ᠰᠢᠯᠢ ᠶᠢᠨ ᠭᠤᠣᠯ ᠤᠨ ᠤᠰᠤᠨ ᠰᠢᠨᠵᠢᠯᠡᠭᠡᠨ ᠤᠰᠤᠨ ᠤ ᠡᠬᠢ ᠰᠤᠷᠪᠤᠯᠵᠢ ᠶᠢᠨ ᠬᠤᠪᠢᠶᠠᠷᠢ ᠲᠥᠪ ᠤᠨ ᠳᠠᠭᠠᠭᠠᠴᠢᠯᠠᠯᠲᠠ ᠵᠠᠷᠯᠠᠵᠤ ᠣᠷᠣᠯᠠᠬᠤ ᠪᠠᠶᠢᠭᠤᠯᠤᠮᠵᠢ ᠶᠢᠨ ᠢᠯᠡ ᠪᠠᠷ ᠠᠳᠠᠯᠢᠳᠬᠠᠨ ᠰᠣᠩᠭᠤᠬᠤ ᠠᠯᠪᠠᠨ ᠵᠠᠷ
ᠨᠡᠶᠢᠲᠡᠯᠡᠭᠰᠡᠨ ᠴᠠᠭ᠄
2024/7/26
  ︽ᠡᠷᠬᠡ ᠲᠡᠭᠰᠢ᠂ ᠲᠥᠪ ᠭᠤᠣᠯᠴᠢ᠂ ᠢᠯᠡ ᠲᠣᠳᠣ︾ ᠪᠠᠶᠢᠬᠤ ᠵᠠᠷᠴᠢᠮ ᠶᠣᠰᠣᠭᠠᠷ᠂ ᠰᠢᠯᠢ ᠶᠢᠨ ᠭᠤᠤᠯ ᠤᠨ ᠤᠰᠤᠨ ᠰᠢᠨᠵᠢᠯᠡᠭᠡᠨ ᠤᠰᠤᠨ ᠤ ᠡᠬᠢ ᠰᠤᠷᠪᠤᠯᠵᠢ ᠶᠢᠨ ᠬᠤᠪᠢᠶᠠᠷᠢ ᠲᠥᠪ ᠨᠢ ᠣᠲᠣ ᠢᠯᠡ ᠪᠠᠷ ᠰᠣᠩᠭᠤᠬᠤ᠂ ᠰᠢᠯᠢᠳᠡᠭ ᠢ ᠨᠢ ᠰᠣᠩᠭᠤᠨ ᠳᠠᠭᠠᠭᠠᠴᠢᠯᠠᠯᠲᠠ ᠵᠠᠷᠯᠠᠬᠤ ᠣᠷᠣᠯᠠᠬᠤ ᠪᠠᠶᠢᠭᠤᠯᠤᠮᠵᠢ ᠶᠢ ᠰᠣᠩᠭᠤᠬᠤ ᠪᠠᠷ ᠳᠠᠮᠵᠢᠭᠤᠯᠤᠨ ︽ᠰᠢᠯᠢ ᠶᠢᠨ ᠭᠤᠤᠯ ᠤᠨ ᠤᠰᠤᠨ ᠰᠢᠨᠵᠢᠯᠡᠭᠡᠨ ᠤᠰᠤᠨ ᠤ ᠡᠬᠢ ᠰᠤᠷᠪᠤᠯᠵᠢ ᠶᠢᠨ ᠬᠤᠪᠢᠶᠠᠷᠢ ᠲᠥᠪ ᠤᠨ 2024 ᠣᠨ ᠳᠤ ᠣᠷᠣᠨ ᠤ ᠬᠤᠳᠳᠤᠭ ᠳᠣᠤᠷᠠᠬᠢ ᠤᠰᠤᠨ ᠤ ᠠᠵᠢᠯᠯᠠᠭᠠᠨ ᠢ ᠡᠵᠡᠮᠳᠡᠬᠦ ᠳᠠᠭᠠᠭᠠᠴᠢᠯᠠᠯᠲᠠ ᠵᠠᠷᠯᠠᠬᠤ ᠲᠦᠰᠦᠯ ᠤᠨ ᠳᠠᠭᠠᠭᠠᠴᠢᠯᠠᠯᠲᠠ ᠵᠠᠷᠯᠠᠬᠤ ᠶᠢ ᠣᠷᠣᠯᠠᠬᠤ ᠠᠵᠢᠯ ᠢ ᠥᠷᠨᠢᠭᠦᠯᠵᠦ᠂ ᠡᠳᠦᠭᠡ ᠬᠤᠯᠪᠣᠭᠳᠠᠯ ᠪᠥᠬᠦᠶ ᠵᠦᠢᠯᠡᠰ ᠢ ᠳᠣᠤᠷᠠᠬᠢ ᠮᠡᠲᠦ ᠵᠠᠷᠯᠠᠶ᠎ᠠ᠄  ᠨᠢᠭᠡ᠂ ᠲᠦᠷᠦᠯ ᠵᠦᠢᠯ ᠤᠨ ᠲᠦᠢᠮᠦ ᠪᠠᠶᠢᠳᠠᠯ  1. ᠲᠦᠰᠦᠯ ᠤᠨ ᠨᠡᠷᠡᠶᠢᠳᠦᠯ᠄ ᠰᠢᠯᠢ ᠶᠢᠨ ᠭᠤᠣᠯ ᠤᠨ ᠤᠰᠤᠨ ᠰᠢᠨᠵᠢᠯᠡᠭᠡᠨ ᠤᠰᠤᠨ ᠤ ᠡᠬᠢ ᠪᠠᠶᠠᠯᠢᠭ ᠤᠨ ᠬᠤᠪᠢᠶᠠᠷᠢ ᠲᠥᠪ ᠤᠨ 2024 ᠣᠨ ᠳᠤ ᠣᠷᠣᠨ ᠤ ᠬᠤᠳᠳᠤᠭ ᠢ ᠡᠵᠡᠮᠳᠡᠵᠦ ᠭᠠᠵᠠᠷ ᠳᠣᠣᠷᠠᠬᠢ ᠤᠰᠤᠨ ᠤ ᠠᠵᠢᠯᠯᠠᠬᠤ ᠶᠢ ᠬᠠᠮᠠᠭᠠᠯᠠᠬᠤ ᠲᠦᠰᠦᠯ᠃  2. ᠬᠡᠷᠡᠭᠵᠢᠭᠦᠯᠬᠦ ᠴᠠᠭ ᠬᠤᠭᠤᠴᠠᠭ᠎ᠠ ᠪᠠ ᠭᠠᠵᠠᠷ ᠣᠷᠣᠨ᠄ 2024 ᠣᠨ᠂ ᠰᠢᠯᠢ ᠶᠢᠨ ᠭᠤᠤᠯ ᠠᠶᠢᠮᠠᠭ᠃  3. ᠳᠠᠭᠠᠭᠠᠴᠢᠯᠠᠯᠲᠠ ᠵᠠᠷᠯᠠᠬᠤ ᠶᠢ ᠣᠷᠣᠯᠠᠬᠤ ᠠᠭᠤᠯᠭ᠎ᠠ᠄ ᠳᠠᠭᠠᠭᠠᠴᠢᠯᠠᠯᠲᠠ ᠵᠠᠷᠯᠠᠬᠤ ᠣᠷᠣᠯᠠᠬᠤ ᠠᠵᠢᠯᠯᠠᠭ᠎ᠠ ᠶᠢ ᠵᠣᠬᠢᠶᠠᠨ ᠪᠠᠶᠢᠭᠤᠯᠤᠨ᠎ᠠ᠂ ᠡᠭᠦᠨ ᠳᠤ ᠳᠠᠭᠠᠭᠠᠴᠢᠯᠠᠯᠲᠠ ᠵᠠᠷᠯᠠᠬᠤ ᠪᠢᠴᠢᠭ ᠮᠠᠲ᠋ᠧᠷᠢᠶᠠᠯ ᠲᠣᠭᠲᠠᠭᠠᠬᠤ᠂ ᠠᠯᠪᠠᠨ ᠵᠠᠷ ᠨᠡᠶᠢᠲᠡᠯᠡᠬᠦ᠂ ᠲᠦᠰᠦᠯ ᠢ ᠥᠷᠨᠢᠭᠦᠯᠬᠦ ᠳᠤᠮᠳᠠᠬᠢ ᠰᠡᠵᠢᠭᠯᠡᠯ ︵ᠬᠡᠷᠪᠡ ᠪᠠᠶᠢᠪᠠᠯ︶᠎ ᠢ ᠰᠢᠢᠳᠪᠦᠷᠢᠯᠡᠬᠦ᠂ ᠳᠠᠭᠠᠭᠠᠴᠢᠯᠠᠯᠲᠠ ᠨᠡᠶᠢᠲᠡᠯᠡᠬᠦ ᠶᠢ ᠵᠣᠬᠢᠶᠠᠨ ᠪᠠᠶᠢᠭᠤᠯᠬᠤ᠂ ᠳᠠᠭᠠᠭᠠᠴᠢᠯᠠᠯᠲᠠ ᠣᠯᠬᠤ ᠮᠡᠳᠡᠭᠳᠡᠯ ᠤᠨ ᠪᠢᠴᠢᠭ ᠲᠠᠷᠬᠠᠭᠠᠬᠤ᠂ ᠲᠦᠰᠦᠯ ᠢ ᠳᠠᠩᠰᠠ ᠡᠪᠬᠡᠮᠡᠯ ᠳᠤ ᠣᠷᠣᠭᠤᠯᠬᠤ ᠵᠡᠷᠭᠡ ᠶᠢ ᠪᠠᠭᠲᠠᠭᠠᠭᠰᠠᠨ ᠪᠣᠯᠪᠠᠴᠤ ᠦᠯᠦ ᠬᠢᠵᠠᠭᠠᠷᠯᠠᠨ᠎ᠠ᠃  ᠬᠤᠶᠠᠷ᠂ ᠣᠷᠣᠯᠠᠬᠤ ᠪᠠᠶᠢᠭᠤᠯᠤᠮᠵᠢ ᠶᠢᠨ ᠬᠢᠷᠢ ᠬᠡᠮ ᠤᠨ ᠱᠠᠭᠠᠷᠳᠠᠯᠭ᠎ᠠ  1. ᠣᠷᠣᠯᠠᠨ ᠭᠦᠢᠴᠡᠳᠬᠡᠬᠦ ᠪᠠᠶᠢᠭᠤᠯᠤᠮᠵᠢ ᠨᠢ ᠡᠷᠬᠡᠪᠰᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠬᠤᠳᠠᠯᠳᠤᠨ ᠠᠪᠬᠤ ᠰᠦᠯᠵᠢᠶᠡᠨ ᠤ ᠣᠷᠣᠯᠠᠨ ᠭᠦᠢᠴᠡᠳᠬᠡᠬᠦ ᠪᠠᠶᠢᠭᠤᠯᠤᠮᠵᠢ ᠶᠢᠨ ᠬᠥᠮᠥᠷᠭᠡ ᠳᠤ ᠪᠦᠷᠢᠳᠬᠡᠨ ᠳᠠᠩᠰᠠᠯᠠᠭᠤᠯᠬᠤ ᠬᠡᠷᠡᠭᠲᠡᠶ᠃  2. ᠲᠤᠰᠠᠭᠠᠷ ᠲᠣᠭᠲᠠᠨᠢᠭᠰᠠᠨ ᠬᠠᠤᠯᠢ ᠶᠢᠨ ᠡᠷᠬᠡᠲᠡᠨ ᠤ ᠬᠢᠷᠢ ᠭᠡᠮ ᠲᠠᠢ ᠪᠠᠶᠢᠭᠤᠯᠤᠮᠵᠢ ᠡᠷᠬᠡᠪᠰᠢ ᠰᠠᠶᠢᠨ ᠰᠠᠶᠢᠬᠠᠨ ᠡᠳ᠋ ᠤᠨ ᠶᠠᠪᠤᠳᠠᠯ ᠤᠨ ᠪᠠᠶᠢᠳᠠᠯ ᠪᠠ ᠬᠤᠳᠠᠯᠳᠤᠭᠠᠨ ᠤ ᠢᠲᠡᠭᠡᠯ ᠬᠦᠨᠳᠦ ᠲᠠᠢ ᠪᠠᠶᠢᠵᠤ᠂ ᠭᠦᠢᠴᠡᠳ ᠡᠳ᠋ ᠬᠥᠷᠥᠩᠭᠡ ᠪᠠ ᠴᠢᠳᠠᠪᠤᠷᠢ ᠲᠠᠢ ᠪᠠᠶᠢᠵᠤ ᠭᠡᠷ᠎ᠡ ᠶᠢ ᠭᠦᠢᠴᠡᠳᠬᠡᠬᠦ ᠬᠡᠷᠡᠭᠲᠡᠢ᠃  ᠭᠤᠷᠪᠠ᠂ ᠨᠡᠷ᠎ᠡ ᠮᠡᠳᠡᠭᠦᠯᠬᠦ ᠳᠡᠭᠡᠨ ᠮᠠᠲ᠋ᠧᠷᠢᠶᠠᠯ ᠬᠠᠩᠭᠠᠬᠤ ᠬᠡᠷᠡᠭᠲᠡᠶ  1. ᠨᠡᠷ᠎ᠡ ᠮᠡᠳᠡᠭᠦᠯᠦᠭᠴᠢ ᠠᠴᠠ ᠪᠡᠶ᠎ᠡ ᠶᠢᠨ ᠦᠨᠡᠮᠯᠡᠯ ᠤᠨ ᠤᠭ ᠮᠠᠲ᠋ᠧᠷᠢᠶᠠᠯ ᠢᠶᠠᠨ ᠭᠠᠷᠭᠠᠨ ᠦᠵᠡᠭᠦᠯᠵᠦ᠂ ᠬᠠᠭᠤᠯᠪᠤᠷᠢ ᠮᠠᠲ᠋ᠧᠷᠢᠶᠠᠯ᠂ ᠬᠠᠷᠢᠯᠴᠠᠬᠤ ᠠᠷᠭ᠎ᠠ ᠬᠡᠯᠪᠡᠷᠢ ᠪᠠᠨ ᠬᠠᠩᠭᠠᠨ᠎ᠠ᠃  2. ᠨᠡᠷ᠎ᠡ ᠮᠡᠳᠡᠭᠦᠯᠦᠭᠴᠢ ᠨᠢ ᠬᠠᠤᠯᠢ ᠪᠠᠷ ᠲᠣᠭᠲᠠᠭᠠᠭᠰᠠᠨ ᠲᠥᠯᠥᠭᠡᠯᠡᠭᠴᠢ ᠶᠢᠨ ᠭᠠᠷ ᠤᠨ ᠦᠰᠦᠭ       ᠵᠢᠷᠤᠬᠤ᠂ ᠺᠣᠮᠫᠠᠨᠢ ᠶᠢᠨ ᠲᠠᠮᠠᠭ᠎ᠠ ᠳᠠᠷᠤᠭᠰᠠᠨ ︽ᠡᠷᠬᠡ ᠣᠯᠭᠤᠭᠰᠠᠨ ᠨᠠᠶᠢᠳᠠᠯᠭ᠎ᠠ ᠶᠢᠨ ᠪᠢᠴᠢᠭ︾᠎ ᠢᠶᠠᠨ ᠭᠠᠷᠭᠠᠵᠤ       ᠥᠭᠭᠦᠨ᠎ᠡ᠃  3. ᠤᠯᠤᠰ ᠤᠨ ᠦᠢᠯᠡᠳᠪᠦᠷᠢ ᠬᠤᠳᠠᠯᠳᠤᠭᠠᠨ ᠤ ᠪᠠᠶᠢᠭᠤᠯᠭ᠎ᠠ ᠶᠢᠨ ᠣᠨ ᠤ ᠪᠠᠶᠢᠴᠠᠭᠠᠯᠲᠠ ᠳᠤ ᠬᠢᠷᠢ ᠲᠡᠩᠴᠡᠭᠰᠡᠨ ᠬᠦᠴᠦᠨ ᠲᠠᠢ ᠮᠥᠷᠲᠡᠭᠡᠨ ᠳᠠᠭᠠᠭᠠᠴᠢᠯᠠᠯᠲᠠ ᠬᠦᠯᠢᠶᠡᠬᠦ ᠠᠵᠤ ᠠᠬᠤᠶᠢᠯᠠᠯ ᠤᠨ ᠠᠯᠪᠠᠨ ᠲᠠᠮᠠᠭ᠎ᠠ ᠶᠢ ᠳᠠᠷᠤᠭᠰᠠᠨ ᠡᠵᠡᠩᠨᠡᠯᠲᠡ ᠶᠢᠨ ᠦᠨᠡᠮᠯᠡᠯ ᠤᠨ ᠬᠠᠭᠤᠯᠪᠤᠷᠢ ᠳᠡᠪᠲᠡᠷ ᠤᠨ ᠬᠠᠭᠤᠯᠪᠤᠷᠢ ᠶᠢ ᠬᠠᠩᠭᠠᠵᠤ ᠥᠭᠭᠦᠨ᠎ᠡ᠃  4. ᠤᠶᠢᠷ᠎ᠠ ᠶᠢᠨ ᠬᠠᠭᠠᠰ ᠵᠢᠯ ᠳᠤ ᠭᠤᠷᠪᠠᠨ ᠰᠠᠷ᠎ᠠ ᠳᠠᠷᠠᠭᠠᠯᠠᠨ ᠨᠡᠶᠢᠭᠡᠮ ᠤᠨ ᠪᠠᠲᠤᠯᠠᠭ᠎ᠠ ᠶᠢᠨ ᠪᠡᠯᠡ ᠮᠦᠩᠭᠦ ᠲᠤᠰᠢᠶᠠᠭᠰᠠᠨ ᠭᠡᠷᠡᠴᠢ ᠮᠠᠲ᠋ᠧᠷᠢᠶᠠᠯ᠂ ᠪᠠᠷᠤᠭ ᠬᠠᠭᠠᠰ ᠵᠢᠯ ᠳᠠᠷᠠᠭᠠᠯᠠᠨ ᠭᠤᠷᠪᠠᠨ ᠰᠠᠷ᠎ᠠ ᠭᠠᠶᠢᠯᠢ ᠲᠤᠰᠢᠶᠠᠭᠰᠠᠨ ᠭᠡᠷᠡᠴᠢ ᠮᠠᠲ᠋ᠧᠷᠢᠶᠠᠯ ᠢ ᠬᠠᠩᠭᠠᠨ᠎ᠠ᠃  5 . 2023 ᠪᠤᠶᠤ 2022 ᠣᠨ ᠳᠤ ᠬᠢᠨᠠᠨ ᠪᠤᠳᠤᠬᠤ ᠰᠠᠯᠠᠭ᠎ᠠ ᠮᠥᠴᠢᠷ ᠪᠤᠶᠤ ᠨᠢᠭᠲᠠᠯᠠᠨ ᠪᠤᠳᠤᠬᠤ ᠬᠡᠷᠡᠭ ᠡᠷᠬᠢᠯᠡᠬᠦ ᠭᠠᠵᠠᠷ ᠠᠴᠠ ᠭᠠᠷᠭᠠᠵᠤ ᠥᠭᠭᠦᠭᠰᠡᠨ ᠬᠢᠨᠠᠨ ᠪᠤᠳᠤᠬᠤ ᠮᠡᠳᠡᠭᠦᠯᠦᠯᠲᠡ ᠪᠤᠶᠤ ᠺᠣᠮᠫᠠᠨᠢ ᠶᠢᠨ ᠦᠨᠳᠦᠰᠦᠨ ᠳᠠᠩᠰᠠᠨ ᠡᠷᠦᠬᠡ ᠪᠠᠶᠢᠭᠤᠯᠤᠭᠰᠠᠨ ᠪᠠᠩᠬᠢ ᠶᠢᠨ ᠬᠢᠵᠦ ᠥᠭᠭᠦᠭᠰᠡᠨ ᠬᠢᠷᠢ ᠬᠡᠮ ᠤᠨ ᠢᠲᠡᠭᠡᠮᠵᠢ ᠶᠢᠨ ᠭᠡᠷᠡᠴᠢ ᠬᠠᠩᠭᠠᠨ᠎ᠠ᠃  6. ︽ᠳᠤᠮᠳᠠᠳᠤ ᠤᠯᠤᠰ ᠤᠨ ᠵᠠᠰᠠᠭ ᠤᠨ ᠣᠷᠳᠣᠨ ᠤ ᠬᠤᠳᠠᠯᠳᠤᠨ ᠠᠪᠬᠤ ᠰᠦᠯᠵᠢᠶ᠎ᠡ︾ ᠵᠢᠴᠢ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠬᠤᠳᠠᠯᠳᠤᠨ ᠠᠪᠬᠤ ᠰᠦᠯᠵᠢᠶ᠎ᠡ︾᠎ ᠶᠢᠨ ᠣᠷᠣᠯᠠᠬᠤ ᠪᠠᠶᠢᠭᠤᠯᠤᠮᠵᠢ ᠳᠤ ᠳᠡᠩᠰᠡᠯᠡᠵᠦ ᠬᠥᠮᠥᠷᠭᠡ ᠳᠤ ᠣᠷᠣᠭᠤᠯᠬᠤ ᠵᠢᠷᠤᠭ ᠤᠨ ᠭᠡᠷᠡᠴᠢ ᠮᠠᠲ᠋ᠧᠷᠢᠶᠠᠯ ᠢ ᠬᠠᠩᠭᠠᠨ᠎ᠠ᠃  7. ︽ᠢᠲᠡᠭᠡᠮᠵᠢᠲᠦ ᠳᠤᠮᠳᠠᠳᠤ ᠤᠯᠤᠰ︾ ᠰᠦᠯᠵᠢᠶ᠎ᠡ ︵www.creditchina.gov.cn ︶ ᠢᠲᠡᠭᠡᠮᠵᠢ ᠠᠯᠳᠠᠭᠰᠠᠨ ᠭᠦᠢᠴᠡᠳᠬᠡᠭᠴᠢ ᠪᠠ ᠬᠦᠨᠳᠦ ᠶᠡᠭᠡ ᠭᠠᠶᠢᠯᠢ ᠲᠠᠲᠠᠪᠤᠷᠢ ᠶᠢᠨ ᠬᠠᠤᠯᠢ ᠠᠴᠠ ᠵᠥᠷᠢᠴᠡᠭᠰᠡᠨ ᠬᠡᠷᠡᠭ ᠤᠨ ᠲᠤᠬᠠᠶ ᠶᠢᠨ ᠬᠥᠮᠦᠨ ᠤ ᠨᠡᠷᠡᠰ ᠤᠨ ᠲᠡᠮᠳᠡᠭᠯᠡᠯ ᠢ ᠲᠠᠰᠤᠯᠤᠭᠰᠠᠨ ᠵᠢᠷᠤᠭ ᠵᠢᠴᠢ ︽ᠳᠤᠮᠳᠠᠳᠤ ᠤᠯᠤᠰ ᠤᠨ ᠵᠠᠰᠠᠭ ᠤᠨ ᠣᠷᠳᠣᠨ ᠤ ᠬᠤᠳᠠᠯᠳᠤᠨ ᠠᠪᠬᠤ ᠰᠦᠯᠵᠢᠶ᠎ᠡ︾᠎ ᠶᠢᠨ ᠰᠦᠯᠵᠢᠶ᠎ᠡ ︵www.ccgp.gov.cn ︶᠎ ᠶᠢᠨ ᠵᠠᠰᠠᠭ ᠤᠨ ᠣᠷᠳᠣᠨ ᠤ ᠬᠤᠳᠠᠯᠳᠤᠨ ᠠᠪᠬᠤ ᠬᠦᠨᠳᠦ ᠨᠣᠴᠢᠲᠠᠶ ᠬᠠᠤᠯᠢ ᠶᠢ ᠵᠥᠷᠢᠴᠡᠵᠦ ᠢᠲᠡᠭᠡᠯ ᠠᠯᠳᠠᠭᠰᠠᠨ ᠦᠢᠯᠡ ᠠᠵᠢᠯᠯᠠᠭ᠎ᠠ ᠶᠢᠨ ᠲᠡᠮᠳᠡᠭᠯᠡᠯ ᠤᠨ ᠨᠡᠷᠡᠰ ᠤᠨ ᠣᠭᠲᠣᠯᠣᠭᠰᠠᠨ ᠵᠢᠷᠤᠭ ᠢ ᠬᠠᠩᠭᠠᠨ᠎ᠠ᠃  8. ᠳᠤᠮᠳᠠᠳᠤ ᠤᠯᠤᠰ ᠤᠨ ᠲᠠᠰᠤᠯᠤᠨ ᠲᠣᠭᠲᠠᠭᠠᠯᠲᠠ ᠶᠢᠨ ᠪᠢᠴᠢᠭ ᠬᠠᠷ᠎ᠠ ᠶᠢᠨ ᠰᠦᠯᠵᠢᠶᠡᠨ ᠳᠤ ᠨᠡᠷ᠎ᠡ ᠮᠡᠳᠡᠭᠦᠯᠦᠭᠡᠳ ᠣᠶᠢᠷ᠎ᠠ ᠶᠢᠨ ᠭᠤᠷᠪᠠᠨ ᠵᠢᠯ ︵2021 ᠣᠨ ᠤ 1 ᠳ᠋ᠦ᠋ᠭᠡᠷ ᠰᠠᠷ᠎ᠠ ᠶᠢᠨ 1᠎ ᠠᠴᠠ ᠤᠳᠤ ᠪᠣᠯᠲᠠᠯ᠎ᠠ︶ ᠬᠡᠭᠡᠯᠢ ᠲᠦᠯᠬᠢᠭᠰᠡᠨ ᠶᠠᠯ᠎ᠠ ᠬᠢᠭᠰᠡᠨ ᠲᠡᠮᠳᠡᠭᠯᠡᠯ ᠢ ᠪᠠᠶᠢᠴᠠᠭᠠᠨ ᠠᠰᠠᠭᠤᠭᠰᠠᠨ ᠲᠡᠮᠳᠡᠭᠯᠡᠯ ᠢ ᠣᠯᠤᠭᠰᠠᠨ ᠦᠭᠡᠢ᠃  ᠳᠥᠷᠪᠡ᠂ ᠨᠡᠷ᠎ᠡ ᠮᠡᠳᠡᠭᠦᠯᠬᠦ ᠴᠠᠭ᠂ ᠭᠠᠵᠠᠷ ᠣᠷᠣᠨ  ᠳᠡᠭᠡᠷ᠎ᠡ ᠳᠤᠷᠠᠳᠤᠭᠰᠠᠨ ᠨᠥᠬᠦᠴᠡᠯ ᠳᠤ ᠨᠡᠶᠢᠴᠡᠬᠦ ᠳᠠᠭᠠᠭᠠᠴᠢᠯᠠᠯᠲᠠ ᠵᠠᠷᠯᠠᠬᠤ ᠶᠢ ᠣᠷᠣᠯᠠᠬᠤ ᠪᠠᠶᠢᠭᠤᠯᠤᠮᠵᠢ ᠨᠢ 2024 ᠣᠨ ᠤ 7 ᠳ᠋ᠤᠭᠠᠷ ᠰᠠᠷ᠎ᠠ ᠶᠢᠨ 30᠎ ᠤ ᠡᠳᠦᠷ ᠠᠴᠠ 2024 ᠣᠨ ᠤ 7 ᠳ᠋ᠤᠭᠠᠷ ᠰᠠᠷ᠎ᠠ ᠶᠢᠨ 31᠎ ᠤ ᠡᠳᠦᠷ ᠪᠣᠯᠲᠠᠯ᠎ᠠ᠂ ᠡᠳᠦᠷ ᠪᠦᠷᠢ ᠶᠢᠨ ᠦᠳᠡ ᠶᠢᠨ ᠡᠮᠦᠨ᠎ᠡ 9᠄ 00 —12᠄ 00 ᠴᠠᠭ᠂ ᠦᠳᠡ ᠶᠢᠨ ᠬᠤᠶᠢᠨ᠎ᠠ 14᠄ 30 —17᠄ 00 ᠴᠠᠭ ᠲᠤ  ᠰᠢᠯᠢ ᠶᠢᠨ ᠭᠤᠤᠯ ᠤᠨ ᠤᠰᠤᠨ ᠰᠢᠨᠵᠢᠯᠡᠭᠡᠨ ᠤᠰᠤᠨ ᠤ ᠡᠬᠢ ᠰᠤᠷᠪᠤᠯᠵᠢ ᠶᠢᠨ ᠬᠤᠪᠢᠶᠠᠷᠢ ᠲᠥᠪ ᠲᠤ ᠨᠡᠷ᠎ᠡ ᠮᠡᠳᠡᠭᠦᠯᠬᠦ ᠮᠠᠲ᠋ᠧᠷᠢᠶᠠᠯ ᠢᠶᠠᠨ ᠲᠤᠰᠢᠶᠠᠨ᠎ᠠ᠃  ᠲᠠᠪᠤ᠂ ᠬᠠᠷᠢᠯᠴᠠᠬᠤ ᠠᠷᠭ᠎ᠠ ᠮᠠᠶ᠋ᠢᠭ  ᠨᠢᠭᠡᠴᠢ ᠶᠢᠨ ᠨᠡᠷᠡᠢᠳᠦᠯ᠄ ᠰᠢᠯᠢ ᠶᠢᠨ ᠭᠤᠣᠯ ᠤᠨ ᠤᠰᠤᠨ ᠰᠢᠨᠵᠢᠯᠡᠭᠡᠨ ᠤᠰᠤᠨ ᠤ ᠡᠬᠢ ᠰᠤᠷᠪᠤᠯᠵᠢ ᠶᠢᠨ ᠬᠤᠪᠢᠶᠠᠷᠢ ᠲᠥᠪ  ᠨᠡᠷ᠎ᠡ ᠮᠡᠳᠡᠭᠦᠯᠬᠦ ᠬᠠᠶ᠋ᠢᠭ᠄ ᠰᠢᠯᠢ ᠶᠢᠨ ᠭᠤᠤᠯ ᠠᠶᠢᠮᠠᠭ ᠤᠨ ᠰᠢᠯᠢ ᠶᠢᠨ ᠬᠤᠲᠠ ᠶᠢᠨ ᠴᠠᠬᠠᠷ ᠶᠡᠭᠡ ᠵᠡᠭᠡᠯᠢ ᠶᠢᠨ 62 ᠳ᠋ᠤᠭᠠᠷ ᠠᠰᠠᠷ ᠤᠨ 111 ᠳ᠋ᠦ᠋ᠭᠡᠷ ᠠᠰᠠᠷ  ᠰᠢᠦᠳᠠᠨ ᠨᠣᠮᠧᠷ᠄ 026000  ᠬᠠᠷᠢᠯᠴᠠᠬᠤ ᠬᠥᠮᠦᠨ᠄ ᠸᠧᠶ ᠬᠤᠤ ᠷᠠᠨ  ᠬᠠᠷᠢᠯᠴᠠᠬᠤ ᠤᠲᠠᠰᠤ᠄ 0479 — 2771766︔15247695406 
 
ᠢᠷᠡᠯᠲᠡ᠄ ᠦᠪᠤᠷ ᠮᠣᠩᠭᠤᠯ ᠤᠨ ᠦᠪᠡᠷᠳᠡᠭᠡᠨ ᠵᠠᠰᠠᠬᠤ ᠣᠷᠣᠨ ᠤ ᠣᠰᠣᠨ ᠠᠰᠢᠠᠠᠯᠠᠯᠳᠡ ᠶᠢᠨ ᠳᠢᠩᠬᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号