ᠳᠤᠮᠳᠠᠳᠤ ᠤᠯᠤᠰ ᠤᠨ ᠴᠢᠯᠠᠭᠤᠨ ᠲᠣᠰᠣᠨ ᠤ ᠴᠠᠩ ᠴᠢᠩ ᠴᠢᠯᠠᠭᠤᠨ ᠲᠣᠰᠣᠨ ᠤ ᠠᠢ ᠰᠠᠪᠠ ᠶᠢᠨ ᠬᠤᠪᠢᠶᠠᠷᠢ ᠺᠣᠮᠫᠠᠨᠢ ᠶᠢᠨ ᠭᠤᠷᠪᠠᠳᠤᠭᠠᠷ ᠪᠠᠶᠢᠭᠠᠯᠢ ᠶᠢᠨ ᠬᠡᠶ ᠭᠠᠷᠭᠠᠬᠤ ᠦᠢᠯᠡᠳᠪᠦᠷᠢ ᠶᠢᠨ ᠲᠣᠣ 7᠂ ᠰᠤ᠋ 46᠂ ᠰᠤ᠋ 59 ᠲᠦᠭᠰᠢᠭᠦᠷᠢᠲᠦ ᠠᠵᠢᠯ ᠤᠨ ᠦᠢᠯᠡᠴᠢᠯᠡᠭᠡᠨ ᠤ ᠣᠷᠣᠨ ᠤ ᠬᠡᠰᠡᠭ ᠤᠨ ᠦᠢᠯᠡᠳᠪᠦᠷᠢᠯᠡᠬᠦ ᠴᠢᠳᠠᠪᠤᠷᠢ ᠶᠢᠨ ᠪᠥᠲᠥᠭᠡᠨ ᠪᠠᠶᠢᠭᠤᠯᠤᠯᠲᠠ ᠶᠢᠨ ᠲᠦᠰᠦᠯ ︵2023 ᠣᠨ ᠤ ᠨᠢᠭᠡᠳᠦᠭᠡᠷ ᠪᠦᠯᠦᠭ ᠤᠨ ᠰᠢᠲᠠᠮᠠᠬᠠᠶ ᠬᠡᠶ ᠨᠡᠭᠡᠭᠡᠨ ᠮᠠᠯᠲᠠᠬᠤ ᠲᠦᠰᠦᠯ ᠢ ᠳᠠᠩᠰᠠᠯᠠᠭᠤᠯᠪᠠ︶ ᠤᠰᠤ ᠰᠢᠷᠣᠶ ᠶᠢ ᠬᠠᠮᠠᠭᠠᠯᠠᠬᠤ ᠲᠥᠰᠦᠯ ᠤᠨ ᠮᠡᠳᠡᠭᠦᠯᠦᠯᠲᠡ ᠶᠢᠨ ᠪᠢᠴᠢᠭ ᠢ ᠬᠢᠨᠠᠨ ᠵᠦᠪᠰᠢᠶᠡᠷᠡᠬᠦ ᠵᠠᠰᠠᠭ ᠵᠠᠬᠢᠷᠭᠠᠨ ᠤ ᠵᠥᠪᠰᠢᠶᠡᠷᠡᠯ ᠤᠨ ᠲᠣᠭᠲᠠᠭᠠᠯ ᠤᠨ ᠪᠢᠴᠢᠭ
ᠨᠡᠶᠢᠲᠡᠯᠡᠭᠰᠡᠨ ᠴᠠᠭ᠄
2024/7/15
ᠬᠡᠯᠬᠢᠶᠡᠰᠦᠨ ᠨᠣᠮᠧᠷ᠄ 000014348/2024 — 04421ᠭᠤᠣᠯ ᠰᠡᠳᠦᠪ ᠤᠨ ᠠᠩᠭᠢᠯᠠᠯ᠄ ᠪᠤᠰᠤᠳᠨᠡᠶᠢᠲᠡᠯᠡᠭᠰᠡᠨ ᠪᠠᠶᠢᠭᠤᠯᠤᠮᠵᠢ᠄ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮᠪᠢᠴᠢᠭ ᠤᠨ ᠳ᠋ᠤᠭᠠᠷ᠄ ᠦᠪᠦᠷ ᠤᠰᠤᠨ ᠬᠠᠮᠠᠭᠠᠯᠠᠬᠤ ᠵᠦᠪᠰᠢᠶᠡᠷᠡᠯ ᠲᠤᠭᠲᠠᠭᠠᠯ ﹇2024﹈ 47 ᠳ᠋ᠤᠭᠠᠷ ᠲᠣᠭᠠᠲᠤᠪᠢᠴᠢᠭᠳᠡᠭᠰᠡᠨ ᠡᠳᠦᠷ ᠬᠤᠭᠤᠴᠠᠭ᠎ᠠ᠄ 2024 ᠣᠨ ᠤ 7 ᠳ᠋ᠤᠭᠠᠷ ᠰᠠᠷ᠎ᠠ ᠶᠢᠨ 9᠎ ᠤ ᠡᠳᠦᠷᠠᠯᠪᠠᠨ ᠪᠢᠴᠢᠭ ᠤᠨ ᠬᠦᠴᠦᠨ ᠲᠠᠢ ᠬᠤᠭᠤᠴᠠᠭ᠎ᠠ᠄ ᠬᠦᠴᠦᠨ ᠲᠠᠢ ᠳᠤᠮᠳᠠᠳᠤ ᠤᠯᠤᠰ ᠤᠨ ᠴᠢᠯᠠᠭᠤᠨ ᠲᠣᠰᠣᠨ ᠤ ᠪᠦᠯᠦᠭᠯᠡᠯ ᠤᠨ ᠴᠤᠸᠠᠨ ᠴᠢᠩ ᠥᠷᠥᠮᠳᠡᠨ ᠬᠠᠶᠢᠬᠤ ᠢᠨᠵᠧᠨᠧᠷᠢᠩ ᠤᠨ ᠬᠢᠵᠠᠭᠠᠷᠲᠤ ᠺᠣᠮᠫᠠᠨᠢ ᠶᠢᠨ ᠰᠤᠪᠤᠷᠭ᠎ᠠ ᠲᠦᠰᠦᠯ ᠤᠨ ᠡᠵᠡᠩᠨᠡᠯᠲᠡ ᠶᠢᠨ ᠭᠠᠵᠠᠷ᠄  ᠮᠠᠨ ᠤ ᠲᠢᠩᠬᠢᠮ 2024 ᠣᠨ ᠤ 5 ᠳ᠋ᠤᠭᠠᠷ ᠰᠠᠷ᠎ᠠ ᠶᠢᠨ 30᠎ ᠤ ᠡᠳᠦᠷ ᠲᠠᠨ ᠤ ᠺᠣᠮᠫᠠᠨᠢ ᠶᠢᠨ ᠳᠤᠷᠠᠳᠤᠭᠰᠠᠨ ᠳᠤᠮᠳᠠᠳᠤ ᠤᠯᠤᠰ ᠤᠨ ᠴᠢᠯᠠᠭᠤᠨ ᠲᠣᠰᠣᠨ ᠤ ᠴᠠᠩ ᠴᠢᠩ ᠴᠢᠯᠠᠭᠤᠨ ᠲᠣᠰᠣᠨ ᠤ ᠠᠭᠤᠷᠬᠠᠶ ᠶᠢᠨ ᠬᠤᠪᠢᠶᠠᠷᠢ ᠺᠣᠮᠫᠠᠨᠢ ᠶᠢᠨ ᠭᠤᠷᠪᠠᠳᠤᠭᠠᠷ ᠪᠠᠶᠢᠭᠠᠯᠢ ᠶᠢᠨ ᠬᠡᠶ ᠭᠠᠷᠭᠠᠬᠤ ᠦᠢᠯᠡᠳᠪᠦᠷᠢ ᠶᠢᠨ ᠲᠣᠣ 7᠂ ᠰᠤ᠋ 46᠂ ᠰᠤ᠋ 59 ᠲᠦᠭᠰᠢᠭᠦᠷᠢᠲᠦ ᠠᠵᠢᠯ ᠤᠨ ᠦᠢᠯᠡᠴᠢᠯᠡᠭᠡᠨ ᠤ ᠣᠷᠣᠨ ᠤ ᠬᠡᠰᠡᠭ ᠤᠨ ᠦᠢᠯᠡᠳᠪᠦᠷᠢᠯᠡᠬᠦ ᠴᠢᠳᠠᠪᠤᠷᠢ ᠶᠢᠨ ᠪᠥᠲᠥᠭᠡᠨ ᠪᠠᠶᠢᠭᠤᠯᠤᠯᠲᠠ ᠶᠢᠨ ᠲᠦᠰᠦᠯ ︵2023 ᠣᠨ ᠤ ᠨᠢᠭᠡᠳᠦᠭᠡᠷ ᠪᠦᠯᠦᠭ ᠤᠨ ᠰᠢᠲᠠᠮᠠᠬᠠᠶ ᠬᠡᠶ ᠨᠡᠭᠡᠭᠡᠨ ᠮᠠᠯᠲᠠᠬᠤ ᠲᠦᠰᠦᠯ ᠢ ᠳᠠᠩᠰᠠᠯᠠᠭᠤᠯᠪᠠ ︶ ᠤᠰᠤ ᠰᠢᠷᠣᠶ ᠶᠢ ᠬᠠᠮᠠᠭᠠᠯᠠᠬᠤ ᠲᠥᠰᠦᠯ ᠤᠨ ᠮᠡᠳᠡᠭᠦᠯᠦᠯᠲᠡ ᠶᠢᠨ ᠪᠢᠴᠢᠭ ᠢ ᠬᠢᠨᠠᠨ ᠵᠥᠪᠰᠢᠶᠡᠷᠡᠭᠦᠯᠬᠦ ᠭᠤᠶᠤᠴᠢᠯᠠᠯ ᠢ ᠭᠥᠯᠢᠶᠡᠨ ᠠᠪᠴᠤ ᠰᠢᠢᠳᠪᠦᠷᠢᠯᠡᠨ᠎ᠡ᠃ ᠬᠢᠨᠠᠨ ᠪᠠᠶᠢᠴᠠᠭᠠᠭᠠᠳ᠂ ᠲᠤᠰ ᠭᠤᠶᠤᠴᠢᠯᠠᠯ ᠨᠢ ᠬᠠᠤᠯᠢ ᠪᠠᠷ ᠲᠣᠭᠲᠠᠭᠠᠭᠰᠠᠨ ᠨᠥᠬᠦᠴᠡᠯ ᠳᠤ ᠨᠡᠶᠢᠴᠡᠵᠦ᠂ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠰᠠᠭ ᠵᠠᠬᠢᠷᠭᠠᠨ ᠤ ᠵᠥᠪᠰᠢᠶᠡᠷᠡᠯ ᠤᠨ ᠬᠠᠤᠯᠢ︾᠎ ᠶᠢᠨ ᠭᠤᠴᠢᠨ ᠨᠠᠢᠮᠠᠳᠤᠭᠠᠷ ᠵᠦᠢᠯ ᠤᠨ ᠨᠢᠭᠡᠳᠦᠭᠡᠷ ᠵᠤᠷᠪᠤᠰ᠂ ︽ᠤᠰᠤᠨ ᠤ ᠵᠠᠰᠠᠭ ᠵᠠᠬᠢᠷᠭᠠᠨ ᠤ ᠵᠥᠪᠰᠢᠶᠡᠷᠡᠯ ᠤᠨ ᠬᠡᠷᠡᠭᠵᠢᠭᠦᠯᠬᠦ ᠠᠷᠭ᠎ᠠ︾᠎ ᠶᠢᠨ ᠭᠤᠴᠢᠨ ᠬᠤᠶᠠᠳᠤᠭᠠᠷ ᠵᠦᠢᠯ ᠤᠨ ᠨᠢᠭᠡᠳᠦᠭᠡᠷ ᠵᠤᠷᠪᠤᠰ ᠢ ᠦᠨᠳᠦᠰᠦᠯᠡᠨ᠂ ᠵᠠᠰᠠᠭ ᠵᠠᠬᠢᠷᠭᠠᠨ ᠤ ᠵᠥᠪᠰᠢᠶᠡᠷᠡᠯ ᠣᠯᠭᠤᠬᠤ ᠶᠢ ᠵᠥᠪᠰᠢᠶᠡᠷᠡᠬᠦ ᠪᠠᠷ ᠲᠣᠭᠲᠠᠪᠠ᠃  ᠳᠤᠮᠳᠠᠳᠤ ᠤᠯᠤᠰ ᠤᠨ ᠴᠢᠯᠠᠭᠤᠨ ᠲᠣᠰᠣᠨ ᠤ ᠴᠠᠩ ᠴᠢᠩ ᠴᠢᠯᠠᠭᠤᠨ ᠲᠣᠰᠣᠨ ᠤ ᠠᠭᠤᠷᠬᠠᠢ ᠶᠢᠨ ᠬᠤᠪᠢᠶᠠᠷᠢ ᠺᠣᠮᠫᠠᠨᠢ ᠶᠢᠨ ᠭᠤᠷᠪᠠᠳᠤᠭᠠᠷ ᠪᠠᠶᠢᠭᠠᠯᠢ ᠶᠢᠨ ᠰᠢᠲᠠᠮᠠᠬᠠᠶ ᠬᠡᠢ ᠶᠢᠨ ᠦᠢᠯᠡᠳᠪᠦᠷᠢ ᠶᠢᠨ ᠲᠣᠣ 7᠂ ᠰᠤ᠋ 46᠂ ᠰᠤ᠋ 59 ᠲᠦᠭᠰᠢᠭᠦᠷᠢᠲᠦ ᠠᠵᠢᠯ ᠤᠨ ᠦᠢᠯᠡᠴᠢᠯᠡᠭᠡᠨ ᠤ ᠣᠷᠣᠨ ᠤ ᠬᠡᠰᠡᠭ ᠤᠨ ᠦᠢᠯᠡᠳᠪᠦᠷᠢᠯᠡᠬᠦ ᠴᠢᠳᠠᠪᠤᠷᠢ ᠶᠢᠨ ᠪᠥᠲᠥᠭᠡᠨ ᠪᠠᠶᠢᠭᠤᠯᠤᠯᠲᠠ ᠶᠢᠨ ᠲᠦᠰᠦᠯ ︵2023 ᠣᠨ ᠤ ᠨᠢᠭᠡᠳᠦᠭᠡᠷ ᠪᠦᠯᠦᠭ ᠤᠨ ᠰᠢᠲᠠᠮᠠᠬᠠᠶ ᠬᠡᠶ ᠨᠡᠭᠡᠭᠡᠨ ᠮᠠᠯᠲᠠᠬᠤ ᠲᠦᠰᠦᠯ ᠢ ᠳᠠᠩᠰᠠᠯᠠᠭᠤᠯᠪᠠ︶ ᠣᠷᠳᠣᠰ ᠬᠤᠲᠠ ᠶᠢᠨ ᠦᠦᠰᠢᠨ ᠬᠤᠰᠢᠭᠤ᠂ ᠣᠲᠤᠭ ᠤᠨ ᠡᠮᠦᠨᠡᠲᠦ ᠬᠤᠰᠢᠭᠤ᠂ ᠣᠲᠤᠭ ᠬᠤᠰᠢᠭᠤᠨ ᠤ ᠬᠢᠯᠢ ᠳᠤ ᠪᠠᠶᠢᠷᠢᠯᠠᠵᠤ᠂ ᠲᠥᠯᠥᠪᠯᠡᠭᠰᠡᠨ ᠦᠢᠯᠡᠳᠪᠦᠷᠢᠯᠡᠯ ᠤᠨ ᠴᠢᠳᠠᠪᠤᠷᠢ ᠨᠢ ᠵᠢᠯ ᠳᠤ 3.80 ᠳ᠋ᠦᠩᠰᠢᠭᠤᠷ ᠪᠣᠰᠤᠭ᠎ᠠ ᠳᠥᠷᠪᠡᠯᠵᠢᠨ ᠮᠧᠲᠷ/ ᠵᠢᠯ ᠪᠣᠯᠤᠨ᠎ᠠ᠃  ᠲᠦᠰᠦᠯ ᠨᠢ ᠬᠤᠳᠳᠤᠭ ᠤᠨ ᠣᠷᠣᠨ᠂ ᠪᠠᠷᠢᠯᠭ᠎ᠠ ᠶᠢᠨ ᠠᠮᠢᠳᠤᠷᠠᠯ ᠤᠨ ᠲᠣᠭᠤᠷᠢᠭ᠂ ᠬᠡᠢ ᠭᠠᠷᠭᠠᠬᠤ ᠬᠤᠭᠤᠯᠠᠢ ᠶᠢᠨ ᠣᠷᠣᠨ᠂ ᠬᠤᠳᠳᠤᠭ ᠲᠤ ᠣᠷᠣᠬᠤ ᠵᠠᠮ ᠤᠨ ᠲᠣᠭᠤᠷᠢᠭ ᠢᠶᠠᠷ ᠪᠦᠷᠢᠯᠳᠦᠵᠦ᠂ ᠶᠡᠷᠦᠩᠬᠡᠶ ᠲᠠᠯᠠᠪᠠᠶ ᠨᠢ 37.75 ᠾᠧᠺᠲ᠋ᠠᠷ ᠪᠠᠶᠢᠵᠤ᠂ ᠰᠢᠷᠣᠶ ᠴᠢᠯᠠᠭᠤ ᠮᠠᠯᠲᠠᠬᠤ ᠶᠡᠷᠦᠩᠬᠡᠶ ᠬᠡᠮᠵᠢᠶ᠎ᠡ ᠨᠢ 46.02 ᠲᠦᠮᠡᠨ ᠪᠣᠰᠤᠭ᠎ᠠ ᠳᠥᠷᠪᠡᠯᠵᠢᠨ ᠮᠧᠲᠷ ᠪᠠᠶᠢᠵᠤ᠂ ᠶᠡᠷᠦᠩᠬᠡᠶ ᠪᠡᠯᠡ ᠣᠷᠣᠭᠤᠯᠤᠯᠲᠠ ᠨᠢ 64600 ᠲᠦᠮᠡᠨ ᠲᠥᠭᠦᠷᠢᠭ ᠪᠣᠯᠤᠨ᠎ᠠ᠃ ᠢᠨᠵᠧᠨᠧᠷᠢᠩ ᠢ 2024 ᠣᠨ ᠤ 3 ᠳ᠋ᠤᠭᠠᠷ ᠰᠠᠷ᠎ᠠ ᠳᠤ ᠡᠬᠢᠯᠡᠭᠦᠯᠵᠦ᠂ 2024 ᠣᠨ ᠤ 12 ᠳ᠋ᠤᠭᠠᠷ ᠰᠠᠷ᠎ᠠ ᠳᠤ ᠪᠠᠶᠢᠭᠤᠯᠵᠤ ᠳᠠᠭᠤᠰᠬᠠᠭᠠᠳ ᠠᠰᠢᠭᠯᠠᠯᠲᠠ ᠳᠤ ᠣᠷᠣᠭᠤᠯᠬᠤ ᠪᠠᠷ ᠲᠥᠯᠥᠪᠯᠡᠵᠦ᠂ ᠶᠡᠷᠦᠩᠬᠡᠶ ᠠᠵᠢᠯ ᠤᠨ ᠬᠤᠭᠤᠴᠠᠭ᠎ᠠ ᠨᠢ 10 ᠰᠠᠷ᠎ᠠ ᠪᠣᠯᠤᠨ᠎ᠠ᠃  ᠨᠢᠭᠡ᠂ ᠤᠰᠤ ᠰᠢᠷᠤᠢ ᠶᠢ ᠬᠠᠮᠠᠭᠠᠯᠠᠬᠤ ᠲᠥᠰᠦᠯ ᠤᠨ ᠶᠡᠷᠦᠩᠬᠡᠶ ᠰᠠᠨᠠᠯ  ︵ᠨᠢᠭᠡ︶ ᠪᠦᠲᠦᠭᠡᠨ ᠪᠠᠶᠢᠭᠤᠯᠬᠤ ᠬᠤᠭᠤᠴᠠᠭᠠᠨ ᠳᠠᠬᠢ ᠤᠰᠤ ᠰᠢᠷᠤᠢ ᠶᠢᠨ ᠢᠳᠡᠭᠳᠡᠯ ᠢ ᠰᠡᠷᠭᠡᠶᠢᠯᠡᠨ ᠵᠠᠰᠠᠬᠤ ᠬᠠᠷᠢᠭᠤᠴᠠᠯᠭ᠎ᠠ ᠶᠢᠨ ᠬᠦᠷᠢᠶ᠎ᠡ ᠬᠡᠪᠴᠢᠶ᠎ᠡ ᠨᠢ 37.75 ᠾᠧᠺᠲ᠋ᠠᠷ ᠪᠣᠯᠤᠨ᠎ᠠ᠃  ︵ᠬᠤᠶᠠᠷ︶ ᠤᠰᠤ ᠰᠢᠷᠤᠢ ᠶᠢᠨ ᠢᠳᠡᠭᠳᠡᠯ ᠢ ᠰᠡᠷᠭᠡᠶᠢᠯᠡᠨ ᠵᠠᠰᠠᠬᠤ ᠠᠵᠢᠯ ᠳᠤ ᠪᠠᠷᠠᠭᠤᠨ ᠬᠤᠶᠢᠲᠦ ᠶᠢᠨ ᠰᠢᠷ᠎ᠠ ᠬᠥᠷᠥᠰᠥᠲᠦ ᠥᠨᠳᠦᠷᠯᠢᠭ ᠤᠨ ᠣᠷᠣᠨ ᠤ ᠨᠢᠭᠡᠳᠦᠭᠡᠷ ᠳᠡᠰ ᠤᠨ ᠪᠠᠷᠢᠮᠵᠢᠶ᠎ᠠ ᠶᠢ ᠬᠡᠷᠡᠭᠵᠢᠭᠦᠯᠬᠦ ᠶᠢ ᠵᠦᠪᠰᠢᠶᠡᠷᠡᠨ᠎ᠡ᠃  ︵ᠭᠤᠷᠪᠠ︶ ᠦᠨᠳᠦᠰᠦᠨ ᠳᠡᠭᠡᠨ ᠵᠥᠪᠰᠢᠶᠡᠷᠡᠭᠰᠡᠨ ᠤᠰᠤ ᠰᠢᠷᠤᠢ ᠶᠢᠨ ᠢᠳᠡᠭᠳᠡᠯ ᠢ ᠰᠡᠷᠭᠡᠶᠢᠯᠡᠨ ᠵᠠᠰᠠᠬᠤ ᠬᠠᠷᠠᠯᠲᠠ ᠪᠣᠯ᠄ ᠤᠰᠤ ᠰᠢᠷᠤᠢ ᠶᠢᠨ ᠢᠳᠡᠭᠳᠡᠯ ᠢ ᠵᠠᠰᠠᠬᠤ ᠬᠡᠮᠵᠢᠶ᠎ᠡ 93%᠂ ᠤᠰᠤ ᠰᠢᠷᠤᠢ ᠶᠢᠨ ᠢᠳᠡᠭᠳᠡᠯ ᠢ ᠬᠢᠵᠠᠭᠠᠷᠯᠠᠬᠤ ᠨᠣᠷᠮ᠎ᠠ 0.8%᠂ ᠬᠤᠭ ᠰᠢᠷᠣᠶ ᠶᠢᠨ ᠰᠡᠷᠭᠡᠶᠢᠯᠡᠨ ᠬᠠᠮᠠᠭᠠᠯᠠᠬᠤ ᠨᠣᠷᠮ᠎ᠠ 92%᠂ ᠤᠰᠤ ᠰᠢᠷᠤᠢ ᠶᠢᠨ ᠬᠠᠮᠠᠭᠠᠯᠠᠯᠲᠠ ᠶᠢᠨ ᠨᠣᠷᠮ᠎ᠠ 90%᠂ ᠣᠶ ᠰᠢᠭᠤᠶ ᠡᠪᠡᠰᠦᠨ ᠤ ᠤᠷᠭᠤᠮᠠᠯ ᠤᠨ ᠬᠤᠴᠢᠯᠭ᠎ᠠ ᠶᠢ ᠰᠡᠷᠭᠦᠭᠡᠭᠰᠡᠨ ᠨᠣᠷᠮ᠎ᠠ 90%᠂ ᠣᠶ ᠰᠢᠭᠤᠶ ᠡᠪᠡᠰᠦᠨ ᠤ ᠤᠷᠭᠤᠮᠠᠯ ᠤᠨ ᠬᠤᠴᠢᠯᠭ᠎ᠠ ᠶᠢ ᠰᠡᠷᠭᠦᠭᠡᠭᠰᠡᠨ ᠨᠣᠷᠮ᠎ᠠ 95%᠂ ᠣᠶ ᠰᠢᠭᠤᠶ ᠡᠪᠡᠰᠦᠨ ᠤ ᠪᠦᠷᠬᠦᠴᠡ ᠶᠢᠨ ᠨᠣᠷᠮ᠎ᠠ 24% ᠪᠣᠯᠤᠨ᠎ᠠ᠃  ︵ᠲᠦᠷᠪᠡ︶ ᠤᠰᠤ ᠰᠢᠷᠤᠢ ᠶᠢᠨ ᠢᠳᠡᠭᠳᠡᠯ ᠢ ᠰᠡᠷᠭᠡᠶᠢᠯᠡᠨ ᠵᠠᠰᠠᠬᠤ ᠣᠷᠣᠨ ᠲᠣᠭᠤᠷᠢᠭ ᠵᠢᠴᠢ ᠣᠷᠣᠨ ᠬᠤᠪᠢᠶᠠᠨ ᠰᠡᠷᠭᠡᠶᠢᠯᠡᠨ ᠵᠠᠰᠠᠬᠤ ᠠᠷᠭ᠎ᠠ ᠬᠡᠮᠵᠢᠶ᠎ᠡ ᠶᠢᠨ ᠲᠣᠬᠢᠷᠠᠭᠤᠯᠤᠯᠲᠠ ᠶᠢ ᠦᠨᠳᠦᠰᠦᠨ ᠳᠡᠭᠡᠨ ᠵᠥᠪᠰᠢᠶᠡᠷᠡᠨ᠎ᠡ᠃  ︵ᠲᠠᠪᠤ︶ ᠦᠨᠳᠦᠰᠦᠨ ᠳᠡᠭᠡᠨ ᠪᠦᠲᠦᠭᠡᠨ ᠪᠠᠶᠢᠭᠤᠯᠤᠯᠲᠠ ᠶᠢᠨ ᠬᠤᠭᠤᠴᠠᠭᠠᠨ ᠳᠤ ᠤᠰᠤ ᠰᠢᠷᠤᠢ ᠶᠢ ᠬᠠᠮᠠᠭᠠᠯᠠᠬᠤ ᠨᠦᠬᠦᠪᠦᠷᠢ ᠮᠦᠩᠭᠦ 64.175 ᠲᠦᠮᠡᠨ ᠲᠦᠭᠦᠷᠢᠭ ᠪᠣᠯᠤᠨ᠎ᠠ᠂ ᠡᠭᠦᠨ ᠳᠤ ᠦᠤᠰᠢᠨ ᠬᠤᠰᠢᠭᠤ 15.436 ᠲᠦᠮᠡᠨ ᠲᠦᠭᠦᠷᠢᠭ᠂ ᠤᠳᠤᠭ ᠬᠤᠰᠢᠭᠤ 25.891 ᠲᠦᠮᠡᠨ ᠲᠦᠭᠦᠷᠢᠭ᠂ ᠤᠳᠤᠭ ᠤᠨ ᠡᠮᠤᠨᠡᠳᠤ ᠬᠤᠰᠢᠭᠤ 22.848 ᠲᠦᠮᠡᠨ ᠲᠦᠬᠦᠷᠢᠭ ᠪᠤᠯᠤᠨ᠎ᠠ᠃  ᠬᠤᠶᠠᠷ᠂ ᠦᠢᠯᠡᠳᠪᠦᠷᠢᠯᠡᠯ ᠪᠦᠲᠦᠭᠡᠨ ᠪᠠᠶᠢᠭᠤᠯᠤᠯᠲᠠ ᠶᠢᠨ ᠨᠢᠭᠡᠴᠢ ᠨᠢ ᠲᠦᠰᠦᠯ ᠤᠨ ᠪᠦᠲᠦᠭᠡᠨ ᠪᠠᠶᠢᠭᠤᠯᠤᠯᠲᠠ ᠶᠢᠨ ᠳᠤᠮᠳᠠ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠤᠰᠤ ᠰᠢᠷᠣᠢ ᠶᠢ ᠬᠠᠮᠠᠭᠠᠯᠠᠬᠤ ᠬᠠᠤᠯᠢ︾᠎ ᠶᠢᠨ ᠬᠠᠮᠢᠶ᠎ᠠ ᠪᠦᠬᠦᠢ ᠱᠠᠭᠠᠷᠳᠠᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠬᠤ ᠶᠢᠨ       ᠬᠠᠮᠲᠤ᠂ ᠳᠣᠣᠷᠠᠬᠢ ᠠᠵᠢᠯ ᠤᠳ ᠢ ᠭᠤᠣᠯᠳᠠᠯᠭ᠎ᠠ ᠲᠠᠢ ᠰᠠᠶᠢᠲᠤᠷ ᠬᠢᠬᠦ ᠬᠡᠷᠡᠭᠲᠡᠢ᠄  ︵ᠨᠢᠭᠡ︶ ᠵᠥᠪᠰᠢᠶᠡᠷᠡᠭᠰᠡᠨ ᠤᠰᠤ ᠰᠢᠷᠤᠢ ᠶᠢ ᠬᠠᠮᠠᠭᠠᠯᠠᠬᠤ ᠲᠥᠰᠦᠯ ᠤᠨ ᠶᠣᠰᠣᠭᠠᠷ᠂ ᠤᠰᠤ ᠰᠢᠷᠤᠢ ᠶᠢ ᠬᠠᠮᠠᠭᠠᠯᠠᠬᠤ ᠠᠩᠬ᠎ᠠ ᠠᠯᠬᠤᠮ ᠤᠨ ᠵᠢᠷᠤᠭ ᠲᠥᠯᠥᠪᠯᠡᠭᠡ ᠵᠡᠷᠭᠡ ᠵᠠᠯᠭᠠᠮᠵᠢ ᠵᠢᠷᠤᠭ ᠲᠥᠯᠥᠪᠯᠡᠭᠡ ᠶᠢ ᠰᠠᠶᠢᠲᠤᠷ       ᠬᠢᠵᠦ᠂ ᠪᠠᠷᠢᠯᠭ᠎ᠠ ᠪᠠᠷᠢᠬᠤ ᠵᠣᠬᠢᠶᠠᠨ ᠪᠠᠶᠢᠭᠤᠯᠤᠯᠲᠠ ᠶᠢᠨ ᠬᠠᠮᠢᠶᠠᠷᠤᠯᠲᠠ ᠶᠢᠨ ᠠᠵᠢᠯ ᠢ ᠴᠢᠩᠭᠠᠳᠬᠠᠬᠤ ᠬᠡᠷᠡᠭᠲᠡᠶ᠃  ︵ᠬᠤᠶᠠᠷ︶ ᠲᠥᠰᠦᠯ ᠤᠨ ᠱᠠᠭᠠᠷᠳᠠᠯᠭ᠎ᠠ ᠶᠢ ᠴᠢᠩᠭ᠎ᠠ ᠵᠢᠷᠤᠮᠯᠠᠨ ᠤᠰᠤ ᠰᠢᠷᠤᠢ ᠶᠢ ᠬᠠᠮᠠᠭᠠᠯᠠᠬᠤ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠬᠤ ᠬᠡᠷᠡᠭᠲᠡᠶ᠃ ᠡᠯ᠎ᠡ ᠲᠥᠷᠥᠯ ᠤᠨ ᠪᠠᠷᠢᠯᠭ᠎ᠠ ᠪᠠᠷᠢᠬᠤ ᠠᠵᠢᠯᠯᠠᠭ᠎ᠠ ᠨᠢ ᠭᠠᠵᠠᠷ ᠬᠡᠷᠡᠭᠯᠡᠬᠦ ᠬᠡᠪᠴᠢᠶᠡᠨ ᠳᠣᠲᠣᠷ᠎ᠠ ᠳᠤᠷ᠎ᠠ ᠪᠠᠷ ᠢᠶᠠᠨ ᠡᠵᠡᠯᠡᠬᠦ᠂ ᠭᠠᠵᠠᠷ ᠤᠨ ᠭᠠᠳᠠᠷᠭᠤ ᠶᠢᠨ ᠤᠷᠭᠤᠮᠠᠯ ᠤᠨ ᠬᠤᠴᠢᠯᠭ᠎ᠠ ᠶᠢ ᠰᠠᠮᠠᠭᠤᠷᠠᠭᠤᠯᠬᠤ ᠪᠠ ᠡᠪᠳᠡᠬᠦ ᠶᠢ ᠴᠢᠩᠭ᠎ᠠ ᠴᠠᠭᠠᠵᠠᠯᠠᠵᠤ᠂ ᠤᠰᠤ ᠰᠢᠷᠤᠢ ᠶᠢ ᠰᠠᠯᠭᠠᠬᠤ᠂ ᠬᠠᠳᠠᠭᠠᠯᠠᠬᠤ ᠪᠠ ᠠᠰᠢᠭᠯᠠᠬᠤ ᠶᠢ ᠰᠠᠶᠢᠲᠤᠷ ᠬᠢᠬᠦ ᠬᠡᠷᠡᠭᠲᠡᠶ᠃ ᠬᠠᠶᠠᠭᠳᠠᠮᠠᠯ ᠰᠢᠭᠠᠷᠤ ᠶᠢ ᠶᠡᠷᠦᠩᠬᠡᠶᠢᠯᠡᠨ ᠠᠰᠢᠭᠯᠠᠬᠤ ᠶᠢ ᠴᠢᠩᠭᠠᠳᠬᠠᠵᠤ᠂ ᠪᠦᠲᠦᠭᠡᠨ ᠪᠠᠶᠢᠭᠤᠯᠬᠤ ᠶᠠᠪᠤᠴᠠ ᠳᠤ ᠭᠠᠷᠤᠭᠰᠠᠨ ᠬᠠᠶᠠᠭᠳᠠᠮᠠᠯ ᠰᠢᠭᠠᠷᠤ ᠶᠢ ᠴᠠᠭ ᠲᠤᠬᠠᠶ ᠳᠤᠨᠢ ᠲᠥᠰᠦᠯ ᠳᠤ ᠲᠣᠭᠲᠠᠭᠠᠭᠰᠠᠨ ᠲᠤᠰᠬᠠᠶ ᠲᠠᠯᠠᠪᠤᠷ ᠲᠤ ᠲᠡᠭᠡᠭᠡᠪᠦᠷᠢᠯᠡᠨ ᠬᠦᠷᠭᠡᠬᠦ ᠬᠡᠷᠡᠭᠲᠡᠶ᠃ ᠲᠥᠰᠦᠯ ᠤᠨ ᠱᠠᠭᠠᠷᠳᠠᠯᠭ᠎ᠠ ᠶᠢ ᠦᠨᠳᠦᠰᠦᠯᠡᠨ ᠪᠠᠷᠢᠯᠭ᠎ᠠ ᠪᠠᠷᠢᠬᠤ ᠴᠠᠭ ᠤᠨ ᠳᠠᠷᠠᠭᠠᠯᠠᠯ ᠪᠠ ᠤᠰᠤ ᠰᠢᠷᠤᠢ ᠶᠢ ᠬᠠᠮᠠᠭᠠᠯᠠᠬᠤ ᠠᠷᠭ᠎ᠠ ᠬᠡᠮᠵᠢᠶ᠎ᠡ ᠶᠢ ᠬᠡᠷᠡᠭᠵᠢᠭᠦᠯᠬᠦ ᠠᠬᠢᠴᠠ ᠶᠢ ᠵᠦᠶ ᠵᠣᠬᠢᠰᠲᠠᠶ ᠲᠣᠬᠢᠷᠠᠭᠤᠯᠵᠤ᠂ ᠪᠠᠷᠢᠯᠭ᠎ᠠ ᠪᠠᠷᠢᠬᠤ ᠬᠤᠭᠤᠴᠠᠭᠠᠨ ᠳᠤ ᠤᠰᠤ ᠰᠢᠷᠤᠢ ᠶᠢᠨ ᠢᠳᠡᠭᠳᠡᠯ ᠢ ᠴᠢᠩᠭ᠎ᠠ ᠬᠢᠵᠠᠭᠠᠷᠯᠠᠬᠤ ᠬᠡᠷᠡᠭᠲᠡᠶ᠃  ︵ᠭᠤᠷᠪᠠ︶ ᠤᠰᠤ ᠰᠢᠷᠤᠢ ᠶᠢ ᠬᠠᠮᠠᠭᠠᠯᠠᠬᠤ ᠬᠢᠨᠠᠨ ᠬᠡᠮᠵᠢᠬᠦ ᠠᠵᠢᠯ ᠢ ᠦᠨᠡᠨ ᠬᠦ ᠰᠠᠶᠢᠲᠤᠷ ᠬᠢᠵᠦ᠂ ᠤᠰᠤ ᠰᠢᠷᠤᠢ ᠶᠢᠨ ᠢᠳᠡᠭᠳᠡᠯ ᠤᠨ ᠪᠠᠶᠢᠳᠠᠯ ᠢ ᠬᠢᠨᠠᠨ ᠡᠵᠡᠮᠳᠡᠬᠦ ᠶᠢ ᠴᠢᠩᠭᠠᠳᠬᠠᠬᠤ ᠶᠢᠨ ᠬᠠᠮᠲᠤ ᠲᠣᠭᠲᠠᠭᠠᠯ ᠶᠣᠰᠣᠭᠠᠷ ᠮᠠᠨ ᠤ ᠲᠢᠩᠬᠢᠮ ᠵᠢᠴᠢ ᠣᠷᠳᠣᠰ ᠬᠤᠲᠠ ᠶᠢᠨ ᠤᠰᠤᠨ ᠠᠰᠢᠭᠯᠠᠯᠲᠠ ᠶᠢᠨ ᠲᠣᠪᠴᠢᠶ᠎ᠠ ᠳᠤ ᠬᠢᠨᠠᠨ ᠬᠡᠮᠵᠢᠯᠲᠡ ᠶᠢᠨ ᠤᠯᠠᠷᠢᠯ ᠤᠨ ᠮᠡᠳᠡᠭᠦᠯᠦᠯᠲᠡ ᠵᠢᠴᠢ ᠳ᠋ᠦᠩᠨᠡᠯᠲᠡ ᠶᠢᠨ ᠮᠡᠳᠡᠭᠦᠯᠦᠯᠲᠡ ᠶᠢ ᠲᠤᠰᠢᠶᠠᠨ᠎ᠠ᠃  ︵ᠲᠦᠷᠪᠡ︶ ᠤᠰᠤ ᠰᠢᠷᠤᠢ ᠶᠢ ᠬᠠᠮᠠᠭᠠᠯᠠᠬᠤ ᠬᠢᠨᠠᠯᠲᠠ ᠬᠠᠮᠢᠶᠠᠷᠤᠯᠲᠠ ᠶᠢᠨ ᠠᠵᠢᠯ ᠢ ᠨᠠᠶᠢᠳᠠᠪᠤᠷᠢᠵᠢᠭᠤᠯᠬᠤ ᠶᠢᠨ ᠬᠠᠮᠲᠤ ᠰᠠᠶᠢᠲᠤᠷ ᠬᠢᠵᠦ᠂ ᠤᠰᠤ ᠰᠢᠷᠤᠢ ᠶᠢ ᠬᠠᠮᠠᠭᠠᠯᠠᠬᠤ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢᠨ ᠶᠠᠰᠤ ᠴᠢᠨᠠᠷ ᠪᠣᠯᠤᠨ ᠠᠬᠢᠴᠠ ᠶᠢ ᠦᠨᠡᠨ ᠬᠦ ᠪᠠᠲᠤᠯᠠᠬᠤ ᠬᠡᠷᠡᠭᠲᠡᠶ᠃  ︵ᠲᠠᠪᠤ︶ ᠤᠰᠤ ᠰᠢᠷᠤᠢ ᠶᠢ ᠬᠠᠮᠠᠭᠠᠯᠠᠬᠤ ᠨᠥᠬᠦᠪᠥᠷᠢ ᠵᠠᠷᠤᠳᠠᠯ ᠢ ᠬᠠᠤᠯᠢ ᠲᠣᠭᠲᠠᠭᠠᠯ ᠶᠣᠰᠣᠭᠠᠷ ᠭᠦᠢᠴᠡᠳ ᠲᠤᠭ᠎ᠠ ᠪᠠᠷ ᠲᠤᠰᠢᠶᠠᠨ᠎ᠠ᠃  ᠭᠤᠷᠪᠠ᠂ ᠲᠤᠰ ᠲᠦᠰᠦᠯ ᠤᠨ ᠭᠠᠵᠠᠷ᠂ ᠬᠡᠪᠴᠢᠶ᠎ᠡ ᠨᠢ ᠴᠢᠬᠤᠯᠠ ᠶᠡᠭᠡ ᠬᠤᠪᠢᠷᠠᠯᠲᠠ ᠭᠠᠷᠤᠭᠰᠠᠨ᠂ ᠡᠰᠡᠬᠦᠯ᠎ᠡ ᠤᠰᠤ ᠰᠢᠷᠤᠢ ᠶᠢ ᠬᠠᠮᠠᠭᠠᠯᠠᠬᠤ ᠲᠥᠰᠦᠯ ᠢ ᠬᠡᠷᠡᠭᠵᠢᠭᠦᠯᠬᠦ ᠶᠠᠪᠤᠴᠠ ᠳᠠᠬᠢ ᠤᠰᠤ ᠰᠢᠷᠤᠢ ᠶᠢ ᠬᠠᠮᠠᠭᠠᠯᠠᠬᠤ ᠠᠷᠭ᠎ᠠ ᠬᠡᠮᠵᠢᠶ᠎ᠡ ᠳᠤ ᠴᠢᠬᠤᠯᠠ ᠶᠡᠭᠡ ᠬᠤᠪᠢᠷᠠᠯᠲᠠ ᠭᠠᠷᠪᠠᠯ᠂ ᠤᠰᠤ ᠰᠢᠷᠤᠢ ᠶᠢ ᠬᠠᠮᠠᠭᠠᠯᠠᠬᠤ ᠲᠥᠰᠦᠯ ᠳᠤ ᠨᠥᠬᠦᠪᠥᠷᠢᠯᠡᠬᠦ ᠪᠤᠶᠤ ᠵᠠᠰᠠᠪᠤᠷᠢ ᠣᠷᠣᠭᠤᠯᠵᠤ᠂ ᠮᠠᠨ ᠤ ᠲᠢᠩᠬᠢᠮ ᠳᠤ ᠮᠡᠳᠡᠭᠦᠯᠦᠨ ᠬᠢᠨᠠᠨ ᠵᠥᠪᠰᠢᠶᠡᠷᠡᠭᠦᠯᠬᠦ       ᠬᠡᠷᠡᠭᠲᠡᠶ᠃ ᠰᠢᠭᠠᠷᠤ ᠬᠠᠶᠠᠬᠤ ᠰᠢᠨ᠎ᠡ ᠪᠠᠷ ᠪᠠᠶᠢᠭᠤᠯᠤᠭᠰᠠᠨ ᠪᠤᠶᠤ ᠡᠰᠡᠬᠦᠯ᠎ᠡ ᠰᠢᠭᠠᠷᠤ ᠶᠢᠨ ᠬᠡᠮᠵᠢᠶ᠎ᠡ ᠨᠢ ᠨᠡᠮᠡᠭᠳᠡᠭᠰᠡᠨ ᠠᠴᠠ ᠪᠣᠯᠵᠤ ᠰᠢᠭᠠᠷᠤ ᠬᠠᠶᠠᠬᠤ ᠲᠠᠯᠠᠪᠠᠶ ᠵᠡᠷᠭᠡ ᠳᠡᠰ ᠨᠢ ᠳᠡᠭᠡᠭᠰᠢᠯᠡᠭᠰᠡᠨ ᠪᠣᠯ ᠦᠢᠯᠡᠳᠪᠦᠷᠢᠯᠡᠯ ᠪᠦᠲᠦᠭᠡᠨ ᠪᠠᠶᠢᠭᠤᠯᠤᠯᠲᠠ ᠶᠢᠨ ᠨᠢᠭᠡᠴᠢ ᠨᠢ ᠰᠢᠭᠠᠷᠤ ᠶᠢᠨ ᠬᠡᠮᠵᠢᠶ᠎ᠡ ᠶᠢ ᠪᠠᠭᠠᠰᠬᠠᠬᠤ᠂ ᠡᠬᠢ ᠪᠠᠶᠠᠯᠢᠭᠵᠢᠭᠤᠯᠤᠯᠲᠠ ᠶᠢ ᠨᠤᠲᠠᠯᠠᠬᠤ ᠶᠢ ᠥᠷᠨᠢᠭᠦᠯᠬᠦ ᠶᠢᠨ ᠬᠠᠮᠲᠤ ᠰᠢᠭᠠᠷᠤ ᠶᠢᠨ ᠡᠮᠦᠨ᠎ᠡ ᠤᠰᠤ ᠰᠢᠷᠤᠢ ᠶᠢ ᠬᠠᠮᠠᠭᠠᠯᠠᠬᠤ ᠲᠥᠰᠦᠯ ᠤᠨ ᠨᠥᠬᠦᠪᠥᠷᠢ ᠮᠡᠳᠡᠭᠦᠯᠦᠯᠲᠡ ᠶᠢ ᠨᠠᠶᠢᠷᠠᠭᠤᠯᠤᠨ ᠵᠣᠬᠢᠶᠠᠵᠤ᠂ ᠮᠠᠨ ᠤ ᠲᠢᠩᠬᠢᠮ ᠳᠤ ᠮᠡᠳᠡᠭᠦᠯᠦᠨ ᠬᠢᠨᠠᠨ ᠵᠥᠪᠰᠢᠶᠡᠷᠡᠭᠦᠯᠦᠨ᠎ᠡ᠃  ᠳᠥᠷᠪᠡ᠂ ᠲᠠᠨ ᠤ ᠨᠢᠭᠡᠴᠢ ᠪᠣᠯ ᠲᠤᠰ ᠲᠦᠰᠦᠯ ᠤᠨ ᠤᠰᠤ ᠰᠢᠷᠤᠢ ᠶᠢ ᠬᠠᠮᠠᠭᠠᠯᠠᠬᠤ ᠪᠡᠯᠡᠳᠬᠡᠮᠵᠢ ᠶᠢ ᠰᠢᠯᠭᠠᠨ ᠠᠪᠬᠤ ᠬᠠᠷᠢᠭᠤᠴᠠᠯᠭ᠎ᠠ ᠶᠢᠨ ᠭᠤᠤᠯ ᠴᠣᠭᠴᠠ ᠪᠣᠯᠬᠤ ᠲᠤᠯᠠ᠂ ᠲᠤᠰ ᠲᠦᠰᠦᠯ ᠨᠢ ᠪᠠᠷᠢᠯᠭ᠎ᠠ ᠳᠠᠭᠤᠰᠴᠤ ᠰᠢᠯᠭᠠᠨ ᠠᠪᠬᠤ ᠪᠤᠶᠤ ᠠᠰᠢᠭᠯᠠᠯᠲᠠ ᠳᠤ ᠣᠷᠣᠭᠤᠯᠬᠤ ᠠᠴᠠ ᠡᠮᠦᠨ᠎ᠡ᠂ ᠤᠰᠤ ᠰᠢᠷᠤᠢ ᠶᠢ ᠬᠠᠮᠠᠭᠠᠯᠠᠬᠤ ᠪᠡᠯᠡᠳᠬᠡᠮᠵᠢ ᠶᠢ ᠡᠵᠡᠨ ᠮᠡᠳᠡᠵᠦ ᠰᠢᠯᠭᠠᠨ ᠠᠪᠬᠤ ᠶᠢ ᠥᠩᠭᠡᠷᠡᠭᠡᠬᠦ ᠬᠡᠷᠡᠭᠲᠡᠶ᠃ ᠡᠵᠡᠨ ᠮᠡᠳᠡᠨ ᠰᠢᠯᠭᠠᠨ ᠠᠪᠬᠤ ᠳᠤ ᠤᠰᠤ ᠰᠢᠷᠤᠢ ᠶᠢ ᠬᠠᠮᠠᠭᠠᠯᠠᠬᠤ ᠬᠠᠤᠯᠢ ᠴᠠᠭᠠᠵᠠ ᠬᠠᠤᠯᠢ ᠲᠣᠭᠲᠠᠭᠠᠯ᠂ ᠪᠠᠷᠢᠮᠵᠢᠶ᠎ᠠ ᠶᠢᠨ ᠵᠢᠷᠤᠮᠵᠢᠯ᠂ ᠤᠰᠤ ᠰᠢᠷᠤᠢ ᠶᠢ ᠬᠠᠮᠠᠭᠠᠯᠠᠬᠤ ᠲᠥᠰᠦᠯ ᠬᠢᠭᠡᠳ ᠲᠤᠰ ᠬᠢᠨᠠᠨ ᠵᠥᠪᠰᠢᠶᠡᠷᠡᠭᠰᠡᠨ ᠲᠣᠭᠲᠠᠭᠠᠯ᠂ ᠤᠰᠤ ᠰᠢᠷᠤᠢ ᠶᠢ ᠬᠠᠮᠠᠭᠠᠯᠠᠬᠤ ᠵᠠᠯᠭᠠᠮᠵᠢ ᠵᠢᠷᠤᠭ ᠲᠥᠯᠥᠪᠯᠡᠭᠡ ᠵᠡᠷᠭᠡ ᠶᠢ ᠦᠨᠳᠦᠰᠦᠯᠡᠨ ᠶᠠᠪᠤᠭᠳᠠᠭᠤᠯᠵᠤ᠂ ᠤᠰᠤ ᠰᠢᠷᠤᠢ ᠶᠢ ᠬᠠᠮᠠᠭᠠᠯᠠᠬᠤ ᠪᠡᠯᠡᠳᠬᠡᠮᠵᠢ ᠶᠢ ᠰᠢᠯᠭᠠᠨ ᠠᠪᠬᠤ ᠪᠠᠷᠢᠮᠵᠢᠶ᠎ᠠ ᠪᠣᠯᠤᠨ ᠨᠥᠬᠦᠴᠡᠯ ᠢ ᠴᠢᠩᠭ᠎ᠠ ᠬᠡᠷᠡᠭᠵᠢᠭᠦᠯᠬᠦ ᠬᠡᠷᠡᠭᠲᠡᠶ᠃ ᠤᠰᠤ ᠰᠢᠷᠤᠢ ᠶᠢ ᠬᠠᠮᠠᠭᠠᠯᠠᠬᠤ ᠪᠡᠯᠡᠳᠬᠡᠮᠵᠢ ᠶᠢ ᠡᠵᠡᠨ ᠮᠡᠳᠡᠵᠦ ᠰᠢᠯᠭᠠᠨ ᠠᠪᠬᠤ ᠳᠤ ᠬᠢᠷᠢ ᠲᠡᠩᠴᠡᠭᠰᠡᠨ ᠤ       ᠳᠠᠷᠠᠭ᠎ᠠ᠂ ᠠᠯᠪᠠᠨ ᠤ ᠰᠦᠯᠵᠢᠶᠡᠨ ᠥᠷᠲᠡᠭᠡ ᠪᠤᠶᠤ ᠪᠤᠰᠤᠳ ᠣᠯᠠᠨ ᠨᠡᠶᠢᠲᠡ ᠶᠢᠨ ᠣᠯᠵᠤ ᠮᠡᠳᠡᠭᠰᠡᠨ ᠰᠦᠯᠵᠢᠶᠡᠨ ᠤ ᠥᠷᠲᠡᠭᠡ ᠳᠤ ᠤᠰᠤ ᠰᠢᠷᠤᠢ ᠶᠢ ᠬᠠᠮᠠᠭᠠᠯᠠᠬᠤ ᠪᠡᠯᠡᠳᠬᠡᠮᠵᠢ ᠶᠢᠨ ᠰᠢᠯᠭᠠᠨ ᠠᠪᠬᠤ ᠮᠠᠲ᠋ᠧᠷᠢᠶᠠᠯ ᠢ ᠴᠠᠭ ᠲᠤᠬᠠᠶ ᠳᠤᠨᠢ ᠨᠡᠶᠢᠲᠡᠯᠡᠵᠦ᠂ ᠨᠡᠶᠢᠲᠡᠯᠡᠬᠦ ᠴᠠᠭ ᠬᠤᠭᠤᠴᠠᠭ᠎ᠠ ᠶᠢ ᠨᠢ 20 ᠠᠵᠢᠯᠯᠠᠬᠤ ᠡᠳᠦᠷ ᠠᠴᠠ ᠳᠤᠲᠠᠭᠤ ᠪᠠᠶᠢᠯᠭᠠᠵᠤ ᠪᠣᠯᠬᠤ ᠦᠭᠡᠶ︔ ᠤᠰᠤ ᠰᠢᠷᠤᠢ ᠶᠢ ᠬᠠᠮᠠᠭᠠᠯᠠᠬᠤ ᠪᠡᠯᠡᠳᠬᠡᠮᠵᠢ ᠶᠢ ᠡᠵᠡᠨ ᠮᠡᠳᠡᠨ ᠰᠢᠯᠭᠠᠨ ᠠᠪᠴᠤ ᠥᠩᠭᠡᠷᠡᠭᠰᠡᠨ ᠤ ᠳᠠᠷᠠᠭ᠎ᠠ 3 ᠰᠠᠷ᠎ᠠ ᠶᠢᠨ ᠳᠣᠲᠣᠷ᠎ᠠ ᠮᠠᠨ ᠤ ᠲᠢᠩᠬᠢᠮ ᠳᠤ ᠤᠰᠤ ᠰᠢᠷᠤᠢ ᠶᠢ ᠬᠠᠮᠠᠭᠠᠯᠠᠬᠤ ᠪᠡᠯᠡᠳᠬᠡᠮᠵᠢ ᠶᠢᠨ ᠰᠢᠯᠭᠠᠨ ᠠᠪᠬᠤ ᠮᠠᠲ᠋ᠧᠷᠢᠶᠠᠯ ᠢᠶᠠᠨ ᠮᠡᠳᠡᠭᠦᠯᠦᠨ ᠳᠠᠩᠰᠠᠯᠠᠭᠤᠯᠬᠤ ᠬᠡᠷᠡᠭᠲᠡᠶ︔ ᠤᠰᠤ ᠰᠢᠷᠤᠢ ᠶᠢ ᠬᠠᠮᠠᠭᠠᠯᠠᠬᠤ ᠪᠡᠯᠡᠳᠬᠡᠮᠵᠢ ᠨᠢ ᠰᠢᠯᠭᠠᠨ ᠠᠪᠬᠤ ᠶᠢ ᠳᠠᠮᠵᠢᠭᠰᠠᠨ ᠦᠭᠡᠶ ᠪᠤᠶᠤ ᠰᠢᠯᠭᠠᠨ ᠠᠪᠬᠤ ᠳᠤ ᠬᠢᠷᠢ ᠲᠡᠩᠴᠡᠭᠰᠡᠨ ᠦᠭᠡᠶ ᠪᠣᠯ ᠦᠢᠯᠡᠳᠪᠦᠷᠢᠯᠡᠵᠦ ᠪᠦᠲᠦᠭᠡᠨ ᠪᠠᠶᠢᠭᠤᠯᠬᠤ ᠲᠦᠰᠦᠯ ᠨᠢ ᠠᠰᠢᠭᠯᠠᠯᠲᠠ ᠳᠤ ᠣᠷᠣᠭᠤᠯᠤᠨ ᠬᠡᠷᠡᠭᠯᠡᠵᠦ ᠪᠣᠯᠬᠤ ᠦᠭᠡᠶ᠃  ᠲᠠᠪᠤ᠂ ᠲᠤᠰ ᠲᠦᠰᠦᠯ ᠨᠢ ︽ᠤᠰᠤ ᠰᠢᠷᠤᠢ ᠶᠢ ᠬᠠᠮᠠᠭᠠᠯᠠᠬᠤ ᠲᠥᠰᠦᠯ ᠢ ᠵᠥᠪᠰᠢᠶᠡᠷᠡᠭᠦᠯᠦᠭᠡᠳᠦᠶ ᠪᠠᠷ ᠤᠷᠢᠳᠠᠪᠠᠷ ᠪᠠᠶᠢᠭᠤᠯᠬᠤ︾ ᠲᠦᠰᠦᠯ ᠳᠤ ᠬᠠᠷᠢᠶᠠᠯᠠᠭᠳᠠᠪᠠᠯ᠂ ᠦᠢᠯᠡᠳᠪᠦᠷᠢᠯᠡᠯ ᠪᠦᠲᠦᠭᠡᠨ ᠪᠠᠶᠢᠭᠤᠯᠤᠯᠲᠠ ᠶᠢᠨ ᠨᠢᠭᠡᠴᠢ ᠨᠢ ᠰᠤᠷᠭᠠᠮᠵᠢ ᠠᠪᠴᠤ᠂ ᠤᠰᠤ ᠰᠢᠷᠤᠢ ᠶᠢ ᠬᠠᠮᠠᠭᠠᠯᠠᠬᠤ ᠠᠷᠭ᠎ᠠ ᠶᠢ ᠴᠢᠩᠭ᠎ᠠ ᠬᠡᠷᠡᠭᠵᠢᠭᠦᠯᠵᠦ᠂ ᠵᠠᠯᠭᠠᠮᠵᠢ ᠤᠰᠤ ᠰᠢᠷᠤᠢ ᠶᠢ ᠬᠠᠮᠠᠭᠠᠯᠠᠬᠤ ᠠᠵᠢᠯ ᠢ ᠰᠠᠶᠢᠲᠤᠷ ᠬᠢᠬᠦ ᠬᠡᠷᠡᠭᠲᠡᠶ᠃ ᠣᠷᠳᠣᠰ ᠬᠤᠲᠠ ᠶᠢᠨ ᠤᠰᠤᠨ ᠠᠰᠢᠭᠯᠠᠯᠲᠠ ᠶᠢᠨ ᠲᠣᠪᠴᠢᠶ᠎ᠠ᠂ ᠦᠦᠰᠢᠨ ᠬᠤᠰᠢᠭᠤᠨ ᠤ ᠤᠰᠤᠨ ᠠᠰᠢᠭᠯᠠᠯᠲᠠ ᠶᠢᠨ ᠲᠣᠪᠴᠢᠶ᠎ᠠ᠂ ᠣᠲᠤᠭ ᠤᠨ ᠡᠮᠦᠨᠡᠲᠦ ᠬᠤᠰᠢᠭᠤᠨ ᠤ ᠤᠰᠤᠨ ᠠᠰᠢᠭᠯᠠᠯᠲᠠ ᠶᠢᠨ ᠲᠣᠪᠴᠢᠶ᠎ᠠ᠂ ᠣᠲᠤᠭ ᠬᠤᠰᠢᠭᠤᠨ ᠤ ᠤᠰᠤᠨ ᠠᠰᠢᠭᠯᠠᠯᠲᠠ ᠶᠢᠨ ᠲᠣᠪᠴᠢᠶ᠎ᠠ ᠲᠣᠰ ᠲᠦᠰᠦᠯ ᠤᠨ ᠤᠰᠤ ᠰᠢᠷᠤᠢ ᠶᠢᠨ ᠬᠠᠮᠠᠭᠠᠯᠠᠯᠲᠠ ᠳᠤ ᠬᠢᠨᠠᠯᠲᠠ ᠲᠠᠯᠪᠢᠵᠤ ᠪᠠᠶᠢᠴᠠᠭᠠᠬᠤ ᠠᠵᠢᠯ ᠢᠶᠠᠨ ᠴᠢᠩᠭᠠᠳᠬᠠᠵᠤ᠂ ᠤᠰᠤ ᠰᠢᠷᠤᠢ ᠶᠢᠨ ᠢᠳᠡᠭᠳᠡᠯ ᠤᠨ ᠠᠰᠠᠭᠤᠳᠠᠯ ᠣᠷᠣᠰᠢᠵᠤ ᠪᠠᠶᠢᠬᠤ ᠡᠰᠡᠬᠦ ᠶᠢ ᠪᠠᠶᠢᠴᠠᠭᠠᠵᠤ᠂ ᠬᠠᠤᠯᠢ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠬᠠᠤᠯᠢ ᠶᠣᠰᠣᠭᠠᠷ ᠪᠠᠶᠢᠴᠠᠭᠠᠨ ᠰᠢᠢᠳᠪᠦᠷᠢᠯᠡᠬᠦ ᠬᠡᠷᠡᠭᠲᠡᠶ᠃    2024 ᠣᠨ ᠤ 7 ᠳ᠋ᠤᠭᠠᠷ ᠰᠠᠷ᠎ᠠ ᠶᠢᠨ 9᠎ ᠤ ᠡᠳᠦᠷ    ᠳᠠᠭᠠᠯᠳᠤᠭᠤᠯᠤᠯ᠄  ᠥᠪᠥᠷ ᠤᠰᠤᠨ ᠲᠥᠪ ᠮᠡᠷᠭᠡᠵᠢᠯ ᠵᠦᠪᠰᠢᠶᠡᠷᠡᠯ ﹇2024﹈ 226 ᠳ᠋ᠤᠭᠠᠷ ᠲᠣᠭᠠᠲᠤ .pdf  ᠳᠤᠮᠳᠠᠳᠤ ᠤᠯᠤᠰ ᠤᠨ ᠴᠢᠯᠠᠭᠤᠨ ᠲᠣᠰᠣᠨ ᠤ ᠴᠠᠩ ᠴᠢᠩ ᠴᠢᠯᠠᠭᠤᠨ ᠲᠣᠰᠣᠨ ᠤ ᠠᠢ ᠰᠠᠪᠠ ᠶᠢᠨ ᠬᠤᠪᠢᠶᠠᠷᠢ ᠺᠣᠮᠫᠠᠨᠢ ᠶᠢᠨ ᠭᠤᠷᠪᠠᠳᠤᠭᠠᠷ ᠪᠠᠶᠢᠭᠠᠯᠢ ᠶᠢᠨ ᠬᠡᠶ ᠭᠠᠷᠭᠠᠬᠤ ᠦᠢᠯᠡᠳᠪᠦᠷᠢ ᠶᠢᠨ ᠲᠣᠣ 7᠂ ᠰᠤ᠋ 46᠂ ᠰᠤ᠋ 59 ᠲᠦᠭᠰᠢᠭᠦᠷᠢᠲᠦ ᠠᠵᠢᠯ ᠤᠨ ᠦᠢᠯᠡᠴᠢᠯᠡᠭᠡᠨ ᠤ ᠣᠷᠣᠨ ᠤ ᠬᠡᠰᠡᠭ ᠤᠨ ᠦᠢᠯᠡᠳᠪᠦᠷᠢᠯᠡᠬᠦ ᠴᠢᠳᠠᠪᠤᠷᠢ ᠶᠢᠨ ᠪᠥᠲᠥᠭᠡᠨ ᠪᠠᠶᠢᠭᠤᠯᠤᠯᠲᠠ ᠶᠢᠨ ᠲᠦᠰᠦᠯ ︵2023 ᠣᠨ ᠤ ᠨᠢᠭᠡᠳᠦᠭᠡᠷ ᠪᠦᠯᠦᠭ ᠤᠨ ᠰᠢᠲᠠᠮᠠᠬᠠᠶ ᠬᠡᠶ ᠨᠡᠭᠡᠭᠡᠨ ᠮᠠᠯᠲᠠᠬᠤ ᠲᠦᠰᠦᠯ ᠢ ᠳᠠᠩᠰᠠᠯᠠᠭᠤᠯᠪᠠ︶ ︵ᠭᠤᠣᠯ ᠪᠢᠴᠢᠭ︶.pdf

 

 

 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号