ᠥᠪᠥᠷ ᠮᠣᠩᠭᠤᠯ ᠦᠶᠡᠷ ᠢ ᠰᠡᠷᠭᠡᠶᠢᠯᠡᠬᠦ ︽ᠰᠠᠨᠠᠭᠠᠴᠢᠯᠠᠭᠠᠲᠤ ᠳᠠᠶᠢᠯᠠᠯᠳᠤᠭᠠᠨ︾ ᠢ ᠢᠳᠡᠪᠬᠢᠲᠡᠶ ᠰᠠᠶᠢᠲᠤᠷ ᠬᠢᠪᠠ
ᠨᠡᠶᠢᠲᠡᠯᠡᠭᠰᠡᠨ ᠴᠠᠭ᠄
2024/7/22
  ︽ᠡᠷᠬᠡ ᠲᠡᠭᠰᠢ᠂ ᠲᠥᠪ ᠭᠤᠣᠯᠴᠢ᠂ ᠢᠯᠡ ᠲᠣᠳᠣ︾ ᠪᠠᠶᠢᠬᠤ ᠵᠠᠷᠴᠢᠮ ᠶᠣᠰᠣᠭᠠᠷ᠂ ᠮᠠᠨ ᠤ ᠲᠥᠪ ᠣᠲᠣ ᠢᠯᠡ ᠪᠠᠷ ᠳᠠᠭᠠᠭᠠᠴᠢᠯᠠᠯᠲᠠ ᠵᠠᠷᠯᠠᠬᠤ ᠶᠢᠨ ᠣᠷᠣᠯᠠᠬᠤ ᠪᠠᠶᠢᠭᠤᠯᠤᠮᠵᠢ ᠶᠢ ᠰᠣᠩᠭᠤᠬᠤ ᠪᠠᠷ ᠳᠠᠮᠵᠢᠭᠤᠯᠤᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠶᠡᠷ ᠤᠨ ᠲᠦᠭᠰᠢᠭᠦᠷᠢ ᠶᠢᠨ ᠵᠢᠷᠤᠭ ᠢ ᠨᠠᠶᠢᠷᠠᠭᠤᠯᠤᠨ ᠵᠣᠬᠢᠶᠠᠬᠤ ᠲᠦᠰᠦᠯ︾ ᠢ ᠥᠷᠨᠢᠭᠦᠯᠬᠦ ᠪᠠᠷ ᠲᠠᠮᠵᠢᠨ᠂ ᠡᠳᠦᠭᠡ ᠬᠤᠯᠪᠣᠭᠳᠠᠯ ᠪᠥᠬᠦᠶ ᠵᠦᠢᠯᠡᠰ ᠢ ᠳᠣᠤᠷᠠᠬᠢ ᠮᠡᠲᠦ ᠵᠠᠷᠯᠠᠶ᠎ᠠ᠄  ᠨᠢᠭᠡ᠂ ᠲᠦᠰᠦᠯ ᠤᠨ ᠲᠦᠢᠮᠦ ᠪᠠᠶᠢᠳᠠᠯ  1. ᠲᠦᠰᠦᠯ ᠤᠨ ᠨᠡᠷᠡᠶᠢᠳᠦᠯ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠶᠡᠷ ᠤᠨ ᠠᠶᠤᠯ ᠲᠦᠭᠰᠢᠭᠦᠷᠢ ᠶᠢᠨ ᠵᠢᠷᠤᠭ ᠢ ᠨᠠᠶᠢᠷᠠᠭᠤᠯᠤᠨ ᠵᠣᠬᠢᠶᠠᠬᠤ ᠲᠦᠰᠦᠯ᠃  2. ᠬᠡᠷᠡᠭᠵᠢᠭᠦᠯᠵᠦ ᠪᠠᠶᠢᠭ᠎ᠠ ᠴᠠᠭ ᠪᠠ ᠭᠠᠵᠠᠷ ᠣᠷᠣᠨ᠄ 2024 ᠣᠨ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ᠂ ᠥᠪᠡᠷᠲᠡᠭᠡᠨ ᠵᠠᠰᠠᠬᠤ ᠣᠷᠣᠨ ᠤ ᠤᠰᠤ ᠭᠠᠩ ᠤᠨ ᠭᠠᠮᠰᠢᠭ ᠢ ᠰᠡᠷᠭᠡᠶᠢᠯᠡᠬᠦ ᠮᠡᠷᠭᠡᠵᠢᠯ ᠤᠨ ᠲᠥᠪ᠃  3. ᠳᠠᠭᠠᠭᠠᠴᠢᠯᠠᠯᠲᠠ ᠵᠠᠷᠯᠠᠬᠤ ᠶᠢ ᠣᠷᠣᠯᠠᠬᠤ ᠠᠭᠤᠯᠭ᠎ᠠ᠄ ᠳᠠᠭᠠᠭᠠᠴᠢᠯᠠᠯᠲᠠ ᠵᠠᠷᠯᠠᠬᠤ ᠶᠢᠨ ᠣᠷᠣᠯᠠᠬᠤ ᠠᠵᠢᠯᠯᠠᠭ᠎ᠠ ᠶᠢ ᠵᠣᠬᠢᠶᠠᠨ ᠪᠠᠶᠢᠭᠤᠯᠤᠨ᠎ᠠ᠂ ᠡᠭᠦᠨ ᠳᠤ ᠳᠠᠭᠠᠭᠠᠴᠢᠯᠠᠯᠲᠠ ᠵᠠᠷᠯᠠᠬᠤ ᠪᠢᠴᠢᠭ ᠮᠠᠲ᠋ᠧᠷᠢᠶᠠᠯ ᠲᠣᠭᠲᠠᠭᠠᠬᠤ᠂ ᠠᠯᠪᠠᠨ ᠵᠠᠷ ᠨᠡᠶᠢᠲᠡᠯᠡᠬᠦ᠂ ᠲᠦᠰᠦᠯ ᠢ ᠥᠷᠨᠢᠭᠦᠯᠬᠦ ᠳᠤᠮᠳᠠᠬᠢ ᠰᠡᠵᠢᠭᠯᠡᠯ ︵ᠬᠡᠷᠪᠡ ᠪᠠᠶᠢᠪᠠᠯ︶ ᠢ ᠰᠢᠢᠳᠪᠦᠷᠢᠯᠡᠬᠦ᠂ ᠳᠠᠭᠠᠭᠠᠴᠢᠯᠠᠯᠲᠠ ᠨᠡᠶᠢᠲᠡᠯᠡᠬᠦ ᠶᠢ ᠵᠣᠬᠢᠶᠠᠨ ᠪᠠᠶᠢᠭᠤᠯᠬᠤ᠂ ᠳᠠᠭᠠᠭᠠᠴᠢᠯᠠᠯᠲᠠ ᠣᠯᠬᠤ ᠮᠡᠳᠡᠭᠳᠡᠯ ᠤᠨ ᠪᠢᠴᠢᠭ ᠲᠠᠷᠬᠠᠭᠠᠬᠤ᠂ ᠲᠦᠰᠦᠯ ᠢ ᠳᠠᠩᠰᠠ ᠡᠪᠬᠡᠮᠡᠯ ᠳᠤ ᠣᠷᠣᠭᠤᠯᠬᠤ ᠵᠡᠷᠭᠡ ᠶᠢ ᠪᠠᠭᠲᠠᠭᠠᠭᠰᠠᠨ ᠪᠣᠯᠪᠠᠴᠤ ᠦᠯᠦ ᠬᠢᠵᠠᠭᠠᠷᠯᠠᠨ᠎ᠠ᠃  ᠬᠤᠶᠠᠷ᠂ ᠣᠷᠣᠯᠠᠬᠤ ᠪᠠᠶᠢᠭᠤᠯᠤᠮᠵᠢ ᠶᠢᠨ ᠬᠢᠷᠢ ᠬᠡᠮ ᠤᠨ ᠱᠠᠭᠠᠷᠳᠠᠯᠭ᠎ᠠ  1. ᠣᠷᠣᠯᠠᠨ ᠭᠦᠢᠴᠡᠳᠬᠡᠬᠦ ᠪᠠᠶᠢᠭᠤᠯᠤᠮᠵᠢ ᠨᠢ ᠡᠷᠬᠡᠪᠰᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠬᠤᠳᠠᠯᠳᠤᠨ ᠠᠪᠬᠤ ᠰᠦᠯᠵᠢᠶᠡᠨ ᠤ ᠣᠷᠣᠯᠠᠨ ᠭᠦᠢᠴᠡᠳᠬᠡᠬᠦ ᠪᠠᠶᠢᠭᠤᠯᠤᠮᠵᠢ ᠶᠢᠨ ᠬᠥᠮᠥᠷᠭᠡ ᠳᠤ ᠪᠦᠷᠢᠳᠬᠡᠨ ᠳᠠᠩᠰᠠᠯᠠᠭᠤᠯᠬᠤ ᠬᠡᠷᠡᠭᠲᠡᠶ᠃  2. ᠲᠤᠰᠠᠭᠠᠷ ᠲᠣᠭᠲᠠᠨᠢᠭᠰᠠᠨ ᠬᠠᠤᠯᠢ ᠶᠢᠨ ᠡᠷᠬᠡᠲᠡᠨ ᠤ ᠬᠢᠷᠢ ᠭᠡᠮ ᠲᠠᠢ ᠪᠠᠶᠢᠭᠤᠯᠤᠮᠵᠢ ᠡᠷᠬᠡᠪᠰᠢ ᠰᠠᠶᠢᠨ ᠰᠠᠶᠢᠬᠠᠨ ᠡᠳ᠋ ᠤᠨ ᠶᠠᠪᠤᠳᠠᠯ ᠤᠨ ᠪᠠᠶᠢᠳᠠᠯ ᠪᠠ ᠬᠤᠳᠠᠯᠳᠤᠭᠠᠨ ᠤ ᠢᠲᠡᠭᠡᠯ ᠬᠦᠨᠳᠦ ᠲᠠᠢ ᠪᠠᠶᠢᠵᠤ᠂ ᠭᠦᠢᠴᠡᠳ ᠡᠳ᠋ ᠬᠥᠷᠥᠩᠭᠡ ᠪᠠ ᠴᠢᠳᠠᠪᠤᠷᠢ ᠲᠠᠢ ᠪᠠᠶᠢᠵᠤ ᠭᠡᠷ᠎ᠡ ᠶᠢ ᠭᠦᠢᠴᠡᠳᠬᠡᠬᠦ ᠬᠡᠷᠡᠭᠲᠡᠢ᠃  3. ᠲᠤᠰ ᠭᠠᠵᠠᠷ ᠤᠨ ᠲᠤᠰᠠᠭᠠᠷ ᠳᠠᠭᠠᠭᠠᠴᠢᠯᠠᠯᠲᠠ ᠵᠠᠷᠯᠠᠬᠤ ᠭᠠᠵᠠᠷ ᠪᠣᠯᠤᠨ ᠲᠥᠬᠦᠭᠡᠷᠦᠮᠵᠢ ᠪᠦᠷᠢᠳᠦᠭᠦᠯᠦᠭᠰᠡᠨ᠃  ᠭᠤᠷᠪᠠ᠂ ᠨᠡᠷ᠎ᠡ ᠮᠡᠳᠡᠭᠦᠯᠬᠦ ᠳᠡᠭᠡᠨ ᠮᠠᠲ᠋ᠧᠷᠢᠶᠠᠯ ᠬᠠᠩᠭᠠᠬᠤ ᠬᠡᠷᠡᠭᠲᠡᠶ  1. ᠨᠡᠷ᠎ᠡ ᠮᠡᠳᠡᠭᠦᠯᠦᠭᠴᠢ ᠠᠴᠠ ᠪᠡᠶ᠎ᠡ ᠶᠢᠨ ᠦᠨᠡᠮᠯᠡᠯ ᠤᠨ ᠤᠭ ᠮᠠᠲ᠋ᠧᠷᠢᠶᠠᠯ ᠂ ᠬᠠᠭᠤᠯᠪᠤᠷᠢ᠂ ᠬᠠᠷᠢᠯᠴᠠᠬᠤ ᠠᠷᠭ᠎ᠠ ᠮᠠᠶ᠋ᠢᠭ ᠢᠶᠠᠨ ᠭᠠᠷᠭᠠᠵᠤ ᠦᠵᠡᠭᠦᠯᠦᠨ᠎ᠡ᠃  2. ᠨᠡᠷ᠎ᠡ ᠮᠡᠳᠡᠭᠦᠯᠦᠭᠴᠢ ᠨᠢ ᠬᠠᠤᠯᠢ ᠪᠠᠷ ᠲᠣᠭᠲᠠᠭᠠᠭᠰᠠᠨ ᠲᠥᠯᠥᠭᠡᠯᠡᠭᠴᠢ ᠶᠢᠨ ᠭᠠᠷ ᠤᠨ ᠦᠰᠦᠭ       ᠵᠢᠷᠤᠬᠤ᠂ ᠺᠣᠮᠫᠠᠨᠢ ᠶᠢᠨ ᠲᠠᠮᠠᠭ᠎ᠠ ᠳᠠᠷᠤᠭᠰᠠᠨ ︽ᠡᠷᠬᠡ ᠣᠯᠭᠤᠭᠰᠠᠨ ᠨᠠᠶᠢᠳᠠᠯᠭ᠎ᠠ ᠶᠢᠨ ᠪᠢᠴᠢᠭ︾ ᠭᠠᠷᠭᠠᠵᠤ ᠥᠭᠭᠦᠨ᠎ᠡ᠃  3. ᠬᠦᠴᠦᠨ ᠲᠠᠢ ᠮᠥᠷᠲᠡᠭᠡᠨ ᠳᠠᠭᠠᠭᠠᠴᠢᠯᠠᠯᠲᠠ ᠬᠦᠯᠢᠶᠡᠬᠦ ᠠᠵᠤ ᠠᠬᠤᠶᠢᠯᠠᠯ ᠤᠨ ᠠᠯᠪᠠᠨ ᠲᠠᠮᠠᠭ᠎ᠠ ᠳᠠᠷᠤᠭᠰᠠᠨ ᠡᠵᠡᠩᠨᠡᠯᠲᠡ ᠶᠢᠨ ᠦᠨᠡᠮᠯᠡᠯ ᠤᠨ ᠬᠠᠭᠤᠯᠪᠤᠷᠢ ᠳᠡᠪᠲᠡᠷ ᠤᠨ ᠬᠠᠭᠤᠯᠪᠤᠷᠢ ᠶᠢ ᠬᠠᠩᠭᠠᠬᠤ ᠬᠡᠷᠡᠭᠲᠡᠢ᠃  4. ᠤᠶᠢᠷ᠎ᠠ ᠶᠢᠨ ᠬᠠᠭᠠᠰ ᠵᠢᠯ ᠳᠤ ᠭᠤᠷᠪᠠᠨ ᠰᠠᠷ᠎ᠠ ᠳᠠᠷᠠᠭᠠᠯᠠᠨ ᠨᠡᠶᠢᠭᠡᠮ ᠤᠨ ᠪᠠᠲᠤᠯᠠᠭ᠎ᠠ ᠶᠢᠨ ᠪᠡᠯᠡ ᠮᠦᠩᠭᠦ ᠲᠤᠰᠢᠶᠠᠭᠰᠠᠨ ᠭᠡᠷᠡᠴᠢ ᠮᠠᠲ᠋ᠧᠷᠢᠶᠠᠯ᠂ ᠪᠠᠷᠤᠭ ᠬᠠᠭᠠᠰ ᠵᠢᠯ ᠳᠠᠷᠠᠭᠠᠯᠠᠨ ᠭᠤᠷᠪᠠᠨ ᠰᠠᠷ᠎ᠠ ᠭᠠᠶᠢᠯᠢ ᠲᠤᠰᠢᠶᠠᠭᠰᠠᠨ ᠭᠡᠷᠡᠴᠢ ᠮᠠᠲ᠋ᠧᠷᠢᠶᠠᠯ ᠢ ᠬᠠᠩᠭᠠᠨ᠎ᠠ᠃  5. 2023 ᠪᠤᠶᠤ 2022 ᠣᠨ ᠳᠤ ᠬᠢᠨᠠᠨ ᠪᠤᠳᠤᠬᠤ ᠰᠠᠯᠠᠭ᠎ᠠ ᠮᠥᠴᠢᠷ ᠪᠤᠶᠤ ᠨᠢᠭᠲᠠᠯᠠᠨ ᠪᠤᠳᠤᠬᠤ ᠬᠡᠷᠡᠭ ᠡᠷᠬᠢᠯᠡᠬᠦ ᠭᠠᠵᠠᠷ ᠠᠴᠠ ᠭᠠᠷᠭᠠᠵᠤ ᠥᠭᠭᠦᠭᠰᠡᠨ ᠬᠢᠨᠠᠨ ᠪᠤᠳᠤᠬᠤ ᠮᠡᠳᠡᠭᠦᠯᠦᠯᠲᠡ ᠪᠤᠶᠤ ᠺᠣᠮᠫᠠᠨᠢ ᠶᠢᠨ ᠦᠨᠳᠦᠰᠦᠨ ᠳᠠᠩᠰᠠᠨ ᠡᠷᠦᠬᠡ ᠪᠠᠶᠢᠭᠤᠯᠤᠭᠰᠠᠨ ᠪᠠᠩᠬᠢ ᠶᠢᠨ ᠬᠢᠵᠦ ᠥᠭᠭᠦᠭᠰᠡᠨ ᠬᠢᠷᠢ ᠬᠡᠮ ᠤᠨ ᠢᠲᠡᠭᠡᠮᠵᠢ ᠶᠢᠨ ᠭᠡᠷᠡᠴᠢ ᠬᠠᠩᠭᠠᠨ᠎ᠠ᠃  6. ︽ᠳᠤᠮᠳᠠᠳᠤ ᠤᠯᠤᠰ ᠤᠨ ᠵᠠᠰᠠᠭ ᠤᠨ ᠣᠷᠳᠣᠨ ᠤ ᠬᠤᠳᠠᠯᠳᠤᠨ ᠠᠪᠬᠤ ᠰᠦᠯᠵᠢᠶ᠎ᠡ︾ ᠵᠢᠴᠢ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠬᠤᠳᠠᠯᠳᠤᠨ ᠠᠪᠬᠤ ᠰᠦᠯᠵᠢᠶ᠎ᠡ︾ ᠶᠢᠨ ᠣᠷᠣᠯᠠᠬᠤ ᠪᠠᠶᠢᠭᠤᠯᠤᠮᠵᠢ ᠳᠤ ᠳᠡᠩᠰᠡᠯᠡᠵᠦ ᠬᠥᠮᠥᠷᠭᠡ ᠳᠤ ᠣᠷᠣᠭᠤᠯᠬᠤ ᠵᠢᠷᠤᠭ ᠤᠨ ᠭᠡᠷᠡᠴᠢ ᠮᠠᠲ᠋ᠧᠷᠢᠶᠠᠯ ᠢ ᠬᠠᠩᠭᠠᠨ᠎ᠠ᠃  7. ︽ᠢᠲᠡᠭᠡᠮᠵᠢᠲᠦ ᠳᠤᠮᠳᠠᠳᠤ ᠤᠯᠤᠰ︾ ᠰᠦᠯᠵᠢᠶ᠎ᠡ ︵www.creditchina.gov.cn ︶ ᠢᠲᠡᠭᠡᠮᠵᠢ ᠠᠯᠳᠠᠭᠰᠠᠨ ᠭᠦᠢᠴᠡᠳᠬᠡᠭᠴᠢ ᠪᠠ ᠬᠦᠨᠳᠦ ᠶᠡᠭᠡ ᠭᠠᠶᠢᠯᠢ ᠲᠠᠲᠠᠪᠤᠷᠢ ᠶᠢᠨ ᠬᠠᠤᠯᠢ ᠠᠴᠠ ᠵᠥᠷᠢᠴᠡᠭᠰᠡᠨ ᠬᠡᠷᠡᠭ ᠤᠨ ᠲᠤᠬᠠᠶ ᠶᠢᠨ ᠬᠥᠮᠦᠨ ᠤ ᠨᠡᠷᠡᠰ ᠤᠨ ᠲᠡᠮᠳᠡᠭᠯᠡᠯ ᠢ ᠲᠠᠰᠤᠯᠤᠭᠰᠠᠨ ᠵᠢᠷᠤᠭ ᠵᠢᠴᠢ ︽ᠳᠤᠮᠳᠠᠳᠤ ᠤᠯᠤᠰ ᠤᠨ ᠵᠠᠰᠠᠭ ᠤᠨ ᠣᠷᠳᠣᠨ ᠤ ᠬᠤᠳᠠᠯᠳᠤᠨ ᠠᠪᠬᠤ ᠰᠦᠯᠵᠢᠶ᠎ᠡ︾ ᠶᠢᠨ ᠰᠦᠯᠵᠢᠶ᠎ᠡ ︵www.ccgp.gov.cn ︶ ᠶᠢᠨ ᠵᠠᠰᠠᠭ ᠤᠨ ᠣᠷᠳᠣᠨ ᠤ ᠬᠤᠳᠠᠯᠳᠤᠨ ᠠᠪᠬᠤ ᠬᠦᠨᠳᠦ ᠨᠣᠴᠢᠲᠠᠶ ᠬᠠᠤᠯᠢ ᠶᠢ ᠵᠥᠷᠢᠴᠡᠵᠦ ᠢᠲᠡᠭᠡᠯ ᠠᠯᠳᠠᠭᠰᠠᠨ ᠦᠢᠯᠡ ᠠᠵᠢᠯᠯᠠᠭ᠎ᠠ ᠶᠢᠨ ᠲᠡᠮᠳᠡᠭᠯᠡᠯ ᠤᠨ ᠨᠡᠷᠡᠰ ᠤᠨ ᠣᠭᠲᠣᠯᠣᠭᠰᠠᠨ ᠵᠢᠷᠤᠭ ᠢ ᠬᠠᠩᠭᠠᠨ᠎ᠠ᠃  8. ᠳᠤᠮᠳᠠᠳᠤ ᠤᠯᠤᠰ ᠤᠨ ᠲᠠᠰᠤᠯᠤᠨ ᠲᠣᠭᠲᠠᠭᠠᠯᠲᠠ ᠶᠢᠨ ᠪᠢᠴᠢᠭ ᠬᠠᠷ᠎ᠠ ᠶᠢᠨ ᠰᠦᠯᠵᠢᠶᠡᠨ ᠳᠤ ᠨᠡᠷ᠎ᠡ ᠮᠡᠳᠡᠭᠦᠯᠦᠭᠡᠳ ᠣᠶᠢᠷ᠎ᠠ ᠶᠢᠨ ᠭᠤᠷᠪᠠᠨ ᠵᠢᠯ ︵2021 ᠣᠨ ᠤ 1 ᠳ᠋ᠦ᠋ᠭᠡᠷ ᠰᠠᠷ᠎ᠠ ᠶᠢᠨ 1 ᠠᠴᠠ ᠤᠳᠤ ᠪᠣᠯᠲᠠᠯ᠎ᠠ︶ ᠬᠡᠭᠡᠯᠢ ᠲᠦᠯᠬᠢᠭᠰᠡᠨ ᠶᠠᠯ᠎ᠠ ᠬᠢᠭᠰᠡᠨ ᠲᠡᠮᠳᠡᠭᠯᠡᠯ ᠢ ᠪᠠᠶᠢᠴᠠᠭᠠᠨ ᠠᠰᠠᠭᠤᠭᠰᠠᠨ ᠲᠡᠮᠳᠡᠭᠯᠡᠯ ᠢ ᠣᠯᠤᠭᠰᠠᠨ ᠦᠭᠡᠢ᠃  9. ᠲᠤᠰ ᠭᠠᠵᠠᠷ ᠤᠨ ᠲᠤᠰᠠᠭᠠᠷ ᠳᠠᠭᠠᠭᠠᠴᠢᠯᠠᠯᠲᠠ ᠵᠠᠷᠯᠠᠬᠤ ᠲᠠᠯᠠᠪᠤᠷ ᠪᠠ ᠪᠡᠯᠡᠳᠬᠡᠮᠵᠢ ︵ᠲᠣᠰ ᠭᠠᠵᠠᠷ ᠤᠨ ᠭᠡᠷ ᠪᠠᠶᠢᠰᠢᠩ ᠲᠦᠷᠢᠶᠡᠰᠦᠯᠡᠬᠦ ᠭᠡᠷ᠎ᠡ ᠪᠤᠶᠤ ᠭᠡᠷ ᠬᠥᠷᠥᠩᠭᠡ ᠶᠢᠨ ᠦᠨᠡᠮᠯᠡᠯ ᠵᠢᠴᠢ ᠲᠠᠯᠠᠪᠤᠷ᠂ ᠪᠡᠯᠡᠳᠬᠡᠮᠵᠢ ᠶᠢᠨ ᠭᠡᠷᠡᠯ ᠵᠢᠷᠤᠭ ᠵᠡᠷᠭᠡ ᠶᠢ ᠬᠠᠩᠭᠠᠨ᠎ᠠ︶᠃  10. ᠪᠤᠰᠤᠳ ᠬᠠᠮᠢᠶ᠎ᠠ ᠪᠦᠬᠦᠢ ᠮᠠᠲ᠋ᠧᠷᠢᠶᠠᠯ᠃  ᠲᠠᠶᠢᠯᠪᠤᠷᠢ᠄ ᠳᠡᠭᠡᠷᠡᠬᠢ ᠪᠤᠢ ᠪᠦᠬᠦᠢ ᠮᠠᠲ᠋ᠧᠷᠢᠶᠠᠯ ᠨᠢ ᠴᠥᠮ ᠤᠭ ᠮᠠᠲ᠋ᠧᠷᠢᠶᠠᠯ ︵ᠰᠦᠯᠵᠢᠶᠡᠨ ᠤ ᠨᠢᠭᠤᠷ ᠤᠨ ᠣᠭᠲᠣᠯᠤᠭᠰᠠᠨ ᠵᠢᠷᠤᠭ ᠠᠴᠠ ᠭᠠᠳᠠᠨ᠎ᠠ︶ ᠵᠢᠴᠢ ᠬᠠᠭᠤᠯᠪᠤᠷᠢ ᠶᠢ ᠬᠠᠩᠭᠠᠬᠤ ᠴᠢᠬᠤᠯᠠᠲᠠᠢ ᠨᠢᠭᠡᠴᠢ ᠶᠢᠨ ᠠᠯᠪᠠᠨ ᠲᠠᠮᠠᠭ᠎ᠠ ᠶᠢ ᠳᠠᠷᠤᠬᠤ ᠴᠢᠬᠤᠯᠠᠲᠠᠢ᠂ ᠡᠰᠡ ᠲᠡᠶᠢᠮᠦ ᠪᠣᠯ ᠬᠦᠴᠦᠨ ᠦᠭᠡᠢ᠃  ᠳᠥᠷᠪᠡ᠂ ᠨᠡᠷ᠎ᠡ ᠮᠡᠳᠡᠭᠦᠯᠬᠦ ᠴᠠᠭ᠂ ᠭᠠᠵᠠᠷ ᠣᠷᠣᠨ  ᠳᠡᠭᠡᠷ᠎ᠡ ᠳᠤᠷᠠᠳᠤᠭᠰᠠᠨ ᠨᠥᠬᠦᠴᠡᠯ ᠳᠤ ᠨᠡᠶᠢᠴᠡᠬᠦ ᠳᠠᠭᠠᠭᠠᠴᠢᠯᠠᠯᠲᠠ ᠵᠠᠷᠯᠠᠬᠤ ᠶᠢ ᠣᠷᠣᠯᠠᠬᠤ ᠪᠠᠶᠢᠭᠤᠯᠤᠮᠵᠢ ᠨᠢ 2024 ᠣᠨ ᠤ 7 ᠳ᠋ᠤᠭᠠᠷ ᠰᠠᠷ᠎ᠠ ᠶᠢᠨ 22 ᠤᠨ ᠡᠳᠦᠷ ᠠᠴᠠ 2024 ᠣᠨ ᠤ 7 ᠳ᠋ᠤᠭᠠᠷ ᠰᠠᠷ᠎ᠠ ᠶᠢᠨ 23 ᠤ ᠡᠳᠦᠷ ᠪᠣᠯᠲᠠᠯ᠎ᠠ᠂ ᠠᠵᠢᠯᠯᠠᠬᠤ ᠡᠳᠦᠷ ᠤᠨ ᠦᠳᠡ ᠶᠢᠨ ᠡᠮᠦᠨ᠎ᠡ 9᠄ 00 —12᠄ 00       ᠴᠠᠭ᠂ ᠦᠳᠡ ᠶᠢᠨ ᠬᠤᠶᠢᠨ᠎ᠠ 14᠄ 30 —17᠄ 00 ᠴᠠᠭ ᠲᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠰᠤ ᠭᠠᠩ ᠤᠨ ᠭᠠᠮᠰᠢᠭ ᠢ ᠰᠡᠷᠭᠡᠶᠢᠯᠡᠬᠦ ᠮᠡᠷᠭᠡᠵᠢᠯ ᠤᠨ ᠲᠥᠪ ᠲᠤ ᠨᠡᠷ᠎ᠡ ᠮᠡᠳᠡᠭᠦᠯᠬᠦ ᠮᠠᠲ᠋ᠧᠷᠢᠶᠠᠯ ᠢᠶᠠᠨ ᠲᠤᠰᠢᠶᠠᠨ᠎ᠠ᠃  ᠲᠠᠪᠤ᠂ ᠬᠠᠷᠢᠯᠴᠠᠬᠤ ᠠᠷᠭ᠎ᠠ ᠮᠠᠶ᠋ᠢᠭ  