2024 ᠣᠨ ᠤ ᠰᠢᠶᠠᠨ ᠤ ᠬᠡᠪᠴᠢᠶᠡᠨ ᠤ ᠬᠥᠳᠡᠭᠡ ᠲᠣᠰᠬᠤᠨ ᠤ ᠤᠤᠭᠤᠬᠤ ᠤᠰᠤᠨ ᠤ ᠠᠮᠤᠷ ᠲᠦᠪᠰᠢᠨ ᠢ ᠪᠠᠷᠢᠮᠵᠢᠶᠠᠵᠢᠭᠤᠯᠬᠤ ᠪᠥᠲᠥᠭᠡᠨ ᠪᠠᠶᠢᠭᠤᠯᠤᠯᠲᠠ ᠶᠢᠨ ᠰᠢᠶᠠᠨ ᠲᠣᠭᠤᠷᠢᠭ ᠤᠨ ᠢᠯᠡ ᠵᠠᠷᠯᠠᠬᠤ ᠨᠡᠷᠡᠰ
ᠨᠡᠶᠢᠲᠡᠯᠡᠭᠰᠡᠨ ᠴᠠᠭ᠄
2024/7/17
  ᠤᠰᠤᠨ ᠠᠰᠢᠭᠯᠠᠯᠲᠠ ᠶᠢᠨ ᠶᠠᠮᠤᠨ ᠤ ᠠᠯᠪᠠᠨ ᠲᠢᠩᠬᠢᠮ ᠤᠨ ︽ᠰᠢᠶᠠᠨ ᠤ ᠬᠡᠪᠴᠢᠶᠡᠨ ᠤ ᠬᠥᠳᠡᠭᠡ ᠲᠣᠰᠬᠤᠨ ᠤ ᠤᠤᠭᠤᠬᠤ ᠤᠰᠤᠨ ᠤ ᠠᠮᠤᠷ ᠲᠦᠪᠰᠢᠨ ᠢ ᠪᠠᠷᠢᠮᠵᠢᠶᠠᠵᠢᠭᠤᠯᠬᠤ ᠪᠦᠲᠦᠭᠡᠨ ᠪᠠᠶᠢᠭᠤᠯᠤᠯᠲᠠ ᠶᠢᠨ ᠠᠵᠢᠯ ᠢ ᠥᠷᠨᠢᠭᠦᠯᠬᠦ ᠲᠤᠬᠠᠶ ᠮᠡᠳᠡᠭᠳᠡᠯ︾ ︵ᠠᠯᠪᠠᠨ ᠲᠠᠷᠢᠶᠠᠯᠠᠩ ᠤᠰᠤ ﹇2024﹈ 55 ᠳ᠋ᠤᠭᠠᠷ ᠲᠣᠭᠠᠲᠤ︶ ᠤᠨ ᠬᠤᠯᠪᠣᠭᠳᠠᠯ ᠪᠦᠬᠦᠢ ᠱᠠᠭᠠᠷᠳᠠᠯᠭ᠎ᠠ ᠶᠢ ᠦᠨᠳᠦᠰᠦᠯᠡᠨ᠂ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ ᠡᠯ᠎ᠡ ᠭᠠᠵᠠᠷ ᠢ ᠵᠣᠬᠢᠶᠠᠨ ᠪᠠᠶᠢᠭᠤᠯᠤᠨ ᠰᠢᠶᠠᠨ ᠤ ᠬᠤᠲᠠ ᠶᠢᠨ ᠬᠥᠳᠡᠭᠡ ᠲᠣᠰᠬᠤᠨ ᠤ ᠤᠤᠭᠤᠬᠤ ᠤᠰᠤᠨ ᠤ ᠠᠮᠤᠷ ᠲᠦᠪᠰᠢᠨ ᠢ ᠪᠠᠷᠢᠮᠵᠢᠶᠠᠵᠢᠭᠤᠯᠬᠤ ᠪᠦᠲᠦᠭᠡᠨ ᠪᠠᠶᠢᠭᠤᠯᠤᠯᠲᠠ ᠶᠢ ᠦᠨᠡᠯᠡᠨ ᠲᠣᠭᠲᠠᠭᠠᠬᠤ ᠶᠢ ᠥᠷᠨᠢᠭᠦᠯᠵᠦ᠂ ᠰᠢᠶᠠᠨ ᠤ ᠱᠠᠲᠤᠨ ᠤ ᠥᠪᠡᠷ ᠢᠶᠠᠨ ᠰᠢᠯᠭᠠᠬᠤ᠂ ᠬᠤᠲᠠ ᠶᠢᠨ ᠱᠠᠲᠤᠨ ᠳᠤ ᠭᠤᠶᠤᠴᠢᠯᠠᠨ ᠮᠡᠳᠡᠭᠦᠯᠬᠦ᠂ ᠮᠤᠵᠢ ᠶᠢᠨ ᠱᠠᠲᠤᠨ ᠤ ᠠᠩᠬ᠎ᠠ ᠰᠢᠯᠭᠠᠬᠤ ᠵᠡᠷᠭᠡ ᠳᠡᠰ ᠳᠠᠷᠠᠭᠠᠯᠠᠯ ᠶᠣᠰᠣᠭᠠᠷ᠂ ᠪᠤᠭᠤᠲᠤ ᠬᠤᠲᠠ ᠶᠢᠨ ᠲᠦᠮᠡᠳ ᠪᠠᠷᠠᠭᠤᠨ ᠬᠤᠰᠢᠭᠤ ᠶᠢ ᠤᠰᠤᠨ ᠠᠰᠢᠭᠯᠠᠯᠲᠠ ᠶᠢᠨ ᠶᠠᠮᠤᠨ ᠤ 2024 ᠣᠨ ᠤ ᠰᠢᠶᠠᠨ ᠤ ᠬᠡᠪᠴᠢᠶᠡᠨ ᠤ ᠬᠥᠳᠡᠭᠡ ᠲᠣᠰᠬᠤᠨ ᠤ ᠤᠤᠭᠤᠬᠤ ᠤᠰᠤᠨ ᠤ ᠠᠮᠤᠷ ᠲᠦᠪᠰᠢᠨ ᠢ ᠪᠠᠷᠢᠮᠵᠢᠶᠠᠵᠢᠭᠤᠯᠬᠤ ᠪᠦᠲᠦᠭᠡᠨ ᠪᠠᠶᠢᠭᠤᠯᠤᠯᠲᠠ ᠶᠢ ᠮᠡᠳᠡᠭᠦᠯᠬᠦ ᠪᠠᠷ ᠪᠠᠶᠢᠨ᠎ᠠ᠃ ᠤᠨᠳᠤᠤ ᠰᠠᠨᠠᠯ ᠲᠠᠢ ᠪᠣᠯ᠂ ᠵᠠᠷᠯᠠᠨ ᠨᠡᠶᠢᠲᠡᠯᠡᠬᠦ ᠬᠤᠭᠤᠴᠠᠭᠠᠨ ᠳᠤ ᠳ᠋ᠢᠶᠠᠩᠬᠤᠸᠠ᠂ ᠪᠢᠴᠢᠭ ᠤᠨ ᠬᠡᠯᠪᠡᠷᠢ ᠪᠠᠷ ᠲᠤᠰᠬᠠᠵᠤ᠂ ᠪᠠᠶᠢᠴᠠᠭᠠᠨ ᠲᠣᠳᠣᠯᠠᠭᠠᠳ ᠭᠤᠶᠤᠴᠢᠯᠠᠨ ᠮᠡᠳᠡᠭᠦᠯᠬᠦ ᠨᠥᠬᠦᠴᠡᠯ ᠳᠤ ᠨᠡᠶᠢᠴᠡᠬᠦ ᠦᠭᠡᠢ ᠪᠣᠯ᠂ ᠲᠠᠨᠢᠯᠴᠠᠭᠤᠯᠬᠤ ᠬᠢᠷᠢ ᠬᠡᠮ ᠢ ᠨᠢ ᠬᠦᠴᠦᠨ ᠦᠭᠡᠢ ᠪᠣᠯᠭᠠᠬᠤ ᠬᠡᠷᠡᠭᠲᠡᠢ᠃ ᠬᠡᠷᠪᠡ ᠣᠨᠳᠣᠤ ᠰᠠᠨᠠᠯ ᠥᠬᠡᠶ ᠪᠣᠯ ᠵᠠᠷᠯᠠᠨ ᠨᠡᠶᠢᠲᠡᠯᠡᠬᠦ ᠬᠤᠭᠤᠴᠠᠭ᠎ᠠ ᠨᠢ ᠳᠦᠭᠦᠷᠦᠭᠰᠡᠨ ᠤ ᠳᠠᠷᠠᠭ᠎ᠠ ᠱᠠᠭᠠᠷᠳᠠᠯᠭ᠎ᠠ ᠶᠣᠰᠣᠭᠠᠷ ᠤᠰᠤᠨ ᠠᠰᠢᠭᠯᠠᠯᠲᠠ ᠶᠢᠨ ᠶᠠᠮᠤᠨ ᠳᠤ ᠮᠡᠳᠡᠭᠦᠯᠦᠨ᠎ᠡ᠃  ᠵᠠᠷᠯᠠᠨ ᠨᠡᠶᠢᠲᠡᠯᠡᠬᠦ ᠴᠠᠭ᠄ 2024 ᠣᠨ ᠤ 7 ᠳ᠋ᠤᠭᠠᠷ ᠰᠠᠷ᠎ᠠ ᠶᠢᠨ 17 ᠤ ᠡᠳᠦᠷ ᠠᠴᠠ 7 ᠳ᠋ᠤᠭᠠᠷ ᠰᠠᠷ᠎ᠠ ᠶᠢᠨ 23 ᠤ ᠡᠳᠦᠷ ᠪᠣᠯᠲᠠᠯ᠎ᠠ᠂ ᠨᠡᠶᠢᠲᠡ 5 ᠠᠵᠢᠯᠯᠠᠬᠤ ᠡᠳᠦᠷ  ᠬᠦᠯᠢᠶᠡᠨ ᠠᠪᠴᠤ ᠰᠢᠢᠳᠪᠦᠷᠢᠯᠡᠬᠦ ᠰᠠᠯᠠᠭ᠎ᠠ ᠮᠥᠴᠢᠷ᠄ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ ᠤᠨ ᠬᠦᠳᠡᠭᠡ ᠲᠤᠰᠬᠤᠨ ᠮᠠᠯᠵᠢᠬᠤ ᠤᠷᠤᠨ ᠤ ᠤᠰᠤᠨ ᠠᠰᠢᠭᠯᠠᠯᠲᠠ ᠶᠢᠨ ᠭᠠᠵᠠᠷ  ᠬᠠᠷᠢᠯᠴᠠᠬᠤ ᠤᠲᠠᠰᠤ᠄ 0471— 5259479  ᠬᠠᠶ᠋ᠢᠭ᠄ ᠬᠥᠬᠡᠬᠤᠲᠠ ᠶᠢᠨ ᠬᠥᠯᠥᠨ ᠡᠮᠦᠨ᠎ᠡ ᠵᠠᠮ ᠤᠨ 119 ᠳ᠋ᠦ᠋ᠭᠡᠷ ᠲᠣᠭᠠᠲᠤ ︵ᠰᠢᠤᠳᠠᠨ ᠨᠣᠮᠧᠷ 010020︶    ᠦᠪᠦᠷ ᠮᠣᠩᠭᠤᠯ ᠤᠨ ᠦᠪᠡᠷᠲᠡᠭᠡᠨ ᠵᠠᠰᠠᠬᠤ ᠤᠷᠤᠨ ᠤ ᠤᠰᠤᠨ ᠠᠰᠢᠭᠯᠠᠯᠲᠠ ᠶᠢᠨ ᠲᠢᠩᠬᠢᠮ  2024 ᠣᠨ ᠤ 7 ᠳ᠋ᠤᠭᠠᠷ ᠰᠠᠷ᠎ᠠ ᠶᠢᠨ 17 ᠤ ᠡᠳᠦᠷ 
 
ᠢᠷᠡᠯᠲᠡ᠄ ᠦᠪᠤᠷ ᠮᠣᠩᠭᠤᠯ ᠤᠨ ᠦᠪᠡᠷᠳᠡᠭᠡᠨ ᠵᠠᠰᠠᠬᠤ ᠣᠷᠣᠨ ᠤ ᠣᠰᠣᠨ ᠠᠰᠢᠠᠠᠯᠠᠯᠳᠡ ᠶᠢᠨ ᠳᠢᠩᠬᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号