ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ ᠲᠤᠰᠬᠠᠶ ᠮᠡᠷᠭᠡᠵᠢᠯᠲᠡᠨ ᠢ ᠵᠣᠬᠢᠶᠠᠨ | ᠪᠠᠶᠢᠭᠤᠯᠤᠨ ᠬᠢᠨᠠᠨ ᠬᠠᠷᠭᠤᠭᠤᠯᠤᠭᠰᠠᠨ ᠢᠶᠠᠷ᠂ ᠬᠤᠶᠠᠷᠬᠤᠳᠳᠤᠭ ᠬᠠᠳᠤᠨ ᠭᠤᠤᠯ ᠤᠨ ᠤᠰᠤ ᠲᠠᠲᠠᠬᠤ | ᠤᠰᠤᠯᠠᠯᠲᠠ ᠶᠢᠨ ᠣᠷᠣᠨ᠂ ᠪᠣᠷᠣᠲᠣᠬᠤᠶ ᠶᠢᠨ ᠤᠰᠤᠯᠠᠯᠲᠠ ᠶᠢᠨ ᠣᠷᠣᠨ᠂ ᠳ᠋ᠧᠩᠺᠸᠤ ᠶᠢᠨ ᠤᠰᠤ ᠲᠠᠲᠠᠬᠤ | ᠤᠰᠤᠯᠠᠯᠲᠠ ᠶᠢᠨ ᠣᠷᠣᠨ ᠵᠡᠷᠭᠡ 3 ᠲᠣᠮᠣ ᠳᠤᠮᠳᠠ ᠬᠡᠯᠪᠡᠷᠢ ᠶᠢᠨ ᠤᠰᠤᠯᠠᠯᠲᠠ ᠶᠢᠨ ᠣᠷᠣᠨ ᠨᠢ ᠥᠪᠡᠷᠲᠡᠭᠡᠨ | ᠵᠠᠰᠠᠬᠤ ᠣᠷᠣᠨ ᠤ ᠲᠠᠰ ᠤᠨ ᠪᠠᠷᠢᠮᠵᠢᠶᠠᠵᠢᠭᠤᠯᠤᠭᠰᠠᠨ ᠬᠠᠮᠢᠶᠠᠷᠤᠯᠲᠠ ᠶᠢᠨ ᠵᠢᠱᠢᠶ᠎ᠡ ᠦᠵᠡᠭᠦᠯᠬᠦ ᠤᠰᠤᠯᠠᠯᠲᠠ ᠶᠢᠨ | ᠣᠷᠣᠨ ᠢᠶᠠᠷ ᠦᠨᠡᠯᠡᠭᠳᠡᠪᠡ᠃ ᠰᠠᠨ ᠬᠤ᠋ ᠾᠧ ᠤᠰᠤᠯᠠᠯᠲᠠ ᠶᠢᠨ ᠣᠷᠣᠨ ᠨᠢ ᠥᠪᠡᠷᠲᠡᠭᠡᠨ ᠵᠠᠰᠠᠬᠤ ᠣᠷᠣᠨ ᠤ | ᠲᠠᠰ ᠤᠨ ᠪᠠᠷᠢᠮᠵᠢᠶᠠᠵᠢᠭᠤᠯᠤᠭᠰᠠᠨ ᠬᠠᠮᠢᠶᠠᠷᠤᠯᠲᠠ ᠶᠢᠨ ᠪᠠᠷᠢᠮᠵᠢᠶ᠎ᠠ ᠳᠤ ᠬᠦᠷᠦᠭᠰᠡᠨ ᠤᠰᠤᠯᠠᠯᠲᠠ ᠶᠢᠨ ᠣᠷᠣᠨ ᠳᠤ | ᠬᠤᠪᠢ ᠣᠯᠪᠠ᠃ ᠬᠤᠶᠠᠷᠬᠤᠳᠳᠤᠭ ᠤᠰᠤᠯᠠᠯᠲᠠ ᠶᠢᠨ ᠣᠷᠣᠨ ᠤ ᠬᠠᠲᠤᠨ ᠭᠤᠣᠯ ᠤᠨ ᠬᠥᠭᠡᠷᠭᠡ ᠶᠢᠨ ᠥᠷᠲᠡᠭᠡ᠂ | ᠬᠤᠩ ᠭᠧ ᠪᠥ᠋ ᠤᠰᠤ ᠲᠠᠲᠠᠬᠤ ᠥᠷᠲᠡᠭᠡ᠂ ᠳ᠋ᠧᠩᠺᠸᠤ ᠤᠰᠤ ᠲᠠᠲᠠᠬᠤ ᠥᠷᠲᠡᠭᠡ ᠨᠢ ᠥᠪᠡᠷᠲᠡᠭᠡᠨ ᠵᠠᠰᠠᠬᠤ | ᠣᠷᠣᠨ ᠤ ᠲᠠᠰ ᠤᠨ ᠪᠠᠷᠢᠮᠵᠢᠶᠠᠵᠢᠭᠤᠯᠤᠭᠰᠠᠨ ᠬᠠᠮᠢᠶᠠᠷᠤᠯᠲᠠ ᠶᠢᠨ ᠵᠢᠱᠢᠶ᠎ᠡ ᠦᠵᠡᠭᠦᠯᠬᠦ ᠤᠰᠤ ᠵᠠᠯᠠᠬᠤ | ᠬᠥᠭᠡᠷᠭᠡ ᠶᠢᠨ ᠥᠷᠲᠡᠭᠡ ᠪᠠᠷ ᠦᠨᠡᠯᠡᠭᠳᠡᠵᠦ᠂ ᠣᠲᠣ ᠵᠠᠷᠯᠠᠨ ᠨᠡᠶᠢᠲᠡᠯᠡᠶ᠎ᠡ ︵ᠬᠤᠪᠢ ᠲᠣᠭᠲᠠᠭᠠᠬᠤ ᠶᠢ | ᠥᠨᠳᠥᠷ ᠠᠴᠠ ᠳᠣᠤᠷ᠎ᠠ ᠬᠦᠷᠲᠡᠯ᠎ᠡ ᠵᠢᠭᠰᠠᠭᠠᠨ᠎ᠠ︶᠃ ᠣᠨᠳᠣᠣ ᠰᠠᠨᠠᠯ ᠲᠠᠢ ᠪᠣᠯ ᠵᠠᠷᠯᠠᠨ ᠨᠡᠶᠢᠲᠡᠯᠡᠬᠦ | ᠬᠤᠭᠤᠴᠠᠭᠠᠨ ᠳᠤ ᠮᠠᠨ ᠤ ᠲᠢᠩᠬᠢᠮ ᠳᠤ ᠪᠢᠴᠢᠭ ᠤᠨ ᠬᠡᠯᠪᠡᠷᠢ ᠪᠠᠷ ᠲᠤᠰᠬᠠᠵᠤ ᠪᠣᠯᠣᠨ᠎ᠠ᠃ | ᠵᠠᠷᠯᠠᠨ ᠨᠡᠶᠢᠲᠡᠯᠡᠬᠦ ᠪᠠᠷ ᠳᠡᠮᠵᠢᠨ ᠣᠨᠳᠣᠤ ᠰᠠᠨᠠᠯ ᠥᠬᠡᠶ ᠪᠠᠶᠢᠵᠤ᠂ ᠥᠪᠡᠷᠲᠡᠭᠡᠨ ᠵᠠᠰᠠᠬᠤ ᠣᠷᠣᠨ ᠤ | ᠲᠠᠰ ᠤᠨ ᠪᠠᠷᠢᠮᠵᠢᠶᠠᠵᠢᠭᠤᠯᠤᠭᠰᠠᠨ ᠬᠠᠮᠢᠶᠠᠷᠤᠯᠲᠠ ᠶᠢᠨ ᠵᠢᠱᠢᠶ᠎ᠡ ᠦᠵᠡᠭᠦᠯᠬᠦ ᠤᠰᠤᠯᠠᠯᠲᠠ ᠶᠢᠨ ᠣᠷᠣᠨ᠂ ᠤᠰᠤᠯᠠᠬᠤ | ᠪᠠ ᠤᠰᠤ ᠵᠠᠯᠠᠬᠤ ᠬᠥᠭᠡᠷᠭᠡ ᠶᠢᠨ ᠥᠷᠲᠡᠭᠡ ᠶᠢ ᠤᠰᠤᠨ ᠠᠰᠢᠭᠯᠠᠯᠲᠠ ᠶᠢᠨ ᠶᠠᠮᠤᠨ ᠤ ᠪᠠᠷᠢᠮᠵᠢᠶᠠᠵᠢᠭᠤᠯᠤᠭᠰᠠᠨ | ᠬᠠᠮᠢᠶᠠᠷᠤᠯᠲᠠ ᠶᠢᠨ ᠤᠰᠤᠯᠠᠯᠲᠠ ᠶᠢᠨ ᠣᠷᠣᠨ᠂ ᠤᠰᠤᠯᠠᠬᠤ ᠪᠠ ᠤᠰᠤ ᠵᠠᠯᠠᠬᠤ ᠬᠥᠭᠡᠷᠭᠡ ᠶᠢᠨ ᠥᠷᠲᠡᠭᠡ ᠶᠢ | ᠮᠡᠳᠡᠭᠦᠯᠦᠨ᠎ᠡ᠃ | ᠵᠠᠷᠯᠠᠨ ᠨᠡᠶᠢᠲᠡᠯᠡᠬᠦ ᠴᠠᠭ᠄ 2024 ᠣᠨ ᠤ 6 ᠳ᠋ᠤᠭᠠᠷ ᠰᠠᠷ᠎ᠠ ᠶᠢᠨ 5 ᠤ ᠡᠳᠦᠷ ᠠᠴᠠ 12 ᠤᠨ ᠡᠳᠦᠷ | ᠪᠣᠯᠲᠠᠯ᠎ᠠ᠃ | ᠬᠠᠷᠢᠯᠴᠠᠬᠤ ᠬᠥᠮᠦᠨ᠄ ᠤᠰᠤᠨ ᠠᠰᠢᠭᠯᠠᠯᠲᠠ ᠶᠢᠨ ᠲᠢᠩᠬᠢᠮ ᠤᠨ ᠬᠥᠳᠡᠭᠡ ᠲᠣᠰᠬᠤᠨ ᠮᠠᠯᠵᠢᠬᠤ ᠣᠷᠣᠨ ᠤ | ᠣᠰᠣᠨ ᠠᠰᠢᠭᠯᠠᠯᠲᠠ ᠶᠢᠨ ᠭᠠᠵᠠᠷ ᠦ᠋ ᠬᠠᠶ ᠪᠥᠸᠧ | ᠬᠠᠷᠢᠯᠴᠠᠬᠤ ᠤᠲᠠᠰᠤ᠄ 0471 – 5259537 | ᠳᠠᠭᠠᠯᠳᠤᠭᠤᠯᠤᠯ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ 2024 ᠣᠨ ᠳᠤ | ᠪᠠᠷᠢᠮᠵᠢᠶᠠᠵᠢᠭᠤᠯᠤᠭᠰᠠᠨ ᠦᠨᠡᠯᠡᠯᠲᠡ ᠶᠢ ᠬᠡᠷᠡᠭᠵᠢᠭᠦᠯᠦᠭᠰᠡᠨ ᠶᠡᠭᠡ᠂ ᠳᠤᠮᠳᠠ ᠬᠡᠯᠪᠡᠷᠢ ᠶᠢᠨ ᠤᠰᠤᠯᠠᠯᠲᠠ ᠶᠢᠨ | ᠣᠷᠣᠨ ᠪᠠ ᠤᠰᠤᠯᠠᠬᠤ ᠤᠰᠤ ᠵᠠᠯᠠᠬᠤ ᠬᠥᠭᠡᠷᠭᠡ ᠶᠢᠨ ᠥᠷᠲᠡᠭᠡ ᠶᠢᠨ ᠨᠡᠷᠡᠰ ᠤᠨ ᠵᠢᠭᠰᠠᠭᠠᠯᠲᠠ .docx | | |