ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠠᠲᠤᠨ ᠭᠤᠣᠯ ᠤᠨ ᠰᠠᠨ ᠱᠧᠩ ᠭᠦᠩ ᠤᠰᠤᠨ ᠠᠰᠢᠭᠯᠠᠯᠲᠠ ᠶᠢᠨ ᠵᠠᠩᠭᠢᠯᠠᠭ᠎ᠠ ᠶᠢᠨ ᠬᠠᠮᠢᠶᠠᠷᠤᠯᠲᠠ ᠶᠢᠨ ᠲᠥᠪ ︽ᠲᠦᠷᠢᠮ ᠲᠣᠭᠲᠠᠭᠠᠯ ᠢ ᠵᠢᠷᠤᠮᠯᠠᠨ ᠰᠠᠬᠢᠯᠭ᠎ᠠ ᠪᠠᠲᠤ ᠶᠢ ᠰᠠᠬᠢᠬᠤ ᠤᠬᠠᠮᠰᠠᠷ ᠢᠶᠠᠨ ᠴᠢᠩᠭᠠᠳᠬᠠᠬᠤ︾ ᠭᠤᠣᠯ ᠰᠡᠳᠦᠪᠲᠦ ᠨᠠᠮ ᠤᠨ ᠡᠳᠦᠷ ᠤᠨ ᠠᠵᠢᠯᠯᠠᠭ᠎ᠠ ᠶᠢ ᠵᠣᠬᠢᠶᠠᠨ ᠪᠠᠶᠢᠭᠤᠯᠵᠤ ᠥᠷᠨᠢᠭᠦᠯᠪᠡ
ᠨᠡᠶᠢᠲᠡᠯᠡᠭᠰᠡᠨ ᠴᠠᠭ᠄
2024/6/3
  ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ ᠶᠢ ᠯᠠᠪᠳᠠᠭᠤᠨ ᠪᠠᠲᠤᠲᠠᠢ ᠠᠬᠢᠭᠤᠯᠵᠤ᠂ ᠨᠠᠮ ᠤᠨ ᠭᠡᠰᠢᠭᠦᠨ ᠺᠠᠳ᠋ᠷᠴᠤᠳ ᠤᠨ ᠠᠷᠢᠭᠤᠨ ᠴᠢᠬᠡᠴᠢ ᠪᠠᠷ ᠵᠠᠰᠠᠭ ᠪᠠᠷᠢᠬᠤ ᠬᠥᠮᠦᠵᠢᠯ ᠢ ᠦᠷᠭᠦᠯᠵᠢᠯᠡᠨ ᠴᠢᠩᠭᠠᠳᠬᠠᠵᠤ᠂ ᠢᠯᠵᠠᠷᠠᠯ ᠢ ᠡᠰᠡᠷᠭᠦᠴᠡᠵᠦ ᠬᠤᠪᠢᠷᠠᠬᠤ ᠶᠢ ᠰᠡᠷᠭᠡᠶᠢᠯᠡᠬᠦ ᠦᠵᠡᠯ ᠰᠠᠨᠠᠭᠠᠨ ᠤ ᠰᠡᠷᠭᠡᠶᠢᠯᠡᠯᠲᠡ ᠶᠢᠨ ᠱᠤᠭᠤᠮ ᠢ ᠪᠠᠬᠢᠵᠢᠭᠦᠯᠬᠦ ᠶᠢᠨ ᠲᠥᠯᠥᠭᠡ᠂ 5 ᠳ᠋ᠤᠭᠠᠷ ᠰᠠᠷ᠎ᠠ ᠶᠢᠨ 28᠎ ᠤ ᠡᠳᠦᠷ᠂ ᠬᠠᠳᠤᠨ ᠭᠤᠣᠯ ᠤᠨ ᠰᠠᠨ ᠱᠧᠩ ᠬᠦᠩ ᠤᠰᠤᠨ ᠠᠰᠢᠭᠯᠠᠯᠲᠠ ᠶᠢᠨ ᠵᠠᠩᠭᠢᠯᠠᠭ᠎ᠠ ᠶᠢᠨ ᠬᠠᠮᠢᠶᠠᠷᠤᠯᠲᠠ ᠶᠢᠨ ᠲᠥᠪ ᠠᠴᠠ ᠨᠠᠮ ᠤᠨ ᠭᠡᠰᠢᠭᠦᠨ ᠺᠠᠳ᠋ᠷᠴᠤᠳ ᠢ ᠵᠣᠬᠢᠶᠠᠨ ᠪᠠᠶᠢᠭᠤᠯᠤᠨ ᠪᠠᠶᠠᠨᠨᠠᠭᠤᠷ ᠬᠤᠳᠠ ᠶᠢᠨ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠰᠡᠷᠡᠮᠵᠢᠯᠡᠭᠦᠯᠬᠦ ᠬᠥᠮᠦᠵᠢᠯ ᠤᠨ ᠰᠠᠭᠤᠷᠢᠨ ᠭᠠᠵᠠᠷ ᠲᠤ ᠬᠦᠷᠴᠦ᠂ ︽ᠲᠦᠷᠢᠮ ᠲᠣᠭᠲᠠᠭᠠᠯ ᠢ ᠵᠢᠷᠤᠮᠯᠠᠨ ᠰᠠᠬᠢᠯᠭ᠎ᠠ ᠪᠠᠲᠤ ᠶᠢ ᠰᠠᠬᠢᠬᠤ ᠤᠬᠠᠮᠰᠠᠷ ᠢ ᠴᠢᠩᠭᠠᠳᠬᠠᠬᠤ︾ ᠭᠤᠣᠯ ᠰᠡᠳᠦᠪᠲᠦ ᠨᠠᠮ ᠤᠨ ᠡᠳᠦᠷ ᠤᠨ ᠠᠵᠢᠯᠯᠠᠭ᠎ᠠ ᠶᠢ ᠥᠷᠨᠢᠭᠦᠯᠪᠡ᠃  ᠲᠠᠶᠢᠯᠪᠤᠷᠢᠯᠠᠭᠴᠢ ᠶᠢᠨ ᠳᠠᠭᠠᠭᠤᠯᠭ᠎ᠠ ᠳᠣᠣᠷ᠎ᠠ᠂ ᠨᠠᠮ ᠤᠨ ᠭᠡᠰᠢᠭᠦᠨ ᠺᠠᠳ᠋ᠷᠴᠤᠳ ︽ᠲᠣᠯᠢᠨ ᠳᠤ        ᠲᠣᠯᠢᠳᠠᠬᠤ · ᠪᠤᠷᠤᠭᠤ ᠵᠠᠮ ᠤᠨ ᠡᠴᠦᠰ ᠤᠨ ᠵᠠᠮ︾ ︽ᠨᠠᠮ ᠲᠣᠭᠲᠠᠭᠤᠨ · ᠪᠣᠯᠠᠭ ᠤᠨ ᠤᠰᠤ ᠪᠠᠷ ᠤᠬᠢᠶᠠᠬᠤ︾ ︽ᠡᠷᠡᠯᠬᠡᠭᠯᠡᠨ ᠤᠷᠤᠭᠰᠢᠯᠠᠬᠤ · ᠶᠡᠭᠡ ᠵᠠᠮ ᠤᠨ ᠠᠵᠢᠯᠯᠠᠭ᠎ᠠ︾ ᠵᠡᠷᠭᠡ ᠭᠤᠷᠪᠠᠨ ᠨᠢᠭᠡᠴᠢ ᠶᠢᠨ ᠭᠤᠣᠯ ᠰᠡᠳᠦᠪᠲᠦ ᠦᠵᠡᠭᠦᠯᠭᠡ ᠶᠢᠨ ᠲᠢᠩᠬᠢᠮ ᠢ ᠳᠠᠷᠠᠭᠠᠯᠠᠨ ᠲᠣᠭᠤᠷᠢᠨ ᠦᠵᠡᠵᠦ᠂ ︽ᠬᠠᠤᠯᠢ ᠶᠢ ᠡᠪᠳᠡᠬᠦ︾᠎ ᠨᠢ ︽ᠰᠠᠬᠢᠯᠭ᠎ᠠ ᠪᠠᠲᠤ ᠶᠢ ᠡᠪᠳᠡᠬᠦ︾᠎ ᠠᠴᠠ ᠡᠬᠢᠯᠡᠨ᠎ᠡ᠂ ᠬᠡᠷᠡᠭ ᠢᠶᠠᠷ ᠲᠤᠯᠢ ᠪᠣᠯᠭᠠᠨ ᠰᠡᠷᠡᠮᠵᠢ ᠶᠢᠨ ᠬᠤᠩᠬᠤ ᠶᠢ ᠪᠠᠶᠢᠩᠭᠤ ᠳᠤᠤᠭᠠᠷᠭᠠᠬᠤ᠂ ᠭᠡᠮᠰᠢᠯ ᠢᠶᠠᠨ ᠵᠠᠯᠠᠷᠠᠭᠤᠯᠤᠨ ᠰᠡᠷᠡᠮᠵᠢᠯᠡᠭᠦᠯᠬᠦ᠂ ᠥᠩᠭᠡᠷᠡᠭᠰᠡᠨ ᠢ ᠵᠠᠯᠬᠠᠭᠠᠵᠤ ᠬᠤᠶᠢᠰᠢᠬᠢ ᠳᠤ ᠴᠡᠭᠡᠷᠯᠡᠯ ᠪᠣᠯᠭᠠᠵᠤ ᠡᠪᠡᠳᠴᠢᠲᠡᠨ ᠢ ᠵᠠᠰᠠᠵᠤ ᠡᠳᠡᠭᠡᠷᠡᠭᠦᠯᠬᠦ᠂ ᠪᠦᠬᠦ ᠲᠠᠯ᠎ᠠ ᠪᠠᠷ ᠬᠥᠮᠦᠰ ᠤᠨ ᠰᠡᠳᠬᠢᠯ ᠢ ᠴᠢᠩᠭ᠎ᠠ ᠪᠠᠶᠢᠯᠭᠠᠬᠤ᠂ ᠡᠷᠴᠢ ᠵᠣᠷᠢᠭ ᠢᠶᠠᠨ ᠬᠥᠪᠴᠢᠯᠡᠨ ᠦᠷᠭᠦᠯᠵᠢᠯᠡᠨ ᠲᠡᠮᠡᠴᠡᠬᠦ ᠵᠡᠷᠭᠡ 6 ᠬᠠᠭᠤᠳᠠᠰᠤ ᠶᠢ ᠨᠠᠷᠢᠨ ᠬᠢᠨᠠᠮᠠᠭᠠᠢ ᠰᠤᠷᠤᠯᠴᠠᠵᠤ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠴᠢᠬᠤᠯᠠ ᠶᠡᠭᠡ ᠦᠷ᠎ᠡ ᠪᠦᠲᠦᠭᠡᠯ ᠢ ᠪᠦᠬᠦ ᠲᠠᠯ᠎ᠠ ᠪᠠᠷ ᠣᠶᠢᠯᠠᠭᠠᠵᠤ᠂ ᠭᠡᠮᠰᠢᠭᠰᠡᠨ ᠬᠡᠷᠡᠭ ᠤᠨ ᠵᠢᠱᠢᠶ᠎ᠡ ᠪᠣᠯᠤᠨ ᠱᠠᠮᠰᠢᠵᠤ ᠢᠯᠵᠠᠷᠠᠭᠰᠠᠨ ᠬᠡᠷᠡᠭ ᠤᠨ ᠳᠤᠮᠳᠠ ᠠᠴᠠ ᠭᠦᠨᠵᠡᠭᠡᠢ ᠰᠡᠷᠡᠮᠵᠢ ᠪᠠ ᠬᠥᠮᠦᠵᠢᠯ ᠣᠯᠵᠠᠢ᠃  ᠬᠠᠥᠯᠢ ᠪᠠᠷ ᠲᠣᠯᠢ ᠪᠣᠯᠭᠠᠵᠤ ᠳᠡᠪᠡᠯ ᠮᠠᠯᠠᠭᠠᠢ ᠪᠠᠨ ᠲᠥᠪ ᠪᠣᠯᠭᠠᠵᠤ᠂ ᠬᠥᠮᠥᠨ ᠢᠶᠠᠷ ᠲᠣᠯᠢ ᠪᠣᠯᠭᠠᠪᠠᠯ ᠣᠯᠵᠤ ᠠᠯᠳᠠᠬᠤ ᠪᠠᠨ ᠮᠡᠳᠡᠵᠦ ᠪᠣᠯᠣᠨ᠎ᠠ᠃ ᠰᠡᠳᠬᠢᠯ ᠵᠢᠷᠦᠬᠡ ᠶᠢ ᠳᠣᠩᠰᠣᠯᠭᠠᠮ᠎ᠠ ᠰᠠᠬᠢᠯᠭ᠎ᠠ ᠪᠠᠲᠤ ᠬᠠᠤᠯᠢ ᠴᠠᠭᠠᠵᠠ ᠶᠢ ᠵᠥᠷᠢᠴᠡᠭᠰᠡᠨ ᠬᠡᠷᠡᠭ ᠤᠨ ᠵᠢᠱᠢᠶ᠎ᠡ᠂ ᠬᠥᠮᠦᠰ ᠤᠨ ᠭᠦᠨ ᠰᠡᠳᠬᠢᠵᠦ ᠪᠠᠶᠢᠭ᠎ᠠ ᠭᠡᠷᠡᠯ ᠵᠢᠷᠤᠭ᠂ ᠦᠭᠡ ᠥᠭᠦᠯᠡᠪᠦᠷᠢ ᠨᠢ ᠴᠥᠮ ᠳᠡᠷᠭᠡᠳᠡᠬᠢ ᠤᠴᠢᠷ ᠶᠠᠪᠤᠳᠠᠯ ᠢᠶᠠᠷ ᠳᠠᠮᠵᠢᠭᠤᠯᠤᠨ ᠳᠡᠷᠭᠡᠳᠡᠬᠢ ᠬᠥᠮᠦᠰ ᠢᠶᠠᠨ ᠰᠡᠷᠡᠮᠵᠢᠯᠡᠭᠦᠯᠵᠦ᠂ ᠲᠤᠬᠠᠢ ᠶᠢᠨ ᠲᠠᠯᠠᠪᠤᠷ ᠲᠤ ᠪᠠᠶᠢᠭ᠎ᠠ ᠨᠠᠮ ᠤᠨ ᠭᠡᠰᠢᠭᠦᠨ ᠺᠠᠳ᠋ᠷ ᠨᠢᠭᠡᠪᠦᠷᠢ ᠳᠤ ᠴᠢᠩᠭ᠎ᠠ ᠬᠦᠴᠦᠲᠡᠶ ᠰᠡᠳᠬᠢᠯ ᠵᠢᠷᠦᠬᠡ ᠶᠢ ᠳᠣᠭᠳᠣᠯᠤᠭᠤᠯᠵᠤ᠂ ᠣᠯᠠᠨ ᠳᠤ ︽ᠨᠢᠭᠡ ᠴᠠᠭ ᠤᠨ ᠠᠨᠳᠠᠭᠤ ᠪᠤᠳᠤᠯ︾ ᠪᠠ ︽ᠨᠢᠭᠡ ᠬᠡᠷᠡᠮ ᠤᠨ ᠠᠯᠤᠰᠯᠠᠯ︾ ᠯᠤᠲᠤ ᠶᠡᠭᠡ ᠲᠠᠭᠠᠷᠢᠯᠲᠠ ᠶᠢ ᠪᠡᠶ᠎ᠡ ᠪᠠᠷ ᠢᠶᠠᠨ ᠮᠡᠳᠡᠷᠡᠭᠦᠯᠵᠦ᠂ ᠰᠠᠬᠢᠯᠭ᠎ᠠ ᠪᠠᠲᠤ ᠬᠠᠤᠯᠢ ᠴᠠᠭᠠᠵᠠ ᠶᠢ ᠵᠥᠷᠢᠴᠡᠨ ᠨᠠᠮ ᠪᠠ ᠤᠯᠤᠰ ᠤᠨ ᠦᠢᠯᠡᠰ ᠲᠤ ᠤᠴᠠᠷᠠᠭᠤᠯᠤᠭᠰᠠᠨ ᠬᠦᠨᠳᠦ ᠨᠣᠴᠢᠲᠠᠶ ᠬᠤᠤᠷ ᠬᠥᠨᠥᠭᠡᠯ ᠢ ᠭᠦᠨᠵᠡᠭᠡᠶ ᠲᠠᠨᠢᠭᠤᠯᠵᠤ᠂ ᠲᠤᠰ ᠪᠡᠶ᠎ᠡ᠂ ᠭᠡᠷ ᠪᠦᠯᠢ ᠪᠠ ᠲᠥᠷᠥᠯ ᠰᠠᠳᠤᠨ ᠳᠤ ᠠᠪᠴᠢᠷᠠᠭᠰᠠᠨ ᠪᠦᠷᠢᠨ ᠪᠤᠰᠤ ᠬᠤᠤᠷ ᠬᠥᠨᠥᠭᠡᠯ ᠢ ᠭᠦᠨᠵᠡᠭᠡᠶ ᠲᠠᠨᠢᠭᠤᠯᠪᠠ᠃ ᠡᠴᠦᠰ ᠲᠤ᠂ ᠨᠠᠮ ᠤᠨ ᠭᠡᠰᠢᠭᠦᠨ ᠺᠠᠳ᠋ᠷ ᠳᠡᠳ᠋ ᠨᠠᠮ ᠤᠨ ᠬᠤᠷᠢᠶᠠᠨ ᠤ ᠱᠦᠵᠢ ᠯᠢᠦ ᠰᠢ ᠵᠢᠶᠦ᠋ᠨ ᠤ ᠳᠠᠭᠠᠭᠤᠯᠭ᠎ᠠ ᠳᠣᠣᠷ᠎ᠠ᠂ ᠨᠠᠮ ᠤᠨ ᠲᠤᠭ ᠤᠨ ᠳᠣᠣᠷ᠎ᠠ ᠨᠠᠮ ᠳᠤ ᠣᠷᠣᠬᠤ ᠲᠠᠩᠭᠠᠷᠢᠭ ᠤᠨ ᠦᠭᠡᠰ ᠢᠶᠠᠨ ᠲᠥᠪ ᠴᠢᠩᠭ᠎ᠠ ᠪᠠᠷ ᠲᠠᠬᠢᠨ ᠡᠷᠭᠢᠴᠡᠭᠦᠯᠪᠡ᠃  ᠲᠤᠬᠠᠶ ᠶᠢᠨ ᠭᠠᠵᠠᠷ ᠲᠤᠨᠢ ᠲᠣᠭᠤᠷᠢᠨ ᠦᠵᠡᠬᠦ ᠪᠠᠷ ᠳᠡᠮᠵᠢᠨ᠂ ᠨᠠᠮ ᠤᠨ ᠭᠡᠰᠢᠭᠦᠨ ᠺᠠᠳ᠋ᠷᠴᠤᠳ ᠤᠨ ᠰᠡᠳᠬᠢᠯ ᠵᠢᠷᠦᠬᠡ ᠶᠢ ᠳᠣᠭᠳᠣᠯᠤᠭᠤᠯᠵᠤ᠂ ᠤᠶᠤᠨ ᠰᠠᠨᠠᠭ᠎ᠠ ᠨᠢ ᠤᠬᠢᠶᠠᠯ ᠬᠦᠷᠲᠡᠵᠤ᠂ ᠦᠵᠡᠯ ᠰᠠᠨᠠᠭᠠᠨ ᠤ ᠲᠠᠯ᠎ᠠ ᠪᠠᠷ ᠴᠡᠪᠡᠷᠰᠢᠭᠦᠯᠪᠡ᠃ ᠤᠯᠠᠨ ᠢᠶᠠᠷ ᠢᠶᠠᠨ᠂ ᠰᠠᠬᠢᠯᠭ᠎ᠠ ᠪᠠᠲᠤ ᠬᠠᠤᠯᠢ ᠴᠠᠭᠠᠵᠠ ᠶᠢ ᠵᠥᠷᠢᠴᠡᠭᠰᠡᠨ ᠬᠡᠷᠡᠭ ᠤᠨ ᠵᠢᠱᠢᠶ᠎ᠡ ᠠᠴᠠ ᠭᠦᠨᠵᠡᠭᠡᠢ ᠰᠤᠷᠭᠠᠮᠵᠢ ᠠᠪᠴᠤ᠂ ᠡᠭᠦᠨ ᠢᠶᠠᠷ ᠴᠡᠭᠡᠷᠯᠡᠯ ᠪᠣᠯᠭᠠᠵᠤ᠂ ᠬᠤᠶᠢᠰᠢᠳᠠ ᠶᠢᠨ ᠰᠤᠷᠤᠯᠴᠠᠯᠭ᠎ᠠ ᠪᠠ ᠠᠵᠢᠯ ᠤᠨ ᠳᠤᠮᠳᠠ ᠪᠠᠨ ᠲᠠᠷᠢᠬᠢ ᠲᠣᠯᠣᠭᠠᠢ ᠪᠠᠨ ᠴᠠᠭ ᠢᠮᠠᠭᠲᠠ ᠰᠡᠷᠭᠡᠭ ᠪᠠᠶᠢᠯᠭᠠᠵᠤ᠂ ᠰᠠᠬᠢᠯᠭ᠎ᠠ ᠪᠠᠲᠤ ᠬᠠᠤᠯᠢ ᠴᠠᠭᠠᠵᠠ ᠶᠢᠨ ᠬᠤᠷᠢᠭ᠎ᠠ ᠱᠤᠭᠤᠮ ᠢ ᠪᠠᠲᠤ ᠰᠠᠬᠢᠵᠤ᠂ ᠢᠮᠠᠭᠲᠠ ᠦᠨᠡᠨᠴᠢ ᠰᠢᠳᠤᠷᠭᠤ᠂ ᠠᠷᠢᠭᠤᠨ       ᠴᠢᠬᠡᠴᠢ᠂ ᠬᠠᠷᠢᠭᠤᠴᠠᠯᠭ᠎ᠠ ᠡᠭᠦᠷᠭᠡᠯᠡᠬᠦ ᠶᠢ ᠪᠡᠶᠡᠯᠡᠭᠦᠯᠵᠦ᠂ ᠯᠠᠪᠳᠠᠭᠤᠨ ᠪᠠᠲᠤᠲᠠᠢ ᠪᠠᠷ ᠠᠷᠢᠭᠤᠨ ᠴᠢᠬᠡᠴᠢ ᠪᠠᠷ ᠵᠠᠰᠠᠭ ᠪᠠᠷᠢᠬᠤ ᠠᠯᠬᠤᠮ ᠨᠢᠭᠡᠪᠦᠷᠢ ᠶᠢ ᠰᠠᠶᠢᠲᠤᠷ ᠵᠠᠮᠨᠠᠵᠤ᠂ ᠬᠠᠳᠤᠨ ᠭᠤᠣᠯ ᠤᠨ ᠰᠠᠨ ᠱᠧᠩ ᠬᠦᠩ ᠤᠰᠤᠨ ᠠᠰᠢᠭᠯᠠᠯᠲᠠ ᠶᠢᠨ ᠵᠠᠩᠭᠢᠯᠠᠭ᠎ᠠ ᠶᠢᠨ ᠬᠠᠮᠢᠶᠠᠷᠤᠯᠲᠠ ᠶᠢᠨ ᠲᠥᠪ ᠤᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠬᠠᠭᠤᠳᠠᠰᠤ ᠶᠢ ᠪᠢᠴᠢᠭᠯᠡᠬᠦ ᠳᠤ ᠪᠠᠲᠤ ᠴᠢᠩᠭ᠎ᠠ ᠤᠯᠤᠰ ᠲᠦᠷᠦ ᠶᠢᠨ ᠪᠠᠲᠤᠯᠠᠭ᠎ᠠ ᠪᠠ ᠰᠠᠬᠢᠯᠭ᠎ᠠ ᠪᠠᠲᠤ ᠶᠢᠨ ᠪᠠᠲᠤᠯᠠᠭ᠎ᠠ ᠬᠠᠩᠭᠠᠬᠤ ᠬᠡᠷᠡᠭᠲᠡᠢ ᠭᠡᠵᠦ ᠢᠯᠡᠳᠬᠡᠵᠡᠭᠡᠪᠡ᠃  ᠨᠠᠮ ᠤᠨ ᠡᠳᠦᠷ ᠤᠨ ᠠᠵᠢᠯᠯᠠᠭ᠎ᠠ ᠳᠤ ᠭᠤᠣᠯ ᠤᠳᠤᠷᠢᠳᠤᠯᠭ᠎ᠠ᠂ ᠨᠠᠮ ᠤᠨ ᠭᠡᠰᠢᠭᠦᠨ ᠺᠠᠳ᠋ᠷ 28 ᠬᠥᠮᠦᠨ ᠣᠷᠣᠯᠴᠠᠪᠠ᠃ 
 
ᠢᠷᠡᠯᠲᠡ᠄ ᠦᠪᠤᠷ ᠮᠣᠩᠭᠤᠯ ᠤᠨ ᠦᠪᠡᠷᠳᠡᠭᠡᠨ ᠵᠠᠰᠠᠬᠤ ᠣᠷᠣᠨ ᠤ ᠣᠰᠣᠨ ᠠᠰᠢᠠᠠᠯᠠᠯᠳᠡ ᠶᠢᠨ ᠳᠢᠩᠬᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号