ᠭᠤᠷᠪᠠᠳᠤᠭᠠᠷ ᠨᠣᠮᠧᠷᠲᠦ ᠲᠠᠢᠹᠧᠩ ᠰᠠᠯᠬᠢ ︽ᠭᠧ ᠮᠧᠢ︾ ᠤᠳᠠᠯ ᠥᠬᠡᠢ ᠬᠠᠭᠤᠷᠠᠢ ᠳᠤ ᠭᠠᠷᠬᠤ ᠭᠡᠵᠦ ᠪᠤᠢ  ᠤᠰᠤᠨ ᠠᠰᠢᠭᠯᠠᠯᠲᠠ ᠶᠢᠨ ᠶᠠᠮᠤᠨ ᠠᠴᠠ ᠵᠧᠵᠢᠶᠠᠩ ᠹᠦᠵᠢᠶᠠᠨ ᠬᠤᠶᠠᠷ ᠮᠣᠵᠢ ᠳᠤ ᠦᠶᠡᠷ ᠤᠨ ᠤᠰᠤ ᠶᠢ ᠰᠡᠷᠭᠡᠶᠢᠯᠡᠬᠦ Ⅳ ᠳᠡᠰ ᠤᠨ ᠪᠠᠴᠢᠮ ᠠᠷᠭᠠᠴᠠᠬᠤ ᠲᠦᠰᠦᠯ ᠢ ᠡᠬᠢᠯᠡᠭᠦᠯᠪᠡ
ᠨᠡᠶᠢᠲᠡᠯᠡᠭᠰᠡᠨ ᠴᠠᠭ᠄
2024/7/24
  ᠤᠷᠢᠳᠴᠢᠯᠠᠭᠰᠠᠨ ᠮᠡᠳᠡᠭᠡ ᠶᠢ ᠦᠨᠳᠦᠰᠦᠯᠡᠪᠡᠯ᠂ ᠡᠨᠡ ᠵᠢᠯ ᠤᠨ ᠭᠤᠷᠪᠠᠳᠤᠭᠠᠷ ᠨᠣᠮᠧᠷᠲᠤ ᠲᠠᠶᠢᠹᠧᠩ ᠰᠠᠯᠬᠢ ︽ᠭᠧ ᠮᠧᠢ︾ 7 ᠳ᠋ᠤᠭᠠᠷ ᠰᠠᠷ᠎ᠠ ᠶᠢᠨ 25 ᠤ ᠦᠳᠡ ᠶᠢᠨ ᠬᠤᠶᠢᠨ᠎ᠠ᠂ ᠹᠦᠵᠢᠶᠠᠨ ᠤ ᠳᠠᠯᠠᠶ ᠳᠠᠭᠠᠤ ᠬᠠᠭᠤᠷᠠᠶ ᠳᠤ ᠭᠠᠷᠤᠨ᠎ᠠ᠃ ᠡᠭᠦᠨ ᠤ ᠨᠥᠯᠥᠭᠡ ᠪᠠᠷ᠂ 7 ᠳ᠋ᠤᠭᠠᠷ ᠰᠠᠷ᠎ᠠ ᠶᠢᠨ 24 ᠤ ᠡᠳᠦᠷ ᠠᠴᠠ 26 ᠤ ᠡᠳᠦᠷ ᠪᠣᠯᠲᠠᠯ᠎ᠠ᠂ ᠹᠦᠵᠢᠶᠠᠨ᠂ ᠵᠧᠵᠢᠶᠠᠩ ᠤᠨ ᠳᠤᠮᠳᠠ ᠬᠡᠰᠡᠭ ᠤᠨ ᠡᠮᠦᠨ᠎ᠡ ᠬᠡᠰᠡᠭ ᠲᠤ ᠶᠡᠭᠡ ᠰᠢᠷᠦᠭᠦᠨ ᠪᠣᠷᠣᠭᠠᠨ ᠣᠷᠣᠵᠤ᠂ ᠬᠡᠰᠡᠭ ᠭᠠᠵᠠᠷ ᠣᠷᠣᠨ ᠳᠤ ᠣᠨᠴᠠ ᠶᠡᠭᠡ ᠰᠢᠷᠦᠭᠦᠨ ᠪᠣᠷᠣᠭᠠᠨ ᠣᠷᠣᠨ᠎ᠠ︔ ᠹᠦᠵᠢᠶᠠᠨ ᠤ ᠮᠢᠨᠵᠢᠶᠠᠩ ᠮᠥᠷᠡᠨ ᠵᠢᠴᠢ ᠳᠠᠯᠠᠢ ᠳᠠᠭᠠᠤ ᠣᠷᠣᠨ ᠤ ᠡᠯ᠎ᠡ ᠭᠤᠣᠯ᠂ ᠵᠧᠵᠢᠶᠠᠩ ᠤᠨ ᠴᠢᠶᠠᠨ ᠳᠠᠩ ᠵᠢᠶᠠᠩ ᠮᠥᠷᠡᠨ ᠤ ᠳᠡᠭᠡᠳᠦ ᠤᠷᠤᠰᠬᠠᠯ ᠵᠢᠴᠢ ᠵᠧᠵᠢᠶᠠᠩ ᠤᠨ ᠡᠮᠦᠨᠡᠲᠦ ᠳᠠᠯᠠᠢ ᠳᠠᠭᠠᠤ ᠣᠷᠣᠨ ᠤ ᠡᠯ᠎ᠡ ᠭᠤᠣᠯ ᠵᠡᠷᠭᠡ ᠭᠤᠣᠯ ᠮᠥᠷᠡᠨ ᠢᠯᠡᠷᠬᠡᠢ ᠳᠡᠭᠡᠭᠰᠢᠯᠡᠬᠦ ᠪᠣᠯᠤᠨ᠎ᠠ᠂ ᠡᠭᠦᠨ ᠳᠤ ᠹᠦᠵᠢᠶᠠᠨ ᠤ ᠮᠢᠨᠵᠢᠶᠠᠩ ᠮᠥᠷᠡᠨ ᠤ ᠳᠡᠭᠡᠳᠦ ᠤᠷᠤᠰᠬᠠᠯ ᠤᠨ ᠵᠢᠶᠠᠨ ᠰᠢ᠂ ᠹᠦ᠋ ᠲᠦᠨ ᠰᠢ᠂ ᠵᠧᠵᠢᠶᠠᠩ ᠤᠨ ᠴᠢᠶᠠᠨ ᠳᠠᠩ ᠵᠢᠶᠠᠩ᠂ ᠧᠦ ᠵᠢᠶᠠᠩ ᠵᠡᠷᠭᠡ ᠭᠤᠣᠯ ᠤᠷᠤᠰᠬᠠᠯ ᠳᠤ ᠰᠡᠷᠡᠮᠵᠢ ᠠᠴᠠ ᠳᠠᠪᠠᠭᠰᠠᠨ ᠦᠶᠡᠷ ᠤᠨ ᠭᠠᠮᠰᠢᠭ ᠭᠠᠷᠴᠤ᠂ ᠰᠢᠷᠦᠭᠦᠨ ᠪᠣᠷᠣᠭᠠᠨ ᠤ ᠣᠷᠣᠨ ᠤ ᠬᠡᠰᠡᠭ ᠳᠤᠮᠳᠠ ᠪᠠᠭ᠎ᠠ ᠭᠤᠣᠯ ᠤᠷᠤᠰᠬᠠᠯ ᠳᠤ ᠨᠡᠯᠢᠶᠡᠳ ᠶᠡᠭᠡ ᠦᠶᠡᠷ ᠪᠣᠯᠵᠤ ᠮᠡᠳᠡᠨ᠎ᠡ᠂ ᠳᠠᠯᠠᠢ ᠳᠠᠭᠠᠤ ᠣᠷᠣᠨ ᠤ ᠬᠡᠰᠡᠭ ᠳᠠᠪᠠᠯᠭᠠᠨ ᠨᠢ ᠰᠡᠷᠭᠡᠶᠢᠯᠡᠯᠲᠡ ᠶᠢᠨ ᠤᠷᠤᠰᠬᠠᠯ  ᠠᠴᠠ ᠳᠠᠪᠠᠵᠤ᠂ ᠠᠭᠤᠯᠠᠨ ᠳᠣᠪᠤ ᠣᠷᠣᠨ ᠤ ᠠᠭᠤᠯᠠᠨ ᠦᠶᠡᠷ ᠤᠨ ᠭᠠᠮᠰᠢᠭ ᠤᠨ ᠠᠶᠤᠯ ᠨᠡᠯᠢᠶᠡᠳ ᠶᠡᠭᠡ ᠪᠠᠶᠢᠨ᠎ᠠ᠃  ᠤᠯᠤᠰ ᠤᠨ ᠦᠶᠡᠷ ᠢ ᠰᠡᠷᠭᠡᠶᠢᠯᠡᠵᠦ ᠭᠠᠩ ᠬᠠᠭᠰᠠᠷᠠᠭᠠᠨ ᠲᠠᠢ ᠲᠡᠮᠡᠴᠡᠬᠦ ᠶᠡᠷᠦᠩᠬᠡᠶ ᠵᠢᠯᠤᠭᠤᠳᠬᠤ ᠭᠠᠵᠠᠷ᠂ ᠤᠰᠤᠨ ᠠᠰᠢᠭᠯᠠᠯᠲᠠ ᠶᠢᠨ ᠶᠠᠮᠤᠨ ᠤ ᠰᠠᠶᠢᠳ ᠯᠢ ᠭᠦᠸᠧ ᠶᠢᠩ ᠲᠠᠶᠢᠹᠧᠩ ᠰᠠᠯᠬᠢᠨ ᠤ ᠨᠡᠭᠦᠳᠡᠯ ᠵᠠᠮ ᠪᠣᠯᠤᠨ ᠨᠥᠯᠥᠭᠡᠯᠡᠭᠳᠡᠭᠰᠡᠨ ᠣᠷᠣᠨ ᠪᠦᠰᠡ ᠶᠢᠨ ᠪᠣᠷᠣᠭᠠᠨ ᠤᠰᠤᠨ ᠤ ᠪᠠᠶᠢᠳᠠᠯ ᠢ ᠬᠢᠨᠠᠨ ᠬᠡᠮᠵᠢᠵᠦ ᠤᠷᠢᠳᠴᠢᠯᠠᠨ ᠮᠡᠳᠡᠭᠡᠯᠡᠬᠦ ᠬᠡᠷᠡᠭᠲᠡᠶ ᠭᠡᠵᠦ ᠱᠠᠭᠠᠷᠳᠠᠪᠠ᠃ 7 ᠳ᠋ᠤᠭᠠᠷ ᠰᠠᠷ᠎ᠠ ᠶᠢᠨ 24 ᠤ ᠡᠳᠦᠷ ᠤᠨ ᠦᠳᠡ ᠶᠢᠨ ᠡᠮᠦᠨ᠎ᠡ᠂ ᠤᠰᠤᠨ ᠠᠰᠢᠭᠯᠠᠯᠲᠠ ᠶᠢᠨ ᠶᠠᠮᠤᠨ ᠦᠶᠡᠷ ᠢ ᠰᠡᠷᠭᠡᠶᠢᠯᠡᠬᠦ ᠲᠤᠰᠬᠠᠶ ᠰᠡᠳᠦᠪᠲᠦ ᠬᠤᠷᠠᠯ ᠬᠤᠷᠠᠯᠳᠤᠭᠤᠯᠵᠤ᠂ 3 ᠳ᠋ᠤᠭᠠᠷ ᠲᠣᠭᠠᠲᠤ ᠲᠠᠶᠢᠹᠧᠩ ᠰᠠᠯᠬᠢᠨ ᠤ ︽ᠭᠧ ᠮᠸᠢ︾ ᠬᠥᠭᠵᠢᠯᠲᠡ ᠶᠢᠨ ᠬᠥᠳᠡᠯᠦᠯ ᠪᠠᠶᠢᠳᠠᠯ ᠪᠠ ᠪᠣᠷᠣᠭᠠᠨ ᠤ ᠪᠠᠶᠢᠳᠠᠯ ᠦᠶᠡᠷ ᠤᠨ ᠪᠠᠶᠢᠳᠠᠯ ᠢ ᠭᠤᠤᠯᠳᠠᠯᠭ᠎ᠠ ᠲᠠᠢ ᠰᠤᠳᠤᠯᠤᠨ ᠮᠠᠭᠠᠳᠯᠠᠵᠤ᠂ ᠦᠶᠡᠷ ᠢ ᠰᠡᠷᠭᠡᠶᠢᠯᠡᠬᠦ ᠭᠤᠤᠯᠳᠠᠯᠭ᠎ᠠ ᠲᠠᠢ ᠠᠵᠢᠯ ᠢ ᠨᠠᠷᠢᠨ ᠨᠢᠮᠪᠠᠶ ᠪᠠᠶᠢᠷᠢᠯᠠᠭᠤᠯᠪᠠ︔ 14 ᠴᠠᠭ ᠲᠤ ᠵᠧᠵᠢᠶᠠᠩ᠂ ᠹᠦᠵᠢᠶᠠᠨ ᠬᠤᠶᠠᠷ ᠮᠤᠵᠢ ᠶᠢᠨ ᠦᠶᠡᠷ ᠤᠨ ᠰᠡᠷᠭᠡᠶᠢᠯᠡᠯᠲᠡ ᠶᠢᠨ Ⅳ ᠲᠠᠰ ᠤᠨ ᠪᠠᠴᠢᠮ ᠪᠠᠶᠢᠳᠠᠯ ᠢ ᠠᠷᠭᠠᠴᠠᠬᠤ ᠲᠥᠰᠦᠯ ᠢ ᠡᠬᠢᠯᠡᠭᠦᠯᠬᠦ ᠶᠢᠨ ᠬᠠᠮᠲᠤ 2 ᠠᠵᠢᠯᠯᠠᠬᠤ ᠳᠤᠭᠤᠶᠢᠯᠠᠩ ᠲᠣᠮᠢᠯᠠᠨ ᠵᠧᠵᠢᠶᠠᠩ᠂ ᠹᠦᠵᠢᠶᠠᠨ ᠳᠤ ᠣᠴᠢᠭᠤᠯᠵᠤ ᠲᠠᠶᠢᠹᠧᠩ ᠰᠢᠷᠦᠭᠦᠨ ᠪᠣᠷᠣᠭᠠᠨ ᠤ ᠦᠶᠡᠷ ᠤᠨ ᠤᠰᠤ ᠶᠢ ᠰᠡᠷᠭᠡᠶᠢᠯᠡᠬᠦ ᠠᠵᠢᠯ ᠢ ᠵᠢᠯᠣᠭᠤᠳᠪᠠ︔ ︽ᠨᠢᠭᠡ ᠮᠤᠵᠢ ᠨᠢᠭᠡ ᠲᠠᠩᠰᠠ︾ ᠬᠠᠷᠠᠯᠲᠠ ᠲᠠᠢ ᠪᠠᠷ ᠤᠷᠢᠳᠴᠢᠯᠠᠨ ᠰᠡᠷᠡᠮᠵᠢᠯᠡᠭᠦᠯᠵᠦ᠂ ᠣᠷᠣᠨ ᠨᠤᠲᠤᠭ ᠢ ᠰᠢᠪᠠᠳᠠᠨ ᠵᠢᠯᠣᠭᠤᠳᠴᠤ ᠪᠠᠶᠢᠭᠠᠳ ᠲᠠᠶᠢᠹᠧᠩ ᠰᠠᠯᠬᠢ ᠪᠠ ᠪᠣᠷᠣᠭᠠᠨ ᠤ ᠪᠠᠶᠢᠳᠠᠯ ᠦᠶᠡᠷ ᠤᠨ ᠪᠠᠶᠢᠳᠠᠯ ᠢ ᠬᠢᠨᠠᠨ ᠬᠡᠮᠵᠢᠵᠦ ᠤᠷᠢᠳᠴᠢᠯᠠᠨ ᠮᠡᠳᠡᠭᠡᠯᠡᠵᠦ᠂ ᠤᠷᠢᠳᠴᠢᠯᠠᠨ ᠰᠡᠷᠡᠮᠵᠢᠯᠡᠭᠦᠯᠬᠦ ᠮᠡᠳᠡᠭᠡ ᠵᠠᠩᠭᠢ ᠶᠢ ᠴᠠᠭ ᠲᠤᠬᠠᠶ ᠳᠤᠨᠢ ᠨᠡᠶᠢᠲᠡᠯᠡᠵᠦ᠂ ᠤᠰᠤᠨ ᠤ ᠢᠨᠵᠧᠨᠧᠷᠢᠩ ᠢ ᠰᠢᠨᠵᠢᠯᠡᠬᠦ ᠤᠬᠠᠭᠠᠨᠴᠢ ᠪᠠᠷ ᠨᠠᠷᠢᠯᠢᠭ ᠳᠣᠭᠢᠷᠠᠭᠤᠯᠤᠨ᠂ ᠳᠤᠮᠳᠠ ᠵᠢᠵᠢᠭ ᠤᠰᠤᠨ ᠴᠥᠭᠦᠷᠥᠮ ᠪᠠ ᠪᠠᠶᠢᠭᠤᠯᠵᠤ ᠪᠠᠶᠢᠭ᠎ᠠ ᠢᠨᠵᠧᠨᠧᠷᠢᠩ ᠤᠨ ᠦᠶᠡᠷ ᠢ ᠠᠮᠤᠷ ᠲᠦᠪᠰᠢᠨ ᠢᠶᠠᠷ ᠥᠩᠭᠡᠷᠡᠭᠦᠯᠬᠦ᠂ ᠳᠤᠮᠳᠠ ᠵᠢᠵᠢᠭ ᠭᠤᠤᠯ ᠮᠥᠷᠡᠨ ᠤ ᠦᠶᠡᠷ ᠤᠨ ᠤᠰᠤ ᠶᠢ ᠰᠡᠷᠭᠡᠶᠢᠯᠡᠬᠦ ᠵᠡᠷᠭᠡ ᠠᠵᠢᠯ ᠢ ᠭᠤᠤᠯᠳᠠᠯᠭ᠎ᠠ ᠲᠠᠢ ᠰᠠᠶᠢᠲᠤᠷ ᠬᠢᠵᠦ᠂ ᠣᠷᠣᠨ ᠨᠤᠲᠤᠭ ᠤᠨ ᠵᠠᠰᠠᠭ ᠤᠨ ᠣᠷᠳᠣᠨ ᠳᠤ ᠴᠠᠭ ᠲᠤᠬᠠᠶ ᠳᠤᠨᠢ ᠳᠡᠪᠰᠢᠭᠦᠯᠵᠦ᠂ ᠠᠷᠠᠳ ᠣᠯᠠᠨ ᠤ ᠠᠮᠢ ᠨᠠᠰᠤᠨ ᠤ ᠠᠮᠤᠷ ᠲᠦᠪᠰᠢᠨ ᠢ ᠦᠨᠡᠨ ᠬᠦ ᠪᠠᠲᠤᠯᠠᠪᠠ᠃ ᠣᠳᠣᠬᠠᠨ ᠳᠤ᠂ ᠵᠧᠵᠢᠶᠠᠩ᠂ ᠹᠦᠵᠢᠶᠠᠨ ᠮᠤᠵᠢ ᠶᠢᠨ ᠤᠰᠤᠨ ᠠᠰᠢᠭᠯᠠᠯᠲᠠ ᠶᠢᠨ ᠲᠢᠩᠬᠢᠮ ᠨᠢᠭᠡᠨᠲᠡ ᠲᠣᠰ ᠲᠣᠰ ᠦᠶᠡᠷ ᠤᠨ ᠰᠡᠷᠭᠡᠶᠢᠯᠡᠯᠲᠡ ᠶᠢᠨ Ⅲ ᠲᠠᠰ᠂ Ⅱ ᠲᠠᠰ ᠤᠨ ᠪᠠᠴᠢᠮ ᠪᠠᠶᠢᠳᠠᠯ ᠢ ᠠᠷᠭᠠᠴᠠᠬᠤ ᠲᠥᠰᠦᠯ ᠢ ᠡᠬᠢᠯᠡᠭᠦᠯᠵᠦ᠂ ᠤᠰᠤᠨ ᠠᠰᠢᠭᠯᠠᠯᠲᠠ ᠶᠢᠨ ᠶᠠᠮᠤᠨ ᠲᠠᠢ ᠬᠤ᠋ ᠨᠠᠭᠤᠷ ᠤᠨ ᠰᠠᠪᠠ ᠭᠠᠵᠠᠷ ᠤᠨ ᠬᠠᠮᠢᠶᠠᠷᠤᠯᠲᠠ ᠶᠢᠨ ᠲᠣᠪᠴᠢᠶ᠎ᠠ ᠨᠢᠭᠡᠨᠲᠡ ᠦᠶᠡᠷ ᠤᠨ ᠤᠰᠤ ᠶᠢ ᠬᠤᠷᠢᠭᠯᠠᠬᠤ Ⅲ ᠲᠠᠰ ᠤᠨ ᠪᠠᠴᠢᠮ ᠪᠠᠶᠢᠳᠠᠯ ᠢ ᠠᠷᠭᠠᠴᠠᠬᠤ ᠲᠥᠰᠦᠯ ᠢ ᠡᠬᠢᠯᠡᠭᠦᠯᠵᠦ᠂ ᠲᠠᠶᠢᠹᠧᠩ ᠰᠠᠯᠬᠢ ᠰᠢᠷᠦᠭᠦᠨ ᠪᠣᠷᠣᠭᠠᠨ ᠣᠷᠣᠬᠤ ᠶᠢ ᠰᠡᠷᠭᠡᠶᠢᠯᠡᠬᠦ ᠡᠯ᠎ᠡ ᠵᠦᠢᠯ ᠤᠨ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠵᠦ ᠪᠠᠶᠢᠨ᠎ᠠ᠃ 
 
ᠢᠷᠡᠯᠲᠡ᠄ ᠤᠰᠤᠨ ᠠᠰᠢᠭᠯᠠᠯᠲᠠ ᠶᠢᠨ ᠶᠠᠮᠤᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号