ᠠᠷᠠᠳ ᠤᠨ ᠡᠳᠦᠷ ᠤᠨ ᠰᠣᠨᠢᠨ᠄ ᠪᠠᠴᠢᠮ ᠪᠠᠶᠢᠳᠠᠯ ᠢ ᠠᠷᠭᠠᠴᠠᠬᠤ ᠳᠡᠰ ᠦᠰᠪᠡ︕ ᠰᠧᠴᠤᠸᠠᠨ ᠤ 36 ᠭᠠᠵᠠᠷ ᠤᠨ ᠠᠭᠤᠯᠠᠨ ᠦᠶᠡᠷ ᠤᠨ ᠭᠠᠮᠰᠢᠭ ᠤᠨ ᠴᠠᠭ ᠠᠭᠤᠷ ᠤᠨ ᠠᠶᠤᠯ ᠲᠦᠭᠰᠢᠭᠦᠷᠢ ᠤᠯᠠᠭᠠᠨ ᠰᠡᠷᠡᠮᠵᠢ ᠶᠢᠨ ᠳᠤᠬᠢᠶᠠᠨ ᠳᠤ ᠬᠦᠷᠴᠠᠢ
ᠨᠡᠶᠢᠲᠡᠯᠡᠭᠰᠡᠨ ᠴᠠᠭ᠄
2024/7/26
  ᠤᠰᠤᠨ ᠠᠰᠢᠭᠯᠠᠯᠲᠠ ᠶᠢᠨ ᠶᠠᠮᠤᠨ ᠪᠣᠯᠤᠨ ᠳᠤᠮᠳᠠᠳᠤ ᠤᠯᠤᠰ ᠤᠨ ᠴᠠᠭ ᠠᠭᠤᠷ ᠤᠨ ᠲᠣᠪᠴᠢᠶ᠎ᠠ ᠶᠢᠨ ᠢᠷᠡᠭᠡᠳᠦᠶ ᠶᠢᠨ 24 ᠴᠠᠭ ᠤᠨ ᠠᠭᠤᠯᠠᠨ ᠦᠶᠡᠷ ᠤᠨ ᠭᠠᠮᠰᠢᠭ ᠤᠨ ᠴᠠᠭ ᠠᠭᠤᠷ ᠤᠨ ᠲᠦᠭᠰᠢᠭᠦᠷᠢ ᠶᠢ ᠤᠷᠢᠳᠴᠢᠯᠠᠨ ᠰᠡᠷᠡᠮᠵᠢᠯᠡᠭᠦᠯᠵᠦ ᠵᠠᠳᠠᠯᠤᠭᠰᠠᠨ ᠦᠷ᠎ᠡ ᠳ᠋ᠦᠩ ᠢ ᠦᠨᠳᠦᠰᠦᠯᠡᠪᠡᠯ᠂ 7 ᠳ᠋ᠤᠭᠠᠷ ᠰᠠᠷ᠎ᠠ ᠶᠢᠨ 23᠎ ᠤ ᠡᠳᠦᠷ ᠤᠨ 20 ᠴᠠᠭ ᠠᠴᠠ 24᠎ ᠤ ᠡᠳᠦᠷ ᠤᠨ 20 ᠴᠠᠭ ᠪᠣᠯᠲᠠᠯ᠎ᠠ᠂ ᠰᠧᠴᠤᠸᠠᠨ ᠤ ᠳᠤᠮᠳᠠ ᠬᠡᠰᠡᠭ ᠪᠣᠯᠤᠨ ᠤᠮᠠᠷᠠᠲᠤ ᠬᠡᠰᠡᠭ ᠤᠨ ᠴᠧᠩᠳᠦ᠋᠂ ᠮᠢᠶᠠᠨᠶᠠᠩ᠂ ᠳ᠋ᠧᠶᠠᠩ᠂ ᠭᠤᠸᠠᠩ ᠶᠤᠸᠠᠨ᠂ ᠯᠧ ᠱᠠᠨ᠂ ᠶᠠ ᠠᠨ᠂ ᠠᠪᠠ᠂ ᠭᠠᠨᠽᠢ᠂ ᠮᠸᠢᠢᠱᠠᠨ ᠵᠡᠷᠭᠡ ᠬᠤᠲᠠ ︵ᠵᠸᠣ︶᠎ ᠶᠢᠨ 36 ᠰᠢᠶᠠᠨ ︵ᠬᠤᠲᠠ᠂ ᠲᠣᠭᠤᠷᠢᠭ︶ ᠤᠯᠠᠭᠠᠨ ᠰᠡᠷᠡᠮᠵᠢ ᠶᠢᠨ ᠳᠤᠬᠢᠶᠠᠨ ᠳᠤ ᠬᠦᠷᠴᠠᠢ᠂ 15 ᠰᠢᠶᠠᠨ ︵ᠬᠤᠲᠠ᠂ ᠲᠣᠭᠤᠷᠢᠭ︶᠎ ᠨᠢ ᠤᠯᠠᠪᠤᠷ ᠥᠩᠭᠡ ᠶᠢᠨ ᠤᠷᠢᠳᠴᠢᠯᠠᠨ ᠰᠡᠷᠡᠮᠵᠢᠯᠡᠭᠦᠯᠬᠦ ᠳᠡᠰ ᠲᠤ ᠬᠦᠷᠦᠭᠰᠡᠨ ᠪᠥᠭᠡᠳ ᠣᠶᠢᠷ᠎ᠠ ᠳᠤ ᠪᠠᠰᠠ ᠨᠡᠯᠢᠶᠡᠳ ᠶᠡᠭᠡ ᠪᠣᠷᠣᠭᠠᠨ ᠣᠷᠣᠬᠤ ᠪᠥᠭᠡᠳ ᠠᠭᠤᠯᠠᠨ ᠦᠶᠡᠷ ᠤᠨ ᠭᠠᠮᠰᠢᠭ ᠠᠮᠠᠷᠬᠠᠨ ᠡᠭᠦᠰᠬᠦ ᠣᠷᠣᠨ ᠲᠠᠢ ᠳᠡᠭᠡᠳᠦ ᠬᠡᠮᠵᠢᠶ᠎ᠡ ᠪᠠᠷ ᠳᠠᠪᠬᠤᠴᠠᠵᠤ᠂ ᠠᠭᠤᠯᠠᠨ ᠦᠶᠡᠷ ᠤᠨ ᠭᠠᠮᠰᠢᠭ ᠤᠨ ᠲᠦᠭᠰᠢᠭᠦᠷᠢ ᠨᠡᠯᠢᠶᠡᠳ ᠥᠨᠳᠥᠷ ᠭᠠᠷᠤᠭᠰᠠᠨ ᠪᠠᠶᠢᠨ᠎ᠠ᠃ ︽ᠤᠰᠤᠨ ᠠᠰᠢᠭᠯᠠᠯᠲᠠ ᠶᠢᠨ ᠶᠠᠮᠤᠨ ᠤ ᠤᠰᠤ ᠭᠠᠩ ᠤᠨ ᠭᠠᠮᠰᠢᠭ ᠢ ᠰᠡᠷᠭᠡᠶᠢᠯᠡᠬᠦ ᠪᠠᠴᠢᠮ ᠪᠠᠶᠢᠳᠠᠯ ᠢ ᠠᠷᠭᠠᠴᠠᠬᠤ ᠠᠵᠢᠯ ᠤᠨ ᠳᠦᠷᠢᠮ︾᠎ ᠢ ᠦᠨᠳᠦᠰᠦᠯᠡᠪᠡᠯ᠂ ᠤᠰᠤᠨ ᠠᠰᠢᠭᠯᠠᠯᠲᠠ ᠶᠢᠨ ᠶᠠᠮᠤᠨ 7 ᠳ᠋ᠤᠭᠠᠷ ᠰᠠᠷ᠎ᠠ ᠶᠢᠨ 23᠎ ᠤ ᠡᠳᠦᠷ ᠤᠨ 18 ᠴᠠᠭ ᠲᠤ ᠰᠧᠴᠤᠸᠠᠨ ᠮᠤᠵᠢ ᠶᠢᠨ ᠦᠶᠡᠷ ᠤᠨ ᠤᠰᠤ ᠶᠢ ᠰᠡᠷᠭᠡᠶᠢᠯᠡᠬᠦ Ⅳ ᠲᠠᠰ ᠤᠨ ᠪᠠᠴᠢᠮ ᠪᠠᠶᠢᠳᠠᠯ ᠢ ᠠᠷᠭᠠᠴᠠᠬᠤ ᠲᠦᠰᠦᠯ ᠢ Ⅲ ᠲᠠᠰ ᠤᠨ ᠪᠠᠴᠢᠮ ᠪᠠᠶᠢᠳᠠᠯ ᠢ ᠠᠷᠭᠠᠴᠠᠬᠤ  ᠳᠡᠰ ᠪᠣᠯᠭᠠᠨ ᠳᠡᠭᠡᠭᠰᠢᠯᠡᠭᠦᠯᠪᠡ᠃  ᠤᠰᠤᠨ ᠠᠰᠢᠭᠯᠠᠯᠲᠠ ᠶᠢᠨ ᠶᠠᠮᠤᠨ ᠠᠴᠠ ᠪᠠᠷᠠᠭᠤᠨ ᠡᠮᠦᠨᠡᠬᠡᠨ᠂ ᠪᠠᠷᠠᠭᠤᠨ ᠬᠤᠶᠢᠲᠤ ᠣᠷᠣᠨ ᠤ ᠠᠭᠤᠯᠠᠨ ᠦᠶᠡᠷ ᠤᠨ ᠭᠠᠮᠰᠢᠭ ᠢ ᠰᠡᠷᠭᠡᠶᠢᠯᠡᠬᠦ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠳᠤᠮᠳᠠᠳᠤ ᠤᠯᠤᠰ ᠤᠨ ᠴᠠᠭ ᠠᠭᠤᠷ ᠤᠨ ᠲᠣᠪᠴᠢᠶ᠎ᠠ ᠲᠠᠢ ᠬᠠᠮᠲᠤᠷᠠᠨ ᠢᠷᠡᠭᠡᠳᠦᠶ ᠶᠢᠨ 24 ᠴᠠᠭ ᠤᠨ ᠠᠭᠤᠯᠠᠨ ᠦᠶᠡᠷ ᠤᠨ ᠭᠠᠮᠰᠢᠭ ᠤᠨ ᠠᠶᠤᠯ ᠲᠦᠭᠰᠢᠭᠦᠷᠢ ᠶᠢᠨ ᠣᠷᠣᠨ ᠪᠦᠰᠡ ᠵᠢᠴᠢ ᠴᠡᠭ ᠢ ᠣᠷᠣᠨ ᠨᠤᠲᠤᠭ ᠲᠤ ᠬᠦᠷᠲᠡᠯ᠎ᠡ ᠲᠠᠷᠬᠠᠭᠠᠵᠦ᠂ ᠡᠭᠦᠨ ᠤ ᠬᠠᠮᠲᠤ ᠰᠧᠴᠤᠸᠠᠨ᠂ ᠱᠠᠨᠰᠢ᠂ ᠨᠢᠩᠰᠢᠶᠠ᠂ ᠭᠠᠨᠰᠦ ᠵᠡᠷᠭᠡ ᠮᠤᠵᠢ ︵ᠥᠪᠡᠷᠲᠡᠭᠡᠨ ᠵᠠᠰᠠᠬᠤ ᠣᠷᠣᠨ︶᠎ ᠶᠢᠨ ᠤᠰᠤᠨ ᠠᠰᠢᠭᠯᠠᠯᠲᠠ ᠶᠢᠨ ᠰᠠᠯᠠᠭ᠎ᠠ ᠮᠥᠴᠢᠷ ᠪᠣᠯᠤᠨ ᠬᠤᠯᠪᠣᠭᠳᠠᠯ ᠪᠥᠬᠦᠶ ᠰᠠᠪᠠ ᠭᠠᠵᠠᠷ ᠤᠨ ᠬᠠᠮᠢᠶᠠᠷᠤᠯᠲᠠ ᠶᠢᠨ ᠪᠠᠶᠢᠭᠤᠯᠤᠮᠵᠢ ᠳᠤ ᠡᠳᠦᠷ ᠳᠠᠷᠠᠭᠠᠯᠠᠨ ᠮᠡᠳᠡᠭᠳᠡᠵᠦ᠂ ᠬᠡᠰᠡᠭ ᠭᠠᠵᠠᠷ ᠲᠤ ᠰᠢᠷᠦᠭᠦᠨ ᠪᠣᠷᠣᠭᠠᠨ ᠣᠷᠣᠬᠤ ᠶᠠᠪᠤᠴᠠ ᠶᠢ ᠨᠢᠭᠲᠠ ᠬᠢᠨᠠᠨ ᠠᠵᠢᠭᠯᠠᠵᠤ᠂ ᠠᠭᠤᠯᠠᠨ ᠦᠶᠡᠷ ᠤᠨ ᠭᠠᠮᠰᠢᠭ ᠤᠨ ᠤᠷᠢᠳᠴᠢᠯᠠᠨ ᠰᠡᠷᠡᠮᠵᠢᠯᠡᠭᠦᠯᠬᠦ ᠣᠷᠣᠨ ᠪᠦᠰᠡ ᠵᠢᠴᠢ ᠴᠡᠭ ᠢ ᠨᠠᠷᠢᠨ ᠨᠢᠮᠪᠠᠶ ᠬᠤᠪᠢᠶᠠᠷᠢᠯᠠᠨ᠂ ᠠᠭᠤᠯᠠᠨ ᠦᠶᠡᠷ ᠤᠨ ᠭᠠᠮᠰᠢᠭ ᠤᠨ ᠤᠷᠢᠳᠴᠢᠯᠠᠨ ᠰᠡᠷᠡᠮᠵᠢᠯᠡᠭᠦᠯᠬᠦ ᠣᠷᠣᠨ ᠪᠦᠰᠡ ᠶᠢ ᠴᠠᠭ ᠲᠤᠬᠠᠶ ᠳᠤᠨᠢ ᠳᠣᠭᠢᠷᠠᠭᠤᠯᠵᠤ᠂ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠰᠢᠰᠲ᠋ᠧᠮ ᠤᠨ ᠦᠢᠯᠡᠳᠦᠯ ᠢ ᠭᠦᠢᠴᠡᠳ ᠪᠠᠳᠠᠷᠠᠭᠤᠯᠤᠨ᠂ ᠤᠷᠢᠳᠴᠢᠯᠠᠨ ᠰᠡᠷᠡᠮᠵᠢᠯᠡᠭᠦᠯᠬᠦ ᠮᠡᠳᠡᠭᠡ ᠵᠠᠩᠭᠢ ᠶᠢ ᠦᠨᠳᠦᠰᠦᠨ ᠱᠠᠲᠤᠨ ᠤ ᠨᠢᠭᠡᠳᠦᠭᠡᠷ ᠹᠷᠣᠨᠲ ᠤᠨ ᠬᠠᠷᠢᠭᠤᠴᠠᠯᠭᠠᠲᠠᠨ ᠪᠠ ᠰᠦᠷᠳᠡᠭᠦᠯᠦᠯ ᠳᠤ ᠤᠴᠠᠷᠠᠭᠰᠠᠨ ᠭᠠᠵᠠᠷ ᠣᠷᠣᠨ ᠤ ᠣᠯᠠᠨ ᠲᠦᠮᠡᠨ ᠳᠤ ᠲᠡᠷᠡ ᠳᠠᠷᠤᠶ ᠳᠤᠨᠢ ︽ᠬᠡᠨ ᠵᠣᠬᠢᠶᠠᠨ ᠪᠠᠶᠢᠭᠤᠯᠬᠤ᠂ ᠬᠡᠨ ᠢ ᠰᠢᠯᠵᠢᠭᠦᠯᠬᠦ᠂ ᠬᠡᠵᠢᠶ᠎ᠡ ᠰᠢᠯᠵᠢᠭᠦᠯᠬᠦ᠂ ᠬᠠᠮᠢᠭ᠎ᠠ ᠰᠢᠯᠵᠢᠭᠦᠯᠬᠦ᠂ ᠳᠤᠷ᠎ᠠ ᠪᠠᠷ ᠢᠶᠠᠨ ᠪᠤᠴᠠᠬᠤ ᠦᠭᠡᠢ︾ ᠵᠡᠷᠭᠡ ᠵᠠᠩᠭᠢᠯᠠᠭ᠎ᠠ ᠶᠢᠨ ᠭᠤᠭᠴᠤᠭ᠎ᠠ ᠪᠠ ᠭᠠᠮᠰᠢᠭ ᠢ ᠤᠷᠢᠳᠴᠢᠯᠠᠨ ᠰᠡᠷᠡᠮᠵᠢᠯᠡᠭᠦᠯᠬᠦ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠵᠤ᠂ ᠦᠨᠳᠦᠰᠦᠨ ᠱᠠᠲᠤᠨ ᠤ ᠵᠠᠰᠠᠭ ᠤᠨ ᠣᠷᠳᠣᠨ ᠳᠤ ᠴᠠᠭ ᠲᠤᠬᠠᠶ ᠳᠤᠨᠢ ᠳᠡᠪᠰᠢᠭᠦᠯᠵᠦ ᠠᠶᠤᠯ ᠲᠦᠭᠰᠢᠭᠦᠷᠢ ᠲᠠᠢ ᠣᠷᠣᠨ ᠤ ᠬᠥᠮᠦᠰ ᠢ ᠰᠢᠯᠵᠢᠭᠦᠯᠦᠨ ᠵᠠᠶᠢᠯᠠᠭᠤᠯᠵᠤ᠂ ᠠᠮᠤᠷ ᠲᠦᠪᠰᠢᠨ ᠤ ᠬᠠᠮᠢᠶᠠᠷᠤᠯᠲᠠ ᠡᠵᠡᠮᠳᠡᠯ ᠢ ᠴᠢᠩᠭᠠᠳᠬᠠᠨ᠂ ᠳᠤᠷ᠎ᠠ ᠪᠠᠷ ᠢᠶᠠᠨ ᠪᠤᠴᠠᠵᠤ ᠢᠷᠡᠬᠦ ᠶᠢ ᠴᠢᠩᠭ᠎ᠠ ᠴᠠᠭᠠᠵᠠᠯᠠᠬᠤ ᠬᠡᠷᠡᠭᠲᠡᠶ ᠭᠡᠵᠦ ᠱᠠᠭᠠᠷᠳᠠᠪᠠ᠃ ᠡᠭᠦᠨ ᠤ ᠬᠠᠮᠲᠤ᠂ ᠤᠰᠤᠨ ᠴᠥᠭᠦᠷᠥᠮ ᠵᠢᠴᠢ ᠨᠦᠯᠦᠮᠡᠯ ᠭᠠᠵᠠᠷ ᠤᠨ ᠬᠠᠰᠢᠯᠭ᠎ᠠ ᠶᠢᠨ ᠦᠶᠡᠷ ᠢ ᠠᠮᠤᠷ ᠲᠦᠪᠰᠢᠨ ᠢᠶᠠᠷ ᠥᠩᠭᠡᠷᠡᠭᠦᠯᠬᠦ᠂ ᠳᠤᠮᠳᠠ ᠪᠠᠭ᠎ᠠ ᠭᠤᠣᠯ ᠮᠥᠷᠡᠨ ᠤ ᠦᠶᠡᠷ ᠤᠨ ᠤᠰᠤ ᠶᠢ ᠰᠡᠷᠭᠡᠶᠢᠯᠡᠬᠦ ᠵᠡᠷᠭᠡ ᠡᠯ᠎ᠡ ᠵᠦᠢᠯ ᠤᠨ ᠠᠵᠢᠯ ᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠬᠢᠬᠦ ᠬᠡᠷᠡᠭᠲᠡᠢ ᠭᠡᠵᠦ ᠱᠠᠭᠠᠷᠳᠠᠪᠠ᠃ 
 
ᠢᠷᠡᠯᠲᠡ᠄ ᠠᠷᠠᠳ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号