ᠠᠷᠠᠳ ᠤᠨ ᠡᠳᠦᠷ ᠤᠨ ᠰᠣᠨᠢᠨ᠄ ᠡᠷᠲᠡᠨ ᠤ ᠤᠰᠤ ᠶᠢ ᠵᠠᠰᠠᠬᠤ ᠦᠢᠯᠡᠳᠦᠯᠭᠡ ᠠᠴᠠ ᠠᠮᠢ ᠠᠬᠤᠢ ᠶᠢᠨ ᠣᠶᠤᠨ ᠤᠬᠠᠭᠠᠨ ᠢ ᠰᠢᠩᠭᠡᠭᠡᠨ ᠠᠪᠤᠨ᠎ᠠ ︵ᠡᠷᠳᠡᠮ ᠰᠢᠨᠵᠢᠯᠡᠭᠡᠨ ᠤ ᠰᠤᠯᠠ ᠲᠡᠮᠳᠡᠭᠯᠡᠯ︶
ᠨᠡᠶᠢᠲᠡᠯᠡᠭᠰᠡᠨ ᠴᠠᠭ᠄
2024/7/17
  ᠶᠡᠷᠦᠩᠬᠡᠢ ᠱᠦᠵᠢ ᠰᠢ ᠶᠢᠨ ᠫᠢᠩ᠄ ︽ᠳᠤᠮᠳᠠᠳᠤ ᠶᠢᠨ ᠦᠨᠳᠦᠰᠦᠲᠡᠨ ᠶᠡᠷᠦ ᠠᠴᠠ ᠪᠠᠶᠢᠭᠠᠯᠢ ᠶᠢ ᠬᠦᠨᠳᠦᠳᠬᠡᠵᠦ᠂ ᠪᠠᠶᠢᠭᠠᠯᠢ ᠶᠢ ᠬᠠᠶᠢᠷᠠᠯᠠᠵᠤ᠂ 5000 ᠭᠠᠷᠤᠢ ᠵᠢᠯ ᠦᠷᠭᠦᠯᠵᠢᠯᠡᠭᠰᠡᠨ ᠳᠤᠮᠳᠠᠳᠤ ᠶᠢᠨ ᠪᠣᠯᠪᠠᠰᠤᠨ ᠨᠢ ᠡᠯᠪᠡᠭ ᠪᠠᠶᠠᠯᠢᠭ ᠠᠮᠢ ᠠᠬᠤᠢ ᠶᠢᠨ ᠰᠣᠶᠣᠯ ᠢ ᠪᠤᠢ ᠪᠣᠯᠭᠠᠵᠤ ᠪᠠᠶᠢᠨ᠎ᠠ︾᠃ ᠳᠤᠮᠳᠠᠳᠤ ᠶᠢᠨ ᠦᠨᠳᠦᠰᠦᠲᠡᠨ ᠥᠨᠢ ᠤᠳᠠᠭᠠᠨ ᠤᠰᠤ ᠵᠠᠰᠠᠭᠰᠠᠨ ᠲᠡᠦᠬᠡ ᠲᠠᠢ ᠪᠠᠶᠢᠵᠤ᠂ ᠤᠷᠳᠤ ᠬᠤᠭᠤᠴᠠᠭᠠᠨ ᠤ ᠤᠰᠤ ᠵᠠᠰᠠᠬᠤ ᠶᠠᠪᠤᠴᠠ ᠨᠢ ᠪᠣᠷᠣᠭᠵᠢᠭᠤᠨ ᠠᠮᠢ ᠠᠬᠤᠢ ᠶᠢᠨ ᠪᠣᠯᠪᠠᠰᠤᠨ ᠤ ᠣᠶᠢᠯᠠᠭᠠᠭᠳᠠᠬᠤᠨ ᠢ ᠲᠤᠭᠤᠰᠢᠯᠠᠭᠤᠯᠵᠤ ᠪᠠᠶᠢᠨ᠎ᠠ᠃ ᠳᠤᠮᠳᠠᠳᠤ ᠶᠢᠨ ᠤᠯᠠᠮᠵᠢᠯᠠᠯᠲᠤ ᠤᠰᠤ ᠶᠢ ᠵᠠᠰᠠᠬᠤ ᠰᠣᠶᠣᠯ ᠢ ᠢᠳᠡᠪᠬᠢᠲᠡᠶ ᠪᠠᠳᠠᠷᠠᠭᠤᠯᠵᠤ᠂ ᠲᠡᠭᠦᠨ ᠳᠤ ᠠᠭᠤᠯᠤᠭᠳᠠᠵᠤ ᠪᠠᠶᠢᠭ᠎ᠠ ᠠᠮᠢ ᠠᠬᠤᠶ ᠶᠢᠨ ᠣᠶᠤᠨ ᠤᠬᠠᠭᠠᠨ ᠢ ᠰᠢᠩᠭᠡᠭᠡᠨ ᠠᠪᠴᠤ᠂ ᠰᠢᠨ᠎ᠡ ᠴᠠᠭ ᠦᠶ᠎ᠡ ᠶᠢᠨ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠶᠢ ᠠᠬᠢᠭᠤᠯᠬᠤ᠂ ᠬᠥᠮᠦᠨ ᠬᠢᠭᠡᠳ ᠪᠠᠶᠢᠭᠠᠯᠢ ᠶᠢᠨ ᠡᠶ᠎ᠡ ᠵᠣᠬᠢᠴᠠᠯ ᠲᠠᠢ ᠪᠠᠷ ᠬᠠᠮᠲᠤ ᠣᠷᠣᠰᠢᠬᠤ ᠶᠢ ᠠᠬᠢᠭᠤᠯᠬᠤ ᠳᠤ ᠴᠢᠬᠤᠯᠠ ᠠᠴᠢ ᠬᠤᠯᠪᠣᠭᠳᠠᠯ ᠲᠠᠢ ᠭᠡᠵᠦ ᠵᠢᠭᠠᠵᠤ ᠭᠠᠷᠭᠠᠵᠠᠢ᠃  ᠮᠠᠨ ᠤ ᠤᠯᠤᠰ ᠤᠨ ᠡᠷᠲᠡᠨ ᠤ ᠤᠰᠤ ᠶᠢ ᠵᠠᠰᠠᠬᠤ ᠦᠢᠯᠡᠳᠦᠯᠭᠡ ᠳᠤ ᠠᠭᠤᠯᠤᠭᠳᠠᠵᠤ ᠪᠠᠶᠢᠭ᠎ᠠ ᠠᠮᠢ ᠠᠬᠤᠢ ᠶᠢᠨ ᠤᠶᠤᠨ ᠤᠬᠠᠭᠠᠨ ᠮᠠᠰᠢ ᠪᠠᠶᠠᠯᠢᠭ ᠪᠠᠶᠢᠵᠤ᠂ ᠡᠷᠲᠡᠨ ᠤ ᠬᠦᠮᠦᠰ ᠬᠢᠭᠡᠳ ᠤᠰᠤ᠂ ᠬᠥᠮᠦᠨ ᠬᠢᠭᠡᠳ ᠪᠠᠶᠢᠭᠠᠯᠢ ᠶᠢᠨ ᠬᠠᠷᠢᠴᠠᠭᠠᠨ ᠤ ᠲᠤᠬᠠᠶ ᠭᠦᠨᠵᠡᠭᠡᠶ ᠪᠣᠳᠣᠯᠬᠢᠯᠠᠭᠰᠠᠨ ᠢ ᠬᠠᠷᠠᠭᠤᠯᠵᠤ ᠪᠠᠶᠢᠨ᠎ᠠ᠃ ᠴᠠᠭ ᠬᠠᠨᠳᠤᠰᠢ ᠳᠤᠨᠢ ᠲᠣᠬᠢᠷᠠᠭᠤᠯᠤᠨ ᠬᠥᠲᠥᠯᠥᠨ ᠵᠢᠯᠣᠭᠤᠳᠴᠤ᠂ ᠪᠠᠶᠢᠭᠠᠯᠢ ᠶᠢᠨ ᠵᠢᠮ᠎ᠡ ᠶᠣᠰᠣ ᠶᠢ ᠵᠢᠷᠤᠮᠯᠠᠨ ᠤᠰᠤᠨ ᠠᠰᠢᠭᠯᠠᠯᠲᠠ ᠶᠢᠨ ᠢᠨᠵᠧᠨᠧᠷᠢᠩ ᠢ ᠪᠦᠲᠦᠭᠡᠨ ᠪᠠᠶᠢᠭᠤᠯᠬᠤ ᠨᠢ ᠳᠠᠷᠤᠶ ᠲᠡᠭᠦᠨ ᠤ ᠳᠣᠲᠣᠷᠠᠬᠢ ᠨᠡᠶᠢᠲᠡᠯᠢᠭ ᠲᠥᠯᠥᠭᠡᠯᠡᠭᠴᠢ ᠪᠣᠯᠤᠨ᠎ᠠ᠃ ᠶᠡᠷᠦᠩᠬᠡᠢ ᠱᠦᠵᠢ ᠰᠢ ᠶᠢᠨ ᠫᠢᠩ ᠪᠦᠬᠦ ᠤᠯᠤᠰ ᠤᠨ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠶᠡᠭᠡ ᠬᠤᠷᠠᠯ ᠳᠡᠭᠡᠷ᠎ᠡ᠄ ︽ᠪᠠᠶᠢᠯᠳᠤᠭᠠᠨᠳᠤ ᠤᠯᠤᠰ ᠤᠨ ᠦᠶ᠎ᠡ ᠳᠤ ᠪᠠᠶᠢᠭᠤᠯᠤᠭᠰᠠᠨ ᠳ᠋ᠦ᠋ ᠵᠢᠶᠠᠩ ᠶᠠᠨ ᠪᠣᠯ ᠣᠳᠣ ᠠᠴᠠ 2000 ᠭᠠᠷᠤᠢ ᠵᠢᠯ ᠤᠨ ᠲᠡᠦᠬᠡ ᠲᠠᠢ᠂ ᠳᠠᠷᠤᠢ ᠮᠢᠨ ᠵᠢᠶᠠᠩ ᠤᠨ ᠦᠶᠡᠷ ᠤᠰᠤᠲᠤᠯ ᠤᠨ ᠵᠢᠮ᠎ᠡ ᠶᠣᠰᠣ ᠪᠣᠯᠣᠨ ᠴᠧᠩᠳᠦ᠋ ᠶᠢᠨ ᠲᠠᠯ᠎ᠠ ᠭᠠᠵᠠᠷ ᠤᠨ ᠬᠦᠪᠡᠭᠡ ᠮᠥᠷᠡᠨ ᠤ ᠭᠠᠵᠠᠷ ᠤᠨ ᠪᠠᠶᠢᠴᠠ ᠶᠢᠨ ᠣᠨᠴᠠᠯᠢᠭ ᠢ ᠦᠨᠳᠦᠰᠦᠯᠡᠨ᠂ ᠪᠠᠶᠢᠳᠠᠯ ᠳᠤᠨᠢ ᠲᠤᠬᠢᠷᠠᠭᠤᠯᠤᠨ ᠪᠦᠲᠦᠭᠡᠨ ᠪᠠᠶᠢᠭᠤᠯᠵᠤ ᠪᠠᠶᠢᠭ᠎ᠠ ᠠᠮᠢ ᠠᠬᠤᠢ ᠶᠢᠨ ᠤᠰᠤᠨ ᠠᠰᠢᠭᠯᠠᠯᠲᠠ ᠶᠢᠨ ᠲᠤᠮᠤ ᠬᠡᠯᠪᠡᠷᠢ ᠶᠢᠨ ᠢᠨᠵᠧᠨᠧᠷᠢᠩ ᠨᠢ ᠲᠤᠬᠠᠢ ᠶᠢᠨ ᠦᠶ᠎ᠡ ᠳᠤ ᠪᠤᠶᠠᠨ ᠦᠢᠯᠡᠳᠦᠭᠰᠡᠨ ᠢᠶᠠᠷ ᠪᠠᠷᠠᠬᠤ ᠦᠭᠡᠢ᠂ ᠬᠤᠶᠢᠴᠢ ᠦᠶ᠎ᠡ ᠳᠤ ᠪᠠᠨ ᠴᠤ ᠪᠤᠶᠠᠨ ᠦᠢᠯᠡᠳᠦᠵᠡᠢ᠃ ᠳ᠋ᠦ᠋ ᠵᠢᠶᠠᠩ ᠶᠠᠨ ᠪᠣᠯ ᠮᠠᠨ ᠤ ᠤᠯᠤᠰ ᠤᠨ ᠡᠷᠲᠡᠨ ᠤ ᠦᠶ᠎ᠡ ᠶᠢᠨ ᠲᠥᠯᠥᠭᠡᠯᠡᠬᠦ ᠴᠢᠨᠠᠷᠲᠠᠢ ᠤᠰᠤᠨ ᠠᠰᠢᠭᠯᠠᠯᠲᠠ ᠶᠢᠨ ᠢᠨᠵᠧᠨᠧᠷᠢᠩ ᠪᠣᠯᠤᠨ᠎ᠠ᠂ ᠲᠡᠷᠡ ᠮᠢᠩᠭᠠᠨ ᠵᠢᠯ ᠤᠨ ᠪᠤᠶᠠᠨ ᠦᠢᠯᠡᠳᠦᠭᠰᠡᠨ ᠤ ᠤᠴᠢᠷ᠂ ᠶᠠᠭ ᠪᠠᠶᠢᠭᠠᠯᠢ ᠶᠢᠨ ᠠᠮᠢ ᠠᠬᠤᠢ ᠶᠢᠨ ᠵᠢᠮ᠎ᠡ ᠶᠣᠰᠣ ᠶᠢ ᠭᠦᠨᠵᠡᠭᠡᠢ ᠲᠠᠨᠢᠵᠤ ᠡᠵᠡᠮᠰᠢᠬᠦ ᠳᠤ ᠰᠠᠭᠤᠷᠢᠯᠠᠭᠰᠠᠨ ᠶᠤᠮ᠃ ᠳ᠋ᠦ᠋ ᠵᠢᠶᠠᠩ ᠶᠠᠨ ᠳᠠᠬᠢ ᠠᠭᠤᠯᠠᠨ ᠠᠮᠠᠨ ᠤ ᠪᠠᠶᠢᠴᠠ ᠪᠠ ᠤᠰᠤᠨ ᠤ ᠪᠠᠶᠢᠴᠠ ᠶᠢ ᠠᠰᠢᠭᠯᠠᠨ᠂ ᠵᠢᠭᠠᠰᠤᠨ ᠤ ᠠᠮᠠ ᠪᠠᠷ ᠤᠰᠤ ᠬᠤᠪᠢᠶᠠᠬᠤ ᠪᠠᠷ ᠳᠠᠮᠵᠢᠨ᠂ ᠬᠠᠰᠢᠯᠭ᠎ᠠ ᠶᠢᠨ ᠠᠮᠠᠰᠠᠷ ᠤᠨ ᠤᠷᠤᠰᠬᠠᠯ ᠤᠨ ᠬᠡᠮᠵᠢᠶ᠎ᠡ ᠶᠢ ᠡᠵᠡᠮᠳᠡᠵᠦ᠂ ᠬᠠᠰᠢᠯᠭ᠎ᠠ ᠦᠭᠡᠶ ᠤᠰᠤ ᠶᠢ ᠴᠧᠩᠳᠦ᠋ ᠶᠢᠨ ᠲᠠᠯ᠎ᠠ ᠭᠠᠵᠠᠷ ᠤᠷᠤᠭᠤ ᠲᠠᠲᠠᠨ ᠣᠷᠣᠭᠤᠯᠬᠤ ᠶᠢ ᠪᠡᠶᠡᠯᠡᠭᠦᠯᠵᠦ᠂       ᠤᠰᠤ᠂ ᠦᠶᠡᠷ ᠢ ᠰᠡᠷᠭᠡᠶᠢᠯᠡᠬᠦ᠂ ᠡᠯᠡᠰᠦ ᠶᠢ ᠵᠠᠯᠠᠬᠤ ᠵᠡᠷᠭᠡ ᠠᠰᠠᠭᠤᠳᠠᠯ ᠢ ᠨᠢᠭᠡᠳᠦᠯᠲᠡᠶ ᠰᠢᠢᠳᠪᠦᠷᠢᠯᠡᠵᠡᠢ᠃ ᠢᠨᠵᠧᠨᠧᠷᠢᠩ ᠤᠨ ᠠᠵᠢᠯᠯᠠᠭ᠎ᠠ ︽ᠳᠥᠷᠪᠡ ᠵᠢᠷᠭᠤᠭ᠎ᠠ ᠪᠠᠷ ᠤᠰᠤ ᠬᠤᠪᠢᠶᠠᠬᠤ︾ ᠵᠠᠷᠴᠢᠮ ᠢ ᠪᠠᠷᠢᠮᠲᠠᠯᠠᠨ᠎ᠠ᠂ ᠲᠤᠬᠠᠶᠢᠯᠠᠪᠠᠯ ᠤᠰᠤ ᠡᠯᠪᠡᠭ ᠬᠤᠭᠤᠴᠠᠭᠠᠨ ᠳᠤ ᠳᠣᠲᠣᠭᠠᠳᠤ ᠮᠥᠷᠡᠨ ᠤ ᠤᠰᠤ ᠣᠷᠣᠭᠤᠯᠤᠭᠰᠠᠨ ᠬᠡᠮᠵᠢᠶ᠎ᠡ ᠨᠢ ᠪᠠᠷᠤᠭ ᠳᠥᠷᠪᠡᠨ ᠬᠤᠪᠢ ᠣᠷᠴᠢᠮ ᠪᠠᠶᠢᠵᠤ᠂ ᠭᠠᠳᠠᠷ ᠮᠥᠷᠡᠨ ᠤ ᠤᠰᠤ ᠣᠷᠣᠭᠤᠯᠤᠭᠰᠠᠨ ᠬᠡᠮᠵᠢᠶ᠎ᠡ ᠨᠢ ᠪᠠᠷᠤᠭ ᠵᠢᠷᠭᠤᠭᠠᠨ ᠬᠤᠪᠢ ᠣᠷᠴᠢᠮ ᠪᠣᠯᠤᠨ᠎ᠠ︔ ᠤᠰᠤ ᠰᠢᠷᠬᠢᠬᠦ ᠬᠤᠭᠤᠴᠠᠭᠠᠨ ᠳᠤ ᠤᠰᠤ ᠬᠤᠪᠢᠶᠠᠬᠤ ᠬᠠᠷᠢᠴᠠᠯ ᠢ ᠲᠣᠬᠢᠷᠠᠭᠤᠯᠪᠠᠯ ᠳᠠᠷᠤᠶ ᠡᠯᠪᠡᠭ ᠬᠤᠷᠢᠶᠠᠯᠲᠠ ᠤᠯᠬᠤ ᠬᠤᠭᠤᠴᠠᠭᠠᠨ ᠳᠠᠬᠢ ᠳᠣᠲᠣᠭᠠᠳᠤ ᠭᠠᠳᠠᠭᠠᠳᠤ ᠶᠢᠨ ᠮᠥᠷᠡᠨ ᠤ ᠤᠰᠤᠨ ᠤ ᠬᠡᠮᠵᠢᠶ᠎ᠡ ᠴᠥᠮ 40% ᠠᠴᠠ ᠳᠤᠲᠠᠭᠤ ᠥᠬᠡᠶ ᠪᠠᠶᠢᠬᠤ ᠶᠢ ᠪᠠᠲᠤᠯᠠᠵᠤ᠂ ᠡᠭᠦᠨ ᠤ ᠤᠯᠠᠮ ᠠᠴᠠ ᠮᠢᠨ ᠵᠢᠶᠠᠩ ᠮᠥᠷᠡᠨ ᠤ ᠭᠤᠤᠯ ᠤᠷᠤᠰᠬᠠᠯ ᠤᠨ ᠠᠮᠢ ᠠᠬᠤᠶ ᠶᠢᠨ ᠤᠷᠤᠰᠬᠠᠯ ᠤᠨ ᠬᠡᠮᠵᠢᠶ᠎ᠡ ᠶᠢ ᠪᠦᠲᠦᠮᠵᠢᠲᠡᠶ ᠪᠠᠲᠤᠯᠠᠭᠰᠠᠨ ᠪᠠᠶᠢᠨ᠎ᠠ᠃      ᠪᠠᠰᠠ ᠵᠢᠱᠢᠶᠡᠯᠡᠪᠡᠯ᠂ ᠹᠦᠵᠢᠶᠠᠨ ᠤ ᠫᠦ᠋ ᠲᠢᠶᠠᠨ ᠳᠤ ᠪᠠᠶᠢᠭ᠎ᠠ ᠮᠦ ᠯᠠᠨ ᠫᠦᠸᠧ ᠢᠨᠵᠧᠨᠧᠷᠢᠩ ᠂ ᠡᠷᠲᠡᠨ ᠤ ᠦᠶ᠎ᠡ ᠶᠢᠨ ᠠᠷᠠᠳ ᠤᠨ ᠪᠠᠶᠢᠳᠠᠯ ᠢ ᠦᠨᠳᠦᠰᠦᠯᠡᠨ᠂ ᠪᠠᠶᠢᠭᠠᠯᠢ ᠶᠢᠨ ᠭᠠᠮᠰᠢᠭ ᠲᠠᠢ ᠲᠡᠮᠡᠴᠡᠬᠦ ᠣᠶᠤᠨ ᠤᠬᠠᠭᠠᠨ ᠢ ᠬᠠᠷᠠᠭᠤᠯᠵᠠᠢ᠃ ᠮᠦ ᠯᠠᠨ ᠫᠦᠸᠧ ᠶᠢᠨ ᠵᠡᠷᠭᠡᠯᠡᠳᠡᠭᠡ ᠮᠦ ᠯᠠᠨ ᠰᠢ ᠳᠠᠯᠠᠢ ᠳᠤ ᠣᠷᠣᠬᠤ ᠭᠠᠵᠠᠷ᠃ ᠲᠡᠦᠬᠡᠨ       ᠳᠡᠭᠡᠷ᠎ᠡ᠂ ᠡᠨᠡ ᠬᠦ ᠭᠠᠵᠠᠷ ᠣᠷᠣᠨ ᠳᠤ ᠦᠷᠭᠦᠯᠵᠢ ᠦᠶᠡᠷ ᠤᠨ ᠤᠰᠤ ᠲᠠᠲᠠᠷᠠᠨ᠂ ᠬᠡᠷᠪᠡ ᠳᠠᠯᠠᠶ ᠶᠢᠨ ᠤᠷᠤᠰᠬᠠᠯ ᠲᠣᠬᠢᠶᠠᠯᠳᠤᠪᠠᠯ᠂ ᠳᠠᠯᠠᠶ ᠶᠢᠨ ᠤᠰᠤ ᠴᠢᠳᠬᠤᠨ ᠢᠳᠡᠭᠳᠡᠵᠦ᠂ ᠭᠠᠵᠠᠷ ᠰᠢᠷᠣᠶ ᠬᠤᠵᠢᠷᠰᠢᠨ᠂ ᠬᠤᠶᠠᠷ ᠡᠷᠭᠢ ᠳᠤ ᠯᠣᠲᠣ ᠶᠡᠭᠡ ᠭᠠᠮᠰᠢᠭ ᠤᠴᠠᠷᠠᠭᠤᠯᠳᠠᠭ᠃ ᠡᠭᠦᠨ ᠤ ᠲᠤᠯᠠ ᠤᠷᠢᠳᠠᠪᠠᠷ ᠮᠦ ᠯᠠᠨ ᠫᠦᠸᠧ ᠢ ᠪᠠᠶᠢᠭᠤᠯᠤᠨ᠎ᠠ᠃ ᠡᠨᠡ ᠬᠦ ᠢᠨᠵᠧᠨᠧᠷᠢᠩ ᠠᠮᠵᠢᠯᠲᠠ ᠣᠯᠣᠭᠰᠠᠨ ᠨᠢ ᠤᠰᠤᠨ ᠵᠦᠢ ᠶᠢᠨ ᠵᠢᠮ᠎ᠡ ᠶᠣᠰᠣ ᠵᠢᠴᠢ ᠡᠷᠬᠢᠨ ᠲᠣᠭᠤᠷᠢᠨ ᠤ ᠭᠠᠵᠠᠷ ᠤᠨ ᠪᠠᠶᠢᠴᠠ ᠶᠢ ᠰᠢᠨᠵᠢᠯᠡᠬᠦ ᠤᠬᠠᠭᠠᠨᠴᠢ ᠪᠠᠷ ᠡᠵᠡᠮᠳᠡᠭᠰᠡᠨ ᠶᠠᠪᠤᠳᠠᠯ ᠪᠣᠯᠤᠨ᠎ᠠ᠂ ᠬᠠᠰᠢᠯᠭ᠎ᠠ ᠶᠢᠨ ᠪᠠᠶᠢᠷᠢ ᠶᠢ ᠳᠡᠭᠡᠳᠦ ᠤᠷᠤᠰᠬᠠᠯ ᠤᠨ ᠦᠶᠡᠷ ᠤᠨ ᠤᠰᠤ ᠪᠣᠯᠤᠨ ᠤᠷᠤᠰᠬᠠᠯ ᠤᠨ ᠦᠵᠦᠭᠦᠷ ᠤᠨ ᠠᠭᠤᠯᠵᠠᠷ ᠲᠤ ᠰᠣᠩᠭᠤᠭᠰᠠᠨ ︵ᠠᠳᠡᠬᠢ ᠬᠤᠶᠠᠷ ᠤᠰᠤᠨ ᠤ ᠬᠦᠴᠦᠨ ᠢ ᠬᠠᠮᠤᠭ ᠤᠨ ᠳᠣᠣᠷ᠎ᠠ ᠬᠡᠮᠵᠢᠶᠡᠨ ᠳᠤ ᠬᠦᠷᠲᠡᠯ᠎ᠡ ᠪᠠᠭᠠᠰᠬᠠᠬᠤ︶᠂ ᠭᠠᠵᠠᠷ ᠣᠷᠣᠨ ᠤ ᠪᠠᠶᠢᠳᠠᠯ ᠳᠠᠭᠠᠨ ᠲᠤᠬᠢᠷᠠᠭᠤᠯᠤᠨ ᠲᠤᠬᠠᠢ ᠶᠢᠨ ᠭᠠᠵᠠᠷ ᠤᠨ ᠣᠨᠴᠠᠯᠢᠭ ᠲᠠᠢ ᠬᠠᠰᠢᠯᠭ᠎ᠠ ᠶᠢᠨ ᠬᠡᠯᠪᠡᠷᠢ ᠶᠢ ᠬᠡᠷᠡᠭᠯᠡᠭᠰᠡᠨ ᠤ ᠳᠠᠷᠠᠭ᠎ᠠ ᠰᠠᠶ᠋ᠢ ᠮᠦ ᠯᠠᠨ ᠫᠦᠸᠧ ᠤᠳᠤ ᠪᠣᠯᠲᠠᠯ᠎ᠠ ᠰᠦᠨᠳᠡᠷᠯᠡᠭᠰᠡᠨ ᠪᠠᠶᠢᠨ᠎ᠠ᠃ ᠮᠦ ᠯᠠᠨ ᠫᠦᠸᠧ ᠡᠮᠦᠨ᠎ᠡ ᠤᠮᠠᠷ᠎ᠠ ᠳᠠᠯᠠᠶ ᠶᠢᠨ ᠲᠠᠯ᠎ᠠ ᠭᠠᠵᠠᠷ ᠤᠨ ᠭᠠᠩ ᠤᠰᠤᠳᠤᠯ᠂ ᠤᠰᠤᠲᠤᠯ᠂ ᠳᠦᠯᠭᠢᠭᠡᠨ ᠤ ᠭᠠᠮᠰᠢᠭ ᠤᠨ ᠰᠦᠷᠳᠡᠭᠦᠯᠦᠯ ᠢ ᠶᠡᠭᠡ ᠪᠠᠷ ᠪᠠᠭᠠᠰᠬᠠᠵᠤ᠂ ᠮᠢᠩᠭᠠᠨ ᠵᠢᠯ ᠢ ᠥᠩᠭᠡᠷᠡᠭᠡᠭᠡᠳ᠂ ᠦᠢᠯᠡᠳᠦᠯ ᠴᠢᠳᠠᠯ ᠨᠢ ᠦᠨᠢ ᠤᠳᠠᠭᠠᠨ ᠪᠠᠭᠤᠷᠠᠯ ᠦᠭᠡᠢ ᠪᠠᠳᠠᠷᠠᠭᠰᠠᠨ ᠪᠠᠶᠢᠨ᠎ᠠ᠃  ᠶᠡᠷᠦᠩᠬᠡᠢ ᠱᠦᠵᠢ ᠰᠢ ᠶᠢᠨ ᠫᠢᠩ᠄ ︽ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠲᠠᠯ᠎ᠠ ᠪᠠᠷ ᠪᠢᠳᠡ ︿ᠲᠠᠪᠤ ᠶᠢ ᠨᠢᠭᠡᠳᠦᠯᠲᠡᠢ ᠲᠥᠯᠥᠪᠵᠢᠭᠦᠯᠬᠦ﹀ ᠶᠢ ᠳᠤᠷᠠᠳᠪᠠ᠂ ᠤᠰᠤ ᠶᠢ ᠵᠠᠰᠠᠬᠤ ᠳᠠᠭᠠᠨ ᠪᠠᠶᠢᠭᠠᠯᠢ ᠶᠢᠨ ᠠᠮᠢ ᠠᠬᠤᠢ ᠶᠢᠨ ᠡᠯ᠎ᠡ ᠡᠯᠧᠮᠧᠨ᠋ᠲ ᠢ ᠨᠢᠭᠡᠳᠦᠯᠲᠡᠢ ᠲᠥᠯᠥᠪᠵᠢᠭᠦᠯᠬᠦ ᠬᠡᠷᠡᠭᠲᠡᠢ᠃ ᠰᠢᠰᠲ᠋ᠧᠮᠳᠦ ᠤᠨᠤᠯ ᠤᠨ ᠦᠵᠡᠯ ᠰᠠᠨᠠᠭᠠᠨ ᠤ ᠠᠷᠭ᠎ᠠ ᠪᠠᠷ ᠠᠰᠠᠭᠤᠳᠠᠯ ᠢ ᠦᠵᠡᠵᠦ᠂ ᠠᠮᠢ ᠠᠬᠤᠢ ᠶᠢᠨ ᠰᠢᠰᠲ᠋ᠧᠮ ᠪᠣᠯ ᠣᠷᠭᠠᠨᠢᠭ ᠠᠮᠢ ᠪᠡᠶ᠎ᠡ ᠮᠥᠨ᠂ ᠤᠰᠤ ᠶᠢ ᠵᠠᠰᠠᠬᠤ ᠪᠠ ᠠᠭᠤᠯᠠ ᠶᠢ ᠵᠠᠰᠠᠬᠤ᠂ ᠤᠰᠤ ᠶᠢ ᠵᠠᠰᠠᠬᠤ ᠪᠠ ᠤᠢ ᠰᠢᠭᠤᠢ ᠶᠢ ᠵᠠᠰᠠᠬᠤ᠂ ᠤᠰᠤ ᠶᠢ ᠵᠠᠰᠠᠬᠤ ᠪᠠ ᠲᠠᠷᠢᠶ᠎ᠠ ᠶᠢ ᠵᠠᠰᠠᠬᠤ᠂ ᠠᠭᠤᠯᠠ ᠶᠢ ᠵᠠᠰᠠᠬᠤ ᠪᠠ ᠤᠢ ᠰᠢᠭᠤᠢ ᠶᠢ ᠵᠠᠰᠠᠬᠤ ᠵᠡᠷᠭᠡ ᠶᠢ ᠨᠢᠭᠡᠳᠦᠯᠲᠡᠢ ᠲᠥᠯᠥᠪᠵᠢᠭᠦᠯᠪᠡᠯ ᠵᠣᠬᠢᠨ᠎ᠠ︾᠃ ᠰᠢᠰᠲ᠋ᠧᠮ ᠲᠠᠢ ᠵᠠᠰᠠᠬᠤ ᠶᠢ ᠴᠢᠬᠤᠯᠠᠴᠢᠯᠠᠵᠤ᠂ ᠤᠰᠤᠨ ᠤ ᠡᠯᠧᠮᠧᠨ᠋ᠲ ᠪᠣᠯᠤᠨ ᠠᠮᠢ ᠠᠬᠤᠢ ᠶᠢᠨ ᠰᠢᠰᠲ᠋ᠧᠮ ᠤᠨ ᠪᠦᠬᠦᠯᠢ ᠴᠣᠭᠴᠠ ᠶᠢᠨ ᠬᠠᠷᠢᠴᠠᠭ᠎ᠠ ᠶᠢ ᠰᠢᠨᠵᠢᠯᠡᠬᠦ ᠤᠬᠠᠭᠠᠨᠴᠢ ᠪᠠᠷ ᠡᠵᠡᠮᠳᠡᠬᠦ ᠪᠣᠯ ᠪᠠᠰᠠ ᠴᠤ ᠮᠠᠨ ᠤ ᠤᠯᠤᠰ ᠤᠨ ᠡᠷᠲᠡᠨ ᠤ ᠤᠰᠤ ᠶᠢ ᠵᠠᠰᠠᠬᠤ ᠦᠢᠯᠡᠳᠦᠯᠭᠡ ᠳᠤ ᠠᠭᠤᠯᠤᠭᠳᠠᠵᠤ ᠪᠠᠶᠢᠭ᠎ᠠ ᠨᠡᠶᠢᠲᠡᠯᠢᠭ ᠠᠮᠢ ᠠᠬᠤᠢ ᠶᠢᠨ ᠤᠶᠤᠨ ᠤᠬᠠᠭᠠᠨ ᠪᠣᠯᠤᠨ᠎ᠠ᠃ ᠡᠭᠦᠨ ᠤ ᠳᠣᠲᠣᠷ᠎ᠠ ᠶᠦᠨᠨᠠᠨ ᠤ ᠶᠤᠸᠠᠨ ᠶᠠᠩ ᠤᠨ ᠱᠠᠲᠤᠨ ᠲᠠᠷᠢᠶ᠎ᠠ᠂ ᠭᠤᠸᠠᠩᠰᠢ ᠶᠢᠨ ᠯᠦᠩ ᠵᠢᠢ ᠱᠠᠲᠤᠨ ᠲᠠᠷᠢᠶ᠎ᠠ᠂ ᠬᠤᠨᠠᠨ ᠤ ᠽᠢ ᠴᠢᠤᠸᠢ ᠶᠢᠨ ᠱᠠᠲᠤᠨ ᠲᠠᠷᠢᠶ᠎ᠠ ᠵᠡᠷᠭᠡ ᠡᠷᠲᠡᠨ ᠤ ᠱᠠᠲᠤᠨ ᠲᠠᠷᠢᠶᠠᠨ ᠤ ᠪᠦᠲᠦᠭᠡᠨ ᠪᠠᠶᠢᠭᠤᠯᠤᠯᠲᠠ ᠪᠣᠯ ᠡᠨᠡ ᠲᠠᠯ᠎ᠠ ᠶᠢᠨ ᠨᠡᠶᠢᠲᠡᠯᠢᠭ ᠲᠥᠯᠥᠭᠡᠯᠡᠭᠴᠢ ᠪᠣᠯᠤᠨ᠎ᠠ᠃ ᠱᠠᠲᠤᠨ ᠲᠠᠷᠢᠶ᠎ᠠ ᠪᠣᠯ ᠤᠢ ᠰᠢᠭᠤᠶ᠂ ᠤᠰᠤᠨ ᠰᠢᠰᠲ᠋ᠧᠮ᠂ ᠲᠠᠷᠢᠶᠠᠨ ᠭᠠᠵᠠᠷ ᠤᠨ ᠬᠠᠮᠲᠤ ᠶᠢᠨ ᠦᠢᠯᠡᠳᠦᠯ ᠦᠵᠡᠭᠦᠯᠦᠭᠰᠡᠨ ᠤ ᠦᠷ᠎ᠡ ᠳ᠋ᠦᠩ ᠮᠥᠨ᠂ ᠠᠭᠤᠯᠠᠨ ᠣᠷᠣᠢ ᠨᠢ ᠤᠰᠤᠨ ᠠᠭᠤᠷ ᠡᠯᠪᠡᠭ ᠪᠠᠶᠢᠵᠤ᠂ ᠤᠢ ᠰᠢᠭᠤᠶ ᠶᠢ ᠰᠢᠮᠡᠵᠢᠭᠦᠯᠦᠨ ᠪᠤᠶᠢᠵᠢᠭᠤᠯᠵᠤ᠂ ᠤᠢ ᠰᠢᠭᠤᠶ ᠶᠢ ᠭᠠᠵᠠᠷ ᠰᠢᠷᠣᠶ ᠳᠤ ᠨᠡᠪᠴᠢᠭᠦᠯᠦᠨ ᠭᠠᠳᠠᠭᠰᠢᠯᠠᠭᠤᠯᠵᠤ᠂ ᠭᠤᠤᠯ ᠭᠤᠷᠤᠬ᠎ᠠ ᠪᠠ ᠭᠠᠵᠠᠷ ᠳᠣᠤᠷᠠᠬᠢ ᠳᠠᠯᠳᠠ ᠣᠷᠣᠰᠬᠠᠯ ᠢ ᠪᠤᠢ ᠪᠣᠯᠭᠠᠵᠤ᠂ ᠠᠭᠤᠯᠠᠨ ᠪᠡᠯ ᠳᠤ ᠱᠠᠲᠤ ᠳᠠᠷᠠᠭᠠᠯᠠᠨ ᠬᠠᠰᠢᠵᠤ᠂ ᠱᠠᠲᠤᠨ ᠲᠠᠷᠢᠶ᠎ᠠ ᠶᠢ ᠬᠠᠩᠭᠠᠵᠤ ᠥᠭᠪᠡ᠃ ᠰᠠᠶᠢᠨ ᠰᠠᠶᠢᠬᠠᠨ ᠱᠠᠲᠤᠨ ᠲᠠᠷᠢᠶᠠᠨ ᠤ ᠰᠢᠰᠲ᠋ᠧᠮ ᠪᠣᠯ ᠡᠷᠲᠡᠨ ᠤ ᠬᠥᠳᠡᠯᠮᠦᠷᠢᠴᠢᠳ ᠠᠭᠤᠯᠠ ᠤᠰᠤ ᠤᠢ ᠮᠣᠳᠣ ᠭᠠᠵᠠᠷ ᠲᠠᠷᠢᠶᠠᠨ ᠤ ᠪᠠᠶᠢᠭᠠᠯᠢ ᠶᠢᠨ ᠡᠯᠧᠮᠧᠨ᠋ᠲ ᠢ ᠨᠢᠭᠡᠳᠦᠯᠲᠡᠢ ᠲᠥᠯᠥᠪᠵᠢᠭᠦᠯᠦᠨ ᠲᠠᠷᠢᠶᠠᠯᠠᠩ ᠤᠨ ᠦᠢᠯᠡᠳᠪᠦᠷᠢᠯᠡᠯ ᠢ ᠠᠬᠢᠭᠤᠯᠬᠤ ᠠᠮᠢ ᠠᠬᠤᠢ ᠶᠢᠨ ᠤᠶᠤᠨ ᠤᠬᠠᠭᠠᠨ ᠢ ᠬᠠᠷᠠᠭᠤᠯᠵᠤ ᠪᠠᠶᠢᠨ᠎ᠠ᠃ ᠮᠠᠨ ᠤ ᠤᠯᠤᠰ ᠤᠨ ᠡᠷᠲᠡᠨ ᠤ ᠱᠠᠳᠤᠨ ᠲᠠᠷᠢᠶᠠᠨ ᠤ ᠪᠦᠲᠦᠭᠡᠨ ᠪᠠᠶᠢᠭᠤᠯᠤᠯᠲᠠ ᠶᠢᠨ ᠦᠢᠯᠡᠳᠦᠯᠭᠡ ᠭᠡᠷᠡᠴᠢᠯᠡᠭᠰᠡᠨ ᠨᠢ᠂ ᠵᠢᠮ᠎ᠡ ᠶᠣᠰᠤ ᠶᠢ ᠡᠵᠡᠮᠰᠢᠵᠦ᠂ ᠠᠷᠭ᠎ᠠ ᠠᠪᠴᠠᠯ ᠨᠢ ᠲᠣᠬᠢᠷᠠᠮᠵᠢᠲᠠᠢ ᠯᠠ ᠶᠤᠮ ᠪᠣᠯ ᠳᠠᠷᠤᠢ ᠬᠥᠮᠥᠨ ᠤᠰᠤᠨ ᠤ ᠡᠶ᠎ᠡ ᠵᠣᠬᠢᠴᠠᠯ ᠢ ᠪᠡᠶᠡᠯᠡᠭᠦᠯᠵᠦ᠂ ᠲᠡᠭᠷᠢ ᠬᠥᠮᠥᠨ ᠬᠠᠷᠢᠯᠴᠠᠨ ᠠᠰᠢᠭᠲᠠᠢ ᠪᠠᠶᠢᠬᠤ ᠶᠢ ᠪᠡᠶᠡᠯᠡᠭᠦᠯᠵᠦ ᠴᠢᠳᠠᠨ᠎ᠠ ᠭᠡᠵᠦ ᠴᠢᠬᠤᠯᠠᠴᠢᠯᠠᠵᠠᠢ᠃  ᠡᠭᠦᠨ ᠠᠴᠠ ᠭᠠᠳᠠᠨ᠎ᠠ᠂ ᠬᠥᠮᠦᠨ ᠤ ᠪᠡᠶᠡᠴᠢ ᠴᠢᠳᠠᠮᠠᠭᠠᠶ ᠴᠢᠨᠠᠷ ᠢ ᠪᠠᠳᠠᠷᠠᠭᠤᠯᠬᠤ ᠶᠢ ᠴᠢᠬᠤᠯᠠᠴᠢᠯᠠᠵᠤ᠂ ᠤᠰᠤᠨ ᠠᠰᠢᠭᠯᠠᠯᠲᠠ ᠶᠢᠨ ᠪᠦᠲᠦᠭᠡᠨ ᠪᠠᠶᠢᠭᠤᠯᠤᠯᠲᠠ ᠪᠠᠷ ᠠᠮᠢ ᠠᠬᠤᠶ ᠶᠢᠨ ᠰᠢᠰᠲ᠋ᠧᠮ ᠢ ᠵᠣᠬᠢᠴᠠᠭᠤᠯᠤᠨ ᠬᠠᠮᠠᠭᠠᠯᠠᠬᠤ ᠪᠣᠯ ᠪᠠᠰᠠ ᠴᠤ ᠮᠠᠨ ᠤ ᠤᠯᠤᠰ ᠤᠨ ᠡᠷᠲᠡᠨ ᠤ ᠤᠰᠤ ᠶᠢ ᠵᠠᠰᠠᠬᠤ ᠦᠢᠯᠡᠳᠦᠯᠭᠡ ᠳᠤ ᠠᠭᠤᠯᠤᠭᠳᠠᠵᠤ ᠪᠠᠶᠢᠭ᠎ᠠ ᠠᠮᠢ ᠠᠬᠤᠶ ᠶᠢᠨ ᠴᠢᠬᠤᠯᠠ ᠣᠶᠤᠨ ᠤᠬᠠᠭᠠᠨ ᠪᠣᠯᠤᠨ᠎ᠠ᠃ ᠠᠵᠤ ᠠᠬᠤᠢ ᠶᠢᠨ ᠬᠦᠭᠵᠢᠯᠲᠠ ᠨᠢ ᠡᠬᠢ ᠪᠠᠶᠠᠯᠢᠭ ᠪᠤᠯᠤᠨ ᠠᠮᠢ ᠠᠬᠤᠢ ᠶᠢᠨ ᠤᠷᠴᠢᠨ ᠲᠤᠭᠤᠷᠢᠨ ᠢ ᠰᠢᠪᠬᠠᠵᠤ ᠪᠠᠶᠢᠭ᠎ᠠ ᠶᠠᠪᠤᠳᠠᠯ ᠪᠢᠰᠢ᠂ ᠠᠮᠢ ᠠᠬᠤᠢ ᠶᠢᠨ ᠤᠷᠴᠢᠨ ᠲᠤᠭᠤᠷᠢᠨ ᠤ ᠬᠠᠮᠠᠭᠠᠯᠠᠯᠲᠠ ᠨᠢ ᠴᠦ ᠠᠵᠤ ᠠᠬᠤᠢ ᠶᠢᠨ ᠬᠦᠭᠵᠢᠯᠲᠠ ᠪᠠᠨ ᠮᠤᠳᠤᠨ ᠳᠤ ᠠᠪᠠᠷᠢᠵᠤ ᠵᠢᠭᠠᠰᠦ ᠡᠷᠢᠵᠦ ᠪᠤᠯᠬᠤ ᠦᠭᠡᠢ ᠭᠡᠵᠦ ᠴᠢᠬᠤᠯᠠᠴᠢᠯᠠᠪᠠ᠃ ᠤᠰᠤ ᠵᠠᠰᠠᠬᠤ ᠵᠣᠷᠢᠯᠭ᠎ᠠ ᠨᠢ ᠬᠥᠮᠦᠨ ᠤ ᠬᠥᠭᠵᠢᠯᠲᠡ ᠶᠢᠨ ᠬᠡᠷᠡᠭᠴᠡᠭᠡ ᠶᠢ ᠬᠠᠩᠭᠠᠬᠤ ᠶᠢᠨ ᠲᠥᠯᠥᠭᠡ ᠶᠤᠮ᠂ ᠬᠠᠷᠢᠨ ᠭᠠᠮᠰᠢᠭ ᠠᠴᠠ ᠠᠪᠤᠷᠠᠬᠤ ᠳᠤ ᠯᠠ ᠬᠢᠵᠠᠭᠠᠷᠯᠠᠭᠳᠠᠬᠤ ᠪᠢᠰᠢ᠃ ᠣᠶᠢᠯᠠᠭᠠᠭᠳᠠᠬᠤᠨ ᠨᠢ ᠰᠢᠨᠵᠢᠯᠡᠬᠦ ᠤᠬᠠᠭᠠᠨᠴᠢ᠂ ᠠᠷᠭ᠎ᠠ ᠨᠢ ᠲᠣᠬᠢᠷᠠᠮᠵᠢᠲᠠᠢ ᠯᠠ ᠶᠤᠮ ᠪᠣᠯ ᠤᠰᠤᠨ ᠠᠰᠢᠭᠯᠠᠯᠲᠠ ᠶᠢᠨ ᠪᠦᠲᠦᠭᠡᠨ ᠪᠠᠶᠢᠭᠤᠯᠤᠯᠲᠠ ᠳᠤ ᠲᠣᠬᠢᠷᠠᠭᠤᠯᠤᠯᠲᠠ ᠬᠢᠬᠦ᠂ ᠪᠠᠶᠢᠭᠠᠯᠢ ᠶᠢᠨ ᠠᠮᠢ ᠠᠬᠤᠢ ᠶᠢᠨ ᠰᠢᠰᠲ᠋ᠧᠮ ᠤᠨ ᠴᠢᠳᠠᠮᠵᠢ ᠶᠢ ᠰᠠᠶᠢᠵᠢᠷᠠᠭᠤᠯᠤᠨ ᠰᠢᠯᠢᠳᠡᠭᠵᠢᠭᠦᠯᠵᠤ ᠪᠣᠯᠣᠨ᠎ᠠ᠃ ᠡᠨᠡ ᠲᠠᠯ᠎ᠠ ᠪᠠᠷ᠂ ᠮᠠᠨ ᠤ ᠤᠯᠤᠰ ᠤᠨ ᠡᠷᠲᠡᠨ ᠤ ᠦᠶ᠎ᠡ ᠶᠢᠨ ᠤᠰᠤ ᠵᠠᠰᠠᠬᠤ ᠦᠢᠯᠡᠳᠦᠯᠭᠡ ᠶᠢᠨ ᠳᠤᠮᠳᠠ ᠪᠠᠰᠠ ᠴᠥᠭᠡᠨ ᠪᠤᠰᠤ ᠠᠮᠢᠳᠤᠯᠢᠭ ᠬᠡᠷᠡᠭ ᠤᠨ ᠵᠢᠱᠢᠶ᠎ᠡ ᠪᠤᠢ᠂ ᠵᠦᠵᠢᠶᠠᠩ ᠮᠥᠷᠡᠨ ᠤ ᠭᠤᠷᠪᠠᠯᠵᠢᠨ ᠬᠤᠶᠢᠭ ᠤᠨ ᠭᠠᠵᠠᠷ ᠣᠷᠣᠨ ᠤ ︽ᠢᠯᠠᠮ᠎ᠠ ᠶᠢᠨ ᠵᠢᠭᠠᠰᠤᠨ ᠴᠥᠭᠦᠷᠥᠮ︾ ᠪᠣᠯ ᠳᠠᠷᠤᠢ ᠲᠡᠭᠦᠨ ᠤ ᠳᠣᠲᠣᠷᠠᠬᠢ ᠨᠡᠶᠢᠲᠡᠯᠢᠭ ᠲᠥᠯᠥᠭᠡᠯᠡᠭᠴᠢ ᠪᠣᠯᠣᠨ᠎ᠠ᠃ ᠵᠦᠵᠢᠶᠠᠩ ᠮᠥᠷᠡᠨ ᠤ ᠭᠤᠷᠪᠠᠯᠵᠢᠨ ᠬᠤᠶᠢᠭ ᠤᠨ ᠭᠠᠵᠠᠷ ᠣᠷᠣᠨ ᠨᠢ ᠲᠡᠦᠬᠡᠨ ᠳᠡᠭᠡᠷ᠎ᠡ ᠭᠠᠵᠠᠷ ᠤᠨ ᠪᠠᠶᠢᠴᠠ ᠨᠢ ᠨᠠᠮ ᠳᠣᠣᠷ᠎ᠠ ᠪᠠᠶᠢᠳᠠᠭ ᠠᠴᠠ ᠤᠰᠤ ᠨᠢ ᠵᠠᠯᠭᠠᠭ᠎ᠠ ᠪᠠᠷ ᠦᠷᠭᠦᠯᠵᠢᠯᠡᠵᠦ᠂ ᠵᠢᠯ ᠲᠤᠷᠰᠢ ᠦᠶᠡᠷ ᠤᠰᠤᠲᠤᠯ ᠲᠠᠰᠤᠷᠠᠭ᠎ᠠ ᠦᠭᠡᠢ ᠦᠷᠭᠦᠯᠵᠢᠯᠡᠵᠦ ᠪᠠᠶᠢᠪᠠ᠃ ᠲᠠᠷᠬᠠᠯᠲᠠ ᠶᠢᠨ ᠠᠶᠤᠯ ᠢ ᠬᠠᠰᠢᠷᠠᠲᠠᠯ᠎ᠠ ᠠᠮᠰᠠᠭᠰᠠᠨ ᠲᠤᠬᠠᠢ ᠶᠢᠨ ᠭᠠᠵᠠᠷ ᠤᠨ ᠡᠪᠦᠭᠡ ᠳᠡᠭᠡᠳᠦᠰ ᠪᠡᠶᠡᠴᠢ ᠴᠢᠳᠠᠮᠠᠭᠠᠢ ᠴᠢᠨᠠᠷ ᠢᠶᠠᠨ ᠭᠦᠢᠴᠡᠳ ᠪᠠᠳᠠᠷᠠᠭᠤᠯᠤᠨ᠂ ᠵᠠᠷᠢᠮ ᠬᠤᠲᠣᠭᠤᠷ ᠭᠠᠵᠠᠷ ᠲᠤ ᠨᠠᠭᠤᠷ ᠮᠠᠯᠲᠠᠵᠤ᠂ ᠮᠠᠯᠲᠠᠵᠤ ᠭᠠᠷᠭᠠᠭᠰᠠᠨ ᠰᠢᠪᠠᠷ ᠢᠶᠠᠨ ᠭᠠᠵᠠᠷ ᠤᠨ ᠭᠠᠳᠠᠷᠭᠤ ᠶᠢ ᠳᠦᠭᠦᠷᠭᠡᠨ ᠰᠠᠭᠤᠷᠢ ᠪᠣᠯᠭᠠᠵᠤ᠂ ᠰᠠᠭᠤᠷᠢ ᠳᠡᠭᠡᠷ᠎ᠡ ᠢᠯᠠᠮ᠎ᠠ ᠲᠠᠷᠢᠵᠦ᠂ ᠨᠠᠭᠤᠷ ᠳᠣᠲᠣᠷ᠎ᠠ ᠵᠢᠭᠠᠰᠤ ᠲᠡᠵᠢᠭᠡᠵᠦ᠂ ᠢᠯᠠᠮ᠎ᠠ ᠶᠢᠨ ᠨᠠᠪᠴᠢ ᠪᠠᠷ ᠬᠦᠷᠢ ᠪᠣᠶᠢᠵᠢᠭᠤᠯᠵᠤ᠂ ᠬᠦᠷᠢ ᠶᠢᠨ ᠡᠯᠡᠰᠦ ᠪᠠᠷ ᠵᠢᠭᠠᠰᠤ ᠲᠡᠵᠢᠭᠡᠵᠦ᠂ ᠨᠠᠭᠤᠷ ᠤᠨ ᠰᠢᠪᠠᠷ ᠢᠶᠠᠷ ᠢᠯᠠᠮ᠎ᠠ ᠶᠢ ᠪᠣᠷᠳᠣᠵᠤ᠂ ᠠᠭᠠᠵᠢᠮ ᠢᠶᠠᠷ ᠬᠤᠲᠣᠭᠤᠷ ᠭᠠᠵᠠᠷ ᠢ ᠥᠭᠡᠷᠡᠴᠢᠯᠡᠭᠡᠳ ᠨᠠᠷᠠᠲᠠᠢ ᠢᠯᠠᠮ᠎ᠠ ᠶᠢᠨ ᠰᠠᠭᠤᠷᠢ ᠵᠢᠭᠠᠰᠤᠨ ᠴᠥᠭᠦᠷᠥᠮ ᠪᠣᠯᠭᠠᠪᠠ᠃ ᠡᠨᠡ ᠬᠦ ᠠᠷᠭ᠎ᠠ ᠮᠠᠶ᠋ᠢᠭ ᠨᠢ ᠤᠰᠤᠲᠤᠯ ᠢ ᠠᠷᠢᠯᠭᠠᠬᠤ᠂ ᠤᠰᠤᠨ ᠤ ᠴᠢᠨᠠᠷ ᠢ ᠠᠶᠠᠨᠳᠠᠭᠠᠨ ᠴᠡᠪᠡᠷᠰᠢᠭᠦᠯᠬᠦ᠂ ᠠᠮᠢ ᠠᠬᠤᠶ ᠶᠢᠨ ᠰᠢᠰᠲ᠋ᠧᠮ ᠢ ᠲᠣᠬᠢᠷᠠᠭᠤᠯᠬᠤ ᠵᠡᠷᠭᠡ ᠶᠢ ᠤᠶᠠᠯᠳᠤᠭᠤᠯᠵᠤ᠂ ᠤᠰᠤ ᠶᠢ ᠵᠠᠰᠠᠬᠤ ᠠᠷᠭ᠎ᠠ ᠬᠡᠮᠵᠢᠶ᠎ᠡ ᠶᠢ ᠠᠮᠢ ᠠᠬᠤᠶ ᠶᠢᠨ ᠰᠢᠰᠲ᠋ᠧᠮ ᠳᠤ ᠣᠷᠭᠠᠨᠢᠭ ᠢᠶᠠᠷ ᠠᠭᠤᠰᠤᠯᠴᠠᠭᠤᠯᠵᠤ᠂ ᠦᠢᠯᠡᠳᠪᠦᠷᠢᠯᠡᠯ ᠠᠮᠢᠳᠤᠷᠠᠯ ᠳᠤ ᠠᠭᠤᠰᠤᠯᠴᠠᠭᠤᠯᠵᠤ᠂ ᠪᠠᠶᠢᠭᠠᠯᠢ ᠶᠢ ᠠᠰᠢᠭᠯᠠᠬᠤ ᠪᠠ ᠠᠮᠢ ᠠᠬᠤᠶ ᠶᠢ ᠵᠣᠬᠢᠴᠠᠭᠤᠯᠤᠨ ᠬᠠᠮᠠᠭᠠᠯᠠᠬᠤ ᠶᠢ ᠣᠷᠭᠠᠨᠢᠭ ᠢᠶᠠᠷ ᠤᠶᠠᠯᠳᠤᠭᠤᠯᠵᠤ᠂ ᠲᠤᠬᠠᠶ ᠶᠢᠨ ᠭᠠᠵᠠᠷ ᠤᠨ ᠠᠵᠤ ᠠᠬᠤᠶ ᠨᠡᠶᠢᠭᠡᠮ ᠤᠨ ᠬᠥᠭᠵᠢᠯᠲᠡ ᠶᠢ ᠪᠦᠲᠦᠮᠵᠢᠲᠡᠶ ᠠᠬᠢᠭᠤᠯᠪᠠ᠃ 
 
ᠢᠷᠡᠯᠲᠡ᠄ ᠠᠷᠠᠳ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号