ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠬᠠᠢ ᠬᠤᠲᠠ ᠶᠢᠨ ᠭᠤᠷᠪᠠᠨ ᠶᠡᠭᠡ ᠡᠯᠡᠰᠦᠨ | ᠴᠦᠯ ᠤᠨ ᠡᠯᠡᠰᠦᠨ ᠭᠠᠵᠠᠷ ᠤᠨ ᠠᠭᠤᠯᠵᠠᠷ ᠲᠤ ᠪᠠᠶᠢᠭ᠎ᠠ ᠬᠤᠲᠠ ᠨᠢ ᠶᠠᠭ ᠤᠰᠤᠨ ᠤ ᠡᠬᠢ ᠪᠠᠶᠠᠯᠢᠭ ᠳᠤᠲᠠᠭᠳᠠᠵᠤ | ᠪᠠᠶᠢᠭ᠎ᠠ ᠪᠠ ᠠᠵᠤ ᠦᠢᠯᠡᠳᠪᠦᠷᠢ ᠳᠤ ᠬᠡᠷᠡᠭᠯᠡᠬᠦ ᠤᠰᠤᠨ ᠤ ᠬᠡᠷᠡᠭᠴᠡᠭᠡ ᠱᠠᠭᠠᠷᠳᠠᠯᠭ᠎ᠠ ᠶᠡᠭᠡ ᠪᠠᠶᠢᠭ᠎ᠠ ᠳᠠᠪᠬᠤᠷ | ᠥᠷᠢᠰᠦᠯᠳᠦᠭᠡᠨ ᠳᠤ ᠲᠤᠯᠭᠠᠷᠠᠵᠤ ᠪᠠᠶᠢᠨ᠎ᠠ᠃ ᠪᠦᠷᠢᠳᠬᠡᠯ ᠢ ᠦᠨᠳᠦᠰᠦᠯᠡᠪᠡᠯ᠂ ᠪᠥᠬᠦ ᠬᠤᠲᠠ ᠶᠢᠨ ᠬᠥᠮᠦᠨ | ᠳᠤᠮᠳᠠᠴᠢ ᠶᠢᠨ ᠤᠰᠤᠨ ᠤ ᠡᠬᠢ ᠪᠠᠶᠠᠯᠢᠭ ᠤᠨ ᠬᠡᠮᠵᠢᠶ᠎ᠡ ᠵᠥᠪᠬᠡᠨ 417 ᠪᠣᠰᠤᠭ᠎ᠠ ᠳᠥᠷᠪᠡᠯᠵᠢᠨ ᠮᠧᠲᠷ ᠪᠠᠶᠢᠵᠤ᠂ | ᠪᠥᠬᠦ ᠤᠯᠤᠰ ᠤᠨ ᠬᠥᠮᠦᠨ ᠳᠤᠮᠳᠠᠴᠢ ᠶᠢᠨ ᠤᠰᠤᠨ ᠤ ᠡᠬᠢ ᠪᠠᠶᠠᠯᠢᠭ ᠤᠨ ᠬᠡᠮᠵᠢᠶ᠎ᠡ ᠶᠢᠨ 20% ᠳᠤ ᠬᠥᠷᠬᠦ | ᠥᠬᠡᠶ ᠪᠠᠶᠢᠳᠠᠭ᠂ ᠡᠨᠡ ᠨᠢ ᠦᠬᠠᠶ ᠬᠤᠲᠠ ᠶᠢᠨ ᠰᠠᠭᠤᠭᠠᠯᠢ ᠠᠷᠠᠳ ᠤᠨ ᠠᠮᠢᠳᠤᠷᠠᠯ ᠳᠤ ᠬᠡᠷᠡᠭᠯᠡᠬᠦ ᠤᠰᠤ ᠶᠢ | ᠪᠠᠲᠤᠯᠠᠬᠤ ᠪᠠ ᠠᠵᠤ ᠦᠢᠯᠡᠳᠪᠦᠷᠢ ᠶᠢᠨ ᠬᠥᠭᠵᠢᠯᠲᠡ ᠶᠢᠨ ᠬᠡᠷᠡᠭᠴᠡᠭᠡ ᠶᠢ ᠬᠠᠩᠭᠠᠬᠤ ᠲᠠᠯ᠎ᠠ ᠪᠠᠷ ᠯᠤᠲᠤ ᠶᠡᠭᠡ | ᠳᠠᠷᠤᠯᠲᠠ ᠶᠢ ᠳᠠᠭᠠᠭᠠᠵᠤ ᠪᠠᠶᠢᠨ᠎ᠠ᠃ | ᠡᠨᠡᠬᠦ ᠠᠬᠤᠢ ᠪᠠᠶᠢᠳᠠᠯ ᠳᠣᠣᠷ᠎ᠠ᠂ ᠬᠢᠵᠠᠭᠠᠷ ᠲᠠᠢ ᠤᠰᠤᠨ ᠤ ᠡᠬᠢ ᠪᠠᠶᠠᠯᠢᠭ ᠢ ᠥᠨᠳᠥᠷ ᠪᠦᠲᠦᠮᠵᠢᠲᠡᠢ | ᠠᠰᠢᠭᠯᠠᠵᠤ᠂ ᠬᠠᠩᠭᠠᠯᠭ᠎ᠠ ᠬᠡᠷᠡᠭᠴᠡᠭᠡ ᠶᠢᠨ ᠵᠥᠷᠢᠴᠡᠯ ᠢ ᠰᠢᠢᠳᠪᠦᠷᠢᠯᠡᠵᠦ᠂ ᠠᠵᠤ ᠠᠬᠤᠢ ᠪᠣᠯᠤᠨ ᠠᠮᠢ ᠠᠬᠤᠢ ᠶᠢᠨ | ᠦᠷᠭᠦᠯᠵᠢᠯᠡᠬᠦ ᠬᠥᠭᠵᠢᠯᠲᠡ ᠶᠢ ᠠᠬᠢᠭᠤᠯᠵᠤ᠂ ᠦᠬᠠᠢ ᠬᠤᠳᠠ ᠶᠢᠨ ᠲᠤᠯᠭᠠᠮ᠎ᠠ ᠡᠭᠦᠷᠭᠡ ᠪᠣᠯᠪᠠ᠃ ᠤᠰᠤᠨ ᠤ ᠡᠬᠢ | ᠪᠠᠶᠠᠯᠢᠭ ᠳᠤᠲᠠᠭᠳᠠᠵᠤ ᠪᠠᠶᠢᠭ᠎ᠠ ᠬᠦᠴᠢᠷ ᠠᠰᠠᠭᠤᠳᠠᠯ ᠢ ᠰᠢᠢᠳᠪᠦᠷᠢᠯᠡᠬᠦ ᠶᠢᠨ ᠲᠥᠯᠥᠭᠡ᠂ ᠦᠬᠠᠶ ᠬᠤᠲᠠ ᠤᠰᠤ | ᠬᠡᠷᠡᠭᠯᠡᠬᠦ ᠬᠠᠮᠢᠶᠠᠷᠤᠯᠲᠠ ᠶᠢᠨ ᠠᠷᠭ᠎ᠠ ᠮᠠᠶ᠋ᠢᠭ ᠤᠨ ᠰᠢᠨ᠎ᠡ ᠶᠢ ᠡᠭᠦᠳᠬᠦ ᠶᠢ ᠢᠳᠡᠪᠬᠢᠲᠡᠶ ᠪᠠᠷ ᠡᠷᠢᠵᠦ ᠡᠴᠦᠰ ᠲᠡᠭᠡᠨ | ︽ᠲᠥᠰᠦᠪ︾ ᠢᠶᠠᠷ ᠰᠢᠪᠲᠤᠯᠤᠯᠲᠠ ᠶᠢᠨ ᠴᠡᠭ ᠪᠣᠯᠭᠠᠵᠤ᠂ ᠤᠰᠤ ᠭᠠᠷᠭᠠᠬᠤ ᠲᠥᠰᠦᠪ ᠤᠨ ᠬᠠᠮᠢᠶᠠᠷᠤᠯᠲᠠ ᠶᠢᠨ | ᠰᠢᠨ᠎ᠡ ᠠᠷᠭ᠎ᠠ ᠵᠠᠮ ᠢ ᠬᠠᠶᠢᠨ ᠰᠦᠪᠡᠭᠴᠢᠯᠡᠪᠡ᠃ | ︽ᠰᠠᠭᠤᠷᠢ ᠦᠭᠡᠢ ᠲᠦᠰᠤᠪ︾ ᠪᠠᠷ ᠲᠠᠮᠵᠢᠨ ᠤᠰᠤᠨ ᠤ ᠡᠬᠢ ᠪᠠᠶᠠᠯᠢᠭ ᠤᠨ ᠬᠠᠮᠢᠶᠠᠷᠤᠯᠳᠠ ᠶᠢᠨ | ᠬᠠᠷᠠᠯᠳᠠ ᠶᠢ ᠪᠡᠶᠡᠯᠡᠬᠦᠯᠪᠡ | ︽ᠤᠷᠢᠳᠠᠪᠠᠷ ᠲᠥᠰᠦᠪᠯᠡᠵᠦ᠂ ᠳᠠᠷᠠᠭ᠎ᠠ ᠨᠢ ᠤᠰᠤ ᠬᠡᠷᠡᠭᠯᠡᠵᠦ᠂ ᠲᠥᠰᠦᠪ ᠥᠬᠡᠶ᠂ ᠤᠰᠤ ᠬᠡᠷᠡᠭᠯᠡᠬᠦ ᠶᠢ | ᠴᠠᠭᠠᠵᠠᠯᠠᠬᠤ︾᠂ ᠠᠷᠪᠠᠨ ᠬᠤᠶᠠᠷ ᠦᠰᠦᠭ ᠤᠨ ᠦᠨᠳᠦᠰᠦᠨ ᠵᠠᠷᠴᠢᠮ ᠳᠤ ᠲᠦᠰᠢᠭᠯᠡᠨ᠂ ᠥᠪᠥᠷ ᠮᠣᠩᠭᠤᠯ ᠤᠨ | ᠦᠬᠠᠶ ᠬᠤᠲᠠ ᠤᠰᠤ ᠬᠡᠷᠡᠭᠯᠡᠬᠦ ᠶᠢ ᠡᠬᠢ ᠡᠭᠦᠰᠦᠯ ᠠᠴᠠ ᠨᠢ ᠬᠠᠮᠢᠶᠠᠷᠤᠨ ᠡᠵᠡᠮᠳᠡᠬᠦ ᠶᠢ ᠴᠢᠩᠭᠠᠳᠬᠠᠵᠤ᠂ ᠤᠰᠤ | ᠬᠡᠷᠡᠭᠯᠡᠬᠦ ᠶᠡᠷᠦᠩᠬᠡᠶ ᠬᠡᠮᠵᠢᠶ᠎ᠡ ᠪᠠ ᠬᠦᠴᠦᠯᠡᠴᠡ ᠶᠢᠨ ᠬᠤᠤᠰ ᠡᠵᠡᠮᠳᠡᠯ ᠤᠨ ᠲᠠᠯ᠎ᠠ ᠪᠠᠷ ︽ᠰᠠᠭᠤᠷᠢ ᠥᠬᠡᠶ | ᠲᠥᠰᠦᠪ︾ ᠤᠨ ᠲᠦᠷᠢᠮ ᠢ ᠣᠷᠣᠭᠤᠯᠤᠨ ᠠᠪᠴᠢᠷᠠᠪᠠ᠃ | ᠡᠨᠡ ᠬᠦ ᠲᠦᠷᠢᠮ ᠨᠢ ᠤᠯᠠᠮᠵᠢᠯᠠᠯᠲᠤ ︽ᠰᠠᠭᠤᠷᠢ ᠲᠤᠭ᠎ᠠ + ᠨᠡᠮᠡᠭᠳᠡᠯ︾ ᠤᠨ ᠲᠥᠰᠦᠪ ᠤᠨ ᠵᠠᠭᠪᠤᠷ ᠢ | ᠲᠠᠶᠠᠭᠳᠠᠵᠤ᠂ ᠥᠩᠭᠡᠷᠡᠭᠰᠡᠨ ᠤ ᠲᠥᠰᠦᠪ ᠤᠨ ᠲᠦᠰᠦᠯ ᠪᠠ ᠣᠷᠣᠯᠭ᠎ᠠ ᠵᠠᠷᠤᠯᠭ᠎ᠠ ᠶᠢᠨ ᠬᠢᠷᠢ ᠲᠦᠪᠰᠢᠨ ᠳᠤ | ᠲᠦᠰᠢᠭᠯᠡᠬᠦ ᠥᠬᠡᠶ᠂ ᠬᠠᠷᠢᠨ ᠵᠢᠯ ᠪᠦᠷᠢ ᠲᠡᠭ ᠠᠴᠠ ᠡᠬᠢᠯᠡᠨ᠂ ᠲᠤᠬᠠᠶ ᠶᠢᠨ ᠵᠢᠯ ᠤᠨ ᠠᠵᠢᠯ ᠤᠨ ᠭᠤᠤᠯᠳᠠᠯᠭ᠎ᠠ ᠪᠠ | ᠤᠰᠤᠨ ᠤ ᠡᠬᠢ ᠪᠠᠶᠠᠯᠢᠭ ᠤᠨ ᠪᠠᠶᠢᠳᠠᠯ ᠢ ᠦᠨᠳᠦᠰᠦᠯᠡᠨ᠂ ᠤᠰᠤ ᠬᠡᠷᠡᠭᠯᠡᠬᠦ ᠲᠣᠭᠲᠠᠭᠰᠠᠨ ᠲᠤᠭ᠎ᠠ ᠲᠠᠢ | ᠤᠶᠠᠯᠳᠤᠭᠤᠯᠤᠨ᠂ ᠤᠰᠤ ᠬᠡᠷᠡᠭᠯᠡᠬᠦ ᠬᠡᠷᠡᠭᠴᠡᠭᠡ ᠶᠢ ᠳᠠᠬᠢᠨ ᠲᠣᠭᠠᠴᠠᠭ᠎ᠠ ᠬᠢᠵᠦ᠂ ᠤᠰᠤ ᠬᠡᠷᠡᠭᠯᠡᠬᠦ ᠰᠢᠨ᠎ᠡ | ᠲᠥᠰᠦᠪ ᠢ ᠪᠣᠶ ᠪᠣᠯᠭᠠᠪᠠ᠃ | ᠡᠨᠡ ᠨᠢ ᠤᠰᠤ ᠬᠡᠷᠡᠭᠯᠡᠬᠦ ᠨᠢᠭᠡᠴᠢ ᠶᠢᠨ ᠬᠠᠮᠢᠶᠠᠷᠤᠯᠲᠠ ᠶᠢ ᠥᠩᠭᠡᠷᠡᠭᠰᠡᠨ ᠤ ᠲᠡᠦᠬᠡᠨ ᠤᠰᠤ ᠬᠡᠷᠡᠭᠯᠡᠬᠦ | ᠬᠡᠮᠵᠢᠶ᠎ᠡ ᠶᠢ ᠬᠢᠨᠠᠨ ᠲᠣᠭᠲᠠᠭᠠᠭᠰᠠᠨ ᠲᠥᠯᠥᠪᠯᠡᠭᠡ ᠠᠴᠠ ᠨᠡᠩ ᠠᠮᠢᠳᠤᠯᠢᠭ ᠮᠥᠷᠲᠡᠭᠡᠨ ᠬᠠᠷᠠᠯᠲᠠ ᠪᠠᠷ | ᠤᠳᠤᠷᠢᠳᠤᠮᠵᠢ ᠪᠣᠯᠭᠠᠭᠰᠠᠨ ᠠᠷᠭ᠎ᠠ ᠮᠠᠶ᠋ᠢᠭ ᠪᠣᠯᠭᠠᠨ ᠬᠤᠪᠢᠷᠠᠭᠤᠯᠤᠭᠰᠠᠨ ᠢ ᠬᠠᠷᠠᠭᠤᠯᠵᠤ ᠪᠠᠶᠢᠨ᠎ᠠ᠃ | ︽ᠰᠠᠭᠤᠷᠢ ᠦᠭᠡᠢ ᠲᠥᠰᠦᠪ︾ ᠢᠶᠠᠷ ᠳᠠᠮᠵᠢᠭᠤᠯᠤᠨ᠂ ᠤᠰᠤᠨ ᠤ ᠵᠠᠰᠠᠭ ᠵᠠᠬᠢᠷᠭᠠᠨ ᠤ ᠭᠤᠤᠯᠴᠢᠯᠠᠨ | ᠬᠠᠮᠢᠶᠠᠷᠬᠤ ᠰᠠᠯᠠᠭ᠎ᠠ ᠮᠥᠴᠢᠷ ᠤᠳ ᠦᠢᠯᠡᠳᠪᠦᠷᠢᠯᠡᠯ ᠡᠵᠡᠩᠨᠡᠯᠲᠡ ᠶᠢᠨ ᠨᠢᠭᠡᠴᠢ ᠶᠢ ᠨᠠᠩ ᠪᠦᠲᠦᠮᠵᠢᠲᠡᠶ ᠪᠠᠷ | ᠬᠢᠵᠠᠭᠠᠷᠯᠠᠨ ᠬᠥᠲᠥᠯᠥᠨ ᠵᠢᠯᠣᠭᠤᠳᠴᠤ ᠪᠠᠶᠢᠭᠠᠳ ᠤᠰᠤᠨ ᠤ ᠡᠬᠢ ᠪᠠᠶᠠᠯᠢᠭ ᠢ ᠵᠢᠷᠤᠮᠵᠢᠭᠤᠨ᠂ ᠡᠮᠬᠢ ᠵᠢᠷᠤᠮ ᠲᠠᠢ᠂ | ᠵᠦᠶ ᠵᠣᠬᠢᠰᠲᠠᠶ ᠬᠡᠷᠡᠭᠯᠡᠵᠦ᠂ ᠤᠰᠤᠨ ᠤ ᠡᠬᠢ ᠪᠠᠶᠠᠯᠢᠭ ᠤᠨ ᠬᠠᠮᠢᠶᠠᠷᠤᠯᠲᠠ ᠶᠢᠨ ᠪᠦᠬᠦᠯᠢ ᠴᠣᠭᠴᠠ ᠶᠢᠨ | ᠬᠠᠷᠠᠯᠲᠠ ᠶᠢ ᠪᠡᠶᠡᠯᠡᠭᠦᠯᠬᠦ ᠴᠢᠳᠠᠨ᠎ᠠ᠃ | ︽ᠮᠠᠨ ᠤ ᠬᠤᠲᠠ ᠤᠰᠤᠨ ᠤ ᠲᠥᠰᠦᠪ ᠤᠨ ᠬᠠᠮᠢᠶᠠᠷᠤᠯᠲᠠ ᠶᠢ ᠬᠡᠷᠡᠭᠵᠢᠭᠦᠯᠵᠦ᠂ ᠭᠤᠶᠤᠴᠢᠯᠠᠬᠤ᠂ | ᠲᠣᠭᠠᠴᠠᠭ᠎ᠠ ᠬᠢᠬᠦ᠂ ᠮᠠᠭᠠᠳᠯᠠᠨ ᠲᠣᠭᠲᠠᠭᠠᠬᠤ᠂ ᠪᠠᠭᠤᠯᠭᠠᠬᠤ᠂ ᠳᠣᠭᠢᠷᠠᠭᠤᠯᠬᠤ ᠪᠠ ᠲᠥᠰᠦᠪ ᠤᠨ ᠭᠦᠢᠴᠡᠳᠬᠡᠯ | ᠵᠡᠷᠭᠡ ᠭᠤᠭᠴᠤᠭ᠎ᠠ ᠶᠢ ᠬᠠᠮᠤᠷᠪᠠ᠃ ᠠᠵᠤ ᠦᠢᠯᠡᠳᠪᠦᠷᠢ ᠪᠠ ᠬᠡᠪᠴᠢᠶᠡᠵᠢᠭᠰᠡᠨ ᠲᠠᠷᠢᠶᠠᠯᠠᠩ ᠤᠨ ᠠᠵᠤ | ᠠᠬᠤᠶᠢᠯᠠᠯ ᠤᠳ ᠵᠢᠯ ᠪᠦᠷᠢ ᠶᠢᠨ 12 ᠳ᠋ᠤᠭᠠᠷ ᠰᠠᠷ᠎ᠠ ᠳᠤ ᠤᠰᠤᠨ ᠤ ᠲᠥᠰᠦᠪ ᠤᠨ ᠭᠤᠶᠤᠴᠢᠯᠠᠯ ᠢᠶᠠᠨ ᠲᠤᠰᠢᠶᠠᠬᠤ | ᠬᠡᠷᠡᠭᠲᠡᠶ᠃ ᠬᠤᠲᠠ ᠶᠢᠨ ᠱᠠᠲᠤᠨ ᠤ ᠤᠰᠤᠨ ᠤ ᠵᠠᠰᠠᠭ ᠵᠠᠬᠢᠷᠭᠠᠨ ᠤ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ | ᠲᠥᠰᠦᠪ ᠤᠨ ᠲᠤᠭ᠎ᠠ ᠬᠡᠮᠵᠢᠶ᠎ᠡ ᠶᠢ ᠲᠣᠭᠠᠴᠠᠭ᠎ᠠ ᠬᠢᠵᠦ᠂ ᠲᠣᠭᠤᠷᠢᠭ ᠪᠠ ᠠᠵᠤ ᠦᠢᠯᠡᠳᠪᠦᠷᠢ ᠶᠢᠨ ᠬᠦᠷᠢᠶᠡᠯᠡᠩ | ᠲᠣᠭᠤᠷᠢᠭ ᠤᠨ ᠰᠠᠨᠠᠯ ᠢ ᠬᠤᠷᠢᠶᠠᠭᠰᠠᠨ ᠤ ᠳᠠᠷᠠᠭ᠎ᠠ ᠮᠠᠭᠠᠳᠯᠠᠨ ᠲᠣᠭᠲᠠᠭᠠᠬᠤ ᠶᠢᠨ ᠬᠠᠮᠲᠤ ᠤᠰᠤ ᠬᠡᠷᠡᠭᠯᠡᠬᠦ | ᠲᠥᠰᠦᠪ ᠢ ᠪᠠᠭᠤᠯᠭᠠᠨ᠎ᠠ᠃ ᠵᠢᠯ ᠤᠨ ᠡᠴᠦᠰ ᠤᠨ ᠲᠥᠰᠥᠪ ᠤᠨ ᠭᠦᠢᠴᠡᠳᠬᠡᠯ ᠤᠨ ᠦᠷ᠎ᠡ ᠳ᠋ᠦᠩ ᠢ ᠳᠠᠷᠠᠭ᠎ᠠ ᠨᠢᠭᠡ | ᠵᠢᠯ ᠤᠨ ᠲᠥᠰᠥᠪ ᠤᠨ ᠯᠠᠪᠯᠠᠯᠲᠠ ᠪᠣᠯᠭᠠᠨ᠎ᠠ᠃ ᠲᠥᠰᠦᠪ ᠢ ᠭᠦᠢᠴᠡᠳᠬᠡᠬᠦ ᠳᠤᠮᠳᠠ᠂ ᠨᠢᠭᠡᠴᠢ ᠨᠦᠭᠦᠳ ᠪᠣᠳᠠᠲᠠᠶ | ᠬᠡᠷᠡᠭᠴᠡᠭᠡ ᠪᠠᠨ ᠦᠨᠳᠦᠰᠦᠯᠡᠨ ᠲᠥᠰᠦᠪ ᠢᠶᠠᠨ ᠨᠡᠮᠡᠬᠦ ᠪᠤᠶᠤ ᠬᠢᠨᠠᠨ ᠬᠠᠰᠤᠬᠤ ᠪᠠᠷ ᠭᠤᠶᠤᠴᠢᠯᠠᠵᠤ ᠪᠣᠯᠤᠨ᠎ᠠ᠂ | ᠦᠨᠡᠨ ᠢᠶᠠᠷ ᠨᠢ ︿ ᠣᠷᠣᠯᠭ᠎ᠠ ᠪᠠᠨ ᠦᠨᠳᠦᠰᠦᠯᠡᠨ ᠵᠠᠷᠤᠯᠭ᠎ᠠ ᠪᠠᠨ ᠲᠣᠬᠢᠷᠠᠭᠤᠯᠵᠤ᠂ ᠣᠷᠣᠨ ᠵᠠᠶ ᠦᠯᠡᠳᠡᠭᠡᠬᠦ﹀ ᠶᠢ | ᠦᠨᠡᠨ ᠬᠦ ᠪᠡᠶᠡᠯᠡᠭᠦᠯᠵᠦ ᠪᠣᠯᠤᠨ᠎ᠠ︾ ᠭᠡᠵᠦ ᠦᠬᠠᠶ ᠬᠤᠲᠠ ᠶᠢᠨ ᠤᠰᠤᠨ ᠤ ᠶᠠᠪᠤᠳᠠᠯ ᠤᠨ ᠲᠣᠪᠴᠢᠶᠠᠨ ᠤ ᠠᠯᠪᠠᠨ | ᠭᠡᠷ ᠤᠨ ᠡᠷᠬᠢᠯᠡᠭᠴᠢ ᠶᠠᠩ ᠽᠧ ᠢᠦᠶ ᠬᠡᠯᠡᠵᠡᠢ᠃ | ︽ᠲᠥᠰᠦᠪ + ᠲᠦᠯᠦᠪᠡᠯᠭᠡ + ᠨᠣᠷᠮ᠎ᠠ ᠲᠣᠭᠲᠠᠭᠠᠬᠤ︾ ᠬᠠᠮᠢᠶᠠᠷᠤᠯᠲᠠ ᠶᠢᠨ ᠵᠠᠭᠪᠤᠷ ᠢ ᠬᠡᠷᠡᠭᠯᠡᠵᠦ᠂ | ᠦᠬᠠᠶ ᠬᠤᠲᠠ ᠤᠰᠤᠨ ᠤ ᠲᠥᠰᠦᠪ ᠤᠨ ᠬᠠᠮᠢᠶᠠᠷᠤᠯᠲᠠ ᠬᠢᠭᠡᠳ ᠲᠥᠯᠥᠪᠯᠡᠭᠡ᠂ ᠲᠣᠭᠲᠠᠭᠰᠠᠨ ᠨᠣᠷᠮ᠎ᠠ ᠶᠢᠨ | ᠬᠠᠮᠢᠶᠠᠷᠤᠯᠲᠠ ᠶᠢ ᠢᠵᠢ ᠪᠥᠷᠢᠳᠦᠭᠦᠯᠦᠨ ᠥᠷᠨᠢᠭᠦᠯᠵᠦ᠂ ᠣᠷᠭᠠᠨᠢᠭ ᠢᠶᠠᠷ ᠤᠶᠠᠯᠳᠤᠭᠤᠯᠤᠨ᠂ ᠤᠰᠤᠨ ᠤ ᠡᠬᠢ | ᠪᠠᠶᠠᠯᠢᠭ ᠤᠨ ᠬᠠᠮᠢᠶᠠᠷᠤᠯᠲᠠ ᠶᠢᠨ ᠪᠠᠶᠢᠭᠤᠯᠤᠯ ᠲᠣᠭᠲᠠᠴᠠ ᠶᠢᠨ ᠰᠢᠨ᠎ᠡ ᠶᠢ ᠡᠭᠦᠳᠴᠦ᠂ ᠤᠰᠤᠨ ᠤ ᠡᠬᠢ | ᠪᠠᠶᠠᠯᠢᠭ ᠤᠨ ᠦᠷ᠎ᠡ ᠪᠦᠲᠦᠮᠵᠢ᠂ ᠦᠷ᠎ᠡ ᠠᠰᠢᠭ ᠤᠨ ︽ᠬᠤᠤᠰ ᠳᠡᠭᠡᠭᠰᠢᠯᠡᠭᠦᠯᠬᠦ︾ ᠳᠤ ᠲᠦᠷᠢᠮ ᠤᠨ ᠪᠠᠲᠤᠯᠠᠭ᠎ᠠ | ᠬᠠᠩᠭᠠᠪᠠ᠃ | ᠣᠳᠣᠬᠠᠨ ᠳᠤ᠂ ᠦᠬᠠᠶ ᠬᠤᠲᠠ ᠶᠢᠨ ᠤᠰᠤᠨ ᠤ ᠡᠬᠢ ᠪᠠᠶᠠᠯᠢᠭ ᠤᠨ ᠲᠥᠰᠦᠪ ᠤᠨ ᠬᠠᠮᠢᠶᠠᠷᠤᠯᠲᠠ ᠶᠢᠨ | ᠬᠡᠪᠴᠢᠶᠡᠨ ᠳᠤ ᠣᠷᠣᠭᠤᠯᠤᠭᠰᠠᠨ ᠨᠢ ᠴᠥᠮ ᠠᠵᠤ ᠦᠢᠯᠡᠳᠪᠦᠷᠢ ᠶᠢᠨ ᠠᠵᠤ ᠠᠬᠤᠶᠢᠯᠠᠯ ᠪᠠ ᠬᠡᠪᠴᠢᠶᠡᠵᠢᠭᠰᠡᠨ | ᠲᠠᠷᠢᠶᠠᠯᠠᠩ ᠤᠨ ᠠᠵᠤ ᠠᠬᠤᠶᠢᠯᠠᠯ ᠪᠣᠯᠤᠨ᠎ᠠ᠂ ᠡᠭᠦᠨ ᠳᠤ ᠤᠰᠤ ᠠᠪᠬᠤ ᠵᠥᠪᠰᠢᠶᠡᠷᠡᠯ ᠤᠨ ᠬᠠᠮᠢᠶᠠᠷᠤᠯᠲᠠ ᠳᠤ | ᠣᠷᠣᠭᠤᠯᠤᠭᠰᠠᠨ ᠠᠵᠤ ᠠᠬᠤᠶᠢᠯᠠᠯ ᠨᠢᠭᠡᠨᠲᠡ ᠪᠦᠬᠦᠨ ᠢ ᠰᠦᠯᠵᠢᠶᠡᠨ ᠳᠡᠭᠡᠷ᠎ᠡ ᠬᠡᠮᠵᠢᠨ ᠬᠢᠨᠠᠨ ᠬᠡᠮᠵᠢᠬᠦ ᠶᠢ | ᠪᠡᠶᠡᠯᠡᠭᠦᠯᠪᠡ︔ ᠡᠭᠦᠨ ᠤ ᠬᠠᠮᠲᠤ᠂ ᠤᠰᠤᠨ ᠤ ᠡᠬᠢ ᠪᠠᠶᠠᠯᠢᠭ ᠤᠨ ᠲᠤᠭ᠎ᠠ ᠪᠦᠷᠢᠳᠬᠡᠯ ᠤᠨ ᠣᠶᠤᠨᠴᠢᠯᠠᠭᠰᠠᠨ | ᠬᠠᠮᠢᠶᠠᠷᠤᠯᠲᠠ ᠨᠢᠭᠡᠨᠲᠡ ᠠᠩᠬ᠎ᠠ ᠠᠯᠬᠤᠮ ᠤᠨ ᠦᠷ᠎ᠡ ᠪᠦᠲᠦᠮᠵᠢ ᠣᠯᠵᠤ᠂ ᠤᠰᠤᠨ ᠤ ᠡᠬᠢ ᠪᠠᠶᠠᠯᠢᠭ ᠤᠨ | ᠬᠠᠮᠢᠶᠠᠷᠤᠯᠲᠠ ᠶᠢᠨ ᠣᠨ ᠤ ᠮᠡᠳᠡᠭᠦᠯᠦᠯᠲᠡ ᠶᠢᠨ ᠰᠢᠰᠲ᠋ᠧᠮ᠂ ᠤᠰᠤᠨ ᠤ ᠡᠬᠢ ᠪᠠᠶᠠᠯᠢᠭ ᠤᠨ ᠲᠤᠭ᠎ᠠ | ᠪᠦᠷᠢᠳᠬᠡᠯ ᠤᠨ ᠬᠠᠮᠢᠶᠠᠷᠤᠯᠲᠠ ᠶᠢᠨ ᠰᠢᠰᠲ᠋ᠧᠮ ᠵᠡᠷᠭᠡ ᠲᠠᠪᠴᠠᠩ ᠳᠤ ᠲᠦᠰᠢᠭᠯᠡᠨ᠂ ᠪᠦᠬᠦ ᠬᠤᠲᠠ ᠶᠢᠨ ᠤᠰᠤᠨ ᠤ | ᠡᠬᠢ ᠪᠠᠶᠠᠯᠢᠭ ᠤᠨ ᠬᠡᠷᠡᠭᠯᠡᠯᠲᠡ ᠶᠢᠨ ᠪᠠᠶᠢᠳᠠᠯ ᠢ ᠥᠨᠳᠥᠷ ᠪᠦᠲᠦᠮᠵᠢᠲᠡᠶ ᠪᠥᠭᠡᠳ ᠲᠦᠷᠭᠡᠨ ᠢᠶᠠᠷ ᠡᠵᠡᠮᠰᠢᠵᠦ᠂ | ᠤᠰᠤᠨ ᠤ ᠲᠥᠰᠦᠪ ᠤᠨ ᠬᠠᠮᠢᠶᠠᠷᠤᠯᠲᠠ ᠶᠢ ᠥᠷᠨᠢᠭᠦᠯᠬᠦ ᠳᠤ ᠲᠤᠯᠭᠠᠭᠤᠷᠢᠯᠠᠯ ᠬᠠᠩᠭᠠᠵᠤ ᠪᠣᠯᠤᠨ᠎ᠠ᠃ | ᠤᠰᠤᠨ ᠤ ᠭᠦᠢᠴᠡᠳᠬᠡᠯ ᠲᠤᠭ᠎ᠠ ᠶᠢ ᠥᠨᠳᠥᠷ ᠦᠷ᠎ᠡ ᠪᠦᠲᠦᠮᠵᠢ ᠲᠠᠢ᠂ ᠥᠨᠳᠥᠷ ᠦᠷ᠎ᠡ ᠠᠰᠢᠭ ᠲᠠᠢ ᠠᠵᠢᠯ | ᠲᠥᠷᠥᠯ ᠲᠡᠰᠢ ᠡᠷᠭᠢᠯᠳᠦᠭᠦᠯᠬᠦ ᠶᠢ ᠬᠥᠲᠥᠯᠥᠨ ᠵᠢᠯᠣᠭᠤᠳᠪᠠ | ︽ᠬᠤᠶᠠᠷ ᠲᠠᠯ᠎ᠠ ᠠᠴᠠ ᠬᠦᠴᠦᠯᠡᠵᠦ︾ ᠤᠰᠤᠨ ᠤ ᠡᠬᠢ ᠪᠠᠶᠠᠯᠢᠭ ᠢ ︽ᠵᠠᠬ᠎ᠠ ᠳᠡᠯᠭᠡᠭᠦᠷ ᠲᠤ ᠣᠷᠣᠭᠤᠯᠬᠤ︾ | ᠶᠢ ᠶᠡᠭᠡ ᠪᠠᠷ ᠠᠬᠢᠭᠤᠯᠪᠠ᠃ ᠦᠬᠠᠢ ᠬᠤᠳᠠ ᠶᠢᠨ ᠬᠢᠨ ᠲᠥᠰᠦᠪ ᠤᠨ ᠬᠠᠮᠢᠶᠠᠷᠤᠯᠲᠠ ᠶᠢ ᠵᠠᠬ᠎ᠠ | ᠳᠡᠯᠭᠡᠭᠦᠷᠴᠢᠯᠡᠭᠰᠡᠨ ᠠᠷᠭ᠎ᠠ ᠪᠠᠷᠢᠯ ᠲᠠᠢ ᠤᠶᠠᠯᠳᠤᠭᠤᠯᠵᠤ᠂ ᠲᠥᠰᠦᠪ ᠤᠨ ᠬᠠᠮᠢᠶᠠᠷᠤᠯᠲᠠ ᠪᠠᠷ ᠳᠠᠮᠵᠢᠨ ᠦᠯᠡᠳᠡᠭᠰᠡᠨ | ᠤᠰᠤᠨ ᠤ ᠭᠦᠢᠴᠡᠳᠬᠡᠯ ᠲᠤᠭ᠎ᠠ ᠶᠢ ᠵᠠᠬ᠎ᠠ ᠳᠡᠯᠭᠡᠭᠦᠷ ᠤᠨ ᠲᠣᠭᠲᠠᠴᠠ ᠶᠢ ᠠᠰᠢᠭᠯᠠᠨ ᠤᠰᠤᠨ ᠤ ᠡᠬᠢ ᠪᠠᠶᠠᠯᠢᠭ ᠢ | ᠬᠤᠶᠠᠳᠠᠬᠢ ᠤᠳᠠᠭ᠎ᠠ ᠬᠤᠪᠢᠶᠠᠷᠢᠯᠠᠬᠤ ᠶᠢ ᠪᠡᠶᠡᠯᠡᠭᠦᠯᠪᠡ᠃ ᠣᠷᠣᠨ ᠪᠦᠰᠡ ᠠᠯᠤᠰᠯᠠᠭᠰᠠᠨ᠂ ᠠᠵᠢᠯ ᠲᠥᠷᠥᠯ | ᠠᠯᠤᠰᠯᠠᠭᠰᠠᠨ᠂ ᠠᠵᠤ ᠠᠬᠤᠶᠢᠯᠠᠯ ᠠᠯᠤᠰᠯᠠᠭᠰᠠᠨ ᠤᠰᠤᠨ ᠤ ᠡᠷᠬᠡ ᠶᠢᠨ ᠠᠷᠠᠯᠵᠢᠶ᠎ᠠ ᠶᠢ ᠴᠢᠩᠭᠠᠳᠬᠠᠵᠤ᠂ ᠨᠡᠶᠢᠲᠡ | 12.55 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠵᠤ ᠭᠠᠳᠠᠭᠰᠢ ᠤᠰᠤ ᠲᠠᠲᠠᠬᠤ ᠭᠦᠢᠴᠡᠳᠬᠡᠯ ᠲᠤᠭ᠎ᠠ ᠶᠢ | 4545 ᠲᠦᠮᠡᠨ ᠪᠣᠰᠤᠭ᠎ᠠ ᠳᠥᠷᠪᠡᠯᠵᠢᠨ ᠮᠧᠲᠷ ᠬᠤᠳᠠᠯᠳᠤᠨ ᠠᠪᠴᠤ᠂ 80 ᠭᠠᠷᠤᠶ ᠠᠵᠤ ᠦᠢᠯᠡᠳᠪᠦᠷᠢ ᠶᠢᠨ | ᠠᠵᠤ ᠠᠬᠤᠶᠢᠯᠠᠯ ᠤᠨ ᠤᠰᠤ ᠬᠡᠷᠡᠭᠯᠡᠬᠦ ᠠᠰᠠᠭᠤᠳᠠᠯ ᠢ ᠪᠦᠲᠦᠮᠵᠢᠲᠡᠶ ᠰᠢᠢᠳᠪᠦᠷᠢᠯᠡᠬᠦ ᠶᠢᠨ ᠬᠠᠮᠲᠤ ᠠᠵᠢᠯ | ᠲᠥᠷᠥᠯ ᠤᠨ ᠬᠤᠭᠤᠷᠣᠨᠳᠣ ︽ᠠᠵᠤ ᠦᠢᠯᠡᠳᠪᠦᠷᠢ ᠪᠠᠷ ᠲᠠᠷᠢᠶᠠᠯᠠᠩ ᠢ ᠨᠥᠬᠦᠪᠦᠷᠢᠯᠡᠵᠦ᠂ ᠲᠠᠷᠢᠶᠠᠯᠠᠩ ᠢᠶᠠᠷ ᠠᠵᠤ | ᠦᠢᠯᠡᠳᠪᠦᠷᠢ ᠶᠢ ᠲᠡᠵᠢᠭᠡᠬᠦ︾ ᠵᠠᠭᠪᠤᠷ ᠢ ᠬᠠᠶᠢᠨ ᠰᠦᠪᠡᠭᠴᠢᠯᠡᠵᠦ᠂ ᠠᠵᠤ ᠦᠢᠯᠡᠳᠪᠦᠷᠢ ᠪᠠᠷ ᠲᠠᠷᠢᠶᠠᠯᠠᠩ ᠤᠨ | ᠤᠰᠤ ᠠᠷᠪᠢᠯᠠᠵᠤ ᠦᠷ᠎ᠡ ᠠᠰᠢᠭ ᠢ ᠨᠡᠮᠡᠭᠳᠡᠭᠦᠯᠬᠦ ᠶᠢ ᠲᠦᠯᠬᠢᠨ ᠠᠬᠢᠭᠤᠯᠵᠤ᠂ ᠠᠵᠤ ᠦᠢᠯᠡᠳᠪᠦᠷᠢ ᠲᠠᠷᠢᠶᠠᠯᠠᠩ ᠤᠨ | ᠤᠰᠤᠨ ᠤ ᠡᠬᠢ ᠪᠠᠶᠠᠯᠢᠭ ᠤᠨ ᠲᠣᠬᠢᠷᠠᠭᠤᠯᠤᠯᠲᠠ ᠶᠢ ᠰᠢᠯᠢᠳᠡᠭᠵᠢᠭᠦᠯᠵᠦ᠂ ᠥᠪᠡᠷᠲᠡᠭᠡᠨ ᠵᠠᠰᠠᠬᠤ ᠣᠷᠣᠨ ᠳᠤ | ᠤᠷᠢᠳᠠᠪᠠᠷ ᠲᠤᠰᠬᠠᠢ ᠣᠷᠣᠨ ᠤ ᠲᠡᠰ ᠤᠨ ᠬᠤᠲᠠ ᠶᠢᠨ ᠤᠰᠤᠨ ᠤ ᠡᠷᠬᠡ ᠶᠢᠨ ᠠᠷᠠᠯᠵᠢᠶᠠᠨ ᠤ ᠡᠯᠧᠺᠲᠷᠣᠨ | ᠲᠠᠪᠴᠠᠩ ᠪᠠᠶᠢᠭᠤᠯᠵᠤ᠂ ᠠᠵᠤ ᠠᠬᠤᠶᠢᠯᠠᠯ ᠢ ᠵᠢᠯᠣᠭᠤᠳᠤᠨ ᠤᠰᠤᠨ ᠤ ᠡᠷᠬᠡ ᠶᠢᠨ ᠠᠷᠠᠯᠵᠢᠶ᠎ᠠ 28 ᠬᠤᠪᠢ | ᠪᠡᠶᠡᠯᠡᠭᠦᠯᠵᠦ᠂ ᠤᠰᠤᠨ ᠤ ᠭᠦᠢᠴᠡᠳᠬᠡᠯ ᠲᠤᠭ᠎ᠠ ᠶᠢ ᠠᠮᠢᠳᠤᠯᠢᠭᠵᠢᠭᠤᠯᠪᠠ᠃ | ᠦᠬᠠᠢ ᠬᠤᠳᠠ ᠶᠢᠨ ᠬᠢᠨ ᠤᠰᠤᠨ ᠤ ᠡᠷᠬᠡ ᠪᠠᠨ ᠠᠷᠠᠯᠵᠢᠶᠠᠯᠠᠬᠤ ᠶᠢ ᠵᠠᠬ᠎ᠠ ᠳᠡᠯᠭᠡᠭᠦᠷᠴᠢᠯᠡᠭᠰᠡᠨ ᠰᠠᠭᠤᠷᠢᠨ | ᠳᠡᠭᠡᠷ᠎ᠡ ᠤᠰᠤᠨ ᠤ ᠡᠷᠬᠡ ᠪᠠᠨ ᠪᠠᠷᠢᠴᠠᠭᠠᠯᠠᠬᠤ ᠵᠢᠭᠡᠯᠡᠯᠭᠡ ᠪᠣᠯᠤᠨ ᠤᠰᠤ ᠠᠷᠪᠢᠯᠠᠬᠤ ᠵᠢᠭᠡᠯᠡᠯᠭᠡ ᠶᠢᠨ ᠵᠠᠭᠪᠤᠷ ᠢ | ᠰᠦᠪᠡᠭᠴᠢᠯᠡᠵᠦ᠂ ᠤᠰᠤ ᠠᠪᠬᠤ ᠵᠥᠪᠰᠢᠶᠡᠷᠡᠯ ᠤᠨ ᠬᠡᠪᠴᠢᠶᠡᠨ ᠳᠣᠲᠣᠷ᠎ᠠ ᠤᠰᠤᠨ ᠤ ᠭᠦᠢᠴᠡᠳᠬᠡᠯ ᠲᠤᠭ᠎ᠠ ᠶᠢ | ᠬᠠᠮᠤᠭ ᠤᠨ ᠶᠡᠭᠡ ᠬᠡᠮᠵᠢᠶ᠎ᠡ ᠪᠠᠷ ᠰᠠᠶᠢᠲᠤᠷ ᠬᠡᠷᠡᠭᠯᠡᠵᠦ᠂ ᠤᠰᠤᠨ ᠤ ᠡᠷᠬᠡ ᠶᠢᠨ ᠵᠠᠬ᠎ᠠ ᠳᠡᠯᠭᠡᠭᠦᠷ ᠤᠨ ᠠᠮᠢᠵᠢᠷᠠᠯ ᠤᠨ | ᠬᠦᠴᠦᠨ ᠢ ᠬᠥᠭᠵᠢᠭᠡᠵᠦ᠂ ᠤᠰᠤᠨ ᠤ ᠭᠦᠢᠴᠡᠳᠬᠡᠯ ᠲᠤᠭ᠎ᠠ ᠶᠢ ᠥᠨᠳᠥᠷ ᠦᠷ᠎ᠡ ᠪᠦᠲᠦᠮᠵᠢ ᠲᠠᠢ᠂ ᠥᠨᠳᠥᠷ ᠦᠷ᠎ᠡ | ᠠᠰᠢᠭ ᠲᠠᠢ ᠠᠵᠢᠯ ᠲᠦᠷᠦᠯ ᠲᠡᠰᠢ ᠰᠢᠯᠵᠢᠭᠦᠯᠬᠦ ᠶᠢ ᠬᠦᠳᠦᠯᠦᠨ ᠵᠢᠯᠣᠭᠤᠳᠴᠤ᠂ ᠦᠬᠠᠢ ᠶᠢᠨ ᠲᠤᠷᠰᠢᠯᠭ᠎ᠠ ᠶᠢᠨ | ᠨᠢᠭᠡ ᠶᠡᠭᠡ ᠣᠨᠴᠠᠯᠢᠭ ᠢ ᠠᠯᠬᠤᠮ ᠠᠯᠬᠤᠮ ᠢᠶᠠᠷ ᠪᠦᠷᠢᠯᠳᠦᠭᠦᠯᠵᠡᠢ᠃ | ︽ᠪᠢᠳᠡ ᠲᠥᠰᠦᠪ ᠤᠨ ᠬᠠᠮᠢᠶᠠᠷᠤᠯᠲᠠ ᠪᠠᠨ ᠲᠠᠰᠤᠷᠠᠯᠲᠠ ᠥᠬᠡᠶ ᠴᠢᠩᠭᠠᠳᠬᠠᠵᠤ᠂ ᠦᠬᠠᠶ ᠬᠤᠲᠠ ᠶᠢᠨ | ᠠᠵᠤ ᠦᠢᠯᠡᠳᠪᠦᠷᠢ ᠳᠤ ᠬᠡᠷᠡᠭᠯᠡᠬᠦ ᠬᠠᠲᠤᠨ ᠭᠤᠤᠯ ᠤᠨ ᠤᠰᠤ ᠳᠠᠮᠵᠢᠭᠤᠯᠬᠤ ᠬᠤᠬᠢᠷᠠᠯ ᠢ 8% ᠠᠴᠠ ᠥᠨᠳᠥᠷ | ᠪᠠᠶᠢᠯᠭᠠᠵᠤ ᠪᠣᠯᠬᠤ ᠥᠬᠡᠶ᠂ ᠠᠯᠬᠤᠮ ᠠᠯᠬᠤᠮ ᠢᠶᠠᠷ 5% ᠪᠠᠷ ᠳᠡᠭᠡᠭᠰᠢᠯᠡᠭᠦᠯᠬᠦ ᠱᠠᠭᠠᠷᠳᠠᠯᠭ᠎ᠠ ᠶᠣᠰᠣᠭᠠᠷ᠂ ᠤᠰᠤ | ᠠᠷᠪᠢᠯᠠᠬᠤ ᠮᠡᠷᠭᠡᠵᠢᠯ ᠤᠨ ᠦᠢᠯᠡᠴᠢᠯᠡᠭᠡᠨ ᠤ ᠠᠵᠤ ᠠᠬᠤᠶᠢᠯᠠᠯ ᠢ ᠲᠠᠰᠤᠷᠠᠯᠲᠠ ᠥᠬᠡᠶ ᠬᠥᠭᠵᠢᠭᠦᠯᠦᠨ | ᠪᠤᠵᠠᠭᠠᠶᠢᠷᠠᠭᠤᠯᠬᠤ ᠶᠢ ᠠᠬᠢᠭᠤᠯᠵᠤ᠂ ᠪᠥᠬᠦ ᠬᠤᠲᠠ ᠶᠢᠨ ᠨᠡᠭᠦᠷᠡᠰᠦᠨ ᠠᠭᠤᠷᠬᠠᠶ ᠶᠢᠨ ᠭᠠᠳᠠᠭᠰᠢ ᠭᠠᠷᠭᠠᠭᠰᠠᠨ 21 | ᠠᠭᠤᠷᠬᠠᠶ ᠶᠢᠨ ᠬᠤᠳᠳᠤᠭ ᠤᠨ ᠤᠰᠤ ᠶᠢ ᠴᠤᠭᠯᠠᠭᠤᠯᠤᠨ ᠠᠰᠢᠭᠯᠠᠬᠤ ᠶᠢ ᠳᠥᠯᠭᠢᠨ ᠠᠬᠢᠭᠤᠯᠵᠤ᠂ ᠬᠤᠲᠠ ᠶᠢᠨ | ᠲᠣᠭᠤᠷᠢᠭ ᠤᠨ ᠪᠣᠬᠢᠷ ᠤᠰᠤ ᠰᠢᠢᠳᠪᠦᠷᠢᠯᠡᠬᠦ ᠦᠢᠯᠡᠳᠪᠦᠷᠢ ᠬᠢᠭᠡᠳ ᠬᠦᠷᠢᠶᠡᠯᠡᠩ ᠲᠣᠭᠤᠷᠢᠭ ᠤᠨ ᠪᠣᠬᠢᠷ ᠤᠰᠤ | ᠰᠢᠢᠳᠪᠦᠷᠢᠯᠡᠬᠦ ᠦᠢᠯᠡᠳᠪᠦᠷᠢ ᠬᠤᠯᠪᠣᠭᠠᠯᠠᠨ ᠡᠵᠡᠩᠨᠡᠬᠦ ᠶᠢ ᠪᠡᠶᠡᠯᠡᠭᠦᠯᠦᠨ᠂ ᠳᠠᠬᠢᠯᠲᠠ ᠤᠰᠤ ᠶᠢ ᠠᠰᠢᠭᠯᠠᠬᠤ ᠠᠷᠭ᠎ᠠ | ᠵᠠᠮ ᠢ ᠥᠷᠭᠡᠳᠬᠡᠵᠦ᠂ ᠳᠠᠬᠢᠯᠲᠠ ᠤᠰᠤ ᠶᠢ ᠬᠡᠷᠡᠭᠯᠡᠬᠦ ᠨᠥᠬᠦᠴᠡᠯ ᠢ ᠪᠦᠷᠢᠯᠳᠦᠭᠦᠯᠦᠭᠰᠡᠨ ᠨᠡᠭᠦᠷᠡᠰᠦᠨ ᠠᠭᠤᠷᠬᠠᠶ᠂ | ᠤᠬᠢᠶᠠᠵᠤ ᠰᠣᠩᠭᠤᠬᠤ᠂ ᠬᠡᠦᠷᠰᠢᠭᠦᠯᠬᠦ ᠵᠡᠷᠭᠡ ᠨᠡᠭᠦᠷᠡᠰᠦᠨ ᠤ ᠬᠦᠷᠢᠶᠡᠨ ᠳᠠᠬᠢ ᠠᠵᠤ ᠠᠬᠤᠶᠢᠯᠠᠯ ᠪᠦᠬᠦᠨ ᠢᠶᠠᠷ ᠢᠶᠠᠨ | ᠳᠠᠬᠢᠯᠲᠠ ᠤᠰᠤ ᠶᠢ ᠬᠡᠷᠡᠭᠯᠡᠵᠦ᠂ ᠪᠥᠬᠦ ᠬᠤᠲᠠ ᠶᠢᠨ ᠳᠠᠬᠢᠨ ᠡᠭᠦᠰᠴᠦ ᠪᠣᠯᠬᠤ ᠤᠰᠤᠨ ᠠᠰᠢᠭᠯᠠᠯᠲᠠ ᠶᠢᠨ ᠬᠡᠷᠡᠭᠯᠡᠬᠦ | ᠬᠡᠮᠵᠢᠶ᠎ᠡ ᠶᠢ 0.25 ᠳ᠋ᠦᠩᠰᠢᠭᠤᠷ ᠪᠣᠰᠤᠭ᠎ᠠ ᠳᠥᠷᠪᠡᠯᠵᠢᠨ ᠮᠧᠲᠷ ᠲᠤ ᠬᠦᠷᠦᠭᠦᠯᠵᠦ᠂ ᠠᠰᠢᠭᠯᠠᠯᠲᠠ ᠶᠢᠨ | ᠨᠣᠷᠮ᠎ᠠ ᠶᠢ 90% ᠠᠴᠠ ᠳᠠᠪᠠᠭᠤᠯᠪᠠ︾ ᠭᠡᠵᠦ ᠦᠬᠠᠢ ᠬᠤᠲᠠ ᠶᠢᠨ ᠤᠰᠤᠨ ᠤ ᠶᠠᠪᠤᠳᠠᠯ ᠤᠨ ᠲᠣᠪᠴᠢᠶᠠᠨ ᠤ | ᠳᠠᠷᠤᠭ᠎ᠠ ᠯᠢ ᠾᠧ ᠫᠢᠩ ᠲᠠᠨᠢᠯᠴᠠᠭᠤᠯᠪᠠ᠃ | ︵︽ᠳᠤᠮᠳᠠᠳᠦ ᠤᠯᠤᠰ ᠤᠨ ᠤᠰᠤᠨ ᠠᠰᠢᠭᠯᠠᠯᠲᠠ ᠶᠢᠨ ᠰᠤᠨᠢᠨ︾ ᠠᠴᠠ ᠰᠢᠯᠵᠢᠭᠦᠯᠪᠡ ᠮᠡᠳᠡᠭᠡᠯᠡᠭᠴᠢ ᠯᠢ | ᠴᠧᠨ ᠢᠤᠢ ᠰᠤᠷᠪᠤᠯᠵᠢᠯᠠᠭᠴᠢ ᠯᠢ ᠵᠢᠶᠠᠨ ᠭᠦᠸᠧ︶ | |