ᠣᠶᠢᠷ᠎ᠠ ᠶᠢᠨ ᠵᠢᠯ ᠠᠴᠠ ᠨᠠᠭᠠᠰᠢ᠂ ᠥᠪᠥᠷ ᠮᠣᠩᠭᠤᠯ ᠤᠰᠤᠨ ᠤ ᠡᠬᠢ ᠪᠠᠶᠠᠯᠢᠭ ᠤᠨ ᠬᠠᠲᠠᠭᠤ ᠬᠢᠵᠠᠭᠠᠷᠯᠠᠯ ᠢ | ᠲᠠᠰᠤᠷᠠᠯᠲᠠ ᠥᠬᠡᠶ ᠴᠢᠩᠭᠠᠳᠬᠠᠵᠤ᠂ ᠤᠰᠤᠨ ᠤ ᠡᠬᠢ ᠪᠠᠶᠠᠯᠢᠭ ᠢ ᠠᠷᠪᠢᠯᠠᠵᠤ ᠡᠷᠴᠢᠮᠵᠢᠭᠦᠯᠦᠨ ᠠᠰᠢᠭᠯᠠᠬᠤ | ᠬᠦᠴᠢᠷ ᠠᠰᠠᠭᠤᠳᠠᠯ ᠢ ᠬᠦᠴᠦᠯᠡᠨ ᠰᠢᠢᠳᠪᠦᠷᠢᠯᠡᠵᠦ᠂ ᠤᠯᠤᠰ ᠤᠨ ᠤᠰᠤ ᠠᠷᠪᠢᠯᠠᠬᠤ ᠠᠵᠢᠯᠯᠠᠭ᠎ᠠ ᠶᠢ ᠪᠥᠬᠦ | ᠲᠠᠯ᠎ᠠ ᠪᠠᠷ ᠠᠬᠢᠭᠤᠯᠵᠤ᠂ ᠣᠯᠠᠨ ᠨᠡᠶᠢᠲᠡ ᠶᠢᠨ ᠪᠠᠶᠢᠭᠤᠯᠤᠮᠵᠢ ᠶᠢᠨ ᠤᠰᠤ ᠠᠷᠪᠢᠯᠠᠬᠤ ᠬᠡᠪ ᠳᠠᠭᠤᠷᠢᠶᠠᠯ ᠢ ᠪᠣᠶ | ᠪᠣᠯᠭᠠᠪᠠ᠃ ᠪᠥᠬᠦ ᠤᠯᠤᠰ ᠤᠨ ︽2024 - 2026 ᠣᠨ ᠤ ᠣᠯᠠᠨ ᠨᠡᠶᠢᠲᠡ ᠶᠢᠨ ᠪᠠᠶᠢᠭᠤᠯᠤᠮᠵᠢ ᠶᠢᠨ | ᠤᠰᠤᠨ ᠤ ᠠᠰᠢᠭᠯᠠᠮᠵᠢ ᠶᠢᠨ ᠳᠠᠭᠠᠭᠤᠯᠤᠭᠴᠢ︾ ᠶᠢᠨ ᠨᠡᠷᠡᠰ ᠲᠤ ᠣᠷᠣᠵᠤ ᠂ ᠥᠪᠥᠷ ᠮᠣᠩᠭᠤᠯ ᠳᠤ ᠥᠪᠡᠷᠲᠡᠭᠡᠨ | ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ ᠢ ᠪᠠᠭᠲᠠᠭᠠᠭᠰᠠᠨ 6 ᠣᠯᠠᠨ ᠨᠡᠶᠢᠲᠡ ᠶᠢᠨ ᠪᠠᠶᠢᠭᠤᠯᠤᠮᠵᠢ | ᠰᠣᠩᠭᠤᠭᠳᠠᠪᠠ᠃ | ᠣᠯᠠᠨ ᠨᠡᠶᠢᠲᠡ ᠶᠢᠨ ᠪᠠᠶᠢᠭᠤᠯᠤᠮᠵᠢ ᠶᠢᠨ ᠲᠤᠭ᠎ᠠ ᠮᠤᠨᠳᠠᠭ ᠶᠡᠭᠡ᠂ ᠲᠥᠷᠥᠯ ᠵᠦᠢᠯ ᠨᠢ ᠣᠯᠠᠨ ᠶᠠᠩᠵᠤ ᠂ | ᠤᠰᠤ ᠬᠡᠷᠡᠭᠯᠡᠬᠦ ᠬᠡᠮᠵᠢᠶ᠎ᠡ ᠨᠢ ᠶᠡᠭᠡ᠂ ᠨᠡᠶᠢᠭᠡᠮ ᠤᠨ ᠠᠩᠬᠠᠷᠤᠯ ᠤᠨ ᠬᠡᠮᠵᠢᠶ᠎ᠡ ᠪᠠᠷ ᠥᠨᠳᠥᠷ᠃ ᠣᠯᠠᠨ ᠨᠡᠶᠢᠲᠡ ᠶᠢᠨ | ᠪᠠᠶᠢᠭᠤᠯᠤᠮᠵᠢ ᠶᠢᠨ ᠤᠰᠤ ᠠᠷᠪᠢᠯᠠᠬᠤ ᠠᠵᠢᠯ ᠢ ᠰᠠᠶᠢᠲᠤᠷ ᠬᠢᠬᠦ ᠪᠣᠯ ᠥᠪᠥᠷ ᠮᠣᠩᠭᠤᠯ ᠤᠨ ᠤᠯᠤᠰ ᠤᠨ ᠤᠰᠤ | ᠠᠷᠪᠢᠯᠠᠬᠤ ᠠᠵᠢᠯᠯᠠᠭ᠎ᠠ ᠶᠢ ᠬᠡᠷᠡᠭᠵᠢᠭᠦᠯᠬᠦ ᠴᠢᠬᠤᠯᠠ ᠠᠭᠤᠯᠭ᠎ᠠ ᠪᠣᠯᠬᠤ ᠪᠥᠭᠡᠳ ᠮᠥᠨ ᠴᠤ ᠪᠦᠬᠦ ᠨᠡᠶᠢᠭᠡᠮ ᠤᠨ | ᠤᠰᠤ ᠠᠷᠪᠢᠯᠠᠬᠤ ᠶᠢ ᠲᠦᠯᠬᠢᠨ ᠠᠬᠢᠭᠤᠯᠬᠤ ᠶᠢᠨ ᠵᠠᠩᠭᠢᠯᠠᠭ᠎ᠠ ᠪᠣᠯᠤᠨ᠎ᠠ᠃ ᠥᠪᠡᠷᠲᠡᠭᠡᠨ ᠵᠠᠰᠠᠬᠤ ᠣᠷᠣᠨ ᠤ | ᠤᠰᠤᠨ ᠠᠰᠢᠭᠯᠠᠯᠲᠠ ᠶᠢᠨ ᠲᠢᠩᠬᠢᠮ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠰᠤ ᠶᠢ | ᠠᠷᠪᠢᠯᠠᠨ ᠭᠠᠮᠨᠠᠬᠤ ᠲᠦᠷᠢᠮ︾ ᠢ ᠭᠦᠨᠵᠡᠭᠡᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ︽ᠤᠰᠤ ᠠᠷᠪᠢᠯᠠᠬᠤ | ᠲᠦᠷᠢᠮ ᠪᠦᠷᠢᠨ ᠭᠦᠢᠴᠡᠳ᠂ ᠤᠰᠤ ᠠᠷᠪᠢᠯᠠᠬᠤ ᠬᠠᠮᠢᠶᠠᠷᠤᠯᠲᠠ ᠴᠢᠩᠭ᠎ᠠ᠂ ᠤᠰᠤ ᠠᠷᠪᠢᠯᠠᠬᠤ ᠭᠦᠢᠴᠡᠳᠭᠡᠯ | ᠲᠤᠭ᠎ᠠ ᠲᠡᠷᠢᠭᠦᠯᠡᠬᠦ︾ ᠱᠠᠭᠠᠷᠳᠠᠯᠭ᠎ᠠ ᠶᠣᠰᠣᠭᠠᠷ᠂ ᠣᠯᠠᠨ ᠨᠡᠶᠢᠲᠡ ᠶᠢᠨ ᠪᠠᠶᠢᠭᠤᠯᠤᠮᠵᠢ ᠶᠢᠨ ᠤᠰᠤᠨ ᠤ | ᠠᠰᠢᠭᠯᠠᠮᠵᠢ ᠶᠢᠨ ᠳᠠᠭᠠᠭᠤᠯᠤᠭᠴᠢ ᠶᠢᠨ ᠪᠦᠲᠦᠮᠵᠢᠲᠡᠶ ᠵᠠᠭᠪᠤᠷ ᠪᠠ ᠠᠷᠭ᠎ᠠ ᠬᠡᠮᠵᠢᠶ᠎ᠡ ᠶᠢ ᠲᠦᠭᠡᠮᠡᠯᠵᠢᠭᠦᠯᠵᠦ᠂ | ᠲᠥᠷᠥ ᠶᠢᠨ ᠪᠣᠳᠣᠯᠭ᠎ᠠ ᠲᠣᠭᠲᠠᠭᠠᠬᠤ᠂ ᠪᠠᠭᠠᠵᠢ ᠬᠡᠷᠡᠭᠰᠡᠯ ᠤᠨ ᠬᠡᠷᠡᠭᠯᠡᠯᠲᠡ᠂ ᠠᠴᠢᠶᠠᠯᠠᠪᠤᠷᠢ ᠶᠢᠨ ᠪᠠᠶᠢᠭᠤᠯᠤᠯᠲᠠ᠂ | ᠤᠬᠠᠭᠤᠯᠭ᠎ᠠ ᠬᠥᠮᠦᠵᠢᠯ ᠵᠡᠷᠭᠡ ᠣᠯᠠᠨ ᠨᠡᠶᠢᠲᠡ ᠶᠢᠨ ᠪᠠᠶᠢᠭᠤᠯᠤᠮᠵᠢ ᠶᠢᠨ ᠤᠰᠤ ᠶᠢ ᠠᠷᠪᠢᠯᠠᠨ ᠬᠡᠷᠡᠭᠯᠡᠬᠦ | ᠬᠠᠮᠢᠶᠠᠷᠤᠯᠲᠠ ᠶᠢᠨ ᠲᠣᠭᠲᠠᠴᠠ ᠶᠢ ᠪᠥᠬᠦ ᠲᠠᠯ᠎ᠠ ᠪᠠᠷ ᠳᠡᠭᠡᠭᠰᠢᠯᠡᠭᠦᠯᠵᠦ᠂ ᠣᠯᠠᠨ ᠨᠡᠶᠢᠲᠡ ᠶᠢᠨ ᠪᠠᠶᠢᠭᠤᠯᠤᠮᠵᠢ ᠶᠢᠨ | ᠤᠰᠤ ᠶᠢ ᠠᠷᠪᠢᠯᠠᠨ ᠬᠡᠷᠡᠭᠯᠡᠬᠦ ᠠᠵᠢᠯ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠵᠠᠢ᠃ | | ︵ ︽ᠦᠪᠦᠷ ᠮᠣᠩᠭᠤᠯ ᠤᠨ ᠡᠳᠦᠷ ᠤᠨ ᠰᠣᠨᠢᠨ︾ ᠠᠴᠠ ᠳᠠᠮᠵᠢᠭᠤᠯᠵᠠᠢ 2024 ᠣᠨ ᠤ 7 ᠳ᠋ᠤᠭᠠᠷ | ᠰᠠᠷ᠎ᠠ ᠶᠢᠨ 11 ᠤ ᠡᠳᠦᠷ ᠰᠤᠷᠪᠤᠯᠵᠢᠯᠠᠭᠴᠢ ᠵᠠᠩ ᠾᠦᠢ ᠯᠢᠩ | |