ᠥᠪᠥᠷ ᠮᠣᠩᠭᠤᠯ ᠤᠰᠤᠨ ᠤ ᠡᠷᠬᠡ ᠶᠢ ᠰᠢᠯᠵᠢᠭᠦᠯᠦᠨ ᠥᠭᠴᠦ 10 ᠵᠢᠯ ᠳᠤ 260 ᠭᠠᠷᠤᠶ ᠠᠵᠤ ᠦᠢᠯᠡᠳᠪᠦᠷᠢ ᠶᠢᠨ ᠲᠦᠰᠦᠯ ᠤᠨ ᠤᠰᠤ ᠬᠡᠷᠡᠭᠯᠡᠬᠦ ᠠᠰᠠᠭᠤᠳᠠᠯ ᠢ ᠰᠢᠢᠳᠪᠦᠷᠢᠯᠡᠪᠡ
ᠨᠡᠶᠢᠲᠡᠯᠡᠭᠰᠡᠨ ᠴᠠᠭ᠄
2024/8/13
  ︽ᠤᠰᠤᠨ ᠤ ᠡᠷᠬᠡ ᠶᠢ ᠰᠢᠯᠵᠢᠭᠦᠯᠦᠨ ᠥᠭᠬᠦ ᠠᠴᠠ ᠡᠮᠦᠨᠡᠬᠢ ᠲᠠᠢ ᠬᠠᠷᠢᠴᠠᠭᠤᠯᠪᠠᠯ᠂ ᠥᠪᠥᠷ ᠮᠣᠩᠭᠤᠯ ᠤᠨ ᠤᠰᠤᠨ ᠤ ᠡᠷᠬᠡ ᠶᠢ ᠰᠢᠯᠵᠢᠭᠦᠯᠦᠨ ᠥᠭᠭᠦᠭᠰᠡᠨ 6 ᠤᠰᠤᠯᠠᠯᠲᠠ ᠶᠢᠨ ᠣᠷᠣᠨ ᠤ ᠵᠢᠯ ᠤᠨ ᠪᠣᠳᠠᠲᠠᠶ ᠬᠡᠷᠡᠭᠯᠡᠬᠦ ᠤᠰᠤᠨ ᠤ ᠬᠡᠮᠵᠢᠶ᠎ᠡ 7.73 ᠳ᠋ᠦᠩᠰᠢᠭᠤᠷ ᠪᠣᠰᠤᠭ᠎ᠠ ᠳᠥᠷᠪᠡᠯᠵᠢᠨ ᠮᠧᠲᠷ ᠪᠠᠭᠠᠰᠴᠤ᠂ ᠤᠰᠤ ᠬᠡᠷᠡᠭᠯᠡᠬᠦ ᠠᠰᠢᠭᠯᠠᠮᠵᠢ ᠶᠢ ᠬᠠᠮᠤᠭ ᠤᠨ ᠥᠨᠳᠥᠷ ᠲᠤ ᠪᠠᠨ 117%᠎ ᠪᠠᠷ ᠳᠡᠭᠡᠭᠰᠢᠯᠡᠭᠦᠯᠪᠡ ︾᠃ 8 ᠳ᠋ᠤᠭᠠᠷ ᠰᠠᠷ᠎ᠠ ᠶᠢᠨ 7᠎ ᠤ ᠡᠳᠦᠷ᠂ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ ᠤᠨ ᠤᠰᠤᠨ ᠤ ᠡᠬᠢ ᠪᠠᠶᠠᠯᠢᠭ ᠤᠨ ᠬᠠᠮᠢᠶᠠᠷᠤᠯᠲᠠ ᠶᠢᠨ ᠭᠠᠵᠠᠷ ᠤᠨ ᠳᠠᠷᠤᠭ᠎ᠠ ᠾᠧ ᠸᠧᠨ ᠬᠤᠸᠠ ᠰᠤᠷᠪᠤᠯᠵᠢᠯᠠᠭᠴᠢ ᠶᠢᠨ ᠰᠤᠷᠪᠤᠯᠵᠢᠯᠠᠭ᠎ᠠ ᠶᠢ ᠬᠦᠯᠢᠶᠡᠬᠦ ᠳᠡᠭᠡᠨ᠂ ᠤᠰᠤᠨ ᠤ ᠡᠷᠬᠡ ᠶᠢ ᠰᠢᠯᠵᠢᠭᠦᠯᠦᠨ ᠥᠭᠬᠦ ᠶᠢ ᠬᠡᠷᠡᠭᠵᠢᠭᠦᠯᠵᠦ ᠬᠠᠲᠤᠨ ᠭᠤᠤᠯ ᠳᠠᠭᠠᠤ ᠶᠢᠨ ᠡᠯ᠎ᠡ ᠠᠶᠢᠮᠠᠭ ᠬᠤᠲᠠ ᠶᠢᠨ ︽ᠤᠰᠤ ᠪᠠᠷ ᠳᠥᠷᠪᠡ ᠶᠢ ᠲᠣᠭᠲᠠᠭᠠᠬᠤ︾᠎ ᠶᠢ ᠴᠢᠩᠭ᠎ᠠ ᠨᠠᠶᠢᠳᠠᠪᠤᠷᠢᠵᠢᠭᠤᠯᠵᠤ᠂ ᠬᠠᠲᠤᠨ ᠭᠤᠤᠯ ᠤᠨ ᠰᠠᠪᠠ ᠭᠠᠵᠠᠷ ᠤᠨ ᠤᠰᠤᠨ ᠤ ᠡᠬᠢ ᠪᠠᠶᠠᠯᠢᠭ ᠢ ᠰᠢᠯᠢᠳᠡᠭᠵᠢᠭᠦᠯᠦᠨ ᠲᠣᠬᠢᠷᠠᠭᠤᠯᠬᠤ ᠶᠢ ᠠᠬᠢᠭᠤᠯᠵᠤ᠂ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠶᠢ ᠪᠠᠲᠤᠯᠠᠬᠤ ᠳᠤ ᠴᠢᠬᠤᠯᠠ ᠦᠢᠯᠡᠳᠦᠯ ᠦᠵᠡᠭᠦᠯᠪᠡ᠃  ᠤᠰᠤᠨ ᠤ ᠡᠷᠬᠡ ᠪᠣᠯ ᠤᠰᠤᠨ ᠤ ᠡᠬᠢ ᠪᠠᠶᠠᠯᠢᠭ ᠤᠨ ᠥᠮᠴᠢᠯᠡᠬᠦ ᠡᠷᠬᠡ ᠪᠠ ᠬᠡᠷᠡᠭᠯᠡᠬᠦ ᠡᠷᠬᠡ ᠪᠣᠯᠤᠨ᠎ᠠ᠃ ᠮᠠᠨ ᠤ ᠤᠯᠤᠰ ᠲᠤ᠂ ᠤᠰᠤᠨ ᠤ ᠡᠬᠢ ᠪᠠᠶᠠᠯᠢᠭ ᠤᠨ ᠥᠮᠴᠢᠯᠡᠬᠦ ᠡᠷᠬᠡ ᠨᠢ ᠤᠯᠤᠰ ᠲᠤ ᠥᠮᠴᠢᠯᠡᠭᠳᠡᠨ᠎ᠡ᠂ ᠡᠶᠢᠮᠦ ᠠᠴᠠ ᠶᠡᠷᠦᠳᠡᠭᠡᠨ ᠠᠴᠢ ᠬᠤᠯᠪᠣᠭᠳᠠᠯ ᠪᠦᠬᠦᠢ ᠤᠰᠤᠨ ᠤ ᠡᠷᠬᠡ ᠲᠤᠬᠠᠶᠢᠯᠠᠪᠠᠯ ᠤᠰᠤᠨ ᠤ ᠡᠬᠢ ᠪᠠᠶᠠᠯᠢᠭ ᠢ ᠬᠡᠷᠡᠭᠯᠡᠬᠦ ᠡᠷᠬᠡ᠂ ᠤᠰᠤᠨ ᠤ ᠡᠬᠢ ᠪᠠᠶᠠᠯᠢᠭ ᠢ ᠬᠡᠷᠡᠭᠯᠡᠭᠴᠢ ᠠᠴᠠ ᠬᠠᠤᠯᠢ ᠴᠠᠭᠠᠵᠠ ᠳᠤ ᠲᠣᠭᠲᠠᠭᠠᠭᠰᠠᠨ ᠬᠡᠪᠴᠢᠶᠡᠨ ᠳᠣᠲᠣᠷ᠎ᠠ ᠬᠡᠷᠡᠭᠯᠡᠵᠦ ᠪᠠᠶᠢᠭ᠎ᠠ ᠤᠰᠤᠨ ᠤ ᠡᠬᠢ ᠪᠠᠶᠠᠯᠢᠭ ᠢ ᠡᠵᠡᠯᠡᠬᠦ᠂ ᠬᠡᠷᠡᠭᠯᠡᠬᠦ᠂ ᠠᠰᠢᠭ ᠬᠦᠷᠲᠡᠬᠦ ᠪᠠ ᠬᠠᠤᠯᠢ ᠶᠣᠰᠣᠭᠠᠷ ᠰᠢᠢᠳᠪᠦᠷᠢᠯᠡᠬᠦ ᠡᠷᠬᠡ ᠶᠢ ᠵᠢᠭᠠᠵᠤ ᠪᠤᠶ᠃ ᠤᠰᠤᠨ ᠤ ᠡᠷᠬᠡ ᠶᠢ ᠰᠢᠯᠵᠢᠭᠦᠯᠦᠨ ᠥᠭᠬᠦ ᠪᠣᠯ ᠤᠰᠤᠨ ᠤ ᠡᠬᠢ ᠪᠠᠶᠠᠯᠢᠭ ᠤᠨ ᠶᠡᠷᠦᠩᠬᠡᠶ ᠬᠡᠮᠵᠢᠶ᠎ᠡ ᠶᠢᠨ ᠬᠠᠲᠠᠭᠤ ᠬᠢᠵᠠᠭᠠᠷᠯᠠᠯ ᠳᠣᠣᠷ᠎ᠠ᠂ ᠠᠷᠪᠢᠯᠠᠭᠰᠠᠨ ᠤᠰᠤᠨ ᠤ ᠡᠬᠢ ᠪᠠᠶᠠᠯᠢᠭ ᠢ ᠰᠢᠯᠵᠢᠭᠦᠯᠦᠨ ᠥᠭᠬᠦ ᠪᠠᠷ ᠳᠠᠮᠵᠢᠭᠤᠯᠤᠨ ᠡᠷᠭᠢᠯᠳᠦᠭᠦᠯᠬᠦ᠂ ᠠᠮᠢᠳᠤᠯᠢᠭᠵᠢᠭᠤᠯᠬᠤ ᠶᠢ ᠪᠡᠶᠡᠯᠡᠭᠦᠯᠬᠦ ᠶᠢᠨ ᠬᠠᠮᠲᠤ ᠦᠷ᠎ᠡ ᠠᠰᠢᠭ ᠢ ᠨᠡᠮᠡᠭᠳᠡᠭᠦᠯᠬᠦ ᠪᠠᠷ ᠵᠣᠷᠢᠯᠭ᠎ᠠ ᠪᠣᠯᠭᠠᠵᠤ᠂ ᠤᠰᠤᠨ ᠤ ᠡᠬᠢ ᠪᠠᠶᠠᠯᠢᠭ ᠤᠨ ᠠᠰᠢᠭᠯᠠᠯᠲᠠ ᠶᠢᠨ ᠨᠣᠷᠮ᠎ᠠ ᠪᠣᠯᠤᠨ ᠦᠷ᠎ᠡ ᠠᠰᠢᠭ ᠤᠨ ᠳᠡᠭᠡᠭᠰᠢᠯᠡᠯᠲᠡ ᠶᠢ ᠪᠡᠶᠡᠯᠡᠭᠦᠯᠬᠦ ᠪᠠᠷ ᠵᠣᠷᠢᠯᠭ᠎ᠠ ᠪᠣᠯᠭᠠᠵᠤ᠂ ᠳᠠᠷᠤᠢ ᠤᠰᠤ ᠬᠡᠷᠡᠭᠯᠡᠬᠦ ᠶᠡᠷᠦᠩᠬᠡᠢ ᠬᠡᠮᠵᠢᠶ᠎ᠡ ᠶᠢ ᠬᠤᠪᠢᠷᠠᠭᠤᠯᠬᠤ ᠦᠭᠡᠢ ᠪᠠᠶᠢᠬᠤ ᠤᠷᠢᠲᠠᠯ ᠳᠣᠣᠷ᠎ᠠ᠂ ᠠᠷᠪᠢᠯᠠᠭᠰᠠᠨ ᠤᠰᠤ ᠶᠢ ᠥᠭᠡᠷ᠎ᠡ ᠭᠠᠵᠠᠷ ᠲᠤ ᠬᠡᠷᠡᠭᠯᠡᠵᠦ᠂ ︽ᠬᠤᠯᠠ ᠶᠢᠨ ᠤᠰᠤ︾᠎ ᠨᠢ ︽ᠤᠶᠢᠷ᠎ᠠ ᠶᠢᠨ ᠤᠮᠳᠠ︾᠎ ᠶᠢ ᠲᠠᠶᠢᠯᠬᠤ ᠬᠠᠷᠠᠯᠲᠠ ᠪᠣᠯᠤᠨ᠎ᠠ᠃  ᠬᠠᠲᠤᠨ ᠭᠤᠤᠯ ᠥᠪᠥᠷ ᠮᠣᠩᠭᠤᠯ ᠤᠨ 7 ᠠᠶᠢᠮᠠᠭ ᠬᠤᠲᠠ ᠪᠠᠷ ᠤᠷᠤᠰᠤᠨ ᠦᠩᠭᠡᠷᠡᠨ᠎ᠡ᠂ ᠭᠡᠪᠡᠴᠦ ᠥᠪᠥᠷ ᠮᠣᠩᠭᠤᠯ ᠤᠨ ᠬᠠᠲᠤᠨ ᠭᠤᠤᠯ ᠤᠨ ᠰᠠᠪᠠ ᠭᠠᠵᠠᠷ ᠤᠨ ᠤᠰᠤᠨ ᠤ ᠡᠬᠢ ᠪᠠᠶᠠᠯᠢᠭ ᠳᠤᠲᠠᠭᠳᠠᠵᠤ ᠪᠠᠶᠢᠨ᠎ᠠ᠃ 2003 ᠣᠨ ᠠᠴᠠ ᠡᠬᠢᠯᠡᠨ᠂ ᠥᠪᠥᠷ ᠮᠣᠩᠭᠤᠯ ᠠᠶᠢᠮᠠᠭ ᠬᠤᠲᠠ ᠶᠢᠨ ᠳᠣᠲᠣᠷᠠᠬᠢ ᠤᠰᠤᠨ ᠤ ᠡᠷᠬᠡ ᠪᠠᠨ ᠰᠢᠯᠵᠢᠭᠦᠯᠦᠨ ᠥᠭᠬᠦ ᠠᠵᠢᠯ ᠢ ᠬᠠᠶᠢᠨ ᠰᠦᠪᠡᠭᠴᠢᠯᠡᠪᠡ᠃ 2014 ᠣᠨ ᠳᠤ᠂ ᠥᠪᠥᠷ ᠮᠣᠩᠭᠤᠯ ᠤᠰᠤᠨ ᠠᠰᠢᠭᠯᠠᠯᠲᠠ ᠶᠢᠨ ᠶᠠᠮᠤᠨ ᠠᠴᠠ ᠪᠦᠬᠦ ᠤᠯᠤᠰ ᠤᠨ ᠤᠰᠤᠨ ᠤ ᠡᠷᠬᠡ ᠶᠢ ᠰᠢᠯᠵᠢᠭᠦᠯᠦᠨ ᠥᠭᠬᠦ 7 ᠲᠤᠷᠰᠢᠯᠲᠠ ᠶᠢᠨ ᠴᠡᠭ ᠤᠨ ᠨᠢᠭᠡ ᠪᠠᠷ ᠵᠢᠭᠰᠠᠭᠠᠭᠳᠠᠵᠤ᠂ ᠲᠤᠷᠰᠢᠯᠲᠠ ᠶᠢᠨ ᠴᠡᠭ ᠤᠨ ᠭᠤᠤᠯ ᠠᠭᠤᠯᠭ᠎ᠠ ᠨᠢ ᠠᠶᠢᠮᠠᠭ ᠬᠤᠲᠠ ᠶᠢᠨ ᠬᠤᠭᠤᠷᠣᠨᠳᠣᠬᠢ ᠤᠰᠤᠨ ᠤ ᠡᠷᠬᠡ ᠶᠢ ᠰᠢᠯᠵᠢᠭᠦᠯᠦᠨ ᠥᠭᠬᠦ ᠪᠣᠯᠤᠨ᠎ᠠ᠃  ᠪᠦᠬᠦ ᠤᠯᠤᠰ ᠤᠨ ᠤᠰᠤᠨ ᠤ ᠡᠷᠬᠡ ᠶᠢ ᠰᠢᠯᠵᠢᠭᠦᠯᠦᠨ ᠥᠭᠬᠦ ᠲᠤᠷᠰᠢᠯᠲᠠ ᠪᠠ ᠠᠭᠤᠷ ᠠᠮᠢᠰᠬᠤᠯ ᠭᠠᠩ ᠬᠠᠭᠤᠷᠠᠶ᠂ ᠤᠰᠤᠨ ᠤ ᠡᠬᠢ ᠪᠠᠶᠠᠯᠢᠭ ᠬᠦᠨᠳᠦ ᠨᠣᠴᠢᠲᠠᠶ ᠳᠤᠲᠠᠭᠳᠠᠵᠤ ᠪᠠᠶᠢᠭ᠎ᠠ ᠡᠨᠧᠷᠭᠢ ᠶᠢᠨ ᠲᠣᠮᠣ ᠣᠷᠣᠨ ᠪᠣᠯᠤᠭᠰᠠᠨ ᠤ ᠬᠤᠪᠢ ᠳᠤ᠂ ᠥᠪᠥᠷ ᠮᠣᠩᠭᠤᠯ ᠣᠶᠢᠷ᠎ᠠ ᠶᠢᠨ ᠵᠢᠯ ᠤᠳ ᠲᠤ ᠤᠰᠤ ᠬᠡᠷᠡᠭᠯᠡᠬᠦ ᠡᠷᠬᠡ ᠶᠢᠨ ᠥᠭᠡᠷᠡᠴᠢᠯᠡᠯᠲᠡ ᠶᠢᠨ ᠠᠵᠢᠯ ᠢ ᠢᠳᠡᠪᠬᠢᠲᠡᠶ ᠠᠬᠢᠭᠤᠯᠵᠤ᠂ ᠤᠰᠤᠨ ᠤ ᠡᠬᠢ ᠪᠠᠶᠠᠯᠢᠭ ᠤᠨ ︽ᠥᠷᠲᠡᠭ ᠤᠨ ᠨᠡᠮᠡᠭᠳᠡᠯ ᠤᠨ ᠣᠷᠣᠨ ᠵᠠᠶ︾᠎ ᠶᠢ ᠢᠯᠡᠷᠡᠭᠦᠯᠪᠡ᠃ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠤᠰᠤ ᠲᠠᠲᠠᠵᠤ ᠬᠡᠷᠡᠭᠯᠡᠬᠦ ᠡᠷᠦᠬᠡ ᠶᠢᠨ ᠰᠤᠯᠠ ᠪᠠᠶᠢᠭ᠎ᠠ ᠤᠰᠤᠨ ᠤ ᠭᠦᠢᠴᠡᠳᠭᠡᠯ ᠲᠤᠭ᠎ᠠ ᠶᠢ ᠤᠶᠢᠯᠠᠭᠠᠨ ᠪᠠᠶᠢᠴᠠᠭᠠᠵᠤ ᠪᠠᠶᠢᠭ᠎ᠠ ᠪᠠᠶᠢᠳᠠᠯ ᠢ ᠦᠨᠳᠦᠰᠦᠯᠡᠨ᠂ ᠠᠵᠤ ᠠᠬᠤᠶᠢᠯᠠᠯ ᠤᠨ ᠤᠰᠤᠨ ᠤ ᠡᠷᠬᠡ ᠶᠢᠨ ᠠᠷᠠᠯᠵᠢᠶ᠎ᠠ ᠥᠷᠨᠢᠭᠦᠯᠬᠦ ᠶᠢ ᠵᠢᠯᠣᠭᠤᠳᠤᠨ ᠠᠬᠢᠭᠤᠯᠪᠠ︔ ᠤᠰᠤ ᠬᠡᠷᠡᠭᠯᠡᠬᠦ ᠡᠷᠬᠡ ᠶᠢᠨ ᠠᠷᠠᠯᠵᠢᠶᠠᠨ ᠤ ᠪᠦᠷᠢᠨ ᠲᠡᠭᠦᠯᠳᠡᠷ ᠲᠦᠷᠢᠮ ᠪᠠ ᠭᠤᠷᠪᠠᠨ ᠱᠠᠲᠤᠨ ᠤ ᠤᠰᠤᠨ ᠤ ᠡᠷᠬᠡ ᠶᠢᠨ ᠠᠷᠠᠯᠵᠢᠶᠠᠨ ᠤ ᠲᠠᠪᠴᠠᠩ ᠢ ᠪᠠᠶᠢᠭᠤᠯᠬᠤ ᠪᠠᠷ ᠳᠠᠮᠵᠢᠭᠤᠯᠤᠨ᠂ ᠪᠥᠬᠦ ᠣᠷᠣᠨ ᠤ ᠬᠡᠪᠴᠢᠶᠡᠨ ᠳᠣᠲᠣᠷᠠᠬᠢ ᠭᠠᠩ ᠬᠠᠭᠤᠷᠠᠶ ᠭᠠᠵᠠᠷ ᠣᠷᠣᠨ ᠤ ᠲᠠᠷᠢᠶᠠᠯᠠᠩ ᠤᠨ ᠤᠰᠤ ᠠᠷᠪᠢᠯᠠᠬᠤ ᠪᠠ ᠠᠵᠤ ᠠᠬᠤᠶ ᠨᠡᠶᠢᠭᠡᠮ ᠤᠨ ᠬᠥᠭᠵᠢᠯᠲᠡ ᠳᠤ ᠤᠰᠤ ᠬᠡᠷᠡᠭᠯᠡᠬᠦ ᠠᠰᠠᠭᠤᠳᠠᠯ ᠢ ᠠᠮᠵᠢᠯᠲᠠ ᠲᠠᠢ ᠪᠠᠷ ᠰᠢᠢᠳᠪᠦᠷᠢᠯᠡᠨ᠎ᠡ᠃  2023 ᠣᠨ ᠳᠤ᠂ ᠥᠪᠥᠷ ᠮᠣᠩᠭᠤᠯ ᠬᠠᠲᠤᠨ ᠭᠤᠤᠯ ᠤᠨ ᠭᠤᠤᠯ ᠤᠷᠤᠰᠬᠠᠯ ᠤᠨ ᠤᠰᠤᠨ ᠤ ᠡᠷᠬᠡ ᠶᠢᠨ ᠠᠶᠢᠮᠠᠭ ᠬᠤᠲᠠ ᠶᠢᠨ ᠬᠤᠭᠤᠷᠣᠨᠳᠣᠬᠢ ᠰᠢᠯᠵᠢᠭᠦᠯᠦᠨ ᠥᠭᠬᠦ ᠬᠤᠶᠠᠳᠤᠭᠠᠷ ᠬᠤᠭᠤᠴᠠᠭᠠᠨ ᠤ ᠢᠨᠵᠧᠨᠧᠷᠢᠩ ᠢ ᠡᠬᠢᠯᠡᠭᠦᠯᠵᠦ᠂ ᠶᠡᠷᠦᠩᠬᠡᠶ ᠪᠠᠯᠠ ᠣᠷᠣᠭᠤᠯᠤᠯᠲᠠ ᠨᠢ 23.13 ᠳ᠋ᠦᠩᠰᠢᠭᠤᠷ ᠲᠥᠭᠦᠷᠢᠭ ᠲᠤ ᠬᠦᠷᠴᠦ᠂ ᠭᠤᠤᠯᠳᠠᠭᠤ ᠪᠣᠷᠣᠲᠣᠬᠤᠶ ᠶᠢᠨ ᠤᠰᠤᠯᠠᠯᠲᠠ ᠶᠢᠨ ᠣᠷᠣᠨ ᠤ ᠳᠣᠲᠣᠷᠠᠬᠢ ᠹᠦ᠋ ᠰᠢᠩ ᠤᠰᠤᠯᠠᠯᠲᠠ ᠶᠢᠨ ᠣᠷᠣᠨ᠂ ᠴᠠᠩ ᠵᠢᠢ ᠤᠰᠤᠯᠠᠯᠲᠠ ᠶᠢᠨ ᠣᠷᠣᠨ᠂ ᠶᠡᠷᠦᠩᠬᠡᠶ ᠭᠤᠤᠯ ᠰᠤᠪᠠᠭ ᠤᠨ ᠭᠤᠷᠪᠠᠳᠤᠭᠠᠷ ᠬᠠᠭᠠᠯᠲᠠ ᠶᠢᠨ ᠳᠣᠤᠷᠠᠬᠢ ᠤᠷᠤᠰᠬᠠᠯ ᠤᠨ ᠬᠡᠰᠡᠭ ᠤᠨ 3 ᠰᠤᠪᠠᠭ ᠤᠨ ᠬᠡᠰᠡᠭ ᠲᠤ 124 ᠵᠤᠷᠪᠤᠰ ᠨᠡᠪᠴᠢᠬᠦ ᠶᠢ ᠰᠡᠷᠭᠡᠶᠢᠯᠡᠬᠦ ᠳᠤᠳᠤᠷ ᠥᠷᠥᠬᠦ ᠰᠤᠪᠠᠭ ᠢ ᠪᠥᠲᠥᠭᠡᠨ ᠪᠠᠶᠢᠭᠤᠯᠵᠤ᠂ ᠰᠤᠪᠠᠭ ᠤᠨ ᠣᠷᠳᠣ ᠨᠢ 550 ᠭᠠᠷᠤᠶ ᠺᠢᠯᠤᠮᠧᠲᠷ ᠪᠠᠶᠢᠵᠤ᠂ ᠢᠨᠵᠧᠨᠧᠷᠢᠩ ᠢ ᠬᠡᠷᠡᠭᠵᠢᠭᠦᠯᠦᠭᠰᠡᠨ ᠤ ᠳᠠᠷᠠᠭ᠎ᠠ ᠵᠢᠯ ᠪᠦᠷᠢ ᠰᠢᠯᠵᠢᠭᠦᠯᠦᠨ ᠥᠭᠭᠦᠭᠰᠡᠨ ᠤᠰᠤᠨ ᠤ ᠬᠡᠮᠵᠢᠶ᠎ᠡ ᠶᠢ 1.2 ᠳ᠋ᠦᠩᠰᠢᠭᠤᠷ ᠪᠣᠰᠤᠭ᠎ᠠ ᠳᠥᠷᠪᠡᠯᠵᠢᠨ ᠮᠧᠲᠷ ᠪᠡᠶᠡᠯᠡᠭᠦᠯᠵᠦ ᠪᠣᠯᠤᠨ᠎ᠠ᠃ ᠣᠳᠣᠬᠠᠨ ᠳᠤ᠂ ᠠᠩᠬᠠᠨ ᠤ ᠪᠦᠯᠦᠭ ᠤᠰᠤ ᠠᠷᠪᠢᠯᠠᠬᠤ ᠢᠨᠵᠧᠨᠧᠷᠢᠩ ᠨᠢᠭᠡᠨᠲᠡ ᠳᠠᠭᠤᠰᠪᠠ᠃ 2024 ᠣᠨ ᠳᠤ᠂ ᠥᠪᠥᠷ ᠮᠣᠩᠭᠤᠯ ᠤᠰᠤᠨ ᠤ ᠡᠷᠬᠡ ᠶᠢ ᠰᠢᠯᠵᠢᠭᠦᠯᠦᠨ ᠥᠭᠬᠦ ᠵᠠᠭᠪᠤᠷ ᠢᠶᠠᠷ ᠯᠠᠪᠯᠠᠯᠲᠠ ᠪᠣᠯᠭᠠᠨ ᠤᠷᠢᠳᠠᠪᠠᠷ 6000 ᠲᠦᠮᠡᠨ ᠪᠣᠰᠤᠭ᠎ᠠ ᠳᠥᠷᠪᠡᠯᠵᠢᠨ ᠮᠧᠲᠷ ᠤᠨ ᠤᠰᠤ ᠶᠢ ᠲᠣᠬᠢᠷᠠᠭᠤᠯᠵᠤ᠂ ᠬᠠᠲᠤᠨ ᠭᠤᠤᠯ ᠳᠠᠭᠠᠤ ᠶᠢᠨ ᠠᠶᠢᠮᠠᠭ ᠬᠤᠲᠠ ᠶᠢᠨ ᠬᠡᠰᠡᠭ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠤᠰᠤ ᠳᠤᠲᠠᠭᠳᠠᠵᠤ ᠪᠠᠶᠢᠭ᠎ᠠ ᠠᠰᠠᠭᠤᠳᠠᠯ ᠢ ᠰᠢᠢᠳᠪᠦᠷᠢᠯᠡᠨ᠎ᠡ᠃  ︽ᠤᠰᠤ ᠠᠷᠪᠢᠯᠠᠬᠤ ᠢᠨᠵᠧᠨᠧᠷᠢᠩ ᠤᠨ ᠠᠷᠪᠢᠯᠠᠭᠰᠠᠨ ᠤᠰᠤᠨ ᠤ ᠬᠡᠮᠵᠢᠶ᠎ᠡ ᠶᠢ ᠪᠤᠭᠤᠲᠤ ᠬᠤᠲᠠ᠂ ᠦᠬᠠᠶ ᠬᠤᠲᠠ ᠪᠠ ᠠᠯᠠᠱᠠ ᠠᠶᠢᠮᠠᠭ ᠲᠤ ᠳᠣᠭᠢᠷᠠᠭᠤᠯᠵᠤ᠂ ᠤᠰᠤᠨ ᠤ ᠡᠬᠢ ᠪᠠᠶᠠᠯᠢᠭ ᠤᠨ ᠠᠰᠢᠭᠯᠠᠮᠵᠢ ᠶᠢ ᠪᠦᠲᠦᠮᠵᠢᠲᠡᠶ ᠳᠡᠭᠡᠭᠰᠢᠯᠡᠭᠦᠯᠪᠡ︾ ᠭᠡᠵᠦ ᠾᠧ ᠸᠧᠨ ᠬᠤᠸᠠ ᠬᠡᠯᠡᠪᠡ᠃  ᠦᠬᠠᠢ ᠬᠤᠳᠠ ᠶᠢᠨ ᠬᠠᠶᠢᠨᠠᠨ ᠲᠣᠭᠤᠷᠢᠭ ᠤᠨ ᠪᠠᠶᠠᠨᠲᠤᠬᠤᠢ ᠶᠢᠨ ᠤᠰᠤᠯᠠᠯᠲᠠ ᠶᠢᠨ ᠣᠷᠣᠨ ᠳᠤ᠂ ᠱᠧᠨ ᠬᠤᠸᠠ ᠦᠬᠠᠢ ᠶᠢᠨ ᠨᠡᠭᠦᠷᠡᠰᠦ ᠬᠡᠦᠷᠰᠢᠭᠦᠯᠬᠦ ᠺᠣᠮᠫᠠᠨᠢ ᠠᠴᠠ ᠪᠡᠯᠡ ᠮᠥᠩᠭᠦ ᠭᠠᠷᠭᠠᠵᠤ᠂ 30 ᠭᠠᠷᠤᠢ ᠺᠢᠯᠤᠮᠧᠲᠷ ᠎ ᠤᠨ ᠲᠠᠷᠢᠶᠠᠨ ᠭᠠᠵᠠᠷ ᠤᠨ ᠤᠰᠤᠯᠠᠯᠲᠠ ᠶᠢᠨ ᠰᠢᠷᠣᠢ ᠶᠢᠨ ᠰᠤᠪᠠᠭ ᠲᠤ ᠤᠰᠤ ᠠᠷᠪᠢᠯᠠᠬᠤ ᠥᠭᠡᠷᠡᠴᠢᠯᠡᠯᠲᠡ ᠬᠢᠵᠡᠢ᠃ ᠥᠩᠭᠡᠷᠡᠭᠰᠡᠨ ᠳᠤ ᠂ ᠤᠰᠤ ᠰᠢᠷᠣᠶ ᠶᠢᠨ ᠰᠤᠪᠠᠭ ᠢᠶᠠᠷ ᠥᠩᠭᠡᠷᠡᠬᠦ ᠳᠤ ᠂ ᠤᠰᠤᠨ ᠤ ᠡᠬᠢ ᠰᠤᠷᠪᠤᠯᠵᠢ ᠶᠢ ᠪᠦᠷᠢᠯᠭᠡᠪᠡ᠃ ᠤᠰᠤᠨ ᠰᠤᠪᠠᠭ ᠢ ᠥᠭᠡᠷᠡᠴᠢᠯᠡᠭᠰᠡᠨ ᠤ ᠳᠠᠷᠠᠭ᠎ᠠ᠂ ᠲᠠᠷᠢᠶᠠᠨ ᠭᠠᠵᠠᠷ ᠤᠨ ᠮᠦ ᠪᠦᠷᠢ ᠶᠢᠨ ᠬᠡᠷᠡᠭᠯᠡᠬᠦ ᠤᠰᠤᠨ ᠤ ᠬᠡᠮᠵᠢᠶ᠎ᠡ 513.5 ᠪᠣᠰᠤᠭ᠎ᠠ ᠳᠥᠷᠪᠡᠯᠵᠢᠨ ᠮᠧᠲᠷ ᠪᠠᠶᠢᠭᠰᠠᠨ ᠠᠴᠠ ᠪᠠᠨ ᠬᠠᠰᠤᠭᠳᠠᠵᠤ 283.3 ᠪᠣᠰᠤᠭ᠎ᠠ ᠳᠥᠷᠪᠡᠯᠵᠢᠨ ᠮᠧᠲᠷ ᠪᠣᠯᠵᠤ᠂ ᠠᠷᠪᠢᠯᠠᠭᠰᠠᠨ ᠤᠰᠤᠨ ᠤ ᠭᠦᠢᠴᠡᠳᠬᠡᠬᠦ ᠲᠤᠭ᠎ᠠ ᠶᠢ ᠠᠵᠤ ᠠᠬᠤᠶᠢᠯᠠᠯ ᠳᠤ ᠰᠢᠯᠵᠢᠭᠦᠯᠦᠨ ᠥᠭᠴᠦ ᠪᠣᠯᠬᠤ ᠪᠥᠭᠡᠳ ᠠᠷᠠᠯᠵᠢᠶᠠᠯᠠᠬᠤ ᠬᠡᠯᠪᠡᠷᠢ ᠪᠠᠷ ᠬᠤᠳᠠᠯᠳᠤᠵᠤ᠂ ᠢᠩᠭᠢᠭᠰᠡᠨ ᠠᠴᠠ ᠲᠠᠷᠢᠶᠠᠯᠠᠩ᠂ ᠠᠵᠤ ᠦᠢᠯᠡᠳᠪᠦᠷᠢ ᠴᠥᠮ ᠪᠣᠳᠠᠲᠤ ᠠᠰᠢᠭ ᠬᠦᠷᠲᠡᠭᠰᠡᠨ ᠪᠠᠶᠢᠨ᠎ᠠ᠃  ︽ᠮᠠᠨ ᠤ ᠦᠢᠯᠡᠳᠪᠦᠷᠢ ᠶᠢᠨ ᠤᠰᠤᠨ ᠤ ᠡᠷᠬᠡ ᠶᠢᠨ ᠨᠢᠭᠡ ᠬᠡᠰᠡᠭ ᠨᠢ ᠠᠵᠢᠯ ᠲᠥᠷᠥᠯ ᠠᠯᠤᠰᠯᠠᠨ ᠡᠷᠭᠢᠯᠳᠦᠭᠦᠯᠬᠦ ᠪᠠᠷ ᠳᠠᠮᠵᠢᠨ ᠢᠷᠡᠭᠰᠡᠨ ᠶᠤᠮ᠂ ᠡᠷᠭᠢᠯᠳᠦᠭᠦᠯᠵᠦ ᠢᠷᠡᠭᠰᠡᠨ ᠤᠰᠤᠨ ᠤ ᠡᠷᠬᠡ ᠨᠢ ᠦᠢᠯᠡᠳᠪᠦᠷᠢ ᠶᠢᠨ ᠤᠰᠤ ᠬᠡᠷᠡᠭᠯᠡᠬᠦ ᠠᠰᠠᠭᠤᠳᠠᠯ ᠢ ᠮᠠᠰᠢ ᠶᠡᠭᠡ ᠬᠡᠮᠵᠢᠶ᠎ᠡ ᠪᠠᠷ ᠰᠢᠢᠳᠪᠦᠷᠢᠯᠡᠵᠦ᠂ ᠲᠣᠨᠣᠭᠯᠠᠯ ᠤᠨ ︿ᠦᠷᠭᠦᠯᠵᠢ᠂ ᠳᠦᠭᠦᠷᠡᠩ᠂ ᠰᠢᠯᠢᠳᠡᠭ﹀ ᠲᠣᠭᠲᠠᠭᠤᠨ ᠢᠶᠠᠷ ᠠᠵᠢᠯᠯᠠᠬᠤ ᠶᠢ ᠪᠠᠲᠤᠯᠠᠪᠠ᠃ ᠤᠯᠤᠰ ᠤᠨ ᠡᠨᠧᠷᠭᠢ ᠶᠢᠨ ᠪᠦᠯᠦᠭᠯᠡᠯ ᠤᠨ ᠨᠡᠭᠦᠷᠡᠰᠦ ᠬᠡᠤᠷᠰᠢᠭᠦᠯᠦᠭᠰᠡᠨ ᠺᠣᠮᠫᠠᠨᠢ ᠶᠢᠨ ᠰᠢ ᠯᠠᠢ ᠹᠧᠩ ᠮᠧᠲ᠋ᠢᠯ ᠠᠯᠺᠣᠤᠯ ᠤᠨ ᠦᠢᠯᠡᠳᠪᠦᠷᠢ ᠶᠢᠨ ᠦᠢᠯᠡᠳᠪᠦᠷᠢᠯᠡᠯ ᠤᠨ ᠲᠥᠬᠦᠭᠡᠷᠦᠮᠵᠢ ᠶᠢᠨ ᠮᠡᠷᠭᠡᠵᠢᠯ ᠤᠨ ᠬᠡᠯᠲᠡᠰ ᠤᠨ ᠳᠠᠷᠤᠭ᠎ᠠ ᠯᠸᠢ ᡁᠢ ᠯᠢᠨ ᠬᠡᠯᠡᠪᠡ᠃  ᠠᠵᠢᠯ ᠲᠥᠷᠥᠯ ᠠᠯᠤᠰᠯᠠᠭᠰᠠᠨ ᠤᠰᠤᠨ ᠤ ᠡᠷᠬᠡ ᠶᠢᠨ ᠠᠷᠠᠯᠵᠢᠶ᠎ᠠ ᠪᠠᠷ ᠳᠠᠮᠵᠢᠭᠤᠯᠤᠨ᠂ ᠠᠵᠤ ᠠᠬᠤᠶᠢᠯᠠᠯ ᠳᠤ ᠲᠤᠯᠭᠠᠷᠠᠵᠤ ᠪᠠᠶᠢᠭ᠎ᠠ ᠤᠰᠤᠨ ᠤ ᠡᠬᠢ ᠪᠠᠶᠠᠯᠢᠭ ᠤᠨ ᠬᠦᠴᠢᠷᠳᠡᠯ ᠠᠶᠠᠨᠳᠠᠭᠠᠨ ᠠᠷᠢᠯᠵᠤ᠂ ᠤᠰᠤᠨ ᠤ ᠡᠬᠢ ᠪᠠᠶᠠᠯᠢᠭ ᠤᠨ ᠦᠨ᠎ᠡ ᠥᠷᠲᠡᠭ ᠢ ᠬᠠᠮᠤᠭ ᠤᠨ ᠶᠡᠭᠡ ᠪᠣᠯᠭᠠᠬᠤ ᠶᠢ ᠪᠡᠶᠡᠯᠡᠭᠦᠯᠦᠨ᠎ᠡ᠃ ᠣᠳᠣᠬᠠᠨ ᠳᠤ᠂ ᠦᠬᠠᠶ ᠬᠤᠲᠠ ᠳᠤ᠂ ᠡᠶᠢᠮᠦᠷᠬᠦ ︽ᠠᠵᠤ ᠦᠢᠯᠡᠳᠪᠦᠷᠢ ᠪᠠᠷ ᠲᠠᠷᠢᠶᠠᠯᠠᠩ ᠢ ᠨᠥᠬᠦᠪᠥᠷᠢᠯᠡᠵᠦ᠂ ᠲᠠᠷᠢᠶᠠᠯᠠᠩ ᠎ ᠢᠶᠠᠷ ᠠᠵᠢᠯᠴᠢᠨ ᠢ ᠳᠡᠵᠢᠭᠡᠬᠦ︾᠂ ︽ᠭᠡᠷ᠎ᠡ ᠪᠠᠷ ᠤᠰᠤ ᠠᠷᠪᠢᠯᠠᠬᠤ + ᠤᠰᠤᠨ ᠤ ᠡᠷᠬᠡ ᠶᠢ ᠰᠢᠯᠵᠢᠭᠦᠯᠦᠨ ᠥᠭᠬᠦ︾ ᠠᠷᠠᠯᠵᠢᠶᠠᠨ ᠤ ᠵᠠᠭᠪᠤᠷ ᠢ ᠶᠠᠭ ᠪᠥᠬᠦ ᠲᠠᠯ᠎ᠠ ᠪᠠᠷ ᠬᠡᠷᠡᠭᠵᠢᠭᠦᠯᠵᠦ ᠪᠠᠶᠢᠨ᠎ᠠ᠃  ᠥᠪᠥᠷ ᠮᠣᠩᠭᠤᠯ ᠤᠨ ᠤᠰᠤᠨ ᠤ ᠡᠷᠬᠡ ᠶᠢ ᠰᠢᠯᠵᠢᠭᠦᠯᠦᠨ ᠥᠭᠬᠦ ᠨᠢ ᠤᠰᠤᠨ ᠤ ᠡᠬᠢ ᠪᠠᠶᠠᠯᠢᠭ ᠤᠨ ᠪᠣᠭᠤᠮᠢ ᠬᠢᠵᠠᠭᠠᠷᠯᠠᠯ ᠢ ᠨᠠᠮᠳᠠᠭᠤᠯᠵᠤ᠂ ᠬᠠᠲᠤᠨ ᠭᠤᠤᠯ ᠳᠠᠭᠠᠤ ᠶᠢᠨ ᠠᠵᠤ ᠠᠬᠤᠶ ᠶᠢᠨ ᠪᠦᠰᠡ ᠶᠢᠨ ᠬᠠᠮᠵᠢᠯᠴᠠᠨ ᠬᠥᠭᠵᠢᠬᠦ ᠶᠢ ᠠᠬᠢᠭᠤᠯᠪᠠ᠃ 2003 ᠣᠨ ᠠᠴᠠ ᠡᠮᠦᠨ᠎ᠡ᠂ ᠥᠪᠥᠷ ᠮᠣᠩᠭᠤᠯ ᠤᠨ ᠬᠠᠲᠤᠨ ᠭᠤᠣᠯ ᠤᠨ ᠰᠠᠪᠠ ᠭᠠᠵᠠᠷ ᠤᠨ ᠤᠰᠤ ᠬᠡᠷᠡᠭᠯᠡᠬᠦ ᠶᠡᠷᠦᠩᠬᠡᠢ ᠬᠡᠮᠵᠢᠶ᠎ᠡ 100 ᠳ᠋ᠦᠩᠰᠢᠭᠤᠷ ᠪᠣᠰᠤᠭ᠎ᠠ ᠳᠥᠷᠪᠡᠯᠵᠢᠨ ᠮᠧᠲᠷ ᠢ ᠳᠠᠪᠠᠵᠤ᠂ ᠤᠰᠤᠨ ᠤ ᠡᠷᠬᠡ ᠶᠢ ᠰᠢᠯᠵᠢᠭᠦᠯᠦᠨ ᠥᠭᠬᠦ ᠶᠢ ᠬᠡᠷᠡᠭᠵᠢᠭᠦᠯᠦᠭᠰᠡᠨ ᠤ ᠳᠠᠷᠠᠭ᠎ᠠ᠂ ᠤᠰᠤᠯᠠᠯᠲᠠ ᠶᠢᠨ ᠣᠷᠣᠨ ᠤ ᠤᠰᠤ ᠠᠷᠪᠢᠯᠠᠬᠤ ᠥᠭᠡᠷᠡᠴᠢᠯᠡᠯᠲᠡ ᠶᠢᠨ ᠢᠨᠵᠧᠨᠧᠷᠢᠩ ᠢ ᠠᠯᠬᠤᠮ ᠠᠯᠬᠤᠮ ᠢᠶᠠᠷ ᠬᠡᠷᠡᠭᠵᠢᠭᠦᠯᠵᠦ᠂ ᠬᠠᠲᠤᠨ ᠭᠤᠣᠯ ᠤᠨ ᠤᠰᠤ ᠶᠢ ᠲᠠᠲᠠᠬᠤ ᠤᠰᠤᠨ ᠤ ᠬᠡᠮᠵᠢᠶ᠎ᠡ ᠶᠢ ᠵᠢᠯ ᠳᠠᠷᠠᠭᠠᠯᠠᠨ ᠪᠠᠭᠤᠷᠠᠭᠤᠯᠪᠠ᠃  ᠤᠰᠤᠨ ᠤ ᠡᠷᠬᠡ ᠶᠢ ᠰᠢᠯᠵᠢᠭᠦᠯᠦᠨ ᠥᠭᠬᠦ ᠶᠢ ᠬᠡᠷᠡᠭᠵᠢᠭᠦᠯᠦᠭᠰᠡᠨ 10 ᠵᠢᠯ ᠤᠨ ᠲᠤᠷᠰᠢ᠂ ᠥᠪᠥᠷ ᠮᠣᠩᠭᠤᠯ ᠬᠠᠲᠤᠨ ᠭᠤᠤᠯ ᠳᠠᠭᠠᠤ ᠭᠠᠵᠠᠷ ᠣᠷᠣᠨ ᠤ 260 ᠭᠠᠷᠤᠶ ᠠᠵᠤ ᠦᠢᠯᠡᠳᠪᠦᠷᠢ ᠶᠢᠨ ᠲᠦᠰᠦᠯ ᠤᠨ ᠤᠰᠤ ᠬᠡᠷᠡᠭᠯᠡᠬᠦ ᠠᠰᠠᠭᠤᠳᠠᠯ ᠢ ᠰᠢᠢᠳᠪᠦᠷᠢᠯᠡᠵᠦ᠂ ᠪᠠᠷᠤᠭ 4000 ᠳ᠋ᠦᠩᠰᠢᠭᠤᠷ ᠲᠥᠭᠦᠷᠢᠭ ᠤᠨ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠲᠤ ᠤᠰᠤᠨ ᠤ ᠡᠬᠢ ᠪᠠᠶᠠᠯᠢᠭ ᠤᠨ ᠲᠤᠯᠭᠠᠭᠤᠷᠢᠯᠠᠯ ᠬᠠᠩᠭᠠᠬᠤ ᠶᠢᠨ ᠬᠠᠮᠲᠤ ᠤᠰᠤᠯᠠᠯᠲᠠ ᠶᠢᠨ ᠣᠷᠣᠨ ᠳᠤ 60 ᠭᠠᠷᠤᠶ ᠳ᠋ᠦᠩᠰᠢᠭᠤᠷ ᠲᠥᠭᠦᠷᠢᠭ ᠤᠨ ᠤᠰᠤ ᠠᠷᠪᠢᠯᠠᠬᠤ ᠥᠭᠡᠷᠡᠴᠢᠯᠡᠯᠲᠡ ᠶᠢᠨ ᠪᠡᠯᠡ ᠮᠥᠩᠭᠦ ᠴᠤᠭᠯᠠᠭᠤᠯᠪᠠ᠃ ᠣᠲᠣ ᠪᠣᠯᠲᠠᠯ᠎ᠠ᠂ ᠤᠰᠤᠨ ᠤ ᠭᠦᠢᠴᠡᠳᠬᠡᠯ ᠲᠤᠭ᠎ᠠ ᠶᠢ ᠨᠢᠭᠡᠨᠲᠡ 4.36 ᠳ᠋ᠦᠩᠰᠢᠭᠤᠷ ᠪᠣᠰᠤᠭ᠎ᠠ ᠳᠥᠷᠪᠡᠯᠵᠢᠨ ᠮᠧᠲᠷ ᠰᠢᠯᠵᠢᠭᠦᠯᠦᠨ ᠥᠭᠴᠦ᠂ ᠰᠢᠰᠲ᠋ᠧᠮ ᠲᠠᠢ ᠤᠰᠤ ᠵᠠᠰᠠᠬᠤ ᠰᠡᠳᠬᠢᠴᠡ ᠪᠠᠷ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠳᠤ ᠪᠠᠲᠤ ᠴᠢᠩᠭ᠎ᠠ ᠪᠠᠲᠤᠯᠠᠭ᠎ᠠ ᠬᠠᠩᠭᠠᠪᠠ᠃    ︵︽ᠠᠷᠠᠣᠠ ᠤᠨ ᠡᠳᠦᠷ ᠤᠨ ᠰᠣᠨᠢᠠ︾᠎ ᠠᠴᠠ ᠰᠢᠯᠵᠢᠭᠦᠯᠪᠡ  2024 ᠣᠨ ᠤ 08 ᠳ᠋ᠤᠭᠠᠷ ᠰᠠᠷ᠎ᠠ ᠶᠢᠨ 10᠎ ᠤ ᠡᠳᠦᠷ  ᠰᠤᠷᠪᠤᠯᠵᠢᠯᠠᠭᠴᠢ  ᠵᠠᠩ ᠾᠦᠢ ᠯᠢᠩ︶ 
 
ᠢᠷᠡᠯᠲᠡ᠄ ᠦᠪᠦᠷ ᠮᠤᠩᠭᠤᠯ ᠤᠨ ᠡᠳᠦᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号