ᠨᠢᠭᠡᠴᠢ ᠶᠢᠨ ᠨᠡᠷᠡᠶᠢᠳᠦᠯ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠶᠡᠷ ᠤᠰᠤᠳᠤᠯ ᠤᠨ ᠭᠠᠮᠰᠢᠭ ᠢ ᠰᠡᠷᠭᠡᠶᠢᠯᠡᠬᠦ ᠮᠡᠷᠭᠡᠵᠢᠯ ᠤᠨ ᠲᠥᠪ  ᠨᠡᠷ᠎ᠡ ᠮᠡᠳᠡᠭᠦᠯᠬᠦ ᠬᠠᠶ᠋ᠢᠭ᠄ ᠥᠪᠥᠷ ᠮᠣᠩᠭᠤᠯ ᠤᠨ ᠬᠥᠬᠡᠬᠤᠲᠠ ᠶᠢᠨ ᠰᠠᠶᠢᠬᠠᠨ ᠲᠣᠭᠤᠷᠢᠭ ᠤᠨ ᠬᠥᠯᠥᠨ ᠪᠤᠶᠢᠷ ᠤᠨ ᠡᠮᠦᠨ᠎ᠡ ᠵᠠᠮ ᠤᠨ 119 ᠳ᠋ᠦ᠋ᠭᠡᠷ ᠤᠰᠤᠨ ᠠᠰᠢᠭᠯᠠᠯᠲᠠ ᠶᠢᠨ ᠲᠢᠩᠬᠢᠮ ᠤᠨ ᠲᠣᠮᠣ ᠠᠰᠠᠷ ᠤᠨ 2119 ᠳ᠋ᠦ᠋ᠭᠡᠷ ᠥᠷᠥᠭᠡ  ᠰᠢᠦᠳᠠᠨ ᠨᠣᠮᠧᠷ᠄ 010020  ᠬᠠᠷᠢᠯᠴᠠᠬᠤ ᠬᠦᠮᠦᠨ᠄ ᠫᠠᠨ ᠱᠣᠣ ᠪᠥᠸᠧ 0471 — 5259608  ᠯᠢ ᠶᠠᠩ 0471 – 5259372  ᠥᠪᠥᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ ᠤᠰᠤ ᠭᠠᠩ ᠤᠨ ᠭᠠᠮᠰᠢᠭ ᠢ ᠰᠡᠷᠭᠡᠶᠢᠯᠡᠬᠦ ᠮᠡᠷᠭᠡᠵᠢᠯ ᠤᠨ ᠲᠥᠪ    2024 ᠣᠨ ᠤ 7 ᠳ᠋ᠤᠭᠠᠷ ᠰᠠᠷ᠎ᠠ ᠶᠢᠨ 22 ᠤᠨ ᠡᠳᠦᠷ  
 
ᠢᠷᠡᠯᠲᠡ᠄ ᠦᠪᠤᠷ ᠮᠣᠩᠭᠤᠯ ᠤᠨ ᠦᠪᠡᠷᠳᠡᠭᠡᠨ ᠵᠠᠰᠠᠬᠤ ᠣᠷᠣᠨ ᠤ ᠣᠰᠣᠨ ᠠᠰᠢᠠᠠᠯᠠᠯᠳᠡ ᠶᠢᠨ ᠳᠢᠩᠬᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号