ᠰᠢᠨᠬᠤᠸᠠ ᠬᠤᠷᠢᠶ᠎ᠠ᠄ ᠦᠶᠡᠷ ᠢ ᠰᠡᠷᠭᠡᠶᠢᠯᠡᠵᠦ ᠦᠶᠡᠷ ᠲᠠᠢ ᠲᠡᠮᠡᠴᠡᠬᠦ — ᠲᠤᠬᠠᠶ ᠶᠢᠨ ᠭᠠᠵᠠᠷ ᠤᠨ ᠤᠰᠤᠨ ᠠᠰᠢᠭᠯᠠᠯᠲᠠ ᠶᠢᠨ ᠰᠠᠯᠠᠭ᠎ᠠ ᠮᠥᠴᠢᠷ ᠲᠤ ᠠᠩᠬᠠᠷᠤᠯ ᠢᠶᠠᠨ ᠲᠥᠪᠯᠡᠷᠡᠭᠦᠯᠵᠦ ᠬᠥᠬᠡᠮᠥ᠋ᠷᠡᠨ ᠤ ᠤᠰᠤᠨ ᠴᠥᠭᠦᠷᠥᠮ ᠤᠨ ᠦᠶᠡᠷ ᠢ ᠬᠠᠰᠢᠵᠤ ᠦᠶᠡᠷ ᠢ ᠬᠠᠳᠠᠭᠠᠯᠠᠬᠤ ᠠᠵᠢᠯ ᠢ ᠰᠢᠨᠵᠢᠯᠡᠬᠦ ᠤᠬᠠᠭᠠᠨᠴᠢ ᠪᠠᠷ ᠲᠣᠬᠢᠷᠠᠭᠤᠯᠪᠠ
ᠨᠡᠶᠢᠲᠡᠯᠡᠭᠰᠡᠨ ᠴᠠᠭ᠄
2024/7/19
  17᠎ ᠤ ᠡᠳᠦᠷ ᠤᠰᠤᠨ ᠠᠰᠢᠭᠯᠠᠯᠲᠠ ᠶᠢᠨ ᠶᠠᠮᠤᠨ ᠠᠴᠠ ᠣᠶᠢᠯᠠᠭᠠᠭᠰᠠᠨ ᠢᠶᠠᠷ᠂ ᠪᠢᠯᠢᠭ ᠤᠨ ᠤᠯᠠᠷᠢᠯ ᠤᠨ ᠳᠦᠷᠪᠡᠳᠦᠭᠡᠷ ᠰᠠᠷ᠎ᠠ ᠤᠷᠤᠭᠰᠠᠨ ᠠᠴᠠ ᠨᠠᠭᠠᠰᠢ ᠬᠦᠬᠡ ᠮᠦᠷᠡᠨ ᠤ ᠰᠠᠪᠠ ᠭᠠᠵᠠᠷ ᠲᠤ 2024 ᠣᠨ ᠤ 1 ᠳ᠋ᠦ᠋ᠭᠡᠷ ᠲᠣᠭᠠᠲᠤ᠂ 2 ᠳ᠋ᠤᠭᠠᠷ ᠲᠣᠭᠠᠲᠤ ᠦᠶᠡᠷ ᠵᠠᠯᠭᠠᠪᠠᠷ ᠭᠠᠷᠴᠤ᠂ ᠤᠰᠤᠨ ᠠᠰᠢᠭᠯᠠᠯᠲᠠ ᠶᠢᠨ ᠰᠠᠯᠠᠭ᠎ᠠ ᠮᠥᠴᠢᠷ ᠬᠦᠬᠡ ᠮᠦᠷᠡᠨ ᠤ ᠤᠰᠤᠨ ᠴᠥᠭᠦᠷᠥᠮ ᠤᠨ ᠣᠯᠠᠨ ᠲᠦᠮᠡᠨ ᠤ ᠦᠶᠡᠷ ᠤᠨ ᠤᠰᠤ ᠶᠢ ᠰᠢᠨᠵᠢᠯᠡᠬᠦ ᠤᠬᠠᠭᠠᠨᠴᠢ ᠪᠠᠷ ᠲᠣᠬᠢᠷᠠᠭᠤᠯᠪᠠ᠃ 1 ᠳ᠋ᠤᠭᠡᠷ ᠲᠤᠭᠠᠲᠦ ᠦᠶᠡᠷ ᠤᠨ ᠬᠤᠭᠤᠴᠠᠭᠠᠨ ᠳᠤ ᠤᠰᠤᠨ ᠠᠰᠢᠭᠯᠠᠯᠲᠠ ᠶᠢᠨ ᠰᠠᠯᠠᠭ᠎ᠠ ᠮᠦᠴᠢᠷ᠂ ᠬᠦᠬᠡ ᠮᠦᠷᠡᠨ ᠤ ᠳᠡᠭᠡᠳᠦ ᠳᠤᠮᠳᠠ ᠤᠷᠤᠰᠬᠠᠯ ᠤᠨ ᠡᠵᠡᠮᠳᠡᠯ ᠤᠨ ᠴᠢᠨᠠᠷᠲᠠᠶ ᠤᠰᠤᠨ ᠴᠥᠬᠦᠷᠥᠮ ᠤᠨ ᠣᠯᠠᠨ ᠨᠡᠶᠢᠲᠡ 165 ᠳ᠋ᠦᠩᠰᠢᠭᠤᠷ ᠺᠦᠪ ᠮᠧᠲᠷ ᠦᠶᠡᠷ ᠢ ᠬᠠᠰᠢᠵᠠᠶ︔ 2 ᠳ᠋ᠤᠭᠠᠷ ᠲᠤᠭᠠᠲᠦ ᠦᠶᠡᠷ ᠤᠨ ᠤᠰᠤ ᠪᠤᠶ ᠪᠣᠯᠣᠭᠰᠠᠨ ᠤ ᠳᠠᠷᠠᠭ᠎ᠠ᠂ ᠭᠤᠷᠪᠠᠨ ᠬᠠᠪᠴᠢᠯ ᠤᠨ ᠤᠰᠤᠨ ᠴᠥᠬᠦᠷᠥᠮ ᠢᠶᠠᠷ ᠭᠤᠣᠯ ᠪᠣᠯᠭᠠᠭᠰᠠᠨ ᠬᠦᠬᠡ ᠮᠦᠷᠡᠨ ᠤ ᠳᠡᠭᠡᠳᠦ ᠤᠷᠤᠰᠬᠠᠯ ᠤᠨ ᠡᠵᠡᠮᠳᠡᠯ ᠤᠨ ᠴᠢᠨᠠᠷᠲᠠᠶ ᠤᠰᠤᠨ ᠴᠥᠬᠦᠷᠥᠮ ᠤᠨ ᠨᠡᠶᠢᠲᠡ 68.5 ᠳ᠋ᠦᠩᠰᠢᠭᠤᠷ ᠺᠦᠪ ᠮᠧᠲᠷ ᠤᠨ ᠦᠶᠡᠷ ᠢ ᠬᠠᠰᠢᠵᠠᠶ᠃  ᠤᠰᠤᠨ ᠠᠰᠢᠭᠯᠠᠯᠲᠠ ᠶᠢᠨ ᠶᠠᠮᠤᠨ ᠦᠶᠡᠷ ᠤᠨ ᠪᠠᠶᠢᠳᠠᠯ ᠤᠨ ᠮᠡᠳᠡᠭᠳᠡᠯ ᠨᠡᠶᠢᠲᠡᠯᠡᠵᠦ᠂ ᠣᠳᠣᠬᠠᠨ ᠳᠤ ᠶᠠᠭ ︽7 ᠳ᠋ᠤᠭᠠᠷ ᠰᠠᠷ᠎ᠠ ᠶᠢᠨ ᠰᠡᠭᠦᠯᠴᠢ 8 ᠳ᠋ᠤᠭᠠᠷ ᠰᠠᠷ᠎ᠠ ᠶᠢᠨ ᠡᠬᠢᠨ︾᠎ ᠤ ᠦᠶᠡᠷ ᠢ ᠰᠡᠷᠭᠡᠶᠢᠯᠡᠬᠦ ᠵᠠᠩᠭᠢᠯᠠᠭ᠎ᠠ ᠶᠢᠨ ᠬᠤᠭᠤᠴᠠᠭ᠎ᠠ ᠪᠠᠶᠢᠵᠤ᠂ ᠵᠢᠱᠢᠯᠲᠡ ᠪᠠᠷ 7 ᠳ᠋ᠤᠭᠠᠷ ᠰᠠᠷ᠎ᠠ ᠶᠢᠨ ᠰᠡᠭᠦᠯᠴᠢ ᠪᠠᠷ ᠲᠠᠶᠢᠹᠧᠩ ᠰᠠᠯᠬᠢ ᠮᠠᠨ ᠤ ᠤᠯᠤᠰ ᠢ ᠨᠥᠯᠥᠭᠡᠯᠡᠵᠦ᠂ ᠦᠶᠡᠷ ᠢ ᠰᠡᠷᠭᠡᠶᠢᠯᠡᠬᠦ ᠪᠠᠶᠢᠳᠠᠯ ᠪᠤᠳᠤᠯᠢᠶᠠᠨᠲᠠᠶ ᠪᠥᠭᠡᠳ ᠬᠦᠨᠳᠦ ᠨᠣᠴᠢᠲᠠᠶ ᠪᠠᠶᠢᠨ᠎ᠠ᠃ ᠤᠰᠤᠨ ᠠᠰᠢᠭᠯᠠᠯᠲᠠ ᠶᠢᠨ ᠶᠠᠮᠤᠨ ᠤ ᠬᠦᠬᠡ ᠮᠦᠷᠡᠨ ᠤ ᠤᠰᠤᠨ ᠠᠰᠢᠭᠯᠠᠯᠲᠠ ᠶᠢᠨ ᠵᠦᠪᠯᠡᠯ ᠤᠨ ᠰᠠᠪᠠ ᠭᠠᠵᠠᠷ ᠤᠨ ᠪᠦᠬᠦᠯᠢ ᠴᠣᠭᠴᠠ ᠶᠢᠨ ᠦᠶᠡᠷ ᠢ ᠰᠡᠷᠭᠡᠶᠢᠯᠡᠬᠦ ᠠᠮᠤᠷ ᠲᠦᠪᠰᠢᠨ ᠢ ᠨᠢᠭᠡᠳᠦᠯᠲᠡᠶ ᠲᠥᠯᠥᠪᠯᠡᠵᠦ᠂ ᠣᠳᠣᠬᠠᠨ ᠤ ᠳᠤᠮᠳᠠ ᠳᠣᠣᠷ᠎ᠠ ᠤᠷᠤᠰᠬᠠᠯ ᠤᠨ ᠬᠤᠷ᠎ᠠ ᠪᠣᠷᠣᠭᠠᠨ ᠪᠠᠭ᠎ᠠ ᠲᠣᠬᠢᠶᠠᠯ ᠢ ᠠᠳᠬᠤᠵᠤ᠂ ᠳᠣᠣᠷᠠᠲᠤ ᠤᠷᠤᠰᠬᠠᠯ ᠤᠨ ᠤᠰᠤ ᠵᠠᠯᠠᠬᠤ ᠴᠢᠳᠠᠪᠤᠷᠢ ᠶᠢ ᠠᠰᠢᠭᠯᠠᠵᠤ᠂ ᠭᠤᠷᠪᠠᠨ ᠬᠠᠪᠴᠢᠯ ᠤᠨ ᠤᠰᠤᠨ ᠴᠥᠭᠦᠷᠥᠮ ᠤᠨ ᠤᠷᠤᠰᠬᠠᠯ ᠤᠨ ᠬᠡᠮᠵᠢᠶ᠎ᠡ ᠶᠢ 43000 ᠺᠦᠪ ᠮᠧᠲᠷ ᠠᠴᠠ ᠰᠧᠺᠦ᠋ᠨ᠋ᠳ᠋ ᠪᠥᠷᠢ ᠬᠦᠮᠦᠷᠭᠡ ᠳᠤ ᠶᠡᠭᠦᠯᠡᠨ᠎ᠡ᠃ ᠡᠭᠦᠨ ᠤ ᠬᠠᠮᠲᠤ᠂ ᠭᠤᠷᠪᠠᠨ ᠬᠠᠪᠴᠢᠯ ᠤᠨ ᠤᠰᠤᠨ ᠴᠥᠭᠦᠷᠥᠮ ᠠᠴᠠ ᠳᠡᠭᠡᠭᠰᠢᠬᠢ ᠡᠵᠡᠮᠳᠡᠯ ᠤᠨ ᠴᠢᠨᠠᠷᠲᠠᠶ ᠤᠰᠤᠨ ᠴᠥᠭᠦᠷᠥᠮ ᠤᠨ ᠪᠦᠯᠦᠭᠵᠢᠯ ᠢ ᠦᠷᠭᠦᠯᠵᠢᠯᠡᠨ ᠬᠠᠮᠲᠤᠷᠠᠨ ᠲᠣᠬᠢᠷᠠᠭᠤᠯᠵᠤ᠂ ᠭᠤᠷᠪᠠᠨ ᠬᠠᠪᠴᠢᠯ ᠤᠨ ᠤᠰᠤᠨ ᠴᠥᠭᠦᠷᠥᠮ ᠤᠨ ᠤᠰᠤᠨ ᠲᠦᠪᠰᠢᠨ ᠢ 160 ᠮᠧᠲᠷ ᠵᠢᠴᠢ ᠲᠡᠭᠦᠨ ᠠᠴᠠ ᠳᠣᠷᠣᠭᠰᠢ ᠪᠣᠯᠭᠠᠬᠤ ᠪᠠᠷ ᠴᠢᠷᠮᠠᠶᠢᠨ᠎ᠠ᠃  ᠬᠦᠬᠡ ᠮᠦᠷᠡᠨ ᠤ 1 ᠳ᠋ᠦ᠋ᠭᠡᠷ ᠲᠤᠭᠠᠲᠦ ᠦᠶᠡᠷ ᠤᠨ ᠬᠤᠭᠤᠴᠠᠭᠠᠨ ᠳᠤ ᠂ ᠦᠶᠡᠷ ᠤᠨ ᠤᠰᠤ ᠶᠢ ᠠᠷᠭᠠᠴᠠᠬᠤ ᠬᠤᠭᠤᠴᠠᠭᠠᠨ ᠳᠤ ᠬᠦᠬᠡ ᠮᠦᠷᠡᠨ ᠤ ᠺᠣᠮᠫᠠᠨᠢ ᠶᠢᠨ ᠬᠠᠮᠢᠶᠠᠲᠠᠶ ᠰᠠᠯᠠᠭ᠎ᠠ ᠮᠦᠴᠢᠷ ᠲᠠᠢ ᠬᠠᠮᠵᠢᠯᠴᠠᠨ᠂ ᠬᠦᠬᠡ ᠮᠦᠷᠡᠨ ᠤ ᠳᠡᠭᠡᠳᠦ ᠳᠤᠮᠳᠠ ᠤᠷᠤᠰᠬᠠᠯ ᠤᠨ ᠡᠵᠡᠮᠳᠡᠯ ᠤᠨ ᠴᠢᠨᠠᠷᠲᠠᠶ ᠤᠰᠤᠨ ᠴᠥᠭᠦᠷᠥᠮ ᠤᠨ ᠣᠯᠠᠨ ᠲᠦᠮᠡᠨ ᠪᠠᠷᠤᠭ 165 ᠳ᠋ᠦᠩᠰᠢᠭᠤᠷ ᠺᠦᠪ ᠮᠧᠲᠷ ᠦᠶᠡᠷ ᠢ ᠬᠠᠰᠢᠵᠤ᠂ ᠡᠭᠦᠨ ᠳᠤ ᠭᠤᠷᠪᠠᠨ ᠬᠠᠪᠴᠢᠯ ᠤᠨ ᠤᠰᠤᠨ ᠴᠥᠭᠦᠷᠥᠮ ᠤᠨ ᠦᠶᠡᠷ ᠢ 74 ᠳ᠋ᠦᠩᠰᠢᠭᠤᠷ ᠪᠣᠰᠤᠭ᠎ᠠ ᠳᠥᠷᠪᠡᠯᠵᠢᠨ ᠮᠧᠲᠷ ᠬᠠᠰᠢᠵᠤ᠂ ᠳᠤᠮᠳᠠ ᠳᠣᠣᠷᠠᠳᠤ ᠤᠷᠤᠰᠬᠠᠯ ᠤᠨ ᠭᠤᠤᠯ ᠤᠷᠤᠰᠬᠠᠯ ᠤᠨ ᠤᠰᠤᠨ ᠲᠦᠪᠰᠢᠨ ᠤ 0.4᠎ ᠠᠴᠠ 1.7 ᠮᠧᠲᠷ ᠳᠣᠷᠣᠭᠰᠢᠯᠠᠭᠤᠯᠵᠤ᠂ ᠬᠤᠲᠠ ᠶᠢᠨ ᠯᠢᠩ ᠾᠧ ᠭᠤᠣᠯ ᠤᠨ ᠬᠡᠰᠡᠭ ᠵᠢᠴᠢ ᠳ᠋ᠦᠩ ᠲᠢᠩ ᠬᠤ᠋ ᠨᠠᠭᠤᠷ ᠤᠨ ᠣᠷᠣᠨ ᠤ ᠤᠰᠤᠨ ᠲᠦᠪᠰᠢᠨ ᠪᠠᠲᠤᠯᠠᠭ᠎ᠠ ᠶᠢᠨ ᠤᠰᠤᠨ ᠲᠦᠪᠰᠢᠨ ᠪᠠ ᠴᠧᠩ ᠯᠢᠩ ᠵᠢᠢ ᠶᠢᠨ ᠣᠶᠢᠷ᠎ᠠ ᠬᠠᠪᠢ ᠶᠢᠨ ᠭᠠᠵᠠᠷ ᠣᠷᠣᠨ ᠤ ᠦᠶᠡᠷ ᠢ ᠨᠠᠮᠳᠠᠭᠤᠯᠬᠤ ᠣᠷᠣᠨ ᠳᠤ ᠬᠡᠷᠡᠭᠯᠡᠬᠦ ᠠᠴᠠ ᠵᠠᠶᠢᠯᠠᠰᠬᠢᠵᠦ᠂ ᠭᠠᠮᠰᠢᠭ ᠤᠨ ᠬᠤᠬᠢᠷᠠᠯ ᠢ 520 ᠳ᠋ᠦᠩᠰᠢᠭᠤᠷ ᠲᠥᠭᠦᠷᠢᠭ ᠪᠠᠭᠠᠰᠬᠠᠨ᠂ 260 ᠲᠦᠮᠡᠨ ᠮᠦ ᠲᠠᠷᠢᠶᠠᠨ ᠭᠠᠵᠠᠷ ᠢ ᠤᠰᠤᠨ ᠳᠤ ᠠᠪᠲᠠᠬᠤ ᠠᠴᠠ ᠵᠠᠶᠢᠯᠠᠰᠬᠢᠵᠦ᠂ 200 ᠲᠦᠮᠡᠨ ᠬᠥᠮᠦᠨ ᠢ ᠰᠢᠯᠵᠢᠭᠦᠯᠬᠦ ᠠᠴᠠ ᠵᠠᠶᠢᠯᠠᠰᠬᠢᠵᠠᠢ᠃  7 ᠳ᠋ᠤᠭᠠᠷ ᠰᠠᠷ᠎ᠠ ᠶᠢᠨ 11᠎ ᠤ ᠡᠳᠦᠷ ᠤᠨ 18 ᠴᠠᠭ ᠳᠤ᠂ 2 ᠳ᠋ᠤᠭᠠᠷ ᠲᠤᠭᠠᠲᠦ ᠦᠶᠡᠷ ᠤᠨ ᠤᠰᠤ ᠬᠦᠬᠡ ᠮᠦᠷᠡᠨ ᠤ ᠳᠡᠭᠡᠳᠦ ᠤᠷᠤᠰᠬᠠᠯ ᠳᠤ ᠪᠥᠷᠢᠯᠳᠦᠪᠡ᠃ ᠬᠦᠬᠡ ᠮᠦᠷᠡᠨ ᠤ ᠵᠦᠪᠯᠡᠯ ᠪᠣᠯᠣᠨ ᠬᠦᠬᠡ ᠮᠦᠷᠡᠨ ᠤ ᠤᠰᠤᠨ ᠠᠰᠢᠭᠯᠠᠯᠲᠠ ᠶᠢᠨ ᠰᠠᠯᠠᠭ᠎ᠠ ᠮᠦᠴᠢᠷ᠂ ᠤᠯᠤᠰ ᠤᠨ ᠴᠠᠬᠢᠯᠭᠠᠨ ᠲᠣᠤᠷ ᠤᠨ ᠺᠣᠮᠫᠠᠨᠢ ᠬᠠᠷᠢᠯᠴᠠᠨ ᠵᠣᠬᠢᠴᠠᠯᠳᠤᠵᠤ᠂ ᠭᠤᠷᠪᠠᠨ ᠬᠠᠪᠴᠢᠯ ᠤᠨ ᠤᠰᠤᠨ ᠴᠥᠬᠦᠷᠥᠮ ᠢᠶᠠᠷ ᠭᠤᠣᠯ ᠪᠣᠯᠭᠠᠭᠰᠠᠨ ᠬᠦᠬᠡ ᠮᠦᠷᠡᠨ ᠤ ᠳᠡᠭᠡᠳᠦ ᠤᠷᠤᠰᠬᠠᠯ ᠤᠨ ᠡᠵᠡᠮᠳᠡᠯ ᠤᠨ ᠴᠢᠨᠠᠷᠲᠠᠶ ᠤᠰᠤᠨ ᠴᠥᠬᠦᠷᠥᠮ ᠳᠤ ᠰᠢᠨᠵᠢᠯᠡᠬᠦ ᠤᠬᠠᠭᠠᠨᠴᠢ ᠪᠠᠷ ᠲᠣᠬᠢᠷᠠᠭᠤᠯᠤᠯᠲᠠ ᠬᠢᠵᠦ᠂ 68.5 ᠳ᠋ᠦᠩᠰᠢᠭᠤᠷ ᠺᠦᠪ ᠮᠧᠲᠷ ᠦᠶᠡᠷ ᠢ ᠬᠠᠰᠢᠵᠠᠶ᠂ ᠡᠭᠦᠨ ᠳᠤ ᠭᠤᠷᠪᠠᠨ ᠬᠠᠪᠴᠢᠯ ᠤᠨ ᠤᠰᠤᠨ ᠴᠥᠭᠦᠷᠥᠮ ᠤᠨ ᠦᠶᠡᠷ ᠢ 52.8 ᠳ᠋ᠦᠩᠰᠢᠭᠤᠷ ᠪᠣᠰᠤᠭ᠎ᠠ ᠳᠥᠷᠪᠡᠯᠵᠢᠨ ᠮᠧᠲᠷ ᠬᠠᠰᠢᠵᠤ᠂ ᠳᠡᠭᠡᠳᠦ ᠤᠷᠤᠰᠬᠠᠯ ᠤᠨ ᠤᠰᠤᠨ ᠴᠥᠭᠦᠷᠥᠮ ᠤᠨ ᠪᠦᠯᠦᠭ ᠤᠨ ᠦᠶᠡᠷ ᠢ ᠬᠠᠰᠢᠭᠰᠠᠨ ᠬᠡᠮᠵᠢᠶ᠎ᠡ ᠶᠢᠨ 77%᠎ ᠶᠢ ᠡᠵᠡᠯᠡᠵᠦ᠂ ᠳᠤᠮᠳᠠ ᠳᠣᠣᠷᠠᠳᠤ ᠤᠷᠤᠰᠬᠠᠯ ᠤᠨ ᠭᠤᠣᠯ ᠤᠷᠤᠰᠬᠠᠯ ᠤᠨ ᠤᠰᠤᠨ ᠲᠦᠪᠰᠢᠨ ᠢ 0.7᠎ ᠠᠴᠠ 3.1 ᠮᠧᠲᠷ ᠪᠠᠭᠤᠷᠠᠭᠤᠯᠵᠤ᠂ ᠬᠦᠬᠡ ᠮᠦᠷᠡᠨ ᠤ ᠳᠤᠮᠳᠠ ᠤᠷᠤᠰᠬᠠᠯ ᠤᠨ ᠭᠤᠣᠯ ᠤᠷᠤᠰᠬᠠᠯ ᠤᠨ ᠢᠴᠠᠩ ᠠᠴᠠ ᠱᠠ ᠬᠤᠲᠠ ᠬᠦᠷᠬᠦ ᠪᠠᠷᠤᠭ 147 ᠺᠢᠯᠣᠮᠧᠲᠷ ᠤᠨ ᠮᠥᠷᠡᠨ ᠤ ᠬᠡᠰᠡᠭ ᠤᠨ ᠰᠡᠷᠡᠮᠵᠢ ᠶᠢᠨ ᠤᠰᠤᠨ ᠲᠦᠪᠰᠢᠨ ᠠᠴᠠ ᠳᠠᠪᠠᠭ᠋ᠤ ᠠᠴᠠ ᠵᠠᠶᠢᠯᠠᠰᠬᠢᠵᠦ᠂ ᠱᠠ ᠬᠤᠲᠠ ᠠᠴᠠ ᠵᠢᠶᠠᠨ ᠯᠢ ᠬᠦᠷᠬᠦ ᠪᠠᠷᠤᠭ 206 ᠺᠢᠯᠣᠮᠧᠲᠷ ᠤᠨ ᠮᠥᠷᠡᠨ ᠤ ᠬᠡᠰᠡᠭ ᠤᠨ ᠪᠠᠲᠤᠯᠠᠭᠠᠲᠤ ᠤᠰᠤᠨ ᠲᠦᠪᠰᠢᠨ ᠠᠴᠠ ᠳᠠᠪᠠᠭ᠋ᠤ ᠠᠴᠠ ᠵᠠᠶᠢᠯᠠᠰᠬᠢᠵᠠᠢ᠃  ᠤᠰᠤᠨ ᠠᠰᠢᠭᠯᠠᠯᠲᠠ ᠶᠢᠨ ᠶᠠᠮᠤᠨ ᠤ ᠬᠠᠮᠢᠶ᠎ᠠ ᠪᠦᠬᠦᠢ ᠬᠠᠷᠢᠭᠤᠴᠠᠯᠭᠠᠲᠠᠨ ᠢᠯᠡᠷᠬᠡᠶᠢᠯᠡᠭᠰᠡᠨ ᠨᠢ᠂ ᠲᠠᠷᠠᠭᠠᠴᠢ ᠶᠢᠨ ᠠᠯᠬᠤᠮ ᠳᠤ᠂ ᠤᠰᠤᠨ ᠠᠰᠢᠭᠯᠠᠯᠲᠠ ᠶᠢᠨ ᠰᠠᠯᠠᠭ᠎ᠠ ᠮᠥᠴᠢᠷ ᠤᠨ ᠬᠢᠨ ᠪᠣᠷᠣᠭᠠᠨ ᠤ ᠪᠠᠶᠢᠳᠠᠯ᠂ ᠤᠰᠤᠨ ᠤ ᠪᠠᠶᠢᠳᠠᠯ ᠢ ᠦᠷᠭᠦᠯᠵᠢᠯᠡᠨ ᠨᠢᠭᠲᠠ ᠬᠢᠨᠠᠨ ᠠᠵᠢᠭᠯᠠᠵᠤ᠂ ᠦᠷᠭᠦᠯᠵᠢᠯᠡᠨ ᠲᠥᠰᠦᠭᠡᠯᠡᠵᠦ ᠤᠷᠢᠳᠴᠢᠯᠠᠨ ᠮᠡᠳᠡᠭᠡᠯᠡᠬᠦ ᠪᠠᠨ ᠴᠢᠩᠭᠠᠳᠬᠠᠵᠤ᠂ ᠲᠣᠬᠢᠷᠠᠭᠤᠯᠤᠨ ᠵᠥᠪᠳᠡᠯᠴᠡᠬᠦ ᠶᠢ ᠴᠢᠩᠭᠠᠳᠬᠠᠵᠤ᠂ ᠬᠥᠬᠡᠮᠥ᠋ᠷᠡᠨ ᠤ ᠵᠥᠪᠯᠡᠯ ᠤᠨ ᠭᠤᠷᠪᠠᠨ ᠬᠠᠪᠴᠢᠯ ᠤᠨ ᠤᠰᠤᠨ ᠴᠥᠭᠦᠷᠥᠮ ᠢᠶᠠᠷ ᠭᠤᠣᠯ ᠪᠣᠯᠭᠠᠭᠰᠠᠨ ᠰᠠᠪᠠ ᠭᠠᠵᠠᠷ ᠤᠨ ᠡᠵᠡᠮᠰᠢᠯ ᠤᠨ ᠴᠢᠨᠠᠷᠲᠠᠢ ᠤᠰᠤᠨ ᠴᠥᠭᠦᠷᠥᠮ ᠢ ᠰᠢᠨᠵᠢᠯᠡᠬᠦ ᠤᠬᠠᠭᠠᠨᠴᠢ ᠪᠠᠷ ᠤᠨᠢᠨ ᠳᠡᠭᠡᠷ᠎ᠡ ᠨᠢ ᠲᠤᠬᠢᠷᠠᠭᠤᠯᠬᠤ ᠶᠢ ᠵᠢᠯᠣᠭᠤᠳᠴᠤ᠂ ᠬᠥᠬᠡᠮᠥ᠋ᠷᠡᠨ ᠤ ᠠᠮᠤᠷ ᠲᠦᠪᠰᠢᠨ ᠢ ᠪᠠᠲᠤᠯᠠᠨ᠎ᠠ ᠭᠡᠵᠦ ᠢᠯᠡᠳᠬᠡᠪᠡ᠃ 
 
ᠢᠷᠡᠯᠲᠡ᠄ ᠰᠢᠨᠬᠤᠸᠠ ᠬᠤᠷᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号