ᠫᠢᠩ ᠭᠦᠸᠧ — ᠫᠢᠩ ᠴᠤᠸᠠᠨ ᠤ 500 ᠺᠢᠯᠣᠸᠠᠲ ᠤᠨ ᠱᠤᠭᠤᠮ ᠤᠨ ᠢᠨᠵᠧᠨᠧᠷᠢᠩ ᠤᠨ ᠤᠰᠤ ᠰᠢᠷᠤᠢ ᠶᠢ ᠬᠠᠮᠠᠭᠠᠯᠠᠬᠤ ᠲᠥᠰᠦᠯ ᠤᠨ ᠮᠡᠳᠡᠭᠦᠯᠦᠯᠲᠡ ᠶᠢᠨ ᠪᠢᠴᠢᠭ ᠢ ᠬᠢᠨᠠᠨ ᠵᠦᠪᠰᠢᠶᠡᠷᠡᠬᠦ ᠵᠠᠰᠠᠭ ᠵᠠᠬᠢᠷᠭᠠᠨ ᠤ ᠵᠥᠪᠰᠢᠶᠡᠷᠡᠯ ᠤᠨ ᠲᠣᠭᠲᠠᠭᠠᠯ ᠤᠨ ᠪᠢᠴᠢᠭ
ᠨᠡᠶᠢᠲᠡᠯᠡᠭᠰᠡᠨ ᠴᠠᠭ᠄
2024/7/26
  ᠬᠡᠯᠬᠢᠶᠡᠰᠦᠨ ᠨᠣᠮᠧᠷ᠄ 000014348/2024 — 04712  ᠭᠤᠣᠯ ᠰᠡᠳᠦᠪ ᠤᠨ ᠠᠩᠭᠢᠯᠠᠯ᠄ ᠪᠤᠰᠤᠳ  ᠨᠡᠶᠢᠲᠡᠯᠡᠭᠰᠡᠨ ᠪᠠᠶᠢᠭᠤᠯᠤᠮᠵᠢ᠄ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ  ᠪᠢᠴᠢᠭ ᠤᠨ ᠳ᠋ᠤᠭᠠᠷ᠄ ᠦᠪᠦᠷ ᠤᠰᠤᠨ ᠬᠠᠮᠠᠭᠠᠯᠠᠬᠤ ᠵᠦᠪᠰᠢᠶᠡᠷᠡᠯ ᠲᠤᠭᠲᠠᠭᠠᠯ ﹇2024﹈ 49 ᠳ᠋ᠦ᠋ᠭᠡᠷ ᠲᠣᠭᠠᠲᠤ  ᠪᠢᠴᠢᠭᠳᠡᠭᠰᠡᠨ ᠡᠳᠦᠷ ᠬᠤᠭᠤᠴᠠᠭ᠎ᠠ᠄ 2024 ᠣᠨ ᠤ 7 ᠳ᠋ᠤᠭᠠᠷ ᠰᠠᠷ᠎ᠠ ᠶᠢᠨ 22 ᠤ ᠡᠳᠦᠷ  ᠠᠯᠪᠠᠨ ᠪᠢᠴᠢᠭ ᠤᠨ ᠬᠦᠴᠦᠨ ᠲᠠᠢ ᠬᠤᠭᠤᠴᠠᠭ᠎ᠠ᠄ ᠬᠦᠴᠦᠨ ᠲᠠᠢ ᠤᠯᠤᠰ ᠤᠨ ᠴᠠᠬᠢᠯᠭᠠᠨ ᠲᠣᠤᠷ ᠤᠨ ᠥᠪᠥᠷ ᠮᠣᠩᠭᠤᠯ ᠤᠨ ᠵᠡᠭᠦᠨ ᠬᠡᠰᠡᠭ ᠤᠨ ᠴᠠᠬᠢᠯᠭᠠᠨ ᠬᠦᠴᠦᠨ ᠤ ᠬᠢᠵᠠᠭᠠᠷᠲᠤ ᠺᠣᠮᠫᠠᠨᠢ᠄  ᠮᠠᠨ ᠤ ᠲᠢᠩᠬᠢᠮ ᠨᠢ 2024 ᠣᠨ ᠤ 6 ᠳ᠋ᠤᠭᠠᠷ ᠰᠠᠷ᠎ᠠ ᠶᠢᠨ 20 ᠤ ᠡᠳᠦᠷ ᠲᠠᠨ ᠤ ᠺᠣᠮᠫᠠᠨᠢ ᠶᠢᠨ ᠳᠤᠷᠠᠳᠤᠭᠰᠠᠨ ᠫᠢᠩ ᠭᠦᠸᠧ — ᠫᠢᠩ ᠴᠤᠸᠠᠨ ᠤ 500 ᠺᠢᠯᠣᠸᠠᠲ ᠤᠨ ᠱᠤᠭᠤᠮ ᠤᠨ ᠢᠨᠵᠧᠨᠧᠷᠢᠩ ᠤᠨ ᠤᠰᠤ ᠰᠢᠷᠤᠢ ᠶᠢ ᠬᠠᠮᠠᠭᠠᠯᠠᠬᠤ ᠲᠥᠰᠦᠯ ᠤᠨ ᠮᠡᠳᠡᠭᠦᠯᠦᠯᠲᠡ ᠶᠢᠨ ᠪᠢᠴᠢᠭ ᠤᠨ ᠭᠤᠶᠤᠴᠢᠯᠠᠯ ᠢ ᠭᠥᠯᠢᠶᠡᠨ ᠠᠪᠴᠤ ᠰᠢᠢᠳᠪᠦᠷᠢᠯᠡᠨ᠎ᠡ᠃ ᠬᠢᠨᠠᠨ ᠪᠠᠶᠢᠴᠠᠭᠠᠭᠠᠳ᠂ ᠲᠤᠰ ᠭᠤᠶᠤᠴᠢᠯᠠᠯ ᠨᠢ ᠬᠠᠤᠯᠢ ᠪᠠᠷ ᠲᠣᠭᠲᠠᠭᠠᠭᠰᠠᠨ ᠨᠥᠬᠦᠴᠡᠯ ᠳᠤ ᠨᠡᠶᠢᠴᠡᠵᠦ᠂ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠰᠠᠭ ᠵᠠᠬᠢᠷᠭᠠᠨ ᠤ ᠵᠥᠪᠰᠢᠶᠡᠷᠡᠯ ᠤᠨ ᠬᠠᠤᠯᠢ︾ ᠶᠢᠨ ᠭᠤᠴᠢᠨ ᠨᠠᠢᠮᠠᠳᠤᠭᠠᠷ ᠵᠦᠢᠯ ᠤᠨ ᠨᠢᠭᠡᠳᠦᠭᠡᠷ ᠵᠤᠷᠪᠤᠰ᠂ ︽ᠤᠰᠤᠨ ᠤ ᠵᠠᠰᠠᠭ ᠵᠠᠬᠢᠷᠭᠠᠨ ᠤ ᠵᠥᠪᠰᠢᠶᠡᠷᠡᠯ ᠤᠨ ᠬᠡᠷᠡᠭᠵᠢᠭᠦᠯᠬᠦ ᠠᠷᠭ᠎ᠠ︾ ᠶᠢᠨ ᠭᠤᠴᠢᠨ ᠬᠤᠶᠠᠳᠤᠭᠠᠷ ᠵᠦᠢᠯ ᠤᠨ ᠨᠢᠭᠡᠳᠦᠭᠡᠷ ᠵᠤᠷᠪᠤᠰ ᠢ ᠦᠨᠳᠦᠰᠦᠯᠡᠨ᠂ ᠵᠠᠰᠠᠭ ᠵᠠᠬᠢᠷᠭᠠᠨ ᠤ ᠵᠥᠪᠰᠢᠶᠡᠷᠡᠯ ᠣᠯᠭᠤᠬᠤ ᠶᠢ ᠵᠥᠪᠰᠢᠶᠡᠷᠡᠬᠦ ᠪᠠᠷ ᠲᠣᠭᠲᠠᠪᠠ᠃  ᠫᠢᠩ ᠭᠦᠸᠧ — ᠫᠢᠩ ᠴᠤᠸᠠᠨ ᠤ 500 ᠺᠢᠯᠣᠸᠠᠲ ᠤᠨ ᠱᠤᠭᠤᠮ ᠤᠨ ᠢᠨᠵᠧᠨᠧᠷᠢᠩ ᠲᠦᠩᠯᠢᠶᠣᠤ ᠬᠤᠳᠠ ᠶᠢᠨ ᠵᠠᠷᠤᠳ ᠬᠤᠰᠢᠭᠤ ᠪᠣᠯᠤᠨ ᠬᠢᠩᠭᠠᠨ ᠠᠶᠢᠮᠠᠭ ᠤᠨ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤ᠂ ᠲᠦᠴᠢᠦᠸᠠᠨ ᠰᠢᠶᠠᠨ ᠤ ᠬᠢᠯᠢ ᠳᠤ ᠪᠤᠢ᠃ ᠢᠨᠵᠧᠨᠧᠷᠢᠩ ᠨᠢ ᠬᠦᠴᠦᠳᠡᠯ ᠥᠭᠡᠷᠡᠴᠢᠯᠡᠬᠦ ᠥᠷᠲᠡᠭᠡ ᠶᠢᠨ ᠥᠷᠭᠡᠳᠬᠡᠨ ᠪᠠᠶᠢᠭᠤᠯᠬᠤ ᠲᠣᠭᠤᠷᠢᠭ᠂ ᠬᠦᠴᠦᠳᠡᠯ ᠥᠭᠡᠷᠡᠴᠢᠯᠡᠬᠦ ᠥᠷᠲᠡᠭᠡ ᠶᠢᠨ ᠦᠢᠯᠡᠳᠪᠦᠷᠢᠯᠡᠯ ᠠᠮᠢᠳᠤᠷᠠᠯ ᠤᠨ ᠲᠣᠭᠤᠷᠢᠭ᠂ ᠰᠤᠪᠤᠷᠭ᠎ᠠ ᠶᠢᠨ ᠰᠠᠭᠤᠷᠢ ᠲᠣᠭᠤᠷᠢᠭ᠂ ᠰᠤᠪᠤᠷᠭ᠎ᠠ ᠶᠢᠨ ᠰᠠᠭᠤᠷᠢ ᠶᠢᠨ ᠪᠠᠷᠢᠯᠭ᠎ᠠ ᠶᠢᠨ ᠲᠣᠭᠤᠷᠢᠭ᠂ ᠴᠢᠷᠦᠭᠦᠯ ᠲᠠᠯᠠᠪᠤᠷ᠂ ᠪᠠᠷᠢᠯᠭ᠎ᠠ ᠪᠠᠷᠢᠬᠤ ᠭᠠᠵᠠᠷ᠂ ᠳᠥᠭᠦᠮ ᠵᠠᠮ ᠵᠡᠷᠭᠡ ᠪᠠᠷ ᠪᠦᠷᠢᠯᠳᠦᠵᠦ᠂ ᠶᠡᠷᠦᠩᠬᠡᠶ ᠲᠠᠯᠠᠪᠠᠢ ᠨᠢ 224.86 ᠾᠧᠺᠲ᠋ᠠᠷ᠂ ᠰᠢᠷᠣᠶ ᠴᠢᠯᠠᠭᠤᠨ ᠤ ᠠᠵᠢᠯ ᠤᠨ ᠶᠡᠷᠦᠩᠬᠡᠶ ᠬᠡᠮᠵᠢᠶ᠎ᠡ ᠨᠢ 82.26 ᠲᠦᠮᠡᠨ ᠪᠣᠰᠤᠭ᠎ᠠ ᠳᠥᠷᠪᠡᠯᠵᠢᠨ ᠮᠧᠲᠷ᠂ ᠶᠡᠷᠦᠩᠬᠡᠶ ᠪᠡᠯᠡ ᠣᠷᠣᠭᠤᠯᠤᠯᠲᠠ ᠨᠢ 109488 ᠲᠦᠮᠡᠨ ᠲᠥᠭᠦᠷᠢᠭ ᠪᠣᠯᠤᠨ᠎ᠠ᠃ ᠢᠨᠵᠧᠨᠧᠷᠢᠩ ᠢ 2024 ᠣᠨ ᠤ 10 ᠳ᠋ᠤᠭᠠᠷ ᠰᠠᠷ᠎ᠠ ᠳᠤ ᠡᠬᠢᠯᠡᠭᠦᠯᠵᠦ᠂ 2026 ᠣᠨ ᠤ 9 ᠳ᠋ᠦ᠋ᠭᠡᠷ ᠰᠠᠷ᠎ᠠ ᠶᠢᠨ ᠰᠡᠭᠦᠯᠴᠢ ᠪᠠᠷ ᠪᠠᠶᠢᠭᠤᠯᠵᠤ ᠳᠠᠭᠤᠰᠬᠠᠵᠤ᠂ ᠶᠡᠷᠦᠩᠬᠡᠢ ᠠᠵᠢᠯ ᠤᠨ ᠬᠤᠭᠤᠴᠠᠭ᠎ᠠ ᠨᠢ 24 ᠰᠠᠷ᠎ᠠ ᠪᠠᠷ ᠲᠥᠯᠥᠪᠯᠡᠵᠦ ᠪᠠᠶᠢᠨ᠎ᠠ᠃  ᠨᠢᠭᠡ᠂ ᠤᠰᠤ ᠰᠢᠷᠤᠢ ᠶᠢ ᠬᠠᠮᠠᠭᠠᠯᠠᠬᠤ ᠲᠥᠰᠦᠯ ᠤᠨ ᠶᠡᠷᠦᠩᠬᠡᠶ ᠰᠠᠨᠠᠯ  ︵ᠨᠢᠭᠡ︶ ᠪᠦᠲᠦᠭᠡᠨ ᠪᠠᠶᠢᠭᠤᠯᠬᠤ ᠬᠤᠭᠤᠴᠠᠭᠠᠨ ᠳᠠᠬᠢ ᠤᠰᠤ ᠰᠢᠷᠤᠢ ᠶᠢᠨ ᠢᠳᠡᠭᠳᠡᠯ ᠢ ᠰᠡᠷᠭᠡᠶᠢᠯᠡᠨ ᠵᠠᠰᠠᠬᠤ ᠬᠠᠷᠢᠭᠤᠴᠠᠯᠭ᠎ᠠ ᠶᠢᠨ ᠬᠦᠷᠢᠶ᠎ᠡ ᠬᠡᠪᠴᠢᠶ᠎ᠡ ᠪᠣᠯ 224.86 ᠾᠧᠺᠲ᠋ᠠᠷ ᠪᠣᠯᠤᠨ᠎ᠠ᠃  ︵ᠬᠤᠶᠠᠷ︶ ᠤᠰᠤ ᠰᠢᠷᠤᠢ ᠶᠢᠨ ᠢᠳᠡᠭᠳᠡᠯ ᠢ ᠰᠡᠷᠭᠡᠶᠢᠯᠡᠨ ᠵᠠᠰᠠᠬᠤ ᠳᠤ ᠵᠡᠭᠦᠨ ᠬᠤᠶᠢᠲᠤ ᠶᠢᠨ ᠬᠠᠷ᠎ᠠ ᠬᠥᠷᠥᠰᠥᠲᠦ ᠣᠷᠣᠨ ᠤ ᠨᠢᠭᠡᠳᠦᠭᠡᠷ ᠳᠡᠰ ᠤᠨ ᠪᠠᠷᠢᠮᠵᠢᠶ᠎ᠠ ᠶᠢ ᠬᠡᠷᠡᠭᠵᠢᠭᠦᠯᠬᠦ ᠶᠢ ᠵᠥᠪᠰᠢᠶᠡᠷᠡᠨ᠎ᠡ᠃  ︵ᠭᠤᠷᠪᠠ︶ ᠦᠨᠳᠦᠰᠦᠨ ᠳᠡᠭᠡᠨ ᠵᠥᠪᠰᠢᠶᠡᠷᠡᠭᠰᠡᠨ ᠤᠰᠤ ᠰᠢᠷᠤᠢ ᠶᠢᠨ ᠢᠳᠡᠭᠳᠡᠯ ᠢ ᠰᠡᠷᠭᠡᠶᠢᠯᠡᠨ ᠵᠠᠰᠠᠬᠤ ᠬᠠᠷᠠᠯᠲᠠ ᠪᠣᠯ᠄ ᠤᠰᠤ ᠰᠢᠷᠤᠢ ᠶᠢᠨ ᠢᠳᠡᠭᠳᠡᠯ ᠢ ᠵᠠᠰᠠᠬᠤ ᠬᠡᠮᠵᠢᠶ᠎ᠡ 97%᠂ ᠤᠰᠤ ᠰᠢᠷᠤᠢ ᠶᠢᠨ ᠢᠳᠡᠭᠳᠡᠯ ᠢ ᠬᠢᠵᠠᠭᠠᠷᠯᠠᠬᠤ ᠨᠣᠷᠮ᠎ᠠ 1.0 ᠪᠠᠶᠢᠵᠤ᠂ ᠬᠤᠭ ᠰᠢᠷᠣᠶ ᠶᠢᠨ ᠰᠡᠷᠭᠡᠶᠢᠯᠡᠨ ᠬᠠᠮᠠᠭᠠᠯᠠᠬᠤ ᠨᠣᠷᠮ᠎ᠠ 97%᠂ ᠤᠰᠤ ᠰᠢᠷᠤᠢ ᠶᠢᠨ ᠬᠠᠮᠠᠭᠠᠯᠠᠯᠲᠠ ᠶᠢᠨ ᠨᠣᠷᠮ᠎ᠠ 98%᠂ ᠣᠶ ᠰᠢᠭᠤᠶ ᠡᠪᠡᠰᠦᠨ ᠤ ᠤᠷᠭᠤᠮᠠᠯ ᠤᠨ ᠬᠤᠴᠢᠯᠭ᠎ᠠ ᠶᠢ ᠰᠡᠷᠭᠦᠭᠡᠬᠦ ᠨᠣᠷᠮ᠎ᠠ 97% ᠳᠤ ᠬᠦᠷᠴᠦ᠂ ᠣᠶ ᠰᠢᠭᠤᠶ ᠡᠪᠡᠰᠦᠨ ᠤ ᠪᠦᠷᠬᠦᠴᠡ ᠶᠢᠨ ᠨᠣᠷᠮ᠎ᠠ 27% ᠳᠤ       ᠬᠥᠷᠪᠡ᠃  ︵ᠲᠦᠷᠪᠡ︶ ᠤᠰᠤ ᠰᠢᠷᠤᠢ ᠶᠢᠨ ᠢᠳᠡᠭᠳᠡᠯ ᠢ ᠰᠡᠷᠭᠡᠶᠢᠯᠡᠨ ᠵᠠᠰᠠᠬᠤ ᠣᠷᠣᠨ ᠲᠣᠭᠤᠷᠢᠭ ᠵᠢᠴᠢ ᠣᠷᠣᠨ ᠬᠤᠪᠢᠶᠠᠨ ᠰᠡᠷᠭᠡᠶᠢᠯᠡᠨ ᠵᠠᠰᠠᠬᠤ ᠠᠷᠭ᠎ᠠ ᠬᠡᠮᠵᠢᠶ᠎ᠡ ᠶᠢᠨ ᠲᠣᠬᠢᠷᠠᠭᠤᠯᠤᠯᠲᠠ ᠶᠢ ᠦᠨᠳᠦᠰᠦᠨ ᠳᠡᠭᠡᠨ ᠵᠥᠪᠰᠢᠶᠡᠷᠡᠨ᠎ᠡ᠃  ︵ᠲᠠᠪᠤ︶ ᠪᠦᠲᠦᠭᠡᠨ ᠪᠠᠶᠢᠭᠤᠯᠬᠤ ᠬᠤᠭᠤᠴᠠᠭᠠᠨ ᠳᠠᠬᠢ ᠤᠰᠤ ᠰᠢᠷᠤᠢ ᠶᠢ ᠬᠠᠮᠠᠭᠠᠯᠠᠬᠤ ᠨᠥᠬᠦᠪᠦᠷᠢ ᠮᠥᠩᠭᠦ 382.26 ᠲᠦᠮᠡᠨ ᠲᠥᠭᠦᠷᠢᠭ ︵ᠡᠭᠦᠨ ᠳᠤ᠄ ᠵᠠᠷᠤᠳ ᠬᠤᠰᠢᠭᠤ 146.93 ᠲᠦᠮᠡᠨ ᠲᠥᠭᠦᠷᠢᠭ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤ 200.04 ᠲᠦᠮᠡᠨ ᠲᠥᠭᠦᠷᠢᠭ᠂ ᠲᠦᠴᠢᠦᠸᠠᠨ ᠰᠢᠶᠠᠨ 35.29 ᠲᠦᠮᠡᠨ ᠲᠥᠭᠦᠷᠢᠭ ︶ ᠢ ᠦᠨᠳᠦᠰᠦᠨ ᠳᠡᠭᠡᠨ ᠵᠥᠪᠰᠢᠶᠡᠷᠡᠪᠡ᠃  ᠬᠤᠶᠠᠷ᠂ ᠦᠢᠯᠡᠳᠪᠦᠷᠢᠯᠡᠯ ᠪᠦᠲᠦᠭᠡᠨ ᠪᠠᠶᠢᠭᠤᠯᠤᠯᠲᠠ ᠶᠢᠨ ᠨᠢᠭᠡᠴᠢ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠤᠰᠤ ᠰᠢᠷᠤᠢ ᠶᠢ ᠬᠠᠮᠠᠭᠠᠯᠠᠬᠤ ᠬᠠᠤᠯᠢ︾ ᠶᠢᠨ ᠡᠯ᠎ᠡ ᠵᠦᠢᠯ ᠤᠨ ᠱᠠᠭᠠᠷᠳᠠᠯᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠬᠤ ᠶᠢᠨ ᠬᠠᠮᠲᠤ ᠳᠣᠤᠷᠠᠬᠢ ᠠᠵᠢᠯ ᠢ ᠭᠤᠤᠯᠳᠠᠯᠭ᠎ᠠ ᠲᠠᠢ ᠰᠠᠶᠢᠲᠤᠷ ᠬᠢᠬᠦ ᠬᠡᠷᠡᠭᠲᠡᠶ᠄  ︵ᠨᠢᠭᠡ︶ ᠵᠥᠪᠰᠢᠶᠡᠷᠡᠭᠰᠡᠨ ᠤᠰᠤ ᠰᠢᠷᠤᠢ ᠶᠢ ᠬᠠᠮᠠᠭᠠᠯᠠᠬᠤ ᠲᠥᠰᠦᠯ ᠤᠨ ᠶᠣᠰᠣᠭᠠᠷ᠂ ᠤᠰᠤ ᠰᠢᠷᠤᠢ ᠶᠢ ᠬᠠᠮᠠᠭᠠᠯᠠᠬᠤ ᠠᠩᠬ᠎ᠠ ᠠᠯᠬᠤᠮ ᠤᠨ ᠵᠢᠷᠤᠭ ᠲᠥᠯᠥᠪᠯᠡᠭᠡ ᠵᠡᠷᠭᠡ ᠵᠠᠯᠭᠠᠮᠵᠢ ᠵᠢᠷᠤᠭ ᠲᠥᠯᠥᠪᠯᠡᠭᠡ ᠶᠢ ᠰᠠᠶᠢᠲᠤᠷ       ᠬᠢᠵᠦ᠂ ᠪᠠᠷᠢᠯᠭ᠎ᠠ ᠪᠠᠷᠢᠬᠤ ᠵᠣᠬᠢᠶᠠᠨ ᠪᠠᠶᠢᠭᠤᠯᠤᠯᠲᠠ ᠶᠢᠨ ᠬᠠᠮᠢᠶᠠᠷᠤᠯᠲᠠ ᠶᠢᠨ ᠠᠵᠢᠯ ᠢ ᠴᠢᠩᠭᠠᠳᠬᠠᠨ᠂ ︽ᠭᠤᠷᠪᠠ ᠶᠢ ᠵᠡᠷᠭᠡ ᠳᠤᠨᠢ ᠬᠢᠬᠦ︾ ᠳᠦᠷᠢᠮ ᠢ ᠦᠨᠡᠨ ᠬᠦ ᠨᠠᠶᠢᠳᠠᠪᠤᠷᠢᠵᠢᠭᠤᠯᠬᠤ ᠬᠡᠷᠡᠭᠲᠡᠶ᠃  ︵ᠬᠤᠶᠠᠷ︶ ᠲᠥᠰᠦᠯ ᠤᠨ ᠱᠠᠭᠠᠷᠳᠠᠯᠭ᠎ᠠ ᠶᠢ ᠴᠢᠩᠭ᠎ᠠ ᠵᠢᠷᠤᠮᠯᠠᠨ ᠤᠰᠤ ᠰᠢᠷᠤᠢ ᠶᠢ ᠬᠠᠮᠠᠭᠠᠯᠠᠬᠤ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠬᠤ ᠬᠡᠷᠡᠭᠲᠡᠶ᠃ ᠡᠯ᠎ᠡ ᠲᠥᠷᠥᠯ ᠤᠨ ᠪᠠᠷᠢᠯᠭ᠎ᠠ ᠪᠠᠷᠢᠬᠤ ᠠᠵᠢᠯᠯᠠᠭ᠎ᠠ ᠨᠢ ᠭᠠᠵᠠᠷ ᠬᠡᠷᠡᠭᠯᠡᠬᠦ ᠬᠡᠪᠴᠢᠶᠡᠨ ᠳᠣᠲᠣᠷ᠎ᠠ ᠳᠤᠷ᠎ᠠ ᠪᠠᠷ ᠢᠶᠠᠨ ᠡᠵᠡᠯᠡᠬᠦ᠂ ᠭᠠᠵᠠᠷ ᠤᠨ ᠭᠠᠳᠠᠷᠭᠤ ᠶᠢᠨ ᠤᠷᠭᠤᠮᠠᠯ ᠤᠨ ᠬᠤᠴᠢᠯᠭ᠎ᠠ ᠶᠢ ᠰᠠᠮᠠᠭᠤᠷᠠᠭᠤᠯᠬᠤ ᠪᠠ ᠡᠪᠳᠡᠬᠦ ᠶᠢ ᠴᠢᠩᠭ᠎ᠠ ᠴᠠᠭᠠᠵᠠᠯᠠᠵᠤ᠂ ᠤᠰᠤ ᠰᠢᠷᠤᠢ ᠶᠢ ᠰᠠᠯᠭᠠᠬᠤ᠂ ᠬᠠᠳᠠᠭᠠᠯᠠᠬᠤ ᠪᠠ ᠠᠰᠢᠭᠯᠠᠬᠤ ᠶᠢ ᠰᠠᠶᠢᠲᠤᠷ ᠬᠢᠬᠦ ᠬᠡᠷᠡᠭᠲᠡᠶ᠃ ᠲᠦᠷ ᠴᠠᠭ ᠰᠢᠷᠣᠶ ᠣᠪᠣᠭᠠᠯᠠᠬᠤ ᠬᠠᠮᠢᠶᠠᠷᠤᠯᠲᠠ ᠶᠢ ᠴᠢᠩᠭᠠᠳᠬᠠᠨ᠂ ᠡᠯ᠎ᠡ ᠵᠦᠢᠯ ᠤᠨ ᠰᠡᠷᠭᠡᠶᠢᠯᠡᠨ ᠬᠠᠮᠠᠭᠠᠯᠠᠬᠤ ᠠᠷᠭ᠎ᠠ ᠬᠡᠮᠵᠢᠶ᠎ᠡ ᠶᠢ ᠴᠠᠭ ᠲᠤᠬᠠᠶ ᠳᠤᠨᠢ ᠨᠠᠶᠢᠳᠠᠪᠤᠷᠢᠵᠢᠭᠤᠯᠬᠤ ᠬᠡᠷᠡᠭᠲᠡᠶ᠃ ᠲᠥᠰᠦᠯ ᠤᠨ ᠱᠠᠭᠠᠷᠳᠠᠯᠭ᠎ᠠ ᠶᠢ ᠦᠨᠳᠦᠰᠦᠯᠡᠨ ᠪᠠᠷᠢᠯᠭ᠎ᠠ ᠪᠠᠷᠢᠬᠤ ᠤᠷ᠎ᠠ ᠮᠡᠷᠭᠡᠰᠢᠯ ᠢ ᠰᠢᠯᠢᠳᠡᠭᠵᠢᠭᠦᠯᠵᠦ᠂ ᠪᠠᠷᠢᠯᠭ᠎ᠠ ᠪᠠᠷᠢᠬᠤ ᠴᠠᠭ ᠤᠨ ᠳᠡᠰ ᠳᠠᠷᠠᠭᠠᠯᠠᠯ ᠪᠠ ᠤᠰᠤ ᠰᠢᠷᠤᠢ ᠶᠢ ᠬᠠᠮᠠᠭᠠᠯᠠᠬᠤ ᠠᠷᠭ᠎ᠠ ᠬᠡᠮᠵᠢᠶ᠎ᠡ ᠶᠢ ᠬᠡᠷᠡᠭᠵᠢᠭᠦᠯᠬᠦ ᠠᠬᠢᠴᠠ ᠶᠢ ᠵᠦᠶ ᠵᠣᠬᠢᠰᠲᠠᠶ ᠲᠣᠬᠢᠷᠠᠭᠤᠯᠵᠤ᠂ ᠪᠠᠷᠢᠯᠭ᠎ᠠ ᠪᠠᠷᠢᠬᠤ ᠬᠤᠭᠤᠴᠠᠭᠠᠨ ᠳᠠᠬᠢ ᠤᠰᠤ ᠰᠢᠷᠤᠢ ᠶᠢᠨ ᠢᠳᠡᠭᠳᠡᠯ ᠢ ᠴᠢᠩᠭ᠎ᠠ ᠬᠢᠵᠠᠭᠠᠷᠯᠠᠬᠤ ᠬᠡᠷᠡᠭᠲᠡᠶ᠃  ︵ᠭᠤᠷᠪᠠ︶ ᠤᠰᠤ ᠰᠢᠷᠤᠢ ᠶᠢ ᠬᠠᠮᠠᠭᠠᠯᠠᠬᠤ ᠬᠢᠨᠠᠨ ᠬᠡᠮᠵᠢᠬᠦ ᠠᠵᠢᠯ ᠢ ᠦᠨᠡᠨ ᠬᠦ ᠰᠠᠶᠢᠲᠤᠷ ᠬᠢᠵᠦ᠂ ᠤᠰᠤ ᠰᠢᠷᠤᠢ ᠶᠢᠨ ᠢᠳᠡᠭᠳᠡᠯ ᠤᠨ ᠪᠠᠶᠢᠳᠠᠯ ᠢ ᠬᠢᠨᠠᠨ ᠡᠵᠡᠮᠳᠡᠬᠦ ᠶᠢ ᠴᠢᠩᠭᠠᠳᠬᠠᠬᠤ ᠶᠢᠨ ᠬᠠᠮᠲᠤ ᠲᠣᠭᠲᠠᠭᠠᠯ ᠶᠣᠰᠣᠭᠠᠷ ᠮᠠᠨ ᠤ ᠲᠢᠩᠬᠢᠮ ᠵᠢᠴᠢ ᠲᠦᠩᠯᠢᠶᠣᠤ ᠬᠤᠲᠠ ᠶᠢᠨ ᠤᠰᠤᠨ ᠤ ᠶᠠᠪᠤᠳᠠᠯ ᠤᠨ ᠲᠣᠪᠴᠢᠶ᠎ᠠ᠂ ᠬᠢᠩᠭᠠᠨ ᠠᠶᠢᠮᠠᠭ ᠤᠨ ᠤᠰᠤᠨ ᠠᠰᠢᠭᠯᠠᠯᠲᠠ ᠶᠢᠨ ᠲᠣᠪᠴᠢᠶ᠎ᠠ ᠳᠤ ᠬᠢᠨᠠᠨ ᠬᠡᠮᠵᠢᠯᠲᠡ ᠶᠢᠨ ᠤᠯᠠᠷᠢᠯ ᠤᠨ ᠮᠡᠳᠡᠭᠦᠯᠦᠯᠲᠡ ᠵᠢᠴᠢ ᠳ᠋ᠦᠩᠨᠡᠯᠲᠡ ᠶᠢᠨ ᠮᠡᠳᠡᠭᠦᠯᠦᠯᠲᠡ ᠶᠢ ᠲᠤᠰᠢᠶᠠᠨ᠎ᠠ᠃  ︵ᠲᠦᠷᠪᠡ︶ ᠤᠰᠤ ᠰᠢᠷᠤᠢ ᠶᠢ ᠬᠠᠮᠠᠭᠠᠯᠠᠬᠤ ᠬᠢᠨᠠᠯᠲᠠ ᠬᠠᠮᠢᠶᠠᠷᠤᠯᠲᠠ ᠶᠢᠨ ᠠᠵᠢᠯ ᠢ ᠨᠠᠶᠢᠳᠠᠪᠤᠷᠢᠵᠢᠭᠤᠯᠬᠤ ᠶᠢᠨ ᠬᠠᠮᠲᠤ ᠰᠠᠶᠢᠲᠤᠷ ᠬᠢᠵᠦ᠂ ᠤᠰᠤ ᠰᠢᠷᠤᠢ ᠶᠢ ᠬᠠᠮᠠᠭᠠᠯᠠᠬᠤ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢᠨ ᠶᠠᠰᠤ ᠴᠢᠨᠠᠷ ᠪᠣᠯᠤᠨ ᠠᠬᠢᠴᠠ ᠶᠢ ᠦᠨᠡᠨ ᠬᠦ ᠪᠠᠲᠤᠯᠠᠬᠤ ᠬᠡᠷᠡᠭᠲᠡᠶ᠃  ︵ᠲᠠᠪᠤ︶ ᠤᠰᠤ ᠰᠢᠷᠤᠢ ᠶᠢ ᠬᠠᠮᠠᠭᠠᠯᠠᠬᠤ ᠨᠥᠬᠦᠪᠥᠷᠢ ᠵᠠᠷᠤᠳᠠᠯ ᠢ ᠬᠠᠤᠯᠢ ᠲᠣᠭᠲᠠᠭᠠᠯ ᠶᠣᠰᠣᠭᠠᠷ ᠭᠦᠢᠴᠡᠳ ᠲᠤᠭ᠎ᠠ ᠪᠠᠷ ᠲᠤᠰᠢᠶᠠᠨ᠎ᠠ᠃  ᠭᠤᠷᠪᠠ᠂ ᠲᠤᠰ ᠵᠦᠢᠯ ᠤᠨ ᠭᠠᠵᠠᠷ ᠣᠷᠣᠨ᠂ ᠬᠡᠪᠴᠢᠶ᠎ᠡ ᠨᠢ ᠴᠢᠬᠤᠯᠠ ᠶᠡᠭᠡ ᠬᠤᠪᠢᠷᠠᠯᠲᠠ ᠭᠠᠷᠤᠭᠰᠠᠨ ᠪᠤᠶᠤ ᠤᠰᠤ ᠰᠢᠷᠤᠢ ᠶᠢ ᠬᠠᠮᠠᠭᠠᠯᠠᠬᠤ ᠲᠥᠰᠦᠯ ᠢ ᠬᠡᠷᠡᠭᠵᠢᠭᠦᠯᠬᠦ ᠶᠠᠪᠤᠴᠠ ᠳᠤ ᠤᠰᠤ ᠰᠢᠷᠤᠢ ᠶᠢ ᠬᠠᠮᠠᠭᠠᠯᠠᠬᠤ ᠠᠷᠭ᠎ᠠ ᠬᠡᠮᠵᠢᠶ᠎ᠡ ᠳᠤ ᠴᠢᠬᠤᠯᠠ ᠶᠡᠭᠡ ᠬᠤᠪᠢᠷᠠᠯᠲᠠ ᠭᠠᠷᠤᠭᠰᠠᠨ ᠪᠣᠯ ᠤᠰᠤ ᠰᠢᠷᠤᠢ ᠶᠢ ᠬᠠᠮᠠᠭᠠᠯᠠᠬᠤ ᠲᠥᠰᠦᠯ ᠳᠤ ᠨᠥᠬᠦᠪᠥᠷᠢᠯᠡᠬᠦ ᠪᠤᠶᠤ ᠵᠠᠰᠠᠪᠤᠷᠢ ᠣᠷᠣᠭᠤᠯᠵᠤ᠂ ᠮᠠᠨ ᠤ ᠲᠢᠩᠬᠢᠮ ᠳᠤ ᠮᠡᠳᠡᠭᠦᠯᠦᠨ ᠬᠢᠨᠠᠨ ᠵᠥᠪᠰᠢᠶᠡᠷᠡᠭᠦᠯᠬᠦ       ᠬᠡᠷᠡᠭᠲᠡᠶ︔ ᠰᠢᠭᠠᠷᠤ ᠬᠠᠶᠠᠬᠤ ᠲᠠᠯᠠᠪᠤᠷ ᠢ ᠰᠢᠨ᠎ᠡ ᠪᠠᠷ ᠭᠠᠷᠭᠠᠬᠤ ᠴᠢᠬᠤᠯᠠ ᠲᠠᠢ ᠪᠣᠯ ᠦᠢᠯᠡᠳᠪᠦᠷᠢᠯᠡᠵᠦ ᠪᠦᠲᠦᠭᠡᠨ ᠪᠠᠶᠢᠭᠤᠯᠬᠤ ᠨᠢᠭᠡᠴᠢ ᠨᠢ ᠰᠢᠭᠠᠷᠤ ᠬᠠᠶᠠᠬᠤ ᠶᠢ ᠬᠡᠮᠵᠢᠶᠡᠵᠢᠭᠦᠯᠬᠦ᠂ ᠡᠬᠢ ᠪᠠᠶᠠᠯᠢᠭᠵᠢᠭᠤᠯᠤᠨ ᠨᠤᠲᠠᠯᠠᠬᠤ ᠶᠢ ᠥᠷᠨᠢᠭᠦᠯᠬᠦ ᠶᠢᠨ ᠬᠠᠮᠲᠤ ᠰᠢᠭᠠᠷᠤ ᠶᠢ ᠬᠠᠶᠠᠬᠤ ᠠᠴᠠ ᠡᠮᠦᠨ᠎ᠡ ᠤᠰᠤ ᠰᠢᠷᠤᠢ ᠶᠢ ᠬᠠᠮᠠᠭᠠᠯᠠᠬᠤ ᠲᠥᠰᠦᠯ ᠤᠨ ᠨᠥᠬᠦᠪᠥᠷᠢ ᠮᠡᠳᠡᠭᠦᠯᠦᠯᠲᠡ ᠶᠢ ᠨᠠᠶᠢᠷᠠᠭᠤᠯᠤᠨ ᠵᠣᠬᠢᠶᠠᠵᠤ᠂ ᠮᠠᠨ ᠤ ᠲᠢᠩᠬᠢᠮ ᠳᠤ ᠮᠡᠳᠡᠭᠦᠯᠦᠨ ᠬᠢᠨᠠᠨ ᠵᠥᠪᠰᠢᠶᠡᠷᠡᠭᠦᠯᠦᠨ᠎ᠡ᠃  ᠳᠥᠷᠪᠡ᠂ ᠲᠠᠨ ᠤ ᠨᠢᠭᠡᠴᠢ ᠪᠣᠯ ᠲᠤᠰ ᠲᠦᠰᠦᠯ ᠤᠨ ᠤᠰᠤ ᠰᠢᠷᠤᠢ ᠶᠢ ᠬᠠᠮᠠᠭᠠᠯᠠᠬᠤ ᠪᠡᠯᠡᠳᠬᠡᠮᠵᠢ ᠶᠢ ᠰᠢᠯᠭᠠᠨ ᠠᠪᠬᠤ ᠬᠠᠷᠢᠭᠤᠴᠠᠯᠭ᠎ᠠ ᠶᠢᠨ ᠭᠤᠤᠯ ᠴᠣᠭᠴᠠ ᠪᠣᠯᠬᠤ ᠲᠤᠯᠠ᠂ ᠲᠤᠰ ᠲᠦᠰᠦᠯ ᠢ ᠠᠰᠢᠭᠯᠠᠯᠲᠠ ᠳᠤ ᠣᠷᠣᠭᠤᠯᠬᠤ ᠠᠴᠠ ᠡᠮᠦᠨ᠎ᠡ᠂ ᠤᠰᠤ ᠰᠢᠷᠤᠢ ᠶᠢ ᠬᠠᠮᠠᠭᠠᠯᠠᠬᠤ ᠪᠡᠯᠡᠳᠬᠡᠮᠵᠢ ᠶᠢ ᠡᠵᠡᠨ ᠮᠡᠳᠡᠵᠦ ᠰᠢᠯᠭᠠᠨ ᠠᠪᠬᠤ ᠶᠢ ᠥᠩᠭᠡᠷᠡᠭᠡᠬᠦ ᠬᠡᠷᠡᠭᠲᠡᠶ᠃ ᠡᠵᠡᠨ ᠮᠡᠳᠡᠨ ᠰᠢᠯᠭᠠᠨ ᠠᠪᠬᠤ ᠳᠤ ᠤᠰᠤ ᠰᠢᠷᠤᠢ ᠶᠢ ᠬᠠᠮᠠᠭᠠᠯᠠᠬᠤ ᠬᠠᠤᠯᠢ ᠴᠠᠭᠠᠵᠠ ᠬᠠᠤᠯᠢ ᠲᠣᠭᠲᠠᠭᠠᠯ᠂ ᠪᠠᠷᠢᠮᠵᠢᠶ᠎ᠠ ᠶᠢᠨ ᠵᠢᠷᠤᠮᠵᠢᠯ᠂ ᠤᠰᠤ ᠰᠢᠷᠤᠢ ᠶᠢ ᠬᠠᠮᠠᠭᠠᠯᠠᠬᠤ ᠲᠥᠰᠦᠯ ᠬᠢᠭᠡᠳ ᠲᠤᠰ ᠬᠢᠨᠠᠨ ᠵᠥᠪᠰᠢᠶᠡᠷᠡᠭᠰᠡᠨ ᠲᠣᠭᠲᠠᠭᠠᠯ᠂ ᠤᠰᠤ ᠰᠢᠷᠤᠢ ᠶᠢ ᠬᠠᠮᠠᠭᠠᠯᠠᠬᠤ ᠵᠠᠯᠭᠠᠮᠵᠢ ᠵᠢᠷᠤᠭ ᠲᠥᠯᠥᠪᠯᠡᠭᠡ ᠵᠡᠷᠭᠡ ᠶᠢ ᠦᠨᠳᠦᠰᠦᠯᠡᠨ ᠶᠠᠪᠤᠭᠳᠠᠭᠤᠯᠵᠤ᠂ ᠤᠰᠤ ᠰᠢᠷᠤᠢ ᠶᠢ ᠬᠠᠮᠠᠭᠠᠯᠠᠬᠤ ᠪᠡᠯᠡᠳᠬᠡᠮᠵᠢ ᠶᠢ ᠰᠢᠯᠭᠠᠨ ᠠᠪᠬᠤ ᠪᠠᠷᠢᠮᠵᠢᠶ᠎ᠠ ᠪᠣᠯᠤᠨ ᠨᠥᠬᠦᠴᠡᠯ ᠢ ᠴᠢᠩᠭ᠎ᠠ ᠬᠡᠷᠡᠭᠵᠢᠭᠦᠯᠬᠦ ᠬᠡᠷᠡᠭᠲᠡᠶ᠃ ᠤᠰᠤ ᠰᠢᠷᠤᠢ ᠶᠢ ᠬᠠᠮᠠᠭᠠᠯᠠᠬᠤ ᠪᠡᠯᠡᠳᠬᠡᠮᠵᠢ ᠶᠢ ᠡᠵᠡᠨ ᠮᠡᠳᠡᠵᠦ ᠰᠢᠯᠭᠠᠨ ᠠᠪᠬᠤ ᠳᠤ ᠬᠢᠷᠢ ᠲᠡᠩᠴᠡᠭᠰᠡᠨ ᠤ ᠳᠠᠷᠠᠭ᠎ᠠ᠂ ᠠᠯᠪᠠᠨ ᠤ ᠰᠦᠯᠵᠢᠶᠡᠨ ᠥᠷᠲᠡᠭᠡ ᠪᠤᠶᠤ ᠪᠤᠰᠤᠳ ᠣᠯᠠᠨ ᠨᠡᠶᠢᠲᠡ ᠶᠢᠨ ᠣᠯᠵᠤ ᠮᠡᠳᠡᠭᠰᠡᠨ ᠨᠧᠲ ᠲᠤ ᠤᠰᠤ ᠰᠢᠷᠤᠢ ᠶᠢ ᠬᠠᠮᠠᠭᠠᠯᠠᠬᠤ ᠪᠡᠯᠡᠳᠬᠡᠮᠵᠢ ᠶᠢᠨ ᠰᠢᠯᠭᠠᠨ ᠠᠪᠬᠤ ᠮᠠᠲ᠋ᠧᠷᠢᠶᠠᠯ ᠢ ᠴᠠᠭ ᠲᠤᠬᠠᠶ ᠳᠤᠨᠢ ᠨᠡᠶᠢᠲᠡᠯᠡᠵᠦ᠂ ᠢᠯᠡ ᠨᠡᠶᠢᠲᠡᠯᠡᠬᠦ ᠴᠠᠭ ᠬᠤᠭᠤᠴᠠᠭ᠎ᠠ ᠶᠢ ᠨᠢ 20 ᠠᠵᠢᠯᠯᠠᠬᠤ ᠡᠳᠦᠷ ᠠᠴᠠ ᠳᠤᠲᠠᠭᠤ ᠪᠠᠶᠢᠯᠭᠠᠵᠤ ᠪᠣᠯᠬᠤ ᠦᠭᠡᠶ︔ ᠤᠰᠤ ᠰᠢᠷᠤᠢ ᠶᠢ ᠬᠠᠮᠠᠭᠠᠯᠠᠬᠤ ᠪᠡᠯᠡᠳᠬᠡᠮᠵᠢ ᠶᠢ ᠡᠵᠡᠨ ᠮᠡᠳᠡᠨ ᠰᠢᠯᠭᠠᠨ ᠠᠪᠴᠤ ᠥᠩᠭᠡᠷᠡᠭᠰᠡᠨ ᠤ ᠳᠠᠷᠠᠭ᠎ᠠ 3 ᠰᠠᠷ᠎ᠠ ᠶᠢᠨ ᠳᠣᠲᠣᠷ᠎ᠠ ᠮᠠᠨ ᠤ ᠲᠢᠩᠬᠢᠮ ᠳᠤ ᠤᠰᠤ ᠰᠢᠷᠤᠢ ᠶᠢ ᠬᠠᠮᠠᠭᠠᠯᠠᠬᠤ ᠪᠡᠯᠡᠳᠬᠡᠮᠵᠢ ᠶᠢᠨ ᠰᠢᠯᠭᠠᠨ ᠠᠪᠬᠤ ᠮᠠᠲ᠋ᠧᠷᠢᠶᠠᠯ ᠢᠶᠠᠨ ᠮᠡᠳᠡᠭᠦᠯᠦᠨ ᠳᠠᠩᠰᠠᠯᠠᠭᠤᠯᠬᠤ       ᠬᠡᠷᠡᠭᠲᠡᠶ︔ ᠤᠰᠤ ᠰᠢᠷᠤᠢ ᠶᠢ ᠬᠠᠮᠠᠭᠠᠯᠠᠬᠤ ᠪᠡᠯᠡᠳᠬᠡᠮᠵᠢ ᠨᠢ ᠰᠢᠯᠭᠠᠨ ᠠᠪᠬᠤ ᠶᠢ ᠳᠠᠮᠵᠢᠭᠰᠠᠨ ᠦᠭᠡᠶ ᠪᠤᠶᠤ ᠰᠢᠯᠭᠠᠨ ᠠᠪᠬᠤ ᠳᠤ ᠬᠢᠷᠢ ᠲᠡᠩᠴᠡᠭᠰᠡᠨ ᠦᠭᠡᠶ ᠪᠣᠯ ᠠᠰᠢᠭᠯᠠᠯᠲᠠ ᠳᠤ ᠣᠷᠣᠭᠤᠯᠤᠨ ᠬᠡᠷᠡᠭᠯᠡᠵᠦ ᠪᠣᠯᠬᠤ ᠦᠭᠡᠶ᠃  ᠲᠠᠪᠤ᠂ ᠲᠤᠰ ᠵᠥᠪᠰᠢᠶᠡᠷᠡᠯ ᠤᠨ ᠪᠢᠴᠢᠭ ᠮᠠᠲ᠋ᠧᠷᠢᠶᠠᠯ ᠢ ᠵᠥᠪᠰᠢᠶᠡᠷᠡᠭᠰᠡᠨ ᠡᠳᠦᠷ ᠠᠴᠠ ᠡᠬᠢᠯᠡᠨ ᠬᠦᠴᠦᠨ ᠪᠦᠬᠦᠢ ᠬᠤᠭᠤᠴᠠᠭ᠎ᠠ ᠨᠢ 3 ᠵᠢᠯ ᠪᠣᠯᠤᠨ᠎ᠠ᠃ ᠵᠥᠪᠰᠢᠶᠡᠷᠡᠭᠰᠡᠨ ᠪᠢᠴᠢᠭ ᠮᠠᠲ᠋ᠧᠷᠢᠶᠠᠯ ᠤᠨ ᠬᠦᠴᠦᠨ ᠲᠠᠢ ᠬᠤᠭᠤᠴᠠᠭᠠᠨ ᠳᠣᠲᠣᠷ᠎ᠠ ᠠᠵᠢᠯ ᠡᠬᠢᠯᠡᠭᠦᠯᠦᠨ ᠪᠦᠲᠦᠭᠡᠨ ᠪᠠᠶᠢᠭᠤᠯᠤᠭᠰᠠᠨ ᠦᠭᠡᠶ ᠪᠣᠯ ᠦᠢᠯᠡᠳᠪᠦᠷᠢᠯᠡᠵᠦ ᠪᠦᠲᠦᠭᠡᠨ ᠪᠠᠶᠢᠭᠤᠯᠬᠤ ᠨᠢᠭᠡᠴᠢ ᠨᠢ ᠵᠥᠪᠰᠢᠶᠡᠷᠡᠭᠰᠡᠨ ᠪᠢᠴᠢᠭ ᠮᠠᠲ᠋ᠧᠷᠢᠶᠠᠯ ᠤᠨ ᠬᠦᠴᠦᠨ ᠲᠠᠢ ᠬᠤᠭᠤᠴᠠᠭ᠎ᠠ ᠨᠢ ᠳᠦᠭᠦᠷᠬᠦ ᠠᠴᠠ 30 ᠠᠵᠢᠯᠯᠠᠬᠤ ᠡᠳᠦᠷ ᠤᠨ ᠡᠮᠦᠨ᠎ᠡ ᠮᠠᠨ ᠤ ᠲᠢᠩᠬᠢᠮ ᠳᠤ ᠳᠠᠬᠢᠨ ᠬᠢᠨᠠᠭᠤᠯᠬᠤ ᠪᠠᠷ ᠭᠤᠶᠤᠴᠢᠯᠠᠬᠤ ᠬᠡᠷᠡᠭᠲᠡᠶ᠃ ᠲᠦᠰᠦᠯ ᠢ ᠵᠥᠪᠰᠢᠶᠡᠷᠡᠭᠰᠡᠨ ᠪᠢᠴᠢᠭ ᠮᠠᠲ᠋ᠧᠷᠢᠶᠠᠯ ᠤᠨ ᠬᠦᠴᠦᠨ ᠲᠠᠢ ᠬᠤᠭᠤᠴᠠᠭᠠᠨ ᠳᠣᠲᠣᠷ᠎ᠠ ᠠᠵᠢᠯ ᠡᠬᠢᠯᠡᠭᠦᠯᠦᠨ ᠪᠦᠲᠦᠭᠡᠨ ᠪᠠᠶᠢᠭᠤᠯᠤᠭᠰᠠᠨ ᠦᠭᠡᠶ ᠮᠥᠷᠲᠡᠭᠡᠨ ᠳᠠᠬᠢᠵᠤ ᠬᠢᠨᠠᠨ ᠬᠠᠷᠭᠤᠭᠤᠯᠬᠤ ᠪᠠᠷ ᠭᠤᠶᠤᠴᠢᠯᠠᠭᠰᠠᠨ ᠦᠭᠡᠶ ᠪᠤᠶᠤ ᠭᠤᠶᠤᠴᠢᠯᠠᠯ ᠢ ᠳᠠᠬᠢᠵᠤ ᠬᠢᠨᠠᠨ ᠬᠠᠷᠭᠤᠭᠤᠯᠬᠤ ᠪᠠᠷ ᠳᠤᠷᠠᠳᠤᠭᠰᠠᠨ ᠪᠣᠯᠪᠠᠴᠤ ᠵᠥᠪᠰᠢᠶᠡᠷᠡᠭᠳᠡᠭᠰᠡᠨ ᠦᠭᠡᠶ ᠪᠣᠯ᠂ ᠲᠤᠰ ᠵᠥᠪᠰᠢᠶᠡᠷᠡᠭᠰᠡᠨ ᠪᠢᠴᠢᠭ ᠮᠠᠲ᠋ᠧᠷᠢᠶᠠᠯ ᠨᠢ ᠠᠶᠠᠨᠳᠠᠭᠠᠨ ᠬᠦᠴᠦᠨ ᠦᠭᠡᠶ ᠪᠣᠯᠤᠨ᠎ᠠ᠃    2024 ᠣᠨ ᠤ 7 ᠳ᠋ᠤᠭᠠᠷ ᠰᠠᠷ᠎ᠠ ᠶᠢᠨ 22 ᠤᠨ ᠡᠳᠦᠷ    ᠳᠠᠭᠠᠯᠳᠤᠭᠤᠯᠤᠯ᠄  ︽ᠫᠢᠩ ᠭᠦᠸᠧ — ᠫᠢᠩ ᠴᠤᠸᠠᠨ ᠤ 500 ᠺᠢᠯᠣᠸᠠᠲ ᠤᠨ ᠱᠤᠭᠤᠮ ᠤᠨ ᠢᠨᠵᠧᠨᠧᠷᠢᠩ ᠤᠨ ᠤᠰᠤ ᠰᠢᠷᠤᠢ ᠶᠢ ᠬᠠᠮᠠᠭᠠᠯᠠᠬᠤ ᠲᠥᠰᠦᠯ ᠤᠨ ᠮᠡᠳᠡᠭᠦᠯᠦᠯᠲᠡ ᠶᠢᠨ ᠪᠢᠴᠢᠭ︾ ᠤᠨ ᠮᠡᠷᠭᠡᠵᠢᠯ ᠤᠨ ᠬᠢᠨᠠᠨ ᠪᠠᠶᠢᠴᠠᠭᠠᠯᠲᠠ ᠶᠢᠨ ᠰᠠᠨᠠᠯ ᠢ ᠮᠡᠳᠡᠭᠦᠯᠦᠨ ᠬᠦᠷᠭᠡᠬᠦ ᠲᠤᠬᠠᠢ ᠮᠡᠳᠡᠭᠦᠯᠦᠯᠲᠡ . pdf   ᠫᠢᠩ ᠭᠦᠸᠧ — ᠫᠢᠩ ᠴᠤᠸᠠᠨ ᠤ 500 kV ᠱᠤᠭᠤᠮ ᠤᠨ ᠢᠨᠵᠧᠨᠧᠷᠢᠩ ᠤᠨ ᠤᠰᠤ ᠰᠢᠷᠤᠢ ᠶᠢ ᠬᠠᠮᠠᠭᠠᠯᠠᠬᠤ ᠲᠥᠰᠥᠪ

 

 

 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号