ᠰᠢᠨᠬᠤᠸᠠ ᠬᠤᠷᠢᠶᠠᠨ ᠤ ᠪᠡᠭᠡᠵᠢᠩ ᠤᠨ 7 ᠰᠠᠷ᠎ᠠ ᠶᠢᠨ 30 ᠤ ᠴᠠᠭᠢᠯᠭᠠᠨ ᠮᠡᠳᠡᠭᠡ ᠨᠠᠮ ᠤᠨ ᠲᠥᠪ | ᠬᠤᠷᠢᠶᠠᠨ ᠤ ᠤᠯᠤᠰ ᠲᠥᠷᠥ ᠶᠢᠨ ᠲᠣᠪᠴᠢᠶ᠎ᠠ 7 ᠰᠠᠷ᠎ᠠ ᠶᠢᠨ 30 ᠤ ᠡᠳᠦᠷ ᠬᠤᠷᠠᠯ ᠬᠤᠷᠠᠯᠳᠤᠭᠤᠯᠵᠤ ᠂ | ᠣᠳᠣᠬᠠᠨ ᠤ ᠠᠵᠤ ᠠᠬᠤᠢ ᠶᠢᠨ ᠪᠠᠶᠢᠳᠠᠯ ᠢ ᠵᠠᠳᠠᠯᠤᠨ ᠰᠤᠳᠤᠯᠵᠤ ᠂ ᠳᠣᠣᠷ᠎ᠠ ᠬᠠᠭᠠᠰ ᠵᠢᠯ ᠤᠨ ᠠᠵᠤ ᠠᠬᠤᠢ ᠶᠢᠨ | ᠠᠵᠢᠯ ᠢ ᠪᠠᠶᠢᠷᠢᠯᠠᠭᠤᠯᠵᠤ ᠂ ︽ᠬᠡᠯᠪᠡᠷᠢᠴᠢ ᠦᠵᠡᠯ ᠢ ᠴᠡᠭᠴᠡᠯᠡᠨ ᠵᠠᠰᠠᠵᠤ ᠦᠨᠳᠦᠰᠦᠨ ᠱᠠᠲᠤᠨ ᠤ ᠳᠠᠷᠤᠭᠠᠰᠤ ᠶᠢ | ᠬᠥᠩᠭᠡᠷᠡᠭᠦᠯᠬᠦ ᠲᠣᠭᠲᠠᠭᠠᠯ ᠤᠳ ︾ ᠢ ᠬᠢᠨᠠᠨ ᠵᠥᠪᠯᠡᠪᠡ ᠃ ᠨᠠᠮ ᠤᠨ ᠲᠥᠪ ᠬᠤᠷᠢᠶᠠᠨ ᠤ ᠶᠡᠷᠦᠩᠬᠡᠢ ᠱᠦᠵᠢ ᠰᠢ | ᠶᠢᠨ ᠫᠢᠩ ᠬᠤᠷᠠᠯ ᠢ ᠡᠷᠭᠢᠯᠡᠪᠡ ᠃ | ᠬᠤᠷᠠᠯ ᠠᠴᠠ ᠂ ᠵᠢᠯ ᠤᠨ ᠡᠬᠢᠨ ᠠᠴᠠ ᠨᠠᠭᠠᠰᠢ ᠂ ᠰᠢ ᠶᠢᠨ ᠫᠢᠩ ᠨᠥᠬᠦᠷ ᠢᠶᠠᠷ ᠭᠤᠣᠯᠯᠠᠭᠤᠯᠤᠭᠰᠠᠨ ᠨᠠᠮ ᠤᠨ | ᠲᠥᠪ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ | ᠬᠢᠨ ᠬᠦᠴᠢᠷ ᠢ ᠰᠥᠷᠦᠨ ᠤᠷᠤᠭᠰᠢᠯᠠᠵᠤ ᠂ ᠢᠳᠡᠪᠬᠢᠲᠡᠢ ᠵᠢᠳᠬᠦᠯ ᠴᠢᠷᠮᠠᠶᠢᠯᠭ᠎ᠠ ᠭᠠᠷᠭᠠᠵᠤ ᠂ ᠥᠭᠡᠷᠡᠴᠢᠯᠡᠯᠲᠡ | ᠨᠡᠭᠡᠭᠡᠯᠲᠡ ᠶᠢ ᠭᠦᠨᠵᠡᠭᠡᠶᠢᠷᠡᠭᠦᠯᠵᠦ ᠂ ᠬᠤᠷᠸ᠎ᠠ ᠡᠵᠡᠮᠰᠢᠯ ᠲᠣᠬᠢᠷᠠᠭᠤᠯᠭ᠎ᠠ ᠶᠢ ᠴᠢᠩᠭᠠᠳᠬᠠᠵᠤ ᠂ ᠠᠶᠤᠯ ᠲᠦᠭᠰᠢᠭᠦᠷᠢ | ᠥᠷᠢᠰᠦᠯᠳᠦᠭᠡᠨ ᠢ ᠪᠦᠲᠦᠮᠵᠢᠲᠡᠢ ᠠᠷᠭᠠᠴᠠᠭᠠᠵᠤ ᠂ ᠠᠵᠤ ᠠᠬᠤᠢ ᠶᠢᠨ ᠡᠷᠭᠢᠯᠲᠡ ᠶᠡᠷᠦᠩᠬᠡᠢ ᠳᠡᠭᠡᠨ ᠲᠣᠭᠲᠠᠭᠤᠨ | ᠪᠠᠶᠢᠵᠤ ᠂ ᠲᠣᠭᠲᠠᠭᠤᠨ ᠪᠠᠶᠢᠯᠭᠠᠬᠤ ᠶᠢᠨ ᠵᠡᠷᠭᠡ ᠳᠤ ᠤᠷᠤᠭᠰᠢᠯᠠᠭᠤᠯᠬᠤ ᠂ ᠦᠷᠭᠦᠯᠵᠢᠯᠡᠨ ᠰᠠᠶᠢᠵᠢᠷᠠᠬᠤ | ᠬᠠᠨᠳᠤᠰᠢ ᠪᠠᠨ ᠪᠠᠲᠤᠯᠠᠵᠤ ᠂ ᠰᠢᠨ᠎ᠡ ᠬᠥᠳᠡᠯᠭᠡᠭᠴᠢ ᠡᠨᠧᠷᠭᠢ ᠰᠢᠨ᠎ᠡ ᠳᠠᠪᠠᠭᠤᠯᠢᠭ ᠢ ᠲᠦᠷᠭᠡᠨ ᠪᠣᠶᠢᠵᠢᠭᠤᠯᠵᠤ ᠂ | ᠴᠢᠨᠠᠷ ᠰᠠᠶᠢᠲᠠᠢ ᠬᠥᠭᠵᠢᠯᠲᠡ ᠶᠢ ᠯᠠᠪᠳᠠᠭᠤᠨ ᠪᠠᠲᠤᠲᠠᠢ ᠠᠬᠢᠭᠤᠯᠵᠤ ᠂ ᠨᠡᠶᠢᠭᠡᠮ ᠤᠨ ᠶᠡᠭᠡ ᠲᠠᠯ᠎ᠠ ᠶᠢᠨ | ᠲᠣᠭᠲᠠᠭᠤᠨ ᠢ ᠪᠠᠲᠤᠯᠠᠵᠠᠢ ᠭᠡᠵᠦ ᠦᠵᠡᠪᠡ ᠃ | ᠬᠤᠷᠠᠯ ᠠᠴᠠ ᠂ ᠣᠳᠣᠬᠠᠨ ᠳᠤ ᠭᠠᠳᠠᠭᠠᠳᠤ ᠣᠷᠴᠢᠨ ᠨᠥᠬᠦᠴᠡᠯ ᠤᠨ ᠬᠤᠪᠢᠷᠠᠯᠲᠠ ᠠᠴᠠ ᠪᠣᠯᠤᠭᠰᠠᠨ ᠠᠰᠢᠭ | ᠦᠭᠡᠢ ᠨᠥᠯᠥᠭᠡ ᠨᠡᠮᠡᠭᠳᠡᠵᠦ ᠂ ᠤᠯᠤᠰ ᠤᠨ ᠳᠣᠲᠣᠭᠠᠳᠤ ᠶᠢᠨ ᠪᠦᠲᠦᠮᠵᠢᠲᠡᠢ ᠬᠡᠷᠡᠭᠴᠡᠭᠡ ᠬᠦᠷᠦᠯᠴᠡᠬᠦ ᠦᠭᠡᠢ ᠂ | ᠠᠵᠤ ᠠᠬᠤᠢ ᠶᠢᠨ ᠡᠷᠭᠢᠯᠲᠡ ᠳᠤ ᠵᠠᠳᠠᠷᠠᠯ ᠭᠠᠷᠴᠤ ᠂ ᠭᠤᠣᠯᠳᠠᠯᠭ᠎ᠠ ᠲᠠᠢ ᠬᠦᠷᠢᠶᠡᠨ ᠤ ᠠᠶᠤᠯ ᠲᠦᠭᠰᠢᠭᠦᠷᠢ ᠭᠡᠮ | ᠰᠣᠭᠤᠭ ᠮᠥᠨ ᠬᠦ ᠨᠡᠯᠢᠶᠡᠳ ᠤᠯᠠᠨ ᠪᠠᠶᠢᠵᠤ ᠂ ᠰᠢᠨ᠎ᠡ ᠬᠠᠭᠤᠴᠢᠨ ᠬᠥᠳᠡᠯᠭᠡᠭᠴᠢ ᠡᠨᠧᠷᠭᠢ ᠶᠢᠨ ᠰᠣᠯᠢᠭᠳᠠᠯ ᠳᠤ | ᠡᠪᠡᠷᠰᠢᠶᠡᠯ ᠣᠷᠣᠰᠢᠵᠤ ᠪᠠᠶᠢᠨ᠎ᠠ ᠃ ᠡᠳᠡᠭᠡᠷ ᠪᠣᠯ ᠬᠥᠭᠵᠢᠯᠲᠡ ᠶᠢᠨ ᠳᠤᠮᠳᠠᠬᠢ ᠂ ᠭᠡᠯᠪᠡᠷᠢ ᠶᠢ ᠬᠤᠪᠢᠷᠠᠭᠤᠯᠬᠤ | ᠳᠤᠮᠳᠠᠬᠢ ᠠᠰᠠᠭᠤᠳᠠᠯ ᠪᠣᠯᠣᠨ᠎ᠠ ᠂ ᠪᠢᠳᠡ ᠲᠦᠭᠰᠢᠭᠦᠷᠢ ᠶᠢᠨ ᠤᠬᠠᠮᠰᠠᠷ ᠪᠣᠯᠣᠨ ᠬᠤᠷᠢᠭ᠎ᠠ ᠱᠤᠭᠤᠮ ᠤᠨ | ᠰᠡᠳᠬᠢᠬᠦᠢ ᠪᠠᠨ ᠴᠢᠩᠭᠠᠳᠬᠠᠵᠤ ᠂ ᠢᠳᠡᠪᠬᠢᠲᠡᠢ ᠰᠠᠨᠠᠭᠠᠴᠢᠯᠠᠭ᠎ᠠ ᠠᠴᠠ ᠪᠠᠨ ᠠᠷᠭᠠᠴᠠᠭᠠᠬᠤ ᠪᠥᠭᠡᠳ ᠪᠠᠰᠠ | ᠪᠠᠶᠢᠯᠳᠤᠬᠤ ᠪᠣᠳᠣᠯᠭ᠎ᠠ ᠶᠢᠨ ᠲᠣᠭᠲᠠᠯ ᠬᠦᠴᠦᠨ ᠢᠶᠠᠨ ᠪᠠᠲᠤᠯᠠᠵᠤ ᠂ ᠬᠥᠭᠵᠢᠯᠲᠡ ᠶᠢᠨ ᠢᠲᠡᠭᠡᠯ ᠢᠶᠠᠨ ᠪᠠᠲᠤᠳᠬᠠᠵᠤ ᠂ | ᠳᠤᠮᠳᠠᠳᠤ ᠤᠯᠤᠰ ᠤᠨ ᠠᠵᠤ ᠠᠬᠤᠢ ᠶᠢᠨ ᠰᠠᠶᠢᠵᠢᠷᠠᠯᠲᠠ ᠶᠢᠨ ᠤᠨᠤᠯ ᠢ ᠳᠠᠭᠤᠷᠢᠰᠤᠭᠤᠯᠬᠤ ᠬᠡᠷᠡᠭᠲᠡᠢ ᠭᠡᠵᠦ | ᠵᠢᠭᠠᠵᠤ ᠭᠠᠷᠭᠠᠪᠠ ᠃ | ᠬᠤᠷᠠᠯ ᠠᠴᠠ ᠂ ᠳᠣᠣᠷ᠎ᠠ ᠬᠠᠭᠠᠰ ᠵᠢᠯ ᠤᠨ ᠥᠭᠡᠷᠡᠴᠢᠯᠡᠯᠲᠡ ᠬᠥᠭᠵᠢᠯᠲᠡ ᠲᠣᠭᠲᠠᠭᠤᠨ ᠤ ᠡᠭᠦᠷᠭᠡ ᠮᠠᠰᠢ | ᠬᠦᠨᠳᠦ ᠂ ᠨᠠᠮ ᠤᠨ ᠬᠤᠷᠢᠳᠤᠭᠠᠷ ᠶᠡᠭᠡ ᠬᠤᠷᠠᠯ ᠪᠣᠯᠣᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ | ᠬᠤᠶᠠᠳᠤᠭᠠᠷ ᠂ ᠭᠤᠷᠪᠠᠳᠤᠭᠠᠷ ᠪᠦᠭᠦᠳᠠ ᠬᠤᠷᠠᠯ ᠤᠨ ᠵᠣᠷᠢᠭ ᠰᠠᠨᠠᠭ᠎ᠠ ᠶᠢ ᠪᠦᠭᠦ ᠲᠠᠯ᠎ᠠ ᠪᠠᠷ ᠲᠤᠭᠤᠰᠢᠯᠠᠭᠤᠯᠤᠨ | ᠨᠠᠶᠢᠳᠠᠪᠤᠷᠢᠵᠢᠭᠤᠯᠵᠤ ᠂ ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠂ ᠲᠣᠭᠲᠠᠭᠤᠨ ᠪᠠᠶᠢᠯᠭᠠᠬᠤ ᠶᠢᠨ | ᠵᠡᠷᠭᠡ ᠳᠤ ᠤᠷᠤᠭᠰᠢᠯᠠᠭᠤᠯᠬᠤ ᠠᠵᠢᠯ ᠤᠨ ᠶᠡᠷᠦᠩᠬᠡᠢ ᠭᠦᠭ ᠠᠶᠠᠰ ᠢ ᠪᠠᠷᠢᠮᠲᠠᠯᠠᠵᠤ ᠂ ᠰᠢᠨ᠎ᠡ ᠬᠥᠭᠵᠢᠯᠲᠡ ᠶᠢᠨ | ᠣᠶᠢᠯᠠᠭᠠᠭᠳᠠᠬᠤᠨ ᠢ ᠪᠦᠷᠢᠨ ᠪᠦᠲᠦᠨ ᠂ ᠵᠥᠪ ᠤᠨᠤᠪᠴᠢᠳᠠᠢ ᠂ ᠪᠦᠭᠦ ᠲᠠᠯ᠎ᠠ ᠪᠠᠷ ᠲᠤᠭᠤᠰᠢᠯᠠᠭᠤᠯᠵᠤ ᠂ ᠰᠢᠨ᠎ᠡ | ᠬᠥᠭᠵᠢᠯᠲᠡ ᠶᠢᠨ ᠪᠠᠶᠢᠷᠢᠰᠢᠯ ᠢ ᠲᠦᠷᠭᠡᠨ ᠢᠶᠠᠷ ᠪᠠᠶᠢᠭᠤᠯᠵᠤ ᠂ ᠭᠠᠵᠠᠷ ᠣᠷᠣᠨ ᠤ ᠪᠠᠶᠢᠳᠠᠯ ᠳᠤᠨᠢ ᠲᠣᠬᠢᠷᠠᠭᠤᠯᠤᠨ | ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠢ ᠬᠥᠭᠵᠢᠭᠦᠯᠵᠦ ᠂ ᠴᠢᠨᠠᠷ ᠰᠠᠶᠢᠲᠠᠢ ᠬᠥᠭᠵᠢᠯᠲᠡ ᠶᠢ ᠬᠦᠴᠦᠯᠡᠨ | ᠠᠬᠢᠭᠤᠯᠵᠤ ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠲᠠᠢ ᠤᠶᠠᠯᠳᠤᠭᠤᠯᠤᠨ | ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠭᠦ ᠲᠠᠯ᠎ᠠ ᠪᠠᠷ ᠭᠦᠨᠵᠡᠭᠡᠶᠢᠷᠡᠭᠦᠯᠵᠦ ᠂ ᠬᠤᠷᠸ᠎ᠠ ᠡᠵᠡᠮᠰᠢᠯ | ᠲᠣᠬᠢᠷᠠᠭᠤᠯᠭ᠎ᠠ ᠶᠢᠨ ᠡᠷᠴᠢᠮ ᠢ ᠴᠢᠩᠭᠠᠷᠠᠭᠤᠯᠵᠤ ᠂ ᠰᠢᠨ᠎ᠡ ᠶᠢ ᠡᠭᠦᠳᠬᠦ ᠪᠠᠷ ᠬᠥᠭᠵᠢᠯᠲᠡ ᠶᠢᠨ ᠬᠥᠳᠡᠯᠭᠡᠭᠦᠷ | ᠪᠤᠯᠭᠠᠬᠤ ᠶᠢ ᠭᠦᠨᠵᠡᠭᠡᠶᠢᠷᠡᠭᠦᠯᠵᠦ ᠂ ᠳᠣᠲᠣᠭᠠᠳᠤ ᠬᠡᠷᠡᠭᠴᠡᠭᠡ ᠶᠢᠨ ᠲᠠᠯᠳᠠ ᠬᠦᠴᠦᠨ ᠢ ᠭᠦᠨᠵᠡᠭᠡᠢ ᠠᠭᠤᠳᠠᠯᠵᠤ ᠂ | ᠰᠢᠨ᠎ᠡ ᠬᠥᠳᠡᠯᠭᠡᠭᠴᠢ ᠡᠨᠧᠷᠭᠢ ᠰᠢᠨ᠎ᠡ ᠳᠠᠪᠠᠭᠤᠯᠢᠭ ᠢ ᠲᠠᠰᠤᠷᠠᠯᠲᠠ ᠦᠭᠡᠢ ᠴᠢᠩᠭᠠᠳᠬᠠᠵᠤ ᠂ ᠡᠵᠡᠩᠨᠡᠯᠲᠡ ᠶᠢᠨ | ᠭᠤᠣᠯ ᠴᠣᠭᠴᠠ ᠶᠢᠨ ᠠᠮᠢᠳᠤᠯᠢᠭ ᠬᠦᠴᠦᠨ ᠢ ᠨᠡᠮᠡᠭᠳᠡᠭᠦᠯᠵᠦ ᠂ ᠵᠠᠬ᠎ᠠ ᠳᠡᠯᠭᠡᠭᠦᠷ ᠤᠨ ᠵᠢᠱᠢᠯᠲᠡ ᠶᠢ | ᠲᠣᠭᠲᠠᠪᠤᠷᠢᠵᠢᠭᠤᠯᠬᠤ ᠂ ᠨᠡᠶᠢᠭᠡᠮ ᠤᠨ ᠢᠲᠡᠭᠡᠯ ᠢ ᠨᠡᠮᠡᠭᠳᠡᠭᠦᠯᠵᠦ ᠂ ᠠᠵᠤ ᠠᠬᠤᠢ ᠶᠢᠨ ᠦᠷᠭᠦᠯᠵᠢᠯᠡᠨ ᠳᠡᠭᠡᠭᠰᠢᠯᠡᠵᠦ | ᠰᠠᠶᠢᠵᠢᠷᠠᠬᠤ ᠬᠠᠨᠳᠤᠰᠢ ᠶᠢ ᠴᠢᠩᠭᠠᠳᠬᠠᠵᠤ ᠂ ᠠᠷᠠᠳ ᠤᠨ ᠠᠮᠢᠳᠤᠷᠠᠯ ᠢ ᠦᠨᠡᠨ ᠬᠦ ᠪᠠᠲᠤᠯᠠᠨ ᠰᠠᠶᠢᠵᠢᠷᠠᠭᠤᠯᠵᠤ ᠂ | ᠨᠡᠶᠢᠭᠡᠮ ᠤᠨ ᠲᠣᠭᠲᠠᠭᠤᠨ ᠪᠠᠶᠢᠳᠠᠯ ᠢ ᠪᠠᠲᠤᠯᠠᠵᠤ ᠂ ᠪᠦᠭᠦ ᠵᠢᠯ ᠤᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ | ᠬᠠᠷᠠᠯᠲᠠ ᠡᠭᠦᠷᠭᠡ ᠶᠢ ᠡᠷᠡᠰ ᠭᠤᠶᠢᠪᠢᠰᠢ ᠦᠭᠡᠢ ᠪᠡᠶᠡᠯᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ ᠃ | ᠬᠤᠷᠠᠯ ᠠᠴᠠ ᠂ ᠥᠭᠡᠷᠡᠴᠢᠯᠡᠯᠲᠡ ᠪᠠᠷ ᠬᠥᠳᠡᠯᠭᠡᠭᠴᠢ ᠬᠦᠴᠦᠨ ᠪᠤᠯᠭᠠᠵᠤ ᠨᠡᠮᠡᠭᠳᠡᠯ ᠢ ᠲᠣᠭᠲᠠᠪᠤᠷᠢᠵᠢᠭᠤᠯᠬᠤ ᠂ | ᠪᠦᠲᠦᠴᠡ ᠶᠢ ᠲᠣᠬᠢᠷᠠᠭᠤᠯᠬᠤ ᠂ ᠠᠶᠤᠯ ᠲᠦᠭᠰᠢᠭᠦᠷᠢ ᠶᠢ ᠰᠡᠷᠭᠡᠶᠢᠯᠡᠬᠦ ᠶᠢ ᠠᠬᠢᠭᠤᠯᠵᠤ ᠂ ᠠᠵᠤ ᠠᠬᠤᠢ ᠶᠢᠨ | ᠪᠠᠶᠢᠭᠤᠯᠤᠯ ᠤᠨ ᠥᠭᠡᠷᠡᠴᠢᠯᠡᠯᠲᠡ ᠶᠢᠨ ᠬᠥᠲᠥᠯᠥᠮᠵᠢ ᠶᠢᠨ ᠦᠢᠯᠡᠳᠦᠯ ᠢ ᠭᠦᠢᠴᠡᠳ ᠪᠠᠳᠠᠷᠠᠭᠤᠯᠵᠤ ᠂ ᠨᠥᠬᠦᠴᠡᠯ | ᠪᠣᠯᠪᠠᠰᠤᠷᠠᠩᠭᠤᠢ ᠂ ᠪᠣᠳᠠᠲᠠᠢ ᠨᠠᠶᠢᠳᠠᠪᠤᠷᠢᠵᠢᠭᠤᠯᠤᠭᠳᠠᠵᠤ ᠳᠡᠶᠢᠯᠬᠦᠶᠢᠴᠡ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠶᠢ | ᠴᠠᠭ ᠲᠤᠬᠠᠢ ᠳᠤᠨᠢ ᠭᠠᠷᠭᠠᠬᠤ ᠬᠡᠷᠡᠭᠲᠡᠢ ᠃ ︽ ᠬᠤᠶᠠᠷ ᠥᠴᠥᠬᠡᠨ ᠴᠦ ᠭᠤᠶᠢᠪᠢᠰᠢ ᠦᠭᠡᠢ ︾ ᠶᠢ ᠪᠠᠷᠢᠮᠲᠠᠯᠠᠨ | ᠨᠠᠶᠢᠳᠠᠪᠤᠷᠢᠵᠢᠭᠤᠯᠵᠤ ᠂ ᠡᠯ᠎ᠡ ᠵᠦᠢᠯ ᠤᠨ ᠥᠮᠴᠢᠯᠡᠯ ᠤᠨ ᠠᠵᠤ ᠠᠬᠤᠢ ᠶᠢᠨ ᠳᠠᠪᠠᠭᠤᠯᠢᠭ ᠲᠠᠯ᠎ᠠ ᠪᠠᠷ ᠢᠶᠠᠨ | ᠬᠠᠷᠢᠯᠴᠠᠨ ᠨᠥᠬᠦᠪᠦᠷᠢᠯᠡᠬᠦ ᠂ ᠬᠠᠮᠲᠤ ᠪᠠᠷ ᠬᠥᠭᠵᠢᠬᠦ ᠶᠢ ᠠᠬᠢᠭᠤᠯᠵᠤ ᠂ ᠥᠮᠴᠢᠯᠡᠯ ᠤᠨ ᠡᠷᠬᠡ ᠶᠢᠨ ᠬᠠᠮᠠᠭᠠᠯᠠᠯᠲᠠ ᠂ | ᠵᠠᠬ᠎ᠠ ᠳᠡᠯᠭᠡᠭᠦᠷ ᠲᠤ ᠣᠷᠣᠬᠤ ᠵᠥᠪᠰᠢᠶᠡᠷᠡᠯ ᠂ ᠳᠠᠮᠫᠤᠷᠠᠵᠤ ᠤᠬᠤᠷᠢᠨ ᠭᠠᠷᠬᠤ ᠵᠡᠷᠭᠡ ᠵᠠᠬ᠎ᠠ ᠳᠡᠯᠭᠡᠭᠦᠷ ᠤᠨ ᠠᠵᠤ | ᠠᠬᠤᠢ ᠶᠢᠨ ᠰᠠᠭᠤᠷᠢ ᠳᠦᠷᠢᠮ ᠢ ᠲᠡᠭᠦᠯᠳᠡᠷᠵᠢᠭᠦᠯᠵᠦ ᠂ ᠵᠠᠷᠢᠮ ᠭᠠᠵᠠᠷ ᠣᠷᠣᠨ ᠤ ᠵᠠᠰᠠᠭ ᠵᠠᠬᠢᠷᠭᠠᠨ ᠂ ᠡᠷᠡᠭᠦᠦ ᠶᠢᠨ | ᠬᠡᠷᠡᠭ ᠤᠨ ᠠᠷᠭ᠎ᠠ ᠪᠠᠷᠢᠯ ᠢ ᠠᠰᠢᠭᠯᠠᠨ ᠠᠵᠤ ᠠᠬᠤᠢ ᠶᠢᠨ ᠵᠠᠭᠤᠷᠠᠯᠳᠤᠭᠠᠨ ᠳᠤ ᠭᠠᠷ ᠲᠦᠷᠦᠭᠦ ᠶᠢ ᠰᠡᠷᠭᠡᠶᠢᠯᠡᠨ | ᠵᠠᠯᠠᠷᠠᠭᠤᠯᠬᠤ ᠬᠡᠷᠡᠭᠲᠡᠢ ᠃ ᠠᠵᠤ ᠠᠬᠤᠶᠢᠯᠠᠯᠲᠠᠨ ᠤ ᠵᠣᠷᠢᠭ ᠰᠠᠨᠠᠭ᠎ᠠ ᠶᠢ ᠪᠠᠳᠠᠷᠠᠭᠤᠯᠵᠤ ᠂ ᠥᠭᠡᠷᠡᠴᠢᠯᠡᠯᠲᠡ ᠬᠢᠵᠦ | ᠰᠢᠨ᠎ᠡ ᠶᠢ ᠡᠭᠦᠳᠬᠦ ᠪᠠ ᠡᠷᠬᠡ ᠲᠡᠭᠰᠢ ᠪᠠᠷ ᠥᠷᠢᠰᠦᠯᠳᠦᠬᠦ ᠳᠤᠮᠳᠠ ᠨᠡᠩ ᠤᠯᠠᠨ ᠳᠡᠯᠡᠬᠡᠢ ᠶᠢᠨ ᠲᠡᠷᠢᠭᠦᠨ ᠵᠡᠷᠭᠡ ᠶᠢᠨ | ᠠᠵᠤ ᠠᠬᠤᠶᠢᠯᠠᠯ ᠢ ᠲᠦᠷᠭᠡᠨ ᠢᠶᠠᠷ ᠪᠠᠶᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ ᠃ | ᠬᠤᠷᠠᠯ ᠠᠴᠠ ᠂ ᠬᠤᠷᠸ᠎ᠠ ᠲᠦᠷᠦ ᠶᠢᠨ ᠪᠣᠳᠣᠯᠭ᠎ᠠ ᠶᠢᠨ ᠲᠠᠯ᠎ᠠ ᠪᠠᠷ ᠦᠷᠭᠦᠯᠵᠢᠯᠡᠨ ᠬᠦᠴᠦᠯᠡᠵᠦ ᠂ ᠨᠡᠩ | ᠢᠯᠡᠭᠦᠦ ᠬᠦᠴᠦ ᠨᠡᠮᠡᠷᠢᠯᠡᠬᠦ ᠬᠡᠷᠡᠭᠲᠡᠢ ᠃ ᠰᠥᠷᠬᠦ ᠦᠶᠡᠯᠡᠯ ᠤᠨ ᠬᠤᠭᠤᠴᠠᠭᠠᠨ ᠤ ᠲᠣᠬᠢᠷᠠᠭᠤᠯᠤᠯᠲᠠ ᠶᠢ | ᠴᠢᠩᠭᠠᠳᠬᠠᠨ ᠂ ᠡᠳ᠋ ᠤᠨ ᠵᠠᠰᠠᠭ ᠤᠨ ᠢᠳᠡᠪᠬᠢᠲᠡᠢ ᠲᠥᠷᠥ ᠶᠢᠨ ᠪᠣᠳᠣᠯᠭ᠎ᠠ ᠪᠠ ᠵᠣᠭᠤᠰᠤᠨ ᠤ ᠲᠣᠭᠲᠠᠭᠤᠨ | ᠲᠥᠷᠥ ᠶᠢᠨ ᠪᠣᠳᠣᠯᠭ᠎ᠠ ᠶᠢ ᠰᠠᠶᠢᠲᠤᠷ ᠬᠡᠷᠡᠭᠵᠢᠭᠦᠯᠵᠦ ᠂ ᠨᠢᠭᠡᠨᠲᠡ ᠲᠣᠭᠲᠠᠭᠠᠭᠰᠠᠨ ᠲᠥᠷᠥ ᠶᠢᠨ ᠪᠣᠳᠣᠯᠭ᠎ᠠ ᠠᠷᠭ᠎ᠠ | ᠬᠡᠮᠵᠢᠶ᠎ᠡ ᠶᠢ ᠪᠦᠭᠦ ᠲᠠᠯ᠎ᠠ ᠪᠠᠷ ᠲᠦᠷᠭᠡᠨ ᠨᠠᠶᠢᠳᠠᠪᠤᠷᠢᠵᠢᠭᠤᠯᠵᠤ ᠂ ᠡᠷᠲᠡᠬᠡᠨ ᠨᠥᠭᠡᠴᠡᠯᠡᠬᠦ ᠶᠢᠨ ᠬᠠᠮᠲᠤ ᠬᠡᠮᠵᠢᠶ᠎ᠡ ᠶᠢ | ᠨᠡᠮᠡᠭᠳᠡᠭᠦᠯᠬᠦ ᠨᠢᠭᠡ ᠪᠦᠯᠦᠭ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠴᠠᠭ ᠲᠤᠨᠢ ᠲᠣᠬᠢᠷᠠᠭᠤᠯᠤᠨ ᠨᠡᠶᠢᠲᠡᠯᠡᠬᠦ | ᠬᠡᠷᠡᠭᠲᠡᠢ ᠃ ᠲᠤᠰᠬᠠᠢ ᠵᠢᠭᠡᠯᠡᠯᠭᠡ ᠶᠢ ᠲᠠᠷᠬᠠᠭᠠᠵᠤ ᠬᠡᠷᠡᠭᠯᠡᠬᠦ ᠠᠬᠢᠴᠠ ᠶᠢ ᠲᠦᠷᠭᠡᠳᠬᠡᠵᠦ ᠂ ᠣᠷᠳᠣ ᠬᠤᠭᠤᠴᠠᠭᠠᠨ ᠤ | ᠤᠯᠤᠰ ᠤᠨ ᠣᠨᠴᠠ ᠵᠢᠭᠡᠯᠡᠯᠭᠡ ᠶᠢ ᠰᠠᠶᠢᠲᠤᠷ ᠬᠡᠷᠡᠭᠯᠡᠵᠦ ᠂ ᠤᠯᠤᠰ ᠤᠨ ᠴᠢᠬᠤᠯᠠ ᠶᠡᠭᠡ ᠪᠠᠶᠢᠯᠳᠤᠬᠤ ᠪᠣᠳᠣᠯᠭ᠎ᠠ ᠪᠠ | ᠭᠤᠣᠯᠳᠠᠯᠭ᠎ᠠ ᠲᠠᠢ ᠬᠦᠷᠢᠶᠡᠨ ᠤ ᠠᠮᠤᠷ ᠲᠦᠪᠰᠢᠨ ᠤ ᠴᠢᠳᠠᠪᠤᠷᠢ ᠶᠢᠨ ᠪᠠᠶᠢᠭᠤᠯᠤᠯᠲᠠ ᠶᠢ ᠳᠡᠮᠵᠢᠵᠦ ᠂ ᠶᠡᠭᠡ | ᠬᠡᠪᠴᠢᠶᠡᠨ ᠤ ᠲᠥᠬᠦᠭᠡᠷᠦᠮᠵᠢ ᠶᠢ ᠰᠢᠨᠡᠳᠬᠡᠬᠦ ᠪᠠ ᠶᠡᠭᠡ ᠬᠡᠮᠵᠢᠶᠡᠨ ᠤ ᠪᠥᠬᠡᠯᠢᠭ ᠬᠡᠷᠡᠭᠯᠡᠭᠡᠨ ᠤ ᠵᠦᠢᠯ ᠢ | ᠬᠠᠭᠤᠴᠢᠨ ᠢᠶᠠᠷ ᠰᠢᠨ᠎ᠡ ᠶᠢ ᠰᠣᠯᠢᠬᠤ ᠶᠢ ᠨᠠᠩ ᠡᠷᠴᠢᠮ ᠲᠠᠢ ᠠᠬᠢᠭᠤᠯᠬᠤ ᠬᠡᠷᠡᠭᠲᠡᠢ ᠃ ᠡᠳ᠋ ᠤᠨ ᠵᠠᠰᠠᠭ ᠤᠨ | ᠵᠠᠷᠤᠯᠭ᠎ᠠ ᠶᠢᠨ ᠪᠦᠲᠦᠴᠡ ᠶᠢ ᠰᠢᠯᠢᠳᠡᠭᠵᠢᠭᠦᠯᠵᠦ ᠂ ︽ ᠭᠤᠷᠪᠠ ᠶᠢ ᠪᠠᠲᠤᠯᠠᠬᠤ ︾ ᠬᠤᠷᠢᠭ᠎ᠠ ᠱᠤᠭᠤᠮ ᠢ ᠪᠠᠲᠤ | ᠰᠠᠬᠢᠬᠤ ᠬᠡᠷᠡᠭᠲᠡᠢ ᠃ ᠵᠣᠭᠤᠰᠤᠨ ᠤ ᠲᠦᠷᠦ ᠶᠢᠨ ᠪᠣᠳᠣᠯᠭ᠎ᠠ ᠶᠢᠨ ᠤᠯᠠᠨ ᠵᠦᠢᠯ ᠤᠨ ᠪᠠᠭᠠᠵᠢ ᠶᠢ ᠶᠡᠷᠦᠩᠬᠡᠶᠢᠯᠡᠨ | ᠬᠡᠷᠡᠭᠯᠡᠵᠦ ᠂ ᠮᠥᠩᠭᠦᠨ ᠭᠦᠢᠯᠭᠡᠭᠡᠨ ᠤ ᠪᠣᠳᠠᠲᠤ ᠴᠣᠭᠴᠠ ᠶᠢᠨ ᠠᠵᠤ ᠠᠬᠤᠢ ᠶᠢ ᠳᠡᠮᠵᠢᠬᠦ ᠡᠷᠴᠢᠮ ᠢ | ᠴᠢᠩᠭᠠᠷᠠᠭᠤᠯᠤᠨ ᠂ ᠨᠡᠶᠢᠭᠡᠮ ᠤᠨ ᠶᠡᠷᠦᠩᠬᠡᠶᠢᠯᠡᠭᠰᠡᠨ ᠪᠡᠯᠡ ᠲᠣᠬᠢᠷᠠᠭᠤᠯᠭ᠎ᠠ ᠶᠢᠨ ᠥᠪᠡᠷ ᠤᠨ ᠦᠷᠳᠡᠭ ᠤᠨ | ᠲᠣᠭᠲᠠᠭᠤᠨ ᠪᠠᠶᠢᠬᠤ ᠶᠢᠨ ᠵᠡᠷᠭᠡ ᠳᠤ ᠪᠠᠭᠤᠷᠠᠬᠤ ᠶᠢ ᠠᠬᠢᠭᠤᠯᠬᠤ ᠬᠡᠷᠡᠭᠲᠡᠢ ᠃ ᠠᠷᠠᠳ ᠤᠨ ᠵᠣᠭᠤᠰᠤᠨ ᠤ | ᠭᠤᠪᠢᠭᠤᠯᠭ᠎ᠠ ᠶᠢᠨ ᠨᠤᠷᠮ᠎ᠠ ᠶᠢᠨ ᠵᠦᠢ ᠵᠣᠬᠢᠰᠲᠠᠢ ᠪᠥᠭᠡᠳ ᠲᠡᠩᠴᠡᠭᠦᠷᠢᠲᠡᠢ ᠲᠦᠪᠰᠢᠨ ᠳᠤ ᠦᠨᠳᠦᠰᠦᠨ ᠳᠡᠭᠡᠨ | ᠲᠣᠭᠲᠠᠪᠤᠷᠢᠲᠠᠢ ᠪᠠᠶᠢᠬᠤ ᠶᠢ ᠪᠠᠲᠤᠯᠠᠬᠤ ᠬᠡᠷᠡᠭᠲᠡᠢ ᠃ ᠬᠤᠷᠸ᠎ᠠ ᠲᠦᠷᠦ ᠶᠢᠨ ᠪᠣᠳᠣᠯᠭ᠎ᠠ ᠶᠢᠨ ᠬᠠᠨᠳᠤᠰᠢ ᠶᠢᠨ | ᠨᠢᠭᠡᠳᠦᠯᠲᠦ ᠴᠢᠨᠠᠷ ᠢ ᠦᠨᠡᠨ ᠬᠦ ᠴᠢᠩᠭᠠᠳᠬᠠᠵᠤ ᠂ ᠡᠯ᠎ᠡ ᠲᠠᠯ᠎ᠠ ᠶᠢᠨ ᠴᠢᠨᠠᠷ ᠰᠠᠶᠢᠲᠠᠢ ᠬᠥᠭᠵᠢᠯᠲᠡ ᠶᠢ ᠬᠠᠮᠲᠤ ᠪᠠᠷ | ᠠᠬᠢᠭᠤᠯᠬᠤ ᠬᠦᠴᠦᠷᠬᠡᠭ ᠶᠡᠭᠡ ᠬᠠᠮᠲᠤᠷᠠᠯ ᠬᠦᠴᠦᠨ ᠢ ᠪᠦᠷᠢᠯᠳᠦᠭᠦᠯᠬᠦ ᠬᠡᠷᠡᠭᠲᠡᠢ ᠃ ᠠᠵᠤ ᠠᠬᠤᠢ ᠶᠢᠨ ᠲᠣᠮᠣ | ᠮᠤᠵᠢ ᠶᠢᠨ ᠨᠢᠷᠤᠭᠤ ᠲᠤᠯᠭᠠᠭᠤᠷᠢ ᠶᠢᠨ ᠦᠢᠯᠡᠳᠦᠯ ᠢ ᠦᠷᠭᠦᠯᠵᠢᠯᠡᠨ ᠰᠠᠶᠢᠲᠤᠷ ᠪᠠᠳᠠᠷᠠᠭᠤᠯᠬᠤ ᠬᠡᠷᠡᠭᠲᠡᠢ ᠭᠡᠵᠦ | ᠵᠢᠭᠠᠵᠤ ᠭᠠᠷᠭᠠᠪᠠ ᠃ | ᠬᠤᠷᠠᠯ ᠠᠴᠠ ᠂ ᠬᠡᠷᠡᠭᠯᠡᠭᠡ ᠶᠢ ᠬᠥᠭᠵᠢᠭᠡᠬᠦ ᠪᠠᠷ ᠭᠤᠣᠯᠳᠠᠯᠭ᠎ᠠ ᠪᠣᠯᠭᠠᠨ ᠤᠯᠤᠰ ᠤᠨ ᠳᠣᠲᠣᠭᠠᠳᠤ ᠶᠢᠨ | ᠬᠡᠷᠡᠭᠴᠡᠭᠡ ᠶᠢ ᠥᠷᠭᠡᠳᠬᠡᠵᠦ ᠂ ᠠᠵᠤ ᠠᠬᠤᠢ ᠶᠢᠨ ᠲᠦᠷᠦ ᠶᠢᠨ ᠪᠣᠳᠣᠯᠭ᠎ᠠ ᠶᠢᠨ ᠬᠦᠴᠦᠯᠡᠬᠦ ᠴᠡᠭ ᠢ ᠠᠷᠠᠳ ᠤᠨ | ᠠᠮᠢᠳᠤᠷᠠᠯ ᠳᠤ ᠠᠰᠢᠭ ᠬᠦᠷᠲᠡᠭᠡᠬᠦ ᠂ ᠬᠡᠷᠡᠭᠯᠡᠭᠡ ᠶᠢ ᠠᠬᠢᠭᠤᠯᠬᠤ ᠲᠡᠶᠢᠰᠢ ᠨᠡᠩ ᠢᠯᠡᠭᠦᠦ ᠬᠠᠨᠳᠤᠭᠤᠯᠵᠤ ᠂ ᠤᠯᠠᠨ | ᠠᠷᠭ᠎ᠠ ᠵᠠᠮ ᠢᠶᠠᠷ ᠰᠠᠭᠤᠭᠠᠯᠢ ᠠᠷᠠᠳ ᠤᠨ ᠣᠷᠣᠯᠭ᠎ᠠ ᠶᠢ ᠨᠡᠮᠡᠭᠳᠡᠭᠦᠯᠵᠦ ᠂ ᠳᠤᠮᠳᠠ ᠳᠣᠣᠷ᠎ᠠ ᠣᠷᠣᠯᠭ᠎ᠠ ᠲᠠᠢ | ᠬᠥᠮᠥᠰ ᠤᠨ ᠬᠡᠷᠡᠭᠯᠡᠭᠡᠨ ᠤ ᠴᠢᠳᠠᠪᠤᠷᠢ ᠪᠣᠯᠣᠨ ᠬᠦᠰᠡᠯ ᠢ ᠨᠡᠮᠡᠭᠳᠡᠭᠦᠯᠵᠦ ᠂ ᠦᠢᠯᠡᠴᠢᠯᠡᠭᠡᠨ ᠤ ᠬᠡᠷᠡᠭᠯᠡᠭᠡ ᠶᠢ | ᠥᠷᠭᠡᠳᠬᠡᠨ ᠲᠡᠰ ᠳᠡᠪᠰᠢᠭᠦᠯᠬᠦ ᠴᠢᠬᠤᠯᠠ ᠭᠠᠷᠳᠠᠴᠠ ᠪᠤᠯᠭᠠᠵᠤ ᠂ ᠰᠣᠶᠣᠯ ᠵᠢᠭᠤᠯᠴᠢᠯᠠᠯ ᠂ ᠨᠠᠰᠤᠵᠢᠯ ᠤᠨ ᠠᠰᠠᠷᠠᠮᠵᠢ ᠂ | ᠨᠢᠯᠬ᠎ᠠ ᠬᠡᠦᠬᠡᠳ ᠢ ᠬᠥᠮᠥᠵᠢᠭᠦᠯᠬᠦ ᠂ ᠭᠡᠷ ᠠᠬᠤᠢ ᠵᠡᠷᠭᠡ ᠬᠡᠷᠡᠭᠯᠡᠭᠡ ᠶᠢ ᠳᠡᠮᠵᠢᠬᠦ ᠬᠡᠷᠡᠭᠲᠡᠢ ᠃ ᠠᠷᠠᠳ ᠤᠨ ᠪᠡᠯᠡ | ᠣᠷᠣᠭᠤᠯᠤᠯᠲᠠ ᠶᠢᠨ ᠢᠳᠡᠪᠬᠢᠵᠢᠯ ᠢ ᠤᠯᠠᠮ ᠳᠠᠶᠢᠴᠢᠯᠠᠵᠤ ᠂ ᠪᠦᠲᠦᠮᠵᠢᠲᠡᠶ ᠪᠡᠯᠡ ᠣᠷᠣᠭᠤᠯᠤᠯᠲᠠ ᠶᠢ ᠥᠷᠭᠡᠳᠬᠡᠬᠦ | ᠬᠡᠷᠡᠭᠲᠡᠢ ᠭᠡᠵᠦ ᠴᠢᠬᠤᠯᠠᠴᠢᠯᠠᠪᠠ ᠃ | ᠬᠤᠷᠠᠯ ᠠᠴᠠ ᠂ ᠰᠢᠨ᠎ᠡ ᠪᠠᠷ ᠬᠥᠭᠵᠢᠭᠰᠡᠨ ᠠᠵᠤ ᠦᠢᠯᠡᠰ ᠪᠣᠯᠣᠨ ᠢᠷᠡᠭᠡᠳᠦᠢ ᠶᠢᠨ ᠠᠵᠤ ᠦᠢᠯᠡᠰ ᠢ | ᠪᠣᠶᠢᠵᠢᠭᠤᠯᠤᠨ ᠪᠤᠵᠠᠭᠠᠶᠢᠷᠠᠭᠤᠯᠬᠤ ᠬᠡᠷᠡᠭᠲᠡᠢ ᠃ ᠥᠨᠳᠥᠷ ᠲᠦᠪᠰᠢᠨ ᠪᠦᠬᠦᠢ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠤᠨ ᠪᠡᠶ᠎ᠡ ᠪᠠᠨ ᠳᠠᠭᠠᠭᠠᠨ ᠬᠦᠴᠦᠷᠬᠡᠭᠵᠢᠬᠦ ᠶᠢ ᠶᠡᠭᠡ ᠪᠠᠷ ᠠᠬᠢᠭᠤᠯᠵᠤ ᠂ ᠵᠠᠩᠭᠢᠯᠠᠭ᠎ᠠ ᠶᠢᠨ ᠭᠤᠣᠯᠯᠠᠬᠤ | ᠮᠡᠷᠭᠡᠵᠢᠯ ᠤᠨ ᠪᠣᠭᠤᠮᠲᠠ ᠰᠢᠪᠲᠤᠯᠬᠤ ᠶᠢ ᠴᠢᠩᠭᠠᠳᠬᠠᠵᠤ ᠂ ᠤᠯᠠᠮᠵᠢᠯᠠᠯᠲᠤ ᠠᠵᠤ ᠦᠢᠯᠡᠰ ᠤᠨ ᠭᠡᠯᠪᠡᠷᠢ ᠪᠠᠨ | ᠬᠤᠪᠢᠷᠠᠭᠤᠯᠤᠨ ᠲᠡᠰ ᠳᠡᠪᠰᠢᠬᠦ ᠶᠢ ᠠᠬᠢᠭᠤᠯᠬᠤ ᠬᠡᠷᠡᠭᠲᠡᠢ ᠃ ᠲᠦᠷᠭᠡᠨ ᠬᠥᠭᠵᠢᠵᠦ ᠪᠠᠶᠢᠭ᠎ᠠ ᠠᠵᠤ ᠠᠬᠤᠶᠢᠯᠠᠯ ᠂ | ᠵᠠᠬ᠎ᠠ ᠳᠤ ᠭᠠᠷᠤᠭ᠎ᠠ ᠦᠭᠡᠢ ᠦᠢᠯᠡᠰ ᠪᠣᠰᠬᠠᠭᠴᠢ ᠠᠵᠤ ᠠᠬᠤᠶᠢᠯᠠᠯ ᠢ ᠬᠦᠴᠦᠲᠡᠢ ᠪᠥᠭᠡᠳ ᠪᠦᠲᠦᠮᠵᠢᠲᠡᠶ ᠳᠡᠮᠵᠢᠨ | ᠬᠥᠭᠵᠢᠭᠦᠯᠬᠦ ᠬᠡᠷᠡᠭᠲᠡᠢ ᠃ ᠠᠵᠢᠯ ᠲᠥᠷᠥᠯ ᠤᠨ ᠥᠪᠡᠷ ᠢ ᠪᠠᠨ ᠱᠠᠭᠠᠷᠳᠠᠬᠤ ᠶᠢ ᠴᠢᠩᠭᠠᠳᠬᠠᠵᠤ ᠂ ︽ ᠬᠤᠮᠢᠷᠠᠭ᠎ᠠ ︾ | ᠮᠠᠭᠤ ᠣᠷᠴᠢᠯᠲᠤ ᠥᠷᠢᠰᠦᠯᠳᠦᠭᠡᠨ ᠢ ᠰᠡᠷᠭᠡᠶᠢᠯᠡᠬᠦ ᠬᠡᠷᠡᠭᠲᠡᠢ ᠃ ᠵᠠᠬ᠎ᠠ ᠳᠡᠯᠭᠡᠭᠦᠷ ᠤᠨ ᠰᠢᠯᠢᠳᠡᠭ ᠨᠢ ᠦᠯᠡᠳᠡᠵᠦ | ᠰᠢᠭᠠᠷᠤ ᠨᠢ ᠰᠢᠭᠰᠢᠭᠳᠡᠬᠦ ᠲᠣᠭᠲᠠᠴᠠ ᠶᠢ ᠴᠢᠩᠭᠠᠳᠬᠠᠵᠤ ᠂ ᠬᠤᠴᠤᠷᠤᠩᠭᠤᠢ ᠳᠣᠣᠷ᠎ᠠ ᠪᠦᠲᠦᠮᠵᠢᠲᠡᠢ | ᠦᠢᠯᠡᠳᠪᠦᠷᠢᠯᠡᠯ ᠤᠨ ᠴᠢᠳᠠᠪᠤᠷᠢ ᠶᠢᠨ ᠤᠬᠤᠷᠢᠨ ᠭᠠᠷᠬᠤ ᠠᠷᠭ᠎ᠠ ᠵᠠᠮ ᠢ ᠰᠢᠯᠤᠭᠤᠳᠬᠠᠬᠤ ᠬᠡᠷᠡᠭᠲᠡᠢ ᠭᠡᠵᠦ ᠵᠢᠭᠠᠵᠤ | ᠭᠠᠷᠭᠠᠪᠠ ᠃ | ᠬᠤᠷᠠᠯ ᠠᠴᠠ ᠂ ᠥᠨᠳᠥᠷ ᠲᠦᠪᠰᠢᠨ ᠪᠦᠬᠦᠢ ᠭᠠᠳᠠᠭᠠᠳᠤ ᠨᠡᠭᠡᠭᠡᠯᠲᠡ ᠶᠢ ᠠᠬᠢᠭᠤᠯᠵᠤ ᠂ ᠵᠠᠬ᠎ᠠ | ᠳᠡᠯᠭᠡᠭᠦᠷᠴᠢᠯᠡᠭᠰᠡᠨ ᠂ ᠬᠠᠤᠯᠢᠵᠢᠭᠰᠠᠨ ᠂ ᠳᠡᠯᠡᠬᠡᠶᠢᠵᠢᠭᠰᠡᠨ ᠲᠡᠷᠢᠭᠦᠨ ᠵᠡᠷᠭᠡ ᠶᠢᠨ ᠬᠤᠳᠠᠯᠳᠤᠭ᠎ᠠ ᠡᠷᠭᠢᠯᠡᠭᠦ ᠣᠷᠴᠢᠨ | ᠨᠥᠬᠦᠴᠡᠯ ᠢ ᠤᠯᠠᠮ ᠨᠢᠭᠡ ᠠᠯᠬᠤᠮ ᠪᠤᠢ ᠪᠤᠯᠭᠠᠵᠤ ᠂ ᠪᠠᠶᠢᠭᠤᠯᠤᠯ ᠤᠨ ᠮᠠᠶ᠋ᠢᠭ ᠤᠨ ᠨᠡᠭᠡᠭᠡᠯᠲᠡ ᠶᠢ ᠯᠠᠪᠳᠠᠭᠤᠨ | ᠥᠷᠭᠡᠳᠬᠡᠵᠦ ᠂ ᠦᠢᠯᠡᠳᠬᠦ ᠦᠢᠯᠡᠰ ᠤᠨ ᠬᠦᠷᠢᠶᠡᠨ ᠳᠠᠬᠢ ᠭᠠᠳᠠᠭᠠᠳᠤ ᠪᠡᠯᠡ ᠶᠢ ᠣᠷᠣᠭᠤᠯᠬᠤ ᠶᠢ ᠵᠥᠪᠰᠢᠶᠡᠷᠡᠬᠦ | ᠬᠢᠵᠠᠭᠠᠷᠯᠠᠯ ᠤᠨ ᠠᠷᠭ᠎ᠠ ᠬᠡᠮᠵᠢᠶ᠎ᠡ ᠶᠢᠨ ︽ᠲᠡᠭ ᠪᠤᠯᠭᠠᠬᠤ ︾ ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠤ ᠂ ᠰᠢᠨ᠎ᠡ | ᠨᠢᠭᠡ ᠡᠭᠡᠯᠵᠢ ᠶᠢᠨ ᠦᠢᠯᠡᠴᠢᠯᠡᠭᠡᠨ ᠤ ᠦᠢᠯᠡᠰ ᠤᠨ ᠨᠡᠭᠡᠭᠡᠯᠲᠡ ᠶᠢ ᠥᠷᠭᠡᠳᠬᠡᠬᠦ ᠲᠤᠷᠰᠢᠯᠲᠠ ᠶᠢᠨ ᠴᠡᠭ ᠤᠨ ᠠᠷᠭ᠎ᠠ | ᠬᠡᠮᠵᠢᠶ᠎ᠡ ᠶᠢ ᠲᠣᠭᠲᠠᠭᠠᠵᠤ ᠂ ᠭᠠᠳᠠᠭᠠᠳᠤ ᠪᠡᠯᠡ ᠶᠢ ᠠᠰᠢᠭᠯᠠᠬᠤ ᠠᠵᠤ ᠠᠬᠤᠶᠢᠯᠠᠯ ᠤᠨ ᠲᠣᠭᠲᠠᠭᠤᠨ ᠳᠡᠭᠡᠭᠰᠢᠯᠡᠬᠦ ᠶᠢ | ᠠᠬᠢᠭᠤᠯᠬᠤ ᠬᠡᠷᠡᠭᠲᠡᠢ ᠃ ᠭᠠᠳᠠᠭᠠᠳᠤ ᠠᠷᠠᠯᠵᠢᠶᠠᠨ ᠤ ᠬᠥᠭᠵᠢᠯᠲᠡ ᠶᠢᠨ ᠰᠢᠨ᠎ᠡ ᠬᠥᠳᠡᠯᠭᠡᠭᠴᠢ ᠡᠨᠧᠷᠭᠢ ᠶᠢ | ᠢᠳᠡᠪᠬᠢᠲᠡᠢ ᠪᠣᠶᠢᠵᠢᠭᠤᠯᠵᠤ ᠂ ᠵᠠᠪᠰᠠᠷ ᠤᠨ ᠪᠦᠲᠦᠭᠡᠭᠳᠡᠬᠦᠨ ᠤ ᠠᠷᠠᠯᠵᠢᠶ᠎ᠠ ᠂ ᠪᠣᠬᠢᠷᠳᠤᠯ ᠦᠭᠡᠢ ᠠᠷᠠᠯᠵᠢᠶ᠎ᠠ ᠶᠢ | ᠥᠷᠭᠡᠳᠬᠡᠬᠦ ᠬᠡᠷᠡᠭᠲᠡᠢ ᠃ ︽ ᠨᠢᠭᠡ ᠪᠦᠰᠡ ᠨᠢᠭᠡ ᠵᠠᠮ ︾ ᠢ ᠴᠢᠨᠠᠷ ᠰᠠᠶᠢᠲᠠᠢ ᠬᠠᠮᠲᠤ ᠪᠠᠷ ᠪᠦᠲᠦᠭᠡᠨ ᠪᠠᠶᠢᠭᠤᠯᠬᠤ ᠶᠢ | ᠯᠠᠪᠳᠠᠭᠤᠨ ᠪᠠᠲᠤᠲᠠᠢ ᠠᠬᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ ᠃ | ᠬᠤᠷᠠᠯ ᠠᠴᠠ ᠂ ᠭᠤᠣᠯᠳᠠᠯᠭ᠎ᠠ ᠲᠠᠢ ᠬᠦᠷᠢᠶᠡᠨ ᠤ ᠠᠶᠤᠯ ᠲᠦᠭᠰᠢᠭᠦᠷᠢ ᠶᠢ ᠦᠷᠭᠦᠯᠵᠢᠯᠡᠨ ᠰᠡᠷᠭᠡᠶᠢᠯᠡᠨ | ᠠᠷᠢᠯᠭᠠᠬᠤ ᠬᠡᠷᠡᠭᠲᠡᠢ ᠃ ᠭᠡᠷ ᠪᠠᠶᠢᠰᠢᠩ ᠭᠠᠵᠠᠷ ᠰᠢᠷᠣᠢ ᠶᠢᠨ ᠬᠥᠷᠥᠩᠭᠡ ᠶᠢᠨ ᠵᠠᠬ᠎ᠠ ᠳᠡᠯᠭᠡᠭᠦᠷ ᠤᠨ ᠲᠣᠭᠲᠠᠭᠤᠨ | ᠪᠥᠭᠡᠳ ᠡᠷᠡᠭᠦᠯ ᠢᠶᠠᠷ ᠬᠥᠭᠵᠢᠬᠦ ᠶᠢ ᠠᠬᠢᠭᠤᠯᠬᠤ ᠰᠢᠨ᠎ᠡ ᠲᠥᠷᠥ ᠶᠢᠨ ᠪᠣᠳᠣᠯᠭ᠎ᠠ ᠶᠢ ᠰᠠᠶᠢᠲᠤᠷ | ᠨᠠᠶᠢᠳᠠᠪᠤᠷᠢᠵᠢᠭᠤᠯᠵᠤ ᠂ ᠬᠠᠳᠠᠭᠠᠯᠠᠭᠳᠠᠴᠠ ᠶᠢ ᠰᠢᠩᠭᠡᠭᠡᠬᠦ ᠪᠠ ᠨᠡᠮᠡᠭᠳᠡᠯ ᠢ ᠰᠢᠯᠢᠳᠡᠭᠵᠢᠭᠦᠯᠬᠦ ᠶᠢ ᠤᠶᠠᠯᠳᠤᠭᠤᠯᠬᠤ ᠶᠢ | ᠪᠠᠷᠢᠮᠲᠠᠯᠠᠨ ᠂ ᠬᠠᠳᠠᠭᠠᠯᠠᠭᠳᠠᠵᠤ ᠪᠠᠶᠢᠭ᠎ᠠ ᠲᠠᠸᠠᠷ ᠤᠨ ᠭᠡᠷ ᠪᠠᠶᠢᠰᠢᠩ ᠢ ᠬᠤᠳᠠᠯᠳᠤᠨ ᠠᠪᠴᠤ ᠪᠠᠲᠤᠯᠠᠭ᠎ᠠ ᠶᠢᠨ | ᠴᠢᠨᠠᠷᠲᠠᠢ ᠣᠷᠣᠨ ᠰᠠᠭᠤᠴᠠ ᠪᠣᠯᠭᠠᠨ ᠬᠡᠷᠡᠭᠯᠡᠬᠦ ᠶᠢ ᠢᠳᠡᠪᠬᠢᠲᠡᠢ ᠳᠡᠮᠵᠢᠵᠦ ᠂ ᠪᠠᠲᠤᠯᠠᠨ ᠲᠤᠰᠢᠶᠠᠬᠤ ᠭᠡᠷ | ᠪᠠᠶᠢᠰᠢᠩ ᠤᠨ ᠠᠵᠢᠯ ᠢ ᠤᠯᠠᠮ ᠰᠠᠶᠢᠲᠤᠷ ᠬᠢᠵᠦ ᠂ ᠭᠡᠷ ᠪᠠᠶᠢᠰᠢᠩ ᠭᠠᠵᠠᠷ ᠰᠢᠷᠣᠢ ᠶᠢᠨ ᠬᠥᠷᠥᠩᠭᠡ ᠶᠢᠨ | ᠬᠥᠭᠵᠢᠯᠲᠡ ᠶᠢᠨ ᠰᠢᠨ᠎ᠡ ᠵᠠᠭᠪᠤᠷ ᠢ ᠲᠦᠷᠭᠡᠨ ᠪᠠᠶᠢᠭᠤᠯᠬᠤ ᠬᠡᠷᠡᠭᠲᠡᠢ ᠃ ᠣᠷᠣᠨ ᠨᠤᠲᠤᠭ ᠤᠨ ᠥᠷᠢ ᠥᠭᠴᠡᠭᠡ ᠶᠢ | ᠠᠷᠢᠯᠭᠠᠬᠤ ᠬᠠᠮ ᠲᠥᠰᠥᠯ ᠢ ᠲᠡᠭᠦᠯᠳᠡᠷᠵᠢᠭᠦᠯᠦᠨ ᠨᠠᠶᠢᠳᠠᠪᠤᠷᠢᠵᠢᠭᠤᠯᠵᠤ ᠂ ᠨᠥᠬᠦᠴᠡᠯ ᠪᠦᠷᠢᠯᠳᠦᠭᠦᠯᠵᠦ ᠪᠠᠶᠢᠭᠠᠳ | ᠣᠷᠣᠨ ᠨᠤᠲᠤᠭ ᠤᠨ ᠪᠡᠯᠡ ᠲᠣᠬᠢᠷᠠᠭᠤᠯᠬᠤ ᠲᠠᠪᠴᠠᠩ ᠤᠨ ᠥᠷᠢ ᠥᠭᠴᠡᠭᠡ ᠶᠢᠨ ᠠᠶᠤᠯ ᠲᠦᠭᠰᠢᠭᠦᠷᠢ ᠶᠢ ᠲᠦᠷᠭᠡᠨ | ᠠᠷᠢᠯᠭᠠᠬᠤ ᠬᠡᠷᠡᠭᠲᠡᠢ ᠃ ᠠᠶᠤᠯ ᠲᠦᠭᠰᠢᠭᠦᠷᠢ ᠶᠢ ᠰᠡᠷᠭᠡᠶᠢᠯᠡᠬᠦ ᠂ ᠬᠢᠨᠠᠯᠲᠠ ᠬᠠᠮᠢᠶᠠᠷᠤᠯᠲᠠ ᠶᠢ ᠴᠢᠩᠭᠠᠳᠬᠠᠬᠤ ᠂ | ᠬᠥᠭᠵᠢᠯᠲᠡ ᠶᠢ ᠠᠬᠢᠭᠤᠯᠬᠤ ᠶᠢ ᠨᠢᠭᠡᠳᠦᠯᠲᠡᠢ ᠲᠥᠯᠥᠪᠯᠡᠨ ᠂ ᠪᠡᠯᠡ ᠣᠷᠣᠭᠤᠯᠤᠭᠴᠢᠳ ᠤᠨ ᠢᠲᠡᠭᠡᠯ ᠵᠣᠷᠢᠭ ᠢ | ᠬᠥᠪᠴᠢᠯᠡᠵᠦ ᠂ ᠬᠥᠷᠥᠩᠭᠡ ᠶᠢᠨ ᠵᠠᠬ᠎ᠠ ᠳᠡᠯᠭᠡᠭᠦᠷ ᠤᠨ ᠳᠣᠲᠣᠭᠠᠳᠤ ᠶᠢᠨ ᠲᠣᠭᠲᠠᠪᠤᠷᠢᠲᠤ ᠴᠢᠨᠠᠷ ᠢ ᠳᠡᠭᠡᠭᠰᠢᠯᠡᠭᠦᠯᠭᠦ | ᠬᠡᠷᠡᠭᠲᠡᠢ ᠭᠡᠵᠦ ᠴᠢᠬᠤᠯᠠᠴᠢᠯᠠᠪᠠ ᠃ | ᠬᠤᠷᠠᠯ ᠠᠴᠠ ᠂ ᠬᠥᠳᠡᠭᠡ ᠲᠣᠰᠬᠤᠨ ᠢ ᠪᠦᠭᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ ᠯᠠᠪᠳᠠᠭᠤᠨ | ᠪᠠᠲᠤᠲᠠᠢ ᠠᠬᠢᠭᠤᠯᠵᠤ ᠂ ᠶᠠᠳᠠᠭᠤ ᠠᠴᠠ ᠠᠩᠭᠢᠵᠢᠷᠠᠭᠤᠯᠵᠤ ᠪᠣᠭᠤᠮᠲᠠ ᠰᠢᠪᠲᠤᠯᠤᠭᠰᠠᠨ ᠦᠷ᠎ᠡ ᠪᠦᠲᠦᠭᠡᠯ ᠢ | ᠪᠠᠬᠢᠵᠢᠭᠦᠯᠦᠨ ᠥᠷᠭᠡᠳᠬᠡᠵᠦ ᠂ ᠬᠥᠳᠡᠭᠡ ᠲᠣᠰᠬᠤᠨ ᠤ ᠬᠥᠮᠥᠨ ᠠᠮᠠ ᠶᠢᠨ ᠬᠡᠪᠴᠢᠶᠡᠵᠢᠯ ᠤᠨ ᠴᠢᠨᠠᠷᠲᠠᠢ ᠳᠠᠭᠢᠨ | ᠶᠠᠳᠠᠭᠤᠷᠠᠬᠤ ᠦᠭᠡᠢ ᠪᠠᠶᠢᠬᠤ ᠶᠢ ᠦᠨᠡᠨ ᠬᠦ ᠪᠠᠲᠤᠯᠠᠬᠤ ᠬᠡᠷᠡᠭᠲᠡᠢ ᠃ ᠲᠠᠷᠢᠶᠠᠨ ᠭᠠᠵᠠᠷ ᠢ ᠬᠠᠮᠠᠭᠠᠯᠠᠬᠤ ᠪᠠ ᠶᠠᠰᠤ | ᠴᠢᠨᠠᠷ ᠢ ᠳᠡᠭᠡᠭᠰᠢᠯᠡᠭᠦᠯᠭᠦ ᠶᠢ ᠴᠢᠩᠭᠠᠳᠬᠠᠵᠤ ᠂ ᠲᠠᠷᠢᠶᠠᠯᠠᠩ ᠤᠨ ᠦᠢᠯᠡᠳᠪᠦᠷᠢᠯᠡᠯ ᠢ ᠰᠠᠶᠢᠲᠤᠷ ᠠᠳᠬᠤᠵᠤ ᠂ ᠪᠦᠭᠦ | ᠵᠢᠯ ᠤᠨ ᠠᠮᠤ ᠪᠤᠳᠠᠭᠠᠨ ᠤ ᠡᠯᠪᠡᠭ ᠬᠤᠷᠢᠶᠠᠯᠲᠠ ᠶᠢ ᠴᠢᠷᠮᠠᠶᠢᠨ ᠣᠯᠬᠤ ᠬᠡᠷᠡᠭᠲᠡᠢ ᠭᠡᠵᠦ ᠵᠢᠭᠠᠵᠤ ᠭᠠᠷᠭᠠᠪᠠ ᠃ | ᠬᠤᠷᠠᠯ ᠠᠴᠠ ᠂ ᠠᠷᠠᠳ ᠤᠨ ᠠᠮᠢᠳᠤᠷᠠᠯ ᠢ ᠪᠠᠲᠤᠯᠠᠨ ᠰᠠᠶᠢᠵᠢᠷᠠᠭᠤᠯᠬᠤ ᠡᠷᠴᠢᠮ ᠢᠶᠠᠨ ᠴᠢᠩᠭᠠᠷᠠᠭᠤᠯᠬᠤ | ᠬᠡᠷᠡᠭᠲᠡᠢ ᠃ ᠠᠵᠢᠯ ᠣᠯᠭᠤᠯᠲᠠ ᠶᠢ ᠲᠡᠷᠢᠭᠦᠨ ᠳᠤ ᠲᠠᠯᠪᠢᠬᠤ ᠲᠦᠷᠦ ᠶᠢᠨ ᠪᠣᠳᠣᠯᠭ᠎ᠠ ᠶᠢ ᠴᠢᠩᠭᠠᠳᠬᠠᠵᠤ ᠂ ᠶᠡᠭᠡ | ᠳᠡᠭᠡᠳᠦ ᠰᠤᠷᠭᠠᠭᠤᠯᠢ ᠲᠡᠭᠦᠰᠦᠭᠰᠡᠳ ᠵᠡᠷᠭᠡ ᠭᠤᠣᠯᠳᠠᠯᠭ᠎ᠠ ᠲᠠᠢ ᠬᠥᠮᠥᠰ ᠲᠤ ᠠᠵᠢᠯ ᠣᠯᠭᠤᠬᠤ ᠶᠢ ᠰᠠᠶᠢᠲᠤᠷ ᠬᠢᠬᠦ | ᠬᠡᠷᠡᠭᠲᠡᠢ ᠃ ᠣᠷᠣᠯᠭ᠎ᠠ ᠪᠠᠭᠠᠲᠠᠢ ᠬᠥᠮᠥᠨ ᠠᠮᠠ ᠶᠢ ᠠᠪᠤᠷᠠᠨ ᠲᠤᠰᠠᠯᠠᠵᠤ ᠬᠠᠪᠰᠤᠷᠤᠨ ᠲᠡᠳᠬᠦᠬᠦ ᠶᠢ ᠴᠢᠩᠭᠠᠳᠬᠠᠵᠤ ᠂ | ᠨᠡᠶᠢᠭᠡᠮ ᠤᠨ ᠪᠠᠲᠤᠯᠠᠭ᠎ᠠ ᠶᠢᠨ ᠲᠣᠣᠷ ᠢ ᠨᠢᠭᠲᠠ ᠰᠦᠯᠵᠢᠬᠦ ᠬᠡᠷᠡᠭᠲᠡᠢ ᠃ ᠦᠶᠡᠷ ᠢ ᠰᠡᠷᠭᠡᠶᠢᠯᠡᠵᠦ ᠦᠶᠡᠷ ᠲᠠᠢ | ᠲᠡᠮᠡᠴᠡᠨ ᠭᠠᠮᠰᠢᠭ ᠠᠴᠠ ᠠᠪᠤᠷᠠᠬᠤ ᠠᠵᠢᠯ ᠢ ᠪᠦᠭᠦ ᠬᠦᠴᠦ ᠪᠠᠷ ᠢᠶᠠᠨ ᠰᠠᠶᠢᠲᠤᠷ ᠬᠢᠵᠦ ᠂ ᠤᠷᠭᠢᠯ ᠬᠤᠭᠤᠴᠠᠭ᠎ᠠ ᠶᠢ | ᠤᠭᠲᠤᠵᠤ ᠵᠤᠨ ᠢ ᠥᠩᠭᠡᠷᠡᠭᠦᠯᠬᠦ ᠬᠤᠭᠤᠴᠠᠭᠠᠨ ᠤ ᠡᠨᠧᠷᠭᠢ ᠴᠠᠭᠢᠯᠭᠠᠨ ᠬᠦᠴᠦᠨ ᠤ ᠬᠠᠩᠭᠠᠯᠭ᠎ᠠ ᠶᠢ ᠰᠠᠶᠢᠲᠤᠷ | ᠬᠢᠵᠦ ᠂ ᠠᠶᠤᠯᠭᠦᠢ ᠦᠢᠯᠡᠳᠪᠦᠷᠢᠯᠡᠯ ᠢ ᠰᠠᠶᠢᠲᠤᠷ ᠠᠳᠬᠤᠵᠤ ᠂ ᠢᠳᠡᠭᠡᠨ ᠤ ᠠᠮᠤᠷ ᠲᠦᠪᠰᠢᠨ ᠂ ᠨᠡᠶᠢᠭᠡᠮ ᠤᠨ | ᠠᠮᠤᠷ ᠲᠦᠪᠰᠢᠨ ᠵᠡᠷᠭᠡ ᠠᠰᠠᠭᠤᠳᠠᠯ ᠢ ᠨᠠᠷᠢᠨ ᠬᠢᠨᠠᠮᠠᠭᠠᠢ ᠰᠢᠢᠳᠪᠦᠷᠢᠯᠡᠬᠦ ᠬᠡᠷᠡᠭᠲᠡᠢ ᠃ ᠪᠣᠬᠢᠷᠳᠤᠯ ᠢ ᠰᠡᠷᠭᠡᠶᠢᠯᠡᠨ | ᠵᠠᠰᠠᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠭᠦᠨᠵᠡᠭᠡᠢ ᠰᠠᠶᠢᠲᠤᠷ ᠬᠢᠵᠦ ᠂ ᠨᠡᠭᠦᠷᠡᠰᠦᠲᠥ᠋ᠷᠥᠭᠴᠢ ᠶᠢᠨ | ᠭᠠᠳᠠᠭᠰᠢᠯᠠᠭᠤᠯᠤᠯᠲᠠ ᠤᠷᠭᠢᠯ ᠬᠡᠮᠵᠢᠭᠳᠡᠯ ᠳᠤ ᠬᠦᠷᠬᠦ ᠨᠡᠭᠦᠷᠡᠰᠦᠲᠥ᠋ᠷᠥᠭᠴᠢ ᠶᠢ ᠰᠠᠭᠠᠷᠮᠠᠭᠵᠢᠭᠤᠯᠬᠤ ᠶᠢ ᠯᠠᠪᠳᠠᠭᠤᠨ | ᠪᠠᠲᠤᠲᠠᠢ ᠠᠬᠢᠭᠤᠯᠬᠤ ᠬᠡᠷᠡᠭᠲᠡᠢ ᠃ ︽ ᠠᠷᠪᠠᠨ ᠲᠠᠪᠤᠳᠤᠭᠠᠷ ᠲᠠᠪᠤᠨ ᠵᠢᠯ ︾ ᠤᠨ ᠲᠥᠯᠦᠪᠵᠢᠭᠦᠯᠭᠡ ᠶᠢᠨ ᠡᠮᠦᠨᠡᠬᠢ | ᠬᠤᠭᠤᠴᠠᠭᠠᠨ ᠤ ᠰᠤᠳᠤᠯᠤᠨ ᠲᠥᠰᠥᠪᠯᠡᠬᠦ ᠠᠵᠢᠯ ᠢ ᠰᠠᠶᠢᠲᠤᠷ ᠬᠢᠬᠦ ᠬᠡᠷᠡᠭᠲᠡᠢ ᠭᠡᠵᠦ ᠴᠢᠬᠤᠯᠠᠴᠢᠯᠠᠪᠠ᠃ | ᠬᠤᠷᠠᠯ ᠠᠴᠠ ᠂ ᠬᠡᠯᠪᠡᠷᠢᠴᠢ ᠦᠵᠡᠯ ᠂ ᠨᠣᠶᠠᠨᠴᠢ ᠰᠤᠷᠲᠠᠯ ᠪᠣᠯ ᠠᠷᠬᠠᠭ ᠭᠡᠮ ᠮᠥᠨ ᠂ ᠡᠷᠬᠡᠪᠰᠢ ᠶᠡᠭᠡ | ᠬᠦᠴᠦ ᠣᠷᠣᠭᠤᠯᠵᠤ ᠪᠠᠶᠢᠭᠠᠳ ᠡᠷᠡᠰ ᠵᠠᠯᠠᠷᠠᠭᠤᠯᠬᠤ ᠬᠡᠷᠡᠭᠲᠡᠢ ᠃ ᠦᠨᠳᠦᠰᠦᠨ ᠱᠠᠲᠤ ᠪᠣᠯ ᠨᠠᠮ ᠤᠨ ᠲᠥᠪ | ᠬᠤᠷᠢᠶᠠᠨ ᠤ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ︽ | ᠡᠴᠦᠰ ᠤᠨ ᠨᠢᠭᠡ ᠺᠢᠯᠣᠮᠧᠲᠷ ︾ ᠪᠣᠯᠣᠨ᠎ᠠ ᠂ ᠬᠡᠯᠪᠡᠷᠢᠴᠢ ᠦᠵᠡᠯ ᠂ ᠨᠣᠶᠠᠨᠴᠢ ᠰᠤᠷᠲᠠᠯ ᠳᠤ ᠬᠦᠯᠢᠶᠡᠰᠦᠯᠡᠭᠳᠡᠵᠦ | ᠪᠤᠯᠬᠤ ᠦᠭᠡᠢ ᠃ ᠲᠥᠪ ᠤᠨ ᠱᠦᠵᠢ ᠨᠠᠷ ᠤᠨ ᠭᠠᠵᠠᠷ ᠤᠨ ᠬᠢᠨ ᠴᠥᠬᠦᠷᠡᠰᠢ ᠦᠭᠡᠢ ᠠᠳᠬᠤᠵᠤ ᠂ ᠲᠥᠪ ᠤᠨ ᠲᠡᠰ | ᠳᠠᠪᠬᠤᠷᠭ᠎ᠠ ᠠᠴᠠ ᠬᠡᠯᠪᠡᠷᠢᠴᠢ ᠦᠵᠡᠯ ᠢ ᠴᠡᠭᠴᠡᠯᠡᠨ ᠵᠠᠰᠠᠵᠤ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ | ᠲᠤᠰᠬᠠᠢ ᠠᠵᠢᠯ ᠤᠨ ᠲᠣᠭᠲᠠᠴᠠ ᠶᠢ ᠲᠣᠭᠲᠠᠭᠰᠠᠨ ᠬᠤᠭᠤᠴᠠᠭ᠎ᠠ ᠲᠠᠢ ᠪᠠᠷ ᠱᠠᠯᠠᠪᠳᠠᠭᠤᠯᠤᠨ ᠪᠠᠶᠢᠴᠠᠭᠠᠵᠤ ᠂ | ᠲᠥᠪ ᠤᠨ ᠪᠠ ᠲᠦᠷᠦ ᠶᠢᠨ ᠪᠠᠶᠢᠭᠤᠯᠭ᠎ᠠ ᠶᠢᠨ ᠡᠯ᠎ᠡ ᠰᠠᠯᠠᠭ᠎ᠠ ᠮᠥᠴᠢᠷ ᠂ ᠡᠯ᠎ᠡ ᠮᠤᠵᠢ ᠶᠢᠨ ᠱᠠᠲᠤᠨ ᠤ ᠨᠠᠮ ᠤᠨ | ᠬᠤᠷᠢᠶ᠎ᠠ ᠪᠣᠯᠣᠨ ᠵᠠᠰᠠᠭ ᠤᠨ ᠣᠷᠳᠣᠨ ᠤ ᠬᠢᠨ ᠠᠵᠢᠯ ᠢᠶᠠᠨ ᠲᠣᠬᠢᠷᠠᠭᠤᠯᠤᠨ ᠪᠠᠶᠢᠷᠢᠯᠠᠭᠤᠯᠬᠤ ᠳᠠᠭᠠᠨ ᠦᠨᠡᠨ ᠠᠴᠠ | ᠵᠥᠪ ᠢ ᠡᠷᠢᠵᠦ ᠂ ᠮᠤᠵᠢ ᠠᠴᠠ ᠳᠣᠷᠣᠭᠰᠢᠬᠢ ᠡᠯ᠎ᠡ ᠱᠠᠲᠤᠨ ᠤ ᠨᠠᠮ ᠤᠨ ᠬᠤᠷᠢᠶᠠᠨ ᠤ ᠬᠢᠨ ᠭᠤᠣᠯ ᠴᠣᠭᠴᠠ ᠶᠢᠨ | ᠬᠠᠷᠢᠭᠤᠴᠠᠯᠭ᠎ᠠ ᠪᠠᠨ ᠰᠠᠶᠢᠲᠤᠷ ᠭᠦᠢᠴᠡᠳᠬᠡᠵᠦ ᠂ ᠡᠯ᠎ᠡ ᠱᠠᠲᠤᠨ ᠤ ᠰᠠᠬᠢᠯᠭ᠎ᠠ ᠪᠠᠲᠤ ᠪᠠᠶᠢᠴᠠᠭᠠᠬᠤ ᠬᠢᠨᠠᠨ | ᠪᠠᠶᠢᠴᠠᠭᠠᠬᠤ ᠪᠠᠶᠢᠭᠤᠯᠭ᠎ᠠ ᠶᠢᠨ ᠬᠢᠨ ᠬᠢᠨᠠᠯᠲᠠ ᠲᠠᠯᠪᠢᠵᠤ ᠬᠡᠷᠡᠭᠵᠢᠭᠦᠯᠬᠦ ᠪᠠᠨ ᠴᠢᠩᠭᠠᠳᠬᠠᠬᠤ ᠬᠡᠷᠡᠭᠲᠡᠢ ᠭᠡᠵᠦ | ᠵᠢᠭᠠᠵᠤ ᠭᠠᠷᠭᠠᠪᠠ ᠃ | ᠬᠤᠷᠠᠯ ᠠᠴᠠ ᠂ ᠳᠦᠷᠢᠮ ᠤᠨ ᠪᠠᠶᠢᠭᠤᠯᠤᠯᠲᠠ ᠬᠢᠭᠡᠳ ᠬᠡᠷᠡᠭᠵᠢᠭᠦᠯᠦᠯᠲᠡ ᠶᠢ ᠴᠢᠩᠭᠠᠳᠬᠠᠵᠤ ᠂ ᠦᠨᠳᠦᠰᠦᠨ | ᠱᠠᠲᠤᠨ ᠤ ᠳᠠᠷᠤᠭᠠᠰᠤ ᠶᠢ ᠬᠥᠩᠭᠡᠷᠡᠭᠦᠯᠬᠦ ᠪᠠ ᠡᠨᠧᠷᠭᠢ ᠣᠯᠭᠤᠬᠤ ᠶᠢ ᠨᠢᠭᠡᠳᠦᠯᠲᠡᠢ ᠲᠥᠯᠥᠪᠵᠢᠭᠦᠯᠵᠦ ᠂ ᠲᠥᠪ ᠤᠨ | ᠨᠠᠢᠮᠠᠨ ᠲᠣᠭᠲᠠᠭᠠᠯ ᠵᠢᠴᠢ ᠲᠡᠭᠦᠨ ᠤ ᠬᠡᠷᠡᠭᠵᠢᠭᠦᠯᠬᠦ ᠨᠠᠷᠢᠨ ᠳᠦᠷᠢᠮ ᠤᠨ ᠵᠣᠷᠢᠭ ᠰᠠᠨᠠᠭ᠎ᠠ ᠶᠢ ᠤᠯᠠᠮ ᠴᠢᠩᠭ᠎ᠠ | ᠨᠠᠶᠢᠳᠠᠪᠤᠷᠢᠵᠢᠭᠤᠯᠵᠤ ᠂ ᠦᠷᠭᠦᠯᠵᠢᠯᠡᠨ ᠪᠢᠴᠢᠭ ᠮᠠᠲ᠋ᠧᠷᠢᠶᠠᠯ ᠢ ᠴᠣᠮᠬᠠᠳᠬᠠᠵᠤ ᠬᠤᠷᠠᠯ ᠢ ᠴᠥᠭᠡᠳᠬᠡᠵᠦ ᠂ | ᠱᠠᠯᠠᠪᠳᠠᠭᠤᠯᠤᠨ ᠪᠠᠶᠢᠴᠠᠭᠠᠬᠤ ᠬᠢᠨᠠᠨ ᠪᠠᠶᠢᠴᠠᠭᠠᠬᠤ ᠰᠢᠯᠭᠠᠨ ᠦᠨᠡᠯᠡᠬᠦ ᠶᠢ ᠨᠢᠭᠡᠳᠦᠯᠲᠡᠢ ᠲᠥᠯᠥᠪᠵᠢᠭᠦᠯᠦᠨ | ᠵᠢᠷᠤᠮᠵᠢᠭᠤᠯᠵᠤ ᠂ ᠨᠤᠷᠰᠢᠭᠤᠨ ᠠᠰᠠᠭᠤᠳᠠᠯ ᠢ ᠦᠨᠡᠨ ᠬᠦ ᠰᠢᠢᠳᠪᠦᠷᠢᠯᠡᠵᠦ ᠂ ᠦᠨᠳᠦᠰᠦᠨ ᠱᠠᠲᠤᠨ ᠠᠴᠠ ᠺᠠᠳ᠋ᠷ | ᠵᠢᠭᠡᠯᠡᠨ ᠬᠡᠷᠡᠭᠯᠡᠬᠦ ᠶᠢ ᠴᠢᠩᠭ᠎ᠠ ᠵᠢᠷᠤᠮᠵᠢᠭᠤᠯᠵᠤ ᠂ ᠵᠠᠰᠠᠭ ᠤᠨ ᠶᠠᠪᠤᠳᠠᠯ ᠤᠨ ᠰᠢᠯᠵᠢᠮᠡᠯ ᠢᠨᠲ᠋ᠧᠷ ᠰᠦᠯᠵᠢᠶᠡᠨ ᠤ | ᠬᠡᠷᠡᠭᠯᠡᠭᠡᠨ ᠤ ᠫᠷᠣᠭ᠍ᠷᠠᠮ ᠤᠨ ᠵᠢᠷᠤᠮᠵᠢᠬᠰᠠᠨ ᠬᠠᠮᠢᠶᠠᠷᠤᠯᠲᠠ ᠶᠢ ᠴᠢᠩᠭᠠᠳᠬᠠᠵᠤ ᠂ ︽ ᠬᠤᠷᠤᠭᠤᠨ ᠦᠵᠦᠭᠦᠷ ᠲᠠᠬᠢ | ᠬᠡᠯᠪᠡᠷᠢᠴᠢ ᠦᠵᠡᠯ ︾ ᠢ ᠴᠡᠭᠴᠡᠯᠡᠨ ᠵᠠᠰᠠᠵᠤ ᠂ ᠦᠨᠳᠦᠰᠦᠨ ᠱᠠᠲᠤᠨ ᠤ ᠡᠷᠬᠡ ᠬᠠᠷᠢᠭᠤᠴᠠᠯᠭ᠎ᠠ ᠶᠢ ᠤᠯᠠᠮ | ᠰᠢᠯᠤᠭᠤᠳᠬᠠᠵᠤ ᠂ ᠡᠬᠢ ᠪᠠᠶᠠᠯᠢᠭ ᠂ ᠦᠢᠯᠡᠴᠢᠯᠡᠭᠡ ᠂ ᠬᠠᠮᠢᠶᠠᠷᠤᠯᠲᠠ ᠶᠢ ᠦᠨᠳᠦᠰᠦᠨ ᠱᠠᠲᠤᠨ ᠳᠤ | ᠭᠦᠨᠵᠡᠭᠡᠶᠢᠷᠡᠭᠦᠯᠬᠦ ᠶᠢ ᠠᠬᠢᠭᠤᠯᠵᠤ ᠂ ᠦᠯᠢᠭᠡᠷ ᠵᠢᠱᠢᠶ᠎ᠡ ᠶᠢ ᠡᠭᠦᠳᠦᠨ ᠪᠠᠶᠢᠭᠤᠯᠬᠤ ᠪᠠ ᠪᠠᠷᠢᠮᠵᠢᠶ᠎ᠠ ᠳᠤ ᠬᠦᠷᠭᠡᠬᠦ | ᠠᠵᠢᠯᠯᠠᠭ᠎ᠠ ᠶᠢ ᠴᠣᠮᠬᠠᠳᠬᠠᠵᠤ ᠂ ᠦᠯᠢᠭᠡᠷ ᠵᠢᠱᠢᠶ᠎ᠡ ᠶᠢ ᠡᠭᠦᠳᠦᠨ ᠪᠠᠶᠢᠭᠤᠯᠬᠤ ᠪᠣᠳᠠᠲᠤ ᠦᠷ᠎ᠡ ᠪᠦᠲᠦᠮᠵᠢ ᠶᠢ | ᠴᠢᠬᠤᠯᠠᠴᠢᠯᠠᠬᠤ ᠬᠡᠷᠡᠭᠲᠡᠢ ᠃ ᠨᠠᠮ ᠤᠨ ᠭᠡᠰᠢᠭᠦᠨ ᠺᠠᠳ᠋ᠷᠴᠤᠳ ᠢᠯᠠᠩᠭᠤᠶ᠎ᠠ ᠦᠨᠳᠦᠰᠦᠨ ᠱᠠᠲᠤᠨ ᠤ ᠤᠯᠠᠨ | ᠲᠦᠮᠡᠨ ᠤ ᠲᠤᠰᠬᠠᠯ ᠶᠡᠬᠡᠲᠡᠢ ᠲᠣᠪᠣᠶᠢᠮ᠎ᠠ ᠠᠰᠠᠭᠤᠳᠠᠯ ᠢ ᠨᠢᠭᠡ ᠶᠢ ᠣᠯᠵᠤ ᠮᠡᠳᠡᠪᠡᠯ ᠨᠢᠭᠡ ᠶᠢ ᠴᠡᠭᠴᠡᠯᠡᠨ ᠵᠠᠰᠠᠬᠤ | ᠭᠡᠷᠡᠭᠲᠡᠢ︔ ᠵᠣᠭᠢᠬᠤ ᠨᠡᠶᠢᠲᠡᠯᠢᠭ ᠴᠢᠨᠠᠷᠲᠠᠢ ᠂ ᠲᠦᠭᠡᠮᠡᠯ ᠴᠢᠨᠠᠷᠲᠠᠢ ᠠᠰᠠᠭᠤᠳᠠᠯ ᠢ ᠬᠦᠴᠦᠨ ᠢᠶᠠᠨ ᠲᠥᠪᠯᠡᠷᠡᠭᠦᠯᠦᠨ | ᠲᠤᠰᠬᠠᠢ ᠴᠡᠭᠴᠡᠯᠡᠨ ᠵᠠᠰᠠᠬᠤ ᠪᠠ ᠴᠡᠪᠡᠷᠯᠡᠨ ᠠᠷᠢᠯᠭᠠᠵᠤ ᠂ ᠦᠨᠳᠦᠰᠦᠨ ᠱᠠᠲᠤ ᠶᠢ ᠬᠡᠯᠪᠡᠷᠢᠴᠢ ᠦᠵᠡᠯ ᠂ ᠨᠣᠶᠠᠨᠴᠢ | ᠰᠤᠷᠲᠠᠯ ᠤᠨ ᠬᠦᠯᠢᠶᠡᠰᠦᠯᠡᠯ ᠠᠴᠠ ᠦᠨᠡᠨ ᠬᠦ ᠮᠤᠯᠲᠤᠷᠠᠭᠤᠯᠵᠤ ᠂ ᠥᠷᠭᠡᠨ ᠤᠯᠠᠨ ᠨᠠᠮ ᠤᠨ ᠭᠡᠰᠢᠭᠦᠨ ᠂ ᠺᠠᠳ᠋ᠷ ᠢ | ᠬᠥᠲᠥᠯᠥᠨ ᠵᠢᠯᠤᠭᠤᠳᠴᠤ ᠪᠠᠶᠢᠭᠠᠳ ᠵᠥᠪ ᠠᠵᠢᠯ ᠤᠨ ᠠᠮᠵᠢᠯᠲᠠ ᠶᠢᠨ ᠦᠵᠡᠯᠲᠡ ᠶᠢ ᠪᠤᠢ ᠪᠤᠯᠭᠠᠵᠤ ᠂ | ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠬᠤ ᠶᠢ ᠵᠣᠷᠢᠭᠵᠢᠭᠤᠯᠵᠤ ᠂ ᠨᠡᠩ ᠤᠯᠠᠨ ᠤᠶᠤᠨ | ᠴᠢᠳᠠᠯ ᠢᠶᠠᠷ ᠨᠠᠶᠢᠳᠠᠪᠤᠷᠢᠵᠢᠭᠤᠯᠤᠯᠲᠠ ᠶᠢ ᠠᠳᠬᠤᠬᠤ ᠬᠡᠷᠡᠭᠲᠡᠢ ᠭᠡᠵᠦ ᠴᠢᠬᠤᠯᠠᠴᠢᠯᠠᠪᠠ ᠃ | |