ᠪᠤᠷᠬᠠᠨᠲᠤ ᠶᠢᠨ 500 ᠺᠢᠯᠤᠸᠤᠯᠲ ᠤᠨ ᠴᠠᠬᠢᠯᠭᠠᠨ ᠬᠦᠷᠭᠡᠬᠦ ᠬᠤᠪᠢᠰᠬᠠᠭᠤᠷ ᠤᠨ ᠢᠨᠵᠧᠨᠧᠷᠢᠩ ᠤᠨ ᠤᠰᠤ ᠰᠢᠷᠤᠢ ᠶᠢ ᠬᠠᠮᠠᠭᠠᠯᠠᠬᠤ ᠲᠦᠰᠦᠯ ᠤᠨ ᠮᠡᠳᠡᠭᠦᠯᠦᠯᠲᠡ ᠶᠢᠨ ᠪᠢᠴᠢᠭ ᠢ ᠬᠢᠨᠠᠨ ᠵᠦᠪᠰᠢᠶᠡᠷᠡᠬᠦ ᠵᠠᠰᠠᠭ ᠵᠠᠬᠢᠷᠭᠠᠨ ᠤ ᠵᠦᠪᠰᠢᠶᠡᠷᠡᠯ ᠤᠨ ᠲᠤᠭᠲᠠᠭᠠᠯ ᠤᠨ ᠪᠢᠴᠢᠭ
ᠨᠡᠶᠢᠲᠡᠯᠡᠭᠰᠡᠨ ᠴᠠᠭ᠄
2024/7/8
ᠬᠡᠯᠬᠢᠶᠡᠰᠦᠨ ᠨᠣᠮᠧᠷ᠄ 000014348/2024 —04290ᠭᠤᠣᠯ ᠰᠡᠳᠦᠪ ᠤᠨ ᠠᠩᠭᠢᠯᠠᠯ᠄ ᠪᠤᠰᠤᠳᠨᠡᠶᠢᠲᠡᠯᠡᠭᠰᠡᠨ ᠪᠠᠶᠢᠭᠤᠯᠤᠮᠵᠢ᠄ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮᠪᠢᠴᠢᠭ ᠤᠨ ᠳ᠋ᠤᠭᠠᠷ᠄ ᠦᠪᠦᠷ ᠤᠰᠤᠨ ᠬᠠᠮᠠᠭᠠᠯᠠᠬᠤ ᠵᠦᠪᠰᠢᠶᠡᠷᠡᠯ ᠲᠤᠭᠲᠠᠭᠠᠯ ﹇2024﹈ 43 ᠳ᠋ᠤᠭᠠᠷ ᠲᠣᠭᠠᠲᠤᠪᠢᠴᠢᠭᠳᠡᠭᠰᠡᠨ ᠡᠳᠦᠷ ᠬᠤᠭᠤᠴᠠᠭ᠎ᠠ᠄ 2024 ᠣᠨ ᠤ 6 ᠳ᠋ᠤᠭᠠᠷ ᠰᠠᠷ᠎ᠠ ᠶᠢᠨ 28᠎ ᠤ ᠡᠳᠦᠷᠠᠯᠪᠠᠨ ᠪᠢᠴᠢᠭ ᠤᠨ ᠬᠦᠴᠦᠨ ᠲᠠᠢ ᠬᠤᠭᠤᠴᠠᠭ᠎ᠠ᠄ ᠬᠦᠴᠦᠨ ᠲᠠᠢ ᠥᠪᠥᠷ ᠮᠣᠩᠭᠤᠯ ᠤᠨ ᠴᠠᠬᠢᠯᠭᠠᠨ ᠬᠦᠴᠦᠨ ︵ᠪᠦᠯᠦᠭᠯᠡᠯ︶᠎ ᠤ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢᠨ ᠪᠤᠭᠤᠲᠤ ᠶᠢᠨ ᠴᠠᠬᠢᠯᠭᠠᠨ ᠬᠠᠩᠭᠠᠬᠤ ᠬᠤᠪᠢᠶᠠᠷᠢ ᠺᠣᠮᠫᠠᠨᠢ᠄  ᠮᠠᠨ ᠤ ᠲᠢᠩᠬᠢᠮ 2024 ᠣᠨ ᠤ 5 ᠳ᠋ᠤᠭᠠᠷ ᠰᠠᠷ᠎ᠠ ᠶᠢᠨ 15᠎ ᠤ ᠡᠳᠦᠷ ᠲᠠᠨ ᠤ ᠺᠣᠮᠫᠠᠨᠢ ᠶᠢᠨ ᠳᠤᠷᠠᠳᠤᠭᠰᠠᠨ ᠪᠤᠷᠬᠠᠨᠲᠤ ᠶᠢᠨ 500 ᠺᠢᠯᠤᠸᠤᠯᠲ ᠤᠨ ᠴᠠᠬᠢᠯᠭᠠᠨ ᠬᠦᠷᠭᠡᠬᠦ ᠬᠤᠪᠢᠰᠬᠠᠭᠤᠷ ᠤᠨ ᠢᠨᠵᠧᠨᠧᠷᠢᠩ ᠤᠨ ᠤᠰᠤ ᠰᠢᠷᠣᠶ ᠶᠢ ᠬᠠᠮᠠᠭᠠᠯᠠᠬᠤ ᠲᠥᠰᠦᠯ ᠤᠨ ᠮᠡᠳᠡᠭᠦᠯᠦᠯᠲᠡ ᠶᠢᠨ ᠪᠢᠴᠢᠭ ᠢ ᠬᠢᠨᠠᠨ ᠵᠦᠪᠰᠢᠶᠡᠷᠡᠬᠦ ᠭᠤᠶᠤᠴᠢᠯᠠᠯ ᠢ ᠭᠥᠯᠢᠶᠡᠨ ᠠᠪᠴᠤ ᠰᠢᠢᠳᠪᠦᠷᠢᠯᠡᠨ᠎ᠡ᠃ ᠬᠢᠨᠠᠨ ᠪᠠᠶᠢᠴᠠᠭᠠᠭᠠᠳ᠂ ᠲᠤᠰ ᠭᠤᠶᠤᠴᠢᠯᠠᠯ ᠨᠢ ᠬᠠᠤᠯᠢ ᠪᠠᠷ ᠲᠣᠭᠲᠠᠭᠠᠭᠰᠠᠨ ᠨᠥᠬᠦᠴᠡᠯ ᠳᠤ ᠨᠡᠶᠢᠴᠡᠵᠦ᠂ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠰᠠᠭ ᠵᠠᠬᠢᠷᠭᠠᠨ ᠤ ᠵᠥᠪᠰᠢᠶᠡᠷᠡᠯ ᠤᠨ ᠬᠠᠤᠯᠢ︾᠎ ᠶᠢᠨ ᠭᠤᠴᠢᠨ ᠨᠠᠢᠮᠠᠳᠤᠭᠠᠷ ᠵᠦᠢᠯ ᠤᠨ ᠨᠢᠭᠡᠳᠦᠭᠡᠷ ᠵᠤᠷᠪᠤᠰ᠂ ︽ᠤᠰᠤᠨ ᠤ ᠵᠠᠰᠠᠭ ᠵᠠᠬᠢᠷᠭᠠᠨ ᠤ ᠵᠥᠪᠰᠢᠶᠡᠷᠡᠯ ᠤᠨ ᠬᠡᠷᠡᠭᠵᠢᠭᠦᠯᠬᠦ ᠠᠷᠭ᠎ᠠ︾᠎ ᠶᠢᠨ ᠭᠤᠴᠢᠨ ᠬᠤᠶᠠᠳᠤᠭᠠᠷ ᠵᠦᠢᠯ ᠤᠨ ᠨᠢᠭᠡᠳᠦᠭᠡᠷ ᠵᠤᠷᠪᠤᠰ ᠢ ᠦᠨᠳᠦᠰᠦᠯᠡᠨ᠂ ᠵᠠᠰᠠᠭ ᠵᠠᠬᠢᠷᠭᠠᠨ ᠤ ᠵᠥᠪᠰᠢᠶᠡᠷᠡᠯ ᠣᠯᠭᠤᠬᠤ ᠪᠠᠷ ᠲᠣᠭᠲᠠᠪᠠ᠃  ᠪᠤᠷᠬᠠᠨᠲᠤ ᠶᠢᠨ 500 ᠺᠢᠯᠤᠸᠤᠯᠲ ᠤᠨ ᠴᠠᠬᠢᠯᠭᠠᠨ ᠬᠦᠷᠭᠡᠬᠦ ᠬᠤᠪᠢᠰᠬᠠᠭᠤᠷ ᠤᠨ ᠢᠨᠵᠧᠨᠧᠷᠢᠩ ᠪᠤᠭᠤᠲᠤ ᠬᠤᠲᠠ ᠶᠢᠨ ᠬᠥᠨᠳᠡᠯᠡᠨ ᠲᠣᠭᠤᠷᠢᠭ ᠤᠨ ᠬᠢᠯᠢ ᠳᠣᠲᠣᠷ᠎ᠠ ᠪᠠᠶᠢᠷᠢᠯᠠᠵᠤ᠂ 500kV ᠬᠦᠴᠦᠳᠡᠯ ᠥᠭᠡᠷᠡᠴᠢᠯᠡᠬᠦ ᠥᠷᠲᠡᠭᠡ ᠶᠢ 1 ᠪᠠᠶᠢᠭᠤᠯᠵᠤ᠂ 500kV ᠴᠠᠬᠢᠯᠭᠠᠨ ᠬᠦᠷᠭᠡᠬᠦ ᠱᠤᠭᠤᠮ ᠢ 3.19 ᠺᠢᠯᠤᠮᠧᠲᠷ ᠰᠢᠨ᠎ᠡ ᠪᠠᠷ ᠪᠠᠶᠢᠭᠤᠯᠤᠨ᠎ᠠ᠃ ᠢᠨᠵᠧᠨᠧᠷᠢᠩ ᠨᠢ ᠬᠦᠴᠦᠳᠡᠯ ᠥᠭᠡᠷᠡᠴᠢᠯᠡᠬᠦ ᠥᠷᠲᠡᠭᠡᠨ ᠤ ᠢᠨᠵᠧᠨᠧᠷᠢᠩ᠂ ᠴᠠᠬᠢᠯᠭᠠᠨ ᠬᠦᠷᠭᠡᠬᠦ ᠱᠤᠭᠤᠮ ᠤᠨ ᠢᠨᠵᠧᠨᠧᠷᠢᠩ ᠵᠡᠷᠭᠡ ᠬᠤᠶᠠᠷ ᠬᠡᠰᠡᠭ ᠢᠶᠠᠷ ᠪᠦᠷᠢᠯᠳᠦᠵᠡᠶ᠃ ᠢᠨᠵᠧᠨᠧᠷᠢᠩ ᠤᠨ ᠶᠡᠷᠦᠩᠭᠡᠢ ᠲᠠᠳᠠᠪᠤᠷᠢᠯᠠᠭᠰᠠᠨ ᠳᠠᠯᠠᠪᠠᠢ ᠨᠢ 13.10 ᠾᠧᠺᠲ᠋ᠠᠷ ᠪᠠᠶᠢᠵᠦ᠂ ᠰᠢᠷᠣᠢ ᠶᠢᠨ ᠴᠢᠯᠠᠭᠤᠨ ᠤ ᠶᠡᠷᠦᠩᠬᠡᠢ ᠬᠡᠮᠵᠢᠶ᠎ᠡ ᠨᠢ 9.84 ᠲᠦᠮᠡᠨ ᠪᠤᠰᠤᠭ᠎ᠠ ᠲᠦᠷᠪᠡᠯᠵᠢᠨ ᠮᠧᠲᠷ᠂ ᠶᠡᠷᠦᠩᠬᠡᠢ ᠪᠡᠯᠡ ᠤᠷᠤᠭᠤᠯᠤᠯᠳᠠ ᠨᠢ 62429 ᠲᠦᠮᠡᠨ ᠲᠦᠭᠦᠷᠢᠭ᠃ ᠢᠨᠵᠧᠨᠧᠷᠢᠩ ᠨᠢ 2024 ᠣᠨ ᠤ 7 ᠳ᠋ᠤᠭᠠᠷ ᠰᠠᠷ᠎ᠠ ᠳᠤ ᠠᠵᠢᠯ ᠢᠶᠠᠨ ᠡᠬᠢᠯᠡᠭᠦᠯᠵᠦ᠂ 2025 ᠣᠨ ᠤ 4 ᠳ᠋ᠦ᠋ᠭᠡᠷ ᠰᠠᠷ᠎ᠠ ᠳᠤ ᠠᠵᠢᠯ ᠢᠶᠠᠨ ᠳᠠᠭᠤᠰᠬᠠᠵᠤ᠂ ᠶᠡᠷᠦᠩᠬᠡᠶ ᠠᠵᠢᠯ ᠤᠨ ᠬᠤᠭᠤᠴᠠᠭ᠎ᠠ ᠨᠢ 10 ᠰᠠᠷ᠎ᠠ ᠪᠣᠯᠤᠨ᠎ᠠ᠃  ᠨᠢᠭᠡ᠂ ᠤᠰᠤ ᠰᠢᠷᠣᠶ ᠶᠢ ᠬᠠᠮᠠᠭᠠᠯᠠᠬᠤ ᠲᠥᠰᠦᠯ ᠤᠨ ᠶᠡᠷᠦᠩᠬᠡᠶ ᠰᠠᠨᠠᠯ  ︵ᠨᠢᠭᠡ︶ ᠦᠨᠳᠦᠰᠦᠨ ᠪᠦᠲᠦᠭᠡᠨ ᠪᠠᠶᠢᠭᠤᠯᠤᠯᠲᠠ ᠶᠢᠨ ᠬᠤᠭᠤᠴᠠᠭᠠᠨ ᠳᠤ ᠤᠰᠤ ᠰᠢᠷᠣᠢ ᠶᠢᠨ ᠢᠳᠡᠭᠳᠡᠯ ᠢ ᠰᠡᠷᠭᠡᠶᠢᠯᠡᠨ ᠵᠠᠰᠠᠬᠤ ᠬᠠᠷᠢᠭᠤᠴᠠᠯᠭ᠎ᠠ ᠶᠢᠨ ᠬᠦᠷᠢᠶ᠎ᠡ ᠬᠡᠪᠴᠢᠶ᠎ᠡ 13.10 ᠾᠧᠺᠲ᠋ᠠᠷ ᠲᠤ ᠬᠦᠷᠴᠡᠢ᠃  ︵ᠬᠤᠶᠠᠷ︶ ᠤᠰᠤ ᠰᠢᠷᠤᠢ ᠶᠢᠨ ᠢᠳᠡᠭᠳᠡᠯ ᠢ ᠰᠡᠷᠭᠡᠶᠢᠯᠡᠨ ᠵᠠᠰᠠᠬᠤ ᠠᠵᠢᠯ ᠳᠤ ᠪᠠᠷᠠᠭᠤᠨ ᠬᠤᠶᠢᠲᠦ ᠶᠢᠨ ᠰᠢᠷ᠎ᠠ ᠬᠥᠷᠥᠰᠥᠲᠦ ᠥᠨᠳᠦᠷᠯᠢᠭ ᠤᠨ ᠣᠷᠣᠨ ᠤ ᠨᠢᠭᠡᠳᠦᠭᠡᠷ ᠳᠡᠰ ᠤᠨ ᠪᠠᠷᠢᠮᠵᠢᠶ᠎ᠠ ᠶᠢ ᠬᠡᠷᠡᠭᠵᠢᠭᠦᠯᠬᠦ ᠶᠢ ᠵᠦᠪᠰᠢᠶᠡᠷᠡᠨ᠎ᠡ᠃  ︵ᠭᠤᠷᠪᠠ︶ ᠦᠨᠳᠦᠰᠦᠨ ᠳᠡᠭᠡᠨ ᠵᠥᠪᠰᠢᠶᠡᠷᠡᠭᠰᠡᠨ ᠤᠰᠤ ᠰᠢᠷᠣᠶ ᠶᠢᠨ ᠢᠳᠡᠭᠳᠡᠯ ᠢ ᠰᠡᠷᠭᠡᠶᠢᠯᠡᠨ ᠵᠠᠰᠠᠬᠤ ᠬᠠᠷᠠᠯᠲᠠ ᠪᠣᠯ᠄ ᠤᠰᠤ ᠰᠢᠷᠣᠶ ᠶᠢᠨ ᠢᠳᠡᠭᠳᠡᠯ ᠢ ᠵᠠᠰᠠᠬᠤ ᠬᠡᠮᠵᠢᠶ᠎ᠡ 93% ᠪᠠᠶᠢᠵᠤ᠂ ᠤᠰᠤ ᠰᠢᠷᠣᠶ ᠶᠢᠨ ᠢᠳᠡᠭᠳᠡᠯ ᠢ ᠬᠢᠵᠠᠭᠠᠷᠯᠠᠬᠤ ᠨᠣᠷᠮ᠎ᠠ 1.0 ᠪᠠᠶᠢᠵᠤ᠂ ᠤᠰᠤ ᠰᠢᠷᠣᠶ ᠶᠢᠨ ᠬᠠᠮᠠᠭᠠᠯᠠᠯᠲᠠ ᠶᠢᠨ ᠨᠣᠷᠮ᠎ᠠ 94% ᠪᠠᠶᠢᠵᠤ᠂ ᠤᠰᠤ ᠰᠢᠷᠣᠶ ᠶᠢᠨ ᠬᠠᠮᠠᠭᠠᠯᠠᠯᠲᠠ ᠶᠢᠨ ᠨᠣᠷᠮ᠎ᠠ 90% ᠪᠠᠶᠢᠵᠤ᠂ ᠣᠶ ᠰᠢᠭᠤᠶ ᠡᠪᠡᠰᠦ ᠶᠢᠨ ᠤᠷᠭᠤᠮᠠᠯ ᠤᠨ ᠬᠤᠴᠢᠯᠭ᠎ᠠ ᠶᠢ ᠰᠡᠷᠭᠦᠭᠡᠬᠦ ᠨᠣᠷᠮ᠎ᠠ 95% ᠪᠠᠶᠢᠵᠤ᠂ ᠣᠶ ᠰᠢᠭᠤᠶ ᠡᠪᠡᠰᠦ ᠶᠢᠨ ᠪᠦᠷᠬᠦᠴᠡ ᠶᠢᠨ ᠨᠣᠷᠮ᠎ᠠ 24% ᠪᠣᠯᠤᠨ᠎ᠠ᠃  ︵ᠲᠦᠷᠪᠡ︶ ᠤᠰᠤ ᠰᠢᠷᠣᠶ ᠶᠢᠨ ᠢᠳᠡᠭᠳᠡᠯ ᠢ ᠰᠡᠷᠭᠡᠶᠢᠯᠡᠨ ᠵᠠᠰᠠᠬᠤ ᠣᠷᠣᠨ ᠲᠣᠭᠤᠷᠢᠭ ᠵᠢᠴᠢ ᠣᠷᠣᠨ ᠬᠤᠪᠢᠶᠠᠨ ᠰᠡᠷᠭᠡᠶᠢᠯᠡᠨ ᠵᠠᠰᠠᠬᠤ ᠠᠷᠭ᠎ᠠ ᠬᠡᠮᠵᠢᠶ᠎ᠡ ᠶᠢᠨ ᠲᠣᠬᠢᠷᠠᠭᠤᠯᠤᠯᠲᠠ ᠶᠢ ᠦᠨᠳᠦᠰᠦᠨ ᠳᠡᠭᠡᠨ ᠵᠥᠪᠰᠢᠶᠡᠷᠡᠨ᠎ᠡ᠃  ︵ᠲᠠᠪᠤ︶ ᠪᠦᠲᠦᠭᠡᠨ ᠪᠠᠶᠢᠭᠤᠯᠤᠯᠲᠠ ᠶᠢᠨ ᠬᠤᠭᠤᠴᠠᠭᠠᠨ ᠳᠠᠬᠢ ᠤᠰᠤ ᠰᠢᠷᠣᠶ ᠶᠢ ᠬᠠᠮᠠᠭᠠᠯᠠᠬᠤ ᠨᠥᠬᠦᠪᠥᠷᠢ ᠮᠥᠩᠭᠦ 22.27 ᠲᠦᠮᠡᠨ ᠲᠥᠭᠦᠷᠢᠭ ᠢ ᠦᠨᠳᠦᠰᠦᠨ ᠳᠤ ᠪᠠᠨ ᠵᠥᠪᠰᠢᠶᠡᠷᠡᠪᠡ᠃  ᠬᠤᠶᠠᠷ᠂ ᠦᠢᠯᠡᠳᠪᠦᠷᠢᠯᠡᠯ ᠪᠦᠲᠦᠭᠡᠨ ᠪᠠᠶᠢᠭᠤᠯᠤᠯᠲᠠ ᠶᠢᠨ ᠨᠢᠭᠡᠴᠢ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠤᠰᠤ ᠰᠢᠷᠣᠶ ᠶᠢ ᠬᠠᠮᠠᠭᠠᠯᠠᠬᠤ ᠬᠠᠤᠯᠢ︾᠎ ᠶᠢᠨ ᠡᠯ᠎ᠡ ᠵᠦᠢᠯ ᠤᠨ ᠱᠠᠭᠠᠷᠳᠠᠯᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠬᠤ ᠶᠢᠨ ᠬᠠᠮᠲᠤ ᠳᠣᠤᠷᠠᠬᠢ ᠠᠵᠢᠯ ᠢ ᠭᠤᠤᠯᠳᠠᠯᠭ᠎ᠠ ᠲᠠᠢ ᠰᠠᠶᠢᠲᠤᠷ ᠬᠢᠬᠦ ᠬᠡᠷᠡᠭᠲᠡᠶ᠄  ︵ᠨᠢᠭᠡ︶ ᠵᠥᠪᠰᠢᠶᠡᠷᠡᠭᠰᠡᠨ ᠤᠰᠤ ᠰᠢᠷᠣᠶ ᠶᠢ ᠬᠠᠮᠠᠭᠠᠯᠠᠬᠤ ᠲᠥᠰᠦᠯ ᠤᠨ ᠶᠣᠰᠣᠭᠠᠷ᠂ ᠤᠰᠤ ᠰᠢᠷᠣᠶ ᠶᠢ ᠬᠠᠮᠠᠭᠠᠯᠠᠬᠤ ᠠᠩᠬ᠎ᠠ ᠠᠯᠬᠤᠮ ᠤᠨ ᠵᠢᠷᠤᠭ ᠲᠥᠯᠥᠪᠯᠡᠭᠡ ᠵᠡᠷᠭᠡ ᠵᠠᠯᠭᠠᠮᠵᠢ ᠵᠢᠷᠤᠭ ᠲᠥᠯᠥᠪᠯᠡᠭᠡ ᠶᠢ ᠰᠠᠶᠢᠲᠤᠷ       ᠬᠢᠵᠦ᠂ ᠪᠠᠷᠢᠯᠭ᠎ᠠ ᠪᠠᠷᠢᠬᠤ ᠵᠣᠬᠢᠶᠠᠨ ᠪᠠᠶᠢᠭᠤᠯᠤᠯᠲᠠ ᠶᠢᠨ ᠬᠠᠮᠢᠶᠠᠷᠤᠯᠲᠠ ᠶᠢᠨ ᠠᠵᠢᠯ ᠢ ᠴᠢᠩᠭᠠᠳᠬᠠᠨ᠂ ︽ᠭᠤᠷᠪᠠ ᠶᠢ ᠵᠡᠷᠭᠡ ᠳᠤᠨᠢ ᠬᠢᠬᠦ︾ ᠳᠦᠷᠢᠮ ᠢ ᠦᠨᠡᠨ ᠬᠦ ᠨᠠᠶᠢᠳᠠᠪᠤᠷᠢᠵᠢᠭᠤᠯᠬᠤ ᠬᠡᠷᠡᠭᠲᠡᠶ᠃  ︵ᠬᠤᠶᠠᠷ︶ ᠲᠥᠰᠦᠯ ᠤᠨ ᠱᠠᠭᠠᠷᠳᠠᠯᠭ᠎ᠠ ᠶᠢ ᠴᠢᠩᠭ᠎ᠠ ᠵᠢᠷᠤᠮᠯᠠᠨ ᠤᠰᠤ ᠰᠢᠷᠣᠶ ᠶᠢ ᠬᠠᠮᠠᠭᠠᠯᠠᠬᠤ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠬᠤ ᠬᠡᠷᠡᠭᠲᠡᠶ᠃ ᠡᠯ᠎ᠡ ᠲᠥᠷᠥᠯ ᠤᠨ ᠪᠠᠷᠢᠯᠭ᠎ᠠ ᠪᠠᠷᠢᠬᠤ ᠠᠵᠢᠯᠯᠠᠭ᠎ᠠ ᠨᠢ ᠭᠠᠵᠠᠷ ᠬᠡᠷᠡᠭᠯᠡᠬᠦ ᠬᠡᠪᠴᠢᠶᠡᠨ ᠳᠣᠲᠣᠷ᠎ᠠ ᠳᠤᠷ᠎ᠠ ᠪᠠᠷ ᠢᠶᠠᠨ ᠡᠵᠡᠯᠡᠬᠦ᠂ ᠭᠠᠵᠠᠷ ᠤᠨ ᠭᠠᠳᠠᠷᠭᠤ ᠶᠢᠨ ᠤᠷᠭᠤᠮᠠᠯ ᠤᠨ ᠬᠤᠴᠢᠯᠭ᠎ᠠ ᠶᠢ ᠰᠠᠮᠠᠭᠤᠷᠠᠭᠤᠯᠬᠤ ᠪᠠ ᠡᠪᠳᠡᠬᠦ ᠶᠢ ᠴᠢᠩᠭ᠎ᠠ ᠴᠠᠭᠠᠵᠠᠯᠠᠵᠤ᠂ ᠤᠰᠤ ᠰᠢᠷᠣᠶ ᠶᠢ ᠰᠠᠯᠭᠠᠬᠤ᠂ ᠬᠠᠳᠠᠭᠠᠯᠠᠬᠤ ᠪᠠ ᠠᠰᠢᠭᠯᠠᠬᠤ ᠶᠢ ᠰᠠᠶᠢᠲᠤᠷ ᠬᠢᠬᠦ ᠬᠡᠷᠡᠭᠲᠡᠶ᠃ ᠲᠥᠰᠦᠯ ᠤᠨ ᠱᠠᠭᠠᠷᠳᠠᠯᠭ᠎ᠠ ᠶᠢ ᠦᠨᠳᠦᠰᠦᠯᠡᠨ ᠪᠠᠷᠢᠯᠭ᠎ᠠ ᠪᠠᠷᠢᠬᠤ ᠴᠠᠭ ᠤᠨ ᠳᠠᠷᠠᠭᠠᠯᠠᠯ ᠪᠠ ᠤᠰᠤ ᠰᠢᠷᠣᠶ ᠶᠢ ᠬᠠᠮᠠᠭᠠᠯᠠᠬᠤ ᠠᠷᠭ᠎ᠠ ᠬᠡᠮᠵᠢᠶ᠎ᠡ ᠶᠢ ᠬᠡᠷᠡᠭᠵᠢᠭᠦᠯᠬᠦ ᠠᠬᠢᠴᠠ ᠶᠢ ᠵᠦᠶ ᠵᠣᠬᠢᠰᠲᠠᠶ ᠲᠣᠬᠢᠷᠠᠭᠤᠯᠵᠤ᠂ ᠪᠠᠷᠢᠯᠭ᠎ᠠ ᠪᠠᠷᠢᠬᠤ ᠬᠤᠭᠤᠴᠠᠭᠠᠨ ᠳᠤ ᠤᠰᠤ ᠰᠢᠷᠣᠶ ᠶᠢᠨ ᠢᠳᠡᠭᠳᠡᠯ ᠢ ᠴᠢᠩᠭ᠎ᠠ ᠬᠢᠵᠠᠭᠠᠷᠯᠠᠬᠤ ᠬᠡᠷᠡᠭᠲᠡᠶ᠃  ︵ᠭᠤᠷᠪᠠ︶ ᠤᠰᠤ ᠰᠢᠷᠣᠶ ᠶᠢ ᠬᠠᠮᠠᠭᠠᠯᠠᠬᠤ ᠬᠢᠨᠠᠨ ᠬᠡᠮᠵᠢᠬᠦ ᠠᠵᠢᠯ ᠢ ᠦᠨᠡᠨ ᠬᠦ ᠰᠠᠶᠢᠲᠤᠷ ᠬᠢᠵᠦ᠂ ᠤᠰᠤ ᠰᠢᠷᠣᠶ ᠶᠢᠨ ᠢᠳᠡᠭᠳᠡᠯ ᠤᠨ ᠪᠠᠶᠢᠳᠠᠯ ᠢ ᠬᠢᠨᠠᠨ ᠡᠵᠡᠮᠳᠡᠬᠦ ᠶᠢ ᠴᠢᠩᠭᠠᠳᠬᠠᠬᠤ ᠶᠢᠨ ᠬᠠᠮᠲᠤ ᠲᠣᠭᠲᠠᠭᠠᠯ ᠶᠣᠰᠣᠭᠠᠷ ᠮᠠᠨ ᠤ ᠲᠢᠩᠬᠢᠮ ᠵᠢᠴᠢ ᠪᠤᠭᠤᠲᠤ ᠬᠤᠲᠠ ᠶᠢᠨ ᠤᠰᠤᠨ ᠤ ᠶᠠᠪᠤᠳᠠᠯ ᠤᠨ ᠲᠣᠪᠴᠢᠶ᠎ᠠ ᠳᠤ ᠬᠢᠨᠠᠨ ᠬᠡᠮᠵᠢᠯᠲᠡ ᠶᠢᠨ ᠤᠯᠠᠷᠢᠯ ᠤᠨ ᠮᠡᠳᠡᠭᠦᠯᠦᠯᠲᠡ ᠵᠢᠴᠢ ᠳ᠋ᠦᠩᠨᠡᠯᠲᠡ ᠶᠢᠨ ᠮᠡᠳᠡᠭᠦᠯᠦᠯᠲᠡ ᠶᠢ ᠲᠤᠰᠢᠶᠠᠨ᠎ᠠ᠃  ︵ᠲᠦᠷᠪᠡ︶ ᠤᠰᠤ ᠰᠢᠷᠣᠶ ᠶᠢ ᠬᠠᠮᠠᠭᠠᠯᠠᠬᠤ ᠬᠢᠨᠠᠯᠲᠠ ᠬᠠᠮᠢᠶᠠᠷᠤᠯᠲᠠ ᠶᠢᠨ ᠠᠵᠢᠯ ᠢ ᠨᠠᠶᠢᠳᠠᠪᠤᠷᠢᠵᠢᠭᠤᠯᠬᠤ ᠶᠢᠨ ᠬᠠᠮᠲᠤ ᠰᠠᠶᠢᠲᠤᠷ ᠬᠢᠵᠦ᠂ ᠤᠰᠤ ᠰᠢᠷᠣᠶ ᠶᠢ ᠬᠠᠮᠠᠭᠠᠯᠠᠬᠤ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢᠨ ᠶᠠᠰᠤ ᠴᠢᠨᠠᠷ ᠪᠣᠯᠤᠨ ᠠᠬᠢᠴᠠ ᠶᠢ ᠦᠨᠡᠨ ᠬᠦ ᠪᠠᠲᠤᠯᠠᠬᠤ ᠬᠡᠷᠡᠭᠲᠡᠶ᠃  ︵ᠲᠠᠪᠤ︶ ᠤᠰᠤ ᠰᠢᠷᠣᠶ ᠶᠢ ᠬᠠᠮᠠᠭᠠᠯᠠᠬᠤ ᠨᠥᠬᠦᠪᠥᠷᠢ ᠵᠠᠷᠤᠳᠠᠯ ᠢ ᠬᠠᠤᠯᠢ ᠲᠣᠭᠲᠠᠭᠠᠯ ᠶᠣᠰᠣᠭᠠᠷ ᠭᠦᠢᠴᠡᠳ ᠲᠤᠭ᠎ᠠ ᠪᠠᠷ ᠲᠤᠰᠢᠶᠠᠨ᠎ᠠ᠃  ᠭᠤᠷᠪᠠ᠂ ᠲᠤᠰ ᠵᠦᠢᠯ ᠤᠨ ᠭᠠᠵᠠᠷ ᠣᠷᠣᠨ᠂ ᠬᠡᠪᠴᠢᠶ᠎ᠡ ᠨᠢ ᠴᠢᠬᠤᠯᠠ ᠶᠡᠭᠡ ᠬᠤᠪᠢᠷᠠᠯᠲᠠ ᠭᠠᠷᠤᠭᠰᠠᠨ ᠪᠤᠶᠤ ᠤᠰᠤ ᠰᠢᠷᠣᠶ ᠶᠢ ᠬᠠᠮᠠᠭᠠᠯᠠᠬᠤ ᠲᠥᠰᠦᠯ ᠢ ᠬᠡᠷᠡᠭᠵᠢᠭᠦᠯᠬᠦ ᠶᠠᠪᠤᠴᠠ ᠳᠤ ᠤᠰᠤ ᠰᠢᠷᠣᠶ ᠶᠢ ᠬᠠᠮᠠᠭᠠᠯᠠᠬᠤ ᠠᠷᠭ᠎ᠠ ᠬᠡᠮᠵᠢᠶ᠎ᠡ ᠳᠤ ᠴᠢᠬᠤᠯᠠ ᠶᠡᠭᠡ ᠬᠤᠪᠢᠷᠠᠯᠲᠠ ᠭᠠᠷᠤᠭᠰᠠᠨ ᠪᠣᠯ ᠤᠰᠤ ᠰᠢᠷᠣᠶ ᠶᠢ ᠬᠠᠮᠠᠭᠠᠯᠠᠬᠤ ᠲᠥᠰᠦᠯ ᠳᠤ ᠨᠥᠬᠦᠪᠥᠷᠢᠯᠡᠬᠦ ᠪᠤᠶᠤ ᠵᠠᠰᠠᠪᠤᠷᠢ ᠣᠷᠣᠭᠤᠯᠵᠤ᠂ ᠮᠠᠨ ᠤ ᠲᠢᠩᠬᠢᠮ ᠳᠤ ᠮᠡᠳᠡᠭᠦᠯᠦᠨ ᠬᠢᠨᠠᠨ ᠵᠥᠪᠰᠢᠶᠡᠷᠡᠭᠦᠯᠬᠦ       ᠬᠡᠷᠡᠭᠲᠡᠶ︔ ᠰᠢᠭᠠᠷᠤ ᠬᠠᠶᠠᠬᠤ ᠲᠠᠯᠠᠪᠤᠷ ᠢ ᠰᠢᠨ᠎ᠡ ᠪᠠᠷ ᠭᠠᠷᠭᠠᠬᠤ ᠴᠢᠬᠤᠯᠠ ᠲᠠᠢ ᠪᠣᠯ ᠦᠢᠯᠡᠳᠪᠦᠷᠢᠯᠡᠯ ᠪᠦᠲᠦᠭᠡᠨ ᠪᠠᠶᠢᠭᠤᠯᠤᠯᠲᠠ ᠶᠢᠨ ᠨᠢᠭᠡᠴᠢ ᠨᠢ ᠰᠢᠭᠠᠷᠤ ᠬᠠᠶᠠᠬᠤ ᠶᠢ ᠬᠡᠮᠵᠢᠶᠡᠵᠢᠭᠦᠯᠬᠦ᠂ ᠡᠬᠢ ᠪᠠᠶᠠᠯᠢᠭᠵᠢᠭᠤᠯᠬᠤ ᠨᠤᠲᠠᠯᠠᠯᠲᠠ ᠬᠢᠬᠦ ᠶᠢᠨ ᠬᠠᠮᠲᠤ ᠰᠢᠭᠠᠷᠤ ᠶᠢ ᠲᠠᠶᠠᠭᠳᠠᠬᠤ ᠠᠴᠠ ᠡᠮᠦᠨ᠎ᠡ ᠤᠰᠤ ᠰᠢᠷᠣᠶ ᠶᠢ ᠬᠠᠮᠠᠭᠠᠯᠠᠬᠤ ᠲᠥᠰᠦᠯ ᠤᠨ ᠨᠥᠬᠦᠪᠥᠷᠢ ᠮᠡᠳᠡᠭᠦᠯᠦᠯᠲᠡ ᠬᠢᠵᠦ᠂ ᠮᠠᠨ ᠤ ᠲᠢᠩᠬᠢᠮ ᠳᠤ ᠮᠡᠳᠡᠭᠦᠯᠦᠨ ᠬᠢᠨᠠᠨ ᠵᠥᠪᠰᠢᠶᠡᠷᠡᠭᠦᠯᠬᠦ ᠬᠡᠷᠡᠭᠲᠡᠶ᠃  ᠳᠥᠷᠪᠡ᠂ ᠲᠠᠨ ᠤ ᠨᠢᠭᠡᠴᠢ ᠪᠣᠯ ᠲᠤᠰ ᠲᠦᠰᠦᠯ ᠤᠨ ᠤᠰᠤ ᠰᠢᠷᠣᠶ ᠶᠢ ᠬᠠᠮᠠᠭᠠᠯᠠᠬᠤ ᠪᠡᠯᠡᠳᠬᠡᠮᠵᠢ ᠶᠢ ᠰᠢᠯᠭᠠᠨ ᠠᠪᠬᠤ ᠬᠠᠷᠢᠭᠤᠴᠠᠯᠭ᠎ᠠ ᠶᠢᠨ ᠭᠤᠤᠯ ᠴᠣᠭᠴᠠ ᠪᠣᠯᠬᠤ ᠲᠤᠯᠠ᠂ ᠲᠤᠰ ᠲᠦᠰᠦᠯ ᠢ ᠠᠰᠢᠭᠯᠠᠯᠲᠠ ᠳᠤ ᠣᠷᠣᠭᠤᠯᠬᠤ ᠠᠴᠠ ᠡᠮᠦᠨ᠎ᠡ᠂ ᠤᠰᠤ ᠰᠢᠷᠣᠶ ᠶᠢ ᠬᠠᠮᠠᠭᠠᠯᠠᠬᠤ ᠪᠡᠯᠡᠳᠬᠡᠮᠵᠢ ᠶᠢ ᠡᠵᠡᠨ ᠮᠡᠳᠡᠵᠦ ᠰᠢᠯᠭᠠᠨ ᠠᠪᠬᠤ ᠶᠢ ᠥᠩᠭᠡᠷᠡᠭᠡᠬᠦ ᠬᠡᠷᠡᠭᠲᠡᠶ᠃ ᠡᠵᠡᠨ ᠮᠡᠳᠡᠨ ᠰᠢᠯᠭᠠᠨ ᠠᠪᠬᠤ ᠳᠤ ᠤᠰᠤ ᠰᠢᠷᠣᠶ ᠶᠢ ᠬᠠᠮᠠᠭᠠᠯᠠᠬᠤ ᠬᠠᠤᠯᠢ ᠴᠠᠭᠠᠵᠠ ᠬᠠᠤᠯᠢ ᠲᠣᠭᠲᠠᠭᠠᠯ᠂ ᠪᠠᠷᠢᠮᠵᠢᠶ᠎ᠠ ᠶᠢᠨ ᠵᠢᠷᠤᠮᠵᠢᠯ᠂ ᠤᠰᠤ ᠰᠢᠷᠣᠶ ᠶᠢ ᠬᠠᠮᠠᠭᠠᠯᠠᠬᠤ ᠲᠥᠰᠦᠯ ᠬᠢᠭᠡᠳ ᠲᠤᠰ ᠬᠢᠨᠠᠨ ᠵᠥᠪᠰᠢᠶᠡᠷᠡᠭᠰᠡᠨ ᠲᠣᠭᠲᠠᠭᠠᠯ᠂ ᠤᠰᠤ ᠰᠢᠷᠣᠶ ᠶᠢ ᠬᠠᠮᠠᠭᠠᠯᠠᠬᠤ ᠵᠠᠯᠭᠠᠮᠵᠢ ᠵᠢᠷᠤᠭ ᠲᠥᠯᠥᠪᠯᠡᠭᠡ ᠵᠡᠷᠭᠡ ᠶᠢ ᠦᠨᠳᠦᠰᠦᠯᠡᠨ ᠶᠠᠪᠤᠭᠳᠠᠭᠤᠯᠵᠤ᠂ ᠤᠰᠤ ᠰᠢᠷᠣᠶ ᠶᠢ ᠬᠠᠮᠠᠭᠠᠯᠠᠬᠤ ᠪᠡᠯᠡᠳᠬᠡᠮᠵᠢ ᠶᠢ ᠰᠢᠯᠭᠠᠨ ᠠᠪᠬᠤ ᠪᠠᠷᠢᠮᠵᠢᠶ᠎ᠠ ᠪᠣᠯᠤᠨ ᠨᠥᠬᠦᠴᠡᠯ ᠢ ᠴᠢᠩᠭ᠎ᠠ ᠬᠡᠷᠡᠭᠵᠢᠭᠦᠯᠬᠦ ᠬᠡᠷᠡᠭᠲᠡᠶ᠃  ᠤᠰᠤ ᠰᠢᠷᠣᠶ ᠶᠢ ᠬᠠᠮᠠᠭᠠᠯᠠᠬᠤ ᠪᠡᠯᠡᠳᠬᠡᠮᠵᠢ ᠶᠢ ᠡᠵᠡᠨ ᠮᠡᠳᠡᠵᠦ ᠰᠢᠯᠭᠠᠨ ᠠᠪᠬᠤ ᠳᠤ ᠬᠢᠷᠢ ᠲᠡᠩᠴᠡᠭᠰᠡᠨ ᠤ ᠳᠠᠷᠠᠭ᠎ᠠ᠂ ᠠᠯᠪᠠᠨ ᠤ ᠰᠦᠯᠵᠢᠶᠡᠨ ᠥᠷᠲᠡᠭᠡ ᠪᠤᠶᠤ ᠪᠤᠰᠤᠳ ᠣᠯᠠᠨ ᠨᠡᠶᠢᠲᠡ ᠶᠢᠨ ᠣᠯᠵᠤ ᠮᠡᠳᠡᠭᠰᠡᠨ ᠰᠦᠯᠵᠢᠶᠡᠨ ᠳᠤ ᠤᠰᠤ ᠰᠢᠷᠣᠶ ᠶᠢ ᠬᠠᠮᠠᠭᠠᠯᠠᠬᠤ ᠪᠡᠯᠡᠳᠬᠡᠮᠵᠢ ᠶᠢᠨ ᠰᠢᠯᠭᠠᠨ ᠠᠪᠬᠤ ᠮᠠᠲ᠋ᠧᠷᠢᠶᠠᠯ ᠢ ᠴᠠᠭ ᠲᠤᠬᠠᠶ ᠳᠤᠨᠢ ᠨᠡᠶᠢᠲᠡᠯᠡᠵᠦ᠂ ᠢᠯᠡ ᠨᠡᠶᠢᠲᠡᠯᠡᠬᠦ ᠴᠠᠭ ᠬᠤᠭᠤᠴᠠᠭ᠎ᠠ ᠶᠢ ᠨᠢ 20 ᠠᠵᠢᠯᠯᠠᠬᠤ ᠡᠳᠦᠷ ᠠᠴᠠ ᠳᠤᠲᠠᠭᠤ ᠪᠠᠶᠢᠯᠭᠠᠵᠤ ᠪᠣᠯᠬᠤ ᠦᠭᠡᠶ︔ ᠤᠰᠤ ᠰᠢᠷᠣᠶ ᠶᠢ ᠬᠠᠮᠠᠭᠠᠯᠠᠬᠤ ᠪᠡᠯᠡᠳᠬᠡᠮᠵᠢ ᠶᠢ ᠡᠵᠡᠨ ᠮᠡᠳᠡᠨ ᠰᠢᠯᠭᠠᠨ ᠠᠪᠴᠤ ᠥᠩᠭᠡᠷᠡᠭᠰᠡᠨ ᠤ ᠳᠠᠷᠠᠭ᠎ᠠ 3 ᠰᠠᠷ᠎ᠠ ᠶᠢᠨ ᠳᠣᠲᠣᠷ᠎ᠠ ᠮᠠᠨ ᠤ ᠲᠢᠩᠬᠢᠮ ᠳᠤ ᠤᠰᠤ ᠰᠢᠷᠣᠶ ᠶᠢ ᠬᠠᠮᠠᠭᠠᠯᠠᠬᠤ ᠪᠡᠯᠡᠳᠬᠡᠮᠵᠢ ᠶᠢᠨ ᠰᠢᠯᠭᠠᠨ ᠠᠪᠬᠤ ᠮᠠᠲ᠋ᠧᠷᠢᠶᠠᠯ ᠢᠶᠠᠨ ᠮᠡᠳᠡᠭᠦᠯᠦᠨ ᠳᠠᠩᠰᠠᠯᠠᠭᠤᠯᠬᠤ       ᠬᠡᠷᠡᠭᠲᠡᠶ︔ ᠤᠰᠤ ᠰᠢᠷᠣᠶ ᠶᠢ ᠬᠠᠮᠠᠭᠠᠯᠠᠬᠤ ᠪᠡᠯᠡᠳᠬᠡᠮᠵᠢ ᠨᠢ ᠰᠢᠯᠭᠠᠨ ᠠᠪᠬᠤ ᠶᠢ ᠳᠠᠮᠵᠢᠭᠰᠠᠨ ᠦᠭᠡᠶ ᠪᠤᠶᠤ ᠰᠢᠯᠭᠠᠨ ᠠᠪᠬᠤ ᠳᠤ ᠬᠢᠷᠢ ᠲᠡᠩᠴᠡᠭᠰᠡᠨ ᠦᠭᠡᠶ ᠪᠣᠯ ᠠᠰᠢᠭᠯᠠᠯᠲᠠ ᠳᠤ ᠣᠷᠣᠭᠤᠯᠤᠨ ᠬᠡᠷᠡᠭᠯᠡᠵᠦ ᠪᠣᠯᠬᠤ ᠦᠭᠡᠶ᠃  ᠲᠠᠪᠤ᠂ ᠲᠤᠰ ᠵᠥᠪᠰᠢᠶᠡᠷᠡᠯ ᠤᠨ ᠪᠢᠴᠢᠭ ᠮᠠᠲ᠋ᠧᠷᠢᠶᠠᠯ ᠢ ᠵᠥᠪᠰᠢᠶᠡᠷᠡᠭᠰᠡᠨ ᠡᠳᠦᠷ ᠠᠴᠠ ᠡᠬᠢᠯᠡᠨ ᠬᠦᠴᠦᠨ ᠪᠦᠬᠦᠢ ᠬᠤᠭᠤᠴᠠᠭ᠎ᠠ ᠨᠢ 3 ᠵᠢᠯ ᠪᠣᠯᠤᠨ᠎ᠠ᠃ ᠵᠥᠪᠰᠢᠶᠡᠷᠡᠭᠰᠡᠨ ᠪᠢᠴᠢᠭ ᠮᠠᠲ᠋ᠧᠷᠢᠶᠠᠯ ᠤᠨ ᠬᠦᠴᠦᠨ ᠲᠠᠢ ᠬᠤᠭᠤᠴᠠᠭᠠᠨ ᠳᠣᠲᠣᠷ᠎ᠠ ᠠᠵᠢᠯ ᠡᠬᠢᠯᠡᠭᠦᠯᠦᠨ ᠪᠦᠲᠦᠭᠡᠨ ᠪᠠᠶᠢᠭᠤᠯᠤᠭᠰᠠᠨ ᠦᠭᠡᠶ ᠪᠣᠯ ᠦᠢᠯᠡᠳᠪᠦᠷᠢᠯᠡᠵᠦ ᠪᠦᠲᠦᠭᠡᠨ ᠪᠠᠶᠢᠭᠤᠯᠬᠤ ᠨᠢᠭᠡᠴᠢ ᠨᠢ ᠵᠥᠪᠰᠢᠶᠡᠷᠡᠭᠰᠡᠨ ᠪᠢᠴᠢᠭ ᠮᠠᠲ᠋ᠧᠷᠢᠶᠠᠯ ᠤᠨ ᠬᠦᠴᠦᠨ ᠲᠠᠢ ᠬᠤᠭᠤᠴᠠᠭ᠎ᠠ ᠨᠢ ᠳᠦᠭᠦᠷᠬᠦ ᠠᠴᠠ 30 ᠠᠵᠢᠯᠯᠠᠬᠤ ᠡᠳᠦᠷ ᠤᠨ ᠡᠮᠦᠨ᠎ᠡ ᠮᠠᠨ ᠤ ᠲᠢᠩᠬᠢᠮ ᠳᠤ ᠳᠠᠬᠢᠨ ᠬᠢᠨᠠᠭᠤᠯᠬᠤ ᠪᠠᠷ ᠭᠤᠶᠤᠴᠢᠯᠠᠬᠤ ᠬᠡᠷᠡᠭᠲᠡᠶ᠃ ᠲᠦᠰᠦᠯ ᠢ ᠵᠥᠪᠰᠢᠶᠡᠷᠡᠭᠰᠡᠨ ᠪᠢᠴᠢᠭ ᠮᠠᠲ᠋ᠧᠷᠢᠶᠠᠯ ᠤᠨ ᠬᠦᠴᠦᠨ ᠲᠠᠢ ᠬᠤᠭᠤᠴᠠᠭᠠᠨ ᠳᠣᠲᠣᠷ᠎ᠠ ᠠᠵᠢᠯ ᠡᠬᠢᠯᠡᠭᠦᠯᠦᠨ ᠪᠦᠲᠦᠭᠡᠨ ᠪᠠᠶᠢᠭᠤᠯᠤᠭᠰᠠᠨ ᠦᠭᠡᠶ ᠮᠥᠷᠲᠡᠭᠡᠨ ᠳᠠᠬᠢᠵᠤ ᠬᠢᠨᠠᠨ ᠬᠠᠷᠭᠤᠭᠤᠯᠬᠤ ᠪᠠᠷ ᠭᠤᠶᠤᠴᠢᠯᠠᠭᠰᠠᠨ ᠦᠭᠡᠶ ᠪᠤᠶᠤ ᠭᠤᠶᠤᠴᠢᠯᠠᠯ ᠢ ᠳᠠᠬᠢᠵᠤ ᠬᠢᠨᠠᠨ ᠬᠠᠷᠭᠤᠭᠤᠯᠬᠤ ᠪᠠᠷ ᠳᠤᠷᠠᠳᠤᠭᠰᠠᠨ ᠪᠣᠯᠪᠠᠴᠤ ᠵᠥᠪᠰᠢᠶᠡᠷᠡᠭᠳᠡᠭᠰᠡᠨ ᠦᠭᠡᠶ ᠪᠣᠯ᠂ ᠲᠤᠰ ᠵᠥᠪᠰᠢᠶᠡᠷᠡᠭᠰᠡᠨ ᠪᠢᠴᠢᠭ ᠮᠠᠲ᠋ᠧᠷᠢᠶᠠᠯ ᠨᠢ ᠠᠶᠠᠨᠳᠠᠭᠠᠨ ᠬᠦᠴᠦᠨ ᠦᠭᠡᠶ ᠪᠣᠯᠤᠨ᠎ᠠ᠃    2024 ᠣᠨ ᠤ 6 ᠳ᠋ᠤᠭᠠᠷ ᠰᠠᠷ᠎ᠠ ᠶᠢᠨ 28᠎ ᠤ ᠡᠳᠦᠷ    ᠳᠠᠭᠠᠯᠳᠤᠭᠤᠯᠤᠯ᠄  ᠪᠤᠷᠬᠠᠨᠲᠤ ᠶᠢᠨ 500 ᠺᠢᠯᠤᠸᠤᠯᠲ ᠤᠨ ᠴᠠᠬᠢᠯᠭᠠᠨ ᠬᠦᠷᠭᠡᠬᠦ ᠬᠤᠪᠢᠰᠬᠠᠭᠤᠷ ᠤᠨ ᠢᠨᠵᠧᠨᠧᠷᠢᠩ ᠤᠨ ᠤᠰᠤ ᠰᠢᠷᠤᠢ ᠶᠢ ᠬᠠᠮᠠᠭᠠᠯᠠᠬᠤ ᠲᠦᠰᠦᠯ ᠤᠨ ᠮᠡᠳᠡᠭᠦᠯᠦᠯᠲᠡ ᠶᠢᠨ ᠪᠢᠴᠢᠭ ︵ᠮᠡᠳᠡᠭᠦᠯᠦᠨ ᠵᠦᠪᠰᠢᠶᠡᠷᠡᠭᠦᠯᠬᠦ ᠨᠤᠤᠷᠠᠭ︶ ︵ᠮᠡᠳᠡᠭᠦᠯᠦᠯᠲᠡ PDF ᠬᠡᠪᠯᠡᠯ︶ .pdf   ︽ᠪᠤᠷᠬᠠᠨᠲᠤ ᠶᠢᠨ 500 ᠺᠢᠯᠤᠸᠤᠯᠲ ᠤᠨ ᠴᠠᠬᠢᠯᠭᠠᠨ ᠬᠦᠷᠭᠡᠬᠦ ᠬᠤᠪᠢᠰᠬᠠᠭᠤᠷ ᠤᠨ ᠢᠨᠵᠧᠨᠧᠷᠢᠩ ᠤᠨ ᠤᠰᠤ ᠰᠢᠷᠤᠢ ᠶᠢ ᠬᠠᠮᠠᠭᠠᠯᠠᠬᠤ ᠲᠦᠰᠦᠯ ᠤᠨ ᠮᠡᠳᠡᠭᠦᠯᠦᠯᠲᠡ ᠶᠢᠨ ᠪᠢᠴᠢᠭ︾᠎ ᠤᠨ ᠮᠡᠷᠭᠡᠵᠢᠯ ᠤᠨ ᠬᠢᠨᠠᠨ ᠪᠠᠶᠢᠴᠠᠭᠠᠯᠲᠠ ᠶᠢᠨ ᠰᠠᠨᠠᠯ ᠢ ᠮᠡᠳᠡᠭᠦᠯᠦᠨ ᠬᠦᠷᠭᠡᠬᠦ ᠲᠤᠬᠠᠢ ᠥᠪᠥᠷ ᠮᠣᠩᠭᠤᠯ ᠤᠨ ᠤᠰᠤᠨ ᠠᠰᠢᠭᠯᠠᠯᠲᠠ ᠶᠢᠨ ᠲᠦᠪ ᠤᠨ ᠮᠡᠷᠭᠡᠵᠢᠯ ᠤᠨ ᠬᠢᠨᠠᠨ ᠵᠦᠪᠰᠢᠶᠡᠷᠡᠬᠦ ﹇2024﹈ 213 ᠳ᠋ᠤᠭᠠᠷ ᠲᠣᠭᠠᠲᠤ .pdf

 

 

 
ᠢᠷᠡᠯᠲᠡ᠄ ᠦᠪᠡᠷᠳᠡᠭᠡᠨ ᠵᠠᠰᠠᠬᠤ ᠤᠷᠤᠨ ᠤ ᠤᠰᠤᠨ ᠠᠰᠢᠬᠯᠠᠯᠳᠠ ᠶᠢᠨ ᠲᠢᠩᠬᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号