ᠰᠢᠨᠬᠤᠸᠠ ᠬᠤᠷᠢᠶ᠎ᠠ᠄ ᠤᠰᠤᠨ ᠠᠰᠢᠭᠯᠠᠯᠲᠠ ᠶᠢᠨ ᠶᠠᠮᠤᠨ 8 ᠮᠤᠵᠢ ᠳᠤ ᠴᠢᠭᠯᠡᠭᠦᠯᠦᠨ ᠭᠠᠩ ᠬᠠᠭᠰᠠᠷᠭᠠᠨ ᠢ ᠰᠡᠷᠭᠡᠶᠢᠯᠡᠬᠦ Ⅳ ᠲᠠᠰ ᠤᠨ ᠪᠠᠴᠢᠮ ᠪᠠᠶᠢᠳᠠᠯ ᠢ ᠠᠷᠭᠠᠴᠠᠬᠤ ᠶᠢ ᠬᠡᠷᠡᠭᠵᠢᠭᠦᠯᠪᠡ
ᠨᠡᠶᠢᠲᠡᠯᠡᠭᠰᠡᠨ ᠴᠠᠭ᠄
2024/6/14
  ᠤᠰᠤᠨ ᠠᠰᠢᠭᠯᠠᠯᠲᠠ ᠶᠢᠨ ᠶᠠᠮᠤᠨ 12 ᠤ ᠡᠲᠦᠷ ᠤᠨ 14 ᠴᠠᠭ ᠲᠤ ᠡᠾᠧᠪᠸᠢ᠂ ᠱᠠᠨ ᠰᠢ᠂ ᠵᠢᠶᠠᠩᠰᠦ᠂ ᠠᠨᠾᠦ᠋ᠢ᠂ ᠱᠠᠨᠲᠦ᠋ᠩ᠂ ᠡᠾᠧᠨᠠᠨ᠂ ᠱᠠᠨᠰᠢ ᠪᠤᠯᠤᠨ ᠭᠠᠨᠰᠦ ᠮᠤᠵᠢ ᠭᠠᠩ ᠬᠠᠭᠰᠠᠷᠭᠠᠨ ᠢ ᠰᠡᠷᠭᠡᠶᠢᠯᠡᠬᠦ Ⅳ ᠲᠡᠰ ᠤᠨ ᠪᠠᠴᠢᠮ ᠪᠠᠶᠢᠲᠠᠯ ᠢ ᠠᠷᠭᠠᠴᠠᠬᠤ ᠠᠵᠢᠯᠯᠠᠭ᠎ᠠ ᠡᠭᠢᠯᠡᠪᠡ᠃  5 ᠳ᠋ᠤᠭᠠᠷ ᠰᠠᠷ᠎ᠠ ᠠᠴᠠ ᠨᠠᠭᠠᠰᠢ᠂ ᠤᠮᠠᠷᠠᠲᠤ ᠣᠷᠣᠨ᠂ ᠬᠠᠲᠤᠨ ᠭᠤᠣᠯ᠂ ᠬᠤᠸᠠᠢ ᠾᠧ ᠭᠤᠣᠯ᠂ ᠵᠢᠶᠠᠩ ᠬᠤᠸᠠᠢ ᠵᠡᠷᠭᠡ ᠭᠠᠵᠠᠷ ᠤᠨ ᠬᠡᠰᠡᠭ ᠭᠠᠵᠠᠷ ᠣᠷᠣᠨ ᠳᠤ ᠬᠤᠷ᠎ᠠ ᠲᠤᠨᠳᠠᠰᠤ ᠪᠠᠭ᠎ᠠ ᠪᠥᠭᠡᠳ ᠤᠶᠢᠷ᠎ᠠ ᠶᠢᠨ ᠬᠤᠭᠤᠴᠠᠭᠠᠨ ᠳᠤ ᠥᠨᠳᠥᠷ ᠳᠤᠯᠠᠭᠠᠨ ᠠᠭᠤᠷ ᠠᠮᠢᠰᠬᠤᠯ ᠪᠠᠶᠢᠵᠤ᠂ ᠵᠠᠷᠢᠮ ᠭᠠᠵᠠᠷ ᠣᠷᠣᠨ ᠳᠤ ᠲᠠᠷᠢᠬᠤ ᠪᠠᠷ ᠪᠠᠶᠢᠭ᠎ᠠ ᠲᠠᠷᠢᠶᠠᠨ ᠭᠠᠵᠠᠷ ᠤᠨ ᠴᠢᠭᠢᠭᠯᠢᠭ ᠭᠠᠵᠠᠷ ᠪᠠ ᠨᠢᠭᠡᠨᠲᠡ ᠲᠠᠷᠢᠵᠤ ᠪᠠᠶᠢᠭ᠎ᠠ ᠲᠠᠷᠢᠮᠠᠯ ᠭᠠᠩᠳᠠᠭᠰᠠᠨ ᠪᠠᠶᠢᠳᠠᠯ ᠢᠯᠡᠷᠡᠪᠡ᠃ ᠤᠰᠤᠨ ᠠᠰᠢᠭᠯᠠᠯᠲᠠ ᠶᠢᠨ ᠶᠠᠮᠤᠨ ᠵᠢᠱᠢᠯᠲᠡ ᠪᠠᠷ᠂ ᠢᠷᠡᠬᠦ 10 ᠡᠳᠦᠷ ᠲᠤ ᠲᠤᠰ ᠣᠷᠣᠨ ᠪᠦᠰᠡ ᠮᠥᠨ ᠯᠡ ᠥᠨᠳᠥᠷ ᠳᠤᠯᠠᠭᠠᠨ ᠬᠤᠷ᠎ᠠ ᠪᠣᠷᠣᠭᠠᠨ ᠪᠠᠭ᠎ᠠ ᠠᠭᠤᠷ ᠠᠮᠢᠰᠬᠤᠯ ᠢ ᠪᠠᠲᠤᠯᠠᠵᠦ᠂ ᠭᠠᠩ ᠬᠠᠭᠰᠠᠷᠠᠭᠠᠨ ᠤ ᠪᠠᠶᠢᠳᠠᠯ ᠦᠷᠭᠦᠯᠵᠢᠯᠡᠬᠦ ᠪᠤᠶᠤ ᠤᠯᠠᠮ ᠨᠢᠭᠡ ᠠᠯᠬᠤᠮ ᠬᠦᠭᠵᠢᠬᠦ ᠪᠤᠯᠤᠯᠴᠠᠭ᠎ᠠ ᠲᠠᠢ ᠭᠡᠵᠡᠢ᠃  ᠤᠰᠤᠨ ᠠᠰᠢᠭᠯᠠᠯᠲᠠ ᠶᠢᠨ ᠶᠠᠮᠤᠨ ᠲᠤᠰ ᠡᠳᠦᠷ ᠵᠥᠪᠳᠡᠯᠴᠡᠬᠦ ᠬᠤᠷᠠᠯ ᠬᠤᠷᠠᠯᠳᠤᠭᠤᠯᠵᠤ᠂ ᠭᠠᠩ ᠬᠠᠭᠰᠠᠷᠠᠭᠠᠨ ᠤ ᠪᠠᠶᠢᠳᠠᠯ ᠢ ᠵᠠᠳᠠᠯᠵᠤ ᠰᠤᠳᠤᠯᠤᠨ ᠮᠠᠭᠠᠳᠯᠠᠵᠤ᠂ ᠭᠠᠩ ᠬᠠᠭᠰᠠᠷᠠᠭᠠᠨ ᠤ ᠰᠡᠷᠡᠮᠵᠢ ᠨᠡᠶᠢᠲᠡᠯᠡᠪᠡ᠃  ᠤᠰᠤᠨ ᠠᠰᠢᠭᠯᠠᠯᠲᠠ ᠶᠢᠨ ᠶᠠᠮᠤᠨ ᠤ ᠤᠰᠤ ᠭᠠᠩ ᠤᠨ ᠭᠠᠮᠰᠢᠭ ᠢ ᠰᠡᠷᠭᠡᠶᠢᠯᠡᠬᠦ ᠵᠤᠷᠭᠠᠨ ᠤ ᠬᠠᠮᠢᠶ᠎ᠠ ᠪᠦᠬᠦᠢ ᠬᠠᠷᠢᠭᠤᠴᠠᠯᠭᠠᠲᠠᠨ ᠢᠯᠡᠷᠬᠡᠶᠢᠯᠡᠬᠦ ᠳᠡᠭᠡᠨ᠂ ᠤᠰᠤᠨ ᠠᠰᠢᠭᠯᠠᠯᠲᠠ ᠶᠢᠨ ᠶᠠᠮᠤᠨ ᠠᠴᠠ ᠭᠠᠩ ᠤᠨ ᠪᠠᠶᠢᠳᠠᠯ ᠤᠨ ᠬᠤᠪᠢᠷᠠᠯᠲᠠ ᠶᠢ ᠨᠢᠭᠲᠠ ᠠᠩᠬᠠᠷᠴᠤ᠂ ᠬᠠᠮᠢᠶ᠎ᠠ ᠪᠦᠬᠦᠢ ᠭᠠᠵᠠᠷ ᠣᠷᠣᠨ ᠢ ᠵᠢᠯᠣᠭᠤᠳᠤᠨ ᠤᠰᠤ ᠬᠠᠩᠭᠠᠬᠤ ᠪᠠᠶᠢᠳᠠᠯ ᠤᠨ ᠵᠠᠳᠠᠯᠤᠯᠲᠠ ᠶᠢ ᠴᠢᠩᠭᠠᠳᠬᠠᠵᠤ᠂ ᠰᠠᠪᠠ ᠭᠠᠵᠠᠷ ᠤᠨ ᠭᠤᠣᠯᠯᠠᠭᠴᠢ ᠤᠰᠤᠨ ᠤ ᠢᠨᠵᠧᠨᠧᠷᠢᠩ ᠢ ᠰᠢᠨᠵᠢᠯᠡᠬᠦ ᠤᠬᠠᠭᠠᠨᠴᠢ ᠪᠠᠷ ᠣᠨᠣᠪᠴᠢᠲᠠᠶ ᠲᠣᠬᠢᠷᠠᠭᠤᠯᠵᠤ᠂ ᠬᠠᠲᠤᠨ ᠭᠤᠣᠯ ᠤᠨ ᠭᠤᠣᠯ ᠤᠷᠤᠰᠬᠠᠯ ᠤᠨ ᠭᠠᠩ ᠬᠠᠭᠰᠠᠷᠠᠭᠠᠨ ᠲᠠᠢ ᠲᠡᠮᠡᠴᠡᠬᠦ ᠤᠰᠤᠨ ᠤ ᠬᠡᠮᠵᠢᠶ᠎ᠡ ᠶᠢᠨ ᠲᠣᠬᠢᠷᠠᠭᠤᠯᠤᠯᠲᠠ ᠶᠢ ᠴᠢᠩᠭᠠᠳᠬᠠᠵᠤ᠂ ᠲᠣᠮᠣ ᠳᠤᠮᠳᠠ ᠬᠡᠯᠪᠡᠷᠢ ᠶᠢᠨ ᠤᠰᠤᠯᠠᠯᠲᠠ ᠶᠢᠨ ᠣᠷᠣᠨ ᠤ ᠭᠠᠩ ᠬᠠᠭᠰᠠᠷᠠᠭᠠᠨ ᠲᠠᠢ ᠲᠡᠮᠡᠴᠡᠬᠦ ᠭᠤᠣᠯ ᠬᠦᠴᠦᠨ ᠤ ᠦᠢᠯᠡᠳᠦᠯ ᠢ ᠪᠠᠳᠠᠷᠠᠭᠤᠯᠵᠤ᠂ ᠭᠠᠵᠠᠷ ᠣᠷᠣᠨ ᠤ ᠪᠠᠶᠢᠳᠠᠯ ᠳᠤᠨᠢ ᠲᠣᠬᠢᠷᠠᠭᠤᠯᠤᠨ ᠪᠠᠴᠢᠮ ᠪᠠᠶᠢᠳᠠᠯ ᠢ ᠠᠷᠭᠠᠴᠠᠵᠤ ᠤᠰᠤ ᠲᠣᠬᠢᠷᠠᠭᠤᠯᠬᠤ᠂ ᠬᠤᠳᠳᠤᠭ ᠮᠠᠯᠲᠠᠵᠤ ᠤᠰᠤ ᠠᠪᠬᠤ ᠵᠡᠷᠭᠡ ᠠᠷᠭ᠎ᠠ ᠬᠡᠮᠵᠢᠶ᠎ᠡ ᠠᠪᠴᠤ᠂ ᠤᠰᠤᠯᠠᠯᠲᠠ ᠶᠢᠨ ᠤᠰᠤ ᠶᠢ ᠪᠦᠬᠦ ᠬᠦᠴᠦᠨ ᠢᠶᠠᠷ ᠢᠶᠠᠨ ᠪᠠᠲᠤᠯᠠᠵᠤ᠂ ᠣᠯᠠᠨ ᠲᠦᠮᠡᠨ ᠤ ᠤᠤᠭᠤᠬᠤ ᠤᠰᠤᠨ ᠤ ᠠᠮᠤᠷ ᠲᠦᠪᠰᠢᠨ᠂ ᠬᠡᠪᠴᠢᠶᠡᠵᠢᠭᠦᠯᠦᠨ ᠲᠡᠵᠢᠭᠡᠨ ᠦᠷᠡᠵᠢᠭᠦᠯᠬᠦ ᠪᠠ ᠪᠣᠳᠠ ᠮᠠᠯ ᠤᠨ ᠤᠰᠤ ᠬᠡᠷᠡᠭᠯᠡᠬᠦ ᠠᠮᠤᠷ ᠲᠦᠪᠰᠢᠨ ᠢ ᠦᠨᠡᠨ ᠬᠦ ᠪᠠᠲᠤᠯᠠᠨ᠎ᠠ ᠭᠡᠵᠡᠢ᠃ 
 
ᠢᠷᠡᠯᠲᠡ᠄ ᠰᠢᠨᠬᠤᠸᠠ ᠬᠤᠷᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号