ᠠᠷᠠᠳ ᠤᠨ ᠡᠳᠦᠷ ᠤᠨ ᠰᠣᠨᠢᠨ᠄ ᠤᠮᠠᠷᠠᠲᠤ ᠣᠷᠣᠨ ᠤ ᠵᠡᠭᠦᠨ ᠬᠤᠶᠢᠲᠤ ᠣᠷᠣᠨ ᠵᠢᠴᠢ ᠰᠧᠴᠤᠸᠠᠨ ᠤ ᠬᠤᠲᠣᠭᠤᠷ ᠵᠡᠷᠭᠡ ᠭᠠᠵᠠᠷ ᠲᠤ ᠰᠢᠷᠦᠭᠦᠨ ᠪᠣᠷᠣᠭᠠᠨ ᠣᠷᠣᠬᠤ ᠶᠠᠪᠤᠴᠠ ᠶᠢᠨ ᠦᠷᠭᠦᠯᠵᠢᠯᠡᠭᠰᠡᠨ ᠴᠠᠭ ᠨᠢ ᠨᠡᠯᠢᠶᠡᠳ ᠤᠷᠲᠤ ︵ᠦᠶᠡᠷ ᠢ ᠰᠡᠷᠭᠡᠶᠢᠯᠡᠵᠦ ᠦᠶᠡᠷ ᠲᠠᠢ ᠲᠡᠮᠡᠴᠡᠨ ᠭᠠᠮᠰᠢᠭ ᠠᠴᠠ ᠠᠪᠤᠷᠠᠬᠤ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠨ᠎ᠡ︶ ᠤᠰᠤᠨ ᠠᠰᠢᠭᠯᠠᠯᠲᠠ ᠶᠢᠨ ᠶᠠᠮᠤᠨ ᠠᠴᠠ ᠥᠪᠥᠷ ᠮᠣᠩᠭᠤᠯ ᠳᠤ ᠴᠢᠭᠯᠡᠭᠦᠯᠦᠨ ᠦᠶᠡᠷ ᠤᠨ ᠤᠰᠤ ᠶᠢ ᠰᠡᠷᠭᠡᠶᠢᠯᠡᠬᠦ Ⅳ ᠲᠠᠰ ᠤᠨ ᠪᠠᠴᠢᠮ ᠪᠠᠶᠢᠳᠠᠯ ᠢ ᠠᠷᠭᠠᠴᠠᠬᠤ ᠶᠢ ᠡᠬᠢᠯᠡᠭᠦᠯᠪᠡ
ᠨᠡᠶᠢᠲᠡᠯᠡᠭᠰᠡᠨ ᠴᠠᠭ᠄
2024/8/14
  ᠢᠷᠡᠬᠦ ᠭᠤᠷᠪᠠᠨ ᠡᠳᠦᠷ ᠲᠤ᠂ ᠤᠮᠠᠷᠠᠲᠤ ᠣᠷᠣᠨ᠂ ᠵᠡᠭᠦᠨ ᠬᠤᠶᠢᠲᠤ ᠣᠷᠣᠨ ᠳᠤ ᠤᠷᠢᠳ ᠬᠤᠵᠢᠳ ᠰᠢᠷᠦᠭᠦᠨ ᠪᠣᠷᠣᠭᠠᠨ ᠣᠷᠣᠨ᠎ᠠ᠃ ᠳᠦᠪ ᠤᠨ ᠴᠠᠭ ᠠᠭᠤᠷ ᠤᠨ ᠲᠤᠪᠴᠢᠶ᠎ᠠ ᠵᠢᠱᠢᠯᠲᠠ ᠪᠠᠷ 9 ᠤ ᠡᠲᠦᠷ ᠤᠨ ᠤᠷᠤᠢ ᠠᠴᠠ 12 ᠤᠨ ᠡᠳᠦᠷ ᠪᠤᠯᠲᠠᠯ᠎ᠠ᠂ ᠦᠪᠦᠷ ᠮᠤᠩᠭᠤᠯ ᠤᠨ ᠳᠤᠮᠲᠠ ᠪᠠ ᠵᠡᠭᠦᠨ ᠬᠡᠰᠡᠭ᠂ ᠪᠡᠬᠡᠵᠢᠩ ᠲᠢᠶᠠᠨᠵᠢᠨ ᠡᠾᠧᠪᠸᠢ᠂ ᠵᠡᠭᠦᠨ ᠬᠤᠶᠢᠲᠤ ᠤᠷᠤᠨ᠂ ᠰᠧᠴᠤᠸᠠᠨ ᠤ ᠬᠤᠲᠣᠭᠤᠷ ᠵᠡᠷᠬᠡ ᠭᠠᠵᠠᠷ ᠲᠤ ᠶᠡᠭᠡ ᠪᠤᠷᠤᠭᠠᠨ ᠤᠷᠤᠬᠤ ᠪᠤᠯᠤᠨ᠎ᠠ᠃  9 ᠤ ᠡᠳᠦᠷ ᠤᠨ 18 ᠴᠠᠭ ᠲᠤ᠂ ᠲᠥᠪ ᠤᠨ ᠴᠠᠭ ᠠᠭᠤᠷ ᠤᠨ ᠬᠤᠷᠢᠶ᠎ᠠ ᠰᠢᠷᠦᠭᠦᠨ ᠪᠣᠷᠣᠭᠠᠨ ᠤ ᠤᠯᠠᠪᠤᠷ ᠥᠩᠭᠡ ᠶᠢᠨ ᠰᠡᠷᠡᠮᠵᠢ ᠶᠢᠨ ᠳᠣᠬᠢᠶ᠎ᠠ ᠪᠣᠯᠤᠨ ᠴᠢᠩᠭ᠎ᠠ ᠰᠣᠯᠢᠭ ᠤᠷᠤᠰᠬᠠᠯᠲᠦ ᠴᠠᠭ ᠠᠭᠤᠷ ᠤᠨ ᠰᠢᠷ᠎ᠠ ᠥᠩᠭᠡ ᠶᠢᠨ ᠰᠡᠷᠡᠮᠵᠢ ᠶᠢᠨ ᠳᠣᠬᠢᠶ᠎ᠠ ᠨᠡᠶᠢᠲᠡᠯᠡᠪᠡ᠃  ᠠᠷᠠᠳ ᠤᠨ ᠡᠳᠦᠷ ᠤᠨ ᠰᠣᠨᠢᠨ ᠤ ᠪᠡᠬᠡᠵᠢᠩ ᠤᠨ 8 ᠳ᠋ᠤᠭᠠᠷ ᠰᠠᠷ᠎ᠠ ᠶᠢᠨ 9 ᠤ ᠡᠳᠦᠷ ᠤᠨ ᠴᠠᠭᠢᠯᠭᠠᠨ ᠮᠡᠲᠡᠭᠡ ︵ᠰᠤᠷᠪᠤᠯᠵᠢᠯᠠᠭᠴᠢ ᠯᠢᠦ ᠸᠧᠨ ᠰᠢᠨ︶ 8 ᠳ᠋ᠤᠭᠠᠷ ᠰᠠᠷ᠎ᠠ ᠶᠢᠨ 9 ᠤ ᠡᠳᠦᠷ᠂ ᠤᠯᠤᠰ ᠤᠨ ᠦᠶᠡᠷ ᠢ ᠰᠡᠷᠬᠡᠶᠢᠯᠡᠭᠦ ᠶᠡᠷᠦᠩᠭᠡᠢ ᠠᠯᠪᠡᠨ ᠭᠡᠷ᠂ ᠪᠠᠴᠢᠮ ᠪᠠᠶᠢᠲᠠᠯ ᠢ ᠠᠷᠭᠠᠴᠠᠬᠤ ᠬᠠᠮᠢᠶᠠᠷᠤᠯᠲᠠ ᠶᠢᠨ ᠶᠠᠮᠤᠨ ᠦᠷᠭᠦᠯᠵᠢᠯᠡᠨ ᠴᠠᠭ ᠠᠭᠤᠷ᠂ ᠤᠰᠤᠨ ᠠᠰᠢᠭᠯᠠᠯᠲᠠ᠂ ᠪᠠᠶᠢᠭᠠᠯᠢ ᠶᠢᠨ ᠡᠬᠢ ᠪᠠᠶᠠᠯᠢᠭ ᠵᠡᠷᠬᠡ ᠰᠠᠯᠠᠭ᠎ᠠ ᠮᠦᠴᠢᠷ ᠢ ᠵᠤᠭᠢᠶᠠᠨ ᠪᠠᠶᠢᠭᠤᠯᠤᠨ ᠦᠶᠡᠷ ᠢ ᠰᠡᠷᠬᠡᠶᠢᠯᠡᠭᠦ ᠲᠤᠰᠬᠠᠢ ᠰᠡᠲᠦᠪ ᠢᠶᠠᠷ ᠵᠦᠪᠲᠡᠯᠴᠡᠨ᠎ᠡ᠃  ᠵᠥᠪᠳᠡᠯᠴᠡᠭᠡ ᠂ ᠲᠣᠰ ᠡᠭᠡᠯᠵᠢ ᠶᠢᠨ ᠰᠢᠷᠦᠭᠦᠨ ᠪᠣᠷᠣᠭᠠᠨ ᠤ ᠶᠠᠪᠤᠴᠠ ᠶᠢᠨ ᠦᠷᠭᠦᠯᠵᠢᠯᠡᠭᠰᠡᠨ ᠴᠠᠭ ᠨᠢ ᠨᠡᠯᠢᠶᠡᠳ ᠣᠷᠳᠣ᠂ ᠬᠡᠰᠡᠭ ᠭᠠᠵᠠᠷ ᠣᠷᠣᠨ ᠤ ᠬᠤᠷ᠎ᠠ ᠲᠣᠨᠣᠳᠠᠰᠤ ᠲᠦᠢᠯ ᠤᠨ ᠦᠵᠦᠭᠦᠷᠯᠢᠭ ᠴᠢᠨᠠᠷ ᠲᠠᠢ ᠶᠤᠮ᠃ ᠣᠳᠣᠬᠠᠨ ᠳᠤ ᠵᠡᠭᠦᠨ ᠬᠤᠢᠲᠤ ᠣᠷᠣᠨ ᠤ ᠣᠨᠴᠠ ᠵᠠᠷᠢᠮ ᠭᠤᠣᠯᠳᠠᠯᠭ᠎ᠠ ᠲᠠᠢ ᠭᠤᠣᠯ ᠤᠨ ᠬᠡᠰᠡᠭ ᠮᠥᠨ ᠯᠡ ᠰᠡᠷᠡᠮᠵᠢ ᠶᠢ ᠳᠠᠪᠠᠵᠤ ᠦᠶᠡᠷ ᠢ ᠰᠡᠷᠭᠡᠶᠢᠯᠡᠬᠦ ᠪᠠᠶᠢᠳᠠᠯ ᠮᠥᠨ ᠯᠡ ᠬᠦᠨᠳᠦ ᠨᠣᠴᠢᠲᠠᠢ ᠪᠠᠶᠢᠨ᠎ᠠ ᠭᠡᠵᠦ ᠴᠢᠬᠤᠯᠠᠴᠢᠯᠠᠵᠠᠢ᠃  9 ᠤ ᠡᠳᠦᠷ ᠤᠯᠤᠰ ᠤᠨ ᠦᠶᠡᠷ ᠢ ᠰᠡᠷᠭᠡᠶᠢᠯᠡᠵᠦ ᠭᠠᠩ ᠬᠠᠭᠰᠠᠷᠠᠭᠠᠨ ᠲᠠᠢ ᠲᠡᠮᠡᠴᠡᠬᠦ ᠶᠡᠷᠦᠩᠬᠡᠶ ᠵᠢᠯᠤᠭᠤᠳᠬᠤ ᠭᠠᠵᠠᠷ ᠪᠡᠭᠡᠵᠢᠩ᠂ ᠲᠢᠶᠠᠨᠵᠢᠨ᠂ ᠾᠧᠪᠧᠶ᠂ ᠥᠪᠥᠷ ᠮᠣᠩᠭᠤᠯ᠂ ᠭᠢᠷᠢᠨ᠂ ᠬᠠᠷᠠᠮᠦ᠋ᠷᠡᠨ᠂ ᠰᠧᠴᠤᠸᠠᠨ ᠵᠡᠷᠭᠡ ᠦᠶᠡᠷ ᠢ ᠰᠡᠷᠭᠡᠶᠢᠯᠡᠬᠦ ᠳᠥᠷᠪᠡᠳᠦᠭᠡᠷ ᠳᠡᠰ ᠤᠨ ᠪᠠᠴᠢᠮ ᠢ ᠠᠷᠭᠠᠴᠠᠬᠤ ᠲᠥᠰᠥᠪ ᠢ ᠪᠠᠲᠤᠯᠠᠵᠠᠶ᠃ ᠤᠯᠤᠰ ᠤᠨ ᠦᠶᠡᠷ ᠢ ᠰᠡᠷᠭᠡᠶᠢᠯᠡᠵᠦ ᠭᠠᠩ ᠬᠠᠭᠰᠠᠷᠠᠭᠠᠨ ᠲᠠᠢ ᠲᠡᠮᠡᠴᠡᠬᠦ ᠶᠡᠷᠦᠩᠬᠡᠶ ᠠᠯᠪᠠᠨ ᠭᠡᠷ ᠠᠴᠠ ᠠᠵᠢᠯᠯᠠᠬᠤ ᠳᠤᠭᠤᠶᠢᠯᠠᠩ ᠲᠣᠮᠢᠯᠠᠨ ᠥᠪᠥᠷ ᠮᠣᠩᠭᠤᠯ ᠳᠤ ᠣᠴᠢᠭᠤᠯᠵᠤ ᠬᠠᠪᠰᠤᠷᠤᠨ ᠵᠢᠯᠤᠭᠤᠳᠤᠭᠤᠯᠵᠠᠢ᠃  ᠤᠯᠤᠰ ᠤᠨ ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠭᠠᠮᠰᠢᠭ ᠠᠴᠠ ᠠᠪᠤᠷᠠᠬᠤ ᠺᠣᠮᠢᠰ ᠨᠢ ᠬᠤᠨᠠᠨ ᠤ ᠤᠯᠤᠰ ᠤᠨ ᠬᠤᠶᠠᠳᠤᠭᠠᠷ ᠳᠡᠰ ᠤᠨ ᠭᠠᠮᠰᠢᠭ ᠠᠴᠠ ᠠᠪᠤᠷᠠᠬᠤ ᠪᠠᠴᠢᠮ ᠪᠠᠶᠢᠳᠠᠯ ᠢ ᠠᠷᠭᠠᠴᠠᠬᠤ ᠳᠤ ᠴᠢᠭᠯᠡᠭᠦᠯᠵᠦ᠂ ᠾᠧᠨᠠᠨ᠂ ᠰᠧᠴᠤᠸᠠᠨ ᠤ ᠤᠯᠤᠰ ᠤᠨ ᠭᠤᠷᠪᠠᠳᠤᠭᠠᠷ ᠳᠡᠰ ᠤᠨ ᠭᠠᠮᠰᠢᠭ ᠠᠴᠠ ᠠᠪᠤᠷᠠᠬᠤ ᠪᠠᠴᠢᠮ ᠪᠠᠶᠢᠳᠠᠯ ᠢ ᠠᠷᠭᠠᠴᠠᠬᠤ ᠳᠤ ᠴᠢᠭᠯᠡᠭᠦᠯᠦᠭᠰᠡᠨ ᠵᠢᠴᠢ ᠭᠢᠷᠢᠨ᠂ ᠱᠠᠨᠰᠢ ᠳᠤ ᠴᠢᠭᠯᠡᠭᠦᠯᠦᠭᠰᠡᠨ ᠤᠯᠤᠰ ᠤᠨ ᠳᠥᠷᠪᠡᠳᠦᠭᠡᠷ ᠳᠡᠰ ᠤᠨ ᠭᠠᠮᠰᠢᠭ ᠠᠴᠠ ᠠᠪᠤᠷᠠᠬᠤ ᠪᠠᠴᠢᠮ ᠪᠠᠶᠢᠳᠠᠯ ᠢ ᠠᠷᠭᠠᠴᠠᠬᠤ ᠳᠤ ᠴᠢᠭᠯᠡᠭᠦᠯᠦᠨ᠂ ᠲᠣᠮᠢᠯᠠᠭᠰᠠᠨ ᠭᠠᠮᠰᠢᠭ ᠠᠴᠠ ᠠᠪᠤᠷᠠᠬᠤ ᠠᠵᠢᠯ ᠤᠨ ᠳᠤᠭᠤᠶᠢᠯᠠᠩ ᠦᠷᠭᠦᠯᠵᠢᠯᠡᠨ ᠬᠤᠨᠠᠨ ᠮᠤᠵᠢ ᠶᠢᠨ ᠽᠢ ᠰᠢᠩ ᠬᠤᠳᠠ ᠳᠤ ᠠᠵᠢᠯ ᠢᠶᠠᠨ ᠥᠷᠨᠢᠭᠦᠯᠪᠡ᠃  ᠠᠷᠠᠣᠠ ᠤᠨ ᠡᠳᠦᠷ ᠤᠨ ᠰᠣᠨᠢᠠ ᠤ ᠪᠡᠬᠡᠵᠢᠩ ᠤᠨ 8 ᠳ᠋ᠤᠭᠠᠷ ᠰᠠᠷ᠎ᠠ ᠶᠢᠨ 9 ᠤ ᠡᠳᠦᠷ ᠤᠨ ᠴᠠᠬᠢᠯᠭᠠᠨ ᠮᠠᠲᠡᠭᠡ ︵ᠰᠤᠷᠪᠤᠯᠵᠢᠯᠠᠭᠴᠢ ᠸᠠᠩ ᠬᠤᠤ︶ ᠤᠷᠢᠳᠴᠢᠯᠠᠭᠰᠠᠨ ᠮᠡᠲᠡᠭᠡ ᠶᠢ ᠦᠨᠲᠦᠰᠦᠯᠡᠪᠡᠯ᠂ 8 ᠳ᠋ᠤᠭᠠᠷ ᠰᠠᠷ᠎ᠠ ᠶᠢᠨ 9 ᠠᠴᠠ 11 ᠤ ᠡᠳᠦᠷ ᠪᠤᠯᠲᠠᠯ᠎ᠠ᠂ ᠦᠪᠦᠷ ᠮᠤᠩᠭᠤᠯ ᠤᠨ ᠵᠡᠭᠦᠨ ᠬᠡᠰᠡᠭ ᠲᠤ ᠳᠤᠮᠳᠠ ᠠᠴᠠ ᠶᠡᠭᠡ ᠪᠤᠷᠤᠭᠠᠨ ᠤᠷᠤᠵᠤ᠂ ᠬᠡᠰᠡᠭ ᠭᠠᠵᠠᠷ ᠲᠤ ᠠᠭᠠᠳᠠᠷ ᠪᠤᠷᠤᠭᠠᠨ ᠤᠷᠤᠵᠤ᠂ ᠬᠡᠰᠡᠭ ᠭᠠᠵᠠᠷ ᠲᠤ ᠶᠡᠭᠡ ᠠᠭᠠᠳᠠᠷ ᠪᠤᠷᠤᠭᠠᠨ ᠤᠷᠤᠨ᠎ᠠ᠃  ᠡᠭᠦᠨ ᠤ ᠨᠥᠯᠥᠭᠡ ᠪᠠᠷ᠂ ᠯᠢᠶᠣᠤ ᠾᠧ ᠭᠤᠣᠯ ᠤᠨ ᠳᠡᠭᠡᠳᠦ ᠤᠷᠤᠰᠬᠠᠯ ᠨᠢ ᠪᠠᠷᠠᠭᠤᠨ ᠯᠢᠶᠣᠤ ᠾᠧ ᠭᠤᠣᠯ᠂ ᠨᠤᠨ ᠮᠥᠷᠡᠨ ᠤ ᠳᠣᠣᠷᠠᠳᠤ ᠤᠷᠤᠰᠬᠠᠯ ᠤᠨ ᠰᠠᠯᠪᠤᠷᠢ ᠤᠷᠤᠰᠬᠠᠯ ᠪᠣᠯᠬᠤ ᠶᠠᠯᠦ ᠭᠤᠣᠯ᠂ ᠴᠤᠤᠯ ᠭᠤᠣᠯ᠂ ᠲᠤᠭᠤᠷ ᠤᠨ ᠭᠤᠣᠯ ᠵᠢᠴᠢ ᠬᠤᠣᠯᠢᠨ ᠭᠤᠣᠯ ᠵᠡᠷᠭᠡ ᠭᠠᠵᠠᠷ ᠲᠤ ᠢᠯᠡᠳᠲᠡ ᠤᠰᠤ ᠦᠰᠬᠦ ᠶᠠᠪᠤᠴᠠ ᠢᠯᠡᠷᠡᠵᠦ᠂ ᠬᠡᠰᠡᠭ ᠳᠤᠮᠳᠠ ᠪᠠᠭ᠎ᠠ ᠭᠤᠣᠯ ᠮᠥᠷᠡᠨ ᠳᠤ ᠰᠡᠷᠡᠮᠵᠢ ᠠᠴᠠ ᠳᠠᠪᠠᠭᠰᠠᠨ ᠦᠶᠡᠷ ᠡᠭᠦᠰᠬᠦ ᠪᠣᠯᠤᠯᠴᠠᠭ᠎ᠠ ᠲᠠᠢ᠃ 9 ᠤ ᠡᠳᠦᠷ ᠤᠨ 12 ᠴᠠᠭ ᠲᠤ᠂ ᠤᠰᠤᠨ ᠠᠰᠢᠭᠯᠠᠯᠲᠠ ᠶᠢᠨ ᠶᠠᠮᠤᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠶᠡᠷ ᠤᠨ ᠤᠰᠤ ᠶᠢ ᠰᠡᠷᠭᠡᠶᠢᠯᠡᠬᠦ Ⅳ ᠲᠠᠰ ᠤᠨ ᠪᠠᠴᠢᠮ ᠪᠠᠶᠢᠳᠠᠯ ᠢ ᠠᠷᠭᠠᠴᠠᠬᠤ ᠲᠥᠰᠦᠯ ᠢ ᠡᠬᠢᠯᠡᠭᠦᠯᠪᠡ᠃ ᠤᠰᠤᠨ ᠠᠰᠢᠭᠯᠠᠯᠲᠠ ᠶᠢᠨ ᠶᠠᠮᠤᠨ ᠰᠤᠩᠭᠠᠷᠢ ᠮᠥᠷᠡᠨ ᠪᠤᠯᠤᠨ ᠯᠢᠶᠤᠤᠾᠧ ᠭᠤᠤᠯ ᠤᠨ ᠤᠰᠤᠨ ᠠᠰᠢᠭᠯᠠᠯᠲᠠ ᠶᠢᠨ ᠵᠥᠪᠯᠡᠯ ᠨᠢᠭᠡᠨᠲᠡ ᠦᠶᠡᠷ ᠤᠨ ᠤᠰᠤ ᠶᠢ ᠰᠡᠷᠭᠡᠶᠢᠯᠡᠬᠦ Ⅳ ᠳᠡᠰ ᠤᠨ ᠪᠠᠴᠢᠮ ᠪᠠᠶᠢᠳᠠᠯ ᠢ ᠠᠷᠭᠠᠴᠠᠬᠤ ᠠᠷᠭ᠎ᠠ ᠶᠢ ᠡᠬᠢᠯᠡᠭᠦᠯᠪᠡ᠃ 
 
ᠢᠷᠡᠯᠲᠡ᠄ ᠠᠷᠠᠳ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号