ᠰᠢᠨᠬᠤᠸᠠ ᠬᠤᠷᠢᠶ᠎ᠠ᠄ ᠭᠤᠷᠪᠠᠨ ᠶᠡᠭᠡ ᠰᠠᠪᠠ ᠭᠠᠵᠠᠷ ᠤᠨ ᠡᠵᠡᠮᠰᠢᠯ ᠤᠨ ᠴᠢᠨᠠᠷᠲᠠᠶ ᠤᠰᠤᠨ ᠴᠥᠭᠦᠷᠥᠮ ᠢ ᠭᠠᠩ ᠬᠠᠭᠰᠠᠷᠠᠭᠠᠨ ᠲᠠᠢ ᠲᠡᠮᠡᠴᠡᠬᠦ ᠲᠣᠬᠢᠷᠠᠭᠤᠯᠤᠯᠲᠠ ᠶᠢᠨ ᠵᠠᠭᠪᠤᠷ ᠲᠤ ᠪᠥᠬᠦ ᠲᠠᠯ᠎ᠠ ᠪᠠᠷ ᠣᠷᠣᠭᠤᠯᠪᠠ
ᠨᠡᠶᠢᠲᠡᠯᠡᠭᠰᠡᠨ ᠴᠠᠭ᠄
2024/6/19
  ᠰᠤᠷᠪᠤᠯᠵᠢᠯᠠᠭᠴᠢ 14 ᠤ ᠡᠳᠦᠷ ᠤᠰᠤᠨ ᠠᠰᠢᠭᠯᠠᠯᠲᠠ ᠶᠢᠨ ᠶᠠᠮᠤᠨ ᠠᠴᠠ ᠣᠶᠢᠯᠠᠭᠠᠭᠰᠠᠨ ᠢᠶᠠᠷ᠂ ᠤᠮᠠᠷᠠᠲᠤ ᠣᠷᠣᠨ᠂ ᠬᠠᠲᠤᠨ ᠭᠤᠣᠯ᠂ ᠬᠠᠢ ᠾᠧ ᠭᠤᠣᠯ᠂ ᠬᠤᠸᠠᠢ ᠾᠧ ᠭᠤᠣᠯ ᠵᠡᠷᠭᠡ ᠤᠮᠠᠷᠠᠲᠦ ᠤᠷᠤᠨ ᠤ ᠭᠠᠩ ᠬᠠᠭᠰᠠᠷᠠᠭᠠᠨ ᠤ ᠪᠠᠶᠢᠳᠠᠯ ᠢ ᠠᠷᠭᠠᠴᠠᠬᠤ ᠶᠢᠨ ᠲᠦᠯᠦᠭᠡ᠂ ᠬᠠᠳᠤᠨ ᠭᠤᠣᠯ᠂ ᠬᠠᠢ ᠾᠧ ᠭᠤᠣᠯ᠂ ᠬᠤᠸᠠᠢ ᠾᠧ ᠭᠤᠣᠯ ᠤᠨ ᠰᠠᠪᠠ ᠭᠠᠵᠠᠷ ᠤᠨ ᠡᠵᠡᠮᠳᠡᠯ ᠤᠨ ᠴᠢᠨᠠᠷᠲᠠᠢ ᠤᠰᠤᠨ ᠴᠥᠭᠦᠷᠥᠮ ᠢ ᠭᠠᠩ ᠬᠠᠭᠰᠠᠷᠠᠭᠠᠨ ᠲᠠᠢ ᠲᠡᠮᠡᠴᠡᠬᠦ ᠲᠣᠬᠢᠷᠠᠭᠤᠯᠤᠯᠲᠠ ᠶᠢᠨ ᠵᠠᠭᠪᠤᠷ ᠲᠤ ᠪᠦᠬᠦ ᠲᠠᠯ᠎ᠠ ᠪᠠᠷ ᠣᠷᠣᠭᠤᠯᠵᠤ᠂ ᠳᠣᠷᠣᠭᠰᠢ ᠤᠷᠤᠰᠬᠤ ᠤᠷᠤᠰᠬᠠᠯ ᠤᠨ ᠬᠡᠮᠵᠢᠶ᠎ᠡ ᠪᠠ ᠤᠰᠤᠨ ᠤ ᠬᠡᠮᠵᠢᠶ᠎ᠡ ᠶᠢ ᠨᠡᠮᠡᠭᠳᠡᠭᠦᠯᠦᠨ᠂ ᠳᠣᠣᠷᠠᠳᠤ ᠤᠷᠤᠰᠬᠠᠯ ᠤᠨ ᠭᠠᠩᠳᠠᠭᠰᠠᠨ ᠭᠠᠵᠠᠷ ᠣᠷᠣᠨ ᠤ ᠤᠰᠤ ᠬᠡᠷᠡᠭᠯᠡᠬᠦ ᠬᠡᠷᠡᠭᠴᠡᠭᠡ ᠶᠢ ᠪᠠᠲᠤᠯᠠᠪᠠ᠃  14 ᠤ ᠡᠳᠦᠷ ᠤᠨ 20 ᠴᠠᠭ ᠠᠴᠠ ᠡᠬᠢᠯᠡᠨ᠂ ᠤᠰᠤᠨ ᠠᠰᠢᠭᠯᠠᠯᠲᠠ ᠶᠢᠨ ᠶᠠᠮᠤᠨ ᠤ ᠬᠠᠲᠤᠨ ᠭᠤᠣᠯ ᠤᠨ ᠤᠰᠤᠨ ᠠᠰᠢᠭᠯᠠᠯᠲᠠ ᠶᠢᠨ ᠵᠥᠪᠯᠡᠯ ᠠᠴᠠ ᠬᠠᠲᠤᠨ ᠭᠤᠣᠯ ᠤᠨ ᠰᠢᠶᠤᠤ ᠯᠠᠩ ᠳ᠋ᠢ ᠤᠰᠤᠨ ᠴᠥᠭᠦᠷᠥᠮ ᠤᠨ ᠳᠤᠷᠤᠭᠰᠢ ᠤᠷᠤᠰᠬᠤ ᠤᠷᠤᠰᠬᠠᠯ ᠤᠨ ᠬᠡᠮᠵᠢᠶ᠎ᠡ ᠶᠢ ᠰᠧᠺᠦ᠋ᠨ᠋ᠳ᠋ ᠪᠦᠷᠢ 1200 ᠪᠤᠰᠤᠭ᠎ᠠ ᠳᠦᠷᠪᠡᠯᠵᠢᠨ ᠮᠧᠲᠷ ᠠᠴᠠ 1500 ᠪᠤᠰᠤᠭ᠎ᠠ ᠳᠦᠷᠪᠡᠯᠵᠢᠨ ᠮᠧᠲᠷ ᠪᠣᠯᠭᠠᠨ ᠨᠡᠮᠡᠭᠳᠡᠭᠦᠯᠵᠦ᠂ ᠬᠠᠲᠤᠨ ᠭᠤᠣᠯ ᠤᠨ ᠳᠤᠮᠳᠠᠳᠦ ᠳᠣᠣᠷᠠᠲᠤ ᠤᠷᠤᠰᠬᠠᠯ ᠤᠨ ᠭᠠᠩ ᠬᠠᠭᠰᠠᠷᠠᠭᠠᠨ ᠲᠠᠢ ᠲᠡᠮᠡᠴᠡᠵᠦ ᠤᠰᠤ ᠬᠠᠩᠭᠠᠬᠤ ᠶᠢ ᠳᠡᠮᠵᠢᠵᠡᠢ᠃  ᠤᠢᠢᠯᠠᠭᠠᠭᠰᠠᠠ ᠢᠶᠠᠷ᠂ 14 ᠤ ᠡᠳᠦᠷ ᠤᠨ 15 ᠴᠠᠭ ᠲᠤ᠂ ᠤᠰᠤᠨ ᠠᠰᠢᠬᠯᠠᠯᠲᠠ ᠶᠢᠨ ᠶᠠᠮᠤᠨ ᠠᠴᠠ ᠾᠧᠨᠠᠨ᠂ ᠡᡁᠧᠪᠸᠢ ᠬᠤᠶᠠᠷ ᠮᠤᠵᠢ ᠶᠢᠨ ᠭᠠᠩ ᠬᠠᠭᠰᠠᠷᠠᠭᠠᠨ ᠤ ᠰᠡᠷᠭᠡᠶᠢᠯᠡᠯᠲᠡ ᠶᠢᠨ ᠪᠠᠴᠢᠮ ᠪᠠᠶᠢᠳᠠᠯ ᠢ ᠠᠷᠭᠠᠴᠠᠭᠠᠬᠤ ᠶᠢ Ⅳ ᠲᠠᠰ ᠠᠴᠠ Ⅲ ᠲᠠᠰ ᠲᠤ ᠬᠦᠷᠭᠡᠪᠡ᠃ 12 ᠤᠨ ᠡᠳᠦᠷ ᠤᠨ 14 ᠴᠠᠭ ᠲᠤ᠂ ᠤᠰᠤᠨ ᠠᠰᠢᠭᠯᠠᠯᠲᠠ ᠶᠢᠨ ᠶᠠᠮᠤᠨ ᠾᠧᠪᠸᠢ᠂ ᠱᠠᠨ ᠰᠢ᠂ ᠵᠢᠶᠠᠩᠰᠤ᠂ ᠠᠨᠾᠦ᠋ᠢ᠂ ᠱᠠᠨᠳᠦ᠋ᠩ᠂ ᠾᠧᠨᠠᠨ᠂ ᠱᠠᠨᠰᠢ ᠪᠣᠯᠤᠨ ᠭᠠᠨᠰᠦ ᠮᠤᠵᠢ ᠵᠡᠷᠭᠡ ᠨᠠᠢᠮᠠᠨ ᠮᠤᠵᠢ ᠳᠤ ᠴᠢᠭᠯᠡᠭᠦᠯᠦᠨ ᠭᠠᠩ ᠬᠠᠭᠰᠠᠷᠠᠭᠠᠨ ᠢ ᠰᠡᠷᠭᠡᠶᠢᠯᠡᠬᠦ Ⅳ ᠲᠠᠰ ᠤᠨ ᠪᠠᠴᠢᠮ ᠪᠠᠶᠢᠳᠠᠯ ᠢ ᠠᠷᠭᠠᠴᠠᠬᠤ ᠠᠵᠢᠯᠯᠠᠭ᠎ᠠ ᠶᠢ ᠡᠬᠢᠯᠡᠭᠦᠯᠪᠡ᠃  5 ᠳ᠋ᠤᠭᠠᠷ ᠰᠠᠷ᠎ᠠ ᠠᠴᠠ ᠨᠠᠭᠠᠰᠢ᠂ ᠤᠮᠠᠷᠠᠲᠤ ᠣᠷᠣᠨ᠂ ᠬᠠᠲᠤᠨ ᠭᠤᠣᠯ ᠬᠤᠸᠠᠢ ᠾᠧ ᠭᠤᠣᠯ᠂ ᠵᠢᠶᠠᠩ ᠬᠤᠸᠠᠢ ᠵᠡᠷᠭᠡ ᠭᠠᠵᠠᠷ ᠤᠨ ᠬᠡᠰᠡᠭ ᠭᠠᠵᠠᠷ ᠣᠷᠣᠨ ᠳᠤ ᠬᠤᠷ᠎ᠠ ᠲᠤᠨᠳᠠᠰᠤ ᠪᠠᠭ᠎ᠠ ᠪᠥᠭᠡᠳ ᠤᠶᠢᠷ᠎ᠠ ᠶᠢᠨ ᠬᠤᠭᠤᠴᠠᠭᠠᠨ ᠳᠤ ᠥᠨᠳᠥᠷ ᠳᠤᠯᠠᠭᠠᠨ ᠠᠭᠤᠷ ᠠᠮᠢᠰᠭᠤᠯ᠂ ᠵᠠᠷᠢᠮ ᠭᠠᠵᠠᠷ ᠲᠤ ᠠᠳᠠᠯᠢ ᠪᠤᠰᠤ ᠬᠡᠮᠵᠢᠶ᠎ᠡ ᠪᠠᠷ ᠭᠠᠩ ᠬᠠᠭᠰᠠᠷᠭᠠᠨ ᠪᠣᠯᠵᠠᠢ᠃ ᠤᠰᠤᠨ ᠠᠰᠢᠭᠯᠠᠯᠲᠠ ᠶᠢᠨ ᠶᠠᠮᠤᠨ ᠵᠢᠱᠢᠯᠲᠡ ᠪᠠᠷ᠂ ᠢᠷᠡᠬᠦ ᠬᠡᠳᠦᠨ ᠡᠳᠦᠷ ᠲᠤ ᠡᠳᠡᠭᠡᠷ ᠭᠠᠵᠠᠷ ᠣᠷᠣᠨ ᠳᠤ ᠮᠥᠨ ᠯᠡ ᠥᠨᠳᠥᠷ ᠳᠤᠯᠠᠭᠠᠨ ᠪᠣᠷᠣᠭᠠᠨ ᠪᠠᠭ᠎ᠠ ᠠᠭᠤᠷ ᠠᠮᠢᠰᠭᠤᠯ ᠦᠷᠭᠦᠯᠵᠢᠯᠡᠵᠦ᠂ ᠭᠠᠩ ᠤᠨ ᠪᠠᠶᠢᠳᠠᠯ ᠦᠷᠭᠦᠯᠵᠢᠯᠡᠬᠦ ᠪᠤᠶᠤ ᠬᠦᠭᠵᠢᠬᠦ ᠪᠤᠯᠤᠯᠴᠠᠭ᠎ᠠ ᠲᠠᠢ ᠪᠠᠶᠢᠵᠦ ᠮᠡᠳᠡᠨ᠎ᠡ ᠭᠡᠵᠡᠢ᠃ 
 
ᠢᠷᠡᠯᠲᠡ᠄ ᠰᠢᠨᠬᠤᠸᠠ ᠬᠤᠷᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号