︽ᠤᠰᠤᠨ ᠤ ᠡᠷᠬᠡ ᠶᠢ ᠰᠢᠯᠵᠢᠭᠦᠯᠦᠨ ᠥᠭᠬᠦ ᠠᠴᠠ ᠡᠮᠦᠨᠡᠬᠢ ᠲᠠᠢ ᠬᠠᠷᠢᠴᠠᠭᠤᠯᠪᠠᠯ᠂ ᠥᠪᠥᠷ ᠮᠣᠩᠭᠤᠯ ᠤᠨ | ᠤᠰᠤᠨ ᠤ ᠡᠷᠬᠡ ᠶᠢ ᠰᠢᠯᠵᠢᠭᠦᠯᠦᠨ ᠥᠭᠭᠦᠭᠰᠡᠨ 6 ᠤᠰᠤᠯᠠᠯᠲᠠ ᠶᠢᠨ ᠣᠷᠣᠨ ᠤ ᠵᠢᠯ ᠤᠨ ᠪᠣᠳᠠᠲᠠᠶ ᠬᠡᠷᠡᠭᠯᠡᠬᠦ | ᠤᠰᠤᠨ ᠤ ᠬᠡᠮᠵᠢᠶ᠎ᠡ 7.73 ᠳ᠋ᠦᠩᠰᠢᠭᠤᠷ ᠪᠣᠰᠤᠭ᠎ᠠ ᠳᠥᠷᠪᠡᠯᠵᠢᠨ ᠮᠧᠲᠷ ᠪᠠᠭᠠᠰᠴᠤ᠂ ᠤᠰᠤ ᠬᠡᠷᠡᠭᠯᠡᠬᠦ | ᠠᠰᠢᠭᠯᠠᠮᠵᠢ ᠶᠢ ᠬᠠᠮᠤᠭ ᠤᠨ ᠥᠨᠳᠥᠷ ᠲᠤ ᠪᠠᠨ 117% ᠪᠠᠷ ᠳᠡᠭᠡᠭᠰᠢᠯᠡᠭᠦᠯᠪᠡ ︾᠃ 8 ᠳ᠋ᠤᠭᠠᠷ ᠰᠠᠷ᠎ᠠ ᠶᠢᠨ 7 ᠤ | ᠡᠳᠦᠷ᠂ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ ᠤᠨ ᠤᠰᠤᠨ ᠤ ᠡᠬᠢ ᠪᠠᠶᠠᠯᠢᠭ ᠤᠨ | ᠬᠠᠮᠢᠶᠠᠷᠤᠯᠲᠠ ᠶᠢᠨ ᠭᠠᠵᠠᠷ ᠤᠨ ᠳᠠᠷᠤᠭ᠎ᠠ ᠾᠧ ᠸᠧᠨ ᠬᠤᠸᠠ ᠰᠤᠷᠪᠤᠯᠵᠢᠯᠠᠭᠴᠢ ᠶᠢᠨ ᠰᠤᠷᠪᠤᠯᠵᠢᠯᠠᠭ᠎ᠠ ᠶᠢ | ᠬᠦᠯᠢᠶᠡᠬᠦ ᠳᠡᠭᠡᠨ᠂ ᠤᠰᠤᠨ ᠤ ᠡᠷᠬᠡ ᠶᠢ ᠰᠢᠯᠵᠢᠭᠦᠯᠦᠨ ᠥᠭᠬᠦ ᠶᠢ ᠬᠡᠷᠡᠭᠵᠢᠭᠦᠯᠵᠦ ᠬᠠᠲᠤᠨ ᠭᠤᠤᠯ ᠳᠠᠭᠠᠤ ᠶᠢᠨ | ᠡᠯ᠎ᠡ ᠠᠶᠢᠮᠠᠭ ᠬᠤᠲᠠ ᠶᠢᠨ ︽ᠤᠰᠤ ᠪᠠᠷ ᠳᠥᠷᠪᠡ ᠶᠢ ᠲᠣᠭᠲᠠᠭᠠᠬᠤ︾ ᠶᠢ ᠴᠢᠩᠭ᠎ᠠ ᠨᠠᠶᠢᠳᠠᠪᠤᠷᠢᠵᠢᠭᠤᠯᠵᠤ᠂ | ᠬᠠᠲᠤᠨ ᠭᠤᠤᠯ ᠤᠨ ᠰᠠᠪᠠ ᠭᠠᠵᠠᠷ ᠤᠨ ᠤᠰᠤᠨ ᠤ ᠡᠬᠢ ᠪᠠᠶᠠᠯᠢᠭ ᠢ ᠰᠢᠯᠢᠳᠡᠭᠵᠢᠭᠦᠯᠦᠨ ᠲᠣᠬᠢᠷᠠᠭᠤᠯᠬᠤ ᠶᠢ | ᠠᠬᠢᠭᠤᠯᠵᠤ᠂ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠶᠢ ᠪᠠᠲᠤᠯᠠᠬᠤ ᠳᠤ ᠴᠢᠬᠤᠯᠠ ᠦᠢᠯᠡᠳᠦᠯ | ᠦᠵᠡᠭᠦᠯᠪᠡ᠃ | ᠤᠰᠤᠨ ᠤ ᠡᠷᠬᠡ ᠪᠣᠯ ᠤᠰᠤᠨ ᠤ ᠡᠬᠢ ᠪᠠᠶᠠᠯᠢᠭ ᠤᠨ ᠥᠮᠴᠢᠯᠡᠬᠦ ᠡᠷᠬᠡ ᠪᠠ ᠬᠡᠷᠡᠭᠯᠡᠬᠦ ᠡᠷᠬᠡ ᠪᠣᠯᠤᠨ᠎ᠠ᠃ | ᠮᠠᠨ ᠤ ᠤᠯᠤᠰ ᠲᠤ᠂ ᠤᠰᠤᠨ ᠤ ᠡᠬᠢ ᠪᠠᠶᠠᠯᠢᠭ ᠤᠨ ᠥᠮᠴᠢᠯᠡᠬᠦ ᠡᠷᠬᠡ ᠨᠢ ᠤᠯᠤᠰ ᠲᠤ ᠥᠮᠴᠢᠯᠡᠭᠳᠡᠨ᠎ᠡ᠂ | ᠡᠶᠢᠮᠦ ᠠᠴᠠ ᠶᠡᠷᠦᠳᠡᠭᠡᠨ ᠠᠴᠢ ᠬᠤᠯᠪᠣᠭᠳᠠᠯ ᠪᠦᠬᠦᠢ ᠤᠰᠤᠨ ᠤ ᠡᠷᠬᠡ ᠲᠤᠬᠠᠶᠢᠯᠠᠪᠠᠯ ᠤᠰᠤᠨ ᠤ ᠡᠬᠢ ᠪᠠᠶᠠᠯᠢᠭ ᠢ | ᠬᠡᠷᠡᠭᠯᠡᠬᠦ ᠡᠷᠬᠡ᠂ ᠤᠰᠤᠨ ᠤ ᠡᠬᠢ ᠪᠠᠶᠠᠯᠢᠭ ᠢ ᠬᠡᠷᠡᠭᠯᠡᠭᠴᠢ ᠠᠴᠠ ᠬᠠᠤᠯᠢ ᠴᠠᠭᠠᠵᠠ ᠳᠤ ᠲᠣᠭᠲᠠᠭᠠᠭᠰᠠᠨ ᠬᠡᠪᠴᠢᠶᠡᠨ | ᠳᠣᠲᠣᠷ᠎ᠠ ᠬᠡᠷᠡᠭᠯᠡᠵᠦ ᠪᠠᠶᠢᠭ᠎ᠠ ᠤᠰᠤᠨ ᠤ ᠡᠬᠢ ᠪᠠᠶᠠᠯᠢᠭ ᠢ ᠡᠵᠡᠯᠡᠬᠦ᠂ ᠬᠡᠷᠡᠭᠯᠡᠬᠦ᠂ ᠠᠰᠢᠭ ᠬᠦᠷᠲᠡᠬᠦ ᠪᠠ ᠬᠠᠤᠯᠢ | ᠶᠣᠰᠣᠭᠠᠷ ᠰᠢᠢᠳᠪᠦᠷᠢᠯᠡᠬᠦ ᠡᠷᠬᠡ ᠶᠢ ᠵᠢᠭᠠᠵᠤ ᠪᠤᠶ᠃ ᠤᠰᠤᠨ ᠤ ᠡᠷᠬᠡ ᠶᠢ ᠰᠢᠯᠵᠢᠭᠦᠯᠦᠨ ᠥᠭᠬᠦ ᠪᠣᠯ ᠤᠰᠤᠨ ᠤ | ᠡᠬᠢ ᠪᠠᠶᠠᠯᠢᠭ ᠤᠨ ᠶᠡᠷᠦᠩᠬᠡᠶ ᠬᠡᠮᠵᠢᠶ᠎ᠡ ᠶᠢᠨ ᠬᠠᠲᠠᠭᠤ ᠬᠢᠵᠠᠭᠠᠷᠯᠠᠯ ᠳᠣᠣᠷ᠎ᠠ᠂ ᠠᠷᠪᠢᠯᠠᠭᠰᠠᠨ ᠤᠰᠤᠨ ᠤ ᠡᠬᠢ | ᠪᠠᠶᠠᠯᠢᠭ ᠢ ᠰᠢᠯᠵᠢᠭᠦᠯᠦᠨ ᠥᠭᠬᠦ ᠪᠠᠷ ᠳᠠᠮᠵᠢᠭᠤᠯᠤᠨ ᠡᠷᠭᠢᠯᠳᠦᠭᠦᠯᠬᠦ᠂ ᠠᠮᠢᠳᠤᠯᠢᠭᠵᠢᠭᠤᠯᠬᠤ ᠶᠢ ᠪᠡᠶᠡᠯᠡᠭᠦᠯᠬᠦ ᠶᠢᠨ | ᠬᠠᠮᠲᠤ ᠦᠷ᠎ᠡ ᠠᠰᠢᠭ ᠢ ᠨᠡᠮᠡᠭᠳᠡᠭᠦᠯᠬᠦ ᠪᠠᠷ ᠵᠣᠷᠢᠯᠭ᠎ᠠ ᠪᠣᠯᠭᠠᠵᠤ᠂ ᠤᠰᠤᠨ ᠤ ᠡᠬᠢ ᠪᠠᠶᠠᠯᠢᠭ ᠤᠨ ᠠᠰᠢᠭᠯᠠᠯᠲᠠ ᠶᠢᠨ | ᠨᠣᠷᠮ᠎ᠠ ᠪᠣᠯᠤᠨ ᠦᠷ᠎ᠡ ᠠᠰᠢᠭ ᠤᠨ ᠳᠡᠭᠡᠭᠰᠢᠯᠡᠯᠲᠡ ᠶᠢ ᠪᠡᠶᠡᠯᠡᠭᠦᠯᠬᠦ ᠪᠠᠷ ᠵᠣᠷᠢᠯᠭ᠎ᠠ ᠪᠣᠯᠭᠠᠵᠤ᠂ ᠳᠠᠷᠤᠢ ᠤᠰᠤ | ᠬᠡᠷᠡᠭᠯᠡᠬᠦ ᠶᠡᠷᠦᠩᠬᠡᠢ ᠬᠡᠮᠵᠢᠶ᠎ᠡ ᠶᠢ ᠬᠤᠪᠢᠷᠠᠭᠤᠯᠬᠤ ᠦᠭᠡᠢ ᠪᠠᠶᠢᠬᠤ ᠤᠷᠢᠲᠠᠯ ᠳᠣᠣᠷ᠎ᠠ᠂ ᠠᠷᠪᠢᠯᠠᠭᠰᠠᠨ ᠤᠰᠤ ᠶᠢ | ᠥᠭᠡᠷ᠎ᠡ ᠭᠠᠵᠠᠷ ᠲᠤ ᠬᠡᠷᠡᠭᠯᠡᠵᠦ᠂ ︽ᠬᠤᠯᠠ ᠶᠢᠨ ᠤᠰᠤ︾ ᠨᠢ ︽ᠤᠶᠢᠷ᠎ᠠ ᠶᠢᠨ ᠤᠮᠳᠠ︾ ᠶᠢ ᠲᠠᠶᠢᠯᠬᠤ ᠬᠠᠷᠠᠯᠲᠠ | ᠪᠣᠯᠤᠨ᠎ᠠ᠃ | ᠬᠠᠲᠤᠨ ᠭᠤᠤᠯ ᠥᠪᠥᠷ ᠮᠣᠩᠭᠤᠯ ᠤᠨ 7 ᠠᠶᠢᠮᠠᠭ ᠬᠤᠲᠠ ᠪᠠᠷ ᠤᠷᠤᠰᠤᠨ ᠦᠩᠭᠡᠷᠡᠨ᠎ᠡ᠂ ᠭᠡᠪᠡᠴᠦ ᠥᠪᠥᠷ | ᠮᠣᠩᠭᠤᠯ ᠤᠨ ᠬᠠᠲᠤᠨ ᠭᠤᠤᠯ ᠤᠨ ᠰᠠᠪᠠ ᠭᠠᠵᠠᠷ ᠤᠨ ᠤᠰᠤᠨ ᠤ ᠡᠬᠢ ᠪᠠᠶᠠᠯᠢᠭ ᠳᠤᠲᠠᠭᠳᠠᠵᠤ ᠪᠠᠶᠢᠨ᠎ᠠ᠃ | 2003 ᠣᠨ ᠠᠴᠠ ᠡᠬᠢᠯᠡᠨ᠂ ᠥᠪᠥᠷ ᠮᠣᠩᠭᠤᠯ ᠠᠶᠢᠮᠠᠭ ᠬᠤᠲᠠ ᠶᠢᠨ ᠳᠣᠲᠣᠷᠠᠬᠢ ᠤᠰᠤᠨ ᠤ ᠡᠷᠬᠡ ᠪᠠᠨ | ᠰᠢᠯᠵᠢᠭᠦᠯᠦᠨ ᠥᠭᠬᠦ ᠠᠵᠢᠯ ᠢ ᠬᠠᠶᠢᠨ ᠰᠦᠪᠡᠭᠴᠢᠯᠡᠪᠡ᠃ 2014 ᠣᠨ ᠳᠤ᠂ ᠥᠪᠥᠷ ᠮᠣᠩᠭᠤᠯ ᠤᠰᠤᠨ | ᠠᠰᠢᠭᠯᠠᠯᠲᠠ ᠶᠢᠨ ᠶᠠᠮᠤᠨ ᠠᠴᠠ ᠪᠦᠬᠦ ᠤᠯᠤᠰ ᠤᠨ ᠤᠰᠤᠨ ᠤ ᠡᠷᠬᠡ ᠶᠢ ᠰᠢᠯᠵᠢᠭᠦᠯᠦᠨ ᠥᠭᠬᠦ 7 ᠲᠤᠷᠰᠢᠯᠲᠠ ᠶᠢᠨ | ᠴᠡᠭ ᠤᠨ ᠨᠢᠭᠡ ᠪᠠᠷ ᠵᠢᠭᠰᠠᠭᠠᠭᠳᠠᠵᠤ᠂ ᠲᠤᠷᠰᠢᠯᠲᠠ ᠶᠢᠨ ᠴᠡᠭ ᠤᠨ ᠭᠤᠤᠯ ᠠᠭᠤᠯᠭ᠎ᠠ ᠨᠢ ᠠᠶᠢᠮᠠᠭ ᠬᠤᠲᠠ ᠶᠢᠨ | ᠬᠤᠭᠤᠷᠣᠨᠳᠣᠬᠢ ᠤᠰᠤᠨ ᠤ ᠡᠷᠬᠡ ᠶᠢ ᠰᠢᠯᠵᠢᠭᠦᠯᠦᠨ ᠥᠭᠬᠦ ᠪᠣᠯᠤᠨ᠎ᠠ᠃ | ᠪᠦᠬᠦ ᠤᠯᠤᠰ ᠤᠨ ᠤᠰᠤᠨ ᠤ ᠡᠷᠬᠡ ᠶᠢ ᠰᠢᠯᠵᠢᠭᠦᠯᠦᠨ ᠥᠭᠬᠦ ᠲᠤᠷᠰᠢᠯᠲᠠ ᠪᠠ ᠠᠭᠤᠷ ᠠᠮᠢᠰᠬᠤᠯ ᠭᠠᠩ | ᠬᠠᠭᠤᠷᠠᠶ᠂ ᠤᠰᠤᠨ ᠤ ᠡᠬᠢ ᠪᠠᠶᠠᠯᠢᠭ ᠬᠦᠨᠳᠦ ᠨᠣᠴᠢᠲᠠᠶ ᠳᠤᠲᠠᠭᠳᠠᠵᠤ ᠪᠠᠶᠢᠭ᠎ᠠ ᠡᠨᠧᠷᠭᠢ ᠶᠢᠨ ᠲᠣᠮᠣ ᠣᠷᠣᠨ | ᠪᠣᠯᠤᠭᠰᠠᠨ ᠤ ᠬᠤᠪᠢ ᠳᠤ᠂ ᠥᠪᠥᠷ ᠮᠣᠩᠭᠤᠯ ᠣᠶᠢᠷ᠎ᠠ ᠶᠢᠨ ᠵᠢᠯ ᠤᠳ ᠲᠤ ᠤᠰᠤ ᠬᠡᠷᠡᠭᠯᠡᠬᠦ ᠡᠷᠬᠡ ᠶᠢᠨ | ᠥᠭᠡᠷᠡᠴᠢᠯᠡᠯᠲᠡ ᠶᠢᠨ ᠠᠵᠢᠯ ᠢ ᠢᠳᠡᠪᠬᠢᠲᠡᠶ ᠠᠬᠢᠭᠤᠯᠵᠤ᠂ ᠤᠰᠤᠨ ᠤ ᠡᠬᠢ ᠪᠠᠶᠠᠯᠢᠭ ᠤᠨ ︽ᠥᠷᠲᠡᠭ ᠤᠨ | ᠨᠡᠮᠡᠭᠳᠡᠯ ᠤᠨ ᠣᠷᠣᠨ ᠵᠠᠶ︾ ᠶᠢ ᠢᠯᠡᠷᠡᠭᠦᠯᠪᠡ᠃ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠤᠰᠤ ᠲᠠᠲᠠᠵᠤ | ᠬᠡᠷᠡᠭᠯᠡᠬᠦ ᠡᠷᠦᠬᠡ ᠶᠢᠨ ᠰᠤᠯᠠ ᠪᠠᠶᠢᠭ᠎ᠠ ᠤᠰᠤᠨ ᠤ ᠭᠦᠢᠴᠡᠳᠭᠡᠯ ᠲᠤᠭ᠎ᠠ ᠶᠢ ᠤᠶᠢᠯᠠᠭᠠᠨ ᠪᠠᠶᠢᠴᠠᠭᠠᠵᠤ ᠪᠠᠶᠢᠭ᠎ᠠ | ᠪᠠᠶᠢᠳᠠᠯ ᠢ ᠦᠨᠳᠦᠰᠦᠯᠡᠨ᠂ ᠠᠵᠤ ᠠᠬᠤᠶᠢᠯᠠᠯ ᠤᠨ ᠤᠰᠤᠨ ᠤ ᠡᠷᠬᠡ ᠶᠢᠨ ᠠᠷᠠᠯᠵᠢᠶ᠎ᠠ ᠥᠷᠨᠢᠭᠦᠯᠬᠦ ᠶᠢ ᠵᠢᠯᠣᠭᠤᠳᠤᠨ | ᠠᠬᠢᠭᠤᠯᠪᠠ︔ ᠤᠰᠤ ᠬᠡᠷᠡᠭᠯᠡᠬᠦ ᠡᠷᠬᠡ ᠶᠢᠨ ᠠᠷᠠᠯᠵᠢᠶᠠᠨ ᠤ ᠪᠦᠷᠢᠨ ᠲᠡᠭᠦᠯᠳᠡᠷ ᠲᠦᠷᠢᠮ ᠪᠠ ᠭᠤᠷᠪᠠᠨ ᠱᠠᠲᠤᠨ ᠤ | ᠤᠰᠤᠨ ᠤ ᠡᠷᠬᠡ ᠶᠢᠨ ᠠᠷᠠᠯᠵᠢᠶᠠᠨ ᠤ ᠲᠠᠪᠴᠠᠩ ᠢ ᠪᠠᠶᠢᠭᠤᠯᠬᠤ ᠪᠠᠷ ᠳᠠᠮᠵᠢᠭᠤᠯᠤᠨ᠂ ᠪᠥᠬᠦ ᠣᠷᠣᠨ ᠤ ᠬᠡᠪᠴᠢᠶᠡᠨ | ᠳᠣᠲᠣᠷᠠᠬᠢ ᠭᠠᠩ ᠬᠠᠭᠤᠷᠠᠶ ᠭᠠᠵᠠᠷ ᠣᠷᠣᠨ ᠤ ᠲᠠᠷᠢᠶᠠᠯᠠᠩ ᠤᠨ ᠤᠰᠤ ᠠᠷᠪᠢᠯᠠᠬᠤ ᠪᠠ ᠠᠵᠤ ᠠᠬᠤᠶ ᠨᠡᠶᠢᠭᠡᠮ ᠤᠨ | ᠬᠥᠭᠵᠢᠯᠲᠡ ᠳᠤ ᠤᠰᠤ ᠬᠡᠷᠡᠭᠯᠡᠬᠦ ᠠᠰᠠᠭᠤᠳᠠᠯ ᠢ ᠠᠮᠵᠢᠯᠲᠠ ᠲᠠᠢ ᠪᠠᠷ ᠰᠢᠢᠳᠪᠦᠷᠢᠯᠡᠨ᠎ᠡ᠃ | 2023 ᠣᠨ ᠳᠤ᠂ ᠥᠪᠥᠷ ᠮᠣᠩᠭᠤᠯ ᠬᠠᠲᠤᠨ ᠭᠤᠤᠯ ᠤᠨ ᠭᠤᠤᠯ ᠤᠷᠤᠰᠬᠠᠯ ᠤᠨ ᠤᠰᠤᠨ ᠤ ᠡᠷᠬᠡ ᠶᠢᠨ | ᠠᠶᠢᠮᠠᠭ ᠬᠤᠲᠠ ᠶᠢᠨ ᠬᠤᠭᠤᠷᠣᠨᠳᠣᠬᠢ ᠰᠢᠯᠵᠢᠭᠦᠯᠦᠨ ᠥᠭᠬᠦ ᠬᠤᠶᠠᠳᠤᠭᠠᠷ ᠬᠤᠭᠤᠴᠠᠭᠠᠨ ᠤ ᠢᠨᠵᠧᠨᠧᠷᠢᠩ ᠢ | ᠡᠬᠢᠯᠡᠭᠦᠯᠵᠦ᠂ ᠶᠡᠷᠦᠩᠬᠡᠶ ᠪᠠᠯᠠ ᠣᠷᠣᠭᠤᠯᠤᠯᠲᠠ ᠨᠢ 23.13 ᠳ᠋ᠦᠩᠰᠢᠭᠤᠷ ᠲᠥᠭᠦᠷᠢᠭ ᠲᠤ ᠬᠦᠷᠴᠦ᠂ | ᠭᠤᠤᠯᠳᠠᠭᠤ ᠪᠣᠷᠣᠲᠣᠬᠤᠶ ᠶᠢᠨ ᠤᠰᠤᠯᠠᠯᠲᠠ ᠶᠢᠨ ᠣᠷᠣᠨ ᠤ ᠳᠣᠲᠣᠷᠠᠬᠢ ᠹᠦ᠋ ᠰᠢᠩ ᠤᠰᠤᠯᠠᠯᠲᠠ ᠶᠢᠨ ᠣᠷᠣᠨ᠂ | ᠴᠠᠩ ᠵᠢᠢ ᠤᠰᠤᠯᠠᠯᠲᠠ ᠶᠢᠨ ᠣᠷᠣᠨ᠂ ᠶᠡᠷᠦᠩᠬᠡᠶ ᠭᠤᠤᠯ ᠰᠤᠪᠠᠭ ᠤᠨ ᠭᠤᠷᠪᠠᠳᠤᠭᠠᠷ ᠬᠠᠭᠠᠯᠲᠠ ᠶᠢᠨ ᠳᠣᠤᠷᠠᠬᠢ | ᠤᠷᠤᠰᠬᠠᠯ ᠤᠨ ᠬᠡᠰᠡᠭ ᠤᠨ 3 ᠰᠤᠪᠠᠭ ᠤᠨ ᠬᠡᠰᠡᠭ ᠲᠤ 124 ᠵᠤᠷᠪᠤᠰ ᠨᠡᠪᠴᠢᠬᠦ ᠶᠢ ᠰᠡᠷᠭᠡᠶᠢᠯᠡᠬᠦ ᠳᠤᠳᠤᠷ | ᠥᠷᠥᠬᠦ ᠰᠤᠪᠠᠭ ᠢ ᠪᠥᠲᠥᠭᠡᠨ ᠪᠠᠶᠢᠭᠤᠯᠵᠤ᠂ ᠰᠤᠪᠠᠭ ᠤᠨ ᠣᠷᠳᠣ ᠨᠢ 550 ᠭᠠᠷᠤᠶ ᠺᠢᠯᠤᠮᠧᠲᠷ ᠪᠠᠶᠢᠵᠤ᠂ | ᠢᠨᠵᠧᠨᠧᠷᠢᠩ ᠢ ᠬᠡᠷᠡᠭᠵᠢᠭᠦᠯᠦᠭᠰᠡᠨ ᠤ ᠳᠠᠷᠠᠭ᠎ᠠ ᠵᠢᠯ ᠪᠦᠷᠢ ᠰᠢᠯᠵᠢᠭᠦᠯᠦᠨ ᠥᠭᠭᠦᠭᠰᠡᠨ ᠤᠰᠤᠨ ᠤ ᠬᠡᠮᠵᠢᠶ᠎ᠡ ᠶᠢ 1.2 | ᠳ᠋ᠦᠩᠰᠢᠭᠤᠷ ᠪᠣᠰᠤᠭ᠎ᠠ ᠳᠥᠷᠪᠡᠯᠵᠢᠨ ᠮᠧᠲᠷ ᠪᠡᠶᠡᠯᠡᠭᠦᠯᠵᠦ ᠪᠣᠯᠤᠨ᠎ᠠ᠃ ᠣᠳᠣᠬᠠᠨ ᠳᠤ᠂ ᠠᠩᠬᠠᠨ ᠤ ᠪᠦᠯᠦᠭ | ᠤᠰᠤ ᠠᠷᠪᠢᠯᠠᠬᠤ ᠢᠨᠵᠧᠨᠧᠷᠢᠩ ᠨᠢᠭᠡᠨᠲᠡ ᠳᠠᠭᠤᠰᠪᠠ᠃ 2024 ᠣᠨ ᠳᠤ᠂ ᠥᠪᠥᠷ ᠮᠣᠩᠭᠤᠯ ᠤᠰᠤᠨ ᠤ | ᠡᠷᠬᠡ ᠶᠢ ᠰᠢᠯᠵᠢᠭᠦᠯᠦᠨ ᠥᠭᠬᠦ ᠵᠠᠭᠪᠤᠷ ᠢᠶᠠᠷ ᠯᠠᠪᠯᠠᠯᠲᠠ ᠪᠣᠯᠭᠠᠨ ᠤᠷᠢᠳᠠᠪᠠᠷ 6000 ᠲᠦᠮᠡᠨ ᠪᠣᠰᠤᠭ᠎ᠠ | ᠳᠥᠷᠪᠡᠯᠵᠢᠨ ᠮᠧᠲᠷ ᠤᠨ ᠤᠰᠤ ᠶᠢ ᠲᠣᠬᠢᠷᠠᠭᠤᠯᠵᠤ᠂ ᠬᠠᠲᠤᠨ ᠭᠤᠤᠯ ᠳᠠᠭᠠᠤ ᠶᠢᠨ ᠠᠶᠢᠮᠠᠭ ᠬᠤᠲᠠ ᠶᠢᠨ ᠬᠡᠰᠡᠭ | ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠤᠰᠤ ᠳᠤᠲᠠᠭᠳᠠᠵᠤ ᠪᠠᠶᠢᠭ᠎ᠠ ᠠᠰᠠᠭᠤᠳᠠᠯ ᠢ ᠰᠢᠢᠳᠪᠦᠷᠢᠯᠡᠨ᠎ᠡ᠃ | ︽ᠤᠰᠤ ᠠᠷᠪᠢᠯᠠᠬᠤ ᠢᠨᠵᠧᠨᠧᠷᠢᠩ ᠤᠨ ᠠᠷᠪᠢᠯᠠᠭᠰᠠᠨ ᠤᠰᠤᠨ ᠤ ᠬᠡᠮᠵᠢᠶ᠎ᠡ ᠶᠢ ᠪᠤᠭᠤᠲᠤ ᠬᠤᠲᠠ᠂ ᠦᠬᠠᠶ | ᠬᠤᠲᠠ ᠪᠠ ᠠᠯᠠᠱᠠ ᠠᠶᠢᠮᠠᠭ ᠲᠤ ᠳᠣᠭᠢᠷᠠᠭᠤᠯᠵᠤ᠂ ᠤᠰᠤᠨ ᠤ ᠡᠬᠢ ᠪᠠᠶᠠᠯᠢᠭ ᠤᠨ ᠠᠰᠢᠭᠯᠠᠮᠵᠢ ᠶᠢ ᠪᠦᠲᠦᠮᠵᠢᠲᠡᠶ | ᠳᠡᠭᠡᠭᠰᠢᠯᠡᠭᠦᠯᠪᠡ︾ ᠭᠡᠵᠦ ᠾᠧ ᠸᠧᠨ ᠬᠤᠸᠠ ᠬᠡᠯᠡᠪᠡ᠃ | ᠦᠬᠠᠢ ᠬᠤᠳᠠ ᠶᠢᠨ ᠬᠠᠶᠢᠨᠠᠨ ᠲᠣᠭᠤᠷᠢᠭ ᠤᠨ ᠪᠠᠶᠠᠨᠲᠤᠬᠤᠢ ᠶᠢᠨ ᠤᠰᠤᠯᠠᠯᠲᠠ ᠶᠢᠨ ᠣᠷᠣᠨ ᠳᠤ᠂ ᠱᠧᠨ | ᠬᠤᠸᠠ ᠦᠬᠠᠢ ᠶᠢᠨ ᠨᠡᠭᠦᠷᠡᠰᠦ ᠬᠡᠦᠷᠰᠢᠭᠦᠯᠬᠦ ᠺᠣᠮᠫᠠᠨᠢ ᠠᠴᠠ ᠪᠡᠯᠡ ᠮᠥᠩᠭᠦ ᠭᠠᠷᠭᠠᠵᠤ᠂ 30 ᠭᠠᠷᠤᠢ ᠺᠢᠯᠤᠮᠧᠲᠷ | ᠤᠨ ᠲᠠᠷᠢᠶᠠᠨ ᠭᠠᠵᠠᠷ ᠤᠨ ᠤᠰᠤᠯᠠᠯᠲᠠ ᠶᠢᠨ ᠰᠢᠷᠣᠢ ᠶᠢᠨ ᠰᠤᠪᠠᠭ ᠲᠤ ᠤᠰᠤ ᠠᠷᠪᠢᠯᠠᠬᠤ ᠥᠭᠡᠷᠡᠴᠢᠯᠡᠯᠲᠡ ᠬᠢᠵᠡᠢ᠃ | ᠥᠩᠭᠡᠷᠡᠭᠰᠡᠨ ᠳᠤ ᠂ ᠤᠰᠤ ᠰᠢᠷᠣᠶ ᠶᠢᠨ ᠰᠤᠪᠠᠭ ᠢᠶᠠᠷ ᠥᠩᠭᠡᠷᠡᠬᠦ ᠳᠤ ᠂ ᠤᠰᠤᠨ ᠤ ᠡᠬᠢ ᠰᠤᠷᠪᠤᠯᠵᠢ ᠶᠢ | ᠪᠦᠷᠢᠯᠭᠡᠪᠡ᠃ ᠤᠰᠤᠨ ᠰᠤᠪᠠᠭ ᠢ ᠥᠭᠡᠷᠡᠴᠢᠯᠡᠭᠰᠡᠨ ᠤ ᠳᠠᠷᠠᠭ᠎ᠠ᠂ ᠲᠠᠷᠢᠶᠠᠨ ᠭᠠᠵᠠᠷ ᠤᠨ ᠮᠦ ᠪᠦᠷᠢ ᠶᠢᠨ ᠬᠡᠷᠡᠭᠯᠡᠬᠦ | ᠤᠰᠤᠨ ᠤ ᠬᠡᠮᠵᠢᠶ᠎ᠡ 513.5 ᠪᠣᠰᠤᠭ᠎ᠠ ᠳᠥᠷᠪᠡᠯᠵᠢᠨ ᠮᠧᠲᠷ ᠪᠠᠶᠢᠭᠰᠠᠨ ᠠᠴᠠ ᠪᠠᠨ ᠬᠠᠰᠤᠭᠳᠠᠵᠤ 283.3 | ᠪᠣᠰᠤᠭ᠎ᠠ ᠳᠥᠷᠪᠡᠯᠵᠢᠨ ᠮᠧᠲᠷ ᠪᠣᠯᠵᠤ᠂ ᠠᠷᠪᠢᠯᠠᠭᠰᠠᠨ ᠤᠰᠤᠨ ᠤ ᠭᠦᠢᠴᠡᠳᠬᠡᠬᠦ ᠲᠤᠭ᠎ᠠ ᠶᠢ ᠠᠵᠤ ᠠᠬᠤᠶᠢᠯᠠᠯ ᠳᠤ | ᠰᠢᠯᠵᠢᠭᠦᠯᠦᠨ ᠥᠭᠴᠦ ᠪᠣᠯᠬᠤ ᠪᠥᠭᠡᠳ ᠠᠷᠠᠯᠵᠢᠶᠠᠯᠠᠬᠤ ᠬᠡᠯᠪᠡᠷᠢ ᠪᠠᠷ ᠬᠤᠳᠠᠯᠳᠤᠵᠤ᠂ ᠢᠩᠭᠢᠭᠰᠡᠨ ᠠᠴᠠ | ᠲᠠᠷᠢᠶᠠᠯᠠᠩ᠂ ᠠᠵᠤ ᠦᠢᠯᠡᠳᠪᠦᠷᠢ ᠴᠥᠮ ᠪᠣᠳᠠᠲᠤ ᠠᠰᠢᠭ ᠬᠦᠷᠲᠡᠭᠰᠡᠨ ᠪᠠᠶᠢᠨ᠎ᠠ᠃ | ︽ᠮᠠᠨ ᠤ ᠦᠢᠯᠡᠳᠪᠦᠷᠢ ᠶᠢᠨ ᠤᠰᠤᠨ ᠤ ᠡᠷᠬᠡ ᠶᠢᠨ ᠨᠢᠭᠡ ᠬᠡᠰᠡᠭ ᠨᠢ ᠠᠵᠢᠯ ᠲᠥᠷᠥᠯ ᠠᠯᠤᠰᠯᠠᠨ | ᠡᠷᠭᠢᠯᠳᠦᠭᠦᠯᠬᠦ ᠪᠠᠷ ᠳᠠᠮᠵᠢᠨ ᠢᠷᠡᠭᠰᠡᠨ ᠶᠤᠮ᠂ ᠡᠷᠭᠢᠯᠳᠦᠭᠦᠯᠵᠦ ᠢᠷᠡᠭᠰᠡᠨ ᠤᠰᠤᠨ ᠤ ᠡᠷᠬᠡ ᠨᠢ ᠦᠢᠯᠡᠳᠪᠦᠷᠢ ᠶᠢᠨ | ᠤᠰᠤ ᠬᠡᠷᠡᠭᠯᠡᠬᠦ ᠠᠰᠠᠭᠤᠳᠠᠯ ᠢ ᠮᠠᠰᠢ ᠶᠡᠭᠡ ᠬᠡᠮᠵᠢᠶ᠎ᠡ ᠪᠠᠷ ᠰᠢᠢᠳᠪᠦᠷᠢᠯᠡᠵᠦ᠂ ᠲᠣᠨᠣᠭᠯᠠᠯ ᠤᠨ ︿ᠦᠷᠭᠦᠯᠵᠢ᠂ | ᠳᠦᠭᠦᠷᠡᠩ᠂ ᠰᠢᠯᠢᠳᠡᠭ﹀ ᠲᠣᠭᠲᠠᠭᠤᠨ ᠢᠶᠠᠷ ᠠᠵᠢᠯᠯᠠᠬᠤ ᠶᠢ ᠪᠠᠲᠤᠯᠠᠪᠠ᠃ ᠤᠯᠤᠰ ᠤᠨ ᠡᠨᠧᠷᠭᠢ ᠶᠢᠨ | ᠪᠦᠯᠦᠭᠯᠡᠯ ᠤᠨ ᠨᠡᠭᠦᠷᠡᠰᠦ ᠬᠡᠤᠷᠰᠢᠭᠦᠯᠦᠭᠰᠡᠨ ᠺᠣᠮᠫᠠᠨᠢ ᠶᠢᠨ ᠰᠢ ᠯᠠᠢ ᠹᠧᠩ ᠮᠧᠲ᠋ᠢᠯ ᠠᠯᠺᠣᠤᠯ ᠤᠨ ᠦᠢᠯᠡᠳᠪᠦᠷᠢ ᠶᠢᠨ | ᠦᠢᠯᠡᠳᠪᠦᠷᠢᠯᠡᠯ ᠤᠨ ᠲᠥᠬᠦᠭᠡᠷᠦᠮᠵᠢ ᠶᠢᠨ ᠮᠡᠷᠭᠡᠵᠢᠯ ᠤᠨ ᠬᠡᠯᠲᠡᠰ ᠤᠨ ᠳᠠᠷᠤᠭ᠎ᠠ ᠯᠸᠢ ᡁᠢ ᠯᠢᠨ ᠬᠡᠯᠡᠪᠡ᠃ | ᠠᠵᠢᠯ ᠲᠥᠷᠥᠯ ᠠᠯᠤᠰᠯᠠᠭᠰᠠᠨ ᠤᠰᠤᠨ ᠤ ᠡᠷᠬᠡ ᠶᠢᠨ ᠠᠷᠠᠯᠵᠢᠶ᠎ᠠ ᠪᠠᠷ ᠳᠠᠮᠵᠢᠭᠤᠯᠤᠨ᠂ ᠠᠵᠤ | ᠠᠬᠤᠶᠢᠯᠠᠯ ᠳᠤ ᠲᠤᠯᠭᠠᠷᠠᠵᠤ ᠪᠠᠶᠢᠭ᠎ᠠ ᠤᠰᠤᠨ ᠤ ᠡᠬᠢ ᠪᠠᠶᠠᠯᠢᠭ ᠤᠨ ᠬᠦᠴᠢᠷᠳᠡᠯ ᠠᠶᠠᠨᠳᠠᠭᠠᠨ ᠠᠷᠢᠯᠵᠤ᠂ | ᠤᠰᠤᠨ ᠤ ᠡᠬᠢ ᠪᠠᠶᠠᠯᠢᠭ ᠤᠨ ᠦᠨ᠎ᠡ ᠥᠷᠲᠡᠭ ᠢ ᠬᠠᠮᠤᠭ ᠤᠨ ᠶᠡᠭᠡ ᠪᠣᠯᠭᠠᠬᠤ ᠶᠢ ᠪᠡᠶᠡᠯᠡᠭᠦᠯᠦᠨ᠎ᠡ᠃ | ᠣᠳᠣᠬᠠᠨ ᠳᠤ᠂ ᠦᠬᠠᠶ ᠬᠤᠲᠠ ᠳᠤ᠂ ᠡᠶᠢᠮᠦᠷᠬᠦ ︽ᠠᠵᠤ ᠦᠢᠯᠡᠳᠪᠦᠷᠢ ᠪᠠᠷ ᠲᠠᠷᠢᠶᠠᠯᠠᠩ ᠢ ᠨᠥᠬᠦᠪᠥᠷᠢᠯᠡᠵᠦ᠂ | ᠲᠠᠷᠢᠶᠠᠯᠠᠩ ᠢᠶᠠᠷ ᠠᠵᠢᠯᠴᠢᠨ ᠢ ᠳᠡᠵᠢᠭᠡᠬᠦ︾᠂ ︽ᠭᠡᠷ᠎ᠡ ᠪᠠᠷ ᠤᠰᠤ ᠠᠷᠪᠢᠯᠠᠬᠤ + ᠤᠰᠤᠨ ᠤ ᠡᠷᠬᠡ ᠶᠢ | ᠰᠢᠯᠵᠢᠭᠦᠯᠦᠨ ᠥᠭᠬᠦ︾ ᠠᠷᠠᠯᠵᠢᠶᠠᠨ ᠤ ᠵᠠᠭᠪᠤᠷ ᠢ ᠶᠠᠭ ᠪᠥᠬᠦ ᠲᠠᠯ᠎ᠠ ᠪᠠᠷ ᠬᠡᠷᠡᠭᠵᠢᠭᠦᠯᠵᠦ ᠪᠠᠶᠢᠨ᠎ᠠ᠃ | ᠥᠪᠥᠷ ᠮᠣᠩᠭᠤᠯ ᠤᠨ ᠤᠰᠤᠨ ᠤ ᠡᠷᠬᠡ ᠶᠢ ᠰᠢᠯᠵᠢᠭᠦᠯᠦᠨ ᠥᠭᠬᠦ ᠨᠢ ᠤᠰᠤᠨ ᠤ ᠡᠬᠢ ᠪᠠᠶᠠᠯᠢᠭ ᠤᠨ ᠪᠣᠭᠤᠮᠢ | ᠬᠢᠵᠠᠭᠠᠷᠯᠠᠯ ᠢ ᠨᠠᠮᠳᠠᠭᠤᠯᠵᠤ᠂ ᠬᠠᠲᠤᠨ ᠭᠤᠤᠯ ᠳᠠᠭᠠᠤ ᠶᠢᠨ ᠠᠵᠤ ᠠᠬᠤᠶ ᠶᠢᠨ ᠪᠦᠰᠡ ᠶᠢᠨ ᠬᠠᠮᠵᠢᠯᠴᠠᠨ | ᠬᠥᠭᠵᠢᠬᠦ ᠶᠢ ᠠᠬᠢᠭᠤᠯᠪᠠ᠃ 2003 ᠣᠨ ᠠᠴᠠ ᠡᠮᠦᠨ᠎ᠡ᠂ ᠥᠪᠥᠷ ᠮᠣᠩᠭᠤᠯ ᠤᠨ ᠬᠠᠲᠤᠨ ᠭᠤᠣᠯ ᠤᠨ ᠰᠠᠪᠠ | ᠭᠠᠵᠠᠷ ᠤᠨ ᠤᠰᠤ ᠬᠡᠷᠡᠭᠯᠡᠬᠦ ᠶᠡᠷᠦᠩᠬᠡᠢ ᠬᠡᠮᠵᠢᠶ᠎ᠡ 100 ᠳ᠋ᠦᠩᠰᠢᠭᠤᠷ ᠪᠣᠰᠤᠭ᠎ᠠ ᠳᠥᠷᠪᠡᠯᠵᠢᠨ ᠮᠧᠲᠷ ᠢ ᠳᠠᠪᠠᠵᠤ᠂ | ᠤᠰᠤᠨ ᠤ ᠡᠷᠬᠡ ᠶᠢ ᠰᠢᠯᠵᠢᠭᠦᠯᠦᠨ ᠥᠭᠬᠦ ᠶᠢ ᠬᠡᠷᠡᠭᠵᠢᠭᠦᠯᠦᠭᠰᠡᠨ ᠤ ᠳᠠᠷᠠᠭ᠎ᠠ᠂ ᠤᠰᠤᠯᠠᠯᠲᠠ ᠶᠢᠨ ᠣᠷᠣᠨ ᠤ ᠤᠰᠤ | ᠠᠷᠪᠢᠯᠠᠬᠤ ᠥᠭᠡᠷᠡᠴᠢᠯᠡᠯᠲᠡ ᠶᠢᠨ ᠢᠨᠵᠧᠨᠧᠷᠢᠩ ᠢ ᠠᠯᠬᠤᠮ ᠠᠯᠬᠤᠮ ᠢᠶᠠᠷ ᠬᠡᠷᠡᠭᠵᠢᠭᠦᠯᠵᠦ᠂ ᠬᠠᠲᠤᠨ ᠭᠤᠣᠯ ᠤᠨ | ᠤᠰᠤ ᠶᠢ ᠲᠠᠲᠠᠬᠤ ᠤᠰᠤᠨ ᠤ ᠬᠡᠮᠵᠢᠶ᠎ᠡ ᠶᠢ ᠵᠢᠯ ᠳᠠᠷᠠᠭᠠᠯᠠᠨ ᠪᠠᠭᠤᠷᠠᠭᠤᠯᠪᠠ᠃ | ᠤᠰᠤᠨ ᠤ ᠡᠷᠬᠡ ᠶᠢ ᠰᠢᠯᠵᠢᠭᠦᠯᠦᠨ ᠥᠭᠬᠦ ᠶᠢ ᠬᠡᠷᠡᠭᠵᠢᠭᠦᠯᠦᠭᠰᠡᠨ 10 ᠵᠢᠯ ᠤᠨ ᠲᠤᠷᠰᠢ᠂ ᠥᠪᠥᠷ ᠮᠣᠩᠭᠤᠯ | ᠬᠠᠲᠤᠨ ᠭᠤᠤᠯ ᠳᠠᠭᠠᠤ ᠭᠠᠵᠠᠷ ᠣᠷᠣᠨ ᠤ 260 ᠭᠠᠷᠤᠶ ᠠᠵᠤ ᠦᠢᠯᠡᠳᠪᠦᠷᠢ ᠶᠢᠨ ᠲᠦᠰᠦᠯ ᠤᠨ ᠤᠰᠤ ᠬᠡᠷᠡᠭᠯᠡᠬᠦ | ᠠᠰᠠᠭᠤᠳᠠᠯ ᠢ ᠰᠢᠢᠳᠪᠦᠷᠢᠯᠡᠵᠦ᠂ ᠪᠠᠷᠤᠭ 4000 ᠳ᠋ᠦᠩᠰᠢᠭᠤᠷ ᠲᠥᠭᠦᠷᠢᠭ ᠤᠨ ᠠᠵᠤ ᠦᠢᠯᠡᠳᠪᠦᠷᠢ ᠶᠢᠨ ᠨᠡᠮᠡᠭᠳᠡᠯ | ᠥᠷᠲᠡᠭ ᠲᠤ ᠤᠰᠤᠨ ᠤ ᠡᠬᠢ ᠪᠠᠶᠠᠯᠢᠭ ᠤᠨ ᠲᠤᠯᠭᠠᠭᠤᠷᠢᠯᠠᠯ ᠬᠠᠩᠭᠠᠬᠤ ᠶᠢᠨ ᠬᠠᠮᠲᠤ ᠤᠰᠤᠯᠠᠯᠲᠠ ᠶᠢᠨ ᠣᠷᠣᠨ ᠳᠤ | 60 ᠭᠠᠷᠤᠶ ᠳ᠋ᠦᠩᠰᠢᠭᠤᠷ ᠲᠥᠭᠦᠷᠢᠭ ᠤᠨ ᠤᠰᠤ ᠠᠷᠪᠢᠯᠠᠬᠤ ᠥᠭᠡᠷᠡᠴᠢᠯᠡᠯᠲᠡ ᠶᠢᠨ ᠪᠡᠯᠡ ᠮᠥᠩᠭᠦ ᠴᠤᠭᠯᠠᠭᠤᠯᠪᠠ᠃ | ᠣᠲᠣ ᠪᠣᠯᠲᠠᠯ᠎ᠠ᠂ ᠤᠰᠤᠨ ᠤ ᠭᠦᠢᠴᠡᠳᠬᠡᠯ ᠲᠤᠭ᠎ᠠ ᠶᠢ ᠨᠢᠭᠡᠨᠲᠡ 4.36 ᠳ᠋ᠦᠩᠰᠢᠭᠤᠷ ᠪᠣᠰᠤᠭ᠎ᠠ ᠳᠥᠷᠪᠡᠯᠵᠢᠨ | ᠮᠧᠲᠷ ᠰᠢᠯᠵᠢᠭᠦᠯᠦᠨ ᠥᠭᠴᠦ᠂ ᠰᠢᠰᠲ᠋ᠧᠮ ᠲᠠᠢ ᠤᠰᠤ ᠵᠠᠰᠠᠬᠤ ᠰᠡᠳᠬᠢᠴᠡ ᠪᠠᠷ ᠠᠵᠤ ᠠᠬᠤᠶ ᠨᠡᠶᠢᠭᠡᠮ ᠤᠨ ᠴᠢᠨᠠᠷ | ᠰᠠᠶᠢᠲᠠᠶ ᠬᠥᠭᠵᠢᠯᠲᠡ ᠳᠤ ᠪᠠᠲᠤ ᠴᠢᠩᠭ᠎ᠠ ᠪᠠᠲᠤᠯᠠᠭ᠎ᠠ ᠬᠠᠩᠭᠠᠪᠠ᠃ | | ︵︽ᠠᠷᠠᠣᠠ ᠤᠨ ᠡᠳᠦᠷ ᠤᠨ ᠰᠣᠨᠢᠠ︾ ᠠᠴᠠ ᠰᠢᠯᠵᠢᠭᠦᠯᠪᠡ 2024 ᠣᠨ ᠤ 08 ᠳ᠋ᠤᠭᠠᠷ ᠰᠠᠷ᠎ᠠ ᠶᠢᠨ | 10 ᠤ ᠡᠳᠦᠷ ᠰᠤᠷᠪᠤᠯᠵᠢᠯᠠᠭᠴᠢ ᠵᠠᠩ ᠾᠦᠢ ᠯᠢᠩ︶ | |