ᠶᠢᠨ ᠹᠸᠢ ᠬᠤ᠋ ᠠᠺᠠᠳᠧᠮᠢᠴᠢ ᠨᠠᠷ ᠮᠠᠨ ᠤ ᠣᠷᠣᠨ ᠳᠤ ᠲᠠᠷᠢᠶᠠᠨ ᠭᠠᠵᠠᠷ ᠤᠨ ᠤᠰᠤᠯᠠᠯᠲᠠ ᠶᠢᠨ ᠠᠵᠢᠯ ᠤᠨ ᠲᠤᠬᠠᠶ ᠪᠠᠶᠢᠴᠠᠭᠠᠨ ᠰᠤᠳᠤᠯᠤᠯᠲᠠ ᠥᠷᠨᠢᠭᠦᠯᠪᠡ
ᠨᠡᠶᠢᠲᠡᠯᠡᠭᠰᠡᠨ ᠴᠠᠭ᠄
2024/7/10
  ᠳᠤᠮᠳᠠᠳᠤ ᠤᠯᠤᠰ ᠤᠨ ᠢᠨᠵᠧᠨᠧᠷᠢᠩ ᠤᠨ ᠬᠦᠷᠢᠶᠡᠯᠡᠩ ᠤᠨ ᠪᠠᠶᠢᠯᠳᠤᠬᠤ ᠪᠣᠳᠣᠯᠭ᠎ᠠ ᠶᠢᠨ ᠰᠤᠳᠤᠯᠭᠠᠨ ᠪᠠ ᠵᠥᠪᠯᠡᠯᠭᠡ ᠥᠭᠬᠦ ᠭᠤᠤᠯᠳᠠᠯᠭ᠎ᠠ ᠲᠠᠢ ᠲᠦᠰᠦᠯ ᠤᠨ ︽ᠮᠠᠨ ᠤ ᠤᠯᠤᠰ ᠤᠨ ᠲᠠᠷᠢᠶᠠᠨ ᠭᠠᠵᠠᠷ ᠤᠨ ᠤᠰᠤᠯᠠᠯᠲᠠ ᠶᠢᠨ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢᠨ ᠰᠤᠳᠤᠯᠭᠠᠨ︾ ᠢ ᠳᠥᠯᠭᠢᠨ ᠠᠬᠢᠭᠤᠯᠬᠤ ᠶᠢᠨ ᠲᠤᠰᠠᠳᠠ᠂ ᠪᠠᠶᠢᠴᠠᠭᠠᠨ ᠰᠤᠳᠤᠯᠤᠯᠲᠠ ᠶᠢ ᠭᠦᠨᠵᠡᠭᠡᠶᠢᠷᠡᠭᠦᠯᠬᠦ ᠪᠠ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠨ ᠭᠠᠵᠠᠷ ᠤᠨ ᠤᠰᠤᠯᠠᠯᠲᠠ ᠶᠢᠨ ᠬᠥᠭᠵᠢᠯᠲᠡ ᠶᠢᠨ ᠬᠦᠴᠢᠷ ᠠᠰᠠᠭᠤᠳᠠᠯ ᠢ ᠬᠠᠮᠲᠤ ᠪᠠᠷ ᠵᠥᠪᠳᠡᠯᠴᠡᠬᠦ ᠶᠢᠨ ᠲᠥᠯᠥᠭᠡ᠂ 7 ᠳ᠋ᠤᠭᠠᠷ ᠰᠠᠷ᠎ᠠ ᠶᠢᠨ 5 ᠤ ᠡᠳᠦᠷ ᠠᠴᠠ 9 ᠤ ᠡᠳᠦᠷ ᠪᠣᠯᠲᠠᠯ᠎ᠠ᠂ ᠳᠤᠮᠳᠠᠳᠤ ᠤᠯᠤᠰ ᠤᠨ ᠢᠨᠵᠧᠨᠧᠷᠢᠩ ᠤᠨ ᠬᠦᠷᠢᠶᠡᠯᠡᠩ ᠤᠨ ᠠᠺᠠᠳᠧᠮᠢᠴᠢ᠂ ᠰᠢᠨᠵᠢᠶᠠᠩ ᠤᠨ ᠲᠠᠷᠢᠶᠠᠯᠠᠩ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠰᠤᠳᠤᠯᠤᠭᠴᠢ ᠶᠢᠨ ᠹᠸᠢ ᠬᠤ᠋ ᠵᠡᠷᠭᠡ ᠲᠤᠰᠬᠠᠶ ᠮᠡᠷᠭᠡᠵᠢᠯᠲᠡᠨ ᠪᠠᠶᠠᠨᠨᠠᠭᠤᠷ ᠬᠤᠲᠠ᠂ ᠬᠥᠬᠡᠬᠤᠲᠠ᠂ ᠲᠦᠩᠯᠢᠶᠣᠤ ᠬᠤᠲᠠ᠂ ᠬᠥᠯᠥᠨ ᠪᠤᠶᠢᠷ ᠬᠤᠲᠠ ᠳᠤ ᠪᠠᠶᠢᠴᠠᠭᠠᠨ ᠰᠤᠳᠤᠯᠤᠯᠲᠠ ᠬᠢᠪᠠ᠃
灌溉工作调研.jpg
  ᠶᠢᠨ ᠹᠸᠢ ᠬᠤ᠋ ᠨᠠᠷ ᠤᠷᠢᠳ ᠬᠤᠵᠢᠳ ᠪᠠᠶᠠᠨᠨᠠᠭᠤᠷ ᠬᠤᠲᠠ ᠶᠢᠨ ᠬᠠᠩᠭᠢᠨ ᠬᠤᠶᠢᠲᠤ ᠬᠤᠰᠢᠭᠤᠨ ᠤ ᠲᠠᠷᠢᠶᠠᠯᠠᠩ ᠤᠨ ᠶᠡᠷᠦᠩᠬᠡᠶᠢᠯᠡᠭᠰᠡᠨ ᠰᠢᠨᠵᠢᠯᠡᠬᠦ ᠤᠬᠠᠭᠠᠨ ᠮᠡᠷᠭᠡᠵᠢᠯ ᠤᠨ ᠵᠢᠱᠢᠶ᠎ᠡ ᠦᠵᠡᠭᠦᠯᠬᠦ ᠬᠦᠷᠢᠶᠡᠯᠡᠩ       ᠲᠣᠭᠤᠷᠢᠭ᠂ ᠬᠥᠬᠡᠬᠤᠲᠠ ᠶᠢᠨ ᠶᠡᠭᠡ ᠲᠦᠷᠭᠡᠨ ᠭᠤᠣᠯ ᠤᠨ ᠤᠰᠤᠯᠠᠯᠲᠠ ᠶᠢᠨ ᠣᠷᠣᠨ ᠤ ᠳ᠋ᠦᠩ ᠹᠧᠩ ᠤᠰᠤᠯᠠᠯᠲᠠ ᠶᠢᠨ ᠣᠷᠣᠨ ᠤ ᠰᠤᠪᠠᠭ ᠤᠨ ᠲᠡᠷᠢᠭᠦᠨ᠂ ᠲᠦᠩᠯᠢᠶᠣᠤ ᠬᠤᠲᠠ ᠶᠢᠨ ᠬᠤᠷᠴᠢᠨ ᠵᠡᠭᠦᠨ ᠭᠠᠷᠤᠨ ᠳᠤᠮᠳᠠᠳᠤ ᠬᠤᠰᠢᠭᠤᠨ ᠤ ᠣᠪᠣᠭ᠎ᠠ ᠰᠤᠮᠤ ᠶᠢᠨ ᠣᠲᠣ ᠦᠶ᠎ᠡ ᠶᠢᠨ ᠲᠠᠷᠢᠶᠠᠯᠠᠩ ᠤᠨ ᠵᠢᠱᠢᠶ᠎ᠡ ᠦᠵᠡᠭᠦᠯᠬᠦ ᠣᠷᠣᠨ᠂ ᠬᠥᠯᠥᠨ ᠪᠤᠶᠢᠷ ᠬᠤᠲᠠ ᠶᠢᠨ ᠠᠲᠠᠷ ᠬᠠᠭᠠᠯᠪᠤᠷᠢᠯᠠᠯᠲᠠ ᠶᠢᠨ ᠬᠠᠳᠠᠳᠣ ᠲᠠᠷᠢᠶᠠᠯᠠᠩ ᠮᠠᠯᠵᠢᠯ ᠤᠨ ᠲᠠᠯᠠᠪᠠᠶ ᠵᠡᠷᠭᠡ ᠨᠡᠶᠢᠲᠡᠯᠢᠭ ᠣᠷᠣᠨ ᠳᠤ ᠬᠦᠷᠴᠦ᠂ ᠬᠤᠵᠢᠷᠯᠢᠭ ᠭᠠᠵᠠᠷ ᠢ ᠵᠠᠰᠠᠬᠤ᠂ ᠬᠠᠬᠢᠷ ᠬᠦᠢᠲᠡᠨ ᠭᠠᠵᠠᠷ ᠣᠷᠣᠨ ᠤ ᠲᠠᠷᠢᠮᠠᠯ ᠤᠨ ᠲᠠᠯᠠᠪᠠᠶ ᠨᠢᠭᠡᠴᠢ ᠶᠢᠨ ᠤᠨᠠᠯᠲᠠ ᠶᠢ ᠳᠡᠭᠡᠭᠰᠢᠯᠡᠭᠦᠯᠦᠨ ᠳᠤᠰᠤᠯᠭᠠᠨ ᠤᠰᠤᠯᠠᠬᠤ ᠤᠰᠤ ᠪᠣᠷᠳᠣᠭᠤᠷ ᠢ ᠨᠢᠭᠡ ᠴᠤᠭᠴᠠᠵᠢᠭᠤᠯᠬᠤ ᠵᠠᠩᠭᠢᠯᠠᠭ᠎ᠠ ᠶᠢᠨ ᠮᠡᠷᠭᠡᠵᠢᠯ ᠵᠡᠷᠭᠡ ᠠᠭᠤᠯᠭ᠎ᠠ ᠳᠤ ᠪᠠᠶᠢᠴᠠᠭᠠᠨ ᠰᠤᠳᠤᠯᠤᠯᠲᠠ ᠬᠢᠪᠠ᠃  ᠪᠠᠶᠢᠴᠠᠭᠠᠨ ᠰᠤᠳᠤᠯᠤᠯᠲᠠ ᠶᠢᠨ ᠬᠤᠭᠤᠴᠠᠭᠠᠨ ᠳᠤ᠂ ᠪᠠᠶᠢᠴᠠᠭᠠᠨ ᠰᠤᠳᠤᠯᠬᠤ ᠳᠤᠭᠤᠶᠢᠯᠠᠩ ᠪᠠᠰᠠ ᠬᠥᠬᠡᠬᠤᠲᠠ ᠳᠤ ᠶᠠᠷᠢᠯᠴᠠᠬᠤ ᠬᠤᠷᠠᠯ ᠬᠤᠷᠠᠯᠳᠤᠭᠤᠯᠵᠤ᠂ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ᠂ ᠲᠠᠷᠢᠶᠠᠯᠠᠩ ᠮᠠᠯ ᠠᠵᠤ ᠠᠬᠤᠶ ᠶᠢᠨ ᠲᠢᠩᠬᠢᠮ ᠪᠠ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ ᠤᠨ ᠬᠠᠮᠢᠶ᠎ᠠ ᠪᠥᠬᠦᠶ ᠬᠠᠷᠢᠭᠤᠴᠠᠯᠭᠠᠲᠠᠨ ᠨᠥᠬᠦᠳ ᠲᠠᠢ ᠥᠪᠥᠷ ᠮᠣᠩᠭᠤᠯ ᠤᠨ ᠭᠠᠵᠠᠷ ᠣᠷᠣᠨ ᠤ ᠵᠡᠭᠦᠨ ᠬᠤᠶᠢᠲᠤ ᠣᠷᠣᠨ ᠢ ᠠᠯᠤᠰᠯᠠᠭᠰᠠᠨ᠂ ᠤᠮᠠᠷᠠᠲᠤ ᠣᠷᠣᠨ᠂ ᠪᠠᠷᠠᠭᠤᠨ ᠬᠤᠶᠢᠲᠤ ᠣᠷᠣᠨ ᠭᠤᠷᠪᠠᠨ ᠣᠷᠣᠨ ᠤ ︽ᠤᠰᠤ ᠰᠢᠷᠣᠶ ᠠᠮᠤ ᠪᠤᠳᠠᠭᠠᠨ ᠤ ᠠᠵᠤ ᠠᠬᠤᠶ︾ ᠶᠢ ᠵᠣᠬᠢᠴᠠᠩᠭᠤᠶ ᠪᠠᠷ ᠬᠥᠭᠵᠢᠭᠦᠯᠬᠦ ᠳᠤ ᠲᠤᠯᠭᠠᠷᠠᠵᠤ ᠪᠠᠶᠢᠭ᠎ᠠ ᠪᠠᠶᠢᠳᠠᠯ ᠡᠭᠦᠷᠭᠡ ᠵᠢᠴᠢ ᠪᠣᠳᠠᠲᠠᠶ ᠠᠵᠢᠯ ᠤᠨ ᠳᠤᠮᠳᠠ ᠲᠤᠯᠭᠠᠷᠠᠭᠰᠠᠨ ᠲᠥᠷᠥ ᠶᠢᠨ ᠪᠣᠳᠣᠯᠭ᠎ᠠ᠂ ᠢᠨᠵᠧᠨᠧᠷᠢᠩ ᠪᠠ ᠮᠡᠷᠭᠡᠵᠢᠯ ᠤᠨ ᠲᠠᠯ᠎ᠠ ᠶᠢᠨ ᠬᠦᠴᠢᠷ ᠠᠰᠠᠭᠤᠳᠠᠯ ᠤᠨ ᠲᠤᠬᠠᠶ ᠭᠦᠨᠵᠡᠭᠡᠶ ᠰᠣᠯᠢᠯᠴᠠᠨ ᠶᠠᠷᠢᠯᠴᠠᠪᠠ᠃ ᠶᠢᠨ ᠹᠸᠢ ᠬᠤ᠋ ᠥᠪᠡᠷᠲᠡᠭᠡᠨ ᠵᠠᠰᠠᠬᠤ ᠣᠷᠣᠨ ᠤ ᠲᠠᠷᠢᠶᠠᠨ ᠭᠠᠵᠠᠷ ᠤᠨ ᠤᠰᠤᠯᠠᠯᠲᠠ ᠶᠢᠨ ᠬᠥᠭᠵᠢᠯᠲᠡ ᠶᠢᠨ ᠲᠠᠯ᠎ᠠ ᠪᠠᠷ ᠣᠯᠤᠭᠰᠠᠨ ᠦᠷ᠎ᠡ ᠪᠦᠲᠦᠮᠵᠢ ᠶᠢ ᠭᠦᠢᠴᠡᠳ ᠨᠤᠲᠠᠯᠠᠬᠤ ᠶᠢᠨ ᠬᠠᠮᠲᠤ᠂ ᠥᠪᠡᠷᠲᠡᠭᠡᠨ ᠵᠠᠰᠠᠬᠤ ᠣᠷᠣᠨ ᠤ ᠬᠠᠮᠢᠶ᠎ᠠ ᠪᠥᠬᠦᠶ ᠰᠠᠯᠠᠭ᠎ᠠ ᠮᠥᠴᠢᠷ ᠯᠦᠭᠡ ᠬᠦᠴᠦ ᠪᠠᠨ ᠬᠠᠮᠲᠤᠳᠬᠠᠨ ᠬᠠᠮᠲᠤᠷᠠᠯᠴᠠᠬᠤ ᠪᠠᠨ ᠴᠢᠩᠭᠠᠳᠬᠠᠵᠤ᠂ ᠥᠪᠡᠷᠲᠡᠭᠡᠨ ᠵᠠᠰᠠᠬᠤ ᠣᠷᠣᠨ ᠤ ᠲᠠᠷᠢᠶᠠᠨ ᠭᠠᠵᠠᠷ ᠤᠨ ᠤᠰᠤᠯᠠᠯᠲᠠ ᠶᠢᠨ ᠦᠢᠯᠡᠰ ᠤᠨ ᠴᠢᠨᠠᠷ ᠰᠠᠶᠢᠲᠠᠶ ᠬᠥᠭᠵᠢᠯᠲᠡ ᠳᠤ ᠬᠦᠴᠦᠨ ᠨᠡᠮᠡᠷᠢᠯᠡᠨ᠎ᠡ ᠭᠡᠵᠦ ᠢᠯᠡᠳᠬᠡᠪᠡ᠃ 
 
ᠢᠷᠡᠯᠲᠡ᠄ ᠦᠪᠤᠷ ᠮᠣᠩᠭᠤᠯ ᠤᠨ ᠦᠪᠡᠷᠳᠡᠭᠡᠨ ᠵᠠᠰᠠᠬᠤ ᠣᠷᠣᠨ ᠤ ᠣᠰᠣᠨ ᠠᠰᠢᠠᠠᠯᠠᠯᠳᠡ ᠶᠢᠨ ᠳᠢᠩᠬᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号