ᠬᠡᠯᠬᠢᠶᠡᠰᠦᠨ ᠨᠣᠮᠧᠷ᠄ 000014348/2024 — 04421 | ᠭᠤᠣᠯ ᠰᠡᠳᠦᠪ ᠤᠨ ᠠᠩᠭᠢᠯᠠᠯ᠄ ᠪᠤᠰᠤᠳ | ᠨᠡᠶᠢᠲᠡᠯᠡᠭᠰᠡᠨ ᠪᠠᠶᠢᠭᠤᠯᠤᠮᠵᠢ᠄ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ | ᠪᠢᠴᠢᠭ ᠤᠨ ᠳ᠋ᠤᠭᠠᠷ᠄ ᠦᠪᠦᠷ ᠤᠰᠤᠨ ᠬᠠᠮᠠᠭᠠᠯᠠᠬᠤ ᠵᠦᠪᠰᠢᠶᠡᠷᠡᠯ ᠲᠤᠭᠲᠠᠭᠠᠯ ﹇2024﹈ 47 ᠳ᠋ᠤᠭᠠᠷ | ᠲᠣᠭᠠᠲᠤ | ᠪᠢᠴᠢᠭᠳᠡᠭᠰᠡᠨ ᠡᠳᠦᠷ ᠬᠤᠭᠤᠴᠠᠭ᠎ᠠ᠄ 2024 ᠣᠨ ᠤ 7 ᠳ᠋ᠤᠭᠠᠷ ᠰᠠᠷ᠎ᠠ ᠶᠢᠨ 9 ᠤ ᠡᠳᠦᠷ | ᠠᠯᠪᠠᠨ ᠪᠢᠴᠢᠭ ᠤᠨ ᠬᠦᠴᠦᠨ ᠲᠠᠢ ᠬᠤᠭᠤᠴᠠᠭ᠎ᠠ᠄ ᠬᠦᠴᠦᠨ ᠲᠠᠢ | | ᠳᠤᠮᠳᠠᠳᠤ ᠤᠯᠤᠰ ᠤᠨ ᠴᠢᠯᠠᠭᠤᠨ ᠲᠣᠰᠣᠨ ᠤ ᠪᠦᠯᠦᠭᠯᠡᠯ ᠤᠨ ᠴᠤᠸᠠᠨ ᠴᠢᠩ ᠥᠷᠥᠮᠳᠡᠨ ᠬᠠᠶᠢᠬᠤ | ᠢᠨᠵᠧᠨᠧᠷᠢᠩ ᠤᠨ ᠬᠢᠵᠠᠭᠠᠷᠲᠤ ᠺᠣᠮᠫᠠᠨᠢ ᠶᠢᠨ ᠰᠤᠪᠤᠷᠭ᠎ᠠ ᠲᠦᠰᠦᠯ ᠤᠨ ᠡᠵᠡᠩᠨᠡᠯᠲᠡ ᠶᠢᠨ ᠭᠠᠵᠠᠷ᠄ | ᠮᠠᠨ ᠤ ᠲᠢᠩᠬᠢᠮ 2024 ᠣᠨ ᠤ 5 ᠳ᠋ᠤᠭᠠᠷ ᠰᠠᠷ᠎ᠠ ᠶᠢᠨ 30 ᠤ ᠡᠳᠦᠷ ᠲᠠᠨ ᠤ ᠺᠣᠮᠫᠠᠨᠢ ᠶᠢᠨ | ᠳᠤᠷᠠᠳᠤᠭᠰᠠᠨ ᠳᠤᠮᠳᠠᠳᠤ ᠤᠯᠤᠰ ᠤᠨ ᠴᠢᠯᠠᠭᠤᠨ ᠲᠣᠰᠣᠨ ᠤ ᠴᠠᠩ ᠴᠢᠩ ᠴᠢᠯᠠᠭᠤᠨ ᠲᠣᠰᠣᠨ ᠤ ᠠᠭᠤᠷᠬᠠᠶ ᠶᠢᠨ | ᠬᠤᠪᠢᠶᠠᠷᠢ ᠺᠣᠮᠫᠠᠨᠢ ᠶᠢᠨ ᠭᠤᠷᠪᠠᠳᠤᠭᠠᠷ ᠪᠠᠶᠢᠭᠠᠯᠢ ᠶᠢᠨ ᠬᠡᠶ ᠭᠠᠷᠭᠠᠬᠤ ᠦᠢᠯᠡᠳᠪᠦᠷᠢ ᠶᠢᠨ ᠲᠣᠣ 7᠂ ᠰᠤ᠋ 46᠂ | ᠰᠤ᠋ 59 ᠲᠦᠭᠰᠢᠭᠦᠷᠢᠲᠦ ᠠᠵᠢᠯ ᠤᠨ ᠦᠢᠯᠡᠴᠢᠯᠡᠭᠡᠨ ᠤ ᠣᠷᠣᠨ ᠤ ᠬᠡᠰᠡᠭ ᠤᠨ ᠦᠢᠯᠡᠳᠪᠦᠷᠢᠯᠡᠬᠦ ᠴᠢᠳᠠᠪᠤᠷᠢ ᠶᠢᠨ | ᠪᠥᠲᠥᠭᠡᠨ ᠪᠠᠶᠢᠭᠤᠯᠤᠯᠲᠠ ᠶᠢᠨ ᠲᠦᠰᠦᠯ ︵2023 ᠣᠨ ᠤ ᠨᠢᠭᠡᠳᠦᠭᠡᠷ ᠪᠦᠯᠦᠭ ᠤᠨ ᠰᠢᠲᠠᠮᠠᠬᠠᠶ ᠬᠡᠶ ᠨᠡᠭᠡᠭᠡᠨ | ᠮᠠᠯᠲᠠᠬᠤ ᠲᠦᠰᠦᠯ ᠢ ᠳᠠᠩᠰᠠᠯᠠᠭᠤᠯᠪᠠ ︶ ᠤᠰᠤ ᠰᠢᠷᠣᠶ ᠶᠢ ᠬᠠᠮᠠᠭᠠᠯᠠᠬᠤ ᠲᠥᠰᠦᠯ ᠤᠨ ᠮᠡᠳᠡᠭᠦᠯᠦᠯᠲᠡ ᠶᠢᠨ | ᠪᠢᠴᠢᠭ ᠢ ᠬᠢᠨᠠᠨ ᠵᠥᠪᠰᠢᠶᠡᠷᠡᠭᠦᠯᠬᠦ ᠭᠤᠶᠤᠴᠢᠯᠠᠯ ᠢ ᠭᠥᠯᠢᠶᠡᠨ ᠠᠪᠴᠤ ᠰᠢᠢᠳᠪᠦᠷᠢᠯᠡᠨ᠎ᠡ᠃ ᠬᠢᠨᠠᠨ ᠪᠠᠶᠢᠴᠠᠭᠠᠭᠠᠳ᠂ | ᠲᠤᠰ ᠭᠤᠶᠤᠴᠢᠯᠠᠯ ᠨᠢ ᠬᠠᠤᠯᠢ ᠪᠠᠷ ᠲᠣᠭᠲᠠᠭᠠᠭᠰᠠᠨ ᠨᠥᠬᠦᠴᠡᠯ ᠳᠤ ᠨᠡᠶᠢᠴᠡᠵᠦ᠂ ︽ᠪᠦᠭᠦᠳᠡ ᠨᠠᠶᠢᠷᠠᠮᠳᠠᠬᠤ | ᠳᠤᠮᠳᠠᠳᠤ ᠠᠷᠠᠳ ᠤᠯᠤᠰ ᠤᠨ ᠵᠠᠰᠠᠭ ᠵᠠᠬᠢᠷᠭᠠᠨ ᠤ ᠵᠥᠪᠰᠢᠶᠡᠷᠡᠯ ᠤᠨ ᠬᠠᠤᠯᠢ︾ ᠶᠢᠨ ᠭᠤᠴᠢᠨ ᠨᠠᠢᠮᠠᠳᠤᠭᠠᠷ | ᠵᠦᠢᠯ ᠤᠨ ᠨᠢᠭᠡᠳᠦᠭᠡᠷ ᠵᠤᠷᠪᠤᠰ᠂ ︽ᠤᠰᠤᠨ ᠤ ᠵᠠᠰᠠᠭ ᠵᠠᠬᠢᠷᠭᠠᠨ ᠤ ᠵᠥᠪᠰᠢᠶᠡᠷᠡᠯ ᠤᠨ ᠬᠡᠷᠡᠭᠵᠢᠭᠦᠯᠬᠦ ᠠᠷᠭ᠎ᠠ︾ | ᠶᠢᠨ ᠭᠤᠴᠢᠨ ᠬᠤᠶᠠᠳᠤᠭᠠᠷ ᠵᠦᠢᠯ ᠤᠨ ᠨᠢᠭᠡᠳᠦᠭᠡᠷ ᠵᠤᠷᠪᠤᠰ ᠢ ᠦᠨᠳᠦᠰᠦᠯᠡᠨ᠂ ᠵᠠᠰᠠᠭ ᠵᠠᠬᠢᠷᠭᠠᠨ ᠤ ᠵᠥᠪᠰᠢᠶᠡᠷᠡᠯ | ᠣᠯᠭᠤᠬᠤ ᠶᠢ ᠵᠥᠪᠰᠢᠶᠡᠷᠡᠬᠦ ᠪᠠᠷ ᠲᠣᠭᠲᠠᠪᠠ᠃ | ᠳᠤᠮᠳᠠᠳᠤ ᠤᠯᠤᠰ ᠤᠨ ᠴᠢᠯᠠᠭᠤᠨ ᠲᠣᠰᠣᠨ ᠤ ᠴᠠᠩ ᠴᠢᠩ ᠴᠢᠯᠠᠭᠤᠨ ᠲᠣᠰᠣᠨ ᠤ ᠠᠭᠤᠷᠬᠠᠢ ᠶᠢᠨ | ᠬᠤᠪᠢᠶᠠᠷᠢ ᠺᠣᠮᠫᠠᠨᠢ ᠶᠢᠨ ᠭᠤᠷᠪᠠᠳᠤᠭᠠᠷ ᠪᠠᠶᠢᠭᠠᠯᠢ ᠶᠢᠨ ᠰᠢᠲᠠᠮᠠᠬᠠᠶ ᠬᠡᠢ ᠶᠢᠨ ᠦᠢᠯᠡᠳᠪᠦᠷᠢ ᠶᠢᠨ ᠲᠣᠣ 7᠂ ᠰᠤ᠋ | 46᠂ ᠰᠤ᠋ 59 ᠲᠦᠭᠰᠢᠭᠦᠷᠢᠲᠦ ᠠᠵᠢᠯ ᠤᠨ ᠦᠢᠯᠡᠴᠢᠯᠡᠭᠡᠨ ᠤ ᠣᠷᠣᠨ ᠤ ᠬᠡᠰᠡᠭ ᠤᠨ ᠦᠢᠯᠡᠳᠪᠦᠷᠢᠯᠡᠬᠦ | ᠴᠢᠳᠠᠪᠤᠷᠢ ᠶᠢᠨ ᠪᠥᠲᠥᠭᠡᠨ ᠪᠠᠶᠢᠭᠤᠯᠤᠯᠲᠠ ᠶᠢᠨ ᠲᠦᠰᠦᠯ ︵2023 ᠣᠨ ᠤ ᠨᠢᠭᠡᠳᠦᠭᠡᠷ ᠪᠦᠯᠦᠭ ᠤᠨ ᠰᠢᠲᠠᠮᠠᠬᠠᠶ | ᠬᠡᠶ ᠨᠡᠭᠡᠭᠡᠨ ᠮᠠᠯᠲᠠᠬᠤ ᠲᠦᠰᠦᠯ ᠢ ᠳᠠᠩᠰᠠᠯᠠᠭᠤᠯᠪᠠ︶ ᠣᠷᠳᠣᠰ ᠬᠤᠲᠠ ᠶᠢᠨ ᠦᠦᠰᠢᠨ ᠬᠤᠰᠢᠭᠤ᠂ ᠣᠲᠤᠭ ᠤᠨ | ᠡᠮᠦᠨᠡᠲᠦ ᠬᠤᠰᠢᠭᠤ᠂ ᠣᠲᠤᠭ ᠬᠤᠰᠢᠭᠤᠨ ᠤ ᠬᠢᠯᠢ ᠳᠤ ᠪᠠᠶᠢᠷᠢᠯᠠᠵᠤ᠂ ᠲᠥᠯᠥᠪᠯᠡᠭᠰᠡᠨ ᠦᠢᠯᠡᠳᠪᠦᠷᠢᠯᠡᠯ ᠤᠨ | ᠴᠢᠳᠠᠪᠤᠷᠢ ᠨᠢ ᠵᠢᠯ ᠳᠤ 3.80 ᠳ᠋ᠦᠩᠰᠢᠭᠤᠷ ᠪᠣᠰᠤᠭ᠎ᠠ ᠳᠥᠷᠪᠡᠯᠵᠢᠨ ᠮᠧᠲᠷ/ ᠵᠢᠯ ᠪᠣᠯᠤᠨ᠎ᠠ᠃ ᠲᠦᠰᠦᠯ ᠨᠢ | ᠬᠤᠳᠳᠤᠭ ᠤᠨ ᠣᠷᠣᠨ᠂ ᠪᠠᠷᠢᠯᠭ᠎ᠠ ᠶᠢᠨ ᠠᠮᠢᠳᠤᠷᠠᠯ ᠤᠨ ᠲᠣᠭᠤᠷᠢᠭ᠂ ᠬᠡᠢ ᠭᠠᠷᠭᠠᠬᠤ ᠬᠤᠭᠤᠯᠠᠢ ᠶᠢᠨ ᠣᠷᠣᠨ᠂ | ᠬᠤᠳᠳᠤᠭ ᠲᠤ ᠣᠷᠣᠬᠤ ᠵᠠᠮ ᠤᠨ ᠲᠣᠭᠤᠷᠢᠭ ᠢᠶᠠᠷ ᠪᠦᠷᠢᠯᠳᠦᠵᠦ᠂ ᠶᠡᠷᠦᠩᠬᠡᠶ ᠲᠠᠯᠠᠪᠠᠶ ᠨᠢ 37.75 ᠾᠧᠺᠲ᠋ᠠᠷ | ᠪᠠᠶᠢᠵᠤ᠂ ᠰᠢᠷᠣᠶ ᠴᠢᠯᠠᠭᠤ ᠮᠠᠯᠲᠠᠬᠤ ᠶᠡᠷᠦᠩᠬᠡᠶ ᠬᠡᠮᠵᠢᠶ᠎ᠡ ᠨᠢ 46.02 ᠲᠦᠮᠡᠨ ᠪᠣᠰᠤᠭ᠎ᠠ ᠳᠥᠷᠪᠡᠯᠵᠢᠨ ᠮᠧᠲᠷ | ᠪᠠᠶᠢᠵᠤ᠂ ᠶᠡᠷᠦᠩᠬᠡᠶ ᠪᠡᠯᠡ ᠣᠷᠣᠭᠤᠯᠤᠯᠲᠠ ᠨᠢ 64600 ᠲᠦᠮᠡᠨ ᠲᠥᠭᠦᠷᠢᠭ ᠪᠣᠯᠤᠨ᠎ᠠ᠃ ᠢᠨᠵᠧᠨᠧᠷᠢᠩ ᠢ | 2024 ᠣᠨ ᠤ 3 ᠳ᠋ᠤᠭᠠᠷ ᠰᠠᠷ᠎ᠠ ᠳᠤ ᠡᠬᠢᠯᠡᠭᠦᠯᠵᠦ᠂ 2024 ᠣᠨ ᠤ 12 ᠳ᠋ᠤᠭᠠᠷ ᠰᠠᠷ᠎ᠠ ᠳᠤ ᠪᠠᠶᠢᠭᠤᠯᠵᠤ | ᠳᠠᠭᠤᠰᠬᠠᠭᠠᠳ ᠠᠰᠢᠭᠯᠠᠯᠲᠠ ᠳᠤ ᠣᠷᠣᠭᠤᠯᠬᠤ ᠪᠠᠷ ᠲᠥᠯᠥᠪᠯᠡᠵᠦ᠂ ᠶᠡᠷᠦᠩᠬᠡᠶ ᠠᠵᠢᠯ ᠤᠨ ᠬᠤᠭᠤᠴᠠᠭ᠎ᠠ ᠨᠢ 10 | ᠰᠠᠷ᠎ᠠ ᠪᠣᠯᠤᠨ᠎ᠠ᠃ | ᠨᠢᠭᠡ᠂ ᠤᠰᠤ ᠰᠢᠷᠤᠢ ᠶᠢ ᠬᠠᠮᠠᠭᠠᠯᠠᠬᠤ ᠲᠥᠰᠦᠯ ᠤᠨ ᠶᠡᠷᠦᠩᠬᠡᠶ ᠰᠠᠨᠠᠯ | ︵ᠨᠢᠭᠡ︶ ᠪᠦᠲᠦᠭᠡᠨ ᠪᠠᠶᠢᠭᠤᠯᠬᠤ ᠬᠤᠭᠤᠴᠠᠭᠠᠨ ᠳᠠᠬᠢ ᠤᠰᠤ ᠰᠢᠷᠤᠢ ᠶᠢᠨ ᠢᠳᠡᠭᠳᠡᠯ ᠢ ᠰᠡᠷᠭᠡᠶᠢᠯᠡᠨ | ᠵᠠᠰᠠᠬᠤ ᠬᠠᠷᠢᠭᠤᠴᠠᠯᠭ᠎ᠠ ᠶᠢᠨ ᠬᠦᠷᠢᠶ᠎ᠡ ᠬᠡᠪᠴᠢᠶ᠎ᠡ ᠨᠢ 37.75 ᠾᠧᠺᠲ᠋ᠠᠷ ᠪᠣᠯᠤᠨ᠎ᠠ᠃ | ︵ᠬᠤᠶᠠᠷ︶ ᠤᠰᠤ ᠰᠢᠷᠤᠢ ᠶᠢᠨ ᠢᠳᠡᠭᠳᠡᠯ ᠢ ᠰᠡᠷᠭᠡᠶᠢᠯᠡᠨ ᠵᠠᠰᠠᠬᠤ ᠠᠵᠢᠯ ᠳᠤ ᠪᠠᠷᠠᠭᠤᠨ ᠬᠤᠶᠢᠲᠦ ᠶᠢᠨ | ᠰᠢᠷ᠎ᠠ ᠬᠥᠷᠥᠰᠥᠲᠦ ᠥᠨᠳᠦᠷᠯᠢᠭ ᠤᠨ ᠣᠷᠣᠨ ᠤ ᠨᠢᠭᠡᠳᠦᠭᠡᠷ ᠳᠡᠰ ᠤᠨ ᠪᠠᠷᠢᠮᠵᠢᠶ᠎ᠠ ᠶᠢ ᠬᠡᠷᠡᠭᠵᠢᠭᠦᠯᠬᠦ ᠶᠢ | ᠵᠦᠪᠰᠢᠶᠡᠷᠡᠨ᠎ᠡ᠃ | ︵ᠭᠤᠷᠪᠠ︶ ᠦᠨᠳᠦᠰᠦᠨ ᠳᠡᠭᠡᠨ ᠵᠥᠪᠰᠢᠶᠡᠷᠡᠭᠰᠡᠨ ᠤᠰᠤ ᠰᠢᠷᠤᠢ ᠶᠢᠨ ᠢᠳᠡᠭᠳᠡᠯ ᠢ ᠰᠡᠷᠭᠡᠶᠢᠯᠡᠨ ᠵᠠᠰᠠᠬᠤ | ᠬᠠᠷᠠᠯᠲᠠ ᠪᠣᠯ᠄ ᠤᠰᠤ ᠰᠢᠷᠤᠢ ᠶᠢᠨ ᠢᠳᠡᠭᠳᠡᠯ ᠢ ᠵᠠᠰᠠᠬᠤ ᠬᠡᠮᠵᠢᠶ᠎ᠡ 93%᠂ ᠤᠰᠤ ᠰᠢᠷᠤᠢ ᠶᠢᠨ ᠢᠳᠡᠭᠳᠡᠯ ᠢ | ᠬᠢᠵᠠᠭᠠᠷᠯᠠᠬᠤ ᠨᠣᠷᠮ᠎ᠠ 0.8%᠂ ᠬᠤᠭ ᠰᠢᠷᠣᠶ ᠶᠢᠨ ᠰᠡᠷᠭᠡᠶᠢᠯᠡᠨ ᠬᠠᠮᠠᠭᠠᠯᠠᠬᠤ ᠨᠣᠷᠮ᠎ᠠ 92%᠂ ᠤᠰᠤ | ᠰᠢᠷᠤᠢ ᠶᠢᠨ ᠬᠠᠮᠠᠭᠠᠯᠠᠯᠲᠠ ᠶᠢᠨ ᠨᠣᠷᠮ᠎ᠠ 90%᠂ ᠣᠶ ᠰᠢᠭᠤᠶ ᠡᠪᠡᠰᠦᠨ ᠤ ᠤᠷᠭᠤᠮᠠᠯ ᠤᠨ ᠬᠤᠴᠢᠯᠭ᠎ᠠ ᠶᠢ | ᠰᠡᠷᠭᠦᠭᠡᠭᠰᠡᠨ ᠨᠣᠷᠮ᠎ᠠ 90%᠂ ᠣᠶ ᠰᠢᠭᠤᠶ ᠡᠪᠡᠰᠦᠨ ᠤ ᠤᠷᠭᠤᠮᠠᠯ ᠤᠨ ᠬᠤᠴᠢᠯᠭ᠎ᠠ ᠶᠢ ᠰᠡᠷᠭᠦᠭᠡᠭᠰᠡᠨ ᠨᠣᠷᠮ᠎ᠠ | 95%᠂ ᠣᠶ ᠰᠢᠭᠤᠶ ᠡᠪᠡᠰᠦᠨ ᠤ ᠪᠦᠷᠬᠦᠴᠡ ᠶᠢᠨ ᠨᠣᠷᠮ᠎ᠠ 24% ᠪᠣᠯᠤᠨ᠎ᠠ᠃ | ︵ᠲᠦᠷᠪᠡ︶ ᠤᠰᠤ ᠰᠢᠷᠤᠢ ᠶᠢᠨ ᠢᠳᠡᠭᠳᠡᠯ ᠢ ᠰᠡᠷᠭᠡᠶᠢᠯᠡᠨ ᠵᠠᠰᠠᠬᠤ ᠣᠷᠣᠨ ᠲᠣᠭᠤᠷᠢᠭ ᠵᠢᠴᠢ ᠣᠷᠣᠨ | ᠬᠤᠪᠢᠶᠠᠨ ᠰᠡᠷᠭᠡᠶᠢᠯᠡᠨ ᠵᠠᠰᠠᠬᠤ ᠠᠷᠭ᠎ᠠ ᠬᠡᠮᠵᠢᠶ᠎ᠡ ᠶᠢᠨ ᠲᠣᠬᠢᠷᠠᠭᠤᠯᠤᠯᠲᠠ ᠶᠢ ᠦᠨᠳᠦᠰᠦᠨ ᠳᠡᠭᠡᠨ ᠵᠥᠪᠰᠢᠶᠡᠷᠡᠨ᠎ᠡ᠃ | ︵ᠲᠠᠪᠤ︶ ᠦᠨᠳᠦᠰᠦᠨ ᠳᠡᠭᠡᠨ ᠪᠦᠲᠦᠭᠡᠨ ᠪᠠᠶᠢᠭᠤᠯᠤᠯᠲᠠ ᠶᠢᠨ ᠬᠤᠭᠤᠴᠠᠭᠠᠨ ᠳᠤ ᠤᠰᠤ | ᠰᠢᠷᠤᠢ ᠶᠢ ᠬᠠᠮᠠᠭᠠᠯᠠᠬᠤ ᠨᠦᠬᠦᠪᠦᠷᠢ ᠮᠦᠩᠭᠦ 64.175 ᠲᠦᠮᠡᠨ ᠲᠦᠭᠦᠷᠢᠭ ᠪᠣᠯᠤᠨ᠎ᠠ᠂ ᠡᠭᠦᠨ ᠳᠤ ᠦᠤᠰᠢᠨ | ᠬᠤᠰᠢᠭᠤ 15.436 ᠲᠦᠮᠡᠨ ᠲᠦᠭᠦᠷᠢᠭ᠂ ᠤᠳᠤᠭ ᠬᠤᠰᠢᠭᠤ 25.891 ᠲᠦᠮᠡᠨ ᠲᠦᠭᠦᠷᠢᠭ᠂ ᠤᠳᠤᠭ ᠤᠨ | ᠡᠮᠤᠨᠡᠳᠤ ᠬᠤᠰᠢᠭᠤ 22.848 ᠲᠦᠮᠡᠨ ᠲᠦᠬᠦᠷᠢᠭ ᠪᠤᠯᠤᠨ᠎ᠠ᠃ | ᠬᠤᠶᠠᠷ᠂ ᠦᠢᠯᠡᠳᠪᠦᠷᠢᠯᠡᠯ ᠪᠦᠲᠦᠭᠡᠨ ᠪᠠᠶᠢᠭᠤᠯᠤᠯᠲᠠ ᠶᠢᠨ ᠨᠢᠭᠡᠴᠢ ᠨᠢ ᠲᠦᠰᠦᠯ ᠤᠨ ᠪᠦᠲᠦᠭᠡᠨ | ᠪᠠᠶᠢᠭᠤᠯᠤᠯᠲᠠ ᠶᠢᠨ ᠳᠤᠮᠳᠠ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠤᠰᠤ ᠰᠢᠷᠣᠢ ᠶᠢ | ᠬᠠᠮᠠᠭᠠᠯᠠᠬᠤ ᠬᠠᠤᠯᠢ︾ ᠶᠢᠨ ᠬᠠᠮᠢᠶ᠎ᠠ ᠪᠦᠬᠦᠢ ᠱᠠᠭᠠᠷᠳᠠᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠬᠤ ᠶᠢᠨ | ᠬᠠᠮᠲᠤ᠂ ᠳᠣᠣᠷᠠᠬᠢ ᠠᠵᠢᠯ ᠤᠳ ᠢ ᠭᠤᠣᠯᠳᠠᠯᠭ᠎ᠠ ᠲᠠᠢ ᠰᠠᠶᠢᠲᠤᠷ ᠬᠢᠬᠦ ᠬᠡᠷᠡᠭᠲᠡᠢ᠄ | ︵ᠨᠢᠭᠡ︶ ᠵᠥᠪᠰᠢᠶᠡᠷᠡᠭᠰᠡᠨ ᠤᠰᠤ ᠰᠢᠷᠤᠢ ᠶᠢ ᠬᠠᠮᠠᠭᠠᠯᠠᠬᠤ ᠲᠥᠰᠦᠯ ᠤᠨ ᠶᠣᠰᠣᠭᠠᠷ᠂ ᠤᠰᠤ ᠰᠢᠷᠤᠢ ᠶᠢ | ᠬᠠᠮᠠᠭᠠᠯᠠᠬᠤ ᠠᠩᠬ᠎ᠠ ᠠᠯᠬᠤᠮ ᠤᠨ ᠵᠢᠷᠤᠭ ᠲᠥᠯᠥᠪᠯᠡᠭᠡ ᠵᠡᠷᠭᠡ ᠵᠠᠯᠭᠠᠮᠵᠢ ᠵᠢᠷᠤᠭ ᠲᠥᠯᠥᠪᠯᠡᠭᠡ ᠶᠢ ᠰᠠᠶᠢᠲᠤᠷ | ᠬᠢᠵᠦ᠂ ᠪᠠᠷᠢᠯᠭ᠎ᠠ ᠪᠠᠷᠢᠬᠤ ᠵᠣᠬᠢᠶᠠᠨ ᠪᠠᠶᠢᠭᠤᠯᠤᠯᠲᠠ ᠶᠢᠨ ᠬᠠᠮᠢᠶᠠᠷᠤᠯᠲᠠ ᠶᠢᠨ ᠠᠵᠢᠯ ᠢ ᠴᠢᠩᠭᠠᠳᠬᠠᠬᠤ ᠬᠡᠷᠡᠭᠲᠡᠶ᠃ | ︵ᠬᠤᠶᠠᠷ︶ ᠲᠥᠰᠦᠯ ᠤᠨ ᠱᠠᠭᠠᠷᠳᠠᠯᠭ᠎ᠠ ᠶᠢ ᠴᠢᠩᠭ᠎ᠠ ᠵᠢᠷᠤᠮᠯᠠᠨ ᠤᠰᠤ ᠰᠢᠷᠤᠢ ᠶᠢ ᠬᠠᠮᠠᠭᠠᠯᠠᠬᠤ ᠡᠯ᠎ᠡ | ᠵᠦᠢᠯ ᠤᠨ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠬᠤ ᠬᠡᠷᠡᠭᠲᠡᠶ᠃ ᠡᠯ᠎ᠡ ᠲᠥᠷᠥᠯ ᠤᠨ ᠪᠠᠷᠢᠯᠭ᠎ᠠ ᠪᠠᠷᠢᠬᠤ | ᠠᠵᠢᠯᠯᠠᠭ᠎ᠠ ᠨᠢ ᠭᠠᠵᠠᠷ ᠬᠡᠷᠡᠭᠯᠡᠬᠦ ᠬᠡᠪᠴᠢᠶᠡᠨ ᠳᠣᠲᠣᠷ᠎ᠠ ᠳᠤᠷ᠎ᠠ ᠪᠠᠷ ᠢᠶᠠᠨ ᠡᠵᠡᠯᠡᠬᠦ᠂ ᠭᠠᠵᠠᠷ ᠤᠨ ᠭᠠᠳᠠᠷᠭᠤ ᠶᠢᠨ | ᠤᠷᠭᠤᠮᠠᠯ ᠤᠨ ᠬᠤᠴᠢᠯᠭ᠎ᠠ ᠶᠢ ᠰᠠᠮᠠᠭᠤᠷᠠᠭᠤᠯᠬᠤ ᠪᠠ ᠡᠪᠳᠡᠬᠦ ᠶᠢ ᠴᠢᠩᠭ᠎ᠠ ᠴᠠᠭᠠᠵᠠᠯᠠᠵᠤ᠂ ᠤᠰᠤ ᠰᠢᠷᠤᠢ ᠶᠢ | ᠰᠠᠯᠭᠠᠬᠤ᠂ ᠬᠠᠳᠠᠭᠠᠯᠠᠬᠤ ᠪᠠ ᠠᠰᠢᠭᠯᠠᠬᠤ ᠶᠢ ᠰᠠᠶᠢᠲᠤᠷ ᠬᠢᠬᠦ ᠬᠡᠷᠡᠭᠲᠡᠶ᠃ ᠬᠠᠶᠠᠭᠳᠠᠮᠠᠯ ᠰᠢᠭᠠᠷᠤ ᠶᠢ ᠶᠡᠷᠦᠩᠬᠡᠶᠢᠯᠡᠨ | ᠠᠰᠢᠭᠯᠠᠬᠤ ᠶᠢ ᠴᠢᠩᠭᠠᠳᠬᠠᠵᠤ᠂ ᠪᠦᠲᠦᠭᠡᠨ ᠪᠠᠶᠢᠭᠤᠯᠬᠤ ᠶᠠᠪᠤᠴᠠ ᠳᠤ ᠭᠠᠷᠤᠭᠰᠠᠨ ᠬᠠᠶᠠᠭᠳᠠᠮᠠᠯ ᠰᠢᠭᠠᠷᠤ ᠶᠢ ᠴᠠᠭ | ᠲᠤᠬᠠᠶ ᠳᠤᠨᠢ ᠲᠥᠰᠦᠯ ᠳᠤ ᠲᠣᠭᠲᠠᠭᠠᠭᠰᠠᠨ ᠲᠤᠰᠬᠠᠶ ᠲᠠᠯᠠᠪᠤᠷ ᠲᠤ ᠲᠡᠭᠡᠭᠡᠪᠦᠷᠢᠯᠡᠨ ᠬᠦᠷᠭᠡᠬᠦ ᠬᠡᠷᠡᠭᠲᠡᠶ᠃ | ᠲᠥᠰᠦᠯ ᠤᠨ ᠱᠠᠭᠠᠷᠳᠠᠯᠭ᠎ᠠ ᠶᠢ ᠦᠨᠳᠦᠰᠦᠯᠡᠨ ᠪᠠᠷᠢᠯᠭ᠎ᠠ ᠪᠠᠷᠢᠬᠤ ᠴᠠᠭ ᠤᠨ ᠳᠠᠷᠠᠭᠠᠯᠠᠯ ᠪᠠ ᠤᠰᠤ ᠰᠢᠷᠤᠢ ᠶᠢ | ᠬᠠᠮᠠᠭᠠᠯᠠᠬᠤ ᠠᠷᠭ᠎ᠠ ᠬᠡᠮᠵᠢᠶ᠎ᠡ ᠶᠢ ᠬᠡᠷᠡᠭᠵᠢᠭᠦᠯᠬᠦ ᠠᠬᠢᠴᠠ ᠶᠢ ᠵᠦᠶ ᠵᠣᠬᠢᠰᠲᠠᠶ ᠲᠣᠬᠢᠷᠠᠭᠤᠯᠵᠤ᠂ ᠪᠠᠷᠢᠯᠭ᠎ᠠ ᠪᠠᠷᠢᠬᠤ | ᠬᠤᠭᠤᠴᠠᠭᠠᠨ ᠳᠤ ᠤᠰᠤ ᠰᠢᠷᠤᠢ ᠶᠢᠨ ᠢᠳᠡᠭᠳᠡᠯ ᠢ ᠴᠢᠩᠭ᠎ᠠ ᠬᠢᠵᠠᠭᠠᠷᠯᠠᠬᠤ ᠬᠡᠷᠡᠭᠲᠡᠶ᠃ | ︵ᠭᠤᠷᠪᠠ︶ ᠤᠰᠤ ᠰᠢᠷᠤᠢ ᠶᠢ ᠬᠠᠮᠠᠭᠠᠯᠠᠬᠤ ᠬᠢᠨᠠᠨ ᠬᠡᠮᠵᠢᠬᠦ ᠠᠵᠢᠯ ᠢ ᠦᠨᠡᠨ ᠬᠦ ᠰᠠᠶᠢᠲᠤᠷ ᠬᠢᠵᠦ᠂ ᠤᠰᠤ | ᠰᠢᠷᠤᠢ ᠶᠢᠨ ᠢᠳᠡᠭᠳᠡᠯ ᠤᠨ ᠪᠠᠶᠢᠳᠠᠯ ᠢ ᠬᠢᠨᠠᠨ ᠡᠵᠡᠮᠳᠡᠬᠦ ᠶᠢ ᠴᠢᠩᠭᠠᠳᠬᠠᠬᠤ ᠶᠢᠨ ᠬᠠᠮᠲᠤ ᠲᠣᠭᠲᠠᠭᠠᠯ ᠶᠣᠰᠣᠭᠠᠷ | ᠮᠠᠨ ᠤ ᠲᠢᠩᠬᠢᠮ ᠵᠢᠴᠢ ᠣᠷᠳᠣᠰ ᠬᠤᠲᠠ ᠶᠢᠨ ᠤᠰᠤᠨ ᠠᠰᠢᠭᠯᠠᠯᠲᠠ ᠶᠢᠨ ᠲᠣᠪᠴᠢᠶ᠎ᠠ ᠳᠤ ᠬᠢᠨᠠᠨ ᠬᠡᠮᠵᠢᠯᠲᠡ ᠶᠢᠨ | ᠤᠯᠠᠷᠢᠯ ᠤᠨ ᠮᠡᠳᠡᠭᠦᠯᠦᠯᠲᠡ ᠵᠢᠴᠢ ᠳ᠋ᠦᠩᠨᠡᠯᠲᠡ ᠶᠢᠨ ᠮᠡᠳᠡᠭᠦᠯᠦᠯᠲᠡ ᠶᠢ ᠲᠤᠰᠢᠶᠠᠨ᠎ᠠ᠃ | ︵ᠲᠦᠷᠪᠡ︶ ᠤᠰᠤ ᠰᠢᠷᠤᠢ ᠶᠢ ᠬᠠᠮᠠᠭᠠᠯᠠᠬᠤ ᠬᠢᠨᠠᠯᠲᠠ ᠬᠠᠮᠢᠶᠠᠷᠤᠯᠲᠠ ᠶᠢᠨ ᠠᠵᠢᠯ ᠢ | ᠨᠠᠶᠢᠳᠠᠪᠤᠷᠢᠵᠢᠭᠤᠯᠬᠤ ᠶᠢᠨ ᠬᠠᠮᠲᠤ ᠰᠠᠶᠢᠲᠤᠷ ᠬᠢᠵᠦ᠂ ᠤᠰᠤ ᠰᠢᠷᠤᠢ ᠶᠢ ᠬᠠᠮᠠᠭᠠᠯᠠᠬᠤ ᠢᠨᠵᠧᠨᠧᠷᠢᠩ ᠤᠨ ᠪᠦᠲᠦᠭᠡᠨ | ᠪᠠᠶᠢᠭᠤᠯᠤᠯᠲᠠ ᠶᠢᠨ ᠶᠠᠰᠤ ᠴᠢᠨᠠᠷ ᠪᠣᠯᠤᠨ ᠠᠬᠢᠴᠠ ᠶᠢ ᠦᠨᠡᠨ ᠬᠦ ᠪᠠᠲᠤᠯᠠᠬᠤ ᠬᠡᠷᠡᠭᠲᠡᠶ᠃ | ︵ᠲᠠᠪᠤ︶ ᠤᠰᠤ ᠰᠢᠷᠤᠢ ᠶᠢ ᠬᠠᠮᠠᠭᠠᠯᠠᠬᠤ ᠨᠥᠬᠦᠪᠥᠷᠢ ᠵᠠᠷᠤᠳᠠᠯ ᠢ ᠬᠠᠤᠯᠢ ᠲᠣᠭᠲᠠᠭᠠᠯ ᠶᠣᠰᠣᠭᠠᠷ ᠭᠦᠢᠴᠡᠳ | ᠲᠤᠭ᠎ᠠ ᠪᠠᠷ ᠲᠤᠰᠢᠶᠠᠨ᠎ᠠ᠃ | ᠭᠤᠷᠪᠠ᠂ ᠲᠤᠰ ᠲᠦᠰᠦᠯ ᠤᠨ ᠭᠠᠵᠠᠷ᠂ ᠬᠡᠪᠴᠢᠶ᠎ᠡ ᠨᠢ ᠴᠢᠬᠤᠯᠠ ᠶᠡᠭᠡ ᠬᠤᠪᠢᠷᠠᠯᠲᠠ ᠭᠠᠷᠤᠭᠰᠠᠨ᠂ | ᠡᠰᠡᠬᠦᠯ᠎ᠡ ᠤᠰᠤ ᠰᠢᠷᠤᠢ ᠶᠢ ᠬᠠᠮᠠᠭᠠᠯᠠᠬᠤ ᠲᠥᠰᠦᠯ ᠢ ᠬᠡᠷᠡᠭᠵᠢᠭᠦᠯᠬᠦ ᠶᠠᠪᠤᠴᠠ ᠳᠠᠬᠢ ᠤᠰᠤ ᠰᠢᠷᠤᠢ ᠶᠢ ᠬᠠᠮᠠᠭᠠᠯᠠᠬᠤ | ᠠᠷᠭ᠎ᠠ ᠬᠡᠮᠵᠢᠶ᠎ᠡ ᠳᠤ ᠴᠢᠬᠤᠯᠠ ᠶᠡᠭᠡ ᠬᠤᠪᠢᠷᠠᠯᠲᠠ ᠭᠠᠷᠪᠠᠯ᠂ ᠤᠰᠤ ᠰᠢᠷᠤᠢ ᠶᠢ ᠬᠠᠮᠠᠭᠠᠯᠠᠬᠤ ᠲᠥᠰᠦᠯ ᠳᠤ | ᠨᠥᠬᠦᠪᠥᠷᠢᠯᠡᠬᠦ ᠪᠤᠶᠤ ᠵᠠᠰᠠᠪᠤᠷᠢ ᠣᠷᠣᠭᠤᠯᠵᠤ᠂ ᠮᠠᠨ ᠤ ᠲᠢᠩᠬᠢᠮ ᠳᠤ ᠮᠡᠳᠡᠭᠦᠯᠦᠨ ᠬᠢᠨᠠᠨ ᠵᠥᠪᠰᠢᠶᠡᠷᠡᠭᠦᠯᠬᠦ | ᠬᠡᠷᠡᠭᠲᠡᠶ᠃ ᠰᠢᠭᠠᠷᠤ ᠬᠠᠶᠠᠬᠤ ᠰᠢᠨ᠎ᠡ ᠪᠠᠷ ᠪᠠᠶᠢᠭᠤᠯᠤᠭᠰᠠᠨ ᠪᠤᠶᠤ ᠡᠰᠡᠬᠦᠯ᠎ᠡ ᠰᠢᠭᠠᠷᠤ ᠶᠢᠨ ᠬᠡᠮᠵᠢᠶ᠎ᠡ ᠨᠢ | ᠨᠡᠮᠡᠭᠳᠡᠭᠰᠡᠨ ᠠᠴᠠ ᠪᠣᠯᠵᠤ ᠰᠢᠭᠠᠷᠤ ᠬᠠᠶᠠᠬᠤ ᠲᠠᠯᠠᠪᠠᠶ ᠵᠡᠷᠭᠡ ᠳᠡᠰ ᠨᠢ ᠳᠡᠭᠡᠭᠰᠢᠯᠡᠭᠰᠡᠨ ᠪᠣᠯ ᠦᠢᠯᠡᠳᠪᠦᠷᠢᠯᠡᠯ | ᠪᠦᠲᠦᠭᠡᠨ ᠪᠠᠶᠢᠭᠤᠯᠤᠯᠲᠠ ᠶᠢᠨ ᠨᠢᠭᠡᠴᠢ ᠨᠢ ᠰᠢᠭᠠᠷᠤ ᠶᠢᠨ ᠬᠡᠮᠵᠢᠶ᠎ᠡ ᠶᠢ ᠪᠠᠭᠠᠰᠬᠠᠬᠤ᠂ ᠡᠬᠢ | ᠪᠠᠶᠠᠯᠢᠭᠵᠢᠭᠤᠯᠤᠯᠲᠠ ᠶᠢ ᠨᠤᠲᠠᠯᠠᠬᠤ ᠶᠢ ᠥᠷᠨᠢᠭᠦᠯᠬᠦ ᠶᠢᠨ ᠬᠠᠮᠲᠤ ᠰᠢᠭᠠᠷᠤ ᠶᠢᠨ ᠡᠮᠦᠨ᠎ᠡ ᠤᠰᠤ ᠰᠢᠷᠤᠢ ᠶᠢ | ᠬᠠᠮᠠᠭᠠᠯᠠᠬᠤ ᠲᠥᠰᠦᠯ ᠤᠨ ᠨᠥᠬᠦᠪᠥᠷᠢ ᠮᠡᠳᠡᠭᠦᠯᠦᠯᠲᠡ ᠶᠢ ᠨᠠᠶᠢᠷᠠᠭᠤᠯᠤᠨ ᠵᠣᠬᠢᠶᠠᠵᠤ᠂ ᠮᠠᠨ ᠤ ᠲᠢᠩᠬᠢᠮ ᠳᠤ | ᠮᠡᠳᠡᠭᠦᠯᠦᠨ ᠬᠢᠨᠠᠨ ᠵᠥᠪᠰᠢᠶᠡᠷᠡᠭᠦᠯᠦᠨ᠎ᠡ᠃ | ᠳᠥᠷᠪᠡ᠂ ᠲᠠᠨ ᠤ ᠨᠢᠭᠡᠴᠢ ᠪᠣᠯ ᠲᠤᠰ ᠲᠦᠰᠦᠯ ᠤᠨ ᠤᠰᠤ ᠰᠢᠷᠤᠢ ᠶᠢ ᠬᠠᠮᠠᠭᠠᠯᠠᠬᠤ ᠪᠡᠯᠡᠳᠬᠡᠮᠵᠢ ᠶᠢ | ᠰᠢᠯᠭᠠᠨ ᠠᠪᠬᠤ ᠬᠠᠷᠢᠭᠤᠴᠠᠯᠭ᠎ᠠ ᠶᠢᠨ ᠭᠤᠤᠯ ᠴᠣᠭᠴᠠ ᠪᠣᠯᠬᠤ ᠲᠤᠯᠠ᠂ ᠲᠤᠰ ᠲᠦᠰᠦᠯ ᠨᠢ ᠪᠠᠷᠢᠯᠭ᠎ᠠ ᠳᠠᠭᠤᠰᠴᠤ | ᠰᠢᠯᠭᠠᠨ ᠠᠪᠬᠤ ᠪᠤᠶᠤ ᠠᠰᠢᠭᠯᠠᠯᠲᠠ ᠳᠤ ᠣᠷᠣᠭᠤᠯᠬᠤ ᠠᠴᠠ ᠡᠮᠦᠨ᠎ᠡ᠂ ᠤᠰᠤ ᠰᠢᠷᠤᠢ ᠶᠢ ᠬᠠᠮᠠᠭᠠᠯᠠᠬᠤ | ᠪᠡᠯᠡᠳᠬᠡᠮᠵᠢ ᠶᠢ ᠡᠵᠡᠨ ᠮᠡᠳᠡᠵᠦ ᠰᠢᠯᠭᠠᠨ ᠠᠪᠬᠤ ᠶᠢ ᠥᠩᠭᠡᠷᠡᠭᠡᠬᠦ ᠬᠡᠷᠡᠭᠲᠡᠶ᠃ ᠡᠵᠡᠨ ᠮᠡᠳᠡᠨ ᠰᠢᠯᠭᠠᠨ ᠠᠪᠬᠤ ᠳᠤ | ᠤᠰᠤ ᠰᠢᠷᠤᠢ ᠶᠢ ᠬᠠᠮᠠᠭᠠᠯᠠᠬᠤ ᠬᠠᠤᠯᠢ ᠴᠠᠭᠠᠵᠠ ᠬᠠᠤᠯᠢ ᠲᠣᠭᠲᠠᠭᠠᠯ᠂ ᠪᠠᠷᠢᠮᠵᠢᠶ᠎ᠠ ᠶᠢᠨ ᠵᠢᠷᠤᠮᠵᠢᠯ᠂ ᠤᠰᠤ | ᠰᠢᠷᠤᠢ ᠶᠢ ᠬᠠᠮᠠᠭᠠᠯᠠᠬᠤ ᠲᠥᠰᠦᠯ ᠬᠢᠭᠡᠳ ᠲᠤᠰ ᠬᠢᠨᠠᠨ ᠵᠥᠪᠰᠢᠶᠡᠷᠡᠭᠰᠡᠨ ᠲᠣᠭᠲᠠᠭᠠᠯ᠂ ᠤᠰᠤ ᠰᠢᠷᠤᠢ ᠶᠢ | ᠬᠠᠮᠠᠭᠠᠯᠠᠬᠤ ᠵᠠᠯᠭᠠᠮᠵᠢ ᠵᠢᠷᠤᠭ ᠲᠥᠯᠥᠪᠯᠡᠭᠡ ᠵᠡᠷᠭᠡ ᠶᠢ ᠦᠨᠳᠦᠰᠦᠯᠡᠨ ᠶᠠᠪᠤᠭᠳᠠᠭᠤᠯᠵᠤ᠂ ᠤᠰᠤ ᠰᠢᠷᠤᠢ ᠶᠢ | ᠬᠠᠮᠠᠭᠠᠯᠠᠬᠤ ᠪᠡᠯᠡᠳᠬᠡᠮᠵᠢ ᠶᠢ ᠰᠢᠯᠭᠠᠨ ᠠᠪᠬᠤ ᠪᠠᠷᠢᠮᠵᠢᠶ᠎ᠠ ᠪᠣᠯᠤᠨ ᠨᠥᠬᠦᠴᠡᠯ ᠢ ᠴᠢᠩᠭ᠎ᠠ ᠬᠡᠷᠡᠭᠵᠢᠭᠦᠯᠬᠦ ᠬᠡᠷᠡᠭᠲᠡᠶ᠃ | ᠤᠰᠤ ᠰᠢᠷᠤᠢ ᠶᠢ ᠬᠠᠮᠠᠭᠠᠯᠠᠬᠤ ᠪᠡᠯᠡᠳᠬᠡᠮᠵᠢ ᠶᠢ ᠡᠵᠡᠨ ᠮᠡᠳᠡᠵᠦ ᠰᠢᠯᠭᠠᠨ ᠠᠪᠬᠤ ᠳᠤ ᠬᠢᠷᠢ ᠲᠡᠩᠴᠡᠭᠰᠡᠨ ᠤ | ᠳᠠᠷᠠᠭ᠎ᠠ᠂ ᠠᠯᠪᠠᠨ ᠤ ᠰᠦᠯᠵᠢᠶᠡᠨ ᠥᠷᠲᠡᠭᠡ ᠪᠤᠶᠤ ᠪᠤᠰᠤᠳ ᠣᠯᠠᠨ ᠨᠡᠶᠢᠲᠡ ᠶᠢᠨ ᠣᠯᠵᠤ ᠮᠡᠳᠡᠭᠰᠡᠨ | ᠰᠦᠯᠵᠢᠶᠡᠨ ᠤ ᠥᠷᠲᠡᠭᠡ ᠳᠤ ᠤᠰᠤ ᠰᠢᠷᠤᠢ ᠶᠢ ᠬᠠᠮᠠᠭᠠᠯᠠᠬᠤ ᠪᠡᠯᠡᠳᠬᠡᠮᠵᠢ ᠶᠢᠨ ᠰᠢᠯᠭᠠᠨ ᠠᠪᠬᠤ ᠮᠠᠲ᠋ᠧᠷᠢᠶᠠᠯ ᠢ | ᠴᠠᠭ ᠲᠤᠬᠠᠶ ᠳᠤᠨᠢ ᠨᠡᠶᠢᠲᠡᠯᠡᠵᠦ᠂ ᠨᠡᠶᠢᠲᠡᠯᠡᠬᠦ ᠴᠠᠭ ᠬᠤᠭᠤᠴᠠᠭ᠎ᠠ ᠶᠢ ᠨᠢ 20 ᠠᠵᠢᠯᠯᠠᠬᠤ ᠡᠳᠦᠷ ᠠᠴᠠ ᠳᠤᠲᠠᠭᠤ | ᠪᠠᠶᠢᠯᠭᠠᠵᠤ ᠪᠣᠯᠬᠤ ᠦᠭᠡᠶ︔ ᠤᠰᠤ ᠰᠢᠷᠤᠢ ᠶᠢ ᠬᠠᠮᠠᠭᠠᠯᠠᠬᠤ ᠪᠡᠯᠡᠳᠬᠡᠮᠵᠢ ᠶᠢ ᠡᠵᠡᠨ ᠮᠡᠳᠡᠨ ᠰᠢᠯᠭᠠᠨ ᠠᠪᠴᠤ | ᠥᠩᠭᠡᠷᠡᠭᠰᠡᠨ ᠤ ᠳᠠᠷᠠᠭ᠎ᠠ 3 ᠰᠠᠷ᠎ᠠ ᠶᠢᠨ ᠳᠣᠲᠣᠷ᠎ᠠ ᠮᠠᠨ ᠤ ᠲᠢᠩᠬᠢᠮ ᠳᠤ ᠤᠰᠤ ᠰᠢᠷᠤᠢ ᠶᠢ ᠬᠠᠮᠠᠭᠠᠯᠠᠬᠤ | ᠪᠡᠯᠡᠳᠬᠡᠮᠵᠢ ᠶᠢᠨ ᠰᠢᠯᠭᠠᠨ ᠠᠪᠬᠤ ᠮᠠᠲ᠋ᠧᠷᠢᠶᠠᠯ ᠢᠶᠠᠨ ᠮᠡᠳᠡᠭᠦᠯᠦᠨ ᠳᠠᠩᠰᠠᠯᠠᠭᠤᠯᠬᠤ ᠬᠡᠷᠡᠭᠲᠡᠶ︔ ᠤᠰᠤ ᠰᠢᠷᠤᠢ ᠶᠢ | ᠬᠠᠮᠠᠭᠠᠯᠠᠬᠤ ᠪᠡᠯᠡᠳᠬᠡᠮᠵᠢ ᠨᠢ ᠰᠢᠯᠭᠠᠨ ᠠᠪᠬᠤ ᠶᠢ ᠳᠠᠮᠵᠢᠭᠰᠠᠨ ᠦᠭᠡᠶ ᠪᠤᠶᠤ ᠰᠢᠯᠭᠠᠨ ᠠᠪᠬᠤ ᠳᠤ ᠬᠢᠷᠢ | ᠲᠡᠩᠴᠡᠭᠰᠡᠨ ᠦᠭᠡᠶ ᠪᠣᠯ ᠦᠢᠯᠡᠳᠪᠦᠷᠢᠯᠡᠵᠦ ᠪᠦᠲᠦᠭᠡᠨ ᠪᠠᠶᠢᠭᠤᠯᠬᠤ ᠲᠦᠰᠦᠯ ᠨᠢ ᠠᠰᠢᠭᠯᠠᠯᠲᠠ ᠳᠤ ᠣᠷᠣᠭᠤᠯᠤᠨ | ᠬᠡᠷᠡᠭᠯᠡᠵᠦ ᠪᠣᠯᠬᠤ ᠦᠭᠡᠶ᠃ | ᠲᠠᠪᠤ᠂ ᠲᠤᠰ ᠲᠦᠰᠦᠯ ᠨᠢ ︽ᠤᠰᠤ ᠰᠢᠷᠤᠢ ᠶᠢ ᠬᠠᠮᠠᠭᠠᠯᠠᠬᠤ ᠲᠥᠰᠦᠯ ᠢ ᠵᠥᠪᠰᠢᠶᠡᠷᠡᠭᠦᠯᠦᠭᠡᠳᠦᠶ ᠪᠠᠷ | ᠤᠷᠢᠳᠠᠪᠠᠷ ᠪᠠᠶᠢᠭᠤᠯᠬᠤ︾ ᠲᠦᠰᠦᠯ ᠳᠤ ᠬᠠᠷᠢᠶᠠᠯᠠᠭᠳᠠᠪᠠᠯ᠂ ᠦᠢᠯᠡᠳᠪᠦᠷᠢᠯᠡᠯ ᠪᠦᠲᠦᠭᠡᠨ ᠪᠠᠶᠢᠭᠤᠯᠤᠯᠲᠠ ᠶᠢᠨ | ᠨᠢᠭᠡᠴᠢ ᠨᠢ ᠰᠤᠷᠭᠠᠮᠵᠢ ᠠᠪᠴᠤ᠂ ᠤᠰᠤ ᠰᠢᠷᠤᠢ ᠶᠢ ᠬᠠᠮᠠᠭᠠᠯᠠᠬᠤ ᠠᠷᠭ᠎ᠠ ᠶᠢ ᠴᠢᠩᠭ᠎ᠠ ᠬᠡᠷᠡᠭᠵᠢᠭᠦᠯᠵᠦ᠂ ᠵᠠᠯᠭᠠᠮᠵᠢ | ᠤᠰᠤ ᠰᠢᠷᠤᠢ ᠶᠢ ᠬᠠᠮᠠᠭᠠᠯᠠᠬᠤ ᠠᠵᠢᠯ ᠢ ᠰᠠᠶᠢᠲᠤᠷ ᠬᠢᠬᠦ ᠬᠡᠷᠡᠭᠲᠡᠶ᠃ ᠣᠷᠳᠣᠰ ᠬᠤᠲᠠ ᠶᠢᠨ ᠤᠰᠤᠨ | ᠠᠰᠢᠭᠯᠠᠯᠲᠠ ᠶᠢᠨ ᠲᠣᠪᠴᠢᠶ᠎ᠠ᠂ ᠦᠦᠰᠢᠨ ᠬᠤᠰᠢᠭᠤᠨ ᠤ ᠤᠰᠤᠨ ᠠᠰᠢᠭᠯᠠᠯᠲᠠ ᠶᠢᠨ ᠲᠣᠪᠴᠢᠶ᠎ᠠ᠂ ᠣᠲᠤᠭ ᠤᠨ | ᠡᠮᠦᠨᠡᠲᠦ ᠬᠤᠰᠢᠭᠤᠨ ᠤ ᠤᠰᠤᠨ ᠠᠰᠢᠭᠯᠠᠯᠲᠠ ᠶᠢᠨ ᠲᠣᠪᠴᠢᠶ᠎ᠠ᠂ ᠣᠲᠤᠭ ᠬᠤᠰᠢᠭᠤᠨ ᠤ ᠤᠰᠤᠨ | ᠠᠰᠢᠭᠯᠠᠯᠲᠠ ᠶᠢᠨ ᠲᠣᠪᠴᠢᠶ᠎ᠠ ᠲᠣᠰ ᠲᠦᠰᠦᠯ ᠤᠨ ᠤᠰᠤ ᠰᠢᠷᠤᠢ ᠶᠢᠨ ᠬᠠᠮᠠᠭᠠᠯᠠᠯᠲᠠ ᠳᠤ ᠬᠢᠨᠠᠯᠲᠠ ᠲᠠᠯᠪᠢᠵᠤ | ᠪᠠᠶᠢᠴᠠᠭᠠᠬᠤ ᠠᠵᠢᠯ ᠢᠶᠠᠨ ᠴᠢᠩᠭᠠᠳᠬᠠᠵᠤ᠂ ᠤᠰᠤ ᠰᠢᠷᠤᠢ ᠶᠢᠨ ᠢᠳᠡᠭᠳᠡᠯ ᠤᠨ ᠠᠰᠠᠭᠤᠳᠠᠯ ᠣᠷᠣᠰᠢᠵᠤ ᠪᠠᠶᠢᠬᠤ | ᠡᠰᠡᠬᠦ ᠶᠢ ᠪᠠᠶᠢᠴᠠᠭᠠᠵᠤ᠂ ᠬᠠᠤᠯᠢ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠬᠠᠤᠯᠢ ᠶᠣᠰᠣᠭᠠᠷ | ᠪᠠᠶᠢᠴᠠᠭᠠᠨ ᠰᠢᠢᠳᠪᠦᠷᠢᠯᠡᠬᠦ ᠬᠡᠷᠡᠭᠲᠡᠶ᠃ | | 2024 ᠣᠨ ᠤ 7 ᠳ᠋ᠤᠭᠠᠷ ᠰᠠᠷ᠎ᠠ ᠶᠢᠨ 9 ᠤ ᠡᠳᠦᠷ | | ᠳᠠᠭᠠᠯᠳᠤᠭᠤᠯᠤᠯ᠄ | ᠥᠪᠥᠷ ᠤᠰᠤᠨ ᠲᠥᠪ ᠮᠡᠷᠭᠡᠵᠢᠯ ᠵᠦᠪᠰᠢᠶᠡᠷᠡᠯ ﹇2024﹈ 226 ᠳ᠋ᠤᠭᠠᠷ ᠲᠣᠭᠠᠲᠤ .pdf | ᠳᠤᠮᠳᠠᠳᠤ ᠤᠯᠤᠰ ᠤᠨ ᠴᠢᠯᠠᠭᠤᠨ ᠲᠣᠰᠣᠨ ᠤ ᠴᠠᠩ ᠴᠢᠩ ᠴᠢᠯᠠᠭᠤᠨ ᠲᠣᠰᠣᠨ ᠤ ᠠᠢ ᠰᠠᠪᠠ ᠶᠢᠨ | ᠬᠤᠪᠢᠶᠠᠷᠢ ᠺᠣᠮᠫᠠᠨᠢ ᠶᠢᠨ ᠭᠤᠷᠪᠠᠳᠤᠭᠠᠷ ᠪᠠᠶᠢᠭᠠᠯᠢ ᠶᠢᠨ ᠬᠡᠶ ᠭᠠᠷᠭᠠᠬᠤ ᠦᠢᠯᠡᠳᠪᠦᠷᠢ ᠶᠢᠨ ᠲᠣᠣ 7᠂ ᠰᠤ᠋ 46᠂ | ᠰᠤ᠋ 59 ᠲᠦᠭᠰᠢᠭᠦᠷᠢᠲᠦ ᠠᠵᠢᠯ ᠤᠨ ᠦᠢᠯᠡᠴᠢᠯᠡᠭᠡᠨ ᠤ ᠣᠷᠣᠨ ᠤ ᠬᠡᠰᠡᠭ ᠤᠨ ᠦᠢᠯᠡᠳᠪᠦᠷᠢᠯᠡᠬᠦ ᠴᠢᠳᠠᠪᠤᠷᠢ ᠶᠢᠨ | ᠪᠥᠲᠥᠭᠡᠨ ᠪᠠᠶᠢᠭᠤᠯᠤᠯᠲᠠ ᠶᠢᠨ ᠲᠦᠰᠦᠯ ︵2023 ᠣᠨ ᠤ ᠨᠢᠭᠡᠳᠦᠭᠡᠷ ᠪᠦᠯᠦᠭ ᠤᠨ ᠰᠢᠲᠠᠮᠠᠬᠠᠶ ᠬᠡᠶ ᠨᠡᠭᠡᠭᠡᠨ | ᠮᠠᠯᠲᠠᠬᠤ ᠲᠦᠰᠦᠯ ᠢ ᠳᠠᠩᠰᠠᠯᠠᠭᠤᠯᠪᠠ︶ ︵ᠭᠤᠣᠯ ᠪᠢᠴᠢᠭ︶.pdf | | |