ᠪᠦᠬᠦ ᠣᠷᠣᠨ ᠳᠤ ᠲᠠᠷᠢᠶᠠᠯᠠᠩ ᠤᠨ ᠤᠰᠤᠨ ᠤ ᠦᠨ᠎ᠡ ᠬᠠᠩᠰᠢ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢ 4665.7 ᠲᠦᠮᠡᠨ ᠮᠦ ᠪᠡᠶᠡᠯᠡᠭᠦᠯᠪᠡ
ᠨᠡᠶᠢᠲᠡᠯᠡᠭᠰᠡᠨ ᠴᠠᠭ᠄
2024/7/5
  ᠲᠦᠷᠦᠭᠦᠬᠡᠨ᠂ ᠰᠤᠷᠪᠤᠯᠵᠢᠯᠠᠭᠴᠢ ᠪᠥᠬᠦ ᠤᠯᠤᠰ ᠤᠨ ᠲᠠᠷᠢᠶᠠᠯᠠᠩ ᠤᠨ ᠤᠰᠤᠨ ᠤ ᠦᠨ᠎ᠡ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ ᠣᠳᠣᠬᠢᠴᠢᠯᠠᠭᠰᠠᠨ ᠤᠰᠤᠯᠠᠯᠲᠠ ᠶᠢᠨ ᠣᠷᠣᠨ ᠤ ᠪᠥᠲᠥᠭᠡᠨ ᠪᠠᠶᠢᠭᠤᠯᠤᠯᠲᠠ ᠶᠢ ᠠᠬᠢᠭᠤᠯᠬᠤ ᠶᠠᠷᠢᠯᠴᠠᠬᠤ ᠬᠤᠷᠠᠯ ᠠᠴᠠ ᠣᠶᠢᠯᠠᠭᠠᠭᠰᠠᠨ ᠢᠶᠠᠷ᠂ 2023 ᠣᠨ ᠳᠤ᠂ ᠮᠠᠨ ᠤ ᠣᠷᠣᠨ ᠤ ᠰᠢᠨ᠎ᠡ ᠪᠠᠷ ᠨᠡᠮᠡᠭᠳᠡᠭᠰᠡᠨ ᠲᠠᠷᠢᠶᠠᠯᠠᠩ ᠤᠨ ᠤᠰᠤ ᠠᠷᠪᠢᠯᠠᠬᠤ ᠴᠢᠳᠠᠪᠤᠷᠢ 3.73 ᠳ᠋ᠦᠩᠰᠢᠭᠤᠷ ᠪᠣᠰᠤᠭ᠎ᠠ ᠳᠥᠷᠪᠡᠯᠵᠢᠨ ᠮᠧᠲᠷ ᠪᠣᠯᠵᠣ᠂ ᠲᠠᠷᠢᠶᠠᠨ ᠭᠠᠵᠠᠷ ᠤᠨ ᠤᠰᠤᠯᠠᠯᠲᠠ ᠶᠢᠨ ᠤᠰᠤᠨ ᠤ ᠪᠦᠲᠦᠮᠵᠢᠲᠡᠶ ᠠᠰᠢᠭᠯᠠᠯᠲᠠ ᠶᠢᠨ ᠢᠯᠡᠳᠬᠡᠮᠵᠢ ᠲᠤᠭ᠎ᠠ 0.583 ᠪᠣᠯᠵᠣ᠂ ᠪᠥᠬᠦ ᠤᠯᠤᠰ ᠤᠨ ᠳᠤᠮᠳᠠᠴᠢ ᠬᠢᠷᠢ ᠲᠦᠪᠰᠢᠨ ᠠᠴᠠ ᠥᠨᠳᠥᠷ ᠪᠣᠯᠪᠠ᠃ ᠪᠥᠬᠦ ᠣᠷᠣᠨ ᠤ 73 ᠲᠣᠮᠣ ᠳᠤᠮᠳᠠ ᠬᠡᠯᠪᠡᠷᠢ ᠶᠢᠨ ᠤᠰᠤᠯᠠᠯᠲᠠ ᠶᠢᠨ ᠣᠷᠣᠨ ᠳᠤ ᠰᠢᠨ᠎ᠡ ᠨᠢᠭᠡ ᠡᠭᠡᠯᠵᠢ ᠶᠢᠨ ᠦᠨ᠎ᠡ ᠶᠢ ᠲᠣᠭᠲᠠᠭᠠᠨ ᠲᠣᠬᠢᠷᠠᠭᠤᠯᠬᠤ ᠶᠢ ᠪᠡᠶᠡᠯᠡᠭᠦᠯᠬᠦ ᠶᠢᠨ ᠬᠠᠮᠲᠤ᠂ ᠤᠰᠤ ᠠᠪᠬᠤ ᠠᠮᠠᠰᠠᠷ ᠤᠨ ᠰᠦᠯᠵᠢᠶᠡᠨ ᠳᠡᠭᠡᠷ᠎ᠡ ᠬᠡᠮᠵᠢᠬᠦ ᠶᠢ ᠪᠡᠶᠡᠯᠡᠭᠦᠯᠵᠦ᠂ ᠲᠠᠷᠢᠶᠠᠯᠠᠩ ᠳᠤ ᠬᠡᠷᠡᠭᠯᠡᠬᠦ 65 ᠲᠦᠮᠡᠨ ᠮᠠᠰᠢᠨ ᠴᠠᠬᠢᠯᠭᠠᠨ ᠬᠤᠳᠳᠤᠭ ᠲᠤ ︽ᠴᠠᠬᠢᠯᠭᠠᠨ ᠢᠶᠠᠷ ᠤᠰᠤ ᠶᠢ ᠨᠤᠭᠤᠯᠤᠨ ᠪᠣᠳᠣᠬᠤ︾᠎ ᠶᠢ ᠪᠡᠶᠡᠯᠡᠭᠦᠯᠪᠡ᠃ ᠣᠳᠣᠬᠠᠨ ᠳᠤ᠂ ᠪᠥᠬᠦ ᠣᠷᠣᠨ ᠳᠤ ᠲᠠᠷᠢᠶᠠᠯᠠᠩ ᠤᠨ ᠤᠰᠤᠨ ᠤ ᠦᠨ᠎ᠡ ᠬᠠᠩᠰᠢ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢ ᠨᠢᠭᠡᠨᠲᠡ 4665.7 ᠲᠦᠮᠡᠨ ᠮᠥ ᠪᠡᠶᠡᠯᠡᠭᠦᠯᠵᠦ᠂ ᠡᠨᠡ ᠵᠢᠯ ᠥᠭᠡᠷᠡᠴᠢᠯᠡᠯᠲᠡ ᠶᠢᠨ ᠡᠭᠦᠷᠭᠡ ᠬᠠᠷᠠᠯᠲᠠ ᠪᠠᠨ ᠨᠢᠭᠡ ᠵᠢᠯ ᠤᠷᠢᠳᠴᠢᠯᠠᠨ ᠪᠡᠶᠡᠯᠡᠭᠦᠯᠬᠦ ᠪᠣᠯᠤᠨ᠎ᠠ᠃  ᠲᠠᠨᠢᠯᠴᠠᠭᠤᠯᠤᠭᠰᠠᠨ ᠢᠶᠠᠷ᠂ ᠥᠪᠡᠷᠲᠡᠭᠡᠨ ᠵᠠᠰᠠᠬᠤ ᠣᠷᠣᠨ ᠲᠣᠭᠲᠠᠴᠠ ᠪᠠᠶᠢᠭᠤᠯᠤᠮᠵᠢ ᠶᠢ ᠰᠢᠯᠤᠭᠤᠳᠬᠠᠬᠤ᠂ ᠰᠠᠭᠤᠷᠢ ᠪᠦᠲᠦᠭᠡᠨ ᠪᠠᠶᠢᠭᠤᠯᠤᠯᠲᠠ ᠶᠢ ᠠᠬᠢᠭᠤᠯᠬᠤ᠂ ᠬᠤᠶᠠᠷ ᠲᠠᠯ᠎ᠠ ᠪᠠᠷ ᠬᠦᠴᠦᠯᠡᠬᠦ ᠶᠢ ᠪᠠᠷᠢᠮᠲᠠᠯᠠᠬᠤ᠂ ᠣᠶᠤᠨᠴᠢ ᠬᠥᠭᠵᠢᠯᠲᠡ ᠶᠢ ᠬᠠᠶᠢᠨ ᠰᠦᠪᠡᠭᠴᠢᠯᠡᠬᠦ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠲᠠᠷᠢᠶᠠᠯᠠᠩ ᠤᠨ ᠤᠰᠤ ᠬᠡᠷᠡᠭᠯᠡᠬᠦ ᠦᠷ᠎ᠡ ᠪᠦᠲᠦᠮᠵᠢ ᠪᠠ ᠦᠷ᠎ᠡ ᠠᠰᠢᠭ ᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠲᠠᠷᠢᠶᠠᠯᠠᠩ ᠤᠨ ᠤᠰᠤ ᠠᠷᠪᠢᠯᠠᠬᠤ ᠪᠠ ᠠᠮᠤ ᠪᠤᠳᠠᠭᠠᠨ ᠤ ᠤᠨᠠᠯᠲᠠ ᠶᠢ ᠲᠣᠭᠲᠠᠪᠤᠷᠢᠵᠢᠭᠤᠯᠤᠨ ᠤᠨᠠᠯᠲᠠ ᠶᠢ ᠨᠡᠮᠡᠭᠳᠡᠭᠦᠯᠬᠦ ᠶᠢᠨ ᠵᠣᠬᠢᠴᠠᠯᠳᠤᠨ ᠬᠥᠭᠵᠢᠬᠦ ᠶᠢ ᠠᠬᠢᠭᠤᠯᠪᠠ᠃ ᠥᠪᠡᠷᠲᠡᠭᠡᠨ ᠵᠠᠰᠠᠬᠤ ᠣᠷᠣᠨ ᠤᠷᠢᠳ ᠬᠤᠵᠢᠳ ᠤᠰᠤᠨ ᠤ ᠡᠬᠢ ᠪᠠᠶᠠᠯᠢᠭ ᠢ ᠠᠷᠪᠢᠯᠠᠵᠤ ᠡᠷᠴᠢᠮᠵᠢᠭᠦᠯᠦᠨ ᠠᠰᠢᠭᠯᠠᠬᠤ ᠶᠡᠷᠦᠩᠬᠡᠶ ᠲᠥᠰᠦᠯ᠂ ︽ᠨᠢᠭᠡ ᠠᠶᠢᠮᠠᠭ ︵ᠬᠤᠲᠠ︶᠎ ᠲᠤ ᠨᠢᠭᠡ ᠠᠷᠭ᠎ᠠ ᠪᠣᠳᠣᠯᠭ᠎ᠠ︾᠂ ︽ᠶᠡᠭᠡ ᠤᠰᠤ ᠪᠠᠷ ᠨᠡᠯᠦᠶᠢᠲᠡᠯ᠎ᠡ ᠤᠰᠤᠯᠠᠬᠤ︾ ᠠᠰᠠᠭᠤᠳᠠᠯ ᠢ ᠰᠢᠢᠳᠪᠦᠷᠢᠯᠡᠬᠦ ᠲᠤᠰᠬᠠᠶ ᠲᠥᠰᠦᠯ ᠪᠠ ᠪᠣᠷᠣᠲᠣᠬᠤᠶ ᠶᠢᠨ ᠤᠰᠤᠯᠠᠯᠲᠠ ᠶᠢᠨ ᠣᠷᠣᠨ ᠤ ᠲᠠᠷᠢᠶᠠᠯᠠᠩ ᠤᠨ ᠤᠰᠤ ᠠᠷᠪᠢᠯᠠᠬᠤ ᠶᠢ ᠱᠠᠩᠨᠠᠬᠤ ᠠᠷᠭ᠎ᠠ ᠵᠡᠷᠭᠡ ᠰᠢᠷᠢᠰ ᠠᠷᠭ᠎ᠠ ᠬᠡᠮᠵᠢᠶ᠎ᠡ ᠶᠢ ᠨᠡᠶᠢᠲᠡᠯᠡᠵᠦ᠂ ᠬᠤᠪᠢᠳᠠᠨ ᠬᠠᠮᠢᠶᠠᠷᠴᠤ ᠪᠠᠶᠢᠭ᠎ᠠ ᠳᠡᠳ᠋ ᠲᠡᠷᠢᠭᠦᠯᠡᠭᠴᠢ ᠪᠠᠷ ᠳᠤᠭᠤᠶᠢᠯᠠᠩ ᠤᠨ ᠳᠠᠷᠤᠭ᠎ᠠ ᠪᠣᠯᠭᠠᠭᠰᠠᠨ ᠤᠰᠤᠨ ᠤ ᠡᠬᠢ ᠪᠠᠶᠠᠯᠢᠭ ᠢ ᠠᠷᠪᠢᠯᠠᠵᠤ ᠡᠷᠴᠢᠮᠵᠢᠭᠦᠯᠦᠨ ᠠᠰᠢᠭᠯᠠᠬᠤ ᠲᠤᠰᠬᠠᠶ ᠳᠤᠭᠤᠶᠢᠯᠠᠩ ᠢ ᠪᠠᠶᠢᠭᠤᠯᠵᠤ᠂ ᠤᠰᠤ ᠬᠡᠷᠡᠭᠯᠡᠬᠦ ᠦᠷ᠎ᠡ ᠪᠦᠲᠦᠮᠵᠢ ᠶᠢ ᠶᠡᠭᠡ ᠪᠠᠷ ᠳᠡᠭᠡᠭᠰᠢᠯᠡᠭᠦᠯᠪᠡ᠃  ᠣᠶᠢᠷ᠎ᠠ ᠶᠢᠨ 10 ᠵᠢᠯ ᠳᠤ᠂ ᠮᠠᠨ ᠤ ᠣᠷᠣᠨ ᠨᠡᠶᠢᠲᠡ 75 ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠵᠤ᠂ 31 ᠲᠣᠮᠣ ᠳᠤᠮᠳᠠ ᠬᠡᠯᠪᠡᠷᠢ ᠶᠢᠨ ᠤᠰᠤᠯᠠᠯᠲᠠ ᠶᠢᠨ ᠣᠷᠣᠨ ᠳᠤ ᠣᠳᠣᠬᠢᠴᠢᠯᠠᠭᠰᠠᠨ ᠥᠭᠡᠷᠡᠴᠢᠯᠡᠯᠲᠡ ᠶᠢ ᠬᠡᠷᠡᠭᠵᠢᠭᠦᠯᠵᠦ᠂ ᠤᠰᠤᠯᠠᠯᠲᠠ ᠶᠢᠨ ᠲᠠᠯᠠᠪᠠᠶ ᠶᠢ 1697 ᠲᠦᠮᠡᠨ ᠮᠥ ᠰᠢᠨ᠎ᠡ ᠪᠠᠷ ᠨᠡᠮᠡᠭᠳᠡᠭᠦᠯᠵᠦ᠂ ᠤᠰᠤ ᠠᠷᠪᠢᠯᠠᠬᠤ ᠴᠢᠳᠠᠪᠤᠷᠢ ᠶᠢ 6.1 ᠳ᠋ᠦᠩᠰᠢᠭᠤᠷ ᠪᠣᠰᠤᠭ᠎ᠠ ᠳᠥᠷᠪᠡᠯᠵᠢᠨ ᠮᠧᠲᠷ ᠰᠢᠨ᠎ᠡ ᠪᠠᠷ ᠨᠡᠮᠡᠭᠳᠡᠭᠦᠯᠵᠦ᠂ ᠠᠮᠤ ᠪᠤᠳᠠᠭᠠᠨ ᠤ ᠤᠨᠠᠯᠲᠠ ᠶᠢ 8 ᠳ᠋ᠦᠩᠰᠢᠭᠤᠷ ᠵᠢᠩ ᠨᠡᠮᠡᠭᠳᠡᠭᠦᠯᠵᠦ᠂ ᠤᠰᠤᠯᠠᠯᠲᠠ ᠶᠢᠨ ᠣᠷᠣᠨ ᠤ ᠢᠨᠵᠧᠨᠧᠷᠢᠩ ᠤᠨ ᠪᠠᠷᠢᠯᠭ᠎ᠠ ᠶᠢ ᠪᠦᠷᠢᠨ ᠪᠦᠲᠦᠨ ᠪᠠᠶᠢᠯᠭᠠᠬᠤ ᠨᠣᠷᠮ᠎ᠠ ᠶᠢ 60% ᠪᠣᠯᠲᠠᠯ᠎ᠠ ᠳᠡᠭᠡᠭᠰᠢᠯᠡᠭᠦᠯᠵᠦ᠂ ᠭᠤᠤᠯᠯᠠᠬᠤ ᠤᠰᠤᠨ ᠰᠤᠪᠠᠭ ᠤᠨ ᠤᠰᠤ ᠳᠠᠮᠵᠢᠭᠤᠯᠬᠤ ᠴᠢᠳᠠᠪᠤᠷᠢ ᠶᠢ 15%᠎ ᠠᠴᠠ 20% ᠪᠣᠯᠲᠠᠯ᠎ᠠ ᠳᠡᠭᠡᠭᠰᠢᠯᠡᠭᠦᠯᠵᠦ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠢ ᠨᠡᠶᠢᠲᠡ 5237 ᠲᠦᠮᠡᠨ ᠮᠥ᠂ ᠥᠨᠳᠥᠷ ᠪᠦᠲᠦᠮᠵᠢᠲᠡᠶ ᠤᠰᠤ ᠠᠷᠪᠢᠯᠠᠬᠤ ᠤᠰᠤᠯᠠᠯᠲᠠ ᠶᠢ 3 ᠲᠦᠮᠡ ᠪᠠᠶᠢᠭᠤᠯᠵᠤ᠂ ᠤᠰᠤ ᠪᠤᠷᠳᠤᠭᠤᠷ ᠢ ᠨᠢᠭᠡ ᠴᠤᠭᠴᠠᠵᠢᠭᠤᠯᠬᠤ ᠮᠡᠷᠭᠡᠵᠢᠯ ᠢ ᠬᠡᠷᠡᠭᠵᠢᠭᠦᠯᠵᠦ᠂ 33 ᠲᠦᠮᠡᠨ ᠮᠥ ᠤᠰᠤ ᠶᠡᠭᠡ ᠬᠤᠷᠣᠭᠳᠠᠭᠤᠯᠬᠤ ᠲᠠᠷᠢᠮᠠᠯ ᠢ ᠪᠠᠭᠠᠰᠬᠠᠵᠤ᠂ ᠭᠠᠩ ᠬᠠᠭᠰᠠᠷᠠᠭᠠᠨ ᠳᠤ ᠲᠡᠰᠪᠦᠷᠢᠲᠡᠶ ᠲᠠᠷᠢᠮᠠᠯ ᠤᠨ ᠡᠭᠦᠯᠳᠡᠷ ᠢ 1100 ᠲᠦᠮᠡᠨ ᠮᠥ       ᠳᠡᠯᠭᠡᠷᠡᠭᠦᠯᠪᠡ᠃  2021 ᠣᠨ ᠠᠴᠠ ᠣᠲᠣ ᠪᠣᠯᠲᠠᠯ᠎ᠠ᠂ ᠥᠪᠡᠷᠲᠡᠭᠡᠨ ᠵᠠᠰᠠᠬᠤ ᠣᠷᠣᠨ 3 ᠳ᠋ᠦᠩᠰᠢᠭᠤᠷ ᠰᠢᠬᠠᠮ ᠲᠥᠭᠦᠷᠢᠭ ᠤᠨ ᠪᠠᠯᠠ ᠣᠷᠣᠭᠤᠯᠵᠤ ᠡᠯ᠎ᠡ ᠭᠠᠵᠠᠷ ᠤᠨ ᠤᠰᠤ ᠠᠷᠪᠢᠯᠠᠬᠤ ᠱᠠᠩᠨᠠᠯ ᠨᠥᠬᠦᠪᠥᠷᠢ ᠥᠷᠨᠢᠭᠦᠯᠬᠦ ᠶᠢ ᠳᠡᠮᠵᠢᠵᠦ᠂ ᠬᠠᠲᠤᠨ ᠭᠤᠤᠯ ᠤᠨ ᠰᠠᠪᠠ ᠭᠠᠵᠠᠷ ᠤᠨ ᠠᠶᠢᠮᠠᠭ ᠬᠤᠲᠠ ᠵᠢᠴᠢ ᠠᠶᠢᠮᠠᠭ ᠬᠤᠲᠠ ᠶᠢᠨ ᠬᠤᠭᠤᠷᠣᠨᠳᠣᠬᠢ ᠤᠰᠤᠨ ᠤ ᠡᠷᠬᠡ ᠶᠢ ᠰᠢᠯᠵᠢᠭᠦᠯᠦᠨ ᠥᠭᠬᠦ ᠢᠨᠵᠧᠨᠧᠷᠢᠩ ᠢ ᠶᠡᠬᠡᠪᠡᠷ ᠳᠥᠯᠭᠢᠨ ᠠᠬᠢᠭᠤᠯᠵᠤ᠂ ᠲᠠᠷᠢᠶᠠᠯᠠᠩ ᠤᠨ ᠤᠰᠤ ᠬᠡᠷᠡᠭᠯᠡᠬᠦ ᠭᠦᠢᠴᠡᠳᠭᠡᠯ ᠲᠤᠭ᠎ᠠ ᠶᠢ 4.76 ᠳ᠋ᠦᠩᠰᠢᠭᠤᠷ ᠪᠣᠰᠤᠭ᠎ᠠ ᠳᠥᠷᠪᠡᠯᠵᠢᠨ ᠮᠧᠲᠷ ᠰᠢᠯᠵᠢᠭᠦᠯᠦᠨ ᠥᠭᠪᠡ᠃ 2023 ᠣᠨ ᠳᠤ ᠬᠠᠲᠤᠨ ᠭᠤᠤᠯ ᠤᠨ ᠭᠤᠤᠯ ᠤᠷᠤᠰᠬᠠᠯ ᠤᠨ ᠤᠰᠤᠨ ᠤ ᠡᠷᠬᠡ ᠶᠢᠨ ᠠᠶᠢᠮᠠᠭ ᠬᠤᠲᠠ ᠶᠢᠨ ᠬᠤᠭᠤᠷᠣᠨᠳᠣᠬᠢ ᠰᠢᠯᠵᠢᠭᠦᠯᠦᠨ ᠥᠭᠬᠦ ᠬᠤᠶᠠᠳᠤᠭᠠᠷ ᠬᠤᠭᠤᠴᠠᠭᠠᠨ ᠤ ᠢᠨᠵᠧᠨᠧᠷᠢᠩ ᠢ ᠡᠬᠢᠯᠡᠭᠦᠯᠵᠦ᠂ ᠶᠡᠷᠦᠩᠬᠡᠶ ᠪᠠᠯᠠ ᠣᠷᠣᠭᠤᠯᠤᠯᠲᠠ ᠨᠢ 23.13 ᠳ᠋ᠦᠩᠰᠢᠭᠤᠷ ᠲᠥᠭᠦᠷᠢᠭ ᠲᠤ ᠬᠦᠷᠴᠦ᠂ ᠣᠳᠣᠬᠠᠨ ᠳᠤ ᠨᠢᠭᠡᠨᠲᠡ 13.21 ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠤᠯᠲᠠ ᠶᠢ ᠪᠡᠶᠡᠯᠡᠭᠦᠯᠵᠦ᠂ ᠢᠨᠵᠧᠨᠧᠷᠢᠩ ᠪᠠᠶᠢᠭᠤᠯᠤᠭᠳᠠᠭᠰᠠᠨ ᠤ ᠳᠠᠷᠠᠭ᠎ᠠ᠂ ᠬᠠᠲᠤᠨ ᠭᠤᠤᠯ ᠳᠠᠭᠠᠤ ᠶᠢᠨ ᠠᠶᠢᠮᠠᠭ ᠬᠤᠲᠠ ᠶᠢᠨ 1.2 ᠳ᠋ᠦᠩᠰᠢᠭᠤᠷ ᠪᠣᠰᠤᠭ᠎ᠠ ᠳᠥᠷᠪᠡᠯᠵᠢᠨ ᠮᠧᠲᠷ ᠤᠨ ᠠᠵᠤ ᠦᠢᠯᠡᠳᠪᠦᠷᠢ ᠶᠢᠨ ᠤᠰᠤ ᠬᠡᠷᠡᠭᠯᠡᠬᠦ ᠠᠰᠠᠭᠤᠳᠠᠯ ᠢ ᠰᠢᠢᠳᠪᠦᠷᠢᠯᠡᠵᠦ ᠪᠣᠯᠤᠨ᠎ᠠ᠃ ᠪᠠᠷᠤᠭ 12 ᠳ᠋ᠦᠩᠰᠢᠭᠤᠷ ᠲᠥᠭᠦᠷᠢᠭ ᠤᠨ ᠪᠡᠯᠡ ᠮᠥᠩᠭᠦ ᠶᠢ ᠨᠢᠭᠡᠳᠦᠯᠲᠡᠶ ᠲᠥᠯᠥᠪᠯᠡᠵᠦ᠂ 18 ᠲᠣᠮᠣ ᠳᠤᠮᠳᠠ ᠬᠡᠯᠪᠡᠷᠢ ᠶᠢᠨ ᠤᠰᠤᠯᠠᠯᠲᠠ ᠶᠢᠨ ᠣᠷᠣᠨ ᠳᠤ ᠮᠡᠳᠡᠭᠡ ᠵᠠᠩᠭᠢᠴᠢᠯᠠᠯᠲᠠ ᠶᠢᠨ ᠲᠣᠭᠠᠵᠢᠭᠤᠯᠬᠤ ᠪᠦᠲᠦᠭᠡᠨ ᠪᠠᠶᠢᠭᠤᠯᠤᠯᠲᠠ ᠶᠢ ᠥᠷᠨᠢᠭᠦᠯᠵᠦ᠂ ᠭᠤᠣᠯ ᠵᠠᠮ ᠰᠤᠪᠠᠭ ᠤᠨ ᠤᠰᠤᠨ ᠲᠦᠪᠰᠢᠨ᠂ ᠤᠷᠤᠰᠬᠠᠯ ᠤᠨ ᠬᠡᠮᠵᠢᠶ᠎ᠡ᠂ ᠸᠢᠳᠢᠣ᠋ ᠵᠡᠷᠭᠡ ᠲᠤᠭ᠎ᠠ ᠪᠠᠷᠢᠮᠲᠠ ᠴᠤᠭᠯᠠᠭᠤᠯᠬᠤ ᠰᠢᠰᠲ᠋ᠧᠮ ᠢ ᠠᠯᠬᠤᠮ ᠠᠯᠬᠤᠮ ᠢᠶᠠᠷ ᠪᠠᠶᠢᠭᠤᠯᠤᠨ ᠲᠡᠭᠦᠯᠳᠡᠷᠵᠢᠭᠦᠯᠵᠦ᠂ ᠤᠰᠤᠨ ᠤ ᠡᠬᠢ ᠪᠠᠶᠠᠯᠢᠭ ᠤᠨ ᠴᠠᠭ ᠬᠤᠭᠤᠴᠠᠭ᠎ᠠ ᠪᠠ ᠤᠰᠤ ᠳᠠᠮᠵᠢᠭᠤᠯᠬᠤ ᠢᠨᠵᠧᠨᠧᠷᠢᠩ ᠤᠨ ᠠᠮᠤᠷ ᠲᠦᠪᠰᠢᠨ ᠤ ᠪᠠᠲᠤᠯᠠᠭ᠎ᠠ ᠶᠢᠨ ᠴᠢᠳᠠᠪᠤᠷᠢ ᠶᠢ ᠳᠡᠭᠡᠭᠰᠢᠯᠡᠭᠦᠯᠦᠨ᠎ᠡ᠃  ᠡᠭᠦᠨ ᠠᠴᠠ ᠭᠠᠳᠠᠨ᠎ᠠ᠂ ᠭᠠᠵᠠᠷ ᠳᠡᠭᠡᠷᠡᠬᠢ ᠤᠰᠤᠨ ᠤ ᠤᠰᠤᠯᠠᠯᠲᠠ ᠶᠢᠨ ᠣᠷᠣᠨ ᠤ ᠤᠰᠤᠨ ᠤ ᠶᠠᠪᠤᠳᠠᠯ ᠤᠨ ᠬᠤᠷᠰᠢᠶ᠎ᠠ᠂ ᠲᠠᠷᠢᠶᠠᠴᠢᠳ ᠤᠨ ᠤᠰᠤ ᠬᠡᠷᠡᠭᠯᠡᠬᠦ ᠨᠡᠶᠢᠭᠡᠮᠯᠢᠭ᠂ ᠰᠤᠪᠠᠭ ᠤᠨ ᠳᠠᠷᠤᠭ᠎ᠠ ᠶᠢᠨ ᠳᠦᠷᠢᠮ ᠢ ᠲᠦᠷᠭᠡᠳᠬᠡᠨ ᠬᠡᠷᠡᠭᠵᠢᠭᠦᠯᠵᠦ᠂ ᠬᠤᠳᠳᠤᠭ ᠤᠨ ᠤᠰᠤᠯᠠᠯᠲᠠ ᠶᠢᠨ ᠣᠷᠣᠨ ᠳᠤ ︽ᠬᠤᠳᠳᠤᠭ ᠤᠨ ᠳᠠᠷᠤᠭ᠎ᠠ ᠶᠢᠨ ᠳᠦᠷᠢᠮ︾᠂ ︽ᠬᠦᠰᠦᠨᠦᠭᠲᠦ ᠶᠢᠨ ᠳᠠᠷᠤᠭ᠎ᠠ ᠶᠢᠨ ᠳᠦᠷᠢᠮ︾᠎ ᠢ ᠬᠡᠷᠡᠭᠵᠢᠭᠦᠯᠦᠨ᠎ᠡ︔ ︽ᠤᠰᠤ ᠪᠠᠷ ᠳᠥᠷᠪᠡ ᠶᠢ ᠲᠣᠭᠲᠠᠭᠠᠬᠤ︾ ᠵᠠᠷᠴᠢᠮ ᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠥᠪᠡᠷᠲᠡᠭᠡᠨ ᠵᠠᠰᠠᠬᠤ ᠣᠷᠣᠨ᠂ ᠠᠶᠢᠮᠠᠭ ᠬᠤᠲᠠ᠂ ᠬᠤᠰᠢᠭᠤ ᠰᠢᠶᠠᠨ ᠭᠤᠷᠪᠠᠨ ᠱᠠᠲᠤᠨ ᠤ ᠤᠰᠤ ᠬᠡᠷᠡᠭᠯᠡᠬᠦ ᠶᠡᠷᠦᠩᠬᠡᠶ ᠬᠡᠮᠵᠢᠶ᠎ᠡ ᠶᠢ ᠬᠢᠵᠠᠭᠠᠷᠯᠠᠬᠤ ᠭᠦᠢᠴᠡᠳᠬᠡᠬᠦ ᠲᠤᠭ᠎ᠠ ᠶᠢᠨ ᠰᠢᠰᠲ᠋ᠧᠮᠵᠢ ᠶᠢ ᠪᠠᠶᠢᠭᠤᠯᠵᠤ᠂ ᠲᠠᠷᠢᠶᠠᠯᠠᠩ ᠤᠨ ᠤᠰᠤ ᠬᠡᠷᠡᠭᠯᠡᠬᠦ ᠶᠡᠷᠦᠩᠬᠡᠶ ᠬᠡᠮᠵᠢᠶ᠎ᠡ ᠶᠢ ᠬᠢᠵᠠᠭᠠᠷᠯᠠᠬᠤ ᠭᠦᠢᠴᠡᠳᠬᠡᠬᠦ ᠲᠤᠭ᠎ᠠ ᠶᠢ ᠪᠦᠬᠦᠨ ᠢ ᠭᠠᠴᠠᠭ᠎ᠠ ᠲᠣᠰᠬᠤᠨ ᠵᠡᠷᠭᠡ ᠦᠨᠳᠦᠰᠦᠨ ᠤᠰᠤ ᠬᠡᠷᠡᠭᠯᠡᠬᠦ ᠡᠷᠦᠬᠡ ᠳᠤ ᠬᠦᠷᠲᠡᠯ᠎ᠡ ᠵᠠᠳᠠᠯᠵᠤ᠂ ᠭᠠᠵᠠᠷ ᠳᠣᠤᠷᠠᠬᠢ ᠤᠰᠤᠨ ᠤ ᠲᠦᠪᠰᠢᠨ᠂ ᠤᠰᠤᠨ ᠤ ᠬᠡᠮᠵᠢᠶ᠎ᠡ ᠶᠢᠨ ︽ᠬᠤᠣᠰ ᠡᠵᠡᠮᠳᠡᠯ︾᠎ ᠤᠨ ᠭᠦᠢᠴᠡᠳᠬᠡᠬᠦ ᠲᠤᠭ᠎ᠠ ᠶᠢ ᠪᠦᠬᠦ ᠣᠷᠣᠨ ᠤ 371 ᠭᠠᠵᠠᠷ ᠳᠣᠣᠷᠠᠬᠢ ᠤᠰᠤᠨ ᠤ ᠬᠠᠮᠢᠶᠠᠷᠤᠯᠲᠠ ᠶᠢᠨ ᠨᠢᠭᠡᠴᠢ ᠳᠤ ᠨᠠᠷᠢᠯᠢᠭᠵᠢᠭᠤᠯᠤᠨ ᠵᠠᠳᠠᠯᠤᠨ᠎ᠠ᠃ 
 
ᠢᠷᠡᠯᠲᠡ᠄ ᠦᠪᠦᠷ ᠮᠤᠩᠭᠤᠯ ᠤᠨ ᠡᠳᠦᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号