ᠥᠪᠥᠷ ᠮᠣᠩᠭᠤᠯ 4665.7 ᠲᠦᠮᠡᠨ ᠮᠥ ᠲᠠᠷᠢᠶᠠᠨ ᠭᠠᠵᠠᠷ ᠲᠤ ᠲᠠᠷᠢᠶᠠᠯᠠᠩ ᠤᠨ ᠤᠰᠤᠨ ᠤ ᠦᠨ᠎ᠡ ᠬᠠᠩᠰᠢ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢ ᠪᠡᠶᠡᠯᠡᠭᠦᠯᠪᠡ
ᠨᠡᠶᠢᠲᠡᠯᠡᠭᠰᠡᠨ ᠴᠠᠭ᠄
2024/8/27
水价综合改革1.png
  ᠪᠣᠷᠣᠲᠣᠬᠤᠶ ᠶᠢᠨ ᠤᠰᠤᠯᠠᠯᠲᠠ ᠶᠢᠨ ᠣᠷᠣᠨ ᠤ ᠶᠡᠷᠦᠩᠬᠡᠶ ᠭᠤᠤᠯ ᠰᠤᠪᠠᠭ ᠤᠨ ᠬᠤᠶᠠᠳᠤᠭᠠᠷ ᠤᠰᠤ ᠰᠠᠯᠭᠠᠬᠤ ᠵᠠᠩᠭᠢᠯᠠᠭ᠎ᠠ ᠃ ᠯᠢ ᠵᠢᠶᠠᠨ ᠭᠦᠸᠧ ᠰᠡᠭᠦᠲᠡᠷᠯᠡᠪᠡ
水价综合改革2.png
  ᠬᠢᠩᠭᠠᠨ ᠤ ᠲᠠᠷᠢᠶᠠᠯᠠᠩ ᠤᠨ ᠠᠲᠠᠷ ᠬᠠᠭᠠᠯᠪᠤᠷᠢᠯᠠᠯᠲᠠ ᠶᠢᠨ ᠲᠦᠯᠢᠶᠡᠮᠤᠳᠤ ᠲᠠᠷᠢᠶᠠᠯᠠᠩ ᠤᠨ ᠲᠠᠯᠠᠪᠠᠢ ᠶᠢ ᠲᠡᠭᠰᠢ ᠰᠢᠯᠵᠢᠭᠦᠯᠬᠦ ᠬᠡᠯᠪᠡᠷᠢ ᠶᠢᠨ ᠰᠦᠷᠴᠢᠨ ᠤᠰᠤᠯᠠᠬᠤ ᠮᠠᠰᠢᠨ ᠢᠶᠠᠷ ᠪᠤᠭᠤᠳᠠᠢ ᠤᠰᠤᠯᠠᠵᠤ ᠪᠤᠢ ᠃ ᠪᠠᠲᠤ ᠰᠡᠭᠦᠳᠡᠷᠯᠡᠪᠡ
水价综合改革3.png
  ᠰᠠᠶᠢᠨ ᠳᠤᠷ᠎ᠠ ᠶᠢᠨ ᠦᠢᠯᠡᠴᠢᠯᠡᠭᠴᠢᠳ ᠬᠥᠯᠥᠨ ᠪᠤᠶᠢᠷ ᠬᠤᠲᠠ ᠶᠢᠨ ᠵᠠᠯᠠᠨ ᠠᠶᠢᠯ ᠬᠤᠲᠠ ᠶᠢᠨ ᠮᠦᠬᠦᠴᠢ ᠪᠠᠯᠭᠠᠰᠤ ᠶᠢᠨ ᠮᠦᠬᠦᠴᠢ ᠲᠣᠰᠬᠤᠨ ᠳᠤ ᠰᠤᠪᠠᠭ ᠪᠠᠶᠢᠴᠠᠭᠠᠪᠠ ᠃ ᠬᠠᠨ ᠯᠧᠩ ᠰᠡᠭᠦᠲᠡᠷᠯᠡᠪᠡ  ᠥᠪᠥᠷ ᠮᠣᠩᠭᠤᠯ ᠪᠣᠯ ᠮᠠᠨ ᠤ ᠤᠯᠤᠰ ᠤᠨ ᠠᠮᠤ ᠪᠤᠳᠠᠭᠠᠨ ᠤ ᠦᠢᠯᠡᠳᠪᠦᠷᠢᠯᠡᠯ ᠤᠨ ᠲᠤᠮᠤ ᠣᠷᠣᠨ ᠪᠣᠯᠣᠨ᠎ᠠ ᠂ ᠲᠠᠷᠢᠶᠠᠨ ᠭᠠᠵᠠᠷ ᠤᠨ ᠲᠠᠯᠠᠪᠠᠢ 1.72 ᠳ᠋ᠦᠩᠰᠢᠭᠤᠷ ᠮᠦ ᠪᠠᠶᠢᠵᠤ ᠂ ᠲᠠᠷᠢᠶᠠᠯᠠᠩ ᠳᠤ ᠬᠡᠷᠡᠭᠯᠡᠬᠦ ᠤᠰᠤᠨ ᠤ ᠬᠡᠮᠵᠢᠶ᠎ᠡ ᠨᠢ ᠪᠦᠬᠦ ᠣᠷᠣᠨ ᠤ ᠤᠰᠤ ᠬᠡᠷᠡᠭᠯᠡᠬᠦ ᠶᠡᠷᠦᠩᠬᠡᠢ ᠬᠡᠮᠵᠢᠶᠡᠨ ᠤ 60%᠎ ᠠᠴᠠ ᠳᠡᠭᠡᠭᠰᠢᠬᠢ ᠶᠢ ᠡᠵᠡᠯᠡᠵᠦ ᠪᠤᠢ ᠃  ᠤᠰᠤᠨ ᠠᠰᠢᠭᠯᠠᠯᠲᠠ ᠪᠣᠯ ᠲᠠᠷᠢᠶᠠᠯᠠᠩ ᠤᠨ ᠠᠮᠢᠨ ᠰᠤᠳᠠᠰᠤ ᠮᠥᠨ ᠂ ᠲᠠᠷᠢᠶᠠᠯᠠᠩ ᠤᠨ ᠤᠰᠤ ᠠᠷᠪᠢᠯᠠᠬᠤ ᠠᠴᠢ ᠬᠤᠯᠪᠣᠭᠳᠠᠯ ᠲᠠᠢ ᠃  ︽ᠶᠡᠭᠡ ᠤᠰᠤ ᠪᠠᠷ ᠨᠡᠯᠦ᠋ᠢᠲᠡᠯ᠎ᠡ ᠤᠰᠤᠯᠠᠬᠤ︾ ᠠᠰᠠᠭᠤᠳᠠᠯ ᠢ ᠬᠦᠴᠦᠯᠡᠨ ᠰᠢᠢᠳᠪᠦᠷᠢᠯᠡᠵᠦ ᠂ ᠲᠠᠷᠢᠶᠠᠯᠠᠩ ᠤᠨ ᠤᠰᠤ ᠠᠷᠪᠢᠯᠠᠵᠤ ᠦᠷ᠎ᠡ ᠠᠰᠢᠭ ᠢ ᠨᠡᠮᠡᠭᠳᠡᠭᠦᠯᠬᠦ ᠶᠢ ᠠᠬᠢᠭᠤᠯᠬᠤ ᠶᠢᠨ ᠲᠥᠯᠥᠭᠡ ᠂ ᠣᠶᠢᠷ᠎ᠠ ᠶᠢᠨ ᠵᠢᠯ ᠠᠴᠠ ᠂ ᠥᠪᠥᠷ ᠮᠣᠩᠭᠤᠯ ︽ᠬᠤᠷ᠎ᠠ ᠲᠣᠨᠣᠳᠠᠰᠤ ᠶᠢᠨ ᠬᠤᠷᠣᠭᠳᠠᠯ︾ ᠭᠡᠬᠦ ᠡᠨᠡ ᠬᠦ ᠤᠳᠤᠷᠢᠳᠤᠮᠵᠢ ᠶᠢ ᠳᠣᠪᠤᠶᠢᠯᠭᠠᠵᠤ ᠂ ᠲᠠᠷᠢᠶᠠᠯᠠᠩ ᠤᠨ ᠤᠰᠤᠨ ᠤ ᠦᠨ᠎ᠡ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢᠨ ︽ᠵᠠᠩᠭᠢᠯᠠᠭ᠎ᠠ︾᠎ ᠶᠢ ᠪᠠᠲᠤ ᠡᠵᠡᠮᠳᠡᠵᠦ ᠂ ᠲᠠᠷᠢᠶᠠᠯᠠᠩ ᠤᠨ ᠤᠰᠤ ᠬᠡᠷᠡᠭᠯᠡᠬᠦ ᠬᠠᠮᠢᠶᠠᠷᠤᠯᠲᠠ ᠂ ᠲᠠᠷᠢᠶᠠᠯᠠᠩ ᠤᠨ ᠤᠰᠤᠨ ᠤ ᠦᠨ᠎ᠡ ᠶᠢᠨ ᠪᠦᠷᠢᠯᠳᠦᠯ ᠂ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠪᠠ ᠬᠠᠮᠢᠶᠠᠷᠤᠯᠲᠠ ᠬᠠᠮᠠᠭᠠᠯᠠᠯᠲᠠ ᠂ ᠤᠰᠤ ᠠᠷᠪᠢᠯᠠᠬᠤ ᠱᠠᠩᠨᠠᠵᠤ ᠨᠥᠬᠦᠪᠥᠷᠢᠯᠡᠬᠦ ᠳᠥᠷᠪᠡᠨ ᠵᠦᠢᠯ ᠤᠨ ᠲᠣᠭᠲᠠᠴᠠ ᠶᠢ ᠲᠦᠷᠭᠡᠳᠬᠡᠨ ᠲᠡᠭᠦᠯᠳᠡᠷᠵᠢᠭᠦᠯᠵᠦ ᠂ ᠲᠠᠷᠢᠶᠠᠯᠠᠩ ᠤᠨ ᠥᠨᠳᠥᠷ ᠪᠦᠲᠦᠮᠵᠢᠲᠡᠶ ᠤᠰᠤ ᠠᠷᠪᠢᠯᠠᠬᠤ ᠳᠠᠯᠳᠠ ᠬᠦᠴᠦᠨ ᠢ ᠭᠦᠨ ᠠᠭᠤᠳᠠᠯᠵᠤ ᠂ ᠲᠠᠷᠢᠶᠠᠯᠠᠩ ᠤᠨ ᠤᠰᠤ ᠬᠡᠷᠡᠭᠯᠡᠬᠦ ᠪᠦᠳᠦᠭᠦᠯᠢᠭ ᠦᠷ᠎ᠡ ᠠᠰᠢᠭ ᠳᠣᠤᠷ᠎ᠠ ᠪᠠᠶᠢᠭᠰᠠᠨ ᠠᠴᠠ ᠪᠠᠨ ᠠᠷᠪᠢᠲᠠᠶ ᠡᠷᠴᠢᠮᠯᠢᠭ ᠲᠡᠰᠢ ᠬᠤᠪᠢᠷᠠᠭᠤᠯᠬᠤ ᠶᠢ ᠠᠬᠢᠭᠤᠯᠪᠠ ᠃  ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ ᠤᠨ ᠲᠤᠭ᠎ᠠ ᠪᠠᠷᠢᠮᠲᠠ ᠠᠴᠠ ᠦᠵᠡᠪᠡᠯ ᠂ 2023 ᠣᠨ ᠳᠤ ᠂ ᠥᠪᠥᠷ ᠮᠣᠩᠭᠤᠯ ᠰᠢᠨ᠎ᠡ ᠪᠠᠷ ᠨᠡᠮᠡᠭᠳᠡᠭᠰᠡᠨ ᠲᠠᠷᠢᠶᠠᠯᠠᠩ ᠤᠨ ᠤᠰᠤ ᠠᠷᠪᠢᠯᠠᠬᠤ ᠴᠢᠳᠠᠪᠤᠷᠢ 3.73 ᠳ᠋ᠦᠩᠰᠢᠭᠤᠷ ᠪᠣᠰᠤᠭ᠎ᠠ ᠳᠥᠷᠪᠡᠯᠵᠢᠨ ᠮᠧᠲᠷ ᠪᠠᠶᠢᠵᠤ ᠂ ᠲᠠᠷᠢᠶᠠᠨ ᠭᠠᠵᠠᠷ ᠤᠨ ᠤᠰᠤᠯᠠᠯᠲᠠ ᠶᠢᠨ ᠤᠰᠤᠨ ᠤ ᠪᠦᠲᠦᠮᠵᠢᠲᠡᠶ ᠠᠰᠢᠭᠯᠠᠯᠲᠠ ᠶᠢᠨ ᠢᠯᠡᠳᠬᠡᠮᠵᠢ ᠲᠤᠭ᠎ᠠ 0.583 ᠬᠦᠷᠴᠦ ᠂ ᠪᠥᠬᠦ ᠤᠯᠤᠰ ᠤᠨ ᠳᠤᠮᠳᠠᠴᠢ ᠬᠢᠷᠢ ᠲᠦᠪᠰᠢᠨ ᠠᠴᠠ ᠥᠨᠳᠥᠷ ᠪᠣᠯᠪᠠ ᠃ ᠪᠦᠬᠦ ᠣᠷᠣᠨ ᠤ 73 ᠲᠣᠮᠣ ᠳᠤᠮᠳᠠ ᠬᠡᠯᠪᠡᠷᠢ ᠶᠢᠨ ᠤᠰᠤᠯᠠᠯᠲᠠ ᠶᠢᠨ ᠣᠷᠣᠨ ᠳᠤ ᠰᠢᠨ᠎ᠡ ᠨᠢᠭᠡ ᠡᠭᠡᠯᠵᠢ ᠶᠢᠨ ᠦᠨ᠎ᠡ ᠶᠢ ᠲᠣᠭᠲᠠᠭᠠᠨ ᠲᠣᠬᠢᠷᠠᠭᠤᠯᠬᠤ ᠶᠢ ᠪᠡᠶᠡᠯᠡᠭᠦᠯᠬᠦ ᠶᠢᠨ ᠬᠠᠮᠲᠤ ᠤᠰᠤ ᠠᠪᠬᠤ ᠠᠮᠠᠰᠠᠷ ᠤᠨ ᠰᠦᠯᠵᠢᠶᠡᠨ ᠳᠡᠭᠡᠷ᠎ᠡ ᠬᠡᠮᠵᠢᠬᠦ ᠶᠢ ᠪᠡᠶᠡᠯᠡᠭᠦᠯᠵᠦ ᠂ 65 ᠲᠦᠮᠡᠨ ᠲᠠᠷᠢᠶᠠᠯᠠᠩ ᠤᠨ ᠤᠰᠤᠯᠠᠯᠲᠠ ᠶᠢᠨ ᠮᠠᠰᠢᠨ ᠴᠠᠬᠢᠯᠭᠠᠨ ᠬᠤᠳᠳᠤᠭ ᠲᠤ ︽ᠴᠠᠬᠢᠯᠭᠠᠨ ᠢᠶᠠᠷ ᠤᠰᠤ ᠶᠢ ᠨᠤᠭᠤᠯᠬᠤ︾᠎ ᠶᠢ ᠪᠡᠶᠡᠯᠡᠭᠦᠯᠪᠡ ᠃  ᠤᠰᠤ ᠬᠠᠩᠭᠠᠬᠤ ᠳᠤ ᠵᠣᠷ ᠲᠠᠢ ᠂ ᠤᠰᠤ ᠬᠡᠷᠡᠭᠯᠡᠬᠦ ᠳᠤ ᠬᠡᠮᠵᠢᠶ᠎ᠡ ᠲᠠᠢ ᠃ 2016 ᠣᠨ ᠳᠤ ᠥᠪᠥᠷ ᠮᠣᠩᠭᠤᠯ ᠲᠠᠷᠢᠶᠠᠯᠠᠩ ᠤᠨ ᠤᠰᠤᠨ ᠤ ᠦᠨ᠎ᠡ ᠬᠠᠩᠰᠢ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ ᠡᠬᠢᠯᠡᠭᠰᠡᠨ ᠠᠴᠠ ᠣᠲᠣ ᠪᠣᠯᠲᠠᠯ᠎ᠠ ᠂ ᠪᠥᠬᠦ ᠣᠷᠣᠨ ᠤ ᠲᠠᠷᠢᠶᠠᠯᠠᠩ ᠤᠨ ᠤᠰᠤᠨ ᠤ ᠦᠨ᠎ᠡ ᠬᠠᠩᠰᠢ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ ᠱᠠᠲᠤ ᠦᠶ᠎ᠡ ᠶᠢᠨ ᠴᠢᠨᠠᠷᠲᠠᠶ ᠦᠷ᠎ᠡ ᠪᠦᠲᠦᠮᠵᠢ ᠣᠯᠵᠤ ᠂ ᠥᠭᠡᠷᠡᠴᠢᠯᠡᠯᠲᠡ ᠶᠢᠨ ᠲᠠᠯᠠᠪᠠᠶ 4665.7 ᠲᠦᠮᠡᠨ ᠮᠥ ᠪᠣᠯᠪᠠ ᠃  ᠲᠣᠭᠲᠠᠴᠠ ᠶᠢᠨ ᠬᠤᠪᠢᠷᠠᠯ — ᠶᠡᠷᠦᠩᠬᠡᠢ ᠬᠡᠮᠵᠢᠶ᠎ᠡ ᠶᠢᠨ ᠲᠣᠭᠲᠠᠭᠰᠠᠨ ᠨᠤᠷᠮ᠎ᠠ ᠶᠢᠨ ᠬᠠᠮᠢᠶᠠᠷᠤᠯᠲᠠ ᠶᠢ ᠴᠢᠩᠭ᠎ᠠ ᠡᠵᠡᠮᠳᠡᠨ᠎ᠡ  ᠨᠠᠮᠤᠷ ᠤᠨ ᠤᠯᠠᠷᠢᠯ ᠤᠨ ᠤᠰᠤᠯᠠᠯᠲᠠ ᠶᠢᠨ ᠬᠤᠭᠤᠴᠠᠭᠠᠨ ᠳᠤ ᠂ ᠪᠠᠶᠠᠨᠨᠠᠭᠤᠷ ᠣᠷᠣᠨ ᠤ ᠲᠠᠷᠢᠶᠠᠴᠢᠳ ᠴᠥᠮ ᠤᠰᠤ ᠠᠷᠪᠢᠯᠠᠵᠤ ᠴᠢᠭᠢᠭ ᠢ ᠬᠠᠮᠠᠭᠠᠯᠠᠬᠤ ᠪᠠᠷ ᠶᠠᠭᠠᠷᠠᠯᠳᠤᠵᠤ ᠪᠠᠶᠢᠪᠠ ᠃  ᠥᠩᠭᠡᠷᠡᠭᠰᠡᠨ ᠳᠤ ᠶᠡᠭᠡ ᠤᠰᠤ ᠪᠠᠷ ᠨᠡᠯᠦ᠋ᠢᠲᠡᠯ᠎ᠡ ᠤᠰᠤᠯᠠᠵᠤ ᠂ ᠬᠤᠷᠳᠤᠴᠠ ᠨᠢ ᠪᠠᠰᠠ ᠤᠳᠠᠭᠠᠨ ᠂ ᠠᠯᠢ ᠦᠶ᠎ᠡ ᠳᠤ ᠬᠡᠨ ᠤ ᠭᠡᠷ ᠲᠤ ᠬᠦᠷᠬᠦ ᠶᠢ ᠪᠠᠰᠠ ᠮᠡᠳᠡᠬᠦ ᠦᠭᠡᠢ ᠂ ᠵᠥᠪᠬᠡᠨ ᠬᠦᠯᠢᠶᠡᠵᠦ ᠰᠠᠭᠤᠨ᠎ᠠ︾᠎ ᠃ ᠪᠠᠶᠠᠨᠨᠠᠭᠤᠷ ᠬᠤᠲᠠ ᠶᠢᠨ ᠳ᠋ᠧᠩᠺᠸᠤ ᠰᠢᠶᠠᠨ ᠤ ᠳ᠋ᠦ᠋ ᠺᠸᠦ ᠪᠠᠯᠭᠠᠰᠤᠨ ᠤ ᠳ᠋ᠦᠩ ᠳ᠋ᠢ ᠲᠣᠰᠬᠤᠨ ᠤ ᠠᠷᠠᠳ ᠬᠡᠯᠡᠬᠦ ᠳᠡᠭᠡᠨ ᠂ ᠣᠲᠣ ᠳ᠋ᠦᠩ ᠰᠢᠨ ᠤᠰᠤᠨ ᠤ ᠶᠠᠪᠤᠳᠠᠯ ᠤᠨ ᠤᠰᠤᠯᠠᠯᠲᠠ ᠶᠢᠨ ᠬᠤᠷᠰᠢᠶ᠎ᠠ ᠠᠴᠠ ᠨᠢᠭᠡᠳᠦᠯᠲᠡᠶ ᠬᠠᠮᠢᠶᠠᠷᠬᠤ ᠳᠤ ᠲᠥᠬᠦᠮ ᠪᠣᠯᠵᠠᠢ︾ ᠭᠡᠪᠡ ᠃  ︽ᠥᠩᠭᠡᠷᠡᠭᠰᠡᠨ ᠳᠤ ᠨᠢᠭᠡ ᠮᠦ ᠭᠠᠵᠠᠷ ᠢ ᠬᠡᠳᠦᠶ ᠤᠰᠤ ᠬᠡᠷᠡᠭᠯᠡᠭᠰᠡᠨ ᠢ ᠲᠠᠷᠢᠶᠠᠴᠢᠳ ᠮᠡᠳᠡᠬᠦ ᠥᠬᠡᠶ ᠂ ᠣᠲᠣ ᠤᠰᠤᠨ ᠤ ᠶᠠᠪᠤᠳᠠᠯ ᠤᠨ ᠤᠰᠤᠯᠠᠯᠲᠠ ᠶᠢᠨ ᠬᠤᠷᠰᠢᠶ᠎ᠠ ᠪᠠᠶᠢᠭᠤᠯᠵᠤ ᠂ ᠤᠰᠤᠨ ᠤ ᠡᠷᠬᠡ ᠶᠢᠨ ᠤᠰᠤᠨ ᠤ ᠦᠨ᠎ᠡ ᠶᠢ ᠲᠣᠭᠲᠠᠭᠠᠭᠰᠠᠨ ᠤ ᠳᠠᠷᠠᠭ᠎ᠠ ᠂ ᠲᠠᠷᠢᠶᠠᠴᠢᠳ ᠤᠨ ᠤᠰᠤ ᠬᠡᠷᠡᠭᠯᠡᠬᠦ ᠡᠬᠡ ᠲᠠᠩᠰᠠ ᠲᠣᠳᠣᠷᠬᠠᠶ ᠪᠠᠶᠢᠵᠤ ᠂ ᠲᠣᠳᠣᠷᠬᠠᠶ ᠪᠥᠭᠡᠳ ᠵᠣᠭᠤᠰ ᠲᠤᠰᠢᠶᠠᠵᠤ ᠂ ᠰᠠᠨᠠᠭ᠎ᠠ ᠠᠮᠤᠷ ᠤᠰᠤ ᠬᠡᠷᠡᠭᠯᠡᠬᠦ ᠶᠢ ᠪᠡᠶᠡᠯᠡᠭᠦᠯᠵᠡᠶ︾ ᠭᠡᠵᠦ ᠳ᠋ᠦ᠋ ᠺᠧᠦ ᠪᠠᠯᠭᠠᠰᠤᠨ ᠤ ᠪᠠᠯᠭᠠᠰᠤᠨ ᠳᠠᠷᠤᠭ᠎ᠠ ᠴᠧᠨ ᠬᠤᠩ ᠬᠡᠯᠡᠪᠡ ᠃  ᠳ᠋ᠦᠩ ᠰᠢᠨ ᠤᠰᠤᠨ ᠤ ᠶᠠᠪᠤᠳᠠᠯ ᠤᠨ ᠤᠰᠤᠯᠠᠯᠲᠠ ᠶᠢᠨ ᠬᠤᠷᠰᠢᠶ᠎ᠠ ᠪᠣᠯ 2023 ᠣᠨ ᠤ 4 ᠳ᠋ᠦ᠋ᠭᠡᠷ ᠰᠠᠷ᠎ᠠ ᠳᠤ ᠳ᠋ᠦ᠋ ᠺᠸᠤ ᠪᠠᠯᠭᠠᠰᠤᠨ ᠤ ᠳ᠋ᠦᠩ ᠳ᠋ᠢ ᠲᠣᠰᠬᠤᠨ ᠪᠣᠯᠤᠨ ᠬᠥᠷᠰᠢ ᠪᠠᠶᠢᠭ᠎ᠠ ᠰᠢᠨ ᠳ᠋ᠢ ᠲᠣᠰᠬᠤᠨ ᠬᠠᠮᠳᠤ ᠪᠠᠶᠢᠭᠤᠯᠤᠭᠰᠠᠨ ᠶᠤᠮ ᠂ ᠳ᠋ᠧᠩᠺᠸᠤ ᠰᠢᠶᠠᠨ ᠤ ᠠᠩᠬᠠᠳᠠᠭᠴᠢ ᠰᠢᠶᠠᠩ ᠪᠠᠯᠭᠠᠰᠤᠨ ᠤ ᠲᠠᠰ ᠤᠨ ᠤᠰᠤᠯᠠᠯᠲᠠ ᠶᠢᠨ ᠦᠢᠯᠡᠴᠢᠯᠡᠭᠡᠨ ᠤ ᠲᠤᠰᠬᠠᠶ ᠬᠤᠷᠰᠢᠶ᠎ᠠ ᠪᠣᠯᠤᠨ᠎ᠠ ᠃ ᠬᠤᠷᠰᠢᠶ᠎ᠠ ᠳᠤ ᠠᠵᠢᠯ ᠲᠥᠷᠥᠯ ᠤᠨ ᠰᠠᠯᠠᠭ᠎ᠠ ᠮᠥᠴᠢᠷ ᠤᠨ ᠬᠢᠨᠠᠯᠲᠠ ᠲᠠᠯᠪᠢᠵᠤ ᠵᠢᠯᠣᠭᠤᠳᠬᠤ ᠂ ᠰᠤᠮᠤ ᠪᠠᠯᠭᠠᠰᠤ ᠂ ᠲᠠᠷᠢᠶᠠᠯᠠᠩ ᠤᠨ ᠲᠠᠯᠠᠪᠠᠶ ᠶᠢᠨ ᠺᠣᠮᠫᠠᠨᠢ ᠬᠠᠷᠢᠶ᠎ᠠ ᠭᠠᠵᠠᠷ ᠠᠴᠠ ᠭᠤᠤᠯᠴᠢᠯᠠᠨ ᠬᠠᠮᠢᠶᠠᠷᠬᠤ ᠂ ᠬᠤᠷᠰᠢᠶ᠎ᠠ ᠠᠴᠠ ᠪᠡᠶ᠎ᠡ ᠪᠠᠨ ᠳᠠᠭᠠᠭᠠᠨ ᠡᠵᠡᠩᠨᠡᠬᠦ ᠬᠢᠨᠠᠯᠲᠠ ᠬᠠᠮᠢᠶᠠᠷᠤᠯᠲᠠ ᠶᠢᠨ ᠲᠣᠭᠲᠠᠴᠠ ᠶᠢ ᠬᠡᠷᠡᠭᠵᠢᠭᠦᠯᠵᠦ ᠂ ᠰᠤᠮᠤ ᠪᠠᠯᠭᠠᠰᠤ ᠂ ᠲᠠᠷᠢᠶᠠᠯᠠᠩ ᠤᠨ ᠲᠠᠯᠠᠪᠠᠶ ᠶᠢᠨ ᠺᠣᠮᠫᠠᠨᠢ ᠶᠢᠨ ᠬᠠᠷᠢᠶ᠎ᠠ ᠣᠷᠣᠨ ᠤ ᠤᠰᠤᠨ ᠳᠤ ᠬᠤᠯᠪᠣᠭᠳᠠᠬᠤ ᠶᠠᠪᠤᠳᠠᠯ ᠳᠤ ᠨᠢᠭᠡᠳᠦᠯᠲᠡᠶ ︽ᠪᠣᠳᠠᠰᠴᠢᠯᠠᠬᠤ︾ ᠬᠠᠮᠢᠶᠠᠷᠤᠯᠲᠠ ᠶᠢ ᠨᠢᠭᠡᠳᠦᠯᠲᠡᠶ ᠬᠢᠵᠦ ᠂ 56 ᠲᠣᠰᠬᠤᠨ ᠤ ᠠᠷᠠᠳ ᠤᠨ ᠳᠤᠭᠤᠶᠢᠯᠠᠩ ᠤᠨ ᠲᠠᠷᠢᠶᠠᠴᠢᠨ ᠡᠷᠦᠬᠡ ᠪᠠ 1.902 ᠲᠦᠮᠡᠨ ᠮᠥ ᠲᠠᠷᠢᠶᠠᠨ ᠭᠠᠵᠠᠷ ᠲᠤ ᠦᠢᠯᠡᠴᠢᠯᠡᠨ᠎ᠡ ᠃  2023 ᠣᠨ ᠳᠤ ᠪᠠᠶᠠᠨᠨᠠᠭᠤᠷ ᠬᠤᠲᠠ ᠡᠬᠢ ᠪᠠᠶᠠᠯᠢᠭ ᠢ ᠡᠮᠬᠢᠯᠡᠨ ᠨᠡᠶᠢᠯᠡᠭᠦᠯᠵᠦ ᠂ ᠤᠷᠢᠳ ᠬᠤᠵᠢᠳ 358 ᠤᠰᠤᠨ ᠤ ᠶᠠᠪᠤᠳᠠᠯ ᠤᠨ ᠬᠤᠷᠰᠢᠶᠠᠵᠢᠯ ᠪᠠᠶᠢᠭᠤᠯᠵᠤ ᠂ ᠤᠰᠤ ᠬᠡᠷᠡᠭᠯᠡᠬᠦ ᠳᠤ ᠰᠦᠢᠳᠭᠡᠯ ᠬᠤᠷᠢᠶᠠᠬᠤ ᠢᠯᠡ ᠲᠣᠳᠣ ᠶᠢᠨ ᠬᠡᠮᠵᠢᠶ᠎ᠡ ᠶᠢ ᠨᠡᠮᠡᠭᠳᠡᠭᠦᠯᠵᠦ ᠂ ᠲᠠᠷᠢᠶᠠᠴᠢᠳ ᠢ ᠤᠰᠤ ᠬᠡᠷᠡᠭᠯᠡᠬᠦ ᠬᠠᠮᠢᠶᠠᠷᠤᠭᠴᠢ ᠪᠠ ᠤᠰᠤ ᠠᠷᠪᠢᠯᠠᠬᠤ ᠠᠰᠢᠭ ᠬᠦᠷᠲᠡᠭᠴᠢ ᠪᠣᠯᠭᠠᠵᠤ ᠂ ᠪᠠᠰᠠ ᠥᠩᠭᠡᠷᠡᠭᠰᠡᠨ ᠤ ᠬᠠᠮᠢᠶᠠᠷᠤᠯᠲᠠ ᠶᠢᠨ ᠳᠦᠷᠢᠮ ᠲᠡᠭᠦᠯᠳᠡᠷ ᠪᠤᠰᠤ ᠂ ᠤᠰᠤᠨ ᠤ ᠰᠦᠢᠳᠭᠡᠯ ᠪᠣᠳᠣᠵᠤ ᠬᠤᠷᠢᠶᠠᠬᠤ ᠨᠢ ᠡᠮᠬᠢ ᠵᠠᠮᠪᠠᠷᠠᠭ᠎ᠠ ᠦᠭᠡᠢ ᠂ ᠬᠠᠮᠢᠶᠠᠷᠤᠯᠲᠠ ᠨᠢ ᠳᠣᠣᠷ᠎ᠠ ᠪᠥᠭᠡᠳ ᠡᠮᠬᠢ ᠵᠢᠷᠤᠮ ᠦᠭᠡᠢ ᠪᠠᠶᠢᠬᠤ ᠵᠡᠷᠭᠡ ᠠᠰᠠᠭᠤᠳᠠᠯ ᠢ ᠰᠢᠢᠳᠪᠦᠷᠢᠯᠡᠵᠡᠢ ᠃ ᠡᠨᠡ ᠪᠣᠯ ᠪᠠᠶᠠᠨᠨᠠᠭᠤᠷ ᠬᠤᠲᠠ ᠶᠢᠨ ᠲᠣᠭᠲᠠᠴᠠ ᠶᠢᠨ ᠰᠢᠨ᠎ᠡ ᠶᠢ ᠡᠭᠦᠳᠴᠦ ᠂ ᠲᠠᠷᠢᠶᠠᠯᠠᠩ ᠤᠨ ᠤᠰᠤᠨ ᠤ ᠦᠨ᠎ᠡ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠠᠮᠢᠳᠤᠯᠢᠭ ᠦᠢᠯᠡᠳᠦᠯᠭᠡ ᠪᠣᠯᠤᠨ᠎ᠠ ᠃  ᠲᠠᠷᠢᠶᠠᠯᠠᠩ ᠤᠨ ᠤᠰᠤᠨ ᠤ ᠦᠨ᠎ᠡ ᠬᠠᠩᠰᠢ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ ᠶᠡᠷᠦᠩᠬᠡᠶᠢᠯᠡᠭᠰᠡᠨ ᠠᠷᠭ᠎ᠠ ᠪᠠᠷᠢᠯ ᠢᠶᠠᠷ ᠲᠠᠷᠢᠶᠠᠯᠠᠩ ᠳᠤ ᠬᠡᠷᠡᠭᠯᠡᠬᠦ ᠤᠰᠤᠨ ᠤ ᠶᠡᠷᠦᠩᠬᠡᠶ ᠬᠡᠮᠵᠢᠶ᠎ᠡ ᠪᠠ ᠡᠷᠴᠢᠮ ᠢ ᠪᠠᠭᠠᠰᠬᠠᠵᠤ ᠂ ᠤᠰᠤᠨ ᠤ ᠡᠬᠢ ᠪᠠᠶᠠᠯᠢᠭ ᠤᠨ ᠲᠣᠬᠢᠷᠠᠭᠤᠯᠤᠯᠲᠠ ᠶᠢ ᠰᠢᠯᠢᠳᠡᠭᠵᠢᠭᠦᠯᠦᠨ ᠂ ᠤᠰᠤᠨ ᠤ ᠡᠬᠢ ᠪᠠᠶᠠᠯᠢᠭ ᠢ ᠠᠰᠢᠭᠯᠠᠬᠤ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ ᠃  ᠥᠪᠥᠷ ᠮᠣᠩᠭᠤᠯ ᠤᠨ ᠲᠠᠷᠢᠶᠠᠯᠠᠩ ᠤᠨ ᠤᠰᠤᠨ ᠤ ᠦᠨ᠎ᠡ ᠬᠠᠩᠰᠢ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢᠨ ᠠᠵᠢᠯ ᠢ ᠥᠷᠨᠢᠭᠦᠯᠦᠭᠰᠡᠨ ᠠᠴᠠ ᠨᠠᠭᠠᠰᠢ ᠂ ᠡᠯ᠎ᠡ ᠭᠠᠵᠠᠷ ᠤᠨ ᠬᠢᠨ ᠨᠣᠷᠮ᠎ᠠ ᠲᠣᠭᠲᠠᠭᠠᠨ ᠬᠠᠮᠢᠶᠠᠷᠬᠤ ᠪᠠ ᠶᠡᠷᠦᠩᠬᠡᠶ ᠬᠡᠮᠵᠢᠶ᠎ᠡ ᠶᠢ ᠬᠢᠵᠠᠭᠠᠷᠯᠠᠬᠤ ᠪᠠᠷᠢᠮᠵᠢᠶ᠎ᠠ ᠶᠢ ᠪᠠᠲᠤ ᠡᠵᠡᠮᠳᠡᠵᠦ ᠂ ᠲᠠᠷᠢᠶᠠᠯᠠᠩ ᠤᠨ ᠤᠰᠤᠯᠠᠯᠲᠠ ᠶᠢᠨ ᠤᠰᠤ ᠬᠡᠷᠡᠭᠯᠡᠬᠦ ᠶᠡᠷᠦᠩᠬᠡᠶ ᠬᠡᠮᠵᠢᠶ᠎ᠡ ᠶᠢᠨ ᠬᠦᠢᠴᠡᠳᠬᠡᠯ ᠲᠤᠭ᠎ᠠ ᠶᠢ ᠬᠥᠳᠡᠭᠡ ᠲᠣᠰᠬᠤᠨ ᠤ ᠬᠠᠮᠲᠤ ᠶᠢᠨ ᠵᠣᠬᠢᠶᠠᠨ ᠪᠠᠶᠢᠭᠤᠯᠤᠯᠲᠠ ᠵᠡᠷᠭᠡ ᠦᠨᠳᠦᠰᠦᠨ ᠱᠠᠲᠤᠨ ᠤ ᠬᠠᠮᠢᠶᠠᠷᠤᠯᠲᠠ ᠶᠢᠨ ᠨᠢᠭᠡᠴᠢ ᠳᠤ ᠵᠠᠳᠠᠯᠵᠤ ᠂ ᠲᠠᠷᠢᠶᠠᠯᠠᠩ ᠤᠨ ᠠᠩᠬᠠᠨ ᠤ ᠤᠰᠤᠨ ᠤ ᠡᠷᠬᠡ ᠶᠢ ᠲᠣᠳᠣᠷᠬᠠᠶ ᠪᠣᠯᠭᠠᠪᠠ ᠃  ︽ᠠᠷᠪᠠᠨ ᠳᠥᠷᠪᠡᠳᠦᠭᠡᠷ ᠲᠠᠪᠤᠨ ᠵᠢᠯ︾᠎ ᠤᠨ ᠲᠥᠯᠥᠪᠵᠢᠭᠦᠯᠭᠡ ᠶᠢᠨ ᠬᠤᠭᠤᠴᠠᠭᠠᠨ ᠳᠤ ᠂ ᠥᠪᠥᠷ ᠮᠣᠩᠭᠤᠯ ᠲᠠᠷᠢᠶᠠᠯᠠᠩ ᠤᠨ ᠤᠰᠤ ᠬᠡᠷᠡᠭᠯᠡᠬᠦ ᠶᠡᠷᠦᠩᠬᠡᠶ ᠬᠡᠮᠵᠢᠶ᠎ᠡ ᠶᠢ ᠬᠢᠵᠠᠭᠠᠷᠯᠠᠬᠤ ᠭᠦᠢᠴᠡᠳᠭᠡᠯ ᠲᠤᠭ᠎ᠠ ᠶᠢ ᠪᠦᠬᠦᠨ ᠢ ᠭᠠᠴᠠᠭ᠎ᠠ ᠲᠣᠰᠬᠤᠨ ᠵᠡᠷᠭᠡ ᠤᠰᠤ ᠬᠡᠷᠡᠭᠯᠡᠬᠦ ᠭᠤᠤᠯ ᠴᠣᠭᠴᠠ ᠳᠤ ᠬᠦᠷᠲᠡᠯ᠎ᠡ ᠬᠤᠪᠢᠶᠠᠷᠢᠯᠠᠵᠤ ᠂ ᠲᠠᠷᠢᠶᠠᠯᠠᠩ ᠤᠨ ᠤᠰᠤ ᠲᠠᠲᠠᠵᠤ ᠬᠡᠷᠡᠭᠯᠡᠬᠦ ᠶᠢ ᠤᠯᠠᠮ ᠨᠢᠭᠡ ᠠᠯᠬᠤᠮ ᠵᠢᠷᠤᠮᠵᠢᠭᠤᠯᠤᠨ ᠂ ᠤᠰᠤ ᠬᠤᠪᠢᠶᠠᠬᠤ ᠭᠦᠢᠴᠡᠳᠭᠡᠯ ᠲᠤᠭ᠎ᠠ ᠠᠴᠠ ᠬᠡᠲᠦᠷᠡᠭᠦᠯᠦᠨ ᠤᠰᠤ ᠠᠪᠬᠤ ᠪᠠ ᠡᠮᠬᠢ ᠵᠢᠷᠤᠮ ᠥᠬᠡᠶ ᠪᠠᠷ ᠤᠰᠤᠯᠠᠯᠲᠠ ᠶᠢᠨ ᠲᠠᠯᠠᠪᠠᠶ ᠶᠢ ᠴᠢᠩᠭ᠎ᠠ ᠬᠢᠵᠠᠭᠠᠷᠯᠠᠪᠠ ᠃  ᠲᠠᠷᠢᠶᠠᠯᠠᠩ ᠤᠨ ᠤᠰᠤᠯᠠᠯᠲᠠ ᠶᠢᠨ ᠤᠰᠤ ᠬᠡᠷᠡᠭᠯᠡᠬᠦ ᠭᠠᠵᠠᠷ ᠣᠷᠣᠨ ᠤ ᠨᠥᠯᠥᠭᠡ ᠨᠡᠯᠢᠶᠡᠳ ᠶᠡᠭᠡ ᠪᠣᠯᠬᠤᠷ ᠂ ᠥᠪᠥᠷ ᠮᠣᠩᠭᠤᠯ ᠲᠠᠷᠢᠶᠠᠯᠠᠬᠤ ᠣᠷᠣᠨ ᠢ ᠳᠤᠯᠠᠭᠠᠨ ᠰᠡᠷᠢᠭᠦᠨ ᠬᠠᠭᠠᠰ ᠴᠢᠭᠢᠭᠯᠢᠭ ᠬᠠᠭᠠᠰ ᠭᠠᠩ ᠬᠠᠭᠤᠷᠠᠶ ᠲᠠᠷᠢᠶᠠᠯᠠᠩ ᠤᠨ ᠣᠷᠣᠨ ᠂ ᠳᠤᠯᠠᠭᠠᠨ ᠬᠠᠭᠠᠰ ᠭᠠᠩ ᠬᠠᠭᠤᠷᠠᠶ ᠲᠠᠷᠢᠶᠠᠯᠠᠩ ᠤᠨ ᠣᠷᠣᠨ ᠂ ᠳᠤᠯᠠᠭᠠᠨ ᠭᠠᠩ ᠬᠠᠭᠤᠷᠠᠢ ᠲᠠᠷᠢᠶᠠᠯᠠᠩ ᠤᠨ ᠣᠷᠣᠨ ᠂ ᠳᠤᠯᠠᠭᠠᠨ ᠬᠠᠭᠠᠰ ᠭᠠᠩ ᠬᠠᠭᠤᠷᠠᠶ ᠲᠠᠷᠢᠶᠠᠯᠠᠩ ᠤᠨ ᠣᠷᠣᠨ ᠵᠡᠷᠭᠡ 4 ᠲᠥᠷᠥᠯ ᠳᠤ ᠬᠤᠪᠢᠶᠠᠬᠤ ᠶᠢᠨ ᠬᠠᠮᠲᠤ ᠤᠰᠤᠨ ᠲᠤᠲᠤᠷᠭ᠎ᠠ ᠂ ᠪᠤᠭᠤᠳᠠᠢ ᠂ ᠡᠷᠳᠡᠨᠢ ᠰᠢᠰᠢ ᠵᠡᠷᠭᠡ 41 ᠵᠦᠢᠯ ᠤᠨ ᠭᠤᠤᠯ ᠪᠣᠯᠬᠤ ᠲᠠᠷᠢᠮᠠᠯ ᠳᠠᠷᠢᠵᠤ ᠂ 751 ᠤᠰᠤ ᠬᠡᠷᠡᠭᠯᠡᠬᠦ ᠲᠣᠭᠲᠠᠭᠰᠠᠨ ᠬᠡᠮᠵᠢᠭᠳᠡᠯ ᠢ ᠲᠣᠭᠲᠠᠭᠠᠪᠠ ᠃  ᠤᠯᠠᠭᠠᠨᠴᠠᠪ ᠬᠤᠲᠠ ᠶᠢᠨ ᠱᠠᠩᠳᠤ ᠰᠢᠶᠠᠨ 2017 ᠣᠨ ᠳᠤ ᠥᠪᠥᠷ ᠮᠣᠩᠭᠤᠯ ᠤᠨ ᠲᠠᠷᠢᠶᠠᠯᠠᠩ ᠤᠨ ᠤᠰᠤᠨ ᠤ ᠦᠨ᠎ᠡ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢᠨ ᠲᠤᠷᠰᠢᠯᠲᠠ ᠶᠢᠨ ᠰᠢᠶᠠᠨ ᠢᠶᠠᠷ ᠵᠢᠭᠰᠠᠭᠠᠭᠳᠠᠪᠠ ᠃ ᠲᠤᠷᠰᠢᠯᠲᠠ ᠶᠢᠨ ᠠᠵᠢᠯ ᠢ ᠥᠷᠨᠢᠭᠦᠯᠦᠭᠰᠡᠨ ᠠᠴᠠ ᠨᠠᠭᠠᠰᠢ ᠂ ᠱᠠᠩᠳᠤ ᠰᠢᠶᠠᠨ ᠪᠣᠳᠠᠲᠠᠶ ᠳᠤ ᠨᠡᠶᠢᠴᠡᠭᠰᠡᠨ ᠲᠠᠷᠢᠶᠠᠯᠠᠩ ᠤᠨ ᠤᠰᠤ ᠬᠡᠷᠡᠭᠯᠡᠬᠦ ᠥᠭᠡᠷᠡᠴᠢᠯᠡᠯᠲᠡ ᠶᠢᠨ ᠵᠠᠭᠪᠤᠷ ᠢ ᠲᠣᠭᠲᠠᠭᠠᠵᠤ ᠂ ᠲᠠᠷᠢᠶᠠᠯᠠᠩ ᠤᠨ ᠤᠰᠤᠯᠠᠯᠲᠠ ᠶᠢᠨ ᠤᠰᠤ ᠬᠡᠷᠡᠭᠯᠡᠬᠦ ᠶᠢ ᠬᠢᠵᠠᠭᠠᠷᠯᠠᠬᠤ ᠭᠦᠢᠴᠡᠳᠭᠡᠯ ᠲᠤᠭ᠎ᠠ ᠶᠢ ᠤᠰᠤ ᠬᠡᠷᠡᠭᠯᠡᠬᠦ ᠭᠤᠤᠯ ᠴᠣᠭᠴᠠ ᠳᠤ ᠬᠦᠷᠲᠡᠯ᠎ᠡ ᠵᠠᠳᠠᠯᠵᠤ ᠂ ᠤᠰᠤ ᠬᠡᠷᠡᠭᠯᠡᠬᠦ ᠲᠣᠭᠲᠠᠭᠰᠠᠨ ᠨᠣᠷᠮ᠎ᠠ ᠶᠢ ᠮᠥ ᠪᠦᠷᠢ ᠳᠤ 58 ᠪᠣᠰᠤᠭ᠎ᠠ ᠳᠥᠷᠪᠡᠯᠵᠢᠨ ᠮᠧᠲᠷ ᠠᠴᠠ ᠬᠡᠲᠦᠷᠡᠭᠦᠯᠵᠦ ᠪᠣᠯᠬᠤ ᠥᠬᠡᠶ ᠂ ᠤᠰᠤ ᠬᠡᠷᠡᠭᠯᠡᠬᠦ ᠬᠢᠵᠠᠭᠠᠷ ᠲᠤᠭ᠎ᠠ ᠶᠢ ᠮᠥ ᠪᠦᠷᠢ ᠳᠤ 88 ᠪᠣᠰᠤᠭ᠎ᠠ ᠳᠥᠷᠪᠡᠯᠵᠢᠨ ᠮᠧᠲᠷ ᠠᠴᠠ ᠬᠡᠲᠦᠷᠡᠭᠦᠯᠵᠦ ᠪᠣᠯᠬᠤ ᠥᠬᠡᠶ ᠭᠡᠵᠦ ᠲᠣᠭᠲᠠᠭᠠᠪᠠ ᠃  ᠪᠤᠭᠤᠲᠤ ᠬᠤᠲᠠ ᠶᠢᠨ ᠵᠢᠥ ᠶᠤᠸᠠᠨ ᠲᠣᠭᠤᠷᠢᠭ ᠨᠢ ᠲᠠᠷᠢᠶᠠᠯᠠᠩ ᠤᠨ ᠤᠰᠤᠯᠠᠯᠲᠠ ᠳᠤ ᠬᠡᠷᠡᠭᠯᠡᠬᠦ ᠤᠰᠤᠨ ᠤ ᠶᠡᠷᠦᠩᠬᠡᠶ ᠬᠡᠮᠵᠢᠶ᠎ᠡ ᠶᠢ ᠬᠢᠵᠠᠭᠠᠷᠯᠠᠬᠤ ᠪᠠ ᠬᠢᠵᠠᠭᠠᠷᠯᠠᠭᠰᠠᠨ ᠲᠤᠭ᠎ᠠ ᠶᠢᠨ ᠬᠠᠮᠢᠶᠠᠷᠤᠯᠲᠠ ᠶᠢᠨ ᠲᠦᠷᠢᠮ ᠢ ᠲᠣᠭᠲᠠᠭᠠᠵᠤ ᠂ ᠬᠠᠲᠤᠨ ᠭᠤᠤᠯ ᠤᠨ ᠤᠰᠤᠯᠠᠯᠲᠠ ᠶᠢᠨ ᠣᠷᠣᠨ ᠨᠢ ᠤᠰᠤᠨ ᠤ ᠬᠡᠮᠵᠢᠶ᠎ᠡ ᠶᠢ ᠲᠣᠰᠬᠤᠨ ᠳᠤ ᠬᠦᠷᠲᠡᠯ᠎ᠡ ᠵᠠᠳᠠᠯᠵᠤ ᠂ ᠬᠤᠳᠳᠤᠭ ᠤᠨ ᠤᠰᠤᠯᠠᠯᠲᠠ ᠶᠢᠨ ᠣᠷᠣᠨ ᠢ ᠬᠤᠳᠳᠤᠭ ᠲᠤ ᠬᠦᠷᠲᠡᠯ᠎ᠡ ᠵᠠᠳᠠᠯᠵᠤ ᠂ ᠴᠥᠮ ᠲᠣᠰᠬᠤᠨ ᠢᠶᠠᠷ ᠨᠢᠭᠡᠴᠢ ᠪᠣᠯᠭᠠᠨ ᠤᠰᠤ ᠠᠪᠬᠤ ᠡᠷᠬᠡ ᠶᠢᠨ ᠦᠨᠡᠮᠯᠡᠯ ᠣᠯᠭᠤᠪᠠ ᠃  ᠬᠥᠯᠥᠨ ᠪᠤᠶᠢᠷ ᠬᠤᠲᠠ ᠤᠰᠤᠨ ᠤ ᠬᠡᠮᠵᠢᠶ᠎ᠡ ᠶᠢ ᠬᠡᠮᠵᠢᠬᠦ ᠪᠡᠯᠡᠳᠬᠡᠮᠵᠢ ᠤᠭᠰᠠᠷᠠᠵᠤ ᠂ ᠤᠰᠤᠯᠠᠯᠲᠠ ᠳᠤ ᠬᠡᠷᠡᠭᠯᠡᠬᠦ ᠤᠰᠤᠨ ᠤ ᠲᠣᠭᠲᠠᠭᠰᠠᠨ ᠨᠣᠷᠮ᠎ᠠ ᠂ ᠤᠰᠤᠯᠠᠯᠲᠠ ᠶᠢᠨ ᠲᠠᠯᠠᠪᠠᠶ ᠂ ᠲᠠᠷᠢᠮᠠᠯ ᠤᠨ ᠪᠦᠲᠦᠴᠡ ᠵᠡᠷᠭᠡ ᠲᠠᠢ ᠤᠶᠠᠯᠳᠤᠭᠤᠯᠤᠨ ᠂ ᠲᠠᠷᠢᠶᠠᠯᠠᠩ ᠳᠤ ᠬᠡᠷᠡᠭᠯᠡᠬᠦ ᠤᠰᠤᠨ ᠤ ᠶᠡᠷᠦᠩᠬᠡᠶ ᠬᠡᠮᠵᠢᠶ᠎ᠡ ᠶᠢ ᠬᠢᠵᠠᠭᠠᠷᠯᠠᠨ᠎ᠠ ᠃  ᠲᠠᠷᠢᠶᠠᠯᠠᠩ ᠪᠣᠯ ᠤᠰᠤ ᠬᠡᠷᠡᠭᠯᠡᠬᠦ ᠲᠣᠮᠣ ᠡᠷᠦᠬᠡ ᠪᠣᠯᠬᠤ ᠪᠥᠭᠡᠳ ᠪᠠᠰᠠ ᠴᠤ ᠤᠰᠤ ᠠᠷᠪᠢᠯᠠᠬᠤ ᠳᠠᠯᠳᠠ ᠬᠦᠴᠦᠨ ᠪᠣᠯᠬᠤ ᠶᠤᠮ ᠃ ᠥᠪᠥᠷ ᠮᠣᠩᠭᠤᠯ ᠨᠢᠭᠡᠨᠲᠡ ᠶᠡᠷᠦᠩᠬᠡᠢ ᠬᠡᠮᠵᠢᠶ᠎ᠡ ᠶᠢ ᠬᠢᠵᠠᠭᠠᠷᠯᠠᠬᠤ ᠂ ᠨᠣᠷᠮ᠎ᠠ ᠲᠣᠭᠲᠠᠭᠠᠨ ᠬᠠᠮᠢᠶᠠᠷᠬᠤ ᠲᠠᠷᠢᠶᠠᠯᠠᠩ ᠤᠨ ᠤᠰᠤ ᠬᠡᠷᠡᠭᠯᠡᠬᠦ ᠬᠠᠮᠢᠶᠠᠷᠤᠯᠲᠠ ᠶᠢᠨ ᠳᠦᠷᠢᠮ ᠢ ᠦᠨᠳᠦᠰᠦᠨ ᠳᠡᠭᠡᠨ ᠪᠠᠶᠢᠭᠤᠯᠪᠠ ᠃  ᠤᠰᠤ ᠬᠡᠷᠡᠭᠯᠡᠬᠦ ᠬᠤᠪᠢᠷᠠᠯᠲᠠ — ᠨᠠᠷᠢᠯᠢᠭ ᠣᠨᠣᠴᠠᠲᠠᠶ ᠪᠠᠷ ᠬᠡᠮᠵᠢᠵᠦ ᠪᠤᠰᠤᠭ᠎ᠠ ᠲᠦᠷᠪᠡᠯᠵᠢᠨ ᠢᠶᠠᠷ ᠰᠦᠢᠳᠬᠡᠯ ᠬᠤᠷᠢᠶᠠᠨ᠎ᠠ  ᠨᠠᠮᠤᠷ ᠤᠨ ᠡᠬᠢᠨ ᠳᠤ ᠂ ᠣᠷᠳᠣᠰ ᠬᠤᠲᠠ ᠶᠢᠨ ᠣᠲᠤᠭ ᠬᠤᠰᠢᠭᠤᠨ ᠤ ᠠᠷᠪᠠᠰ ᠰᠤᠮᠤ ᠶᠢᠨ ᠲᠠᠷᠢᠶᠠᠨ ᠭᠠᠵᠠᠷ ᠲᠤ ᠂ ᠨᠢᠭᠡᠨ ᠢᠵᠢ ᠮᠠᠰᠢᠨ ᠴᠠᠬᠢᠯᠭᠠᠨ ᠬᠤᠳᠳᠤᠭ ᠤᠨ ᠣᠶᠤᠨᠴᠢᠯᠠᠭᠰᠠᠨ ᠤᠰᠤ ᠠᠪᠴᠤ ᠬᠡᠮᠵᠢᠬᠦ ᠲᠥᠬᠦᠭᠡᠷᠦᠮᠵᠢ ᠨᠢ ᠮᠠᠰᠢ ᠢᠯᠡᠷᠬᠡᠢ ᠪᠠᠶᠢᠨ᠎ᠠ ᠃  ︽ᠡᠨᠡ ᠵᠢᠯ ᠪᠢᠳᠡ ᠬᠡᠲᠦ ᠮᠠᠯᠲᠠᠭᠰᠠᠨ ᠣᠷᠣᠨ ᠤ ᠤᠤᠯ ᠤᠨ ᠪᠠᠶᠢᠭᠰᠠᠨ ᠮᠠᠰᠢᠨ ᠬᠤᠳᠳᠤᠭ ᠤᠨ ᠰᠠᠭᠤᠷᠢᠨ ᠳᠡᠭᠡᠷ᠎ᠡ ᠲᠠᠰ ᠳᠡᠪᠰᠢᠭᠦᠯᠦᠨ ᠥᠭᠡᠷᠡᠴᠢᠯᠡᠵᠦ ᠂ ︿ᠬᠤᠳᠳᠤᠭ ᠴᠠᠬᠢᠯᠭᠠᠨ ᠤ ᠬᠤᠤᠰ ᠡᠵᠡᠮᠳᠡᠯ﹀᠎ ᠤᠨ ᠬᠡᠮᠵᠢᠯᠲᠡ ᠶᠢᠨ ᠲᠥᠬᠦᠭᠡᠷᠦᠮᠵᠢ ᠶᠢ ᠤᠭᠰᠠᠷᠠᠵᠤ ᠂ ᠡᠨᠡ ᠬᠦ ᠲᠥᠬᠦᠭᠡᠷᠦᠮᠵᠢ ᠨᠢ ᠭᠠᠵᠠᠷ ᠳᠣᠤᠷᠠᠬᠢ ᠤᠰᠤᠨ ᠳᠤ ᠨᠠᠷᠢᠯᠢᠭ ᠣᠨᠣᠴᠠᠲᠠᠶ ᠬᠡᠮᠵᠢᠯᠲᠡ ᠬᠢᠬᠦ ᠂ ᠠᠯᠤᠰ ᠠᠴᠠ ᠳᠠᠮᠵᠢᠭᠤᠯᠬᠤ ᠂ ᠰᠦᠯᠵᠢᠶᠡᠨ ᠳᠡᠭᠡᠷ᠎ᠡ ᠬᠢᠨᠠᠨ ᠬᠡᠮᠵᠢᠬᠦ ᠵᠡᠷᠭᠡ ᠦᠢᠯᠡᠳᠦᠯ ᠦᠵᠡᠭᠦᠯᠵᠦ ᠂ ᠤᠰᠤᠨ ᠤ ᠡᠬᠢ ᠪᠠᠶᠠᠯᠢᠭ ᠢ ᠨᠠᠷᠢᠯᠢᠭ ᠣᠨᠣᠴᠠᠲᠠᠶ ᠂ ᠲᠣᠭᠠᠴᠢᠯᠠᠭᠰᠠᠨ ᠂ ᠤᠶᠤᠨᠴᠢᠯᠠᠭᠰᠠᠨ ᠥᠨᠳᠥᠷ ᠪᠦᠲᠦᠮᠵᠢᠲᠡᠶ ᠬᠠᠮᠢᠶᠠᠷᠤᠯᠲᠠ ᠶᠢ ᠪᠡᠶᠡᠯᠡᠭᠦᠯᠵᠦ ᠂ ᠤᠰᠤᠨ ᠤ ᠡᠬᠢ ᠪᠠᠶᠠᠯᠢᠭ ᠢ ᠪᠦᠷᠢᠯᠭᠡᠨ ᠰᠦᠢᠳᠬᠡᠬᠦ ᠠᠴᠠ ᠪᠦᠲᠦᠮᠵᠢᠲᠡᠶ ᠵᠠᠶᠢᠯᠠᠰᠬᠢᠵᠦ ᠂ ᠰᠠᠶᠢᠬᠤᠰᠦ ᠶᠢᠨ ᠭᠠᠵᠠᠷ ᠳᠣᠤᠷᠠᠬᠢ ᠤᠰᠤ ᠶᠢ ᠬᠡᠲᠦᠷᠡᠲᠡᠯ᠎ᠡ ᠬᠡᠷᠡᠭᠯᠡᠬᠦ ᠶᠢ ᠶᠡᠷᠦᠩᠬᠡᠶᠢᠯᠡᠨ ᠵᠠᠰᠠᠬᠤ ᠶᠢ ᠠᠬᠢᠭᠤᠯᠬᠤ ᠳᠤ ᠴᠢᠬᠤᠯᠠ ᠦᠢᠯᠡᠳᠦᠯ ᠦᠵᠡᠭᠦᠯᠵᠡᠢ︾᠎ ᠃ ᠣᠲᠤᠭ ᠬᠤᠰᠢᠭᠤᠨ ᠤ ᠰᠠᠶᠢᠬᠤᠰᠦ ᠭᠠᠵᠠᠷ ᠳᠣᠣᠷᠠᠬᠢ ᠤᠰᠤ ᠶᠢ ᠬᠡᠲᠦᠷᠡᠲᠡᠯ᠎ᠡ ᠮᠠᠯᠲᠠᠭᠰᠠᠨ ᠣᠷᠣᠨ ᠤ ︽ᠬᠤᠳᠳᠤᠭ ᠴᠠᠬᠢᠯᠭᠠᠨ ᠤ ᠬᠤᠤᠰ ᠡᠵᠡᠮᠳᠡᠯ︾ ᠲᠦᠰᠦᠯ ᠤᠨ ᠢᠨᠵᠧᠨᠧᠷᠢᠩ ᠤᠨ ᠮᠡᠷᠭᠡᠵᠢᠯ ᠤᠨ ᠠᠵᠢᠯᠲᠠᠨ ᠵᠧᠦ ᠵᠢᠶᠠᠨ ᠳ᠋ᠦᠩ ᠬᠡᠯᠡᠵᠡᠢ ᠃  ᠠᠷᠪᠠᠰ ᠰᠤᠮᠤ ᠵᠢᠯ ᠲᠤᠷᠰᠢ ᠭᠠᠩ ᠬᠠᠭᠰᠠᠷᠠᠭᠠᠨ ᠤᠰᠤ ᠳᠤᠲᠠᠭᠳᠠᠵᠤ ᠂ ᠲᠠᠷᠢᠶᠠᠯᠠᠩ ᠤᠰᠤ ᠬᠡᠷᠡᠭᠯᠡᠬᠦ ᠳᠤ ᠤᠷᠲᠤ ᠬᠤᠭᠤᠴᠠᠭ᠎ᠠ ᠪᠠᠷ ᠳᠤᠲᠠᠭᠤᠳᠠᠯ ᠣᠷᠣᠰᠢᠵᠤ ᠂ ᠭᠠᠵᠠᠷ ᠳᠣᠤᠷᠠᠬᠢ ᠤᠰᠤ ᠶᠢ ᠨᠠᠷᠢᠯᠢᠭ ᠣᠨᠣᠴᠠᠲᠠᠢ ᠪᠠᠷ ᠬᠡᠮᠵᠢᠬᠦ ᠪᠠ ᠬᠠᠮᠢᠶᠠᠷᠤᠨ ᠡᠵᠡᠮᠳᠡᠵᠦ ᠂ ᠲᠠᠷᠢᠶᠠᠯᠠᠩ ᠤᠨ ᠬᠥᠭᠵᠢᠯᠲᠡ ᠶᠢᠨ ᠣᠳᠣᠬᠢ ᠪᠠᠶᠢᠳᠠᠯ ᠢ ᠬᠠᠩᠭᠠᠵᠤ ᠴᠢᠳᠠᠬᠤ ᠦᠭᠡᠢ ᠪᠠᠶᠢᠨ᠎ᠠ ᠃ ᠤᠰᠤ ᠬᠡᠷᠡᠭᠯᠡᠬᠦ ᠵᠣᠬᠢᠶᠠᠨ ᠪᠠᠶᠢᠭᠤᠯᠤᠯᠲᠠ ᠪᠠᠶᠢᠭᠤᠯᠤᠭᠠᠳᠤᠶ ᠲᠤᠯᠠ ᠤᠰᠤᠯᠠᠯᠲᠠ ᠶᠢᠨ ᠤᠰᠤᠨ ᠳᠤ ᠬᠠᠮᠢᠶᠠᠷᠤᠯᠲᠠ ᠬᠢᠭᠰᠡᠨ ᠠᠴᠠ ᠨᠠᠭᠠᠰᠢ ᠲᠤᠬᠠᠶ ᠶᠢᠨ ᠭᠠᠵᠠᠷ ᠤᠨ ᠲᠠᠷᠢᠶᠠᠴᠢᠨ ᠡᠷᠦᠬᠡ ᠥᠪᠡᠷᠲᠡᠭᠡᠨ ᠤᠰᠤ ᠬᠡᠷᠡᠭᠯᠡᠬᠦ ᠬᠠᠮᠢᠶᠠᠷᠤᠯᠲᠠ ᠬᠢᠵᠦ ᠂ ᠤᠰᠤ ᠠᠷᠪᠢᠯᠠᠬᠤ ᠤᠬᠠᠮᠰᠠᠷ ᠪᠠᠭᠤᠷᠠᠶ ᠂ ᠤᠰᠤᠨ ᠤ ᠡᠬᠢ ᠪᠠᠶᠠᠯᠢᠭ ᠢ ᠪᠦᠷᠢᠯᠭᠡᠨ ᠰᠦᠢᠳᠬᠡᠬᠦ ᠶᠠᠪᠤᠳᠠᠯ ᠬᠠᠶᠠ ᠭᠠᠷᠴᠤ ᠪᠠᠶᠢᠪᠠ ᠃  2024 ᠣᠨ ᠳᠤ ᠂ ᠣᠲᠤᠭ ᠬᠤᠰᠢᠭᠤ 610 ᠲᠦᠮᠡᠨ ᠲᠥᠭᠦᠷᠢᠭ ᠤᠨ ᠪᠠᠯᠠ ᠣᠷᠣᠭᠤᠯᠵᠤ ᠭᠠᠵᠠᠷ ᠳᠣᠤᠷᠠᠬᠢ ᠤᠰᠤ ᠶᠢ ᠬᠡᠲᠦᠷᠡᠲᠡᠯ᠎ᠡ ᠲᠠᠲᠠᠭᠰᠠᠨ ᠣᠷᠣᠨ ᠤ ︽ᠬᠤᠳᠳᠤᠭ ᠴᠠᠬᠢᠯᠭᠠᠨ ᠤ ᠬᠤᠤᠰ ᠡᠵᠡᠮᠳᠡᠯ︾ ᠲᠦᠰᠦᠯ ᠢ ᠪᠥᠲᠥᠭᠡᠨ ᠪᠠᠶᠢᠭᠤᠯᠵᠤ ᠂ 621 ᠢᠵᠢ ᠮᠠᠰᠢᠨ ᠴᠠᠬᠢᠯᠭᠠᠨ ᠬᠤᠳᠳᠤᠭ ᠤᠨ ᠤᠶᠤᠨᠴᠢᠯᠠᠭᠰᠠᠨ ᠤᠰᠤ ᠠᠪᠬᠤ ᠬᠡᠮᠵᠢᠯᠲᠡ ᠶᠢᠨ ᠲᠥᠬᠦᠭᠡᠷᠦᠮᠵᠢ ᠶᠢ ᠤᠭᠰᠠᠷᠠᠪᠠ ᠃  ᠬᠡᠷᠡᠭᠯᠡᠬᠦ ᠦᠶ᠎ᠡ ᠳᠤ ᠠᠵᠢᠯᠲᠠᠳ ᠨᠢᠭᠡ ᠨᠢᠮᠭᠡᠨ ᠬᠥᠬᠡ ᠥᠩᠭᠡ ᠶᠢᠨ ᠤᠶᠤᠨᠴᠢ IC ᠺᠠᠷᠲ ᠢᠶᠠᠷ ᠮᠠᠰᠢᠨ ᠴᠠᠬᠢᠯᠭᠠᠨ ᠬᠤᠳᠳᠤᠭ ᠤᠨ ᠬᠡᠮᠵᠢᠯᠲᠡ ᠶᠢᠨ ᠡᠵᠡᠮᠰᠢᠯ ᠤᠨ ᠦᠵᠦᠭᠦᠷ ᠳᠡᠭᠡᠷ᠎ᠡ ᠳᠠᠯᠪᠢᠵᠦ ᠂ ᠮᠠᠰᠢᠨ ᠴᠠᠬᠢᠯᠭᠠᠨ ᠬᠤᠳᠳᠤᠭ ᠠᠶᠠᠨᠳᠠᠭᠠᠨ ᠨᠡᠭᠡᠭᠡᠭᠳᠡᠨ᠎ᠡ ᠂ ᠤᠰᠤᠨ ᠤ ᠬᠡᠮᠵᠢᠭᠦᠷ ᠨᠢ ᠴᠦ ᠵᠡᠷᠭᠡ ᠪᠠᠷ ᠪᠣᠳᠣᠵᠤ ᠂ ᠨᠢᠭᠡ ᠤᠳᠠᠭ᠎ᠠ ᠤᠰᠤᠯᠠᠬᠤ ᠤᠰᠤᠨ ᠤ ᠬᠡᠮᠵᠢᠶ᠎ᠡ ᠨᠢ ᠰᠢᠭᠤᠳ ᠂ ᠣᠨᠣᠪᠴᠢᠲᠠᠶ ᠪᠠᠷ ᠳᠡᠯᠭᠡᠴᠡ ᠳᠡᠭᠡᠷ᠎ᠡ ᠢᠯᠡᠷᠡᠨ᠎ᠡ ᠃  ︽ᠮᠠᠰᠢᠨ ᠴᠠᠬᠢᠯᠭᠠᠨ ᠬᠤᠳᠳᠤᠭ ᠤᠨ ᠬᠠᠮᠢᠶᠠᠷᠤᠯᠲᠠ ᠶᠢᠨ ᠲᠥᠬᠦᠭᠡᠷᠦᠮᠵᠢ ᠨᠢ ᠤᠰᠤᠨ ᠤ ᠬᠡᠮᠵᠢᠭᠦᠷ ᠪᠠ ᠡᠵᠡᠮᠳᠡᠬᠦ ᠲᠥᠬᠦᠭᠡᠷᠦᠮᠵᠢ ᠵᠡᠷᠭᠡ ᠬᠤᠶᠠᠷ ᠬᠡᠰᠡᠭ ᠢᠶᠠᠷ ᠪᠦᠷᠢᠯᠳᠦᠵᠦ ᠂ ᠲᠦᠭᠡᠮᠡᠯᠵᠢᠭᠦᠯᠦᠨ ᠬᠡᠷᠡᠭᠯᠡᠭᠰᠡᠨ ᠤ ᠳᠠᠷᠠᠭ᠎ᠠ ᠂ ᠲᠠᠷᠢᠶᠠᠴᠢᠨ ᠡᠷᠦᠬᠡ ᠥᠪᠡᠷ ᠤᠨ ᠤᠰᠤ ᠬᠡᠷᠡᠭᠯᠡᠬᠦ ᠬᠡᠷᠡᠭᠴᠡᠭᠡ ᠪᠠᠨ ᠦᠨᠳᠦᠰᠦᠯᠡᠨ ᠵᠣᠬᠢᠴᠠᠩᠭᠤᠶ ᠤᠰᠤᠨ ᠤ ᠰᠦᠢᠳᠬᠡᠯ ᠤᠨ ᠥᠷᠲᠡᠭ ᠨᠡᠮᠡᠵᠦ ᠂ ᠦᠨ᠎ᠡ ᠨᠡᠮᠡᠭᠰᠡᠨ ᠤ ᠳᠠᠷᠠᠭ᠎ᠠ ᠰᠢᠭᠤᠳ ᠺᠠᠷᠲ ᠢᠶᠠᠷ ᠤᠰᠤ ᠠᠪᠴᠤ ᠪᠣᠯᠤᠨ᠎ᠠ ᠃ ᠡᠭᠦᠨ ᠤ ᠬᠠᠮᠲᠤ ᠂ ᠲᠠᠷᠢᠶᠠᠴᠢᠨ ᠡᠷᠦᠬᠡ ᠬᠡᠳᠦᠶ ᠪᠣᠰᠤᠭ᠎ᠠ ᠳᠥᠷᠪᠡᠯᠵᠢᠨ ᠤᠰᠤ ᠬᠡᠷᠡᠭᠯᠡᠭᠰᠡᠨ ᠴᠦ ᠳᠡᠯᠭᠡᠴᠡ ᠳᠤ ᠢᠯᠡᠷᠡᠨ᠎ᠡ ᠂ ᠬᠡᠷᠪᠡ ᠤᠰᠤ ᠬᠡᠷᠡᠭᠯᠡᠭᠰᠡᠨ ᠪᠣᠯ ᠰᠢᠰᠲ᠋ᠧᠮ ᠨᠢ ᠰᠡᠷᠡᠮᠵᠢ ᠶᠢᠨ ᠳᠣᠬᠢᠶ᠎ᠠ ᠥᠭᠴᠦ ᠂ ᠰᠡᠷᠡᠮᠵᠢ ᠶᠢᠨ ᠳᠣᠬᠢᠶ᠎ᠠ ᠶᠢ ᠣᠶᠤᠨᠴᠢ ᠤᠰᠤᠨ ᠠᠰᠢᠭᠯᠠᠯᠲᠠ ᠶᠢᠨ ᠲᠠᠪᠴᠠᠩ ᠪᠠ ᠲᠠᠷᠢᠶᠠᠴᠢᠨ ᠡᠷᠦᠬᠡ ᠶᠢᠨ ᠭᠠᠷ ᠤᠲᠠᠰᠤᠨ ᠤ APP ᠳᠡᠭᠡᠷ᠎ᠡ ᠠᠳᠠᠯᠢ ᠠᠯᠬᠤᠮ ᠢᠶᠠᠷ ᠬᠦᠷᠭᠡᠨ᠎ᠡ︾ ᠭᠡᠵᠦ ᠵᠸᠤ ᠵᠢᠶᠠᠨ ᠳ᠋ᠦᠩ ᠬᠡᠯᠡᠪᠡ ᠃  ᠲᠠᠷᠢᠶᠠᠯᠠᠩ ᠤᠨ ᠤᠰᠤ ᠬᠡᠷᠡᠭᠯᠡᠬᠦ ᠬᠡᠮᠵᠢᠯᠲᠡ ᠶᠢᠨ ᠰᠢᠰᠲ᠋ᠧᠮᠵᠢ ᠶᠢᠨ ᠪᠠᠶᠢᠭᠤᠯᠤᠯᠲᠠ ᠪᠣᠯ ᠲᠠᠷᠢᠶᠠᠯᠠᠩ ᠤᠨ ᠤᠰᠤᠨ ᠤ ᠦᠨ᠎ᠡ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢᠨ ᠰᠠᠭᠤᠷᠢ ᠪᠣᠯᠤᠨ᠎ᠠ ᠃ ᠥᠪᠥᠷ ᠮᠣᠩᠭᠤᠯ ᠭᠠᠵᠠᠷ ᠳᠣᠤᠷᠠᠬᠢ ᠤᠰᠤᠨ ᠬᠤᠳᠳᠤᠭ ᠤᠨ ᠤᠰᠤᠯᠠᠯᠲᠠ ᠶᠢᠨ ᠣᠷᠣᠨ ᠳᠤ ︽ᠴᠠᠬᠢᠯᠭᠠᠨ ᠢᠶᠠᠷ ᠤᠰᠤ ᠶᠢ ᠨᠤᠭᠤᠯᠬᠤ︾ ᠵᠠᠭᠪᠤᠷ ᠢ ᠪᠦᠲᠦᠭᠡᠯᠴᠢ ᠴᠢᠨᠠᠷᠲᠠᠶ ᠪᠠᠷ ᠬᠡᠷᠡᠭᠵᠢᠭᠦᠯᠵᠦ ᠂ ᠲᠠᠷᠢᠶᠠᠯᠠᠩ ᠤᠨ ᠤᠰᠤᠯᠠᠯᠲᠠ ᠶᠢᠨ ᠬᠡᠷᠡᠭᠯᠡᠬᠦ ᠴᠠᠬᠢᠯᠭᠠᠨ ᠤ ᠲᠤᠭ᠎ᠠ ᠪᠠᠷᠢᠮᠲᠠ ᠶᠢ ᠠᠰᠢᠭᠯᠠᠨ ᠲᠠᠷᠢᠶᠠᠯᠠᠩ ᠤᠨ ᠬᠡᠷᠡᠭᠯᠡᠬᠦ ᠤᠰᠤᠨ ᠤ ᠬᠡᠮᠵᠢᠶ᠎ᠡ ᠶᠢ ᠨᠤᠭᠤᠯᠤᠨ ᠪᠤᠳᠤᠵᠤ ᠂ ᠲᠠᠷᠢᠶᠠᠯᠠᠩ ᠤᠨ ᠬᠡᠷᠡᠭᠯᠡᠬᠦ ᠤᠰᠤᠨ ᠤ ᠨᠠᠷᠢᠯᠢᠭ ᠣᠨᠣᠴᠠᠲᠠᠶ ᠪᠠᠷ ᠬᠡᠮᠵᠢᠬᠦ ᠠᠰᠠᠭᠤᠳᠠᠯ ᠢ ᠲᠥᠬᠦᠮ ᠪᠥᠭᠡᠳ ᠪᠦᠲᠦᠮᠵᠢᠲᠡᠶ ᠪᠠᠷ ᠰᠢᠢᠳᠪᠦᠷᠢᠯᠡᠪᠡ ᠃ ᠣᠳᠣᠬᠠᠨ ᠳᠤ ᠂ ᠥᠪᠥᠷ ᠮᠣᠩᠭᠤᠯ ᠤᠨ ᠥᠭᠡᠷᠡᠴᠢᠯᠡᠯᠲᠡ ᠳᠤ ᠬᠤᠯᠪᠣᠭᠳᠠᠭᠰᠠᠨ 73 ᠲᠣᠮᠣ ᠳᠤᠮᠳᠠ ᠬᠡᠯᠪᠡᠷᠢ ᠶᠢᠨ ᠤᠰᠤᠯᠠᠯᠲᠠ ᠶᠢᠨ ᠣᠷᠣᠨ ᠳᠤ ᠨᠢᠭᠡᠨᠲᠡ ᠤᠰᠤ ᠠᠪᠬᠤ ᠠᠮᠠᠰᠠᠷ ᠤᠨ ᠬᠡᠮᠵᠢᠭᠦᠷ ᠢ ᠪᠡᠶᠡᠯᠡᠭᠦᠯᠵᠦ ᠂ 65 ᠲᠦᠮᠡᠨ ᠲᠠᠷᠢᠶᠠᠯᠠᠩ ᠤᠨ ᠤᠰᠤᠯᠠᠯᠲᠠ ᠶᠢᠨ ᠮᠠᠰᠢᠨ ᠴᠠᠬᠢᠯᠭᠠᠨ ᠬᠤᠳᠳᠤᠭ ᠲᠤ ︽ᠴᠠᠬᠢᠯᠭᠠᠨ ᠢᠶᠠᠷ ᠤᠰᠤ ᠶᠢ ᠨᠤᠭᠤᠯᠬᠤ︾᠎ ᠶᠢ ᠪᠡᠶᠡᠯᠡᠭᠦᠯᠪᠡ ᠃  ᠤᠰᠤᠨ ᠤ ᠦᠨ᠎ᠡ ᠶᠢᠨ ᠪᠦᠷᠢᠯᠳᠦᠬᠦ ᠲᠣᠭᠲᠠᠴᠠ ᠪᠣᠯ ᠲᠠᠷᠢᠶᠠᠯᠠᠩ ᠤᠨ ᠤᠰᠤᠨ ᠤ ᠦᠨ᠎ᠡ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢᠨ ᠵᠠᠩᠭᠢᠯᠠᠭ᠎ᠠ ᠶᠢᠨ ᠭᠤᠭᠴᠤᠭ᠎ᠠ ᠪᠣᠯᠤᠨ᠎ᠠ ᠃ ᠥᠪᠥᠷ ᠮᠣᠩᠭᠤᠯ ᠵᠠᠰᠠᠭ ᠤᠨ ᠣᠷᠳᠣᠨ ᠠᠴᠠ ᠦᠨ᠎ᠡ ᠲᠣᠭᠲᠠᠭᠠᠬᠤ ᠪᠤᠶᠤ ᠵᠥᠪᠳᠡᠯᠴᠡᠨ ᠦᠨ᠎ᠡ ᠲᠣᠭᠲᠠᠭᠠᠬᠤ ᠠᠷᠭ᠎ᠠ ᠮᠠᠶ᠋ᠢᠭ ᠢᠶᠠᠷ ᠲᠠᠷᠢᠶᠠᠯᠠᠩ ᠳᠤ ᠬᠡᠷᠡᠭᠯᠡᠬᠦ ᠤᠰᠤᠨ ᠳᠤ ᠦᠨ᠎ᠡ ᠬᠠᠩᠰᠢ ᠲᠣᠭᠲᠠᠭᠠᠬᠤ ᠶᠢᠨ ᠬᠠᠮᠲᠤ ᠬᠡᠮᠵᠢᠶ᠎ᠡ ᠪᠠᠷ ᠰᠦᠢᠳᠬᠡᠯ ᠬᠤᠷᠢᠶᠠᠬᠤ ᠶᠢ ᠬᠡᠷᠡᠭᠵᠢᠭᠦᠯᠪᠡ ᠃  ︽ᠥᠩᠭᠡᠷᠡᠭᠰᠡᠨ ᠳᠤ ᠤᠰᠤᠯᠠᠬᠤ ᠳᠤ ᠬᠡᠷᠡᠭᠯᠡᠬᠦ ᠤᠰᠤ ᠪᠣᠯ ᠴᠥᠮ ︿ᠮᠦ ᠪᠠᠷ ᠦᠨ᠎ᠡ ᠲᠣᠭᠲᠠᠭᠠᠬᠤ﹀᠎ ᠂ ︿ᠴᠠᠭ ᠢᠶᠠᠷ ᠤᠰᠤ ᠶᠢ ᠨᠤᠭᠤᠯᠬᠤ﹀ ᠪᠠᠶᠢᠵᠤ ᠂ ᠤᠰᠤᠨ ᠤ ᠰᠦᠢᠳᠭᠡᠯ ᠢᠶᠠᠷ ᠪᠠᠷᠠᠬᠤ ᠦᠭᠡᠢ ᠪᠠᠰᠠ ᠰᠦᠢᠳᠬᠡᠯ ᠬᠤᠷᠢᠶᠠᠵᠤ ᠪᠠᠶᠢᠪᠠ ᠃ ᠣᠳᠣ ︿ ᠴᠠᠬᠢᠯᠭᠠᠨ ᠢᠶᠠᠷ ᠤᠰᠤ ᠶᠢ ᠨᠤᠭᠤᠯᠬᠤ﹀᠎ ᠂ ᠤᠰᠤ ᠶᠢ ᠠᠷᠪᠢᠯᠠᠭᠰᠠᠨ ᠢᠶᠠᠷ ᠪᠠᠷᠠᠬᠤ ᠦᠭᠡᠢ ᠣᠷᠣᠯᠭ᠎ᠠ ᠶᠢ ᠴᠤ ᠨᠡᠮᠡᠭᠳᠡᠭᠦᠯᠵᠦ ᠴᠢᠳᠠᠨ᠎ᠠ ᠃ ᠲᠦᠩᠯᠢᠶᠤᠤ ᠬᠤᠲᠠ ᠶᠢᠨ ᠬᠤᠷᠴᠢᠨ ᠵᠡᠭᠦᠨ ᠭᠠᠷᠤᠨ ᠳᠤᠮᠳᠠᠳᠤ ᠬᠤᠰᠢᠭᠤᠨ ᠤ ᠤᠪᠣᠭ᠎ᠠ ᠰᠤᠮᠤ ᠶᠢᠨ ᠲᠠᠪᠤᠨ ᠭᠡᠷ ᠭᠠᠴᠠᠭᠠᠨ ᠤ ᠠᠷᠠᠳ ᠯᠢ ᠰᠢᠶᠠᠨ ᠭᠤᠸᠠᠩ ᠬᠡᠯᠡᠪᠡ ᠃  ᠬᠤᠷᠴᠢᠨ ᠵᠡᠭᠦᠨ ᠭᠠᠷᠤᠨ ᠳᠤᠮᠳᠠᠳᠤ ᠬᠤᠰᠢᠭᠤ ︽ᠴᠠᠬᠢᠯᠭᠠᠨ ᠢᠶᠠᠷ ᠤᠰᠤ ᠶᠢ ᠨᠤᠭᠤᠯᠬᠤ︾ ᠬᠡᠯᠪᠡᠷᠢ ᠪᠠᠷ ᠤᠰᠤᠨ ᠤ ᠦᠨ᠎ᠡ ᠶᠢ ᠨᠤᠭᠤᠯᠤᠨ ᠪᠤᠳᠤᠵᠤ ᠂ ᠤᠰᠤᠯᠠᠯᠲᠠ ᠶᠢᠨ ᠲᠣᠭᠲᠠᠭᠰᠠᠨ ᠲᠤᠭ᠎ᠠ ᠠᠴᠠ ᠬᠡᠲᠦᠷᠡᠭᠰᠡᠨ ᠪᠠᠶᠢᠪᠠᠯ ᠂ ᠠᠬᠢᠭᠤᠯᠤᠨ ᠪᠤᠳᠤᠵᠤ ᠦᠨ᠎ᠡ ᠨᠡᠮᠡᠬᠦ ᠲᠦᠷᠢᠮ ᠢ ᠬᠡᠷᠡᠭᠵᠢᠭᠦᠯᠦᠨ᠎ᠡ ᠃ ᠲᠠᠷᠢᠶᠠᠯᠠᠩ ᠤᠨ ᠤᠰᠤᠨ ᠤ ᠦᠨ᠎ᠡ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢ ᠬᠡᠷᠡᠭᠵᠢᠭᠦᠯᠦᠭᠰᠡᠨ ᠤ ᠳᠠᠷᠠᠭ᠎ᠠ ᠂ ᠬᠤᠷᠴᠢᠨ ᠵᠡᠭᠦᠨ ᠭᠠᠷᠤᠨ ᠳᠤᠮᠳᠠᠳᠤ ᠬᠤᠰᠢᠭᠤᠨ ᠤ ᠵᠢᠯ ᠳᠤ ᠪᠠᠷᠤᠭ 2 ᠳ᠋ᠦᠩᠰᠢᠭᠤᠷ ᠪᠣᠰᠤᠭ᠎ᠠ ᠳᠥᠷᠪᠡᠯᠵᠢᠨ ᠮᠧᠲᠷ ᠤᠰᠤ ᠠᠷᠪᠢᠯᠠᠵᠤ ᠂ ᠮᠦ ᠪᠦᠷᠢ ᠳᠤ ᠳᠤᠮᠳᠠᠴᠢ ᠪᠠᠷ 100 ᠺᠢᠯᠣᠭ᠍ᠷᠠᠮ ᠤᠰᠤ ᠠᠷᠪᠢᠯᠠᠵᠤ ᠂ ᠪᠠᠷᠤᠭ 200 ᠲᠥᠭᠦᠷᠢᠭ ᠤᠨ ᠣᠷᠣᠯᠭ᠎ᠠ ᠨᠡᠮᠡᠭᠳᠡᠵᠦ ᠂ ᠮᠦ ᠪᠦᠷᠢ ᠳᠤ ᠳᠤᠮᠳᠠᠴᠢ ᠪᠠᠷ ᠬᠢᠮᠢ ᠶᠢᠨ ᠪᠣᠷᠳᠣᠭᠤᠷ ᠬᠡᠷᠡᠭᠯᠡᠬᠦ ᠬᠡᠮᠵᠢᠶ᠎ᠡ ᠶᠢ 25%᠎ ᠂ ᠲᠠᠷᠢᠶᠠᠨ ᠡᠮ ᠬᠡᠷᠡᠭᠯᠡᠬᠦ ᠬᠡᠮᠵᠢᠶ᠎ᠡ ᠶᠢ 40% ᠪᠠᠭᠠᠰᠬᠠᠵᠤ ᠂ ᠲᠠᠷᠢᠶᠠᠴᠢᠳ ᠤᠨ ᠲᠠᠷᠢᠬᠤ ᠥᠪᠡᠷ ᠤᠨ ᠥᠷᠲᠡᠭ ᠢ ᠶᠡᠭᠡ ᠪᠠᠷ ᠪᠠᠭᠤᠷᠠᠭᠤᠯᠪᠠ ᠃  ᠦᠨ᠎ᠡ ᠬᠠᠩᠰᠢ ᠶᠢᠨ ᠬᠥᠰᠢᠭᠦᠷᠭᠡ ᠶᠢᠨ ᠤᠷᠮᠠᠰᠢᠭᠤᠯᠤᠯ ᠪᠠ ᠤᠰᠤ ᠬᠡᠷᠡᠭᠯᠡᠬᠦ ᠡᠷᠦᠬᠡ ᠶᠢᠨ ᠤᠰᠤ ᠠᠷᠪᠢᠯᠠᠬᠤ ᠦᠢᠯᠡ ᠠᠵᠢᠯᠯᠠᠭ᠎ᠠ ᠪᠠ ᠠᠵᠤ ᠠᠬᠤᠶ ᠶᠢᠨ ᠠᠰᠢᠭ ᠲᠤᠰᠠ ᠨᠢ ᠨᠢᠭᠲᠠ ᠬᠤᠯᠪᠣᠯᠳᠤᠵᠤ ᠂ ᠲᠠᠷᠢᠶᠠᠴᠢᠨ ᠡᠷᠦᠬᠡ ᠶᠢᠨ ᠤᠰᠤ ᠠᠷᠪᠢᠯᠠᠬᠤ ᠦᠵᠡᠯ ᠤᠬᠠᠮᠰᠠᠷ ᠢ ᠴᠢᠩᠭᠠᠷᠠᠭᠤᠯᠪᠠ ᠃ ᠣᠳᠣᠬᠠᠨ ᠪᠣᠯᠲᠠᠯ᠎ᠠ ᠂ ᠪᠦᠬᠦ ᠣᠷᠣᠨ ᠤ ᠥᠭᠡᠷᠡᠴᠢᠯᠡᠯᠲᠡ ᠳᠤ ᠬᠤᠯᠪᠣᠭᠳᠠᠬᠤ ᠲᠣᠮᠣ ᠳᠤᠮᠳᠠ ᠬᠡᠯᠪᠡᠷᠢ ᠶᠢᠨ ᠤᠰᠤᠯᠠᠯᠲᠠ ᠶᠢᠨ ᠣᠷᠣᠨ ᠨᠢᠭᠡᠨᠲᠡ ᠰᠢᠨ᠎ᠡ ᠨᠢᠭᠡ ᠡᠭᠡᠯᠵᠢ ᠶᠢᠨ ᠥᠪᠡᠷ ᠤᠨ ᠥᠷᠲᠡᠭ ᠤᠨ ᠬᠢᠨᠠᠯᠲᠠ ᠪᠠᠶᠢᠴᠠᠭᠠᠯᠲᠠ ᠶᠢ ᠪᠡᠶᠡᠯᠡᠭᠦᠯᠵᠦ ᠂ ᠵᠠᠷᠢᠮ ᠤᠰᠤᠯᠠᠯᠲᠠ ᠶᠢᠨ ᠣᠷᠣᠨ ᠦᠨ᠎ᠡ ᠬᠠᠩᠰᠢ ᠶᠢ ᠲᠣᠬᠢᠷᠠᠭᠤᠯᠬᠤ ᠠᠵᠢᠯ ᠢ ᠪᠡᠶᠡᠯᠡᠭᠦᠯᠪᠡ ᠃  ᠨᠠᠷᠢᠯᠢᠭ ᠣᠨᠣᠴᠠᠲᠠᠶ ᠪᠠᠷ ᠬᠡᠮᠵᠢᠵᠦ ᠂ ᠪᠤᠰᠤᠭ᠎ᠠ ᠲᠦᠷᠪᠡᠯᠵᠢᠨ ᠢᠶᠠᠷ ᠰᠦᠢᠳᠬᠡᠯ ᠬᠤᠷᠢᠶᠠᠵᠤ ᠂ ᠥᠪᠥᠷ ᠮᠣᠩᠭᠤᠯ ᠤᠨ ᠲᠠᠷᠢᠶᠠᠯᠠᠩ ᠤᠨ ᠤᠰᠤ ᠠᠷᠪᠢᠯᠠᠬᠤ ᠳᠤ ᠴᠢᠨᠠᠷ ᠤᠨ ᠬᠤᠪᠢᠷᠠᠯᠲᠠ ᠲᠠᠢ ᠪᠣᠯᠪᠠ ᠃  ᠦᠷ᠎ᠡ ᠠᠰᠢᠭ ᠤᠨ ᠬᠤᠪᠢᠷᠠᠯᠲᠠ — ᠤᠰᠤ ᠠᠷᠪᠢᠯᠠᠬᠤ ᠱᠠᠩᠨᠠᠯ ᠨᠥᠬᠦᠪᠥᠷᠢ ᠲᠠᠷᠢᠶᠠᠴᠢᠳ ᠲᠤ ᠲᠤᠰᠠ ᠬᠦᠷᠲᠡᠭᠡᠬᠦ  ᠨᠠᠮᠤᠷ ᠤᠨ ᠡᠳᠦᠷ ᠤᠨ ᠨᠡᠷᠡᠨ ᠤ ᠭᠡᠷᠡᠯ ᠳᠤ ᠂ ᠤᠯᠠᠭᠠᠨᠬᠠᠳᠠ ᠬᠤᠲᠠ ᠶᠢᠨ ᠰᠦᠩᠱᠠᠨ ᠲᠣᠭᠤᠷᠢᠭ ᠤᠨ ᠬᠠᠷᠠᠲᠣᠬᠤᠢ ᠪᠠᠯᠭᠠᠰᠤᠨ ᠤ ᠾᠧᠩ ᠫᠠᠢ ᠽᠢ ᠲᠣᠰᠬᠤᠨ ᠳᠤ ᠶᠠᠪᠤᠵᠤ ᠂ ᠡᠷᠳᠡᠨᠢ ᠰᠢᠰᠢ ᠶᠢᠨ ᠲᠠᠷᠢᠶ᠎ᠠ ᠨᠢᠭᠡᠨᠲᠡ ᠢᠳᠡᠭᠡ ᠣᠷᠣᠬᠤ ᠬᠤᠭᠤᠴᠠᠭᠠᠨ ᠳᠤ ᠣᠷᠣᠵᠤ ᠂ ᠶᠠᠭ ︽ᠤᠰᠤ ᠨᠥᠬᠦᠪᠥᠷᠢᠯᠡᠬᠦ︾ ᠴᠠᠭ ᠦᠶ᠎ᠡ ᠪᠣᠯᠪᠠ ᠃  ᠾᠧᠩ ᠫᠠᠢ ᠽᠢ ᠲᠣᠰᠬᠤᠨ ᠤ ᠠᠷᠠᠳ ᠮᠠ ᠬᠤᠩ ᠰᠢᠶᠦ᠋ᠨ ᠰᠤᠷᠪᠤᠯᠵᠢᠯᠠᠭᠴᠢ ᠳᠤ ᠬᠡᠯᠡᠬᠦ ᠳᠡᠭᠡᠨ ᠂ 2015 ᠣᠨ ᠠᠴᠠ ᠡᠮᠦᠨ᠎ᠡ ᠂ ᠲᠠᠷᠢᠶ᠎ᠠ ᠤᠰᠤᠯᠠᠬᠤ ᠪᠣᠯ ᠴᠠᠭ ᠲᠤᠬᠠᠶ ᠳᠤᠨᠢ ᠰᠦᠢᠳᠭᠡᠯ ᠬᠤᠷᠢᠶᠠᠬᠤ ᠶᠠᠪᠤᠳᠠᠯ ᠮᠥᠨ ᠭᠡᠵᠡᠶ ᠃ 2015 ᠣᠨ ᠠᠴᠠ 2017 ᠣᠨ ᠪᠣᠯᠲᠠᠯ᠎ᠠ ᠂ ᠪᠦᠷᠬᠦᠪᠴᠢ ᠶᠢᠨ ᠳᠣᠤᠷ᠎ᠠ ᠳᠤᠰᠤᠯᠭᠠᠨ ᠤᠰᠤᠯᠠᠭᠰᠠᠨ ᠤ ᠳᠠᠷᠠᠭ᠎ᠠ ᠪᠤᠰᠤᠭ᠎ᠠ ᠳᠥᠷᠪᠡᠯᠵᠢᠨ ᠢᠶᠠᠷ ᠰᠦᠢᠳᠭᠡᠯ ᠬᠤᠷᠢᠶᠠᠵᠤ ᠂ ᠤᠰᠤᠨ ᠤ ᠦᠨ᠎ᠡ ᠨᠢ 1.3 ᠲᠥᠭᠦᠷᠢᠭ ᠪᠣᠰᠤᠭ᠎ᠠ ᠳᠥᠷᠪᠡᠯᠵᠢᠨ ᠮᠧᠲᠷ ᠪᠣᠯᠤᠨ᠎ᠠ ᠃ ᠭᠡᠪᠡᠴᠦ 2017 ᠣᠨ ᠠᠴᠠ ᠡᠮᠦᠨ᠎ᠡ ᠂ ᠶᠠᠭᠠᠬᠢᠵᠦ ᠤᠰᠤᠯᠠᠭᠰᠠᠨ ᠴᠤ ᠪᠦᠷ ᠨᠢᠭᠡᠳᠦᠯᠲᠡᠢ ᠤᠰᠤᠨ ᠤ ᠦᠨ᠎ᠡ ᠪᠣᠯᠣᠨ᠎ᠠ ᠃ ᠲᠠᠷᠢᠶᠠᠯᠠᠩ ᠤᠨ ᠤᠰᠤᠨ ᠤ ᠦᠨ᠎ᠡ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢ ᠬᠡᠷᠡᠭᠵᠢᠭᠦᠯᠦᠭᠰᠡᠨ ᠤ ᠳᠠᠷᠠᠭ᠎ᠠ ᠂ ᠤᠷᠤᠰᠤᠮᠠᠯ ᠤᠰᠤᠯᠠᠯᠲᠠ ᠶᠢᠨ ᠣᠷᠣᠨ ᠤ ᠤᠰᠤᠨ ᠤ ᠦᠨ᠎ᠡ ᠨᠢ 0.49 ᠲᠥᠭᠦᠷᠢᠭ ᠪᠠᠶᠢᠵᠤ ᠂ ᠳᠠᠷᠤᠯᠲᠠᠲᠤ ᠤᠰᠤᠯᠠᠯᠲᠠ ᠶᠢᠨ ᠣᠷᠣᠨ 0.8 ᠲᠥᠭᠦᠷᠢᠭ ᠺᠦᠪ ᠮᠧᠲᠷ ᠪᠦᠷᠢ ᠪᠣᠯᠤᠨ᠎ᠠ ᠃ ᠮᠦ ᠪᠦᠷᠢ ᠶᠢᠨ ᠤᠰᠤ ᠠᠷᠪᠢᠯᠠᠬᠤ ᠨᠥᠬᠦᠪᠥᠷᠢ ᠨᠢ ᠪᠠᠷᠤᠭ 20 ᠲᠥᠭᠦᠷᠢᠭ ᠪᠣᠯᠤᠨ᠎ᠠ ᠃ ︽ᠤᠰᠤ ᠠᠷᠪᠢᠯᠠᠬᠤ ᠱᠠᠩᠨᠠᠯ ᠨᠥᠬᠦᠪᠦᠷᠢ ᠲᠠᠢ ᠪᠣᠯᠪᠠᠯ ᠲᠠᠷᠢᠶᠠᠴᠢᠳ ᠤᠨ ᠤᠰᠤ ᠠᠷᠪᠢᠯᠠᠬᠤ ᠤᠬᠠᠮᠰᠠᠷ ᠪᠠ ᠢᠳᠡᠪᠬᠢᠵᠢᠯ ᠴᠥᠮ ᠳᠡᠭᠡᠭᠰᠢᠯᠡᠪᠡ︾ ᠭᠡᠵᠦ ᠮᠠ ᠬᠤᠩ ᠰᠢᠶᠦ᠋ᠨ ᠬᠡᠯᠡᠪᠡ ᠃  ᠬᠡᠨ ᠤᠰᠤ ᠠᠷᠪᠢᠯᠠᠪᠠᠯ ᠬᠡᠨ ᠠᠰᠢᠭ ᠬᠦᠷᠲᠡᠨ᠎ᠡ ᠃ ᠥᠪᠡᠷᠲᠡᠭᠡᠨ ᠵᠠᠰᠠᠬᠤ ᠣᠷᠣᠨ ᠠᠴᠠ ᠲᠠᠷᠢᠶᠠᠯᠠᠩ ᠤᠨ ᠤᠰᠤᠨ ᠤ ᠦᠨ᠎ᠡ ᠬᠠᠩᠰᠢ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢ ᠬᠡᠷᠡᠭᠵᠢᠭᠦᠯᠦᠭᠰᠡᠨ ᠠᠴᠠ ᠨᠠᠭᠠᠰᠢ ᠂ ᠲᠠᠷᠢᠶᠠᠴᠢᠳ ᠤᠨ ᠤᠰᠤ ᠠᠷᠪᠢᠯᠠᠬᠤ ᠦᠵᠡᠯ ᠤᠬᠠᠮᠰᠠᠷ ᠢᠯᠡᠳᠲᠡ ᠴᠢᠩᠭᠠᠷᠠᠵᠤ ᠂ ᠡᠭᠦᠨ ᠤ ᠬᠠᠮᠲᠤ ᠡᠬᠢ ᠪᠠᠶᠠᠯᠢᠭ ᠤᠨ ᠲᠣᠬᠢᠷᠠᠭᠤᠯᠤᠯᠲᠠ ᠶᠢ ᠰᠢᠯᠢᠳᠡᠭᠵᠢᠭᠦᠯᠦᠨ ᠂ ᠤᠰᠤ ᠬᠡᠷᠡᠭᠯᠡᠬᠦ ᠦᠷ᠎ᠡ ᠪᠦᠲᠦᠮᠵᠢ ᠶᠢ ᠳᠡᠭᠡᠭᠰᠢᠯᠡᠭᠦᠯᠵᠦ ᠂ ᠤᠰᠤᠨ ᠠᠰᠢᠭᠯᠠᠯᠲᠠ ᠶᠢᠨ ᠢᠨᠵᠧᠨᠧᠷᠢᠩ ᠤᠨ ᠰᠠᠶᠢᠨ ᠠᠵᠢᠯᠯᠠᠭᠠᠨ ᠢ ᠪᠠᠲᠤᠯᠠᠪᠠ ᠃  ᠤᠰᠤ ᠬᠡᠷᠡᠭᠯᠡᠬᠦ ᠡᠷᠦᠬᠡ ᠶᠢᠨ ᠤᠰᠤ ᠠᠷᠪᠢᠯᠠᠬᠤ ᠢᠳᠡᠪᠬᠢᠵᠢᠯ ᠢ ᠳᠠᠶᠢᠴᠢᠯᠠᠬᠤ ᠶᠢᠨ ᠲᠥᠯᠥᠭᠡ ᠂ ᠪᠢᠳᠡ ︽ᠲᠠᠷᠢᠶᠠᠯᠠᠩ ᠤᠨ ᠶᠡᠷᠦᠩᠬᠡᠶᠢᠯᠡᠭᠰᠡᠨ ᠤᠰᠤᠨ ᠤ ᠦᠨ᠎ᠡ ᠶᠢᠨ ᠥᠭᠡᠷᠡᠴᠢᠯᠡᠯᠲᠡ ᠶᠢᠨ ᠨᠠᠷᠢᠯᠢᠭ ᠣᠨᠣᠴᠠᠲᠠᠶ ᠪᠠᠷ ᠨᠥᠬᠦᠪᠥᠷᠢ ᠥᠭᠬᠦ ᠵᠢᠴᠢ ᠤᠰᠤ ᠠᠷᠪᠢᠯᠠᠬᠤ ᠱᠠᠩᠨᠠᠯ ᠤᠨ ᠠᠷᠭ᠎ᠠ︾᠎ ᠶᠢ ᠨᠡᠶᠢᠲᠡᠯᠡᠵᠦ ᠂ ᠨᠠᠷᠢᠯᠢᠭ ᠣᠨᠣᠴᠠᠲᠠᠶ ᠪᠠᠷ ᠨᠥᠬᠦᠪᠥᠷᠢ ᠥᠭᠬᠦ ᠵᠢᠴᠢ ᠤᠰᠤ ᠠᠷᠪᠢᠯᠠᠬᠤ ᠱᠠᠩᠨᠠᠯ ᠤᠨ ᠪᠠᠷᠢᠮᠵᠢᠶ᠎ᠠ ᠶᠢ ᠲᠣᠳᠣᠷᠬᠠᠶ ᠲᠣᠭᠲᠠᠭᠠᠪᠠ ᠃ ᠤᠰᠤᠯᠠᠯᠲᠠ ᠶᠢᠨ ᠲᠣᠭᠲᠠᠭᠰᠠᠨ ᠲᠤᠭ᠎ᠠ ᠠᠴᠠ ᠬᠡᠲᠦᠷᠡᠭᠰᠡᠨ ᠦᠭᠡᠢ ᠪᠠᠶᠢᠳᠠᠯ ᠳᠣᠣᠷ᠎ᠠ ᠂ ᠤᠰᠤᠨ ᠲᠠᠷᠢᠶᠠᠨ ᠤ ᠪᠣᠰᠤᠭ᠎ᠠ ᠳᠥᠷᠪᠡᠯᠵᠢᠨ ᠮᠧᠲᠷ ᠪᠦᠷᠢ ᠳᠤ 0.0246 ᠲᠥᠭᠦᠷᠢᠭ ᠤᠨ ᠨᠥᠬᠦᠪᠥᠷᠢ ᠥᠭᠴᠦ ᠂ ᠬᠠᠭᠤᠷᠠᠢ ᠲᠠᠷᠢᠶᠠᠨ ᠤ ᠪᠣᠰᠤᠭ᠎ᠠ ᠳᠥᠷᠪᠡᠯᠵᠢᠨ ᠮᠧᠲᠷ ᠪᠦᠷᠢ ᠳᠤ 0.29 ᠲᠥᠭᠦᠷᠢᠭ ᠤᠨ ᠨᠥᠬᠦᠪᠥᠷᠢ ᠥᠭᠭᠦᠨ᠎ᠡ ᠃ ᠲᠣᠭᠲᠠᠭᠰᠠᠨ ᠨᠣᠷᠮ᠎ᠠ ᠶᠢᠨ ᠳᠣᠲᠣᠷᠠᠬᠢ ᠤᠰᠤ ᠬᠡᠷᠡᠭᠯᠡᠬᠦ ᠬᠡᠮᠵᠢᠶ᠎ᠡ ᠶᠢ 10%᠎ ᠪᠠᠷ ᠪᠠᠭᠠᠰᠬᠠᠵᠤ ᠂ ᠮᠥ ᠪᠦᠷᠢ ᠳᠤ 2 ᠲᠥᠭᠦᠷᠢᠭ ᠱᠠᠩᠨᠠᠨ᠎ᠠ ᠃ 2023 ᠣᠨ ᠳᠤ ᠂ ᠨᠠᠷᠢᠯᠢᠭ ᠣᠨᠣᠴᠠᠲᠠᠶ ᠪᠠᠷ ᠨᠥᠬᠦᠪᠥᠷᠢ ᠣᠯᠭᠤᠵᠤ ᠂ ᠤᠰᠤ ᠠᠷᠪᠢᠯᠠᠬᠤ ᠱᠠᠩᠨᠠᠯ ᠨᠥᠬᠦᠪᠥᠷᠢ ᠶᠢ ᠨᠡᠶᠢᠲᠡ 100 ᠭᠠᠷᠤᠶ ᠲᠦᠮᠡᠨ ᠲᠥᠭᠦᠷᠢᠭ ᠲᠠᠷᠬᠠᠭᠠᠪᠠ ᠃ ᠬᠦᠯᠦᠨ ᠪᠤᠶᠢᠷ ᠬᠤᠲᠠ ᠶᠢᠨ ᠠᠷᠤᠨ ᠬᠤᠰᠢᠭᠤᠨ ᠤ ᠤᠰᠤᠨ ᠠᠰᠢᠭᠯᠠᠯᠲᠠ ᠶᠢᠨ ᠲᠣᠪᠴᠢᠶᠠᠨ ᠤ ᠬᠠᠮᠢᠶ᠎ᠠ ᠪᠦᠬᠦᠢ ᠬᠠᠷᠢᠭᠤᠴᠠᠯᠭᠠᠲᠠᠨ ᠬᠡᠯᠡᠪᠡ ᠃  ᠠᠷᠤᠨ ᠬᠤᠰᠢᠭᠤ 2017 ᠣᠨ ᠳᠤ ᠥᠪᠥᠷ ᠮᠣᠩᠭᠤᠯ ᠤᠨ ᠲᠠᠷᠢᠶᠠᠯᠠᠩ ᠤᠨ ᠤᠰᠤᠨ ᠤ ᠦᠨ᠎ᠡ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢᠨ ᠲᠤᠷᠰᠢᠯᠲᠠ ᠶᠢᠨ ᠬᠤᠰᠢᠭᠤ ᠰᠢᠶᠠᠨ ᠪᠣᠯᠤᠭᠰᠠᠨ ᠠᠴᠠ ᠨᠠᠭᠠᠰᠢ ᠂ ᠤᠰᠤᠨ ᠤ ᠦᠨ᠎ᠡ ᠬᠠᠩᠰᠢ ᠪᠦᠷᠢᠯᠳᠦᠬᠦ ᠂ ᠲᠠᠷᠢᠶᠠᠯᠠᠩ ᠳᠤ ᠬᠡᠷᠡᠭᠯᠡᠬᠦ ᠤᠰᠤ ᠂ ᠨᠠᠷᠢᠯᠢᠭ ᠣᠨᠣᠪᠴᠢᠲᠠᠢ ᠨᠥᠬᠦᠪᠥᠷᠢ ᠥᠭᠬᠦ ᠵᠢᠴᠢ ᠤᠰᠤ ᠠᠷᠪᠢᠯᠠᠬᠤ ᠱᠠᠩᠨᠠᠯ ᠂ ᠢᠨᠵᠧᠨᠧᠷᠢᠩ ᠢ ᠬᠠᠮᠢᠶᠠᠷᠴᠤ ᠠᠷᠠᠴᠢᠯᠠᠨ ᠬᠠᠮᠠᠭᠠᠯᠠᠬᠤ ᠵᠡᠷᠭᠡ 4 ᠲᠠᠯ᠎ᠠ ᠪᠠᠷ ᠬᠠᠶᠢᠨ ᠰᠦᠪᠡᠭᠴᠢᠯᠡᠯᠲᠡ ᠪᠠ ᠦᠢᠯᠡᠳᠦᠯᠭᠡ ᠥᠷᠨᠢᠭᠦᠯᠪᠡ ᠃ ᠰᠢᠨ᠎ᠡ ᠤᠰᠤᠨ ᠤ ᠦᠨ᠎ᠡ ᠬᠠᠩᠰᠢ ᠂ ᠨᠠᠷᠢᠯᠢᠭ ᠣᠨᠣᠴᠠᠲᠠᠶ ᠪᠠᠷ ᠨᠥᠬᠦᠪᠥᠷᠢ ᠥᠭᠬᠦ ᠪᠠ ᠤᠰᠤ ᠠᠷᠪᠢᠯᠠᠬᠤ ᠱᠠᠩᠨᠠᠯ ᠢ ᠬᠠᠮᠲᠤ ᠪᠠᠷ ᠬᠡᠷᠡᠭᠵᠢᠭᠦᠯᠬᠦ ᠪᠠᠷ ᠳᠠᠮᠵᠢᠭᠤᠯᠤᠨ ᠂ ᠲᠠᠷᠢᠶᠠᠴᠢᠳ ᠤᠨ ᠳᠠᠷᠤᠭᠠᠰᠤ ᠶᠢ ᠦᠨᠡᠨ ᠬᠦ ᠬᠥᠩᠭᠡᠷᠡᠭᠦᠯᠪᠡ ᠃  2019 ᠣᠨ ᠳᠤ ᠂ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠲᠠᠢ ᠬᠠᠮᠲᠤᠷᠠᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠤᠨ ᠤᠰᠤᠯᠠᠯᠲᠠ ᠶᠢᠨ ᠤᠰᠤ ᠬᠡᠷᠡᠭᠯᠡᠬᠦ ᠨᠠᠷᠢᠯᠢᠭ ᠣᠨᠣᠴᠠᠲᠠᠶ ᠨᠥᠬᠦᠪᠥᠷᠢ ᠬᠢᠭᠡᠳ ᠤᠰᠤ ᠠᠷᠪᠢᠯᠠᠬᠤ ᠱᠠᠩᠨᠠᠯ ᠤᠨ ᠠᠷᠭ᠎ᠠ︾᠎ ᠶᠢ ᠳᠠᠷᠤᠮᠠᠯᠯᠠᠨ ᠲᠠᠷᠬᠠᠭᠠᠵᠤ ᠂ ᠡᠯ᠎ᠡ ᠭᠠᠵᠠᠷ ᠤᠨ ᠬᠢᠨ ᠢ ᠢᠳᠡᠪᠬᠢᠲᠡᠶ ᠪᠠᠷ ᠬᠥᠲᠥᠯᠥᠨ ᠵᠢᠯᠣᠭᠤᠳᠴᠤ ᠪᠠᠶᠢᠭᠠᠳ ᠲᠠᠷᠢᠶᠠᠯᠠᠩ ᠤᠨ ᠤᠰᠤᠯᠠᠯᠲᠠ ᠶᠢᠨ ᠤᠰᠤ ᠬᠡᠷᠡᠭᠯᠡᠬᠦ ᠨᠠᠷᠢᠯᠢᠭ ᠣᠨᠣᠴᠠᠲᠠᠶ ᠨᠥᠬᠦᠪᠥᠷᠢ ᠬᠢᠭᠡᠳ ᠤᠰᠤ ᠠᠷᠪᠢᠯᠠᠬᠤ ᠱᠠᠩᠨᠠᠯ ᠤᠨ ᠠᠷᠭ᠎ᠠ ᠶᠢ ᠲᠦᠷᠭᠡᠳᠬᠡᠨ ᠪᠠᠶᠢᠭᠤᠯᠵᠤ ᠂ ᠥᠷᠭᠡᠨ ᠣᠯᠠᠨ ᠲᠠᠷᠢᠶᠠᠴᠢᠳ ᠤᠨ ᠤᠰᠤ ᠠᠷᠪᠢᠯᠠᠬᠤ ᠢᠳᠡᠪᠬᠢᠵᠢᠯ ᠢ ᠭᠦᠢᠴᠡᠳ ᠳᠠᠶᠢᠴᠢᠯᠠᠵᠤ ᠂ ᠲᠠᠷᠢᠶᠠᠯᠠᠩ ᠤᠨ ᠤᠰᠤᠨ ᠤ ᠦᠨ᠎ᠡ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢ ᠡᠮᠬᠢ ᠵᠢᠷᠤᠮ ᠲᠠᠢ ᠠᠬᠢᠭᠤᠯᠬᠤ ᠶᠢ ᠪᠠᠲᠤᠯᠠᠪᠠ ᠃  2021 ᠣᠨ ᠠᠴᠠ ᠨᠠᠭᠠᠰᠢ ᠂ ᠥᠪᠥᠷ ᠮᠣᠩᠭᠤᠯ ᠨᠡᠶᠢᠲᠡ 2.45 ᠳ᠋ᠦᠩᠰᠢᠭᠤᠷ ᠲᠥᠭᠦᠷᠢᠭ ᠤᠨ ᠲᠠᠷᠢᠶᠠᠯᠠᠩ ᠤᠨ ᠤᠰᠤ ᠠᠷᠪᠢᠯᠠᠬᠤ ᠱᠠᠩᠨᠠᠯ ᠨᠥᠬᠦᠪᠥᠷᠢ ᠳᠤ ᠬᠡᠷᠡᠭᠯᠡᠪᠡ ᠃ ᠣᠳᠣᠬᠠᠨ ᠳᠤ ᠂ ᠥᠪᠥᠷ ᠮᠣᠩᠭᠤᠯ ᠤᠨ ᠥᠭᠡᠷᠡᠴᠢᠯᠡᠯᠲᠡ ᠳᠤ ᠬᠤᠯᠪᠣᠭᠳᠠᠭᠰᠠᠨ 82 ᠬᠤᠰᠢᠭᠤ ᠰᠢᠶᠠᠨ ᠴᠥᠮ ᠵᠣᠬᠢᠴᠠᠩᠭᠤᠶ ᠪᠥᠬᠦᠶ ᠨᠠᠷᠢᠯᠢᠭ ᠣᠨᠣᠴᠠᠲᠠᠶ ᠨᠥᠬᠦᠪᠥᠷᠢ ᠪᠠ ᠤᠰᠤ ᠠᠷᠪᠢᠯᠠᠬᠤ ᠱᠠᠩᠨᠠᠯ ᠤᠨ ᠬᠡᠷᠡᠭᠵᠢᠭᠦᠯᠬᠦ ᠨᠠᠷᠢᠨ ᠲᠦᠷᠢᠮ ᠢ ᠲᠣᠭᠲᠠᠭᠠᠨ ᠨᠡᠶᠢᠲᠡᠯᠡᠪᠡ ᠃  ᠡᠭᠦᠨ ᠤ ᠬᠠᠮᠲᠤ ᠂ ᠥᠪᠥᠷ ᠮᠣᠩᠭᠤᠯ ᠨᠢ ᠪᠣᠷᠣᠲᠣᠬᠤᠶ ᠶᠢᠨ ᠤᠰᠤᠯᠠᠯᠲᠠ ᠶᠢᠨ ᠣᠷᠣᠨ ᠳᠤ ᠴᠢᠭᠯᠡᠭᠦᠯᠦᠨ ᠲᠠᠷᠢᠶᠠᠯᠠᠩ ᠤᠨ ᠤᠰᠤ ᠠᠷᠪᠢᠯᠠᠭᠰᠠᠨ ᠢ ᠱᠠᠩᠨᠠᠬᠤ ᠲᠥᠰᠦᠯ ᠢ ᠲᠤᠰᠬᠠᠶᠢᠯᠠᠨ ᠲᠣᠭᠲᠠᠭᠠᠵᠤ ᠂ ᠪᠣᠷᠣᠲᠣᠬᠤᠶ ᠶᠢᠨ ᠤᠰᠤᠯᠠᠯᠲᠠ ᠶᠢᠨ ᠣᠷᠣᠨ ᠤ ᠤᠰᠤ ᠠᠷᠪᠢᠯᠠᠬᠤ ᠶᠢ ᠠᠬᠢᠭᠤᠯᠤᠨ ᠪᠣᠳᠣᠵᠤ ᠱᠠᠩᠨᠠᠪᠠ ᠃ 2023 ᠣᠨ ᠳᠤ ᠂ ᠪᠠᠶᠠᠨᠨᠠᠭᠤᠷ ᠬᠤᠲᠠ 1 ᠳ᠋ᠦᠩᠰᠢᠭᠤᠷ ᠲᠥᠭᠦᠷᠢᠭ ᠤᠨ ᠪᠠᠯᠠ ᠮᠥᠩᠭᠦ ᠭᠠᠷᠭᠠᠵᠤ ᠱᠠᠩᠨᠠᠵᠤ ᠨᠥᠬᠦᠪᠥᠷᠢᠯᠡᠬᠦ ᠳᠤ ᠬᠡᠷᠡᠭᠯᠡᠬᠦ ᠪᠠᠷ ᠲᠥᠯᠥᠪᠯᠡᠵᠦ ᠂ 2025 ᠣᠨ ᠪᠣᠯᠬᠤ ᠳᠤ ᠤᠰᠤ ᠠᠷᠪᠢᠯᠠᠬᠤ ᠴᠢᠳᠠᠪᠤᠷᠢ ᠶᠢ 5 ᠳ᠋ᠦᠩᠰᠢᠭᠤᠷ ᠪᠣᠰᠤᠭ᠎ᠠ ᠳᠥᠷᠪᠡᠯᠵᠢᠨ ᠮᠧᠲᠷ ᠠᠴᠠ ᠳᠡᠭᠡᠭᠰᠢ ᠰᠢᠨ᠎ᠡ ᠪᠠᠷ ᠨᠡᠮᠡᠭᠳᠡᠭᠦᠯᠬᠦ ᠪᠠᠷ ᠲᠥᠯᠥᠪᠯᠡᠵᠦ ᠂ ᠪᠣᠷᠣᠲᠣᠬᠤᠶ ᠶᠢᠨ ᠤᠰᠤᠯᠠᠯᠲᠠ ᠶᠢᠨ ᠣᠷᠣᠨ ᠤ ᠲᠠᠷᠢᠶᠠᠨ ᠭᠠᠵᠠᠷ ᠤᠨ ᠤᠰᠤᠯᠠᠯᠲᠠ ᠶᠢᠨ ᠤᠰᠤᠨ ᠤ ᠪᠦᠲᠦᠮᠵᠢᠲᠡᠶ ᠠᠰᠢᠭᠯᠠᠯᠲᠠ ᠶᠢᠨ ᠢᠯᠡᠳᠬᠡᠮᠵᠢ ᠶᠢ 0.506 ᠪᠣᠯᠲᠠᠯ᠎ᠠ ᠳᠡᠭᠡᠭᠰᠢᠯᠡᠭᠦᠯᠪᠡ ᠃  ᠣᠶᠢᠷ᠎ᠠ ᠶᠢᠨ ᠵᠢᠯ ᠤᠳ ᠲᠤ ᠂ ᠥᠪᠥᠷ ᠮᠣᠩᠭᠤᠯ ᠤᠨ ᠲᠠᠷᠢᠶᠠᠯᠠᠩ ᠤᠨ ᠤᠰᠤ ᠬᠡᠷᠡᠭᠯᠡᠬᠦ ᠳᠤᠮᠳᠠᠴᠢ ᠶᠡᠷᠦᠩᠬᠡᠶ ᠬᠡᠮᠵᠢᠶ᠎ᠡ ᠶᠢ 122 ᠳ᠋ᠦᠩᠰᠢᠭᠤᠷ ᠪᠣᠰᠤᠭ᠎ᠠ ᠳᠥᠷᠪᠡᠯᠵᠢᠨ ᠮᠧᠲᠷ ᠣᠷᠴᠢᠮ ᠳᠤ ᠲᠣᠭᠲᠠᠪᠤᠷᠢᠵᠢᠭᠤᠯᠵᠤ ᠂ ᠶᠡᠷᠦᠩᠬᠡᠶ ᠤᠰᠤ ᠬᠡᠷᠡᠭᠯᠡᠬᠦ ᠬᠡᠮᠵᠢᠶ᠎ᠡ ᠶᠢᠨ 63.8%᠎ ᠶᠢ ᠡᠵᠡᠯᠡᠵᠦ ᠂ ᠪᠥᠬᠦ ᠤᠯᠤᠰ ᠤᠨ ᠲᠠᠷᠢᠶᠠᠯᠠᠩ ᠤᠨ ᠤᠰᠤ ᠬᠡᠷᠡᠭᠯᠡᠬᠦ ᠳᠤᠮᠳᠠᠴᠢ ᠬᠠᠷᠢᠴᠠᠯ ᠲᠠᠢ ᠪᠠᠷᠤᠭ ᠠᠳᠠᠯᠢ ᠪᠠᠶᠢᠳᠠᠭ ᠃ ᠥᠪᠥᠷ ᠮᠣᠩᠭᠤᠯ ᠤᠨ ᠲᠠᠷᠢᠶᠠᠯᠠᠩ ᠤᠨ ᠤᠰᠤ ᠠᠷᠪᠢᠯᠠᠬᠤ ᠳᠠᠯᠳᠠ ᠬᠦᠴᠦᠨ ᠯᠤᠲᠤ ᠶᠡᠭᠡ ᠪᠠᠶᠢᠵᠤ ᠂ ︽ᠶᠡᠭᠡ ᠤᠰᠤ ᠪᠠᠷ ᠨᠡᠯᠦ᠋ᠢᠲᠡᠯ᠎ᠡ ᠤᠰᠤᠯᠠᠬᠤ︾ ᠠᠰᠠᠭᠤᠳᠠᠯ ᠢ ᠰᠢᠢᠳᠪᠦᠷᠢᠯᠡᠬᠦ ᠳᠤ ᠪᠠᠰᠠ ᠲᠠᠷᠢᠶᠠᠯᠠᠩ ᠤᠨ ᠤᠰᠤᠨ ᠤ ᠦᠨ᠎ᠡ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢ ᠲᠠᠰᠤᠷᠠᠯᠲᠠ ᠦᠭᠡᠢ ᠭᠦᠨᠵᠡᠭᠡᠶᠢᠷᠡᠭᠦᠯᠬᠦ ᠬᠡᠷᠡᠭᠲᠡᠶ ᠃  ᠤᠰᠤ ᠬᠡᠷᠡᠭᠯᠡᠬᠦ ᠲᠣᠮᠣ ᠡᠷᠦᠬᠡ ᠤᠰᠤ ᠠᠷᠪᠢᠯᠠᠬᠤ ᠲᠣᠮᠣ ᠡᠷᠦᠬᠡ ᠪᠣᠯᠬᠤ ᠦᠶ᠎ᠡ ᠳᠤ ᠂ ᠤᠮᠠᠷᠠᠲᠤ ᠬᠢᠯᠢ ᠶᠢᠨ ︽ᠠᠮᠤ ᠪᠤᠳᠠᠭᠠᠨ ᠤ ᠬᠥᠮᠥᠷᠭᠡ︾᠎ ᠶᠢᠨ ᠰᠠᠭᠤᠷᠢ ᠨᠡᠩ ᠪᠠᠲᠤ ᠪᠠᠬᠢ ᠪᠣᠯᠬᠤ ᠪᠣᠯᠤᠨ᠎ᠠ ᠃  ︵︽ᠦᠪᠦᠷ ᠮᠤᠩᠭᠤᠯ ᠤᠨ ᠡᠳᠦᠷ ᠤᠨ ᠰᠤᠨᠢᠨ︶᠎ ᠠᠴᠠ ᠰᠢᠯᠵᠢᠭᠦᠯᠪᠡ  2024 ᠣᠨ ᠤ 8 ᠳ᠋ᠤᠭᠠᠷ ᠰᠠᠷ᠎ᠠ ᠶᠢᠨ 27᠎ ᠤ ᠡᠳᠦᠷ  ᠰᠤᠷᠪᠤᠯᠵᠢᠯᠠᠭᠴᠢ ᠵᠠᠩ ᠬᠤᠶ ᠯᠢᠩ︶ 
 
ᠢᠷᠡᠯᠲᠡ᠄ ᠦᠪᠦᠷ ᠮᠤᠩᠭᠤᠯ ᠤᠨ ᠡᠳᠦᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号