᠡᠨ ᠬᠢᠨᠠᠨ ᠪᠤᠳᠤᠬᠤ ᠮᠡᠳᠡᠭᠦᠯᠦᠯᠲᠡ ᠪᠤᠶᠤ ᠺᠣᠮᠫᠠᠨᠢ ᠶᠢᠨ ᠦᠨᠳᠦᠰᠦᠨ ᠡᠷᠦᠬᠡ ᠶᠢᠨ ᠳᠠᠩᠰᠠ ᠪᠠᠶᠢᠭᠤᠯᠤᠭᠰᠠᠨ ᠪᠠᠩᠬᠢ ᠶᠢᠨ ᠬᠢᠵᠦ ᠥᠭᠭᠦᠭᠰᠡᠨ ᠬᠢᠷᠢ ᠬᠡᠮ ᠤᠨ ᠢᠲᠡᠭᠡᠮᠵᠢ ᠶᠢᠨ ᠭᠡᠷᠡᠴᠢ︔  6. ︽ᠳᠤᠮᠳᠠᠳᠤ ᠤᠯᠤᠰ ᠤᠨ ᠵᠠᠰᠠᠭ ᠤᠨ ᠣᠷᠳᠣᠨ ᠤ ᠬᠤᠳᠠᠯᠳᠤᠨ ᠠᠪᠬᠤ ᠰᠦᠯᠵᠢᠶ᠎ᠡ︾ ᠵᠢᠴᠢ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠬᠤᠳᠠᠯᠳᠤᠨ ᠠᠪᠬᠤ ᠰᠦᠯᠵᠢᠶ᠎ᠡ︾᠎ ᠶᠢᠨ ᠣᠷᠣᠯᠠᠬᠤ ᠪᠠᠶᠢᠭᠤᠯᠤᠮᠵᠢ ᠳᠤ ᠳᠡᠩᠰᠡᠯᠡᠵᠦ ᠬᠥᠮᠥᠷᠭᠡ ᠳᠤ ᠣᠷᠣᠭᠤᠯᠤᠭᠰᠠᠨ ᠵᠢᠷᠤᠭ ᠢ ᠭᠡᠷᠡᠴᠢᠯᠡᠬᠦ ᠮᠠᠲ᠋ᠧᠷᠢᠶᠠᠯ᠃  7. ︽ᠢᠲᠡᠭᠡᠮᠵᠢᠲᠦ ᠳᠤᠮᠳᠠᠳᠤ ᠤᠯᠤᠰ︾ ᠰᠦᠯᠵᠢᠶ᠎ᠡ ︵www.creditchina.gov.cn ︶ ᠢᠲᠡᠭᠡᠯ ᠢᠶᠠᠨ ᠠᠯᠳᠠᠭᠰᠠᠨ ᠭᠦᠢᠴᠡᠳᠬᠡᠭᠴᠢ ᠪᠠ ᠬᠦᠨᠳᠦ ᠶᠡᠭᠡ ᠭᠠᠶᠢᠯᠢ ᠲᠠᠲᠠᠪᠤᠷᠢ ᠶᠢᠨ ᠬᠠᠤᠯᠢ ᠶᠢ ᠵᠥᠷᠢᠴᠡᠭᠰᠡᠨ ᠬᠡᠷᠡᠭ ᠤᠨ ᠲᠤᠬᠠᠶ ᠶᠢᠨ ᠬᠥᠮᠦᠨ ᠤ ᠨᠡᠷᠡᠰ ᠤᠨ ᠲᠡᠮᠳᠡᠭᠯᠡᠯ ᠳᠤ ᠲᠠᠰᠤᠯᠬᠤ ᠵᠢᠷᠤᠭ ᠵᠢᠴᠢ ︽ᠳᠤᠮᠳᠠᠳᠤ ᠤᠯᠤᠰ ᠤᠨ ᠵᠠᠰᠠᠭ ᠤᠨ ᠣᠷᠳᠣᠨ ᠤ ᠬᠤᠳᠠᠯᠳᠤᠨ ᠠᠪᠬᠤ ᠰᠦᠯᠵᠢᠶ᠎ᠡ︾᠎ ᠶᠢᠨ ᠰᠦᠯᠵᠢᠶ᠎ᠡ ︵www.ccgp.gov.cn ︶᠎ ᠶᠢᠨ ᠵᠠᠰᠠᠭ ᠤᠨ ᠣᠷᠳᠣᠨ ᠤ ᠬᠤᠳᠠᠯᠳᠤᠨ ᠠᠪᠬᠤ ᠬᠦᠨᠳᠦ ᠨᠣᠴᠢᠲᠠᠶ ᠬᠠᠤᠯᠢ ᠶᠢ ᠵᠥᠷᠢᠴᠡᠵᠦ ᠢᠲᠡᠭᠡᠯ ᠠᠯᠳᠠᠭᠰᠠᠨ ᠠᠵᠢᠯᠯᠠᠭ᠎ᠠ ᠶᠢᠨ ᠲᠡᠮᠳᠡᠭᠯᠡᠯ ᠤᠨ ᠨᠡᠷᠡᠰ ᠤᠨ ᠵᠢᠭᠰᠠᠭᠠᠯᠲᠠ ᠶᠢᠨ ᠵᠢᠷᠤᠭ︔  8. ᠳᠤᠮᠳᠠᠳᠤ ᠤᠯᠤᠰ ᠤᠨ ᠲᠠᠰᠤᠯᠤᠨ ᠲᠣᠭᠲᠠᠭᠠᠯᠲᠠ ᠶᠢᠨ ᠪᠢᠴᠢᠭ ᠬᠠᠷ᠎ᠠ ᠰᠦᠯᠵᠢᠶᠡᠨ ᠳᠤ ᠨᠡᠷ᠎ᠡ ᠮᠡᠳᠡᠭᠦᠯᠦᠭᠡᠳ ᠣᠶᠢᠷ᠎ᠠ ᠶᠢᠨ ᠭᠤᠷᠪᠠᠨ ᠵᠢᠯ ︵2021 ᠣᠨ ᠤ 1 ᠳ᠋ᠦ᠋ᠭᠡᠷ ᠰᠠᠷ᠎ᠠ ᠶᠢᠨ 1᠎ ᠠᠴᠠ ᠤᠳᠤ ᠪᠣᠯᠲᠠᠯ᠎ᠠ︶ ᠬᠡᠭᠡᠯᠢ ᠲᠦᠯᠬᠢᠭᠰᠡᠨ ᠶᠠᠯ᠎ᠠ ᠬᠢᠭᠰᠡᠨ ᠲᠡᠮᠳᠡᠭᠯᠡᠯ ᠢ ᠪᠠᠶᠢᠴᠠᠭᠠᠨ ᠠᠰᠠᠭᠤᠭᠰᠠᠨ ᠲᠡᠮᠳᠡᠭᠯᠡᠯ ᠢ ᠣᠯᠤᠭᠰᠠᠨ ᠦᠭᠡᠢ᠃  9. ᠲᠣᠰ ᠭᠠᠵᠠᠷ ᠤᠨ ᠲᠤᠰᠠᠭᠠᠷ ᠳᠠᠭᠠᠭᠠᠴᠢᠯᠠᠯᠲᠠ ᠵᠠᠷᠯᠠᠬᠤ ᠲᠠᠯᠠᠪᠤᠷ ᠵᠢᠴᠢ ᠪᠡᠯᠡᠳᠬᠡᠮᠵᠢ ︵ᠲᠣᠰ ᠭᠠᠵᠠᠷ ᠤᠨ ᠬᠡᠷ ᠪᠠᠶᠢᠰᠢᠩ ᠲᠦᠷᠢᠶᠡᠰᠦᠯᠡᠬᠦ ᠭᠡᠷ᠎ᠡ ᠪᠤᠶᠤ ᠬᠡᠷ ᠪᠠᠶᠢᠰᠢᠩ ᠭᠠᠵᠠᠷ ᠬᠥᠷᠥᠩᠭᠡ ᠶᠢᠨ ᠦᠨᠡᠮᠯᠡᠯ ᠵᠢᠴᠢ ᠲᠠᠯᠠᠪᠤᠷ ᠭᠠᠵᠠᠷ᠂ ᠪᠡᠯᠡᠳᠬᠡᠮᠵᠢ ᠶᠢᠨ ᠬᠡᠷᠡᠯ ᠵᠢᠷᠤᠭ ᠵᠡᠷᠭᠡ ᠶᠢ ᠬᠠᠩᠭᠠᠨ᠎ᠠ︔  10. ᠪᠤᠰᠤᠳ ᠬᠠᠮᠢᠶ᠎ᠠ ᠪᠦᠬᠦᠢ ᠮᠠᠲ᠋ᠧᠷᠢᠶᠠᠯ᠃  ᠲᠠᠶᠢᠯᠪᠤᠷᠢ᠄ ᠳᠡᠭᠡᠷᠡᠬᠢ ᠪᠤᠢ ᠪᠦᠬᠦᠢ ᠮᠠᠲ᠋ᠧᠷᠢᠶᠠᠯ ᠨᠢ ᠴᠥᠮ ᠤᠭ ᠮᠠᠲ᠋ᠧᠷᠢᠶᠠᠯ ︵ᠰᠦᠯᠵᠢᠶᠡᠨ ᠤ ᠨᠢᠭᠤᠷ ᠤᠨ ᠣᠭᠲᠣᠯᠤᠭᠰᠠᠨ ᠵᠢᠷᠤᠭ ᠠᠴᠠ ᠭᠠᠳᠠᠨ᠎ᠠ︶ ᠵᠢᠴᠢ ᠪᠠᠭᠤᠯᠭᠠᠪᠤᠷᠢ ᠶᠢ ᠬᠠᠩᠭᠠᠬᠤ ᠴᠢᠬᠤᠯᠠᠲᠠᠢ ᠨᠢᠭᠡᠴᠢ ᠶᠢᠨ ᠠᠯᠪᠠᠨ ᠲᠠᠮᠠᠭ᠎ᠠ ᠶᠢ ᠳᠠᠷᠤᠬᠤ ᠴᠢᠬᠤᠯᠠᠲᠠᠢ᠂ ᠡᠰᠡ ᠲᠡᠶᠢᠮᠦ ᠪᠣᠯ ᠬᠦᠴᠦᠨ ᠦᠭᠡᠢ᠃  ᠳᠥᠷᠪᠡ᠂ ᠨᠡᠷ᠎ᠡ ᠮᠡᠳᠡᠭᠦᠯᠬᠦ ᠴᠠᠭ᠂ ᠭᠠᠵᠠᠷ ᠣᠷᠣᠨ  ᠳᠡᠭᠡᠷ᠎ᠡ ᠳᠤᠷᠠᠳᠤᠭᠰᠠᠨ ᠨᠥᠬᠦᠴᠡᠯ ᠳᠤ ᠨᠡᠶᠢᠴᠡᠬᠦ ᠣᠷᠣᠯᠠᠨ ᠭᠦᠢᠴᠡᠳᠬᠡᠬᠦ ᠪᠠᠶᠢᠭᠤᠯᠤᠮᠵᠢ 2024 ᠣᠨ ᠤ 5 ᠳ᠋ᠤᠭᠠᠷ ᠰᠠᠷ᠎ᠠ ᠶᠢᠨ 6᠎ ᠤ ᠡᠳᠦᠷ ᠠᠴᠠ 2024 ᠣᠨ ᠤ 5 ᠳ᠋ᠤᠭᠠᠷ ᠰᠠᠷ᠎ᠠ ᠶᠢᠨ 7᠎ ᠤ ᠡᠳᠦᠷ ᠪᠣᠯᠲᠠᠯ᠎ᠠ᠂ ᠠᠵᠢᠯᠯᠠᠬᠤ ᠡᠳᠦᠷ ᠪᠦᠷᠢ ᠶᠢᠨ ᠦᠳᠡ ᠶᠢᠨ ᠡᠮᠦᠨᠡᠬᠢ 9᠄ 00 — 12᠄ 00 ᠴᠠᠭ ᠂ ᠦᠳᠡ ᠶᠢᠨ ᠬᠤᠶᠢᠨᠠᠬᠢ 14᠄ 30 —17᠄ 00 ᠴᠠᠭ ᠤᠨ ᠬᠤᠭᠤᠷᠣᠨᠳᠤ ᠨᠡᠷ᠎ᠡ ᠮᠡᠳᠡᠭᠦᠯᠬᠦ ᠮᠠᠲ᠋ᠧᠷᠢᠶᠠᠯ ᠢᠶᠠᠨ ᠲᠤᠰᠢᠶᠠᠨ᠎ᠠ᠃  ᠨᠡᠷ᠎ᠡ ᠮᠡᠳᠡᠭᠦᠯᠬᠦ ᠬᠠᠶ᠋ᠢᠭ᠄ ᠥᠪᠥᠷ ᠮᠣᠩᠭᠤᠯ ᠤᠨ ᠬᠥᠬᠡᠬᠤᠲᠠ ᠶᠢᠨ ᠬᠥᠯᠥᠨ ᠪᠤᠶᠢᠷ ᠡᠮᠦᠨ᠎ᠡ ᠵᠠᠮ ᠤᠨ 9 ᠳ᠋ᠦ᠋ᠭᠡᠷ ᠲᠣᠭᠠᠲᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠦᠢᠯᠡᠰ ᠤᠨ ᠬᠥᠭᠵᠢᠯᠲᠡ ᠶᠢᠨ ᠲᠥᠪ ᠤᠨ 1 ᠳ᠋ᠦ᠋ᠭᠡᠷ ᠠᠰᠠᠷ ᠤᠨ 203 ᠳ᠋ᠤᠭᠠᠷ ᠥᠷᠥᠭᠡ  ᠰᠢᠦᠳᠠᠨ ᠨᠣᠮᠧᠷ᠄ 010010  ᠬᠠᠷᠢᠯᠴᠠᠬᠤ ᠬᠥᠮᠥᠨ᠄ ᠠᠨ ᠵᠢᠦ ᠵᠢᠢ  ᠬᠠᠷᠢᠯᠴᠠᠬᠤ ᠤᠲᠠᠰᠤ᠄ 13081571666              ᠥᠪᠥᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠦᠢᠯᠡᠰ ᠤᠨ ᠬᠥᠭᠵᠢᠭᠦᠯᠦᠯᠲᠡ ᠶᠢᠨ ᠲᠥᠪ        2024 ᠣᠨ ᠤ 5 ᠳ᠋ᠤᠭᠠᠷ ᠰᠠᠷ᠎ᠠ ᠶᠢᠨ 6᠎ ᠤ ᠡᠳᠦᠷ 
 
ᠢᠷᠡᠯᠲᠡ᠄ ᠦᠪᠤᠷ ᠮᠣᠩᠭᠤᠯ ᠤᠨ ᠦᠪᠡᠷᠳᠡᠭᠡᠨ ᠵᠠᠰᠠᠬᠤ ᠣᠷᠣᠨ ᠤ ᠣᠰᠣᠨ ᠠᠰᠢᠠᠠᠯᠠᠯᠳᠡ ᠶᠢᠨ ᠳᠢᠩᠬᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号