ᠰᠢᠨᠬᠤᠸᠠ ᠬᠤᠷᠢᠶ᠎ᠠ᠄ ᠦᠶᠡᠷ ᠢ ᠰᠡᠷᠭᠡᠶᠢᠯᠡᠵᠦ ᠦᠶᠡᠷ ᠲᠠᠢ ᠲᠡᠮᠡᠴᠡᠬᠦ ᠳᠤ ᠠᠩᠬᠠᠷᠤᠯ ᠢᠶᠠᠨ ᠲᠦᠪᠯᠡᠷᠡᠭᠦᠯᠵᠦ — ᠤᠰᠤᠨ ᠠᠰᠢᠭᠯᠠᠯᠲᠠ ᠶᠢᠨ ᠶᠠᠮᠤᠨ ᠲᠠᠪᠤᠨ ᠵᠦᠢᠯ ᠤᠨ ᠠᠷᠭ᠎ᠠ ᠬᠡᠮᠵᠢᠶ᠎ᠡ ᠠᠪᠴᠤ ᠵᠢᠤᠸᠠᠨ ᠱᠦᠢ ᠶᠢᠨ ᠬᠠᠰᠢᠯᠭ᠎ᠠ ᠶᠢᠨ ᠲᠦᠭᠰᠢᠭᠦᠷᠢᠲᠦ ᠪᠠᠶᠢᠳᠠᠯ ᠢ ᠰᠢᠢᠳᠪᠦᠷᠢᠯᠡᠬᠦ ᠳᠤ ᠬᠠᠮᠵᠢᠯᠴᠠᠨ᠎ᠠ
ᠨᠡᠶᠢᠲᠡᠯᠡᠭᠰᠡᠨ ᠴᠠᠭ᠄
2024/8/1
  ᠰᠤᠷᠪᠤᠯᠵᠢᠯᠠᠭᠴᠢ 29 ᠤ ᠡᠳᠦᠷ ᠤᠰᠤᠨ ᠠᠰᠢᠭᠯᠠᠯᠲᠠ ᠶᠢᠨ ᠶᠠᠮᠤᠨ ᠠᠴᠠ ᠤᠶᠢᠯᠠᠭᠠᠵᠤ ᠮᠡᠳᠡᠭᠰᠡᠨ ᠨᠢ᠂ ᠰᠢᠶᠠᠩ ᠵᠢᠶᠠᠩ ᠨᠢᠭᠡᠳᠦᠭᠡᠷ ᠳᠡᠰ ᠤᠨ ᠰᠠᠯᠪᠤᠷᠢ ᠤᠷᠤᠰᠬᠠᠯ ᠤᠨ ᠵᠢᠤᠸᠠᠨ ᠱᠦᠢ ᠬᠤᠨᠠᠨ ᠤ ᠰᠢᠶᠠᠩ ᠲᠠᠨ ᠰᠢᠶᠠᠨ ᠤ ᠢ ᠭᠦ᠋ ᠡᠾᠧ ᠪᠠᠯᠭᠠᠰᠤᠨ ᠤ ᠰᠧ ᠰᠢᠨ ᠬᠠᠰᠢᠯᠭ᠎ᠠ ᠶᠢᠨ ᠲᠦᠭᠰᠢᠭᠦᠷᠢᠲᠦ ᠪᠠᠶᠢᠳᠠᠯ ᠭᠠᠷᠤᠭᠰᠠᠨ ᠤ ᠳᠠᠷᠠᠭ᠎ᠠ᠂ ᠤᠰᠤᠨ ᠠᠰᠢᠭᠯᠠᠯᠲᠠ ᠶᠢᠨ ᠶᠠᠮᠤᠨ ᠤᠰᠤᠨ ᠰᠢᠨᠵᠢᠯᠡᠭᠡᠨ ᠤ ᠬᠢᠨᠠᠨ ᠬᠡᠮᠵᠢᠯᠲᠡ ᠶᠢ ᠴᠢᠩᠭᠠᠳᠬᠠᠵᠤ᠂ ᠤᠰᠤᠨ ᠳᠡᠭᠡᠷᠡᠬᠢ ᠤᠰᠤᠨ ᠴᠥᠭᠦᠷᠥᠮ ᠵᠡᠷᠭᠡ ᠲᠠᠪᠤᠨ ᠵᠦᠢᠯ ᠤᠨ ᠠᠷᠭ᠎ᠠ ᠬᠡᠮᠵᠢᠶ᠎ᠡ ᠶᠢ ᠳᠠᠷᠤᠢ ᠲᠦᠷᠭᠡᠨ ᠬᠡᠷᠡᠭᠵᠢᠭᠦᠯᠵᠦ᠂ ᠠᠶᠤᠯ ᠤᠨ ᠪᠠᠶᠢᠳᠠᠯ ᠢ ᠰᠢᠢᠳᠪᠦᠷᠢᠯᠡᠬᠦ ᠠᠵᠢᠯ ᠢ ᠬᠠᠮᠵᠢᠨ ᠰᠠᠶᠢᠳᠤᠷ ᠬᠢᠵᠡᠢ᠃  ᠤᠰᠤᠨ ᠠᠰᠢᠭᠯᠠᠯᠲᠠ ᠶᠢᠨ ᠶᠠᠮᠤᠨ ᠤ ᠬᠡᠷᠡᠭᠵᠢᠭᠦᠯᠦᠭᠰᠡᠨ ᠲᠠᠪᠤᠨ ᠵᠦᠢᠯ ᠤᠨ ᠠᠷᠭ᠎ᠠ ᠬᠡᠮᠵᠢᠶ᠎ᠡ ᠪᠣᠯ ᠲᠣᠰ ᠲᠣᠰ᠄ ᠤᠰᠤ ᠵᠡᠷᠭᠡ ᠬᠤᠯᠪᠣᠭᠳᠠᠯ ᠪᠦᠬᠦᠢ ᠭᠤᠣᠯ ᠮᠥᠷᠡᠨ ᠢᠯᠠᠩᠭᠤᠶ᠎ᠠ ᠬᠠᠰᠢᠯᠭ᠎ᠠ ᠶᠢᠨ ᠡᠬᠢᠨ ᠤ ᠬᠡᠰᠡᠭ ᠤᠨ ᠤᠰᠤᠨ ᠰᠢᠨᠵᠢᠯᠡᠭᠡᠨ ᠤ ᠬᠢᠨᠠᠨ ᠬᠡᠮᠵᠢᠯᠲᠡ ᠶᠢ ᠴᠢᠩᠭᠠᠳᠬᠠᠵᠤ᠂ ᠤᠷᠢᠳᠴᠢᠯᠠᠨ ᠰᠡᠷᠡᠮᠵᠢᠯᠡᠭᠦᠯᠬᠦ ᠮᠡᠳᠡᠭᠡ ᠵᠠᠩᠭᠢ ᠶᠢ ᠴᠠᠭ ᠲᠤᠬᠠᠶ ᠳᠤᠨᠢ ᠨᠡᠶᠢᠲᠡᠯᠡᠵᠦ᠂ ᠲᠦᠭᠰᠢᠭᠦᠷᠢᠲᠦ ᠪᠠᠶᠢᠳᠠᠯ ᠢ ᠰᠢᠢᠳᠪᠦᠷᠢᠯᠡᠬᠦ ᠳᠤ ᠬᠦᠴᠦᠲᠡᠢ ᠲᠤᠯᠭᠠᠭᠤᠷᠢᠯᠠᠯ ᠬᠠᠩᠭᠠᠨ᠎ᠠ︔ ᠬᠤᠨᠠᠨ ᠮᠤᠵᠢ ᠶᠢᠨ ᠤᠰᠤᠨ ᠤ ᠳᠡᠭᠡᠳᠦ ᠤᠷᠤᠰᠬᠠᠯ ᠤᠨ ᠤᠰᠤᠨ ᠴᠥᠭᠦᠷᠥᠮ ᠢ ᠵᠢᠯᠣᠭᠤᠳᠤᠨ ᠠᠯᠢ ᠴᠢᠳᠠᠬᠤ ᠪᠠᠷ ᠤᠰᠤ ᠢᠷᠡᠭᠦᠯᠵᠦ᠂ ᠠᠶᠤᠯ ᠲᠦᠭᠰᠢᠭᠦᠷᠢ ᠶᠢ ᠰᠢᠢᠳᠪᠦᠷᠢᠯᠡᠬᠦ ᠳᠤ ᠠᠰᠢᠭᠲᠠᠢ ᠨᠥᠬᠦᠴᠡᠯ ᠢ ᠪᠦᠷᠢᠯᠳᠦᠭᠦᠯᠵᠦ ᠥᠭᠭᠦᠨ᠎ᠡ︔ ᠤᠰᠤᠨ ᠰᠢᠨᠵᠢᠯᠡᠭᠡᠨ ᠤ ᠬᠢᠨᠠᠨ ᠬᠡᠮᠵᠢᠯᠲᠡ ᠶᠢᠨ ᠤᠷᠢᠳᠴᠢᠯᠠᠨ ᠮᠡᠳᠡᠭᠡᠯᠡᠬᠦ ᠪᠠᠶᠢᠳᠠᠯ ᠢ ᠪᠠᠴᠢᠮ ᠠᠷᠭᠠᠴᠠᠬᠤ ᠬᠠᠮᠢᠶᠠᠷᠤᠯᠲᠠ ᠵᠡᠷᠭᠡ ᠰᠠᠯᠠᠭ᠎ᠠ ᠮᠥᠴᠢᠷ ᠲᠤ ᠴᠠᠭ ᠲᠤᠬᠠᠶ ᠳᠤᠨᠢ ᠮᠡᠳᠡᠭᠳᠡᠵᠦ᠂ ᠲᠦᠭᠰᠢᠭᠦᠷᠢᠲᠦ ᠪᠠᠶᠢᠳᠠᠯ ᠢ ᠰᠢᠢᠳᠪᠦᠷᠢᠯᠡᠬᠦ ᠠᠵᠢᠯ ᠢ ᠳᠡᠮᠵᠢᠪᠡ︔ ᠪᠠᠴᠢᠮ ᠶᠠᠭᠠᠷᠠᠯᠲᠠᠢ ᠠᠵᠢᠯᠯᠠᠬᠤ ᠳᠤᠭᠤᠶᠢᠯᠠᠩ ᠲᠣᠮᠢᠯᠠᠨ ᠲᠤᠬᠠᠶ ᠶᠢᠨ ᠲᠠᠯᠠᠪᠤᠷ ᠲᠤ ᠣᠴᠢᠭᠤᠯᠵᠤ ᠠᠶᠤᠯ ᠲᠦᠭᠰᠢᠭᠦᠷᠢ ᠶᠢ ᠰᠢᠢᠳᠪᠦᠷᠢᠯᠡᠬᠦ ᠠᠵᠢᠯ ᠢ ᠰᠠᠶᠢᠲᠤᠷ ᠬᠢᠬᠦ       ᠬᠡᠷᠡᠭᠲᠡᠶ︔ ᠬᠤᠨᠠᠨ ᠮᠤᠵᠢ ᠶᠢᠨ ᠤᠰᠤᠨ ᠠᠰᠢᠭᠯᠠᠯᠲᠠ ᠶᠢᠨ ᠲᠢᠩᠬᠢᠮ ᠢᠶᠠᠷ ᠰᠢᠷᠦᠭᠦᠨ ᠪᠣᠷᠣᠭᠠᠨ ᠤ ᠣᠷᠣᠨ ᠤ ᠤᠰᠤᠨ ᠴᠥᠭᠦᠷᠥᠮ᠂ ᠬᠠᠰᠢᠯᠭ᠎ᠠ ᠶᠢᠨ ᠰᠡᠷᠭᠡᠶᠢᠯᠡᠯᠲᠡ ᠵᠡᠷᠭᠡ ᠢᠨᠵᠧᠨᠧᠷᠢᠩ ᠤᠨ ᠲᠦᠭᠰᠢᠭᠦᠷᠢᠲᠦ ᠪᠠᠶᠢᠳᠠᠯ ᠢ ᠪᠦᠬᠦ ᠲᠠᠯ᠎ᠠ ᠪᠠᠷ ᠵᠢᠭᠰᠠᠭᠠᠨ ᠪᠠᠶᠢᠴᠠᠭᠠᠵᠤ᠂ ᠲᠣᠭᠤᠷᠢᠨ ᠪᠠᠶᠢᠴᠠᠭᠠᠵᠤ ᠰᠡᠷᠭᠡᠶᠢᠯᠡᠬᠦ᠂ ᠲᠦᠭᠰᠢᠭᠦᠷᠢᠲᠦ ᠪᠠᠶᠢᠳᠠᠯ ᠢ ᠵᠠᠪᠳᠤᠨ ᠬᠠᠮᠠᠭᠠᠯᠠᠬᠤ ᠪᠠ ᠬᠥᠮᠦᠰ ᠢ ᠰᠢᠯᠵᠢᠭᠦᠯᠦᠨ ᠲᠥᠪᠬᠢᠨᠡᠭᠦᠯᠬᠦ ᠠᠵᠢᠯ ᠢ ᠴᠢᠩᠭᠠᠳᠬᠠᠨ᠎ᠠ᠃  ᠠᠭᠠᠳᠠᠷ ᠪᠣᠷᠣᠭᠠᠨ ᠤ ᠨᠥᠯᠥᠭᠡ ᠪᠠᠷ᠂ ᠰᠢᠶᠠᠩ ᠵᠢᠶᠠᠩ ᠨᠢᠭᠡᠳᠦᠭᠡᠷ ᠳᠡᠰ ᠤᠨ ᠰᠠᠯᠪᠤᠷᠢ ᠤᠷᠤᠰᠬᠠᠯ ᠤᠨ ᠵᠢᠤᠸᠠᠨ ᠱᠦᠢ ᠳᠤ 1972 ᠣᠨ ᠳᠤ ᠪᠣᠳᠠᠲᠠᠢ ᠬᠡᠮᠵᠢᠭᠰᠡᠨ ᠮᠠᠲ᠋ᠧᠷᠢᠶᠠᠯ ᠲᠠᠢ ᠪᠣᠯᠤᠭᠰᠠᠨ ᠠᠴᠠ ᠨᠠᠰᠢᠬᠢ ᠬᠠᠮᠤᠭ ᠤᠨ ᠶᠡᠭᠡ ᠦᠶᠡᠷ ᠪᠣᠯᠵᠤ᠂ ᠬᠤᠨᠠᠨ ᠤ ᠰᠢᠶᠠᠩ ᠲᠠᠨ ᠰᠢᠶᠠᠨ ᠤ ᠢ ᠭᠦ᠋ ᠡᠾᠧ ᠪᠠᠯᠭᠠᠰᠤᠨ ᠤ ᠭᠦᠸᠧ ᠵᠢᠶᠠ ᠴᠢᠶᠣᠤ ᠰᠢᠨ ᠳᠠᠩ ᠲᠤᠰᠬᠤᠨ ᠤ ᠵᠢᠤᠸᠠᠨ ᠱᠦᠢ ᠰᠧ ᠰᠢᠨ ᠬᠠᠰᠢᠯᠭ᠎ᠠ ᠶᠢᠨ ᠬᠡᠰᠡᠭ ᠲᠤ 7 ᠳ᠋ᠤᠭᠠᠷ ᠰᠠᠷ᠎ᠠ ᠶᠢᠨ 28 ᠤ ᠡᠳᠦᠷ ᠤᠨ ᠣᠷᠣᠢ ᠬᠠᠰᠢᠯᠭ᠎ᠠ ᠶᠢᠨ ᠲᠦᠭᠰᠢᠭᠦᠷᠢᠲᠦ ᠪᠠᠶᠢᠳᠠᠯ ᠢᠯᠡᠷᠡᠵᠡᠢ᠃  ᠤᠰᠤᠨ ᠠᠰᠢᠭᠯᠠᠯᠲᠠ ᠶᠢᠨ ᠶᠠᠮᠤᠨ ᠤ ᠬᠠᠮᠢᠶ᠎ᠠ ᠪᠦᠬᠦᠢ ᠬᠠᠷᠢᠭᠤᠴᠠᠯᠭᠠᠲᠠᠨ ᠢᠯᠡᠷᠬᠡᠶᠢᠯᠡᠬᠦ ᠳᠡᠭᠡᠨ᠂ ᠤᠰᠤᠨ ᠠᠰᠢᠭᠯᠠᠯᠲᠠ ᠶᠢᠨ ᠶᠠᠮᠤᠨ ᠬᠤᠨᠠᠨ ᠵᠡᠷᠭᠡ ᠭᠠᠵᠠᠷ ᠤᠨ ᠪᠣᠷᠣᠭᠠᠨ ᠤ ᠪᠠᠶᠢᠳᠠᠯ᠂ ᠤᠰᠤᠨ ᠤ ᠪᠠᠶᠢᠳᠠᠯ᠂ ᠦᠶᠡᠷ ᠤᠨ ᠪᠠᠶᠢᠳᠠᠯ᠂ ᠲᠦᠭᠰᠢᠭᠦᠷᠢᠲᠦ ᠪᠠᠶᠢᠳᠠᠯ ᠢ ᠨᠢᠭᠲᠠ ᠠᠩᠬᠠᠷᠴᠤ᠂ ᠵᠠᠳᠠᠯᠤᠨ ᠰᠤᠳᠤᠯᠵᠤ ᠮᠠᠭᠠᠳᠯᠠᠬᠤ ᠪᠠᠨ ᠴᠢᠩᠭᠠᠳᠬᠠᠵᠤ᠂ ᠠᠶᠤᠯ ᠲᠦᠭᠰᠢᠭᠦᠷᠢ ᠶᠢᠨ ᠳᠠᠯᠳᠠ ᠬᠡᠮ ᠢ ᠪᠥᠬᠦ ᠲᠠᠯ᠎ᠠ ᠪᠠᠷ ᠵᠢᠭᠰᠠᠭᠠᠨ ᠪᠠᠶᠢᠴᠠᠭᠠᠵᠤ ᠠᠷᠢᠯᠭᠠᠨ᠂ ᠰᠢᠷᠦᠭᠦᠨ ᠪᠣᠷᠣᠭᠠᠨ ᠦᠶᠡᠷ ᠢ ᠰᠡᠷᠭᠡᠶᠢᠯᠡᠨ ᠠᠷᠭᠠᠴᠠᠬᠤ ᠡᠯ᠎ᠡ ᠵᠦᠢᠯ ᠤᠨ ᠠᠷᠭ᠎ᠠ ᠬᠡᠮᠵᠢᠶ᠎ᠡ ᠶᠢ       ᠨᠠᠶᠢᠳᠠᠪᠤᠷᠢᠵᠢᠭᠤᠯᠵᠤ᠂ ᠠᠷᠠᠳ ᠣᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠪᠥᠬᠦ ᠬᠦᠴᠦᠨ ᠢᠶᠠᠷ ᠢᠶᠠᠨ ᠪᠠᠲᠤᠯᠠᠨ᠎ᠠ ᠭᠡᠵᠡᠶ᠃ 
 
ᠢᠷᠡᠯᠲᠡ᠄ ᠰᠢᠨᠬᠤᠸᠠ ᠬᠤᠷᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号