ᠰᠤᠷᠪᠤᠯᠵᠢᠯᠠᠭᠴᠢ 14 ᠤ ᠡᠳᠦᠷ ᠤᠰᠤᠨ ᠠᠰᠢᠭᠯᠠᠯᠲᠠ ᠶᠢᠨ ᠶᠠᠮᠤᠨ ᠠᠴᠠ ᠣᠶᠢᠯᠠᠭᠠᠭᠰᠠᠨ ᠢᠶᠠᠷ᠂ ᠤᠮᠠᠷᠠᠲᠤ | ᠣᠷᠣᠨ᠂ ᠬᠠᠲᠤᠨ ᠭᠤᠣᠯ᠂ ᠬᠠᠢ ᠾᠧ ᠭᠤᠣᠯ᠂ ᠬᠤᠸᠠᠢ ᠾᠧ ᠭᠤᠣᠯ ᠵᠡᠷᠭᠡ ᠤᠮᠠᠷᠠᠲᠦ ᠤᠷᠤᠨ ᠤ ᠭᠠᠩ | ᠬᠠᠭᠰᠠᠷᠠᠭᠠᠨ ᠤ ᠪᠠᠶᠢᠳᠠᠯ ᠢ ᠠᠷᠭᠠᠴᠠᠬᠤ ᠶᠢᠨ ᠲᠦᠯᠦᠭᠡ᠂ ᠬᠠᠳᠤᠨ ᠭᠤᠣᠯ᠂ ᠬᠠᠢ ᠾᠧ ᠭᠤᠣᠯ᠂ ᠬᠤᠸᠠᠢ ᠾᠧ | ᠭᠤᠣᠯ ᠤᠨ ᠰᠠᠪᠠ ᠭᠠᠵᠠᠷ ᠤᠨ ᠡᠵᠡᠮᠳᠡᠯ ᠤᠨ ᠴᠢᠨᠠᠷᠲᠠᠢ ᠤᠰᠤᠨ ᠴᠥᠭᠦᠷᠥᠮ ᠢ ᠭᠠᠩ ᠬᠠᠭᠰᠠᠷᠠᠭᠠᠨ ᠲᠠᠢ ᠲᠡᠮᠡᠴᠡᠬᠦ | ᠲᠣᠬᠢᠷᠠᠭᠤᠯᠤᠯᠲᠠ ᠶᠢᠨ ᠵᠠᠭᠪᠤᠷ ᠲᠤ ᠪᠦᠬᠦ ᠲᠠᠯ᠎ᠠ ᠪᠠᠷ ᠣᠷᠣᠭᠤᠯᠵᠤ᠂ ᠳᠣᠷᠣᠭᠰᠢ ᠤᠷᠤᠰᠬᠤ ᠤᠷᠤᠰᠬᠠᠯ ᠤᠨ | ᠬᠡᠮᠵᠢᠶ᠎ᠡ ᠪᠠ ᠤᠰᠤᠨ ᠤ ᠬᠡᠮᠵᠢᠶ᠎ᠡ ᠶᠢ ᠨᠡᠮᠡᠭᠳᠡᠭᠦᠯᠦᠨ᠂ ᠳᠣᠣᠷᠠᠳᠤ ᠤᠷᠤᠰᠬᠠᠯ ᠤᠨ ᠭᠠᠩᠳᠠᠭᠰᠠᠨ ᠭᠠᠵᠠᠷ ᠣᠷᠣᠨ ᠤ | ᠤᠰᠤ ᠬᠡᠷᠡᠭᠯᠡᠬᠦ ᠬᠡᠷᠡᠭᠴᠡᠭᠡ ᠶᠢ ᠪᠠᠲᠤᠯᠠᠪᠠ᠃ | 14 ᠤ ᠡᠳᠦᠷ ᠤᠨ 20 ᠴᠠᠭ ᠠᠴᠠ ᠡᠬᠢᠯᠡᠨ᠂ ᠤᠰᠤᠨ ᠠᠰᠢᠭᠯᠠᠯᠲᠠ ᠶᠢᠨ ᠶᠠᠮᠤᠨ ᠤ ᠬᠠᠲᠤᠨ ᠭᠤᠣᠯ ᠤᠨ | ᠤᠰᠤᠨ ᠠᠰᠢᠭᠯᠠᠯᠲᠠ ᠶᠢᠨ ᠵᠥᠪᠯᠡᠯ ᠠᠴᠠ ᠬᠠᠲᠤᠨ ᠭᠤᠣᠯ ᠤᠨ ᠰᠢᠶᠤᠤ ᠯᠠᠩ ᠳ᠋ᠢ ᠤᠰᠤᠨ ᠴᠥᠭᠦᠷᠥᠮ ᠤᠨ | ᠳᠤᠷᠤᠭᠰᠢ ᠤᠷᠤᠰᠬᠤ ᠤᠷᠤᠰᠬᠠᠯ ᠤᠨ ᠬᠡᠮᠵᠢᠶ᠎ᠡ ᠶᠢ ᠰᠧᠺᠦ᠋ᠨ᠋ᠳ᠋ ᠪᠦᠷᠢ 1200 ᠪᠤᠰᠤᠭ᠎ᠠ ᠳᠦᠷᠪᠡᠯᠵᠢᠨ | ᠮᠧᠲᠷ ᠠᠴᠠ 1500 ᠪᠤᠰᠤᠭ᠎ᠠ ᠳᠦᠷᠪᠡᠯᠵᠢᠨ ᠮᠧᠲᠷ ᠪᠣᠯᠭᠠᠨ ᠨᠡᠮᠡᠭᠳᠡᠭᠦᠯᠵᠦ᠂ ᠬᠠᠲᠤᠨ ᠭᠤᠣᠯ ᠤᠨ ᠳᠤᠮᠳᠠᠳᠦ | ᠳᠣᠣᠷᠠᠲᠤ ᠤᠷᠤᠰᠬᠠᠯ ᠤᠨ ᠭᠠᠩ ᠬᠠᠭᠰᠠᠷᠠᠭᠠᠨ ᠲᠠᠢ ᠲᠡᠮᠡᠴᠡᠵᠦ ᠤᠰᠤ ᠬᠠᠩᠭᠠᠬᠤ ᠶᠢ ᠳᠡᠮᠵᠢᠵᠡᠢ᠃ | ᠤᠢᠢᠯᠠᠭᠠᠭᠰᠠᠠ ᠢᠶᠠᠷ᠂ 14 ᠤ ᠡᠳᠦᠷ ᠤᠨ 15 ᠴᠠᠭ ᠲᠤ᠂ ᠤᠰᠤᠨ ᠠᠰᠢᠬᠯᠠᠯᠲᠠ ᠶᠢᠨ ᠶᠠᠮᠤᠨ ᠠᠴᠠ | ᠾᠧᠨᠠᠨ᠂ ᠡᡁᠧᠪᠸᠢ ᠬᠤᠶᠠᠷ ᠮᠤᠵᠢ ᠶᠢᠨ ᠭᠠᠩ ᠬᠠᠭᠰᠠᠷᠠᠭᠠᠨ ᠤ ᠰᠡᠷᠭᠡᠶᠢᠯᠡᠯᠲᠡ ᠶᠢᠨ ᠪᠠᠴᠢᠮ ᠪᠠᠶᠢᠳᠠᠯ ᠢ | ᠠᠷᠭᠠᠴᠠᠭᠠᠬᠤ ᠶᠢ Ⅳ ᠲᠠᠰ ᠠᠴᠠ Ⅲ ᠲᠠᠰ ᠲᠤ ᠬᠦᠷᠭᠡᠪᠡ᠃ 12 ᠤᠨ ᠡᠳᠦᠷ ᠤᠨ 14 ᠴᠠᠭ ᠲᠤ᠂ ᠤᠰᠤᠨ | ᠠᠰᠢᠭᠯᠠᠯᠲᠠ ᠶᠢᠨ ᠶᠠᠮᠤᠨ ᠾᠧᠪᠸᠢ᠂ ᠱᠠᠨ ᠰᠢ᠂ ᠵᠢᠶᠠᠩᠰᠤ᠂ ᠠᠨᠾᠦ᠋ᠢ᠂ ᠱᠠᠨᠳᠦ᠋ᠩ᠂ ᠾᠧᠨᠠᠨ᠂ ᠱᠠᠨᠰᠢ ᠪᠣᠯᠤᠨ | ᠭᠠᠨᠰᠦ ᠮᠤᠵᠢ ᠵᠡᠷᠭᠡ ᠨᠠᠢᠮᠠᠨ ᠮᠤᠵᠢ ᠳᠤ ᠴᠢᠭᠯᠡᠭᠦᠯᠦᠨ ᠭᠠᠩ ᠬᠠᠭᠰᠠᠷᠠᠭᠠᠨ ᠢ ᠰᠡᠷᠭᠡᠶᠢᠯᠡᠬᠦ Ⅳ ᠲᠠᠰ ᠤᠨ ᠪᠠᠴᠢᠮ | ᠪᠠᠶᠢᠳᠠᠯ ᠢ ᠠᠷᠭᠠᠴᠠᠬᠤ ᠠᠵᠢᠯᠯᠠᠭ᠎ᠠ ᠶᠢ ᠡᠬᠢᠯᠡᠭᠦᠯᠪᠡ᠃ | 5 ᠳ᠋ᠤᠭᠠᠷ ᠰᠠᠷ᠎ᠠ ᠠᠴᠠ ᠨᠠᠭᠠᠰᠢ᠂ ᠤᠮᠠᠷᠠᠲᠤ ᠣᠷᠣᠨ᠂ ᠬᠠᠲᠤᠨ ᠭᠤᠣᠯ ᠬᠤᠸᠠᠢ ᠾᠧ ᠭᠤᠣᠯ᠂ ᠵᠢᠶᠠᠩ | ᠬᠤᠸᠠᠢ ᠵᠡᠷᠭᠡ ᠭᠠᠵᠠᠷ ᠤᠨ ᠬᠡᠰᠡᠭ ᠭᠠᠵᠠᠷ ᠣᠷᠣᠨ ᠳᠤ ᠬᠤᠷ᠎ᠠ ᠲᠤᠨᠳᠠᠰᠤ ᠪᠠᠭ᠎ᠠ ᠪᠥᠭᠡᠳ ᠤᠶᠢᠷ᠎ᠠ ᠶᠢᠨ | ᠬᠤᠭᠤᠴᠠᠭᠠᠨ ᠳᠤ ᠥᠨᠳᠥᠷ ᠳᠤᠯᠠᠭᠠᠨ ᠠᠭᠤᠷ ᠠᠮᠢᠰᠭᠤᠯ᠂ ᠵᠠᠷᠢᠮ ᠭᠠᠵᠠᠷ ᠲᠤ ᠠᠳᠠᠯᠢ ᠪᠤᠰᠤ ᠬᠡᠮᠵᠢᠶ᠎ᠡ ᠪᠠᠷ ᠭᠠᠩ | ᠬᠠᠭᠰᠠᠷᠭᠠᠨ ᠪᠣᠯᠵᠠᠢ᠃ ᠤᠰᠤᠨ ᠠᠰᠢᠭᠯᠠᠯᠲᠠ ᠶᠢᠨ ᠶᠠᠮᠤᠨ ᠵᠢᠱᠢᠯᠲᠡ ᠪᠠᠷ᠂ ᠢᠷᠡᠬᠦ ᠬᠡᠳᠦᠨ ᠡᠳᠦᠷ ᠲᠤ ᠡᠳᠡᠭᠡᠷ | ᠭᠠᠵᠠᠷ ᠣᠷᠣᠨ ᠳᠤ ᠮᠥᠨ ᠯᠡ ᠥᠨᠳᠥᠷ ᠳᠤᠯᠠᠭᠠᠨ ᠪᠣᠷᠣᠭᠠᠨ ᠪᠠᠭ᠎ᠠ ᠠᠭᠤᠷ ᠠᠮᠢᠰᠭᠤᠯ ᠦᠷᠭᠦᠯᠵᠢᠯᠡᠵᠦ᠂ | ᠭᠠᠩ ᠤᠨ ᠪᠠᠶᠢᠳᠠᠯ ᠦᠷᠭᠦᠯᠵᠢᠯᠡᠬᠦ ᠪᠤᠶᠤ ᠬᠦᠭᠵᠢᠬᠦ ᠪᠤᠯᠤᠯᠴᠠᠭ᠎ᠠ ᠲᠠᠢ ᠪᠠᠶᠢᠵᠦ ᠮᠡᠳᠡᠨ᠎ᠡ ᠭᠡᠵᠡᠢ᠃ | |