ᠶᠡᠷᠦᠩᠬᠡᠶ ᠱᠦᠵᠢ ᠰᠢ ᠶᠢᠨ ᠫᠢᠩ ᠤᠨ ᠨᠡᠶᠢᠭᠡᠮ ᠤᠨ ᠢᠲᠡᠭᠡᠮᠵᠢ ᠶᠢᠨ ᠰᠢᠰᠲ᠋ᠧᠮ ᠤᠨ ᠪᠠᠶᠢᠭᠤᠯᠤᠯᠲᠠ ᠶᠢᠨ | ᠲᠤᠬᠠᠶ ᠴᠢᠬᠤᠯᠠ ᠥᠭᠦᠯᠡᠯᠲᠡ ᠶᠢᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢᠨ ᠲᠥᠯᠥᠭᠡ ᠂ | ᠨᠠᠮ ᠤᠨ ᠲᠥᠪ ᠬᠤᠷᠢᠶ᠎ᠠ ᠂ ᠲᠥᠷᠥ ᠶᠢᠨ ᠶᠠᠪᠤᠳᠠᠯ ᠤᠨ ᠬᠤᠷᠢᠶᠠᠨ ᠤ ᠨᠡᠶᠢᠭᠡᠮ ᠤᠨ ᠢᠲᠡᠭᠡᠮᠵᠢ ᠶᠢᠨ ᠰᠢᠰᠲ᠋ᠧᠮ ᠤᠨ | ᠪᠠᠶᠢᠭᠤᠯᠤᠯᠲᠠ ᠶᠢᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠲᠤᠬᠠᠶ ᠰᠢᠢᠳᠪᠦᠷᠢᠲᠦ ᠪᠣᠳᠣᠯᠭ᠎ᠠ ᠶᠢᠨ | ᠪᠠᠶᠢᠷᠢᠯᠠᠭᠤᠯᠤᠯᠲᠠ ᠶᠣᠰᠣᠭᠠᠷ ᠂ ᠤᠰᠤᠨ ᠠᠰᠢᠭᠯᠠᠯᠲᠠ ᠶᠢᠨ ᠪᠥᠲᠥᠭᠡᠨ ᠪᠠᠶᠢᠭᠤᠯᠤᠯᠲᠠ ᠶᠢᠨ ᠵᠠᠬ᠎ᠠ ᠳᠡᠯᠭᠡᠭᠦᠷ ᠤᠨ | ᠡᠵᠡᠩᠨᠡᠯᠲᠡ ᠶᠢᠨ ᠭᠤᠤᠯ ᠴᠣᠭᠴᠠ ᠶᠢᠨ ᠢᠲᠡᠭᠡᠮᠵᠢ ᠶᠢᠨ ᠮᠡᠳᠡᠭᠡ ᠵᠠᠩᠭᠢ ᠶᠢᠨ ᠬᠠᠮᠢᠶᠠᠷᠤᠯᠲᠠ ᠶᠢ ᠤᠯᠠᠮ ᠨᠢᠭᠡ | ᠠᠯᠬᠤᠮ ᠵᠢᠷᠤᠮᠵᠢᠭᠤᠯᠵᠤ ᠂ ᠤᠰᠤᠨ ᠠᠰᠢᠭᠯᠠᠯᠲᠠ ᠶᠢᠨ ᠶᠠᠮᠤᠨ ᠠᠴᠠ ︽ᠤᠰᠤᠨ ᠠᠰᠢᠭᠯᠠᠯᠲᠠ ᠶᠢᠨ ᠪᠥᠲᠥᠭᠡᠨ | ᠪᠠᠶᠢᠭᠤᠯᠤᠯᠲᠠ ᠶᠢᠨ ᠵᠠᠬ᠎ᠠ ᠳᠡᠯᠭᠡᠭᠦᠷ ᠤᠨ ᠭᠤᠤᠯ ᠴᠣᠭᠴᠠ ᠶᠢᠨ ᠢᠲᠡᠭᠡᠮᠵᠢ ᠶᠢᠨ ᠮᠡᠳᠡᠭᠡ ᠵᠠᠩᠭᠢ ᠶᠢᠨ | ᠬᠠᠮᠢᠶᠠᠷᠤᠯᠲᠠ ᠶᠢᠨ ᠠᠷᠭ᠎ᠠ︾ ︵ᠤᠰᠤᠨ ᠤ ᠪᠥᠲᠥᠭᠡᠨ ᠪᠠᠶᠢᠭᠤᠯᠤᠯᠲᠠ ﹇2019﹈ 306 ᠳ᠋ᠤᠭᠠᠷ ᠲᠣᠭᠠᠲᠤ︶ | ᠳᠤ ᠵᠠᠰᠠᠪᠤᠷᠢ ᠣᠷᠣᠭᠤᠯᠵᠤ ᠂ ᠣᠶᠢᠷ᠎ᠠ ᠳᠤ ︽ᠤᠰᠤᠨ ᠠᠰᠢᠭᠯᠠᠯᠲᠠ ᠶᠢᠨ ᠪᠥᠲᠥᠭᠡᠨ ᠪᠠᠶᠢᠭᠤᠯᠤᠯᠲᠠ ᠶᠢᠨ ᠵᠠᠬ᠎ᠠ | ᠳᠡᠯᠭᠡᠭᠦᠷ ᠤᠨ ᠡᠵᠡᠩᠨᠡᠯᠲᠡ ᠶᠢᠨ ᠭᠤᠤᠯ ᠴᠣᠭᠴᠠ ᠶᠢᠨ ᠢᠲᠡᠭᠡᠮᠵᠢ ᠶᠢᠨ ᠮᠡᠳᠡᠭᠡ ᠵᠠᠩᠭᠢ ᠶᠢᠨ ᠬᠠᠮᠢᠶᠠᠷᠤᠯᠲᠠ ᠶᠢᠨ | ᠠᠷᠭ᠎ᠠ︾ ︵ᠳᠣᠷᠣᠭᠰᠢ ︽ᠠᠷᠭ᠎ᠠ︾ ᠭᠡᠵᠦ ᠲᠣᠪᠴᠢᠯᠠᠨ᠎ᠠ︶ ᠶᠢ ᠳᠠᠷᠤᠮᠠᠯᠯᠠᠨ ᠲᠠᠷᠬᠠᠭᠠᠪᠠ ᠃ ᠤᠰᠤᠨ | ᠠᠰᠢᠭᠯᠠᠯᠲᠠ ᠶᠢᠨ ᠶᠠᠮᠤᠨ ᠤ ᠤᠰᠤᠨ ᠠᠰᠢᠭᠯᠠᠯᠲᠠ ᠶᠢᠨ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢᠨ | ᠵᠤᠷᠭᠠᠨ ᠤ ᠬᠤᠯᠪᠣᠭᠳᠠᠯ ᠪᠦᠬᠦᠢ ᠬᠠᠷᠢᠭᠤᠴᠠᠯᠭᠠᠲᠠᠨ ᠨᠥᠬᠦᠳ ︽ᠠᠷᠭ᠎ᠠ︾ ᠳᠤ ᠲᠠᠶᠢᠯᠤᠮᠵᠢ ᠬᠢᠪᠡ ᠃ | ᠨᠢᠭᠡ ᠂ ᠵᠠᠰᠠᠪᠤᠷᠢ ᠣᠷᠤᠭᠤᠯᠤᠭᠰᠠᠨ ᠠᠬᠤᠢ ᠪᠠᠶᠢᠳᠠᠯ | 2019 ᠣᠨ ᠤ 12 ᠳ᠋ᠤᠭᠠᠷ ᠰᠠᠷ᠎ᠠ ᠳᠤ ᠂ ᠤᠰᠤᠨ ᠠᠰᠢᠭᠯᠠᠯᠲᠠ ᠶᠢᠨ ᠶᠠᠮᠤᠨ ᠤᠰᠤᠨ ᠤ ᠪᠦᠲᠦᠭᠡᠨ | ᠪᠠᠶᠢᠭᠤᠯᠤᠯᠲᠠ ﹇2019﹈ 306 ᠳ᠋ᠤᠭᠠᠷ ᠲᠣᠭᠠᠲᠤ ᠪᠢᠴᠢᠭ ᠮᠠᠲ᠋ᠧᠷᠢᠶᠠᠯ ᠢ ᠳᠠᠷᠤᠮᠠᠯᠯᠠᠨ ᠲᠠᠷᠬᠠᠭᠠᠵᠤ ᠂ | ᠢᠲᠡᠭᠡᠮᠵᠢ ᠶᠢ ᠳᠡᠰ ᠲᠥᠷᠥᠯ ᠬᠤᠪᠢᠶᠠᠬᠤ ᠂ ᠬᠥᠳᠡᠯᠦᠩᠭᠦᠶ ᠬᠢᠨᠠᠯᠲᠠ ᠬᠠᠮᠢᠶᠠᠷᠤᠯᠲᠠ ᠶᠢ ᠬᠡᠷᠡᠭᠵᠢᠭᠦᠯᠬᠦ ᠳᠤ | ᠦᠨᠳᠦᠰᠦᠯᠡᠯ ᠬᠠᠩᠭᠠᠵᠤ ᠂ ᠤᠰᠤᠨ ᠠᠰᠢᠭᠯᠠᠯᠲᠠ ᠶᠢᠨ ᠪᠦᠲᠦᠭᠡᠨ ᠪᠠᠶᠢᠭᠤᠯᠤᠯᠲᠠ ᠶᠢᠨ ᠵᠠᠬ᠎ᠠ ᠳᠡᠯᠭᠡᠭᠦᠷ ᠤᠨ ᠡᠮᠬᠢ | ᠳᠢᠭᠯᠢᠮ ᠢ ᠵᠢᠷᠤᠮᠵᠢᠭᠤᠯᠬᠤ ᠳᠤ ᠢᠳᠡᠪᠬᠢᠲᠡᠢ ᠦᠢᠯᠡᠳᠦᠯ ᠦᠵᠡᠭᠦᠯᠪᠡ ᠃ 2020 ᠣᠨ ᠠᠴᠠ ᠨᠠᠭᠠᠰᠢ ᠂ ᠳᠤᠮᠳᠠᠳᠤ | ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠠᠯᠪᠠᠨ ᠲᠢᠩᠬᠢᠮ ᠂ ᠲᠥᠷᠥ ᠶᠢᠨ ᠶᠠᠪᠤᠳᠠᠯ ᠤᠨ ᠬᠤᠷᠢᠶᠠᠨ ᠤ | ᠠᠯᠪᠠᠨ ᠲᠢᠩᠬᠢᠮ ︽ᠨᠡᠶᠢᠭᠡᠮ ᠤᠨ ᠢᠲᠡᠭᠡᠮᠵᠢ ᠶᠢᠨ ᠰᠢᠰᠲ᠋ᠧᠮᠵᠢ ᠶᠢᠨ ᠪᠠᠶᠢᠭᠤᠯᠤᠯᠲᠠ ᠶᠢᠨ ᠴᠢᠨᠠᠷ ᠰᠠᠶᠢᠲᠠᠶ | ᠬᠥᠭᠵᠢᠯᠲᠡ ᠶᠢ ᠠᠬᠢᠭᠤᠯᠵᠤ ᠰᠢᠨ᠎ᠡ ᠬᠥᠭᠵᠢᠯᠲᠡ ᠶᠢᠨ ᠪᠠᠶᠢᠷᠢᠰᠢᠯ ᠢ ᠪᠦᠷᠢᠯᠳᠦᠭᠦᠯᠬᠦ ᠶᠢ ᠠᠬᠢᠭᠤᠯᠬᠤ ᠲᠤᠬᠠᠶ ᠰᠠᠨᠠᠯ︾ | ︵ᠲᠥᠪ ᠠᠯᠪᠠᠨ ᠲᠠᠷᠬᠠᠭᠠᠭᠰᠠᠨ ﹇ 2022 ﹈ 25 ᠳ᠋ᠤᠭᠠᠷ ᠲᠣᠭᠠᠲᠤ︶ ᠂ ︽ᠢᠲᠡᠭᠡᠯ ᠠᠯᠳᠠᠭᠰᠠᠨ | ᠬᠢᠵᠠᠭᠠᠷᠯᠠᠯ ᠤᠨ ᠲᠦᠷᠢᠮ ᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ ᠦᠨᠡᠨᠴᠢ ᠢᠲᠡᠭᠡᠮᠵᠢ ᠶᠢᠨ | ᠪᠠᠶᠢᠭᠤᠯᠤᠯᠲᠠ ᠶᠢᠨ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠠᠶᠢᠭᠤᠯᠬᠤ ᠲᠤᠬᠠᠶ ᠵᠢᠯᠣᠭᠤᠳᠬᠤ | ᠰᠠᠨᠠᠯ︾ ︵ᠲᠥᠷᠥ ᠠᠯᠪᠠᠨ ᠲᠠᠷᠬᠠᠭᠠᠭᠰᠠᠨ ﹇ 2020﹈ 49 ᠳ᠋ᠦ᠋ᠭᠡᠷ ᠲᠣᠭᠠᠲᠤ︶ ᠵᠡᠷᠭᠡ ᠪᠢᠴᠢᠭ ᠮᠠᠲ᠋ᠧᠷᠢᠶᠠᠯ ᠢ | ᠳᠠᠷᠤᠮᠠᠯᠯᠠᠨ ᠲᠠᠷᠬᠠᠭᠠᠪᠠ ᠃ ᠤᠰᠤᠨ ᠤ ᠪᠦᠲᠦᠭᠡᠨ ᠪᠠᠶᠢᠭᠤᠯᠤᠯᠲᠠ ﹇ 2019 ﹈ 306 ᠳ᠋ᠤᠭᠠᠷ ᠲᠣᠭᠠᠲᠤ | ᠵᠣᠬᠢᠶᠠᠯ ᠢ ᠨᠡᠶᠢᠭᠡᠮ ᠤᠨ ᠢᠲᠡᠭᠡᠮᠵᠢ ᠶᠢᠨ ᠰᠢᠰᠲ᠋ᠧᠮ ᠤᠨ ᠪᠠᠶᠢᠭᠤᠯᠤᠯᠲᠠ ᠶᠢᠨ ᠰᠢᠨ᠎ᠡ ᠱᠠᠭᠠᠷᠳᠠᠯᠭ᠎ᠠ ᠲᠠᠢ | ᠬᠠᠷᠢᠴᠠᠭᠤᠯᠪᠠᠯ ᠵᠠᠷᠢᠮ ᠬᠦᠷᠦᠯᠴᠡᠬᠦ ᠦᠭᠡᠢ ᠲᠠᠯ᠎ᠠ ᠣᠷᠣᠰᠢᠵᠤ ᠪᠠᠶᠢᠨ᠎ᠠ ᠂ ᠬᠡᠷᠡᠭᠵᠢᠭᠦᠯᠬᠦ ᠶᠠᠪᠤᠴᠠ ᠳᠤ | ᠢᠲᠡᠭᠡᠮᠵᠢ ᠶᠢᠨ ᠮᠡᠳᠡᠭᠡ ᠵᠠᠩᠭᠢ ᠶᠢᠨ ᠬᠠᠮᠢᠶᠠᠷᠤᠯᠲᠠ ᠶᠢᠨ ᠬᠠᠤᠯᠢ ᠶᠣᠰᠣᠴᠢ ᠴᠢᠨᠠᠷ ᠂ ᠵᠢᠷᠤᠮᠵᠢᠯᠳᠤ ᠴᠢᠨᠠᠷ ᠂ | ᠣᠨᠣᠪᠴᠢᠲᠤ ᠴᠢᠨᠠᠷ ᠂ ᠥᠨᠳᠥᠷ ᠪᠦᠲᠦᠮᠵᠢᠲᠦ ᠴᠢᠨᠠᠷ ᠵᠡᠷᠭᠡ ᠲᠠᠯ᠎ᠠ ᠪᠠᠷ ᠪᠠᠰᠠ ᠵᠠᠷᠢᠮ ᠠᠰᠠᠭᠤᠳᠠᠯ ᠢᠯᠡᠷᠡᠪᠡ ᠃ | ᠨᠠᠮ ᠤᠨ ᠲᠥᠪ ᠬᠤᠷᠢᠶ᠎ᠠ ᠂ ᠲᠥᠷᠥ ᠶᠢᠨ ᠶᠠᠪᠤᠳᠠᠯ ᠤᠨ ᠬᠤᠷᠢᠶᠠᠨ ᠤ ᠰᠢᠢᠳᠪᠦᠷᠢᠲᠦ ᠪᠣᠳᠣᠯᠭ᠎ᠠ ᠶᠢᠨ | ᠪᠠᠶᠢᠷᠢᠯᠠᠭᠤᠯᠤᠯᠲᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢᠨ ᠲᠥᠯᠥᠭᠡ ᠂ ᠢᠲᠡᠭᠡᠮᠵᠢ ᠶᠢᠨ ᠮᠡᠳᠡᠭᠡ | ᠵᠠᠩᠭᠢ ᠶᠢᠨ ᠬᠠᠮᠢᠶᠠᠷᠤᠯᠲᠠ ᠶᠢᠨ ᠲᠣᠭᠲᠠᠴᠠ ᠶᠢ ᠤᠯᠠᠮ ᠨᠢᠭᠡ ᠠᠯᠬᠤᠮ ᠵᠢᠷᠤᠮᠵᠢᠭᠤᠯᠤᠨ ᠲᠡᠭᠦᠯᠳᠡᠷᠵᠢᠭᠦᠯᠵᠦ ᠂ | ᠤᠰᠤᠨ ᠤ ᠪᠦᠲᠦᠭᠡᠨ ᠪᠠᠶᠢᠭᠤᠯᠤᠯᠲᠠ ﹇ 2019 ﹈ 306 ᠳ᠋ᠤᠭᠠᠷ ᠲᠣᠭᠠᠲᠤ ᠳᠤ ᠵᠠᠰᠠᠪᠤᠷᠢ ᠣᠷᠣᠭᠤᠯᠬᠤ ᠨᠢ | ᠲᠦᠢᠯ ᠤᠨ ᠴᠢᠬᠤᠯᠠ ᠶᠤᠮ ᠃ | ᠬᠤᠶᠠᠷ ᠂ ᠵᠠᠰᠠᠪᠤᠷᠢ ᠣᠷᠣᠭᠤᠯᠬᠤ ᠳᠤ ᠵᠢᠷᠤᠮᠯᠠᠬᠤ ᠵᠠᠷᠴᠢᠮ | ᠨᠢᠭᠡ ᠳᠤ ᠂ ᠬᠠᠤᠯᠢ ᠲᠣᠭᠲᠠᠭᠠᠯ ᠢ ᠵᠢᠷᠤᠮᠯᠠᠬᠤ ᠶᠢ ᠪᠠᠷᠢᠮᠲᠠᠯᠠᠬᠤ ᠬᠡᠷᠡᠭᠲᠡᠢ ᠃ ᠢᠲᠡᠭᠡᠮᠵᠢ ᠶᠢᠨ ᠮᠡᠳᠡᠭᠡ | ᠵᠠᠩᠭᠢ ᠶᠢ ᠬᠦᠷᠢᠶ᠎ᠡ ᠬᠡᠪᠴᠢᠶᠡᠨ ᠳᠤ ᠣᠷᠣᠭᠤᠯᠬᠤ ᠂ ᠢᠲᠡᠭᠡᠯ ᠠᠯᠳᠠᠭᠰᠠᠳ ᠢ ᠵᠠᠯᠬᠠᠭᠠᠨ ᠴᠡᠭᠡᠷᠯᠡᠭᠦᠯᠬᠦ ᠠᠷᠭ᠎ᠠ | ᠬᠡᠮᠵᠢᠶ᠎ᠡ ᠵᠡᠷᠭᠡ ᠲᠠᠯ᠎ᠠ ᠪᠠᠷ ᠬᠠᠤᠯᠢ ᠴᠠᠭᠠᠵᠠ ᠂ ᠬᠠᠤᠯᠢ ᠲᠣᠭᠲᠠᠭᠠᠯ ᠪᠤᠶᠤ ᠨᠠᠮ ᠤᠨ ᠲᠥᠪ ᠬᠤᠷᠢᠶ᠎ᠠ ᠂ ᠲᠥᠷᠥ ᠶᠢᠨ | ᠶᠠᠪᠤᠳᠠᠯ ᠤᠨ ᠬᠤᠷᠢᠶ᠎ᠠ ᠶᠢᠨ ᠲᠥᠷᠥ ᠶᠢᠨ ᠪᠣᠳᠣᠯᠭ᠎ᠠ ᠶᠢᠨ ᠪᠢᠴᠢᠭ ᠮᠠᠲ᠋ᠧᠷᠢᠶᠠᠯ ᠢᠶᠠᠷ ᠦᠨᠳᠦᠰᠦᠯᠡᠯ ᠪᠣᠯᠭᠠᠵᠤ ᠂ | ᠭᠠᠷᠴᠠᠭᠯᠠᠨ ᠦᠢᠯᠡᠳᠬᠦ ᠂ ᠨᠠᠷᠢᠨ ᠲᠠᠩᠰᠠ ᠶᠢᠨ ᠲᠦᠷᠢᠮ ᠢ ᠴᠢᠩᠭ᠎ᠠ ᠵᠢᠷᠤᠮᠯᠠᠨ ᠬᠠᠮᠢᠶᠠᠷᠤᠨ᠎ᠠ ᠃ | ᠬᠤᠶᠠᠷ ᠲᠤ ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠬᠤ ᠬᠡᠷᠡᠭᠲᠡᠢ ᠃ ᠤᠰᠤᠨ | ᠠᠰᠢᠭᠯᠠᠯᠲᠠ ᠶᠢᠨ ᠠᠵᠢᠯ ᠲᠥᠷᠥᠯ ᠤᠨ ᠪᠣᠳᠠᠲᠤ ᠪᠠᠶᠢᠳᠠᠯ ᠠᠴᠠ ᠡᠭᠦᠰᠴᠦ ᠂ ᠢᠲᠡᠭᠡᠮᠵᠢ ᠶᠢᠨ ᠮᠡᠳᠡᠭᠡ ᠵᠠᠩᠭᠢ ᠶᠢ | ᠴᠤᠭᠯᠠᠭᠤᠯᠤᠨ ᠡᠮᠬᠢᠳᠬᠡᠬᠦ ᠂ ᠢᠲᠡᠭᠡᠮᠵᠢ ᠶᠢ ᠰᠡᠷᠭᠦᠭᠡᠬᠦ ᠲᠠᠰ ᠳᠠᠷᠠᠭᠠᠯᠠᠯ ᠢ ᠲᠣᠳᠣᠷᠬᠠᠶᠢᠯᠠᠬᠤ ᠂ ᠡᠵᠡᠩᠨᠡᠯᠲᠡ ᠶᠢᠨ | ᠭᠤᠤᠯ ᠴᠣᠭᠴᠠ ᠶᠢᠨ ᠡᠷᠬᠡ ᠠᠰᠢᠭ ᠢ ᠬᠠᠮᠠᠭᠠᠯᠠᠬᠤ ᠵᠡᠷᠭᠡ ᠲᠠᠯ᠎ᠠ ᠪᠠᠷ ᠂ ᠬᠠᠨᠳᠤᠯᠭᠠᠲᠤ ᠴᠢᠨᠠᠷᠲᠠᠶ ᠠᠷᠭ᠎ᠠ | ᠬᠡᠮᠵᠢᠶ᠎ᠡ ᠶᠢ ᠳᠤᠷᠠᠳᠪᠠ ᠃ | ᠭᠤᠷᠪᠠ ᠳᠤ ᠂ ᠵᠠᠯᠬᠠᠭᠠᠨ ᠰᠢᠢᠳᠭᠡᠬᠦ ᠳᠤ ᠲᠡᠩᠴᠡᠭᠦᠦ ᠪᠠᠶᠢᠯᠭᠠᠬᠤ ᠶᠢ ᠪᠠᠷᠢᠮᠲᠠᠯᠠᠬᠤ ᠬᠡᠷᠡᠭᠲᠡᠢ ᠃ ᠢᠲᠡᠭᠡᠯ | ᠠᠯᠳᠠᠭᠰᠠᠨ ᠮᠡᠳᠡᠭᠡ ᠵᠠᠩᠭᠢ ᠶᠢ ᠲᠥᠷᠥᠯ ᠬᠤᠪᠢᠶᠠᠬᠤ ᠂ ᠢᠯᠡ ᠨᠡᠶᠢᠲᠡᠯᠡᠬᠦ ᠬᠡᠪᠴᠢᠶ᠎ᠡ ᠪᠠ ᠬᠤᠭᠤᠴᠠᠭ᠎ᠠ ᠬᠢᠵᠠᠭᠠᠷ ᠢ | ᠲᠣᠳᠣᠷᠬᠠᠶᠢᠯᠠᠵᠤ ᠂ ᠢᠲᠡᠭᠡᠮᠵᠢ ᠶᠢ ᠰᠡᠷᠭᠦᠭᠡᠬᠦ ᠨᠥᠬᠦᠴᠡᠯ ᠢ ᠵᠢᠷᠤᠮᠵᠢᠭᠤᠯᠤᠨ ᠂ ᠢᠲᠡᠭᠡᠯ ᠠᠯᠳᠠᠭᠰᠠᠳ ᠢ ᠵᠠᠯᠬᠠᠭᠠᠨ | ᠴᠡᠭᠡᠷᠯᠡᠭᠦᠯᠬᠦ ᠠᠷᠭ᠎ᠠ ᠬᠡᠮᠵᠢᠶ᠎ᠡ ᠶᠢ ᠲᠡᠭᠦᠯᠳᠡᠷᠵᠢᠭᠦᠯᠵᠦ ᠂ ᠢᠲᠡᠭᠡᠯ ᠠᠯᠳᠠᠭᠰᠠᠨ ᠦᠢᠯᠡ ᠠᠵᠢᠯᠯᠠᠭ᠎ᠠ ᠶᠢᠨ ᠦᠢᠯᠡ | ᠪᠠᠶᠢᠳᠠᠯ ᠂ ᠨᠥᠯᠥᠭᠡ ᠶᠢ ᠦᠨᠳᠦᠰᠦᠯᠡᠨ ᠵᠥᠷᠢᠶᠡᠴᠢᠯᠡᠭᠰᠡᠨ ᠵᠠᠯᠬᠠᠭᠠᠨ ᠴᠡᠭᠡᠷᠯᠡᠭᠦᠯᠬᠦ ᠠᠷᠭ᠎ᠠ ᠬᠡᠮᠵᠢᠶ᠎ᠡ ᠶᠢ | ᠬᠡᠷᠡᠭᠵᠢᠭᠦᠯᠦᠨ᠎ᠡ ᠃ | ᠲᠦᠷᠪᠡ ᠳᠤ ᠂ ᠬᠠᠮᠵᠢᠯᠴᠠᠨ ᠬᠠᠮᠲᠤᠷᠠᠯᠴᠠᠬᠤ ᠶᠢ ᠪᠠᠷᠢᠮᠲᠠᠯᠠᠬᠤ ᠬᠡᠷᠡᠭᠲᠡᠢ ᠃ ᠡᠯ᠎ᠡ ᠱᠠᠲᠤᠨ ᠤ ᠤᠰᠤᠨ ᠤ | ᠵᠠᠰᠠᠭ ᠵᠠᠬᠢᠷᠭᠠᠨ ᠤ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠂ ᠰᠠᠪᠠ ᠭᠠᠵᠠᠷ ᠤᠨ ᠬᠠᠮᠢᠶᠠᠷᠤᠯᠲᠠ ᠶᠢᠨ | ᠪᠠᠶᠢᠭᠤᠯᠤᠮᠵᠢ ᠶᠢᠨ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠢ ᠲᠣᠳᠣᠷᠬᠠᠶᠢᠯᠠᠵᠤ ᠂ ᠢᠲᠡᠭᠡᠮᠵᠢ ᠶᠢᠨ | ᠲᠠᠪᠴᠠᠩ ᠤᠨ ᠰᠦᠯᠵᠢᠶᠡᠨ ᠥᠷᠲᠡᠭᠡ ᠶᠢᠨ ᠬᠠᠷᠢᠯᠴᠠᠨ ᠬᠤᠯᠪᠣᠭᠠᠯᠠᠵᠤ ᠬᠠᠷᠢᠯᠴᠠᠨ ᠨᠡᠪᠲᠡᠷᠡᠯᠴᠡᠬᠦ ᠂ ᠲᠤᠭ᠎ᠠ | ᠪᠠᠷᠢᠮᠲᠠ ᠶᠢ ᠬᠠᠮᠲᠤᠪᠠᠷ ᠭᠥᠷᠳᠡᠬᠦ ᠪᠠ ᠢᠲᠡᠭᠡᠮᠵᠢ ᠶᠢᠨ ᠮᠡᠳᠡᠭᠡ ᠵᠠᠩᠭᠢ ᠶᠢᠨ ᠬᠠᠮᠢᠶᠠᠷᠤᠯᠲᠠ ᠶᠢ ᠰᠦᠯᠵᠢᠶᠡᠨ ᠳᠡᠭᠡᠷ᠎ᠡ | ᠠᠵᠢᠯᠯᠠᠭᠤᠯᠬᠤ ᠶᠢ ᠠᠬᠢᠭᠤᠯᠤᠨ᠎ᠠ ᠃ | ᠭᠤᠷᠪᠠ ᠂ ︽ᠠᠷᠭ᠎ᠠ︾ ᠶᠢᠨ ᠭᠤᠣᠯ ᠠᠭᠤᠯᠭ᠎ᠠ | ︽ᠠᠷᠭ᠎ᠠ︾ ᠨᠢ ᠨᠡᠶᠢᠲᠡ ᠨᠠᠢᠮᠠᠨ ᠪᠦᠯᠦᠭ ᠪᠠᠶᠢᠵᠤ ᠂ ᠭᠤᠴᠢ ᠶᠢᠰᠦᠳᠦᠭᠡᠷ ᠵᠦᠢᠯ ᠳᠤ ᠭᠤᠤᠯᠳᠠᠭᠤ ︽ | ᠠᠷᠭ᠎ᠠ︾ ᠶᠢᠨ ᠬᠡᠷᠡᠭᠯᠡᠬᠦ ᠬᠡᠪᠴᠢᠶ᠎ᠡ ᠂ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠂ ᠶᠠᠮᠤᠨ ᠤ | ᠱᠠᠲᠤᠨ ᠤ ᠢᠲᠡᠭᠡᠮᠵᠢ ᠶᠢᠨ ᠲᠠᠪᠴᠠᠩ ᠤᠨ ᠰᠦᠯᠵᠢᠶ᠎ᠡ ᠂ ᠢᠲᠡᠭᠡᠮᠵᠢ ᠶᠢᠨ ᠮᠡᠳᠡᠭᠡ ᠵᠠᠩᠭᠢ ᠶᠢ ᠬᠡᠪᠴᠢᠶ᠎ᠡ ᠂ ᠮᠡᠳᠡᠭᠡ | ᠵᠠᠩᠭᠢ ᠶᠢ ᠲᠥᠷᠥᠯ ᠬᠤᠪᠢᠶᠠᠬᠤ ᠂ ᠴᠤᠭᠯᠠᠭᠤᠯᠤᠨ ᠬᠠᠮᠲᠤ ᠪᠠᠷ ᠡᠳ᠋ᠯᠡᠬᠦ ᠠᠷᠭ᠎ᠠ ᠮᠠᠶ᠋ᠢᠭ ᠲᠤ ᠣᠷᠣᠭᠤᠯᠵᠤ ᠂ | ᠢᠲᠡᠭᠡᠮᠵᠢ ᠶᠢᠨ ᠮᠡᠳᠡᠭᠡ ᠵᠠᠩᠭᠢ ᠶᠢ ᠢᠯᠡ ᠨᠡᠶᠢᠲᠡᠯᠡᠬᠦ ᠬᠡᠪᠴᠢᠶ᠎ᠡ ᠂ ᠢᠯᠡ ᠨᠡᠶᠢᠲᠡᠯᠡᠬᠦ ᠠᠭᠤᠯᠭ᠎ᠠ ᠂ ᠨᠡᠶᠢᠲᠡ ᠳᠤ | ᠵᠠᠷᠯᠠᠬᠤ ᠴᠠᠭ ᠬᠤᠭᠤᠴᠠᠭ᠎ᠠ ᠂ ᠢᠲᠡᠭᠡᠮᠵᠢ ᠲᠠᠢ ᠪᠠᠶᠢᠬᠤ ᠶᠢ ᠤᠷᠮᠠᠰᠢᠭᠤᠯᠬᠤ ᠠᠷᠭ᠎ᠠ ᠬᠡᠮᠵᠢᠶ᠎ᠡ ᠂ ᠢᠲᠡᠭᠡᠯ | ᠠᠯᠳᠠᠭᠰᠠᠳ ᠢ ᠵᠠᠯᠬᠠᠭᠠᠨ ᠴᠡᠭᠡᠷᠯᠡᠭᠦᠯᠬᠦ ᠵᠠᠷᠴᠢᠮ ᠪᠠ ᠭᠤᠤᠯᠳᠠᠯᠭ᠎ᠠ ᠲᠠᠢ ᠬᠢᠨᠠᠨ ᠬᠠᠮᠢᠶᠠᠷᠬᠤ ᠠᠷᠭ᠎ᠠ ᠬᠡᠮᠵᠢᠶ᠎ᠡ ᠂ | ᠢᠲᠡᠭᠡᠮᠵᠢ ᠶᠢᠨ ᠮᠡᠳᠡᠭᠡ ᠵᠠᠩᠭᠢ ᠶᠢ ᠵᠠᠰᠠᠨ ᠰᠡᠷᠭᠦᠭᠡᠬᠦ ᠲᠣᠳᠣᠷᠬᠠᠶᠢᠯᠠᠯᠲᠠ ᠂ ᠵᠠᠰᠠᠨ ᠰᠡᠷᠭᠦᠭᠡᠬᠦ ᠨᠥᠬᠦᠴᠡᠯ ᠂ ᠵᠠᠰᠠᠨ | ᠰᠡᠷᠭᠦᠭᠡᠬᠦ ᠲᠠᠰ ᠳᠠᠷᠠᠭᠠᠯᠠᠯ ᠂ ᠮᠡᠳᠡᠭᠡ ᠵᠠᠩᠭᠢ ᠶᠢᠨ ᠠᠮᠤᠷ ᠲᠦᠪᠰᠢᠨ ᠤ ᠬᠠᠮᠢᠶᠠᠷᠤᠯᠲᠠ ᠂ ᠬᠤᠪᠢ ᠬᠥᠮᠦᠨ ᠤ | ᠨᠢᠭᠤᠴᠠ ᠶᠢ ᠬᠠᠮᠠᠭᠠᠯᠠᠬᠤ ᠂ ᠣᠨᠳᠣᠤ ᠰᠠᠨᠠᠯ ᠢ ᠰᠢᠢᠳᠪᠦᠷᠢᠯᠡᠬᠦ ᠂ ᠵᠠᠰᠠᠭ ᠵᠠᠬᠢᠷᠭᠠᠨ ᠤ ᠬᠢᠨᠠᠯᠲᠠ ᠲᠠᠯᠪᠢᠬᠤ ᠂ | ᠨᠡᠶᠢᠭᠡᠮ ᠤᠨ ᠬᠢᠨᠠᠯᠲᠠ ᠲᠠᠯᠪᠢᠬᠤ ᠂ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠰᠢᠢᠳᠪᠦᠷᠢᠯᠡᠬᠦ ᠵᠢᠴᠢ | ᠤᠰᠤᠨ ᠠᠰᠢᠭᠯᠠᠯᠲᠠ ᠶᠢᠨ ᠠᠵᠢᠯ ᠲᠥᠷᠥᠯ ᠤᠨ ᠪᠤᠰᠤᠳ ᠲᠤᠬᠠᠶᠢᠯᠠᠭᠰᠠᠨ ᠠᠵᠢᠯ ᠤᠨ ᠬᠦᠷᠢᠶᠡᠨ ᠳᠠᠬᠢ | ᠢᠲᠡᠭᠡᠮᠵᠢ ᠶᠢᠨ ᠮᠡᠳᠡᠭᠡ ᠵᠠᠩᠭᠢ ᠶᠢᠨ ᠬᠠᠮᠢᠶᠠᠷᠤᠯᠲᠠ ᠂ ᠮᠤᠵᠢ ᠶᠢᠨ ᠱᠠᠲᠤᠨ ᠤ ᠢᠲᠡᠭᠡᠮᠵᠢ ᠶᠢᠨ ᠲᠠᠪᠴᠠᠩ ᠤᠨ | ᠰᠦᠯᠵᠢᠶᠡᠨ ᠤ ᠬᠠᠮᠢᠶᠠᠷᠤᠯᠲᠠ ᠂ ᠮᠤᠵᠢ ᠶᠢᠨ ᠱᠠᠲᠤᠨ ᠤ ᠢᠲᠡᠭᠡᠮᠵᠢ ᠶᠢᠨ ᠮᠡᠳᠡᠭᠡ ᠵᠠᠩᠭᠢ ᠶᠢᠨ ᠬᠠᠮᠢᠶᠠᠷᠤᠯᠲᠠ ᠶᠢᠨ | ᠬᠡᠷᠡᠭᠵᠢᠭᠦᠯᠬᠦ ᠨᠠᠷᠢᠨ ᠲᠦᠷᠢᠮ ᠢ ᠲᠣᠭᠲᠠᠭᠠᠬᠤ ᠵᠡᠷᠭᠡ ᠪᠠᠭᠲᠠᠨ᠎ᠠ ᠃ | ᠳᠥᠷᠪᠡ ᠂ ᠲᠣᠳᠣᠷᠬᠠᠶᠢᠯᠠᠬᠤ ᠴᠢᠬᠤᠯᠠᠲᠠᠶ ᠬᠡᠳᠦᠨ ᠠᠰᠠᠭᠤᠳᠠᠯ | ︵ᠨᠢᠭᠡ︶ ᠢᠲᠡᠭᠡᠮᠵᠢ ᠶᠢᠨ ᠮᠡᠳᠡᠭᠡ ᠵᠠᠩᠭᠢ ᠶᠢᠨ ᠲᠥᠷᠥᠯ ᠬᠤᠪᠢᠶᠠᠬᠤ ᠪᠠ ᠴᠤᠭᠯᠠᠭᠤᠯᠬᠤ ᠲᠤᠬᠠᠶ | ᠵᠠᠬ᠎ᠠ ᠳᠡᠯᠭᠡᠭᠦᠷ ᠤᠨ ᠬᠥᠭᠵᠢᠯᠲᠡ ᠪᠠ ᠬᠠᠮᠢᠶᠠᠷᠤᠯᠲᠠ ᠶᠢᠨ ᠬᠡᠷᠡᠭᠴᠡᠭᠡ ᠶᠢ ᠦᠨᠳᠦᠰᠦᠯᠡᠨ ᠂ ︽ᠠᠷᠭ᠎ᠠ︾ | ᠶᠢᠨ ᠲᠣᠭᠲᠠᠭᠠᠯ ᠢ ᠦᠨᠳᠦᠰᠦᠯᠡᠨ ᠂ ᠢᠲᠡᠭᠡᠮᠵᠢ ᠶᠢᠨ ᠮᠡᠳᠡᠭᠡ ᠵᠠᠩᠭᠢ ᠶᠢᠨ ᠬᠠᠮᠢᠶᠠᠷᠤᠯᠲᠠ ᠶᠢ ᠬᠡᠷᠡᠭᠵᠢᠭᠦᠯᠵᠦ | ᠪᠠᠶᠢᠭ᠎ᠠ ᠤᠰᠤᠨ ᠠᠰᠢᠭᠯᠠᠯᠲᠠ ᠶᠢᠨ ᠪᠥᠲᠥᠭᠡᠨ ᠪᠠᠶᠢᠭᠤᠯᠤᠯᠲᠠ ᠶᠢᠨ ᠵᠠᠬ᠎ᠠ ᠳᠡᠯᠭᠡᠭᠦᠷ ᠤᠨ ᠡᠵᠡᠩᠨᠡᠯᠲᠡ ᠶᠢᠨ ᠭᠤᠤᠯ | ᠴᠣᠭᠴᠠ ᠶᠢ ᠪᠥᠲᠥᠭᠡᠨ ᠪᠠᠶᠢᠭᠤᠯᠬᠤ ᠂ ᠬᠠᠶᠢᠨ ᠪᠠᠶᠢᠴᠠᠭᠠᠬᠤ ᠂ ᠵᠢᠷᠤᠵᠤ ᠲᠥᠯᠥᠪᠯᠡᠬᠦ ᠂ ᠪᠠᠷᠢᠯᠭ᠎ᠠ ᠪᠠᠷᠢᠬᠤ ᠂ ᠬᠢᠨᠠᠨ | ᠬᠠᠮᠢᠶᠠᠷᠬᠤ ᠂ ᠬᠢᠨᠠᠨ ᠬᠡᠮᠵᠢᠬᠦ ᠂ ᠵᠥᠪᠯᠡᠯᠭᠡ ᠥᠭᠬᠦ ᠂ ᠳᠠᠭᠠᠭᠠᠴᠢᠯᠠᠯᠲᠠ ᠵᠠᠷᠯᠠᠬᠤ ᠶᠢ ᠣᠷᠣᠯᠠᠭᠤᠯᠬᠤ ᠂ ᠶᠠᠰᠤ ᠴᠢᠨᠠᠷ ᠢ | ᠪᠠᠶᠢᠴᠠᠭᠠᠨ ᠬᠡᠮᠵᠢᠬᠦ ᠂ ᠮᠠᠰᠢᠨ ᠮᠧᠬᠠᠨᠢᠭ ᠦᠢᠯᠡᠳᠬᠦ ᠵᠡᠷᠭᠡ 10 ᠲᠥᠷᠥᠯ ᠤᠨ ᠰᠠᠭᠤᠷᠢᠨ ᠳᠡᠭᠡᠷ᠎ᠡ ᠂ ᠮᠠᠲ᠋ᠧᠷᠢᠶᠠᠯ | ᠲᠥᠬᠦᠭᠡᠷᠦᠮᠵᠢ ᠶᠢᠨ ᠪᠠᠷᠠᠭ᠎ᠠ ᠬᠠᠩᠭᠠᠬᠤ ᠂ ᠮᠡᠳᠡᠭᠡ ᠵᠠᠩᠭᠢᠵᠢᠯᠲᠠ ᠶᠢᠨ ᠰᠢᠰᠲ᠋ᠧᠮ ᠤᠨ ᠪᠥᠲᠥᠭᠡᠨ ᠪᠠᠶᠢᠭᠤᠯᠤᠯᠲᠠ 2 | ᠲᠥᠷᠥᠯ ᠂ ᠨᠡᠶᠢᠲᠡ 12 ᠲᠥᠷᠥᠯ ᠰᠢᠨ᠎ᠡ ᠪᠠᠷ ᠨᠡᠮᠡᠭᠳᠡᠪᠡ ᠃ ᠢᠲᠡᠭᠡᠮᠵᠢ ᠶᠢᠨ ᠮᠡᠳᠡᠭᠡ ᠵᠠᠩᠭᠢ ᠶᠢ ᠰᠠᠭᠤᠷᠢ | ᠳᠠᠩᠰᠠᠯᠠᠨ ᠲᠡᠮᠳᠡᠭᠯᠡᠬᠦ ᠮᠡᠳᠡᠭᠡ ᠵᠠᠩᠭᠢ ᠂ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠮᠡᠳᠡᠭᠡ ᠵᠠᠩᠭᠢ ᠂ ᠠᠵᠢᠯᠯᠠᠭᠠᠨ ᠤ | ᠮᠡᠳᠡᠭᠡ ᠵᠠᠩᠭᠢ ᠂ ᠨᠡᠶᠢᠭᠡᠮ ᠤᠨ ᠦᠨᠡᠯᠡᠯᠲᠡ ᠶᠢᠨ ᠮᠡᠳᠡᠭᠡ ᠵᠠᠩᠭᠢ ᠪᠣᠯᠤᠨ ᠪᠤᠰᠤᠳ ᠮᠡᠳᠡᠭᠡ ᠵᠠᠩᠭᠢ ᠭᠡᠵᠦ | ᠬᠤᠪᠢᠶᠠᠨ᠎ᠠ ᠃ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠮᠡᠳᠡᠭᠡ ᠵᠠᠩᠭᠢ ᠳᠤ ᠵᠠᠰᠠᠭ ᠵᠠᠬᠢᠷᠭᠠᠨ ᠤ ᠵᠥᠪᠰᠢᠶᠡᠷᠡᠯ ᠤᠨ | ᠮᠡᠳᠡᠭᠡ ᠵᠠᠩᠭᠢ ᠂ ᠵᠠᠰᠠᠭ ᠵᠠᠬᠢᠷᠭᠠᠨ ᠤ ᠰᠢᠢᠳᠬᠡᠯ ᠤᠨ ᠮᠡᠳᠡᠭᠡ ᠵᠠᠩᠭᠢ ᠂ ᠵᠠᠰᠠᠭ ᠵᠠᠬᠢᠷᠭᠠᠨ ᠤ ᠬᠢᠨᠠᠯᠲᠠ | ᠪᠠᠶᠢᠴᠠᠭᠠᠯᠲᠠ ᠶᠢᠨ ᠮᠡᠳᠡᠭᠡ ᠵᠠᠩᠭᠢ ᠂ ᠬᠦᠨᠳᠦ ᠨᠣᠴᠢᠲᠠᠶ ᠢᠲᠡᠭᠡᠯ ᠠᠯᠳᠠᠭᠰᠠᠨ ᠪᠡᠶᠡᠴᠢ ᠴᠣᠭᠴᠠ ᠶᠢᠨ ᠨᠡᠷᠡᠰ ᠤᠨ | ᠮᠡᠳᠡᠭᠡ ᠵᠠᠩᠭᠢ ᠵᠡᠷᠭᠡ ᠪᠠᠭᠲᠠᠨ᠎ᠠ ᠂ ᠡᠭᠦᠨ ᠳᠤ ᠵᠠᠰᠠᠭ ᠵᠠᠬᠢᠷᠭᠠᠨ ᠤ ᠰᠢᠢᠳᠬᠡᠯ ᠤᠨ ᠮᠡᠳᠡᠭᠡ ᠵᠠᠩᠭᠢ ᠂ ᠬᠦᠨᠳᠦ | ᠨᠣᠴᠢᠲᠠᠶ ᠢᠲᠡᠭᠡᠯ ᠠᠯᠳᠠᠭᠰᠠᠨ ᠪᠡᠶᠡᠴᠢ ᠴᠣᠭᠴᠠ ᠶᠢᠨ ᠨᠡᠷᠡᠰ ᠤᠨ ᠮᠡᠳᠡᠭᠡ ᠵᠠᠩᠭᠢ ᠵᠡᠷᠭᠡ ᠶᠢ ᠢᠲᠡᠭᠡᠯ ᠠᠯᠳᠠᠭᠰᠠᠨ | ᠮᠡᠳᠡᠭᠡ ᠵᠠᠩᠭᠢ ᠭᠡᠵᠦ ᠶᠡᠷᠦᠩᠬᠡᠶᠢᠯᠡᠨ ᠨᠡᠷᠡᠶᠢᠳᠴᠦ ᠂ ᠬᠥᠩᠭᠡᠪᠲᠦᠷ ᠢᠲᠡᠭᠡᠯ ᠠᠯᠳᠠᠭᠰᠠᠨ ᠮᠡᠳᠡᠭᠡ ᠵᠠᠩᠭᠢ ᠂ ᠡᠩ ᠤᠨ | ᠢᠲᠡᠭᠡᠯ ᠠᠯᠳᠠᠭᠰᠠᠨ ᠮᠡᠳᠡᠭᠡ ᠵᠠᠩᠭᠢ ᠂ ᠬᠦᠨᠳᠦ ᠨᠣᠴᠢᠲᠠᠶ ᠢᠲᠡᠭᠡᠯ ᠠᠯᠳᠠᠭᠰᠠᠨ ᠮᠡᠳᠡᠭᠡ ᠵᠠᠩᠭᠢ ᠭᠡᠵᠦ ᠬᠤᠪᠢᠶᠠᠨ᠎ᠠ ᠃ | | 2023 ᠣᠨ ᠤ 1 ᠳ᠋ᠦ᠋ᠭᠡᠷ ᠰᠠᠷ᠎ᠠ ᠳᠤ ᠨᠡᠶᠢᠲᠡᠯᠡᠭᠰᠡᠨ ︽ᠢᠲᠡᠭᠡᠯ ᠠᠯᠳᠠᠭᠰᠠᠨ ᠦᠢᠯᠡ ᠠᠵᠢᠯᠯᠠᠭ᠎ᠠ ᠶᠢ | ᠵᠠᠯᠠᠷᠠᠭᠤᠯᠤᠭᠰᠠᠨ ᠤ ᠳᠠᠷᠠᠭᠠᠬᠢ ᠢᠲᠡᠭᠡᠮᠵᠢ ᠶᠢᠨ ᠮᠡᠳᠡᠭᠡ ᠵᠠᠩᠭᠢ ᠶᠢ ᠵᠠᠰᠠᠨ ᠰᠡᠷᠭᠦᠭᠡᠬᠦ ᠬᠠᠮᠢᠶᠠᠷᠤᠯᠲᠠ ᠶᠢᠨ ᠠᠷᠭ᠎ᠠ ︵ | ᠲᠤᠷᠰᠢᠨ ᠬᠡᠷᠡᠭᠵᠢᠭᠦᠯᠬᠦ︶︾ ︵ᠤᠯᠤᠰ ᠤᠨ ᠬᠥᠭᠵᠢᠭᠦᠯᠦᠯᠲᠡ ᠪᠠᠥᠭᠡᠷᠡᠴᠢᠯᠡᠯᠲᠡ ᠶᠢᠨ ᠵᠥᠪᠯᠡᠯ ᠤᠨ ᠵᠠᠷᠯᠢᠭ 58 | ᠳ᠋ᠤᠭᠠᠷ ᠲᠣᠭᠠᠲᠤ︶ ᠶᠢ ᠦᠨᠳᠦᠰᠦᠯᠡᠨ ᠂ ︽ᠠᠷᠭ᠎ᠠ︾ ᠳᠤ ᠲᠣᠭᠲᠠᠭᠠᠭᠰᠠᠨ ᠢᠲᠡᠭᠡᠯ ᠠᠯᠳᠠᠭᠰᠠᠨ ᠬᠥᠩᠭᠡᠪᠲᠦᠷ | ᠮᠡᠳᠡᠭᠡ ᠵᠠᠩᠭᠢ ᠳᠤ ᠬᠠᠷᠢᠶᠠᠯᠠᠭᠳᠠᠬᠤ ᠵᠠᠰᠠᠭ ᠵᠠᠬᠢᠷᠭᠠᠨ ᠤ ᠰᠢᠢᠳᠬᠡᠯ ᠤᠨ ᠮᠡᠳᠡᠭᠡ ᠵᠠᠩᠭᠢ ᠶᠢ ᠴᠤᠭᠯᠠᠭᠤᠯᠬᠤ ᠪᠤᠶᠤ | ᠢᠯᠡ ᠨᠡᠶᠢᠲᠡᠯᠡᠵᠦ ᠪᠣᠯᠬᠤ ᠥᠬᠡᠶ ᠃ ᠡᠵᠡᠩᠨᠡᠯᠲᠡ ᠶᠢᠨ ᠭᠤᠤᠯ ᠴᠣᠭᠴᠠ ᠶᠢᠨ ᠢᠲᠡᠭᠡᠮᠵᠢ ᠶᠢᠨ ᠪᠠᠶᠢᠳᠠᠯ ᠢ ᠪᠥᠬᠦ | ᠲᠠᠯ᠎ᠠ ᠪᠠᠷ ᠡᠵᠡᠮᠰᠢᠵᠦ ᠂ ᠰᠢᠶᠠᠨ ᠤ ᠱᠠᠲᠤᠨ ᠠᠴᠠ ᠳᠡᠭᠡᠭᠰᠢᠬᠢ ᠤᠰᠤᠨ ᠤ ᠵᠠᠰᠠᠭ ᠵᠠᠬᠢᠷᠭᠠᠨ ᠤ ᠭᠤᠤᠯᠴᠢᠯᠠᠨ | ᠬᠠᠮᠢᠶᠠᠷᠬᠤ ᠰᠠᠯᠠᠭ᠎ᠠ ᠮᠥᠴᠢᠷ ᠤᠨ ᠬᠢᠨᠠᠯᠲᠠ ᠪᠠᠶᠢᠴᠠᠭᠠᠯᠲᠠ ᠶᠢᠨ ᠦᠢᠯᠡᠳᠦᠯ ᠢ ᠭᠦᠢᠴᠡᠳ ᠪᠠᠳᠠᠷᠠᠭᠤᠯᠬᠤ ᠶᠢᠨ | ᠲᠥᠯᠥᠭᠡ ᠂ ︽ᠠᠷᠭ᠎ᠠ︾ ᠳᠤ ᠤᠯᠤᠰ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠤᠨ ᠵᠠᠷᠯᠢᠭ ᠤᠨ | 58 ᠳ᠋ᠤᠭᠠᠷ ᠲᠣᠭᠠᠲᠤ ᠲᠣᠭᠲᠠᠭᠠᠯ ᠢᠶᠠᠷ ᠯᠠᠪᠯᠠᠯᠲᠠ ᠪᠣᠯᠭᠠᠭᠰᠠᠨ ᠰᠠᠭᠤᠷᠢᠨ ᠳᠡᠭᠡᠷ᠎ᠡ᠄ ᠢᠲᠡᠭᠡᠯ ᠠᠯᠳᠠᠭᠰᠠᠨ | ᠬᠥᠩᠭᠡᠪᠲᠦᠷ ᠮᠡᠳᠡᠭᠡ ᠵᠠᠩᠭᠢ ᠳᠤ ᠬᠠᠷᠢᠶᠠᠯᠠᠭᠳᠠᠬᠤ ᠵᠠᠰᠠᠭ ᠵᠠᠬᠢᠷᠭᠠᠨ ᠤ ᠰᠢᠢᠳᠭᠡᠯ ᠲᠣᠷᠭᠠᠭᠤᠯᠢ ᠶᠢᠨ ᠮᠡᠳᠡᠭᠡ ᠵᠠᠩᠭᠢ | ᠪᠠ ᠰᠢᠶᠠᠨ ᠤ ᠱᠠᠲᠤᠨ ᠠᠴᠠ ᠳᠡᠭᠡᠭᠰᠢᠬᠢ ᠤᠰᠤᠨ ᠤ ᠵᠠᠰᠠᠭ ᠵᠠᠬᠢᠷᠭᠠᠨ ᠤ ᠭᠤᠤᠯᠴᠢᠯᠠᠨ ᠬᠠᠮᠢᠶᠠᠷᠬᠤ ᠰᠠᠯᠠᠭ᠎ᠠ | ᠮᠥᠴᠢᠷ ᠤᠨ ᠵᠠᠰᠠᠭ ᠵᠠᠬᠢᠷᠭᠠᠨ ᠤ ᠬᠢᠨᠠᠯᠲᠠ ᠪᠠᠶᠢᠴᠠᠭᠠᠯᠲᠠ ᠶᠢᠨ ᠮᠡᠳᠡᠭᠡ ᠵᠠᠩᠭᠢ ᠶᠢ ᠢᠲᠡᠭᠡᠮᠵᠢ ᠶᠢᠨ ᠮᠡᠳᠡᠭᠡ ᠵᠠᠩᠭᠢ | ᠴᠤᠭᠯᠠᠭᠤᠯᠬᠤ ᠬᠡᠪᠴᠢᠶᠡᠨ ᠳᠤ ᠣᠷᠣᠭᠤᠯᠬᠤ ᠪᠣᠯᠪᠠᠴᠤ ᠢᠯᠡ ᠨᠡᠶᠢᠲᠡᠯᠡᠬᠦ ᠥᠬᠡᠶ ᠪᠠᠶᠢᠵᠤ ᠂ ᠱᠠᠲᠤ ᠲᠥᠷᠥᠯ | ᠬᠤᠪᠢᠶᠠᠨ ᠬᠢᠨᠠᠨ ᠬᠠᠮᠢᠶᠠᠷᠬᠤ ᠂ ᠢᠲᠡᠭᠡᠮᠵᠢ ᠶᠢ ᠦᠨᠡᠯᠡᠬᠦ ᠵᠡᠷᠭᠡ ᠠᠵᠢᠯ ᠤᠨ ᠮᠡᠳᠡᠭᠡ ᠵᠠᠩᠭᠢ ᠶᠢᠨ ᠢᠷᠡᠯᠲᠡ ᠪᠠ | ᠦᠨᠳᠦᠰᠦᠯᠡᠯ ᠪᠣᠯᠭᠠᠨ᠎ᠠ ᠃ | ︵ᠬᠤᠶᠠᠷ︶ ᠢᠲᠡᠭᠡᠮᠵᠢ ᠶᠢᠨ ᠮᠡᠳᠡᠭᠡ ᠵᠠᠩᠭᠢ ᠶᠢ ᠵᠠᠷᠯᠠᠨ ᠨᠡᠶᠢᠲᠡᠯᠡᠬᠦ ᠪᠠ ᠰᠡᠷᠭᠦᠭᠡᠬᠦ ᠲᠤᠬᠠᠶ | ᠬᠠᠤᠯᠢ ᠲᠣᠭᠲᠠᠭᠠᠯ ᠶᠣᠰᠣᠭᠠᠷ ᠢᠲᠡᠭᠡᠯ ᠠᠯᠳᠠᠭᠰᠠᠳ ᠢ ᠵᠠᠯᠬᠠᠭᠠᠨ ᠴᠡᠭᠡᠷᠯᠡᠭᠦᠯᠬᠦ ᠪᠠ ᠢᠲᠡᠭᠡᠮᠵᠢ ᠶᠢ | ᠰᠡᠷᠭᠦᠭᠡᠬᠦ ᠶᠢ ᠬᠡᠷᠡᠭᠵᠢᠭᠦᠯᠵᠦ ᠂ ᠡᠵᠡᠩᠨᠡᠯᠲᠡ ᠶᠢᠨ ᠭᠤᠤᠯ ᠴᠣᠭᠴᠠ ᠶᠢᠨ ᠬᠠᠤᠯᠢ ᠶᠣᠰᠣᠨ ᠤ ᠡᠷᠬᠡ ᠠᠰᠢᠭ ᠢ | ᠪᠠᠲᠤᠯᠠᠨ ᠂ ᠠᠷᠢᠭᠤᠨ ᠴᠢᠬᠡᠴᠢ ᠪᠠᠷ ᠵᠠᠰᠠᠭ ᠪᠠᠷᠢᠬᠤ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠶᠢᠨ ᠲᠥᠯᠥᠭᠡ ᠂ ︽ | ᠠᠷᠭ᠎ᠠ︾ ᠨᠢ ᠤᠯᠤᠰ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠤᠨ 58 ᠳ᠋ᠤᠭᠠᠷ ᠲᠣᠭᠠᠲᠤ | ᠲᠣᠭᠲᠠᠭᠠᠯ ᠢᠶᠠᠷ ᠯᠠᠪᠯᠠᠯᠲᠠ ᠪᠣᠯᠭᠠᠭᠰᠠᠨ ᠰᠠᠭᠤᠷᠢᠨ ᠳᠡᠭᠡᠷ᠎ᠡ ᠂ ᠬᠠᠮᠢᠶ᠎ᠠ ᠪᠥᠬᠦᠶ ᠱᠠᠭᠠᠷᠳᠠᠯᠭ᠎ᠠ ᠶᠢ ᠤᠯᠠᠮ ᠨᠢᠭᠡ | ᠠᠯᠬᠤᠮ ᠨᠠᠷᠢᠯᠢᠬᠵᠢᠭᠤᠯᠤᠨ ᠲᠣᠳᠣᠷᠬᠠᠶᠢᠯᠠᠵᠤ ᠂ ᠢᠲᠡᠭᠡᠮᠵᠢ ᠶᠢᠨ ᠮᠡᠳᠡᠭᠡ ᠵᠠᠩᠭᠢ ᠶᠢ ᠢᠯᠡ ᠨᠡᠶᠢᠲᠡᠯᠡᠬᠦ ᠪᠠ | ᠰᠡᠷᠭᠦᠭᠡᠬᠦ ᠳᠤᠮᠳᠠᠬᠢ ᠴᠢᠯᠥᠭᠡᠲᠦ ᠲᠠᠰᠤᠯᠤᠯᠲᠠ ᠶᠢᠨ ᠡᠷᠬᠡ ᠶᠢ ᠬᠢᠵᠠᠭᠠᠷᠯᠠᠨ᠎ᠠ᠄ ᠨᠢᠭᠡ ᠳᠤ ᠂ ᠵᠠᠰᠠᠭ ᠵᠠᠬᠢᠷᠭᠠᠨ ᠤ | ᠬᠢᠨᠠᠯᠲᠠ ᠪᠠᠶᠢᠴᠠᠭᠠᠯᠲᠠ ᠶᠢᠨ ᠮᠡᠳᠡᠭᠡ ᠵᠠᠩᠭᠢ ᠂ ᠢᠲᠡᠭᠡᠯ ᠠᠯᠳᠠᠭᠰᠠᠨ ᠬᠥᠩᠭᠡᠪᠲᠦᠷ ᠮᠡᠳᠡᠭᠡ ᠵᠠᠩᠭᠢ ᠳᠤ | ᠬᠠᠷᠢᠶᠠᠯᠠᠭᠳᠠᠬᠤ ᠵᠠᠰᠠᠭ ᠵᠠᠬᠢᠷᠭᠠᠨ ᠤ ᠰᠢᠢᠳᠬᠡᠯ ᠤᠨ ᠮᠡᠳᠡᠭᠡ ᠵᠠᠩᠭᠢ ᠵᠡᠷᠭᠡ ᠵᠢᠷᠭᠤᠭᠠᠨ ᠲᠥᠷᠥᠯ ᠤᠨ ᠮᠡᠳᠡᠭᠡ | ᠵᠠᠩᠭᠢ ᠶᠢ ᠢᠯᠡ ᠨᠡᠶᠢᠲᠡᠯᠡᠬᠦ ᠥᠬᠡᠶ ᠠᠴᠠ ᠭᠠᠳᠠᠨ᠎ᠠ ᠂ ᠪᠤᠰᠤᠳ ᠢᠲᠡᠭᠡᠮᠵᠢ ᠶᠢᠨ ᠮᠡᠳᠡᠭᠡ ᠵᠠᠩᠭᠢ ᠶᠢ ᠴᠥᠮ ᠢᠯᠡ | ᠨᠡᠶᠢᠲᠡᠯᠡᠨ᠎ᠡ ᠃ ᠬᠤᠶᠠᠷ ᠲᠤ ᠂ ᠵᠠᠰᠠᠭ ᠵᠠᠬᠢᠷᠭᠠᠨ ᠤ ᠰᠢᠢᠳᠭᠡᠯ ᠲᠣᠷᠭᠠᠭᠤᠯᠢ ᠶᠢᠨ ᠮᠡᠳᠡᠭᠡ ᠵᠠᠩᠭᠢ ᠶᠢ ᠢᠯᠡ | ᠨᠡᠶᠢᠲᠡᠯᠡᠭᠰᠡᠨ ᠡᠳᠦᠷ ᠠᠴᠠ ᠡᠬᠢᠯᠡᠵᠦ ᠪᠣᠳᠣᠨ᠎ᠠ ᠂ ᠡᠭᠦᠨ ᠳᠤ ᠡᠩ ᠤᠨ ᠢᠲᠡᠭᠡᠯ ᠠᠯᠳᠠᠭᠰᠠᠨ ᠮᠡᠳᠡᠭᠡ ᠵᠠᠩᠭᠢ ᠳᠤ | ᠬᠠᠷᠢᠶᠠᠯᠠᠭᠳᠠᠪᠠᠯ ᠂ ᠬᠠᠮᠤᠭ ᠤᠨ ᠣᠬᠤᠷ ᠨᠡᠶᠢᠲᠡᠯᠡᠬᠦ ᠬᠤᠭᠤᠴᠠᠭ᠎ᠠ ᠨᠢ 3 ᠰᠠᠷ᠎ᠠ ᠂ ᠬᠠᠮᠤᠭ ᠤᠨ ᠣᠷᠳᠣ ᠵᠠᠷᠯᠠᠨ | ᠨᠡᠶᠢᠲᠡᠯᠡᠬᠦ ᠬᠤᠭᠤᠴᠠᠭ᠎ᠠ ᠨᠢ 3 ᠵᠢᠯ ᠪᠣᠯᠤᠨ᠎ᠠ︔ ᠬᠦᠨᠳᠦ ᠨᠣᠴᠢᠲᠠᠢ ᠢᠲᠡᠭᠡᠯ ᠠᠯᠳᠠᠭᠰᠠᠨ ᠮᠡᠳᠡᠭᠡ ᠵᠠᠩᠭᠢ ᠳᠤ ᠂ | ᠣᠨᠴᠠ ᠲᠥᠷᠥᠯ ᠤᠨ ᠲᠥᠬᠦᠭᠡᠷᠦᠮᠵᠢ ᠂ ᠠᠶᠤᠯᠭᠦᠢ ᠦᠢᠯᠡᠳᠪᠦᠷᠢᠯᠡᠯ ᠂ ᠭᠠᠯ ᠤᠨᠲᠠᠷᠠᠭᠠᠬᠤ ᠬᠦᠷᠢᠶ᠎ᠡ ᠴᠠᠷᠠᠭ᠎ᠠ ᠳᠤ | ᠬᠤᠯᠪᠣᠭᠳᠠᠭᠰᠠᠨ ᠪᠠᠶᠢᠪᠠᠯ ᠂ ᠬᠠᠮᠤᠭ ᠤᠨ ᠣᠬᠤᠷ ᠨᠡᠶᠢᠲᠡᠯᠡᠬᠦ ᠬᠤᠭᠤᠴᠠᠭ᠎ᠠ ᠨᠢ 1 ᠵᠢᠯ ᠂ ᠬᠠᠮᠤᠭ ᠤᠨ ᠣᠷᠳᠣ | ᠵᠠᠷᠯᠠᠨ ᠨᠡᠶᠢᠲᠡᠯᠡᠬᠦ ᠬᠤᠭᠤᠴᠠᠭ᠎ᠠ ᠨᠢ 3 ᠵᠢᠯ ᠪᠣᠯᠤᠨ᠎ᠠ ᠃ ᠬᠠᠮᠤᠭ ᠤᠨ ᠣᠬᠤᠷ ᠢᠯᠡ ᠨᠡᠶᠢᠲᠡᠯᠡᠬᠦ ᠬᠤᠭᠤᠴᠠᠭ᠎ᠠ | ᠳᠠᠭᠤᠰᠤᠭᠰᠠᠨ ᠤ ᠳᠠᠷᠠᠭ᠎ᠠ ᠂ ᠰᠠᠶ᠋ᠢ ᠲᠣᠭᠲᠠᠭᠠᠯ ᠶᠣᠰᠣᠭᠠᠷ ᠤᠷᠢᠳᠴᠢᠯᠠᠨ ᠨᠡᠶᠢᠲᠡᠯᠡᠬᠦ ᠶᠢ ᠵᠣᠭᠰᠣᠭᠠᠵᠤ ᠂ | ᠬᠠᠮᠤᠭ ᠤᠨ ᠣᠷᠳᠣ ᠵᠠᠷᠯᠠᠨ ᠨᠡᠶᠢᠲᠡᠯᠡᠬᠦ ᠬᠤᠭᠤᠴᠠᠭ᠎ᠠ ᠳᠠᠭᠤᠰᠤᠭᠰᠠᠨ ᠤ ᠳᠠᠷᠠᠭ᠎ᠠ ᠢᠯᠡ ᠨᠡᠶᠢᠲᠡᠯᠡᠬᠦ ᠶᠢ ᠠᠶᠠᠨᠳᠠᠭᠠᠨ | ᠵᠣᠭᠰᠣᠭᠠᠨ᠎ᠠ ᠃ ᠭᠤᠷᠪᠠ ᠳᠤ ᠂ ᠬᠠᠤᠯᠢ ᠴᠠᠭᠠᠵᠠ ᠂ ᠬᠠᠤᠯᠢ ᠲᠣᠭᠲᠠᠭᠠᠯ ᠵᠢᠴᠢ ᠨᠠᠮ ᠤᠨ ᠲᠥᠪ ᠬᠤᠷᠢᠶ᠎ᠠ ᠂ | ᠲᠥᠷᠥ ᠶᠢᠨ ᠶᠠᠪᠤᠳᠠᠯ ᠤᠨ ᠬᠤᠷᠢᠶᠠᠨ ᠤ ᠲᠥᠷᠥ ᠶᠢᠨ ᠪᠣᠳᠣᠯᠭ᠎ᠠ ᠶᠢᠨ ᠪᠢᠴᠢᠭ ᠮᠠᠲ᠋ᠧᠷᠢᠶᠠᠯ ᠳᠤ ᠠᠰᠲᠠᠭᠠᠨ | ᠲᠣᠭᠲᠠᠭᠠᠯ ᠲᠠᠢ ᠠᠴᠠ ᠭᠠᠳᠠᠨ᠎ᠠ ᠂ ᠢᠲᠡᠭᠡᠯ ᠠᠯᠳᠠᠭᠰᠠᠨ ᠪᠣᠶ ᠪᠥᠬᠦᠶ ᠮᠡᠳᠡᠭᠡ ᠵᠠᠩᠭᠢ ᠶᠢ ᠴᠥᠮ ᠵᠠᠰᠠᠨ | ᠰᠡᠷᠭᠦᠭᠡᠬᠦ ᠪᠠᠷ ᠭᠤᠶᠤᠴᠢᠯᠠᠵᠤ ᠪᠣᠯᠤᠨ᠎ᠠ ᠂ ᠭᠤᠶᠤᠴᠢᠯᠠᠬᠤ ᠂ ᠭᠥᠯᠢᠶᠡᠨ ᠠᠪᠴᠤ ᠰᠢᠢᠳᠪᠦᠷᠢᠯᠡᠬᠦ ᠂ ᠬᠢᠨᠠᠨ | ᠬᠠᠷᠭᠤᠭᠤᠯᠬᠤ ᠲᠠᠰ ᠳᠠᠷᠠᠭᠠᠯᠠᠯ ᠢ ᠵᠢᠷᠤᠮᠯᠠᠨ ᠂ ᠡᠵᠡᠩᠨᠡᠯᠲᠡ ᠶᠢᠨ ᠭᠤᠤᠯ ᠴᠣᠭᠴᠠ ᠶᠢᠨ ᠢᠲᠡᠭᠡᠮᠵᠢ ᠶᠢᠨ ᠵᠠᠯᠬᠠᠭᠠᠨ | ᠴᠡᠭᠡᠷᠯᠡᠭᠦᠯᠬᠦ ᠠᠷᠭ᠎ᠠ ᠬᠡᠮᠵᠢᠶ᠎ᠡ ᠶᠢ ᠬᠦᠴᠦᠨ ᠥᠬᠡᠶ ᠪᠣᠯᠭᠠᠬᠤ ᠪᠠᠷ ᠭᠤᠶᠤᠴᠢᠯᠠᠬᠤ ᠂ ᠢᠲᠡᠭᠡᠮᠵᠢ ᠶᠢ ᠳᠠᠬᠢᠨ | ᠴᠣᠭᠴᠠᠯᠠᠬᠤ ᠳᠤ ᠲᠦᠷᠢᠮ ᠤᠨ ᠪᠠᠲᠤᠯᠠᠭ᠎ᠠ ᠬᠠᠩᠭᠠᠨ᠎ᠠ ᠃ | ︵ᠭᠤᠷᠪᠠ︶ ᠠᠵᠤ ᠠᠬᠤᠶᠢᠯᠠᠯ ᠳᠤ ᠠᠰᠢᠭᠲᠠᠶ ᠠᠷᠠᠳ ᠲᠤ ᠲᠥᠬᠦᠮ ᠦᠵᠡᠭᠦᠯᠬᠦ ᠲᠥᠷᠥ ᠶᠢᠨ | ᠪᠣᠳᠣᠯᠭ᠎ᠠ ᠶᠢᠨ ᠠᠷᠭ᠎ᠠ ᠬᠡᠮᠵᠢᠶ᠎ᠡ | ︽ᠥᠨᠳᠥᠷ ᠦᠷ᠎ᠡ ᠪᠦᠲᠦᠮᠵᠢᠲᠡᠶ ᠪᠠᠷ ᠨᠢᠭᠡ ᠶᠠᠪᠤᠳᠠᠯ ᠢ ᠭᠦᠢᠴᠡᠳᠭᠡᠬᠦ︾ ᠱᠠᠭᠠᠷᠳᠠᠯᠭ᠎ᠠ ᠶᠣᠰᠣᠭᠠᠷ ᠂ | ᠢᠲᠡᠭᠡᠮᠵᠢ ᠶᠢᠨ ᠮᠡᠳᠡᠭᠡ ᠵᠠᠩᠭᠢ ᠶᠢᠨ ᠬᠠᠮᠢᠶᠠᠷᠤᠯᠲᠠ ᠶᠢᠨ ᠠᠵᠢᠯ ᠤᠨ ᠲᠣᠭᠲᠠᠴᠠ ᠶᠢ ᠰᠢᠯᠢᠳᠡᠭᠵᠢᠭᠦᠯᠵᠦ ᠂ ᠵᠠᠰᠠᠭ | ᠵᠠᠬᠢᠷᠭᠠᠨ ᠤ ᠦᠢᠯᠡᠳᠦᠯ ᠴᠢᠳᠠᠪᠤᠷᠢ ᠶᠢ ᠳᠡᠭᠡᠭᠰᠢᠯᠡᠭᠦᠯᠦᠨ ᠂ ᠡᠵᠡᠩᠨᠡᠯᠲᠡ ᠶᠢᠨ ᠭᠤᠣᠯ ᠴᠣᠭᠴᠠ ᠶᠢ ︽ᠪᠡᠶ᠎ᠡ | ᠬᠦᠩᠭᠡᠨ ᠪᠠᠶᠢᠯᠳᠤᠭᠠᠨ ᠳᠤ ᠣᠷᠣᠬᠤ︾ ᠂ ᠠᠵᠤ ᠠᠬᠤᠶᠢᠯᠠᠯ ᠪᠠ ᠣᠯᠠᠨ ᠲᠦᠮᠡᠨ ᠤ ᠠᠵᠢᠯ ᠶᠠᠪᠤᠳᠠᠯ | ᠭᠦᠢᠴᠡᠳᠬᠡᠬᠦ ᠳᠤ ᠬᠠᠨᠤᠮᠵᠢᠲᠠᠶ ᠪᠠᠶᠢᠬᠤ ᠬᠡᠮᠵᠢᠶ᠎ᠡ ᠂ ᠬᠦᠷᠲᠡᠮᠵᠢ ᠶᠢᠨ ᠲᠥᠷᠥᠭᠳᠡᠯ ᠢ ᠳᠡᠭᠡᠭᠰᠢᠯᠡᠭᠦᠯᠦᠨ᠎ᠡ ᠃ ᠨᠢᠭᠡ ᠳᠤ ᠂ | ︽ᠬᠤᠶᠠᠷ ᠪᠢᠴᠢᠭ ᠢ ᠵᠡᠷᠭᠡᠪᠡᠷ ᠬᠦᠷᠭᠡᠬᠦ︾ ᠶᠢ ᠬᠡᠷᠡᠭᠵᠢᠭᠦᠯᠵᠦ ᠂ ᠵᠠᠰᠠᠭ ᠵᠠᠬᠢᠷᠭᠠᠨ ᠤ ᠪᠠᠶᠢᠭᠤᠯᠭ᠎ᠠ ᠵᠠᠰᠠᠭ | ᠵᠠᠬᠢᠷᠭᠠᠨ ᠤ ᠰᠢᠢᠳᠬᠡᠯ ᠤᠨ ᠲᠣᠭᠲᠠᠭᠠᠯ ᠤᠨ ᠪᠢᠴᠢᠭ ᠢ ᠬᠦᠷᠭᠡᠬᠦ ᠳᠡᠭᠡᠨ ᠢᠲᠡᠭᠡᠮᠵᠢ ᠶᠢ ᠰᠡᠷᠭᠦᠭᠡᠬᠦ ᠮᠡᠳᠡᠭᠳᠡᠯ ᠤᠨ | ᠪᠢᠴᠢᠭ ᠢ ᠵᠡᠷᠭᠡᠪᠡᠷ ᠬᠦᠷᠭᠡᠵᠦ ᠂ ᠡᠵᠡᠩᠨᠡᠯᠲᠡ ᠶᠢᠨ ᠭᠤᠤᠯ ᠴᠣᠭᠴᠠ ᠶᠢᠨ ᠢᠲᠡᠭᠡᠮᠵᠢ ᠶᠢ ᠰᠡᠷᠭᠦᠭᠡᠬᠦ ᠠᠷᠭ᠎ᠠ ᠵᠠᠮ ᠪᠠ | ᠠᠷᠭ᠎ᠠ ᠮᠠᠶ᠋ᠢᠭ ᠢ ᠴᠠᠭ ᠲᠤᠬᠠᠶ ᠳᠤᠨᠢ ᠮᠡᠳᠡᠭᠳᠡᠵᠦ ᠂ ᠡᠵᠡᠩᠨᠡᠯᠲᠡ ᠶᠢᠨ ᠭᠤᠤᠯ ᠴᠣᠭᠴᠠ ᠶᠢᠨ ᠡᠷᠬᠡ ᠠᠰᠢᠭ ᠢ | ᠪᠠᠲᠤᠯᠠᠨ᠎ᠠ ᠃ ᠬᠤᠶᠠᠷ ᠲᠤ ᠂ ᠢᠲᠡᠭᠡᠮᠵᠢ ᠶᠢᠨ ᠮᠡᠳᠡᠭᠡ ᠵᠠᠩᠭᠢ ᠶᠢ ᠴᠤᠭᠯᠠᠭᠤᠯᠬᠤ ᠠᠷᠭ᠎ᠠ ᠪᠠᠷᠢᠯ ᠢ | ᠰᠢᠯᠢᠳᠡᠭᠵᠢᠭᠦᠯᠵᠦ ᠂ ᠢᠲᠡᠭᠡᠮᠵᠢ ᠶᠢᠨ ᠮᠡᠳᠡᠭᠡ ᠵᠠᠩᠭᠢ ᠶᠢ ᠢᠯᠡ ᠨᠡᠶᠢᠲᠡᠯᠡᠬᠦ ᠪᠠ ᠰᠡᠷᠭᠦᠭᠡᠬᠦ ᠠᠷᠭ᠎ᠠ ᠵᠠᠮ ᠢ | ᠨᠢᠭᠡᠳᠬᠡᠵᠦ ᠂ ︽ᠨᠢᠭᠡ ᠰᠦᠯᠵᠢᠶ᠎ᠡ ᠪᠠᠷ ᠨᠡᠶᠢᠳᠡᠮ ᠭᠦᠢᠴᠡᠳᠬᠡᠬᠦ︾ ᠂ ︽ᠨᠢᠭᠡ ᠰᠦᠯᠵᠢᠶ᠎ᠡ ᠪᠠᠷ ᠨᠢᠭᠡᠳᠦᠯᠲᠡᠶ | ᠬᠠᠮᠢᠶᠠᠷᠬᠤ︾ ᠂ ︽ᠨᠢᠭᠡ ᠰᠦᠯᠵᠢᠶ᠎ᠡ ᠪᠠᠷ ᠬᠠᠮᠵᠢᠯᠴᠠᠬᠤ︾ ᠶᠢ ᠠᠬᠢᠭᠤᠯᠵᠤ ᠂ ᠳᠥᠭᠦᠮ ᠳᠥᠲᠡ ᠥᠨᠳᠥᠷ | ᠪᠦᠲᠦᠮᠵᠢᠲᠡᠶ ᠂ ᠨᠢᠭᠡᠳᠦᠯᠲᠡᠶ ᠵᠢᠷᠤᠮᠵᠢᠭᠤᠨ ᠂ ᠬᠠᠮᠵᠢᠯᠴᠠᠨ ᠬᠠᠮᠲᠤᠪᠠᠷ ᠡᠳ᠋ᠯᠡᠬᠦ ᠠᠵᠢᠯ ᠤᠨ ᠲᠣᠭᠲᠠᠴᠠ ᠶᠢ | ᠪᠠᠶᠢᠭᠤᠯᠵᠤ ᠂ ᠬᠠᠮᠤᠭ ᠤᠨ ᠶᠡᠭᠡ ᠬᠡᠮᠵᠢᠶ᠎ᠡ ᠪᠠᠷ ᠠᠵᠤ ᠠᠬᠤᠶᠢᠯᠠᠯ ᠳᠤ ᠠᠰᠢᠭᠲᠠᠶ ᠠᠷᠠᠳ ᠲᠤ ᠲᠥᠬᠦᠮ | ᠦᠵᠡᠭᠦᠯᠦᠨ᠎ᠡ ᠃ ᠭᠤᠷᠪᠠ ᠳᠤ ᠂ ᠢᠲᠡᠭᠡᠮᠵᠢ ᠶᠢᠨ ᠠᠮᠠᠯᠠᠯᠲᠠ ᠶᠢᠨ ᠲᠦᠷᠢᠮ ᠢ ᠪᠠᠶᠢᠭᠤᠯᠤᠨ ᠬᠡᠷᠡᠭᠯᠡᠵᠦ ᠂ | ᠢᠲᠡᠭᠡᠮᠵᠢ ᠶᠢᠨ ᠬᠢᠵᠠᠭᠠᠷᠯᠠᠯ ᠪᠠ ᠨᠡᠶᠢᠭᠡᠮ ᠤᠨ ᠬᠢᠨᠠᠯᠲᠠ ᠶᠢ ᠴᠢᠩᠭᠠᠳᠬᠠᠨ ᠂ ᠡᠵᠡᠩᠨᠡᠯᠲᠡ ᠶᠢᠨ ᠭᠤᠤᠯ ᠴᠣᠭᠴᠠ ᠶᠢᠨ | ᠬᠠᠤᠯᠢ ᠶᠣᠰᠣᠭᠠᠷ ᠦᠨᠡᠨᠴᠢ ᠢᠲᠡᠭᠡᠮᠵᠢᠲᠡᠢ ᠪᠠᠷ ᠡᠵᠡᠩᠨᠡᠬᠦ ᠪᠠ ᠢᠲᠡᠭᠡᠮᠵᠢ ᠶᠢᠨ ᠪᠠᠶᠢᠭᠤᠯᠤᠯᠲᠠ ᠳᠤ ᠣᠷᠣᠯᠴᠠᠬᠤ | ᠤᠬᠠᠮᠰᠠᠷ ᠢ ᠳᠡᠭᠡᠭᠰᠢᠯᠡᠭᠦᠯᠵᠦ ᠂ ᠢᠲᠡᠭᠡᠮᠵᠢ ᠶᠢᠨ ᠲᠦᠭᠰᠢᠭᠦᠷᠢ ᠪᠠᠷ ᠤᠳᠤᠷᠢᠳᠤᠮᠵᠢ ᠪᠣᠯᠭᠠᠨ ᠬᠢᠨᠠᠨ ᠬᠠᠮᠢᠶᠠᠷᠬᠤ ᠡᠬᠢ | ᠪᠠᠶᠠᠯᠢᠭ ᠢ ᠰᠢᠯᠢᠳᠡᠭᠵᠢᠭᠦᠯᠦᠨ ᠳᠣᠭᠢᠷᠠᠭᠤᠯᠵᠤ ᠂ ᠬᠢᠨᠠᠯᠲᠠ ᠬᠠᠮᠢᠶᠠᠷᠤᠯᠲᠠ ᠶᠢᠨ ᠶᠠᠰᠤ ᠴᠢᠨᠠᠷ ᠦᠷ᠎ᠡ ᠪᠦᠲᠦᠮᠵᠢ ᠶᠢ | ᠳᠡᠭᠡᠭᠰᠢᠯᠡᠭᠦᠯᠦᠨ᠎ᠡ ᠃ | ︵ᠲᠦᠷᠪᠡ︶ ᠬᠦᠨᠳᠦ ᠨᠣᠴᠢᠲᠠᠢ ᠢᠲᠡᠭᠡᠮᠵᠢ ᠠᠯᠳᠠᠭᠰᠠᠨ ᠭᠤᠣᠯ ᠴᠣᠭᠴᠠ ᠶᠢᠨ ᠨᠡᠷᠡᠰ ᠤᠨ ᠲᠤᠬᠠᠢ | ᠬᠠᠮᠢᠶᠠᠷᠤᠯᠲᠠ | 2020 ᠣᠨ ᠤ 12 ᠳ᠋ᠤᠭᠠᠷ ᠰᠠᠷ᠎ᠠ ᠳᠤ ᠨᠡᠶᠢᠲᠡᠯᠡᠭᠰᠡᠨ ︽ᠢᠲᠡᠭᠡᠯ ᠠᠯᠳᠠᠭᠰᠠᠳ ᠢ ᠬᠢᠵᠠᠭᠠᠷᠯᠠᠬᠤ | ᠲᠦᠷᠢᠮ ᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠣᠷᠳᠣ | ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠠᠶᠢᠭᠤᠯᠬᠤ ᠲᠤᠬᠠᠶ ᠲᠥᠷᠥ ᠶᠢᠨ ᠶᠠᠪᠤᠳᠠᠯ ᠤᠨ ᠬᠤᠷᠢᠶᠠᠨ ᠤ | ᠠᠯᠪᠠᠨ ᠲᠢᠩᠬᠢᠮ ᠤᠨ ᠵᠢᠯᠣᠭᠤᠳᠬᠤ ᠰᠠᠨᠠᠯ︾ ︵ᠲᠥᠷᠥ ᠠᠯᠪᠠᠨ ᠲᠠᠷᠬᠠᠭᠠᠭᠰᠠᠨ ﹇2020﹈ 49 ᠳ᠋ᠦ᠋ᠭᠡᠷ | ᠲᠣᠭᠠᠲᠤ︶ ᠤᠨ ᠱᠠᠭᠠᠷᠳᠠᠯᠭ᠎ᠠ ᠶᠢ ᠪᠥᠬᠦ ᠤᠯᠤᠰ ᠤᠨ ᠬᠡᠪᠴᠢᠶᠡᠨ ᠳᠤ ᠬᠡᠷᠡᠭᠵᠢᠭᠦᠯᠬᠦ ᠬᠦᠨᠳᠦ ᠨᠣᠴᠢᠲᠠᠶ ᠢᠲᠡᠭᠡᠯ | ᠠᠯᠳᠠᠭᠰᠠᠨ ᠭᠤᠤᠯ ᠴᠣᠭᠴᠠ ᠶᠢᠨ ᠨᠡᠷᠡᠰ ᠤᠨ ᠲᠦᠷᠢᠮ ᠢ ᠬᠠᠤᠯᠢ ᠴᠠᠭᠠᠵᠠ ᠂ ᠵᠠᠰᠠᠭ ᠵᠠᠬᠢᠷᠭᠠᠨ ᠤ ᠬᠠᠤᠯᠢ | ᠲᠣᠭᠲᠠᠭᠠᠯ ᠪᠤᠶᠤ ᠨᠠᠮ ᠤᠨ ᠲᠥᠪ ᠬᠤᠷᠢᠶ᠎ᠠ ᠂ ᠲᠥᠷᠥ ᠶᠢᠨ ᠶᠠᠪᠤᠳᠠᠯ ᠤᠨ ᠬᠤᠷᠢᠶᠠᠨ ᠤ ᠲᠥᠷᠥ ᠶᠢᠨ ᠪᠣᠳᠣᠯᠭ᠎ᠠ ᠶᠢᠨ | ᠪᠢᠴᠢᠭ ᠮᠠᠲ᠋ᠧᠷᠢᠶᠠᠯ ᠤᠨ ᠬᠡᠯᠪᠡᠷᠢ ᠪᠠᠷ ᠲᠣᠭᠲᠠᠭᠠᠵᠤ ᠂ ᠲᠦᠷ ᠨᠥᠬᠦᠴᠡᠯ ᠪᠦᠷᠢᠯᠳᠦᠭᠦᠯᠦᠭᠡᠳᠦᠶ ᠪᠣᠯ ᠲᠣᠰ ᠬᠦᠷᠢᠶ᠎ᠡ | ᠴᠠᠷᠠᠭ᠎ᠠ ᠶᠢᠨ ᠭᠤᠤᠯᠴᠢᠯᠠᠨ ᠬᠠᠮᠢᠶᠠᠷᠬᠤ ︵ᠬᠢᠨᠠᠨ ᠬᠠᠮᠢᠶᠠᠷᠬᠤ︶ ᠰᠠᠯᠠᠭ᠎ᠠ ᠮᠥᠴᠢᠷ ᠠᠴᠠ ᠰᠠᠯᠠᠭ᠎ᠠ ᠮᠥᠴᠢᠷ ᠤᠨ | ᠲᠦᠷᠢᠮ ᠲᠣᠭᠲᠠᠭᠠᠯ ᠤᠨ ᠬᠡᠯᠪᠡᠷᠢ ᠪᠠᠷ ᠲᠣᠭᠲᠠᠭᠠᠵᠤ ᠪᠣᠯᠤᠨ᠎ᠠ︔ ᠮᠠᠭᠠᠳᠯᠠᠨ ᠲᠣᠭᠲᠠᠭᠠᠬᠤ ᠪᠠᠷᠢᠮᠵᠢᠶ᠎ᠠ ᠨᠡᠷᠡᠰ ᠢ | ᠰᠢᠯᠵᠢᠭᠦᠯᠦᠨ ᠭᠠᠷᠭᠠᠬᠤ ᠨᠥᠬᠦᠴᠡᠯ ᠂ ᠲᠠᠰ ᠳᠠᠷᠠᠭᠠᠯᠠᠯ ᠵᠢᠴᠢ ᠠᠪᠤᠷᠠᠨ ᠲᠡᠳᠬᠦᠬᠦ ᠠᠷᠭ᠎ᠠ ᠬᠡᠮᠵᠢᠶ᠎ᠡ ᠶᠢ ᠬᠠᠮᠲᠤ ᠳᠤᠨᠢ | ᠲᠣᠳᠣᠷᠬᠠᠶᠢᠯᠠᠬᠤ ᠬᠡᠷᠡᠭᠲᠡᠶ ᠃ ︽ᠠᠷᠭ᠎ᠠ︾ ᠨᠢ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠪᠣᠯᠬᠤᠷ ᠬᠦᠨᠳᠦ | ᠨᠣᠴᠢᠲᠠᠶ ᠢᠲᠡᠭᠡᠯ ᠠᠯᠳᠠᠭᠰᠠᠨ ᠭᠤᠤᠯ ᠴᠣᠭᠴᠠ ᠶᠢᠨ ᠨᠡᠷᠡᠰ ᠢ ᠮᠠᠭᠠᠳᠯᠠᠨ ᠲᠣᠭᠲᠠᠭᠠᠬᠤ ᠪᠠᠷᠢᠮᠵᠢᠶ᠎ᠠ ᠵᠡᠷᠭᠡ | ᠠᠭᠤᠯᠭ᠎ᠠ ᠶᠢ ᠪᠠᠭᠲᠠᠭᠠᠬᠤ ᠥᠬᠡᠶ ᠃ ᠤᠰᠤᠨ ᠠᠰᠢᠭᠯᠠᠯᠲᠠ ᠶᠢᠨ ᠶᠠᠮᠤᠨ ᠠᠴᠠ ᠬᠦᠨᠳᠦ ᠨᠣᠴᠢᠲᠠᠶ ᠢᠲᠡᠭᠡᠯ | ᠠᠯᠳᠠᠭᠰᠠᠨ ᠭᠤᠤᠯ ᠴᠣᠭᠴᠠ ᠶᠢᠨ ᠨᠡᠷᠡᠰ ᠤᠨ ᠬᠠᠮᠢᠶᠠᠷᠤᠯᠲᠠ ᠶᠢᠨ ᠠᠷᠭ᠎ᠠ ᠶᠢ ᠰᠤᠳᠤᠯᠤᠨ ᠲᠣᠭᠲᠠᠭᠠᠬᠤ ᠶᠢᠨ | ᠬᠠᠮᠲᠤ ᠰᠠᠯᠠᠭ᠎ᠠ ᠮᠥᠴᠢᠷ ᠤᠨ ᠲᠦᠷᠢᠮ ᠲᠣᠭᠲᠠᠭᠠᠯ ᠤᠨ ᠬᠡᠯᠪᠡᠷᠢ ᠪᠠᠷ ᠠᠰ ᠲᠤᠨᠢ ᠨᠡᠶᠢᠲᠡᠯᠡᠨ᠎ᠡ ᠃ | |