6 ᠳ᠋ᠤᠭᠠᠷ ᠰᠠᠷ᠎ᠠ ᠶᠢᠨ 17 ᠤ ᠡᠳᠦᠷ ᠪᠣᠯ 30 ᠳ᠋ᠤᠭᠠᠷ ᠳᠡᠯᠡᠬᠡᠶ ᠶᠢᠨ ᠴᠦᠯᠡᠷᠬᠡᠭᠵᠢᠯ ᠢ ᠰᠡᠷᠭᠡᠶᠢᠯᠡᠨ ᠵᠠᠰᠠᠬᠤ | ᠪᠠ ᠭᠠᠩ ᠬᠠᠭᠰᠠᠷᠠᠭᠠᠨ ᠤ ᠡᠳᠦᠷ ᠪᠣᠯᠤᠨ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠰᠤᠨ | ᠠᠰᠢᠭᠯᠠᠯᠲᠠ ᠶᠢᠨ ᠲᠢᠩᠬᠢᠮ ᠪᠠ ᠥᠪᠥᠷ ᠮᠣᠩᠭᠤᠯ ᠤᠨ ᠲᠠᠷᠢᠶᠠᠯᠠᠩ ᠤᠨ ᠶᠡᠭᠡ ᠰᠤᠷᠭᠠᠭᠤᠯᠢ ᠠᠴᠠ ᠭᠤᠤᠯᠯᠠᠨ | ᠡᠷᠭᠢᠯᠡᠭᠰᠡᠨ ︽ᠤᠰᠤ ᠰᠢᠷᠣᠶ ᠶᠢ ᠬᠠᠮᠠᠭᠠᠯᠠᠬᠤ ᠪᠠ ᠴᠦᠯᠡᠷᠬᠡᠭᠵᠢᠯ ᠢ ᠰᠡᠷᠭᠡᠶᠢᠯᠡᠨ ᠵᠠᠰᠠᠬᠤ︾ ᠰᠢᠨᠵᠢᠯᠡᠬᠦ | ᠤᠬᠠᠭᠠᠨ ᠢ ᠲᠦᠭᠡᠮᠡᠯᠵᠢᠭᠦᠯᠬᠦ ᠤᠬᠠᠭᠤᠯᠭ᠎ᠠ ᠶᠢᠨ ᠠᠵᠢᠯᠯᠠᠭ᠎ᠠ ᠥᠪᠥᠷ ᠮᠣᠩᠭᠤᠯ ᠤᠨ ᠲᠠᠷᠢᠶᠠᠯᠠᠩ ᠤᠨ ᠶᠡᠭᠡ | ᠰᠤᠷᠭᠠᠭᠤᠯᠢ ᠶᠢᠨ ᠡᠮᠦᠨ᠎ᠡ ᠰᠤᠷᠭᠠᠭᠤᠯᠢ ᠶᠢᠨ ᠲᠣᠭᠤᠷᠢᠭ ᠲᠤ ᠵᠢᠩᠬᠢᠨᠢ ᠪᠠᠷ ᠡᠬᠢᠯᠡᠪᠡ᠃ | 6 ᠳ᠋ᠤᠭᠠᠷ ᠰᠠᠷ᠎ᠠ ᠶᠢᠨ 18 ᠤ ᠡᠳᠦᠷ ᠠᠴᠠ 19 ᠤ ᠡᠳᠦᠷ ᠪᠣᠯᠲᠠᠯ᠎ᠠ᠂ ᠲᠣᠰ ᠠᠵᠢᠯᠯᠠᠭ᠎ᠠ ᠨᠢ ᠤᠷᠢᠳ | ᠬᠤᠵᠢᠳ ᠬᠥᠬᠡᠬᠤᠲᠠ ᠶᠢᠨ ᠷᠦ᠋ ᠢ ᠨᠡᠭᠡᠭᠡᠯᠲᠡ ᠶᠢᠨ ᠲᠣᠭᠤᠷᠢᠭ᠂ ᠥᠪᠥᠷ ᠮᠣᠩᠭᠤᠯ ᠤᠨ ᠲᠠᠷᠢᠶᠠᠯᠠᠩ ᠤᠨ ᠶᠡᠭᠡ | ᠰᠤᠷᠭᠠᠭᠤᠯᠢ ᠶᠢᠨ ᠬᠠᠷᠢᠶᠠᠲᠤ ᠪᠠᠭ᠎ᠠ ᠰᠤᠷᠭᠠᠭᠤᠯᠢ᠂ ᠤᠰᠤᠨ ᠠᠰᠢᠭᠯᠠᠯᠲᠠ ᠶᠢᠨ ᠲᠢᠩᠬᠢᠮ ᠤᠨ ᠣᠷᠣᠨ | ᠰᠠᠭᠤᠴᠠ ᠶᠢᠨ ᠲᠣᠭᠤᠷᠢᠭ ᠪᠠ ᠣᠶ ᠰᠢᠭᠤᠶ ᠶᠢᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠨᠡᠶᠢᠭᠡᠮ | ᠲᠣᠭᠤᠷᠢᠭ ᠲᠤ ᠬᠦᠷᠴᠦ᠂ ᠤᠰᠤ ᠰᠢᠷᠣᠶ ᠶᠢ ᠬᠠᠮᠠᠭᠠᠯᠠᠬᠤ ᠪᠠ ᠴᠦᠯᠡᠷᠬᠡᠭᠵᠢᠯ ᠢ ᠰᠡᠷᠭᠡᠶᠢᠯᠡᠨ ᠵᠠᠰᠠᠬᠤ ᠮᠡᠳᠡᠯᠭᠡ ᠶᠢ | ︽ᠠᠵᠤ ᠠᠬᠤᠶᠢᠯᠠᠯ ᠳᠤ ᠣᠷᠣᠭᠤᠯᠬᠤ᠂ ᠰᠤᠷᠭᠠᠭᠤᠯᠢ ᠶᠢᠨ ᠬᠦᠷᠢᠶᠡᠨ ᠳᠤ ᠣᠷᠣᠭᠤᠯᠬᠤ᠂ ᠨᠡᠶᠢᠭᠡᠮ ᠲᠣᠭᠤᠷᠢᠭ ᠲᠤ | ᠣᠷᠣᠭᠤᠯᠬᠤ︾ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠤᠬᠠᠭᠤᠯᠭ᠎ᠠ ᠶᠢ ᠥᠷᠨᠢᠭᠦᠯᠵᠦ᠂ ᠨᠡᠶᠢᠲᠡ ᠶᠢᠨ | ᠠᠰᠠᠷᠠᠮᠵᠢ ᠶᠢᠨ ᠵᠠᠷ ᠮᠡᠳᠡᠭᠡ ᠪᠠ ᠤᠬᠠᠭᠤᠯᠭ᠎ᠠ ᠶᠢᠨ ᠹᠢᠯᠢᠮ ᠢ ᠨᠡᠪᠲᠡᠷᠡᠭᠦᠯᠬᠦ᠂ ᠤᠬᠠᠭᠤᠯᠭ᠎ᠠ ᠶᠢᠨ ᠭᠠᠷ ᠳᠡᠪᠲᠡᠷ᠂ | ᠤᠬᠠᠭᠤᠯᠭ᠎ᠠ ᠶᠢᠨ ᠥᠩᠭᠡᠲᠦ ᠬᠠᠭᠤᠳᠠᠰᠤ ᠵᠢᠴᠢ ᠤᠬᠠᠭᠤᠯᠭ᠎ᠠ ᠶᠢᠨ ᠡᠳ᠋ ᠲᠠᠷᠬᠠᠭᠠᠬᠤ ᠵᠡᠷᠭᠡ ᠠᠷᠭ᠎ᠠ ᠮᠠᠶ᠋ᠢᠭ ᠢᠶᠠᠷ | ᠳᠠᠮᠵᠢᠭᠤᠯᠤᠨ᠂ ᠠᠵᠤ ᠠᠬᠤᠶᠢᠯᠠᠯ ᠤᠨ ᠺᠠᠳ᠋ᠷ ᠠᠵᠢᠯᠲᠠᠨ ᠠᠵᠢᠯᠴᠢᠨ᠂ ᠰᠤᠷᠤᠭᠴᠢ᠂ ᠨᠡᠶᠢᠭᠡᠮ ᠲᠣᠭᠤᠷᠢᠭ ᠤᠨ | ᠰᠠᠭᠤᠭᠠᠯᠢ ᠠᠷᠠᠳ ᠲᠤ ᠤᠰᠤ ᠰᠢᠷᠣᠶ ᠶᠢ ᠬᠠᠮᠠᠭᠠᠯᠠᠬᠤ ᠬᠠᠤᠯᠢ ᠴᠠᠭᠠᠵᠠ ᠬᠠᠤᠯᠢ ᠲᠣᠭᠲᠠᠭᠠᠯ᠂ ᠤᠰᠤ ᠰᠢᠷᠣᠶ ᠶᠢ | ᠬᠠᠮᠠᠭᠠᠯᠠᠬᠤ ᠪᠠ ᠴᠦᠯᠡᠷᠬᠡᠭᠵᠢᠯ ᠢ ᠰᠡᠷᠭᠡᠶᠢᠯᠡᠨ ᠵᠠᠰᠠᠬᠤ ᠮᠡᠳᠡᠯᠭᠡ᠂ ᠤᠰᠤ ᠰᠢᠷᠣᠶ ᠶᠢ ᠬᠠᠮᠠᠭᠠᠯᠠᠬᠤ | ᠶᠡᠷᠦᠩᠬᠡᠶᠢᠯᠡᠭᠰᠡᠨ ᠵᠠᠰᠠᠯᠲᠠ ᠶᠢᠨ ᠦᠷ᠎ᠡ ᠪᠦᠲᠦᠮᠵᠢ ᠵᠢᠴᠢ ᠤᠰᠤ ᠰᠢᠷᠣᠶ ᠶᠢ ᠬᠠᠮᠠᠭᠠᠯᠠᠬᠤ ᠠᠮᠢ ᠠᠬᠤᠶ ᠶᠢᠨ | ᠪᠣᠯᠪᠠᠰᠤᠨ ᠤ ᠪᠠᠶᠢᠭᠤᠯᠤᠯᠲᠠ ᠳᠤ ᠦᠵᠡᠭᠦᠯᠦᠭᠰᠡᠨ ᠴᠢᠬᠤᠯᠠ ᠦᠢᠯᠡᠳᠦᠯ ᠢ ᠤᠬᠠᠭᠤᠯᠤᠨ ᠲᠠᠶᠢᠯᠪᠤᠷᠢᠯᠠᠪᠠ᠃ ᠥᠪᠥᠷ | ᠮᠣᠩᠭᠤᠯ ᠤᠨ ᠰᠣᠨᠢᠨ ᠮᠡᠳᠡᠭᠡᠨ ᠤ ᠰᠦᠯᠵᠢᠶ᠎ᠡ᠂ ᠤᠮᠠᠷᠠᠲᠤ ᠶᠢᠨ ᠰᠢᠨ᠎ᠡ ᠰᠣᠨᠢᠨ ᠵᠡᠷᠭᠡ ᠵᠠᠭᠤᠴᠢᠯᠠᠭᠤᠷ ᠰᠦᠯᠵᠢᠶ᠎ᠡ᠂ | ᠰᠣᠨᠢᠨ᠂ ᠣᠯᠠᠨ ᠨᠡᠶᠢᠲᠡ ᠶᠢᠨ ᠸᠢᠴᠠᠲ ᠲᠠᠪᠴᠠᠩ᠂ ᠣᠬᠤᠷ ᠸᠢᠳᠢᠤ᠋ ᠶᠢᠨ ᠲᠠᠪᠴᠠᠩ ᠢᠶᠠᠷ ᠳᠠᠮᠵᠢᠭᠤᠯᠤᠨ | ᠠᠵᠢᠯᠯᠠᠭ᠎ᠠ ᠶᠢ ᠥᠷᠭᠡᠨ ᠢᠶᠠᠷ ᠤᠬᠠᠭᠤᠯᠤᠨ ᠮᠡᠳᠡᠭᠡᠯᠡᠵᠦ᠂ ᠥᠪᠡᠷᠲᠡᠭᠡᠨ ᠵᠠᠰᠠᠬᠤ ᠣᠷᠣᠨ ᠤ ᠨᠠᠮ ᠵᠠᠰᠠᠭ ᠤᠨ | ᠠᠯᠪᠠᠨ ᠠᠰᠠᠷ᠂ ᠸᠠᠨ ᠳ᠋ᠠ ᠠᠭᠤᠳᠠᠮ ᠲᠠᠯᠠᠪᠠᠶ ᠶᠢᠨ ᠭᠠᠳᠠᠨ᠎ᠠ ᠶᠡᠭᠡ ᠳᠡᠯᠭᠡᠴᠡ᠂ ᠭᠠᠵᠠᠷ ᠳᠣᠤᠷᠠᠬᠢ ᠭᠠᠯᠲᠦ ᠲᠡᠷᠭᠡᠨ | ᠥᠷᠲᠡᠭᠡ ᠵᠢᠴᠢ ᠸᠠᠭᠤᠨ ᠤ ᠰᠣᠨᠢᠨ ᠤ ᠥᠷᠲᠡᠭᠡ ᠶᠢᠨ ᠳᠡᠯᠭᠡᠴᠡ ᠵᠡᠷᠭᠡ 3517 ᠳᠡᠯᠭᠡᠴᠡ ᠳᠤ ᠤᠰᠤ ᠰᠢᠷᠣᠶ ᠶᠢ | ᠬᠠᠮᠠᠭᠠᠯᠠᠬᠤ ᠨᠡᠶᠢᠲᠡ ᠶᠢᠨ ᠠᠰᠠᠷᠠᠮᠵᠢ ᠶᠢᠨ ᠵᠠᠷ ᠮᠡᠳᠡᠭᠡ ᠲᠠᠯᠪᠢᠪᠠ᠃ | ᠠᠵᠢᠯᠯᠠᠭ᠎ᠠ ᠶᠢᠨ ᠬᠤᠭᠤᠴᠠᠭᠠᠨ ᠳᠤ᠂ ᠤᠰᠤ ᠰᠢᠷᠣᠶ ᠶᠢ ᠬᠠᠮᠠᠭᠠᠯᠠᠬᠤ ᠬᠠᠤᠯᠢ᠂ ᠬᠠᠲᠤᠨ ᠭᠤᠤᠯ ᠤᠨ | ᠬᠠᠮᠠᠭᠠᠯᠠᠯᠲᠠ ᠶᠢᠨ ᠬᠠᠤᠯᠢ᠂ ︽ᠰᠢᠨ᠎ᠡ ᠴᠠᠭ ᠦᠶ᠎ᠡ ᠶᠢᠨ ᠤᠰᠤ ᠰᠢᠷᠣᠶ ᠶᠢ ᠬᠠᠮᠠᠭᠠᠯᠠᠬᠤ ᠠᠵᠢᠯ ᠢ ᠴᠢᠩᠭᠠᠳᠬᠠᠬᠤ | ᠲᠤᠬᠠᠶ ᠰᠠᠨᠠᠯ︾ ᠤᠨ ᠤᠬᠠᠭᠤᠯᠭ᠎ᠠ ᠶᠢᠨ ᠭᠠᠷ ᠳᠡᠪᠲᠡᠷ᠂ ᠤᠬᠠᠭᠤᠯᠭ᠎ᠠ ᠶᠢᠨ ᠬᠠᠭᠤᠳᠠᠰᠤ᠂ ᠠᠵᠤ ᠠᠬᠤᠶᠢᠯᠠᠯ ᠳᠤ | ᠲᠥᠬᠦᠮ ᠦᠵᠡᠭᠦᠯᠬᠦ ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡᠨ ᠤ ᠠᠵᠢᠯ ᠶᠠᠪᠤᠳᠠᠯ ᠭᠦᠢᠴᠡᠳᠭᠡᠬᠦ | ᠵᠦᠭᠯᠡᠭᠦᠷ᠂ ᠭᠤᠤᠯ ᠰᠡᠳᠦᠪᠲᠦ ᠤᠬᠠᠭᠤᠯᠭ᠎ᠠ ᠶᠢᠨ ᠰᠣᠶᠣᠯ ᠤᠨ ᠡᠭᠦᠳᠦᠯᠲᠡ ᠶᠢᠨ ᠪᠦᠲᠦᠭᠡᠭᠳᠡᠬᠦᠨ ᠢ ᠨᠡᠶᠢᠲᠡ | 2200 ᠬᠤᠪᠢ ᠲᠠᠷᠬᠠᠭᠠᠪᠠ᠃ | ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠤᠬᠠᠭᠤᠯᠭ᠎ᠠ ᠶᠢᠨ ᠡᠯᠪᠡᠭ ᠪᠠᠶᠠᠯᠢᠭ ᠠᠭᠤᠯᠭ᠎ᠠ ᠨᠢ ᠤᠯᠠᠨ | ᠨᠡᠶᠢᠲᠡ ᠳᠤ ᠤᠰᠤ ᠰᠢᠷᠣᠶ ᠶᠢ ᠬᠠᠮᠠᠭᠠᠯᠠᠬᠤ ᠮᠡᠳᠡᠯᠭᠡ ᠪᠠ ᠬᠠᠤᠯᠢ ᠴᠠᠭᠠᠵᠠ ᠬᠠᠤᠯᠢ ᠲᠣᠭᠲᠠᠭᠠᠯ ᠢ | ᠲᠦᠭᠡᠮᠡᠯᠵᠢᠭᠦᠯᠵᠦ᠂ ᠥᠪᠡᠷᠲᠡᠭᠡᠨ ᠵᠠᠰᠠᠬᠤ ᠣᠷᠣᠨ ᠤ ᠤᠰᠤ ᠰᠢᠷᠣᠶ ᠶᠢ ᠬᠠᠮᠠᠭᠠᠯᠠᠵᠤ ᠵᠠᠰᠠᠬᠤ ᠦᠷ᠎ᠡ ᠪᠦᠲᠦᠮᠵᠢ ᠶᠢ | ᠳᠡᠯᠭᠡᠨ ᠦᠵᠡᠭᠦᠯᠦᠭᠰᠡᠨ ᠢᠶᠠᠷ ᠪᠠᠷᠠᠬᠤ ᠦᠭᠡᠢ᠂ ᠤᠯᠠᠨ ᠨᠡᠶᠢᠲᠡ ᠶᠢᠨ ᠤᠰᠤ ᠰᠢᠷᠣᠶ ᠶᠢ ᠬᠠᠮᠠᠭᠠᠯᠠᠬᠤ ᠦᠵᠡᠯ | ᠤᠬᠠᠮᠰᠠᠷ ᠢ ᠤᠯᠠᠮ ᠨᠢᠭᠡ ᠠᠯᠬᠤᠮ ᠴᠢᠩᠭᠠᠳᠬᠠᠭᠰᠠᠨ ᠪᠥᠭᠡᠳ ᠪᠠᠰᠠ ᠨᠡᠶᠢᠭᠡᠮ ᠤᠨ ᠡᠯ᠎ᠡ ᠡᠲᠡᠭᠡᠳ ᠤᠨ ᠤᠰᠤ | ᠰᠢᠷᠣᠶ ᠶᠢᠨ ᠡᠬᠢ ᠪᠠᠶᠠᠯᠢᠭ ᠢ ᠬᠠᠮᠠᠭᠠᠯᠠᠬᠤ ᠳᠤ ᠣᠷᠣᠯᠴᠠᠬᠤ ᠬᠠᠯᠠᠭᠤᠨ ᠰᠡᠳᠬᠢᠯᠭᠡ ᠶᠢ ᠬᠥᠭᠵᠢᠭᠡᠵᠦ᠂ ᠤᠰᠤ | ᠰᠢᠷᠣᠶ ᠶᠢᠨ ᠡᠬᠢ ᠪᠠᠶᠠᠯᠢᠭ ᠢ ᠬᠠᠮᠠᠭᠠᠯᠠᠬᠤ᠂ ᠭᠠᠷ ᠬᠤᠯᠪᠣᠨ ᠪᠣᠬᠢᠷᠲᠤᠯ ᠦᠭᠡᠢ ᠭᠡᠷ ᠣᠷᠣᠨ ᠢ ᠬᠠᠮᠲᠤ ᠪᠠᠷ | ᠪᠠᠶᠢᠭᠤᠯᠬᠤ᠂ ︽ᠤᠮᠠᠷᠠᠲᠦ ᠶᠢᠨ ᠭᠤᠷᠪᠠᠨ ᠤᠷᠤᠨ︾ ᠤ ᠢᠨᠵᠧᠨᠧᠷᠢᠩ ᠤᠨ ᠪᠣᠭᠤᠮᠲᠠ ᠰᠢᠪᠲᠤᠯᠬᠤ | ᠳᠠᠶᠢᠯᠠᠯᠳᠤᠭᠠᠨ ᠢ ᠰᠠᠶᠢᠲᠤᠷ ᠬᠢᠬᠦ ᠳᠤ ᠬᠦᠴᠦᠨ ᠨᠡᠮᠡᠷᠢᠯᠡᠬᠦ ᠰᠠᠶᠢᠨ ᠰᠠᠶᠢᠬᠠᠨ ᠠᠭᠤᠷ ᠠᠮᠢᠰᠬᠤᠯ ᠢ ᠪᠤᠢ ᠪᠣᠯᠭᠠᠭᠰᠠᠨ | ᠪᠠᠶᠢᠨ᠎ᠠ᠃ | |