ᠫᠧᠩ ᠶᠠ ᠯᠢ ᠬᠤᠪᠢᠳᠠᠨ ᠬᠠᠮᠢᠶᠠᠷᠴᠤ ᠪᠠᠶᠢᠭ᠎ᠠ ᠬᠦᠷᠢᠶᠡᠨ ᠤ ᠨᠠᠮ ᠢ ᠬᠠᠮᠢᠶᠠᠷᠴᠤ ᠨᠠᠮ ᠢ ᠵᠠᠰᠠᠬᠤ ᠲᠤᠰᠬᠠᠢ ᠰᠡᠳᠦᠪᠲᠦ ᠠᠵᠢᠯ ᠤᠨ ᠬᠤᠷᠠᠯ ᠢ ᠡᠷᠬᠢᠯᠡᠨ ᠬᠤᠷᠠᠯᠳᠤᠭᠤᠯᠬᠤ ᠶᠢᠨ ᠬᠠᠮᠲᠤ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠲᠤᠰᠬᠠᠢ ᠰᠡᠳᠦᠪᠲᠦ ᠨᠠᠮ ᠤᠨ ᠬᠢᠴᠢᠶᠡᠯ ᠣᠷᠣᠪᠠ
ᠨᠡᠶᠢᠲᠡᠯᠡᠭᠰᠡᠨ ᠴᠠᠭ᠄
2024/7/15
  ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠠᠵᠢᠯ ᠤᠨ ᠪᠠᠶᠢᠷᠢᠯᠠᠭᠤᠯᠤᠯᠲᠠ ᠶᠣᠰᠣᠭᠠᠷ᠂ 7 ᠳ᠋ᠤᠭᠠᠷ ᠰᠠᠷ᠎ᠠ ᠶᠢᠨ 12 ᠤᠨ ᠡᠳᠦᠷ᠂ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠭᠡᠰᠢᠭᠦᠨ᠂ ᠳᠡᠳ᠋ ᠲᠢᠩᠬᠢᠮ ᠤᠨ ᠳᠠᠷᠤᠭ᠎ᠠ ᠫᠧᠩ ᠶᠠ ᠯᠢ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢ ᠬᠤᠪᠢᠳᠠᠨ ᠬᠠᠮᠢᠶᠠᠷᠴᠤ ᠪᠠᠶᠢᠭ᠎ᠠ ᠳᠡᠭᠡᠷ᠎ᠡ ᠬᠠᠭᠠᠰ ᠵᠢᠯ ᠤᠨ ᠨᠠᠮ ᠢ ᠬᠠᠮᠢᠶᠠᠷᠴᠤ ᠨᠠᠮ ᠢ ᠵᠠᠰᠠᠬᠤ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠰᠣᠨᠣᠰᠴᠤ᠂ ᠬᠤᠯᠪᠣᠭᠳᠠᠯ ᠪᠦᠬᠦᠢ ᠭᠤᠣᠯᠳᠠᠯᠭ᠎ᠠ ᠲᠠᠢ ᠠᠵᠢᠯ ᠢ ᠲᠣᠬᠢᠷᠠᠭᠤᠯᠬᠤ ᠶᠢᠨ ᠬᠠᠮᠲᠤ ᠰᠠᠬᠢᠯᠭ᠎ᠠ ᠪᠠᠲᠤ ᠶᠢᠨ ᠨᠠᠮ ᠤᠨ ᠬᠢᠴᠢᠶᠡᠯ       ᠣᠷᠣᠪᠠ᠃  ᠫᠧᠩ ᠶᠠ ᠯᠢ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢ ᠬᠤᠪᠢᠳᠠᠨ ᠬᠠᠮᠢᠶᠠᠷᠴᠤ ᠪᠠᠶᠢᠭ᠎ᠠ ᠳᠡᠭᠡᠷ᠎ᠡ ᠬᠠᠭᠠᠰ ᠵᠢᠯ ᠤᠨ ᠨᠠᠮ ᠢ ᠬᠠᠮᠢᠶᠠᠷᠴᠤ ᠨᠠᠮ ᠢ ᠵᠠᠰᠠᠬᠤ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠳᠤ ᠦᠨᠡᠯᠡᠯᠲᠡ ᠬᠢᠵᠦ᠂ ᠨᠠᠮ ᠢ ᠴᠢᠩᠭ᠎ᠠ ᠵᠠᠰᠠᠬᠤ ᠭᠤᠣᠯ ᠴᠣᠭᠴᠠ ᠶᠢᠨ ᠬᠠᠷᠢᠭᠤᠴᠠᠯᠭ᠎ᠠ ᠪᠠᠨ ᠪᠦᠬᠦ ᠲᠠᠯ᠎ᠠ ᠪᠠᠷ ᠭᠦᠢᠴᠡᠳᠬᠡᠵᠦ᠂ ᠤᠯᠤᠰ ᠲᠦᠷᠦ ᠶᠢᠨ ᠪᠠᠶᠢᠭᠤᠯᠤᠯᠲᠠ ᠶᠢ ᠲᠡᠷᠢᠭᠦᠨ ᠪᠠᠶᠢᠷᠢᠨ ᠳᠤ ᠲᠠᠯᠪᠢᠵᠤ᠂ ᠤᠯᠤᠰ ᠲᠦᠷᠦ ᠶᠢᠨ ᠪᠠᠶᠢᠭᠤᠯᠭ᠎ᠠ ᠶᠢᠨ ᠤᠬᠠᠮᠰᠠᠷ ᠢ ᠪᠠᠲᠤ ᠪᠤᠢ ᠪᠣᠯᠭᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠬᠤ ᠪᠠᠷ ᠠᠵᠢᠯ ᠤᠨ ᠭᠤᠣᠯ ᠰᠢᠵᠢᠮ ᠪᠣᠯᠭᠠᠵᠤ᠂ ᠤᠮᠠᠷᠠᠲᠤ ᠶᠢᠨ ᠵᠢᠱᠢᠶᠡᠴᠢ ᠪᠠᠶᠢᠭᠤᠯᠭ᠎ᠠ ᠶᠢ ᠡᠭᠦᠳᠦᠨ ᠪᠠᠶᠢᠭᠤᠯᠬᠤ ᠠᠵᠢᠯ ᠢ ᠯᠠᠪᠳᠠᠭᠤᠨ ᠪᠠᠲᠤᠲᠠᠢ ᠥᠷᠨᠢᠭᠦᠯᠬᠦ ᠬᠡᠷᠡᠭᠲᠡᠢ᠃ ᠨᠠᠮ ᠤᠨ ᠪᠠᠶᠢᠭᠤᠯᠤᠯᠲᠠ ᠶᠢᠨ ᠶᠠᠰᠤ ᠴᠢᠨᠠᠷ ᠢ ᠪᠥᠬᠦ ᠲᠠᠯ᠎ᠠ ᠪᠠᠷ ᠳᠡᠭᠡᠭᠰᠢᠯᠡᠭᠦᠯᠵᠦ᠂ ᠨᠠᠮ ᠤᠨ ᠪᠠᠶᠢᠭᠤᠯᠤᠯᠲᠠ ᠶᠢᠨ ᠭᠤᠤᠯᠳᠠᠯᠭ᠎ᠠ ᠲᠠᠢ ᠠᠵᠢᠯ ᠢ ᠲᠣᠪᠤᠶᠢᠮ᠎ᠠ ᠰᠠᠶᠢᠲᠤᠷ ᠠᠳᠬᠤᠵᠤ᠂ ᠣᠨᠣᠯ ᠢᠶᠠᠷ ᠵᠡᠪᠰᠡᠭᠯᠡᠬᠦ ᠶᠢ ᠴᠢᠩᠭᠠᠳᠬᠠᠬᠤ ᠲᠠᠯ᠎ᠠ ᠪᠠᠷ ᠰᠢᠨ᠎ᠡ ᠦᠷ᠎ᠡ ᠪᠦᠲᠦᠮᠵᠢ ᠣᠯᠵᠤ᠂ ᠦᠨᠳᠦᠰᠦᠨ ᠱᠠᠲᠤᠨ ᠤ ᠰᠠᠭᠤᠷᠢ ᠶᠢ ᠪᠠᠬᠢᠵᠢᠭᠦᠯᠬᠦ ᠳᠡᠭᠡᠷ᠎ᠡ ᠰᠢᠨ᠎ᠡ ᠳᠡᠭᠡᠭᠰᠢᠯᠡᠯᠲᠡ ᠲᠠᠢ ᠪᠣᠯᠵᠣ᠂ ᠭᠤᠤᠯ ᠰᠡᠳᠦᠪᠲᠦ ᠬᠥᠮᠦᠵᠢᠯ ᠢ ᠪᠠᠬᠢᠵᠢᠭᠦᠯᠦᠨ ᠳᠡᠭᠡᠭᠰᠢᠯᠡᠭᠦᠯᠬᠦ ᠲᠠᠯ᠎ᠠ ᠪᠠᠷ ᠰᠢᠨ᠎ᠡ ᠦᠷ᠎ᠡ ᠪᠦᠲᠦᠭᠡᠯ ᠣᠯᠵᠤ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠲᠠᠯ᠎ᠠ ᠪᠠᠷ ᠰᠢᠨ᠎ᠡ ᠠᠬᠢᠴᠠ ᠲᠠᠢ ᠪᠣᠯᠵᠣ᠂ ᠰᠡᠳᠬᠢᠴᠡ ᠠᠷᠭ᠎ᠠ ᠶᠢᠨ ᠲᠠᠯ᠎ᠠ ᠪᠠᠷ ᠰᠢᠨ᠎ᠡ ᠶᠢ ᠡᠭᠦᠳᠬᠦ ᠲᠠᠯ᠎ᠠ ᠪᠠᠷ ᠰᠢᠨ᠎ᠡ ᠰᠢᠪᠲᠤᠯᠤᠯᠲᠠ ᠲᠠᠢ ᠪᠣᠯᠬᠤ ᠬᠡᠷᠡᠭᠲᠡᠶ᠃ ᠨᠠᠮ ᠤᠨ ᠪᠠᠶᠢᠭᠤᠯᠤᠯᠲᠠ ᠪᠠᠷ ᠬᠥᠲᠥᠯᠥᠨ ᠳᠠᠭᠠᠭᠤᠯᠵᠤ ᠳᠡᠭᠡᠭᠰᠢᠯᠡᠭᠦᠯᠬᠦ ᠶᠢ ᠠᠬᠢᠭᠤᠯᠵᠤ᠂ ᠨᠠᠮ ᠤᠨ ᠪᠠᠶᠢᠭᠤᠯᠤᠯᠲᠠ ᠪᠣᠯᠤᠨ ᠲᠤᠬᠠᠶᠢᠯᠠᠭᠰᠠᠨ ᠠᠵᠢᠯ ᠤᠨ ᠭᠦᠨᠵᠡᠭᠡᠶ ᠠᠭᠤᠰᠤᠯᠴᠠᠯ ᠢ ᠲᠠᠰᠤᠷᠠᠯᠲᠠ ᠦᠭᠡᠢ ᠠᠬᠢᠭᠤᠯᠬᠤ ᠬᠡᠷᠡᠭᠲᠡᠶ᠃  ᠬᠤᠷᠠᠯ ᠳᠡᠭᠡᠷ᠎ᠡ᠂ ᠫᠧᠩ ᠶᠠ ᠯᠢ ᠪᠠᠰᠠ ︽ᠨᠠᠮ ᠤᠨ ᠰᠠᠬᠢᠯᠭ᠎ᠠ ᠪᠠᠲᠤ ᠶᠣᠰᠣ ᠲᠦᠷᠢᠮ ᠢ ᠴᠢᠩᠭ᠎ᠠ ᠰᠠᠬᠢᠵᠤ ᠡᠪ ᠬᠠᠮᠲᠤ ᠨᠠᠮ ᠤᠨ ᠭᠡᠰᠢᠭᠦᠨ ᠤ ᠤᠤᠷ ᠴᠢᠨᠠᠷ ᠢᠶᠠᠨ ᠡᠭᠦᠷᠢᠳᠡ ᠬᠠᠳᠠᠭᠠᠯᠠᠶ᠎ᠠ︾ ᠭᠡᠬᠦ ᠰᠡᠳᠦᠪ ᠢᠶᠠᠷ ᠨᠠᠮ ᠤᠨ ᠰᠠᠬᠢᠯᠭ᠎ᠠ ᠪᠠᠲᠤ ᠶᠢ ᠴᠢᠩᠭ᠎ᠠ ᠰᠠᠬᠢᠬᠤ ᠶᠢᠨ ᠴᠢᠬᠤᠯᠠ ᠴᠢᠨᠠᠷ᠂ ᠣᠳᠣᠬᠠᠨ ᠳᠤ ᠨᠠᠮ ᠤᠨ ᠰᠠᠬᠢᠯᠭ᠎ᠠ ᠪᠠᠲᠤ ᠶᠢ ᠴᠢᠩᠭ᠎ᠠ ᠰᠠᠬᠢᠬᠤ ᠳᠤ ᠲᠤᠯᠭᠠᠷᠠᠵᠤ ᠪᠠᠶᠢᠭ᠎ᠠ ᠥᠷᠢᠰᠥᠯᠳᠦᠭᠡᠨ ᠵᠢᠴᠢ ᠨᠠᠮ ᠤᠨ ᠰᠠᠬᠢᠯᠭ᠎ᠠ ᠪᠠᠲᠤ ᠶᠢ ᠬᠡᠷᠬᠢᠨ ᠴᠢᠩᠭ᠎ᠠ ᠰᠠᠬᠢᠬᠤ ᠵᠡᠷᠭᠡ ᠲᠠᠯ᠎ᠠ ᠪᠠᠷ ᠭᠤᠣᠯᠳᠠᠯᠭ᠎ᠠ ᠲᠠᠢ ᠪᠠᠷ ᠬᠤᠪᠢᠳᠠᠨ ᠬᠠᠮᠢᠶᠠᠷᠴᠤ ᠪᠠᠶᠢᠭ᠎ᠠ ᠬᠦᠷᠢᠶᠡᠨ ᠤ ᠨᠠᠮ ᠤᠨ ᠭᠡᠰᠢᠭᠦᠨ ᠺᠠᠳ᠋ᠷᠴᠤᠳ ᠲᠤ ᠰᠠᠬᠢᠯᠭ᠎ᠠ ᠪᠠᠲᠤ ᠶᠢᠨ ᠨᠠᠮ ᠤᠨ ᠬᠢᠴᠢᠶᠡᠯ ᠣᠷᠣᠪᠠ᠃ ᠲᠡᠷᠡ᠂ ᠨᠠᠮ ᠤᠨ ᠰᠠᠬᠢᠯᠭ᠎ᠠ ᠪᠠᠲᠤ ᠶᠢ ᠴᠢᠩᠭ᠎ᠠ ᠰᠠᠬᠢᠬᠤ ᠪᠣᠯ ᠨᠠᠮ ᠤᠨ ᠭᠡᠰᠢᠭᠦᠨ ᠨᠢᠭᠡᠪᠦᠷᠢ ᠶᠢᠨ ᠵᠠᠪᠠᠯ ᠰᠤᠷᠬᠤ ᠬᠢᠴᠢᠶᠡᠯ ᠮᠥᠨ᠂ ᠪᠠᠰᠠ ᠴᠤ ᠮᠠᠨ ᠤ ᠨᠠᠮ ᠤᠨ ᠠᠮᠢᠵᠢᠷᠠᠯ ᠤᠨ ᠬᠦᠴᠦᠨ ᠢᠶᠠᠨ ᠡᠭᠦᠷᠢᠳᠡ ᠬᠠᠳᠠᠭᠠᠯᠠᠵᠤ᠂ ᠤᠷᠳᠤ ᠬᠤᠭᠤᠴᠠᠭ᠎ᠠ ᠪᠠᠷ ᠲᠦᠷᠦ ᠪᠠᠷᠢᠬᠤ ᠶᠢ ᠪᠡᠶᠡᠯᠡᠭᠦᠯᠬᠦ ᠶᠢᠨ ᠴᠢᠬᠤᠯᠠ ᠰᠠᠭᠤᠷᠢ ᠮᠥᠨ᠂ ᠨᠡᠩ ᠥᠨᠳᠥᠷ ᠪᠠᠷᠢᠮᠵᠢᠶ᠎ᠠ᠂ ᠨᠡᠩ ᠴᠢᠩᠭ᠎ᠠ       ᠱᠠᠭᠠᠷᠳᠠᠯᠭ᠎ᠠ᠂ ᠨᠡᠩ ᠪᠣᠳᠠᠲᠠᠢ ᠠᠷᠭ᠎ᠠ ᠬᠡᠮᠵᠢᠶ᠎ᠡ ᠪᠠᠷ ᠨᠠᠮ ᠤᠨ ᠰᠠᠬᠢᠯᠭ᠎ᠠ ᠪᠠᠲᠤ ᠶᠢ ᠴᠢᠩᠭ᠎ᠠ ᠰᠠᠬᠢᠬᠤ ᠶᠢ ᠨᠠᠮ ᠤᠨ ᠪᠠᠶᠢᠭᠤᠯᠤᠯᠲᠠ ᠶᠢᠨ ᠪᠦᠬᠦ ᠶᠠᠪᠤᠴᠠ ᠳᠤ ᠲᠤᠭᠤᠰᠢᠯᠠᠭᠤᠯᠵᠤ᠂ ᠤᠰᠤᠨ ᠠᠰᠢᠭᠯᠠᠯᠲᠠ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠪᠠᠲᠤ ᠴᠢᠩᠭ᠎ᠠ ᠰᠠᠬᠢᠯᠭ᠎ᠠ ᠪᠠᠲᠤ ᠶᠢᠨ ᠪᠠᠲᠤᠯᠠᠭ᠎ᠠ ᠬᠠᠩᠭᠠᠬᠤ ᠬᠡᠷᠡᠭᠲᠡᠢ ᠭᠡᠵᠦ ᠴᠢᠬᠤᠯᠠᠴᠢᠯᠠᠪᠠ᠃  ᠬᠤᠷᠠᠯ ᠤᠨ ᠳᠠᠷᠠᠭ᠎ᠠ᠂ ᠫᠧᠩ ᠶᠠ ᠯᠢ ᠣᠳᠣᠬᠠᠨ ᠤ ᠦᠶᠡᠷ ᠢ ᠰᠡᠷᠭᠡᠶᠢᠯᠡᠨ ᠭᠠᠩ ᠬᠠᠭᠰᠠᠷᠠᠭᠠᠨ ᠲᠠᠢ ᠲᠡᠮᠡᠴᠡᠬᠦ ᠵᠡᠷᠭᠡ ᠠᠵᠢᠯ ᠢ ᠰᠠᠶᠢᠲᠤᠷ ᠬᠢᠬᠦ ᠲᠤᠬᠠᠶ ᠪᠠᠶᠢᠷᠢᠯᠠᠭᠤᠯᠤᠯᠲᠠ ᠬᠢᠵᠡᠶ᠃ ᠲᠢᠩᠬᠢᠮ ᠤᠨ ᠪᠠᠶᠢᠭᠤᠯᠭ᠎ᠠ ᠶᠢᠨ ᠬᠤᠯᠪᠣᠭᠳᠠᠯ ᠪᠦᠬᠦᠢ ᠭᠠᠵᠠᠷ ᠠᠯᠪᠠᠨ ᠲᠠᠰᠤᠭ᠂ ᠲᠢᠩᠬᠢᠮ ᠤᠨ ᠬᠠᠷᠢᠶ᠎ᠠ ᠬᠤᠯᠪᠣᠭᠳᠠᠯ ᠪᠦᠬᠦᠢ ᠨᠢᠭᠡᠴᠢ ᠶᠢᠨ ᠭᠤᠣᠯ ᠬᠠᠷᠢᠭᠤᠴᠠᠯᠭᠠᠲᠠᠨ ᠪᠣᠯᠤᠨ ᠨᠠᠮ ᠤᠨ ᠠᠵᠢᠯ ᠤᠨ ᠨᠥᠬᠦᠳ ᠬᠤᠷᠠᠯ ᠳᠤ ᠣᠷᠣᠯᠴᠠᠵᠠᠢ᠃  
 
ᠢᠷᠡᠯᠲᠡ᠄ ᠦᠪᠤᠷ ᠮᠣᠩᠭᠤᠯ ᠤᠨ ᠦᠪᠡᠷᠳᠡᠭᠡᠨ ᠵᠠᠰᠠᠬᠤ ᠣᠷᠣᠨ ᠤ ᠣᠰᠣᠨ ᠠᠰᠢᠠᠠᠯᠠᠯᠳᠡ ᠶᠢᠨ ᠳᠢᠩᠬᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号