7 ᠳ᠋ᠤᠭᠠᠷ ᠰᠠᠷ᠎ᠠ ᠶᠢᠨ 22 ᠤᠨ ᠡᠳᠦᠷ᠂ ᠤᠰᠤᠨ ᠠᠰᠢᠭᠯᠠᠯᠲᠠ ᠶᠢᠨ ᠳᠡᠳ᠋ ᠲᠢᠩᠬᠢᠮ ᠤᠨ ᠳᠠᠷᠤᠭ᠎ᠠ ᠯᠢ | ᠪᠢᠨ ︽ᠨᠢᠭᠡ ᠠᠵᠢᠯ ᠤᠨ ᠪᠠᠶᠢᠷᠢ ᠳᠤ ᠬᠤᠣᠰ ᠬᠠᠷᠢᠭᠤᠴᠠᠯᠭ᠎ᠠ ᠡᠭᠦᠷᠭᠡᠯᠡᠬᠦ︾ ᠵᠢᠴᠢ ᠨᠠᠮ ᠤᠨ ᠰᠤᠷᠲᠠᠯ ᠴᠢᠬᠡᠴᠢ | ᠵᠠᠰᠠᠭ ᠤᠨ ᠪᠠᠶᠢᠭᠤᠯᠤᠯᠲᠠ ᠶᠢᠨ ᠲᠤᠰᠬᠠᠢ ᠰᠡᠳᠦᠪᠲᠦ ᠠᠵᠢᠯ ᠤᠨ ᠬᠤᠷᠠᠯ ᠬᠤᠷᠠᠯᠳᠤᠭᠤᠯᠵᠤ᠂ ᠬᠤᠪᠢᠳᠠᠨ | ᠬᠠᠮᠢᠶᠠᠷᠴᠤ ᠪᠠᠶᠢᠭ᠎ᠠ ᠬᠦᠷᠢᠶᠡᠨ ᠳᠠᠬᠢ ᠡᠯ᠎ᠡ ᠬᠤᠯᠪᠣᠭᠳᠠᠯ ᠪᠦᠬᠦᠢ ᠨᠢᠭᠡᠴᠢ ᠶᠢᠨ 2024 ᠣᠨ ᠤ ᠳᠡᠭᠡᠷ᠎ᠡ ᠬᠠᠭᠠᠰ | ᠵᠢᠯ ᠤᠨ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ᠂ ᠦᠵᠡᠯ ᠤᠬᠠᠮᠰᠠᠷ ᠤᠨ ᠬᠡᠯᠪᠡᠷᠢ ᠶᠢᠨ ᠬᠦᠷᠢᠶ᠎ᠡ᠂ | ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠ ᠵᠢᠱᠢᠶᠡᠴᠢ | ᠪᠠᠶᠢᠭᠤᠯᠭ᠎ᠠ ᠶᠢ ᠡᠭᠦᠳᠦᠨ ᠪᠠᠶᠢᠭᠤᠯᠬᠤ ᠵᠡᠷᠭᠡ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠣᠷᠣᠰᠢᠵᠤ | ᠪᠠᠶᠢᠭ᠎ᠠ ᠳᠤᠲᠠᠭᠤᠳᠠᠯ ᠪᠠ ᠬᠦᠷᠦᠯᠴᠡᠬᠦ ᠦᠭᠡᠢ ᠲᠠᠯ᠎ᠠ ᠪᠠᠨ ᠡᠷᠢᠵᠦ᠂ ᠳᠣᠣᠷ᠎ᠠ ᠬᠠᠭᠠᠰ ᠵᠢᠯ ᠤᠨ ᠭᠤᠣᠯᠳᠠᠯᠭ᠎ᠠ ᠲᠠᠢ | ᠠᠵᠢᠯ ᠢ ᠰᠤᠳᠤᠯᠤᠨ ᠪᠠᠶᠢᠷᠢᠯᠠᠭᠤᠯᠪᠠ᠃ ᠲᠢᠩᠬᠢᠮ ᠤᠨ ᠲᠥᠯᠥᠪᠯᠡᠭᠡ ᠡᠳ᠋ ᠤᠨ ᠶᠠᠪᠤᠳᠠᠯ ᠤᠨ ᠭᠠᠵᠠᠷ᠂ ᠤᠰᠤᠨ ᠤ | ᠡᠬᠢ ᠪᠠᠶᠠᠯᠢᠭ ᠤᠨ ᠭᠠᠵᠠᠷ᠂ ᠤᠰᠤᠨ ᠤ ᠶᠠᠪᠤᠳᠠᠯ ᠤᠨ ᠭᠠᠵᠠᠷ᠂ ᠭᠤᠤᠯ ᠮᠥᠷᠡᠨ ᠨᠠᠭᠤᠷ ᠴᠥᠭᠦᠷᠥᠮ ᠤᠨ ᠭᠠᠵᠠᠷ᠂ | ᠰᠡᠷᠭᠡᠶᠢᠯᠡᠯᠲᠡ ᠶᠢᠨ ᠭᠠᠵᠠᠷ᠂ ᠤᠰᠤᠨ ᠠᠰᠢᠭᠯᠠᠯᠲᠠ ᠶᠢᠨ ᠦᠢᠯᠡᠰ ᠤᠨ ᠬᠥᠭᠵᠢᠯᠲᠡ ᠶᠢᠨ ᠲᠥᠪ᠂ ᠤᠰᠤᠨ | ᠰᠢᠨᠵᠢᠯᠡᠭᠡᠨ ᠤᠰᠤᠨ ᠤ ᠡᠬᠢ ᠰᠤᠷᠪᠤᠯᠵᠢ ᠶᠢᠨ ᠲᠥᠪ᠂ ᠤᠰᠤᠨ ᠠᠰᠢᠭᠯᠠᠯᠲᠠ ᠶᠢᠨ ᠰᠢᠨᠵᠢᠯᠡᠬᠦ ᠤᠬᠠᠭᠠᠨ ᠤ | ᠰᠤᠳᠤᠯᠭᠠᠨ ᠤ ᠬᠦᠷᠢᠶᠡᠯᠡᠩ᠂ ᠤᠰᠤ ᠭᠠᠩ ᠤᠨ ᠭᠠᠮᠰᠢᠭ ᠢ ᠰᠡᠷᠭᠡᠶᠢᠯᠡᠬᠦ ᠮᠡᠷᠭᠡᠵᠢᠯ ᠤᠨ ᠲᠥᠪ ᠤᠨ ᠭᠤᠤᠯ | ᠬᠠᠷᠢᠭᠤᠴᠠᠯᠭᠠᠲᠠᠨ ᠨᠥᠬᠦᠳ ᠲᠠᠰ ᠳᠠᠷᠠᠭᠠᠯᠠᠨ ᠬᠠᠷᠢᠭᠤ ᠮᠡᠳᠡᠭᠦᠯᠦᠯᠲᠡ ᠬᠢᠵᠦ ᠶᠠᠷᠢᠶ᠎ᠠ ᠲᠠᠯᠪᠢᠪᠠ᠃ | ᠯᠢ ᠪᠢᠨ ᠬᠤᠪᠢᠳᠠᠨ ᠬᠠᠮᠢᠶᠠᠷᠴᠤ ᠪᠠᠶᠢᠭ᠎ᠠ ᠰᠠᠯᠠᠭ᠎ᠠ ᠮᠥᠴᠢᠷ ᠪᠣᠯᠤᠨ ᠨᠢᠭᠡᠴᠢ ᠶᠢᠨ ᠠᠵᠢᠯ ᠳᠤ ᠦᠨᠡᠯᠡᠯᠲᠡ | ᠬᠢᠵᠦ᠂ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠬᠦᠳᠡ ᠬᠤᠷᠠᠯ ᠤᠨ ᠵᠣᠷᠢᠭ | ᠰᠠᠨᠠᠭ᠎ᠠ ᠶᠢ ᠰᠠᠶᠢᠲᠤᠷ ᠰᠤᠷᠤᠯᠴᠠᠨ ᠲᠤᠭᠤᠰᠢᠯᠠᠭᠤᠯᠬᠤ ᠶᠢ ᠣᠳᠣᠬᠠᠨ ᠤ ᠪᠠ ᠬᠤᠶᠢᠰᠢᠳᠠ ᠶᠢᠨ ᠨᠢᠭᠡ | ᠬᠤᠭᠤᠴᠠᠭᠠᠨ ᠤ ᠴᠢᠬᠤᠯᠠ ᠶᠡᠭᠡ ᠤᠯᠤᠰ ᠲᠦᠷᠦ ᠶᠢᠨ ᠡᠭᠦᠷᠭᠡ ᠪᠣᠯᠭᠠᠵᠤ᠂ ᠨᠠᠶᠢᠳᠠᠪᠤᠷᠢᠵᠢᠭᠤᠯᠤᠯᠲᠠ ᠶᠢ ᠲᠡᠷᠡ | ᠶᠣᠰᠣᠭᠠᠷ ᠨᠢ ᠰᠠᠶᠢᠲᠤᠷ ᠠᠳᠬᠤᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ | ᠪᠠᠲᠤᠳᠬᠠᠬᠤ ᠪᠠᠷ ᠠᠵᠢᠯ ᠤᠨ ᠭᠤᠣᠯ ᠰᠢᠵᠢᠮ ᠪᠣᠯᠭᠠᠵᠤ᠂ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ᠂ | ᠦᠵᠡᠯ ᠤᠬᠠᠮᠰᠠᠷ ᠤᠨ ᠬᠡᠯᠪᠡᠷᠢ ᠶᠢᠨ ᠬᠦᠷᠢᠶᠡᠨ ᠤ ᠠᠵᠢᠯ ᠢ ᠴᠥᠬᠦᠷᠡᠰᠢ ᠦᠭᠡᠢ ᠰᠠᠶᠢᠲᠤᠷ ᠬᠢᠵᠦ᠂ ᠳᠣᠣᠷ᠎ᠠ | ᠬᠠᠭᠠᠰ ᠵᠢᠯ ᠤᠨ ᠠᠵᠢᠯ ᠢ ᠤᠯᠠᠮ ᠴᠢᠨᠠᠭᠰᠢᠳᠠ ᠰᠢᠨᠵᠢᠯᠡᠬᠦ ᠤᠬᠠᠭᠠᠨᠴᠢ ᠪᠠᠷ ᠲᠥᠯᠥᠪᠵᠢᠭᠦᠯᠵᠦ᠂ ᠰᠢᠰᠲ᠋ᠧᠮ ᠲᠠᠢ | ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃ | ᠬᠤᠷᠠᠯ ᠳᠡᠭᠡᠷ᠎ᠡ᠂ ᠯᠢ ᠪᠢᠨ ᠪᠠᠰᠠ ᠣᠳᠣᠬᠠᠨ ᠤ ᠦᠶᠡᠷ ᠢ ᠰᠡᠷᠭᠡᠶᠢᠯᠡᠵᠦ ᠭᠠᠩ ᠬᠠᠭᠰᠠᠷᠠᠭᠠᠨ ᠲᠠᠢ ᠲᠡᠮᠡᠴᠡᠬᠦ | ᠵᠡᠷᠭᠡ ᠠᠵᠢᠯ ᠢ ᠰᠠᠶᠢᠲᠤᠷ ᠬᠢᠬᠦ ᠲᠤᠬᠠᠶ ᠲᠣᠬᠢᠷᠠᠭᠤᠯᠤᠯᠲᠠ ᠪᠠᠶᠢᠷᠢᠯᠠᠭᠤᠯᠤᠯᠲᠠ ᠬᠢᠵᠦ᠂ ᠡᠯ᠎ᠡ ᠱᠠᠲᠤᠨ ᠤ ᠦᠶᠡᠷ ᠢ | ᠰᠡᠷᠭᠡᠶᠢᠯᠡᠬᠦ ᠬᠠᠷᠢᠭᠤᠴᠠᠯᠭ᠎ᠠ ᠶᠢ ᠴᠢᠩᠭ᠎ᠠ ᠪᠣᠳᠠᠲᠠᠶᠢᠵᠢᠭᠤᠯᠵᠤ᠂ ᠦᠶᠡᠷ ᠢ ᠰᠡᠷᠭᠡᠶᠢᠯᠡᠬᠦ ᠪᠠᠶᠢᠳᠠᠯ ᠢ ᠣᠨᠣᠪᠴᠢᠲᠠᠶ | ᠰᠤᠳᠤᠯᠤᠨ ᠮᠠᠭᠠᠳᠯᠠᠵᠤ᠂ ᠦᠶᠡᠷ ᠢ ᠰᠡᠷᠭᠡᠶᠢᠯᠡᠬᠦ ᠰᠠᠨᠠᠭᠠᠴᠢᠯᠠᠭᠠᠲᠤ ᠡᠷᠬᠡ ᠶᠢ ᠪᠠᠲᠤ ᠡᠵᠡᠮᠳᠡᠵᠦ᠂ ᠠᠷᠠᠳ ᠣᠯᠠᠨ ᠤ | ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠪᠥᠬᠦ ᠬᠦᠴᠦᠨ ᠢᠶᠠᠷ ᠢᠶᠠᠨ ᠪᠠᠲᠤᠯᠠᠬᠤ ᠬᠡᠷᠡᠭᠲᠡᠶ ᠭᠡᠵᠦ | ᠴᠢᠬᠤᠯᠠᠴᠢᠯᠠᠪᠠ᠃ | |