8 ᠳ᠋ᠤᠭᠠᠷ ᠰᠠᠷ᠎ᠠ ᠶᠢᠨ 2 ᠤᠨ ᠡᠳᠦᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠰᠤᠨ | ᠠᠰᠢᠭᠯᠠᠯᠲᠠ ᠶᠢᠨ ᠲᠢᠩᠬᠢᠮ ᠺᠠᠳ᠋ᠷᠴᠤᠳ ᠤᠨ ᠶᠡᠭᠡ ᠬᠤᠷᠠᠯ ᠬᠤᠷᠠᠯᠳᠤᠭᠤᠯᠵᠤ᠂ ᠥᠪᠡᠷᠲᠡᠭᠡᠨ ᠵᠠᠰᠠᠬᠤ ᠣᠷᠣᠨ ᠤ | ᠨᠠᠮ ᠤᠨ ᠬᠤᠷᠢᠶ᠎ᠠ ᠶᠢᠨ ᠠᠷᠪᠠᠨ ᠨᠢᠭᠡᠳᠦᠭᠡᠷ ᠬᠤᠭᠤᠴᠠᠭᠠᠨ ᠤ ᠨᠠᠢᠮᠠᠳᠤᠭᠠᠷ ᠪᠥᠬᠦᠳᠡ ᠬᠤᠷᠠᠯ ᠤᠨ ᠵᠣᠷᠢᠭ | ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶ᠎ᠠ ᠶᠢᠨ | ᠭᠤᠷᠪᠠᠳᠤᠭᠠᠷ ᠪᠥᠬᠦᠳᠡ ᠬᠤᠷᠠᠯ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠠᠷᠪᠠᠨ ᠨᠢᠭᠡᠳᠦᠭᠡᠷ | ᠬᠤᠭᠤᠴᠠᠭᠠᠨ ᠤ ᠨᠠᠢᠮᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ | ᠭᠤᠤᠯᠳᠠᠯᠭ᠎ᠠ ᠲᠠᠢ ᠡᠭᠦᠷᠭᠡ ᠪᠠ ᠣᠳᠣᠬᠠᠨ ᠤ ᠭᠤᠤᠯᠳᠠᠯᠭ᠎ᠠ ᠲᠠᠢ ᠠᠵᠢᠯ ᠢ ᠳᠣᠭᠢᠷᠠᠭᠤᠯᠤᠨ ᠪᠠᠶᠢᠷᠢᠯᠠᠭᠤᠯᠪᠠ᠃ | ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠢᠩᠬᠢᠮ ᠤᠨ ᠳᠠᠷᠤᠭ᠎ᠠ ᠱᠧᠩ ᠰᠢᠶᠣᠣ ᠶᠢᠥ | ᠬᠤᠷᠠᠯ ᠳᠤ ᠣᠷᠣᠯᠴᠠᠨ ᠶᠠᠷᠢᠶ᠎ᠠ ᠲᠠᠯᠪᠢᠬᠤ ᠳᠠᠭᠠᠨ᠂ ᠤᠬᠠᠮᠰᠠᠷ ᠠᠴᠠ ᠪᠠᠨ ᠦᠵᠡᠯ ᠰᠠᠨᠠᠭ᠎ᠠ ᠪᠠ ᠦᠢᠯᠡ | ᠠᠵᠢᠯᠯᠠᠭ᠎ᠠ ᠪᠠᠨ ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠳᠡᠭᠡᠷ᠎ᠡ ᠨᠢᠭᠡᠳᠬᠡᠬᠦ᠂ | ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠪᠠ ᠥᠪᠡᠷᠲᠡᠭᠡᠨ ᠵᠠᠰᠠᠬᠤ ᠣᠷᠣᠨ ᠤ | ᠨᠠᠮ ᠤᠨ ᠬᠤᠷᠢᠶᠠᠨ ᠤ ᠠᠵᠢᠯ ᠤᠨ ᠱᠠᠭᠠᠷᠳᠠᠯᠭ᠎ᠠ ᠳᠡᠭᠡᠷ᠎ᠡ ᠨᠢᠭᠡᠳᠬᠡᠬᠦ ᠶᠢ ᠪᠠᠷᠢᠮᠲᠠᠯᠠᠵᠤ᠂ ᠦᠵᠡᠯ ᠰᠠᠨᠠᠭ᠎ᠠ ᠪᠠᠨ | ᠴᠢᠯᠥᠭᠡᠯᠡᠬᠦ᠂ ᠴᠠᠭ ᠦᠶ᠎ᠡ ᠲᠠᠢ ᠵᠡᠷᠭᠡ ᠪᠠᠷ ᠤᠷᠤᠭᠰᠢᠯᠠᠬᠤ ᠶᠢ ᠪᠠᠷᠢᠮᠲᠠᠯᠠᠵᠤ᠂ ᠵᠠᠬ᠎ᠠ ᠳᠡᠯᠭᠡᠭᠦᠷ ᠤᠨ ᠰᠡᠳᠬᠢᠬᠦᠶ ᠪᠠ | ᠨᠠᠷᠢᠯᠢᠭ ᠪᠤᠳᠤᠬᠤ ᠤᠬᠠᠮᠰᠠᠷ ᠢᠶᠠᠨ ᠴᠢᠩᠭᠠᠳᠬᠠᠵᠤ᠂ ᠠᠵᠠ ᠲᠣᠬᠢᠶᠠᠯ ᠢ ᠡᠵᠡᠮᠳᠡᠵᠦ᠂ ᠥᠷᠢᠰᠥᠯᠳᠦᠭᠡᠨ ᠢ | ᠤᠭᠲᠤᠵᠤ᠂ ᠲᠥᠪ ᠶᠣᠰᠣ ᠶᠢ ᠪᠠᠷᠢᠮᠲᠠᠯᠠᠨ ᠰᠢᠨ᠎ᠡ ᠶᠢ ᠡᠭᠦᠳᠴᠦ᠂ ᠦᠨᠡᠨ ᠬᠦ ᠠᠳᠬᠤᠨ ᠪᠣᠳᠠᠲᠠᠶ ᠠᠵᠢᠯᠯᠠᠵᠤ᠂ | ᠥᠭᠡᠷᠡᠴᠢᠯᠡᠯᠲᠡ ᠶᠢ ᠪᠥᠬᠦ ᠲᠠᠯ᠎ᠠ ᠪᠠᠷ ᠭᠦᠨᠵᠡᠭᠡᠶᠢᠷᠡᠭᠦᠯᠬᠦ ᠪᠠᠷ ᠤᠰᠤᠨ ᠠᠰᠢᠭᠯᠠᠯᠲᠠ ᠶᠢᠨ ᠴᠢᠨᠠᠷ ᠰᠠᠶᠢᠲᠠᠶ | ᠬᠥᠭᠵᠢᠯᠲᠡ ᠶᠢ ᠠᠬᠢᠭᠤᠯᠬᠤ ᠪᠠᠷ ᠬᠦᠴᠦᠯᠡᠨ ᠴᠢᠷᠮᠠᠶᠢᠵᠤ᠂ ᠥᠪᠡᠷᠲᠡᠭᠡᠨ ᠵᠠᠰᠠᠬᠤ ᠣᠷᠣᠨ ᠤ ᠰᠡᠳᠬᠢᠯ ᠢᠶᠠᠨ | ᠨᠢᠭᠡᠳᠬᠡᠨ ᠬᠦᠴᠦ ᠪᠠᠨ ᠬᠠᠮᠲᠤᠳᠬᠠᠵᠤ ᠬᠤᠶᠠᠷ ᠶᠡᠭᠡ ᠶᠠᠪᠤᠳᠠᠯ ᠪᠠ ᠴᠤᠴᠠᠯᠲᠠ ᠥᠬᠡᠶ ᠤᠷᠤᠭᠰᠢᠯᠠᠵᠤ᠂ ᠰᠢᠨ᠎ᠡ | ᠵᠠᠮ ᠢ ᠨᠡᠭᠡᠭᠡᠵᠦ᠂ ᠳᠤᠮᠳᠠ ᠲᠦᠪᠰᠢᠨ ᠳᠤ ᠣᠷᠣᠬᠤ ᠳᠤ ᠪᠠᠲᠤ ᠪᠠᠬᠢ ᠤᠰᠤᠨ ᠤ ᠠᠮᠤᠷ ᠲᠦᠪᠰᠢᠨ ᠤ ᠪᠠᠲᠤᠯᠠᠭ᠎ᠠ | ᠬᠠᠩᠭᠠᠬᠤ ᠬᠡᠷᠡᠭᠲᠡᠶ ᠭᠡᠵᠦ ᠴᠢᠬᠤᠯᠠᠴᠢᠯᠠᠪᠠ᠃ | | | | | | ᠬᠤᠷᠠᠯ ᠠᠴᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠥᠬᠦᠳᠡ ᠬᠤᠷᠠᠯ ᠠᠴᠠ ᠨᠠᠮ ᠤᠨ | ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ | ᠭᠦᠨᠵᠡᠭᠡᠶ ᠲᠤᠭᠤᠰᠢᠯᠠᠭᠤᠯᠵᠤ᠂ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠶ ᠴᠢᠬᠤᠯᠠ | ᠵᠢᠭᠠᠪᠤᠷᠢ ᠶᠢᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠪᠠ ᠳᠤᠮᠳᠠᠳᠤ ᠶᠢᠨ | ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠠᠵᠢᠯ ᠤᠨ ᠭᠤᠤᠯ ᠰᠢᠵᠢᠮ ᠤᠨ | ᠲᠣᠭᠤᠷᠢᠨ ᠳᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠭᠰᠠᠨ ᠥᠪᠥᠷ ᠮᠣᠩᠭᠤᠯ ᠤᠨ ᠰᠢᠨ᠎ᠡ | ᠬᠠᠭᠤᠳᠠᠰᠤ ᠶᠢ ᠴᠢᠷᠮᠠᠶᠢᠨ ᠪᠢᠴᠢᠭᠯᠡᠬᠦ ᠶᠢᠨ ᠲᠣᠭᠤᠷᠢᠨ ᠳᠤ᠂ ᠥᠪᠥᠷ ᠮᠣᠩᠭᠤᠯ ᠤᠨ ᠲᠤᠭᠤᠰᠢᠯᠠᠭᠤᠯᠤᠨ | ᠨᠠᠶᠢᠳᠠᠪᠤᠷᠢᠵᠢᠭᠤᠯᠬᠤ ᠠᠷᠭ᠎ᠠ ᠬᠡᠮᠵᠢᠶ᠎ᠡ ᠶᠢ ᠤᠯᠠᠮ ᠴᠢᠨᠠᠭᠰᠢᠳᠠ ᠨᠠᠷᠢᠯᠢᠬᠵᠢᠭᠤᠯᠵᠤ᠂ ᠭᠤᠤᠯᠳᠠᠯᠭ᠎ᠠ ᠲᠠᠢ | ᠬᠦᠷᠢᠶᠡᠨ ᠤ ᠥᠭᠡᠷᠡᠴᠢᠯᠡᠯᠲᠡ ᠶᠢᠨ ᠴᠢᠭᠯᠡᠯ ᠪᠠ ᠠᠷᠭ᠎ᠠ ᠵᠠᠮ ᠢ ᠲᠣᠳᠣᠷᠬᠠᠶᠢᠯᠠᠵᠤ᠂ ᠪᠢᠳᠡᠨ ᠤ ᠥᠭᠡᠷᠡᠴᠢᠯᠡᠯᠲᠡ ᠶᠢ | ᠪᠥᠬᠦ ᠲᠠᠯ᠎ᠠ ᠪᠠᠷ ᠭᠦᠨᠵᠡᠭᠡᠶᠢᠷᠡᠭᠦᠯᠬᠦ᠂ ᠣᠳᠣᠬᠠᠨ ᠤ ᠡᠯ᠎ᠡ ᠵᠦᠢᠯ ᠤᠨ ᠭᠤᠤᠯᠳᠠᠯᠭ᠎ᠠ ᠲᠠᠢ ᠡᠭᠦᠷᠭᠡ ᠶᠢ ᠰᠠᠶᠢᠲᠤᠷ | ᠨᠠᠶᠢᠳᠠᠪᠤᠷᠢᠵᠢᠭᠤᠯᠬᠤ ᠳᠤ ᠰᠢᠨᠵᠢᠯᠡᠬᠦ ᠤᠬᠠᠭᠠᠨᠴᠢ ᠵᠢᠯᠣᠭᠤᠳᠣᠯᠭ᠎ᠠ ᠪᠠ ᠦᠨᠳᠦᠰᠦᠨ ᠵᠢᠷᠤᠮᠯᠠᠯ ᠬᠠᠩᠭᠠᠪᠠ᠃ ᠪᠥᠬᠦ | ᠣᠷᠣᠨ ᠤ ᠤᠰᠤᠨ ᠠᠰᠢᠭᠯᠠᠯᠲᠠ ᠶᠢᠨ ᠰᠢᠰᠲ᠋ᠧᠮ ᠤᠨ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠨᠢ | ᠤᠰᠤᠨ ᠠᠰᠢᠭᠯᠠᠯᠲᠠ ᠶᠢᠨ ᠴᠢᠨᠠᠷ ᠰᠠᠶᠢᠲᠠᠶ ᠬᠥᠭᠵᠢᠯᠲᠡ ᠶᠢᠨ ᠪᠣᠳᠠᠲᠤ ᠪᠠᠶᠢᠳᠠᠯ ᠲᠠᠢ ᠨᠢᠭᠲᠠ ᠤᠶᠠᠯᠳᠤᠭᠤᠯᠤᠨ᠂ | ᠲᠣᠰ ᠰᠠᠯᠠᠭ᠎ᠠ ᠮᠥᠴᠢᠷ ᠲᠣᠰ ᠨᠢᠭᠡᠴᠢ ᠶᠢᠨ ᠢᠶᠠᠨ ᠪᠣᠳᠠᠲᠤ ᠪᠠᠶᠢᠳᠠᠯ ᠲᠠᠢ ᠨᠢᠭᠲᠠ ᠤᠶᠠᠯᠳᠤᠭᠤᠯᠵᠤ᠂ ᠰᠤᠷᠤᠯᠴᠠᠨ | ᠤᠬᠠᠭᠤᠯᠵᠤ ᠲᠤᠭᠤᠰᠢᠯᠠᠭᠤᠯᠬᠤ ᠪᠣᠳᠠᠲᠤ ᠦᠷ᠎ᠡ ᠪᠦᠲᠦᠮᠵᠢ ᠶᠢ ᠦᠨᠡᠨ ᠬᠦ ᠴᠢᠩᠭᠠᠳᠬᠠᠬᠤ ᠬᠡᠷᠡᠭᠲᠡᠶ᠃ | ᠰᠤᠷᠤᠯᠴᠠᠯᠭ᠎ᠠ ᠶᠢᠨ ᠲᠠᠯ᠎ᠠ ᠪᠠᠷ᠂ ᠦᠵᠡᠯ ᠰᠠᠨᠠᠭ᠎ᠠ ᠪᠠᠨ ᠨᠢᠭᠡᠳᠬᠡᠬᠦ ᠬᠢᠭᠡᠳ ᠦᠵᠡᠯ ᠰᠠᠨᠠᠭ᠎ᠠ ᠪᠠᠨ ᠴᠢᠯᠥᠭᠡᠯᠡᠬᠦ ᠶᠢ | ᠬᠠᠷᠢᠯᠴᠠᠨ ᠨᠢᠭᠡᠳᠬᠡᠬᠦ ᠶᠢ ᠪᠠᠷᠢᠮᠲᠠᠯᠠᠵᠤ᠂ ᠨᠢᠭᠡᠳᠦᠯᠲᠡᠢ ᠲᠥᠯᠥᠪᠵᠢᠭᠦᠯᠬᠦ ᠴᠢᠨᠠᠷ᠂ ᠬᠠᠨᠳᠤᠯᠭᠠᠲᠤ ᠴᠢᠨᠠᠷ᠂ ᠪᠣᠳᠠᠲᠤ | ᠪᠦᠲᠦᠮᠵᠢᠲᠦ ᠴᠢᠨᠠᠷ ᠢ ᠦᠨᠡᠨ ᠬᠦ ᠴᠢᠩᠭᠠᠳᠬᠠᠬᠤ ᠬᠡᠷᠡᠭᠲᠡᠢ᠃ ᠤᠬᠠᠭᠤᠯᠭ᠎ᠠ ᠶᠢᠨ ᠲᠠᠯ᠎ᠠ ᠪᠠᠷ᠂ ᠨᠢᠭᠡ ᠲᠠᠯ᠎ᠠ ᠪᠠᠷ | ᠬᠠᠮᠲᠤ ᠶᠢᠨ ᠲᠠᠨᠢᠯᠲᠠ ᠶᠢ ᠨᠢᠭᠲᠠᠷᠠᠭᠤᠯᠬᠤ ᠶᠢ ᠠᠳᠬᠤᠬᠤ ᠮᠥᠷᠲᠡᠭᠡᠨ ᠪᠠᠰᠠ ᠨᠢᠭᠡ ᠲᠠᠯ᠎ᠠ ᠪᠠᠷ ᠨᠡᠶᠢᠲᠡᠯᠢᠭ | ᠵᠢᠱᠢᠶ᠎ᠡ ᠶᠢ ᠪᠤᠶᠢᠵᠢᠭᠤᠯᠬᠤ᠂ ᠲᠤᠷᠰᠢᠯᠭ᠎ᠠ ᠪᠠᠨ ᠳ᠋ᠦᠩᠨᠡᠬᠦ ᠶᠢ ᠠᠳᠬᠤᠵᠤ᠂ ᠪᠦᠬᠦᠨ ᠢ ᠬᠠᠮᠤᠷᠬᠤ᠂ ᠭᠦᠨᠵᠡᠭᠡᠢ | ᠨᠥᠯᠥᠭᠡ ᠲᠠᠢ᠂ ᠥᠷᠭᠡᠨ ᠢᠶᠠᠷ ᠣᠷᠣᠯᠴᠠᠬᠤ ᠶᠢ ᠴᠢᠷᠮᠠᠶᠢᠨ ᠪᠡᠶᠡᠯᠡᠭᠦᠯᠬᠦ ᠬᠡᠷᠡᠭᠲᠡᠢ᠃ ᠲᠤᠭᠤᠰᠢᠯᠠᠭᠤᠯᠬᠤ ᠲᠠᠯ᠎ᠠ ᠪᠠᠷ᠂ | ᠦᠷ᠎ᠡ ᠳ᠋ᠦᠩ ᠢᠶᠠᠷ ᠦᠨᠡᠯᠡᠨ ᠮᠠᠭᠠᠳᠯᠠᠬᠤ᠂ ᠪᠣᠳᠠᠲᠤ ᠶᠠᠪᠤᠳᠠᠯ ᠢᠶᠠᠷ ᠶᠠᠷᠢᠶ᠎ᠠ ᠲᠠᠯᠪᠢᠬᠤ ᠶᠢ ᠪᠠᠷᠢᠮᠲᠠᠯᠠᠵᠤ᠂ | ᠡᠭᠦᠷᠭᠡ ᠶᠢᠨ ᠨᠠᠷᠢᠨ ᠳᠠᠩᠰᠠ ᠶᠢ ᠱᠠᠳᠤ ᠳᠠᠷᠠᠭᠠᠯᠠᠨ ᠡᠮᠬᠢᠯᠡᠵᠦ᠂ ᠠᠵᠢᠯ ᠤᠨ ᠬᠤᠪᠢᠶᠠᠷᠢᠯᠠᠯ ᠤᠨ ᠰᠠᠨᠠᠯ ᠢ | ᠲᠣᠳᠣᠷᠬᠠᠶᠢᠯᠠᠵᠤ᠂ ᠠᠵᠢᠯ ᠤᠨ ᠠᠬᠢᠴᠠ ᠶᠢ ᠮᠥᠷᠳᠡᠵᠦ᠂ ᠪᠠᠶᠢᠳᠠᠯ ᠢ ᠴᠠᠭ ᠲᠤᠬᠠᠢ ᠳᠤᠨᠢ ᠮᠡᠳᠡᠭᠦᠯᠵᠦ᠂ | ᠠᠵᠢᠯᠯᠠᠭ᠎ᠠ ᠨᠢ ᠲᠦᠷᠭᠡᠨ᠂ ᠠᠷᠭ᠎ᠠ ᠬᠡᠮᠵᠢᠶ᠎ᠡ ᠨᠢ ᠪᠣᠳᠠᠲᠠᠢ᠂ ᠦᠷ᠎ᠡ ᠪᠦᠲᠦᠮᠵᠢ ᠨᠢ ᠰᠠᠶᠢᠨ ᠪᠠᠶᠢᠬᠤ ᠶᠢ ᠡᠷᠡᠰ | ᠪᠡᠶᠡᠯᠡᠭᠦᠯᠬᠦ ᠬᠡᠷᠡᠭᠲᠡᠢ ᠭᠡᠵᠦ ᠵᠢᠭᠠᠵᠤ ᠭᠠᠷᠭᠠᠵᠠᠢ᠃ | ᠬᠤᠷᠠᠯ ᠠᠴᠠ᠂ ᠪᠥᠬᠦ ᠣᠷᠣᠨ ᠤ ᠤᠰᠤᠨ ᠠᠰᠢᠭᠯᠠᠯᠲᠠ ᠶᠢᠨ ᠰᠢᠰᠲ᠋ᠧᠮ ᠤᠨ ᠬᠢᠨ ᠬᠤᠶᠠᠷ ᠶᠡᠭᠡ ᠶᠠᠪᠤᠳᠠᠯ ᠢ | ᠰᠠᠶᠢᠲᠤᠷ ᠬᠢᠬᠦ ᠳᠤ ᠪᠠᠲᠤ ᠴᠢᠩᠭ᠎ᠠ ᠤᠰᠤᠨ ᠤ ᠠᠮᠤᠷ ᠲᠦᠪᠰᠢᠨ ᠤ ᠪᠠᠲᠤᠯᠠᠭ᠎ᠠ ᠬᠠᠩᠭᠠᠬᠤ ᠡᠭᠦᠷᠭᠡ | ᠬᠠᠷᠢᠭᠤᠴᠠᠯᠭ᠎ᠠ ᠶᠢᠨ ᠪᠠᠶᠢᠷᠢ ᠲᠣᠭᠲᠠᠭᠠᠯᠲᠠ ᠲᠠᠢ ᠨᠢᠭᠲᠠ ᠤᠶᠠᠯᠳᠤᠭᠤᠯᠤᠨ᠂ ᠵᠠᠬ᠎ᠠ ᠳᠡᠯᠭᠡᠭᠦᠷ ᠤᠨ ᠰᠡᠳᠬᠢᠬᠦᠶ ᠪᠠ | ᠨᠠᠷᠢᠯᠢᠭ ᠪᠤᠳᠤᠬᠤ ᠤᠬᠠᠮᠰᠠᠷ ᠢᠶᠠᠨ ᠦᠨᠡᠨ ᠬᠦ ᠴᠢᠩᠭᠠᠳᠬᠠᠵᠤ᠂ ᠤᠰᠤᠨ ᠠᠰᠢᠭᠯᠠᠯᠲᠠ ᠶᠢᠨ ᠥᠭᠡᠷᠡᠴᠢᠯᠡᠯᠲᠡ ᠶᠢᠨ | ᠭᠤᠤᠯᠳᠠᠯᠭ᠎ᠠ ᠲᠠᠢ ᠡᠭᠦᠷᠭᠡ ᠶᠢ ᠪᠣᠳᠠᠲᠠᠶ ᠳᠤ ᠨᠠᠶᠢᠳᠠᠪᠤᠷᠢᠵᠢᠭᠤᠯᠬᠤ ᠪᠠ ᠪᠠᠶᠢᠭᠤᠯᠤᠮᠵᠢ ᠲᠣᠭᠲᠠᠴᠠ ᠶᠢ | ᠪᠦᠷᠢᠨᠰᠢᠭᠦᠯᠦᠨ ᠲᠡᠭᠦᠯᠳᠡᠷᠵᠢᠭᠦᠯᠬᠦ ᠶᠢ ᠦᠷᠭᠦᠯᠵᠢᠯᠡᠨ ᠰᠠᠶᠢᠲᠤᠷ ᠠᠳᠬᠤᠬᠤ ᠬᠡᠷᠡᠭᠲᠡᠶ᠃ ᠤᠰᠤᠨ ᠠᠰᠢᠬᠯᠠᠯᠳᠠ ᠶᠢᠨ | ᠲᠤᠤᠷ ᠤᠨ ᠪᠠᠶᠢᠭᠤᠯᠤᠯᠳᠠ ᠶᠢ ᠲᠦᠷᠭᠡᠳᠭᠡᠵᠤ᠂ ᠤᠯᠠᠨ ᠡᠰᠢᠴᠢᠯᠡᠭᠰᠡᠨ ᠪᠡᠯᠡ ᠤᠷᠤᠭᠤᠯᠬᠤ ᠪᠡᠯᠡ ᠬᠤᠷᠠᠮᠳᠤᠭᠤᠯᠬᠤ | ᠠᠷᠭ᠎ᠠ ᠵᠠᠮ ᠢ ᠦᠷᠭᠡᠳᠭᠡᠵᠤ᠂ ᠴᠢᠬᠤᠯᠠ ᠶᠡᠭᠡ ᠤᠰᠤᠨ ᠠᠰᠢᠬᠯᠠᠯᠳᠠ ᠶᠢᠨ ᠢᠨᠵᠧᠨᠧᠷᠢᠩ ᠤᠨ ᠪᠦᠳᠦᠭᠡᠨ | ᠪᠠᠶᠢᠭᠤᠯᠤᠯᠳᠠ᠂ ᠠᠵᠢᠯᠯᠠᠭᠠᠨ᠂ ᠬᠠᠮᠢᠶᠠᠷᠤᠯᠳᠠ ᠶᠢᠨ ᠲᠤᠬᠳᠠᠴᠠ ᠶᠢ ᠪᠦᠷᠢᠨᠰᠢᠬᠦᠯᠵᠤ᠂ ᠮᠦᠩᠬᠦᠨ ᠬᠦᠢᠯᠭᠡᠭᠡᠨ ᠢᠶᠠᠷ | ᠤᠰᠤᠨ ᠠᠰᠢᠬᠯᠠᠯᠳᠠ ᠶᠢ ᠳᠡᠮᠵᠢᠬᠦ᠂ ᠨᠡᠶᠢᠭᠡᠮ ᠤᠨ ᠬᠦᠷᠦᠩᠬᠡ ᠶᠢ ᠲᠦᠷᠢᠮᠵᠢᠬᠦᠯᠦᠨ ᠬᠦᠳᠦᠯᠦᠨ ᠵᠢᠯᠣᠭᠤᠳᠴᠤ | ᠪᠠᠶᠢᠭᠠᠳ ᠤᠰᠤᠨ ᠠᠰᠢᠬᠯᠠᠯᠳᠠ ᠶᠢᠨ ᠪᠦᠳᠦᠭᠡᠨ ᠪᠠᠶᠢᠭᠤᠯᠤᠯᠳᠠ ᠡᠵᠡᠩᠨᠡᠯᠳᠡ ᠳᠤ ᠤᠷᠤᠯᠴᠠᠭᠤᠯᠬᠤ ᠵᠡᠷᠭᠡ | ᠲᠦᠷᠦ ᠶᠢᠨ ᠪᠤᠳᠤᠯᠭ᠎ᠠ ᠶᠢ ᠦᠷᠬᠦᠯᠵᠢᠯᠡᠨ ᠲᠡᠬᠦᠯᠳᠡᠷᠵᠢᠬᠦᠯᠵᠤ᠂ ᠴᠢᠨᠠᠷ ᠰᠠᠶᠢᠳᠠᠢ ᠬᠦᠭᠵᠢᠯᠳᠠ ᠳᠤ ᠵᠤᠬᠢᠴᠠᠬᠤ | ᠠᠵᠤ ᠠᠬᠤᠢ ᠶᠢᠨ ᠪᠠᠶᠢᠷᠢᠰᠢᠭᠤᠯᠤᠯᠳᠠ ᠶᠢ ᠪᠠᠶᠢᠭᠤᠯᠬᠤ ᠳᠤ ᠤᠰᠤᠨ ᠠᠰᠢᠬᠯᠠᠯᠳᠠ ᠶᠢᠨ ᠲᠤᠯᠭᠠᠭᠤᠷᠢᠯᠠᠯ ᠬᠠᠩᠭᠠᠬᠤ | ᠭᠡᠷᠡᠭᠳᠠᠢ᠃ ︽ᠤᠰᠤ ᠪᠠᠷ ᠲᠦᠷᠪᠡ ᠶᠢ ᠲᠣᠭᠲᠠᠭᠠᠬᠤ︾ ᠵᠠᠷᠴᠢᠮ ᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ | ᠤᠰᠤᠨ ᠤ ᠡᠬᠢ ᠪᠠᠶᠠᠯᠢᠭ ᠤᠨ ᠬᠠᠲᠠᠭᠤ ᠬᠢᠵᠠᠭᠠᠷᠯᠠᠯ ᠢ ᠴᠢᠩᠭᠠᠳᠬᠠᠵᠤ᠂ ᠦᠵᠡᠯᠲᠡ᠂ ᠤᠬᠠᠮᠰᠠᠷ᠂ ᠲᠦᠷᠦ ᠶᠢᠨ | ᠪᠤᠳᠤᠯᠭ᠎ᠠ᠂ ᠠᠷᠭ᠎ᠠ ᠬᠡᠮᠵᠢᠶ᠎ᠡ ᠵᠡᠷᠭᠡ ᠡᠯ᠎ᠡ ᠲᠠᠯ᠎ᠠ ᠠᠴᠠ ᠲᠣᠭᠲᠠᠴᠠ ᠶᠢ ᠬᠦᠴᠦᠯᠡᠨ ᠲᠡᠭᠦᠯᠳᠡᠷᠵᠢᠭᠦᠯᠵᠦ᠂ | ᠰᠠᠭᠤᠷᠢ ᠶᠢ ᠪᠠᠬᠢᠵᠢᠭᠦᠯᠵᠦ᠂ ᠳᠤᠲᠠᠭᠤᠳᠠᠯ ᠢ ᠨᠥᠬᠦᠪᠥᠷᠢᠯᠡᠬᠦ ᠪᠠᠷ ᠬᠦᠴᠦᠯᠡᠵᠦ᠂ ᠤᠰᠤ ᠶᠢ ᠬᠠᠮᠢᠶᠠᠷᠴᠤ ᠤᠰᠤ ᠶᠢ | ᠵᠠᠰᠠᠬᠤ ᠪᠠᠶᠢᠭᠤᠯᠤᠮᠵᠢ ᠲᠣᠭᠲᠠᠴᠠ ᠶᠢᠨ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠪᠠᠷ ᠤᠰᠤᠨ ᠤ ᠡᠬᠢ | ᠪᠠᠶᠠᠯᠢᠭ ᠢ ᠨᠠᠷᠢᠨ ᠨᠢᠮᠪᠠᠢ ᠪᠤᠳᠤᠵᠤ ᠰᠠᠶᠢᠲᠤᠷ ᠬᠡᠷᠡᠭᠯᠡᠵᠦ᠂ ᠤᠰᠤᠨ ᠤ ᠡᠬᠢ ᠪᠠᠶᠠᠯᠢᠭ ᠢ ᠴᠢᠩᠭ᠎ᠠ ᠨᠢᠮᠪᠠᠢ ᠰᠠᠶᠢᠲᠤᠷ | ᠬᠠᠮᠢᠶᠠᠷᠴᠤ᠂ ᠡᠷᠴᠢᠮᠵᠢᠭᠦᠯᠦᠨ ᠤᠰᠤ ᠬᠡᠷᠡᠭᠯᠡᠬᠦ ᠪᠣᠳᠠᠲᠤ ᠦᠷ᠎ᠡ ᠪᠦᠲᠦᠮᠵᠢ ᠶᠢ ᠥᠷᠭᠡᠳᠬᠡᠵᠦ᠂ ᠴᠢᠨᠠᠷ ᠰᠠᠶᠢᠲᠠᠢ | ᠬᠥᠭᠵᠢᠯᠲᠡ ᠶᠢᠨ ᠣᠷᠣᠨ ᠵᠠᠢ ᠪᠣᠯᠤᠨ ᠲᠦᠪᠰᠢᠨ ᠢ ᠳᠡᠭᠡᠭᠰᠢᠯᠡᠭᠦᠯᠬᠦ ᠬᠡᠷᠡᠭᠲᠡᠢ᠃ ᠤᠰᠤ ᠲᠠᠲᠠᠬᠤ ᠬᠦᠷᠢᠶ᠎ᠡ | ᠴᠠᠷᠠᠭ᠎ᠠ ᠳᠠᠬᠢ ᠢᠲᠡᠭᠡᠮᠵᠢ ᠶᠢᠨ ᠦᠨᠡᠯᠡᠯᠲᠡ ᠶᠢ ᠶᠡᠬᠡᠪᠡᠷ ᠥᠷᠨᠢᠭᠦᠯᠵᠦ᠂ ᠠᠵᠢᠯ ᠲᠥᠷᠥᠯ ᠤᠨ ᠪᠣᠳᠠᠲᠤ ᠪᠠᠶᠢᠳᠠᠯ ᠳᠤ | ᠰᠠᠭᠤᠷᠢᠯᠠᠨ ᠵᠣᠷᠢᠭᠲᠠᠶ ᠪᠠᠷ ᠬᠢᠬᠦ᠂ ᠵᠣᠷᠢᠭᠲᠠᠶ ᠪᠠᠷ ᠰᠢᠨ᠎ᠡ ᠶᠢ ᠡᠭᠦᠳᠴᠦ᠂ ᠵᠣᠷᠢᠭᠲᠠᠶ ᠪᠠᠷ ᠲᠤᠷᠰᠢᠵᠤ᠂ ᠤᠰᠤ | ᠲᠠᠲᠠᠵᠤ ᠬᠡᠷᠡᠭᠯᠡᠬᠦ ᠬᠦᠷᠢᠶ᠎ᠡ ᠴᠠᠷᠠᠭ᠎ᠠ ᠳᠠᠬᠢ ᠢᠲᠡᠭᠡᠮᠵᠢ ᠲᠠᠢ ᠪᠠᠶᠢᠬᠤ ᠶᠢ ᠤᠷᠮᠠᠰᠢᠭᠤᠯᠬᠤ ᠪᠠ ᠢᠲᠡᠭᠡᠮᠵᠢ | ᠠᠯᠳᠠᠭᠰᠠᠳ ᠢ ᠵᠠᠯᠬᠠᠭᠠᠨ ᠴᠡᠭᠡᠷᠯᠡᠭᠦᠯᠬᠦ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ ᠤᠰᠤᠨ ᠤ ᠡᠬᠢ | ᠪᠠᠶᠠᠯᠢᠭ ᠢ ᠨᠡᠭᠡᠭᠡᠨ ᠠᠰᠢᠭᠯᠠᠬᠤ ᠡᠮᠬᠢ ᠳᠢᠭᠯᠢᠮ ᠢ ᠵᠢᠷᠤᠮᠵᠢᠭᠤᠯᠵᠤ᠂ ᠤᠰᠤᠨ ᠤ ᠵᠠᠰᠠᠯᠲᠠ ᠶᠢᠨ ᠴᠢᠳᠠᠪᠤᠷᠢ ᠶᠢ ᠪᠥᠬᠦ | ᠲᠠᠯ᠎ᠠ ᠪᠠᠷ ᠳᠡᠭᠡᠭᠰᠢᠯᠡᠭᠦᠯᠬᠦ ᠬᠡᠷᠡᠭᠲᠡᠶ᠃ ᠲᠠᠷᠢᠶᠠᠯᠠᠩ ᠤᠨ ᠤᠰᠤᠨ ᠤ ᠦᠨ᠎ᠡ ᠶᠢᠨ ᠶᠡᠷᠦᠩᠬᠡᠶᠢᠯᠡᠭᠰᠡᠨ | ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ︽ᠭᠤᠷᠪᠠᠨ ᠠᠰᠢᠭᠲᠠᠶ︾ ᠪᠠ ︽ᠳᠥᠷᠪᠡᠨ ᠵᠠᠷᠴᠢᠮ︾ | ᠤᠨ ᠬᠠᠷᠠᠯᠲᠠ ᠶᠢ ᠭᠦᠢᠴᠡᠳ ᠡᠵᠡᠮᠳᠡᠵᠦ᠂ ᠤᠰᠤᠨ ᠤ ᠦᠨ᠎ᠡ ᠶᠢᠨ ᠪᠦᠷᠢᠯᠳᠦᠯ᠂ ᠤᠰᠤ ᠬᠡᠷᠡᠭᠯᠡᠬᠦ ᠬᠠᠮᠢᠶᠠᠷᠤᠯᠲᠠ᠂ | ᠨᠠᠷᠢᠯᠢᠭ ᠣᠨᠣᠴᠠᠲᠠᠶ ᠪᠠᠷ ᠨᠥᠬᠦᠪᠥᠷᠢ ᠥᠭᠬᠦ ᠪᠠ ᠤᠰᠤ ᠠᠷᠪᠢᠯᠠᠬᠤ ᠱᠠᠩᠨᠠᠯ᠂ ᠢᠨᠵᠧᠨᠧᠷᠢᠩ ᠤᠨ ᠪᠥᠲᠥᠭᠡᠨ | ᠪᠠᠶᠢᠭᠤᠯᠤᠯᠲᠠ ᠪᠠ ᠬᠠᠮᠢᠶᠠᠷᠤᠯᠲᠠ ᠬᠠᠮᠠᠭᠠᠯᠠᠯᠲᠠ ᠵᠡᠷᠭᠡ ᠳᠥᠷᠪᠡᠨ ᠵᠦᠢᠯ ᠤᠨ ᠲᠣᠭᠲᠠᠴᠠ ᠶᠢ ᠲᠠᠰᠤᠷᠠᠯᠲᠠ ᠥᠬᠡᠶ | ᠲᠡᠭᠦᠯᠳᠡᠷᠵᠢᠭᠦᠯᠵᠦ᠂ ᠤᠰᠤᠨ ᠠᠰᠢᠭᠯᠠᠯᠲᠠ ᠶᠢᠨ ᠣᠯᠠᠨ ᠨᠡᠶᠢᠲᠡ ᠶᠢᠨ ᠦᠢᠯᠡᠴᠢᠯᠡᠭᠡᠨ ᠤ ᠬᠢᠷᠢ ᠲᠦᠪᠰᠢᠨ ᠢ | ᠳᠡᠭᠡᠭᠰᠢᠯᠡᠭᠦᠯᠬᠦ ᠬᠡᠷᠡᠭᠲᠡᠶ ᠭᠡᠵᠦ ᠴᠢᠬᠤᠯᠠᠴᠢᠯᠠᠵᠠᠢ᠃ | ᠬᠤᠷᠠᠯ ᠠᠴᠠ᠂ ᠪᠥᠬᠦ ᠣᠷᠣᠨ ᠤ ᠤᠰᠤᠨ ᠠᠰᠢᠭᠯᠠᠯᠲᠠ ᠶᠢᠨ ᠰᠢᠰᠲ᠋ᠧᠮ ᠤᠨ ᠬᠢᠨ ᠳᠤᠮᠳᠠᠳᠤ ᠶᠢᠨ | ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠠᠵᠢᠯ ᠤᠨ ᠭᠤᠤᠯ ᠰᠢᠵᠢᠮ | ᠪᠣᠯᠭᠠᠬᠤ ᠶᠢ ᠪᠠᠷᠢᠮᠲᠠᠯᠠᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠷᠢᠯᠠᠭᠤᠯᠤᠯᠲᠠ | ᠱᠠᠭᠠᠷᠳᠠᠯᠭ᠎ᠠ ᠲᠠᠢ ᠨᠠᠷᠢᠨ ᠬᠢᠨᠠᠮᠠᠭᠠᠶ ᠬᠠᠷᠭᠤᠭᠤᠯᠵᠤ᠂ ᠠᠵᠢᠯ ᠢᠶᠠᠨ ᠨᠢᠭᠡᠳ ᠨᠢᠭᠡ ᠪᠠᠷ ᠨᠠᠶᠢᠳᠠᠪᠤᠷᠢᠵᠢᠭᠤᠯᠵᠤ᠂ | ᠠᠵᠢᠯ ᠤᠨ ᠭᠤᠤᠯ ᠱᠤᠭᠤᠮ ᠤᠨ ︽ᠬᠤᠭᠤᠰᠣᠨ᠂ ᠪᠦᠳᠦᠭᠦᠯᠢᠭ᠂ ᠶᠡᠷᠦᠮᠳᠡᠭ︾ ᠠᠰᠠᠭᠤᠳᠠᠯ ᠢ ᠬᠦᠴᠦᠯᠡᠨ | ᠰᠠᠶᠢᠲᠤᠷ ᠰᠢᠢᠳᠪᠦᠷᠢᠯᠡᠬᠦ ᠬᠡᠷᠡᠭᠲᠡᠶ᠃ ᠪᠠᠶᠢᠷᠢᠯᠠᠭᠤᠯᠤᠨ ᠨᠠᠶᠢᠳᠠᠪᠤᠷᠢᠵᠢᠭᠤᠯᠬᠤ ᠳᠡᠭᠡᠷ᠎ᠡ ᠨᠠᠩ ᠶᠡᠭᠡ ᠬᠦᠴᠦ | ᠣᠷᠣᠭᠤᠯᠵᠤ᠂ ᠤᠯᠤᠰ ᠲᠥᠷᠥ ᠶᠢᠨ ᠤᠬᠠᠮᠰᠠᠷ ᠢᠶᠠᠨ ᠴᠢᠩᠭᠠᠳᠬᠠᠨ᠂ ᠠᠵᠢᠯ ᠢᠶᠠᠨ ᠨᠢᠭᠡᠳᠦᠯᠲᠡᠶ ᠲᠥᠯᠥᠪᠯᠡᠬᠦ ᠶᠢ | ᠴᠢᠩᠭᠠᠳᠬᠠᠵᠤ᠂ ᠨᠠᠮ ᠤᠨ ᠦᠨᠳᠦᠰᠦᠲᠡᠨ ᠤ ᠠᠵᠢᠯ ᠳᠠᠬᠢ ᠪᠥᠬᠦ ᠲᠠᠯ᠎ᠠ ᠶᠢᠨ ᠤᠳᠤᠷᠢᠳᠤᠯᠭ᠎ᠠ ᠶᠢ ᠪᠠᠷᠢᠮᠲᠠᠯᠠᠨ | ᠲᠡᠭᠦᠯᠳᠡᠷᠵᠢᠭᠦᠯᠵᠦ᠂ ᠲᠦᠷᠢᠮ ᠲᠣᠭᠲᠠᠴᠠ ᠶᠢ ᠲᠠᠰᠤᠷᠠᠯᠲᠠ ᠥᠬᠡᠶ ᠪᠦᠷᠢᠨᠰᠢᠬᠦᠯᠤᠨ᠂ ᠠᠵᠢᠯ ᠤᠨ ᠱᠠᠭᠠᠷᠳᠠᠯᠭ᠎ᠠ ᠶᠢ | ᠲᠣᠳᠣᠷᠬᠠᠶᠢᠯᠠᠵᠤ᠂ ᠰᠠᠬᠢᠯᠭ᠎ᠠ ᠪᠠᠲᠤ ᠶᠢ ᠴᠢᠩᠳᠠᠯᠠᠨ᠂ ᠬᠢᠨᠠᠯᠲᠠ ᠶᠢ ᠴᠢᠩᠭᠠᠳᠬᠠᠵᠤ᠂ ᠬᠠᠷᠢᠭᠤᠴᠠᠯᠭ᠎ᠠ ᠶᠢ | ᠪᠣᠳᠠᠲᠠᠶ ᠳᠤ ᠨᠠᠶᠢᠳᠠᠪᠤᠷᠢᠵᠢᠭᠤᠯᠵᠤ᠂ ᠳᠠᠷᠤᠯᠲᠠ ᠶᠢ ᠪᠣᠳᠠᠲᠠᠶᠢᠵᠢᠭᠤᠯᠬᠤ ᠶᠢ ᠪᠠᠲᠤᠯᠠᠬᠤ ᠬᠡᠷᠡᠭᠲᠡᠶ᠃ | ᠠᠭᠤᠰᠤᠯᠴᠠᠬᠤ ᠲᠠᠢ ᠤᠶᠠᠯᠳᠤᠭᠤᠯᠤᠨ ᠨᠡᠩ ᠶᠡᠭᠡ ᠬᠦᠴᠦ ᠣᠷᠣᠭᠤᠯᠵᠤ᠂ ᠰᠠᠬᠢᠨ ᠪᠠᠷᠠᠯᠠᠵᠤ ᠬᠠᠷᠢᠯᠴᠠᠨ | ᠬᠠᠪᠰᠤᠷᠤᠯᠴᠠᠬᠤ ᠣᠶᠢᠯᠠᠭᠠᠭᠳᠠᠬᠤᠨ ᠤ ᠡᠯᠪᠡᠭ ᠪᠠᠶᠠᠯᠢᠭ ᠠᠭᠤᠯᠭ᠎ᠠ ᠶᠢ ᠭᠦᠨᠵᠡᠭᠡᠢ ᠠᠭᠤᠳᠠᠯᠵᠤ᠂ ᠣᠯᠠᠨ ᠲᠦᠮᠡᠨ ᠤ | ᠳᠡᠷᠭᠡᠳᠡᠬᠢ ᠲᠥᠷᠥᠭᠳᠡᠯ ᠲᠠᠢ ᠦᠭᠡ ᠬᠡᠯᠡ ᠪᠠᠷ ᠤᠯᠠᠨ ᠲᠦᠮᠡᠨ ᠤ ᠰᠣᠨᠣᠰᠴᠤ ᠣᠶᠢᠯᠠᠭᠠᠬᠤ ᠦᠭᠡ ᠬᠡᠯᠡ ᠪᠠᠷ | ᠤᠰᠤᠨ ᠤ ᠠᠮᠤᠷ ᠲᠦᠪᠰᠢᠨ ᠤ ᠠᠰᠠᠭᠤᠳᠠᠯ ᠢ ᠰᠢᠢᠳᠪᠦᠷᠢᠯᠡᠬᠦ ᠶᠢ ᠠᠬᠢᠭᠤᠯᠬᠤ ᠳᠤᠮᠳᠠ ︽ᠤᠰᠤ ᠶᠢ ᠨᠢ | ᠤᠤᠭᠤᠪᠠᠯ ᠡᠬᠢ ᠶᠢ ᠨᠢ ᠪᠤᠳᠤᠵᠤ᠂ ᠨᠠᠮ ᠤᠨ ᠠᠴᠢ ᠶᠢ ᠰᠠᠨᠠᠭᠠᠯᠵᠠᠬᠤ︾᠂ ︽ᠨᠢᠭᠡ ᠮᠥᠷᠡᠨ ᠤ ᠤᠰᠤ ᠶᠢ | ᠬᠠᠮᠲᠤᠪᠠᠷ ᠤᠤᠭᠤᠵᠤ᠂ ᠦᠨᠳᠦᠰᠦᠲᠡᠨ ᠨᠦᠭᠦᠳ ᠨᠢᠭᠡ ᠭᠡᠷ ᠪᠦᠯᠢ ᠰᠢᠭ ᠳᠤᠲᠤᠨᠤ︾᠂ ︽ᠠᠮᠢ ᠨᠠᠰᠦ ᠶᠢ | ᠳᠡᠭᠡᠳᠦᠯᠡᠵᠦ᠂ ᠰᠠᠬᠢᠨ ᠪᠠᠷᠠᠯᠠᠵᠤ ᠬᠠᠷᠢᠯᠴᠠᠨ ᠬᠠᠪᠰᠤᠷᠠᠯᠴᠠᠬᠤ︾᠂ ︽ᠬᠠᠮᠲᠤ ᠪᠠᠷ ᠵᠠᠰᠠᠵᠤ ᠬᠠᠮᠲᠤ ᠪᠠᠷ | ᠬᠠᠮᠢᠶᠠᠷᠬᠤ᠂ ᠬᠠᠮᠲᠤ ᠪᠠᠷ ᠪᠠᠶᠢᠭᠤᠯᠵᠤ ᠬᠠᠮᠲᠤ ᠪᠠᠷ ᠡᠳ᠋ᠯᠡᠬᠦ︾ ᠠᠵᠢᠯ ᠲᠦᠷᠦᠯ ᠤᠨ ᠤᠢᠢᠯᠠᠭᠠᠭᠳᠠᠬᠤᠨ ᠢ ᠰᠠᠶᠢᠲᠤᠷ | ᠤᠬᠠᠭᠤᠯᠵᠤ᠂ ᠪᠣᠳᠠᠲᠠᠢ ᠠᠵᠢᠯ ᠤᠨ ᠳᠤᠮᠳᠠ ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠪᠦᠬᠦ ᠲᠠᠯ᠎ᠠ ᠪᠠᠷ | ᠪᠦᠳᠦᠭᠡᠨ ᠪᠠᠶᠢᠭᠤᠯᠬᠤ ᠡᠭᠦᠷᠭᠡ ᠶᠢ ᠨᠠᠷᠢᠨ ᠨᠢᠮᠪᠠᠢ ᠨᠠᠶᠢᠳᠠᠪᠤᠷᠢᠵᠢᠭᠤᠯᠵᠤ᠂ ᠳᠤᠮᠳᠠᠳᠤ ᠶᠢᠨ ᠦᠨᠳᠦᠰᠦᠲᠡᠨ ᠤ | ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠬᠤ ᠬᠡᠷᠡᠭᠲᠡᠢ᠃ ᠰᠣᠶᠣᠯ ᠤᠨ ᠪᠠᠶᠢᠭᠤᠯᠤᠯᠲᠠ ᠶᠢᠨ | ᠲᠠᠯ᠎ᠠ ᠪᠠᠷ ᠨᠡᠩ ᠶᠡᠭᠡ ᠬᠦᠴᠦ ᠣᠷᠣᠭᠤᠯᠵᠤ᠂ ᠤᠰᠤᠨ ᠤ ᠰᠣᠶᠣᠯ ᠬᠢᠭᠡᠳ ᠤᠰᠤᠨ ᠠᠰᠢᠭᠯᠠᠯᠲᠠ ᠶᠢᠨ | ᠢᠨᠵᠧᠨᠧᠷᠢᠩ ᠢ ᠠᠭᠤᠰᠤᠯᠴᠠᠭᠤᠯᠬᠤ᠂ ᠤᠰᠤᠨ ᠠᠰᠢᠭᠯᠠᠯᠲᠠ ᠶᠢᠨ ᠥᠪ ᠢ ᠬᠠᠮᠠᠭᠠᠯᠠᠨ ᠠᠰᠢᠭᠯᠠᠬᠤ ᠶᠢ ᠠᠬᠢᠭᠤᠯᠬᠤ᠂ | ᠤᠰᠤᠨ ᠤ ᠰᠣᠶᠣᠯ ᠤᠨ ᠰᠤᠳᠤᠯᠭᠠᠨ ᠢ ᠭᠦᠨᠵᠡᠭᠡᠶᠢᠷᠡᠭᠦᠯᠬᠦ᠂ ᠤᠰᠤᠨ ᠤ ᠰᠣᠶᠣᠯ ᠤᠨ ᠨᠥᠯᠥᠭᠡᠯᠡᠬᠦ ᠬᠦᠴᠦᠨ ᠢ | ᠥᠷᠭᠡᠳᠬᠡᠬᠦ ᠵᠡᠷᠭᠡ ᠲᠠᠯ᠎ᠠ ᠪᠠᠷ ᠰᠠᠨᠠᠭᠠᠴᠢᠯᠠᠭ᠎ᠠ ᠠᠴᠠ ᠪᠠᠨ ᠰᠡᠳᠬᠢᠵᠦ᠂ ᠰᠠᠨᠠᠭᠠᠴᠢᠯᠠᠭ᠎ᠠ ᠠᠴᠠ ᠪᠠᠨ ᠠᠵᠢᠯᠯᠠᠵᠤ᠂ | ᠤᠰᠤᠨ ᠤ ᠰᠣᠶᠣᠯ ᠤᠨ ᠪᠠᠶᠢᠭᠤᠯᠤᠯᠲᠠ ᠶᠢᠨ ᠪᠣᠳᠠᠲᠤ ᠦᠷ᠎ᠡ ᠪᠦᠲᠦᠮᠵᠢ ᠪᠠᠷ ︽ᠤᠮᠠᠷᠠᠲᠤ ᠬᠢᠯᠢ ᠶᠢᠨ ᠰᠣᠶᠣᠯ︾ | ᠤᠨ ᠴᠡᠴᠡᠭᠯᠡᠯᠲᠡ ᠬᠥᠭᠵᠢᠯᠲᠡ ᠳᠤ ᠬᠦᠴᠦᠨ ᠴᠢᠳᠠᠯ ᠢᠶᠠᠨ ᠡᠷᠭᠦᠬᠦ ᠬᠡᠷᠡᠭᠲᠡᠶ ᠭᠡᠵᠡᠢ ᠴᠢᠬᠤᠯᠠᠴᠢᠯᠠᠵᠠᠢ᠃ | ᠬᠤᠷᠠᠯ ᠠᠴᠠ ᠪᠠᠰᠠ ᠣᠳᠣᠬᠠᠨ ᠤ ᠤᠰᠤ ᠭᠠᠩ ᠤᠨ ᠭᠠᠮᠰᠢᠭ ᠢ ᠰᠡᠷᠭᠡᠶᠢᠯᠡᠬᠦ᠂ ᠤᠰᠤᠨ ᠠᠰᠢᠭᠯᠠᠯᠲᠠ ᠶᠢᠨ | ᠠᠶᠤᠯᠭᠦᠢ ᠦᠢᠯᠡᠳᠪᠦᠷᠢᠯᠡᠯ ᠵᠡᠷᠭᠡ ᠭᠤᠣᠯᠳᠠᠯᠭ᠎ᠠ ᠲᠠᠢ ᠠᠵᠢᠯ ᠢ ᠲᠤᠬᠢᠷᠠᠭᠤᠯᠤᠨ ᠪᠠᠶᠢᠷᠢᠯᠠᠭᠤᠯᠵᠠᠢ᠃ | ᠲᠢᠩᠬᠢᠮ ᠤᠨ ᠤᠳᠤᠷᠢᠳᠤᠯᠭ᠎ᠠ᠂ ᠲᠢᠩᠬᠢᠮ ᠤᠨ ᠪᠠᠶᠢᠭᠤᠯᠭ᠎ᠠ ᠶᠢᠨ ᠪᠥᠬᠦ ᠠᠵᠢᠯᠲᠠᠨ᠂ ᠬᠥᠬᠡᠬᠤᠲᠠ ᠳᠤ | ᠰᠠᠭᠤᠭ᠎ᠠ ᠲᠢᠩᠬᠢᠮ ᠤᠨ ᠬᠠᠷᠢᠶ᠎ᠠ ᠨᠢᠭᠡᠴᠢ ᠶᠢᠨ ᠤᠳᠤᠷᠢᠳᠬᠤ ᠪᠠᠭ ᠤᠨ ᠭᠡᠰᠢᠭᠦᠨ ᠪᠠ ᠤᠰᠤᠨ ᠠᠰᠢᠭᠯᠠᠯᠲᠠ ᠶᠢᠨ | ᠦᠢᠯᠡᠰ ᠤᠨ ᠬᠥᠭᠵᠢᠯᠲᠡ ᠶᠢᠨ ᠲᠥᠪ᠂ ᠤᠰᠤᠨ ᠰᠢᠨᠵᠢᠯᠡᠭᠡᠨ ᠤᠰᠤᠨ ᠤ ᠡᠬᠢ ᠰᠤᠷᠪᠤᠯᠵᠢ ᠶᠢᠨ ᠲᠥᠪ ᠤᠨ | ᠭᠠᠵᠠᠷ ᠤᠨ ᠲᠠᠰ ᠠᠴᠠ ᠳᠡᠭᠡᠭᠰᠢᠬᠢ ᠺᠠᠳ᠋ᠷ ᠬᠤᠷᠠᠯ ᠳᠤ ᠣᠷᠣᠯᠴᠠᠪᠠ᠃ | |