ᠨᠢᠭᠡ ᠬᠠᠭᠤᠳᠠᠰᠤ ᠵᠢᠷᠤᠭ ᠠᠴᠠ ᠰᠢᠨ᠎ᠡ ᠬᠡᠯᠪᠡᠷᠢ ᠶᠢᠨ ᠬᠤᠲᠠ ᠪᠠᠯᠭᠠᠰᠤᠵᠢᠯᠲᠠ ᠶᠢᠨ ᠪᠠᠶᠢᠯᠳᠤᠬᠤ | ᠪᠣᠳᠣᠯᠭ᠎ᠠ ᠶᠢᠨ ᠲᠠᠪᠤᠨ ᠵᠢᠯ ᠤᠨ ᠠᠵᠢᠯᠯᠠᠭᠠᠨ ᠤ ᠲᠥᠯᠥᠪᠯᠡᠭᠡ ᠂ 4 ᠵᠦᠢᠯ ᠤᠨ ᠴᠢᠬᠤᠯᠠ ᠶᠡᠭᠡ ᠠᠵᠢᠯᠯᠠᠭ᠎ᠠ ᠂ 19 | ᠵᠦᠢᠯ ᠤᠨ ᠭᠤᠤᠯᠳᠠᠯᠭ᠎ᠠ ᠲᠠᠢ ᠡᠭᠦᠷᠭᠡ ᠶᠢ ᠣᠶᠢᠯᠠᠭᠠᠬᠤᠢ︕ | ᠲᠥᠷᠥ ᠶᠢᠨ ᠶᠠᠪᠤᠳᠠᠯ ᠤᠨ ᠬᠤᠷᠢᠶ᠎ᠠ ︽ᠬᠥᠮᠦᠨ ᠢᠶᠠᠷ ᠦᠨᠳᠦᠰᠦ ᠪᠣᠯᠭᠠᠭᠰᠠᠨ ᠰᠢᠨ᠎ᠡ ᠬᠡᠯᠪᠡᠷᠢ ᠶᠢᠨ ᠬᠤᠲᠠ | ᠪᠠᠯᠭᠠᠰᠤᠵᠢᠯᠲᠠ ᠶᠢᠨ ᠪᠠᠶᠢᠯᠳᠤᠬᠤ ᠪᠣᠳᠣᠯᠭ᠎ᠠ ᠶᠢ ᠭᠦᠨᠵᠡᠭᠡᠶ ᠬᠡᠷᠡᠭᠵᠢᠭᠦᠯᠬᠦ ᠲᠠᠪᠤᠨ ᠵᠢᠯ ᠤᠨ ᠠᠵᠢᠯᠯᠠᠭᠠᠨ ᠤ | ᠲᠥᠯᠥᠪᠯᠡᠭᠡ︾ ᠶᠢ ᠳᠠᠷᠤᠮᠠᠯᠯᠠᠨ ᠲᠠᠷᠬᠠᠭᠠᠵᠤ ᠂ ᠲᠠᠷᠢᠶᠠᠯᠠᠩ ᠠᠴᠠ ᠰᠢᠯᠵᠢᠭᠰᠡᠨ ᠬᠥᠮᠦᠨ ᠠᠮᠠ ᠶᠢ ᠬᠤᠲᠠ ᠶᠢᠨ | ᠠᠷᠠᠳ ᠪᠣᠯᠭᠠᠬᠤ ᠶᠢ ᠠᠬᠢᠭᠤᠯᠬᠤ ᠠᠵᠢᠯ ᠢ ᠰᠢᠨ᠎ᠡ ᠬᠡᠯᠪᠡᠷᠢ ᠶᠢᠨ ᠬᠤᠲᠠ ᠪᠠᠯᠭᠠᠰᠤᠵᠢᠯᠲᠠ ᠶᠢᠨ ᠲᠡᠷᠢᠭᠦᠨ ᠴᠢᠬᠤᠯᠠ | ᠡᠭᠦᠷᠭᠡ ᠪᠠᠨ ᠪᠣᠯᠭᠠᠵᠤ ᠂ ᠠᠷᠠᠳ ᠲᠦᠮᠡᠨ ᠤ ᠬᠤᠲᠠ ᠶᠢ ᠠᠷᠠᠳ ᠲᠦᠮᠡᠨ ᠥᠪᠡᠷᠲᠡᠭᠡᠨ ᠪᠠᠶᠢᠭᠤᠯᠬᠤ ᠂ ᠠᠷᠠᠳ | ᠲᠦᠮᠡᠨ ᠤ ᠬᠤᠲᠠ ᠨᠢ ᠠᠷᠠᠳ ᠲᠦᠮᠡᠨ ᠳᠤ ᠪᠠᠨ ᠦᠢᠯᠡᠴᠢᠯᠡᠬᠦ ᠶᠢ ᠪᠠᠷᠢᠮᠲᠠᠯᠠᠨ᠎ᠠ ᠃ ︽ᠠᠵᠢᠯᠯᠠᠭᠠᠨ ᠤ | ᠲᠥᠯᠥᠪᠯᠡᠭᠡ︾ ᠳᠤ 4 ᠵᠦᠢᠯ ᠤᠨ ᠴᠢᠬᠤᠯᠠ ᠶᠡᠭᠡ ᠠᠵᠢᠯᠯᠠᠭ᠎ᠠ ᠂ 19 ᠵᠦᠢᠯ ᠤᠨ ᠭᠤᠣᠯᠳᠠᠯᠭ᠎ᠠ ᠲᠠᠢ ᠡᠭᠦᠷᠭᠡ ᠶᠢ | ᠳᠤᠷᠠᠳᠤᠨ ᠭᠠᠷᠭᠠᠪᠠ ᠃ | 1.ᠰᠢᠨ᠎ᠡ ᠨᠢᠭᠡ ᠡᠭᠡᠯᠵᠢ ᠶᠢᠨ ᠲᠠᠷᠢᠶᠠᠯᠠᠩ ᠠᠴᠠ ᠰᠢᠯᠵᠢᠭᠰᠡᠨ ᠬᠥᠮᠥᠨ ᠠᠮᠠ ᠶᠢ ᠬᠤᠲᠠ ᠶᠢᠨ ᠠᠷᠠᠳ | ᠪᠣᠯᠭᠠᠬᠤ ᠠᠵᠢᠯᠯᠠᠭ᠎ᠠ ᠶᠢ ᠬᠡᠷᠡᠭᠵᠢᠭᠦᠯᠦᠨ᠎ᠡ | ᠬᠦᠭᠵᠢᠯᠲᠡ ᠶᠢᠨ ᠴᠢᠭᠯᠡᠯ | ᠭᠤᠣᠯᠳᠠᠯᠭ᠎ᠠ ᠲᠠᠢ ᠬᠥᠮᠦᠰ᠄ ᠬᠤᠲᠠ ᠳᠤ ᠣᠷᠣᠭᠰᠠᠨ ᠬᠦᠴᠦ ᠶᠠᠪᠤᠭᠰᠠᠳ ᠵᠢᠴᠢ ᠳᠠᠭᠠᠵᠤ ᠨᠡᠭᠦᠭᠰᠡᠨ ᠭᠡᠷ | ᠪᠦᠯᠢ ᠶᠢᠨ ᠬᠢᠨ ︵ᠬᠤᠲᠠ ᠶᠢᠨ ᠬᠤᠭᠤᠷᠣᠨᠳᠣᠬᠢ ᠨᠡᠭᠦᠳᠡᠯ ᠬᠥᠮᠦᠨ ᠠᠮᠠ ᠶᠢ ᠬᠠᠮᠲᠤ ᠳᠤ ᠨᠢ ᠬᠠᠷᠠᠭᠠᠯᠵᠠᠨ᠎ᠠ︶ | ᠲᠠᠷᠢᠶᠠᠯᠠᠩ ᠠᠴᠠ ᠰᠢᠯᠵᠢᠭᠰᠡᠨ ᠬᠥᠮᠥᠨ ᠠᠮᠠ ᠶᠢ ᠬᠤᠲᠠ ᠳᠤ ᠲᠦᠷᠭᠡᠨ ᠠᠭᠤᠰᠤᠯᠴᠠᠭᠤᠯᠬᠤ ᠶᠢ | ᠠᠬᠢᠭᠤᠯᠤᠨ᠎ᠠ᠄ | ︵1︶ ᠬᠤᠲᠠ ᠪᠠᠯᠭᠠᠰᠤᠨ ᠳᠤ ᠡᠷᠦᠬᠡ ᠠᠮᠠ ᠣᠷᠣᠭᠤᠯᠬᠤ ᠠᠷᠭ᠎ᠠ ᠵᠠᠮ ᠢ ᠤᠯᠠᠮ ᠨᠢᠭᠡ ᠠᠯᠬᠤᠮ | ᠦᠷᠭᠡᠳᠭᠡᠨ᠎ᠡ | ︵2︶ ᠪᠠᠶᠢᠩᠭᠤ ᠰᠠᠭᠤᠭ᠎ᠠ ᠭᠠᠵᠠᠷ ᠤᠨ ᠡᠷᠦᠬᠡ ᠠᠮᠠ ᠶᠢᠨ ᠳᠠᠩᠰᠠᠯᠠᠯ ᠤᠨ ᠦᠨᠳᠦᠰᠦᠨ ᠣᠯᠠᠨ | ᠨᠡᠶᠢᠲᠡ ᠶᠢᠨ ᠦᠢᠯᠡᠴᠢᠯᠡᠭᠡ ᠬᠠᠩᠭᠠᠬᠤ ᠳᠦᠷᠢᠮ ᠢ ᠬᠡᠷᠡᠭᠵᠢᠭᠦᠯᠦᠨ᠎ᠡ | ︵3︶ ᠨᠦᠬᠦᠴᠡᠯ ᠳᠤ ᠨᠡᠶᠢᠴᠡᠬᠦᠶᠢᠴᠡ ᠲᠠᠷᠢᠶᠠᠯᠠᠩ ᠠᠴᠠ ᠰᠢᠯᠵᠢᠭᠰᠡᠨ ᠬᠦᠮᠦᠨ ᠠᠮᠠ ᠶᠢᠨ ᠨᠡᠶᠢᠭᠡᠮ ᠤᠨ | ᠳᠠᠭᠠᠳᠬᠠᠯ ᠂ ᠣᠷᠣᠨ ᠰᠠᠭᠤᠴᠠ ᠶᠢᠨ ᠪᠠᠲᠤᠯᠠᠭ᠎ᠠ ᠂ ᠳᠠᠭᠠᠵᠤ ᠨᠡᠭᠦᠭᠰᠡᠨ ᠬᠡᠦᠭᠡᠳ ᠤᠨ ᠠᠯᠪᠠᠨ ᠵᠢᠷᠤᠮ ᠤᠨ ᠰᠤᠷᠭᠠᠨ | ᠬᠦᠮᠦᠵᠢᠯ ᠵᠡᠷᠭᠡ ᠨᠢ ᠨᠡᠭᠦᠵᠦ ᠤᠷᠤᠭᠰᠠᠨ ᠭᠠᠵᠠᠷ ᠤᠨ ᠪᠠᠶᠢᠩᠭᠤ ᠰᠠᠭᠤᠭ᠎ᠠ ᠡᠷᠦᠬᠡ ᠠᠮᠠ ᠶᠢᠨ ᠳᠠᠩᠰᠠ ᠲᠠᠢ | ᠬᠦᠮᠦᠨ ᠠᠮᠠ ᠲᠠᠢ ᠠᠳᠠᠯᠢ ᠲᠡᠭᠰᠢ ᠡᠷᠬᠡ ᠲᠠᠢ ᠪᠠᠶᠢᠬᠤ ᠶᠢ ᠠᠬᠢᠭᠤᠯᠤᠨ᠎ᠠ | ︵4︶ ᠡᠷᠦᠬᠡ ᠠᠮᠠ ᠣᠷᠤᠭᠠᠳᠤᠢ ᠪᠠᠶᠢᠩᠭᠤ ᠰᠠᠭᠤᠭ᠎ᠠ ᠬᠦᠮᠦᠨ ᠠᠮᠠ ᠳᠤ ᠠᠯᠬᠤᠮ ᠠᠯᠬᠤᠮ ᠢᠶᠠᠷ ᠬᠤᠳᠠ | ᠪᠠᠯᠭᠠᠰᠤ ᠶᠢᠨ ᠤᠯᠠᠨ ᠨᠡᠶᠢᠳᠡ ᠶᠢᠨ ᠦᠨᠳᠦᠰᠦᠨ ᠦᠢᠯᠡᠴᠢᠯᠡᠭᠡ ᠶᠢ ᠡᠳ᠋ᠯᠡᠭᠦᠯᠦᠨ᠎ᠡ | 6 ᠵᠦᠢᠯ ᠤᠨ ᠭᠤᠣᠯᠳᠠᠯᠭ᠎ᠠ ᠲᠠᠢ ᠡᠭᠦᠷᠭᠡ | ︵1︶ ᠡᠷᠦᠬᠡ ᠠᠮᠠ ᠶᠢᠨ ᠳᠦᠷᠢᠮ ᠤᠨ ᠥᠭᠡᠷᠡᠴᠢᠯᠡᠯᠲᠡ ᠶᠢ ᠤᠯᠠᠮ ᠨᠢᠭᠡ ᠠᠯᠬᠤᠮ ᠭᠦᠨᠵᠡᠭᠡᠶᠢᠷᠡᠭᠦᠯᠦᠨ᠎ᠡ | ︵2︶ ᠪᠠᠶᠢᠩᠭᠤ ᠰᠠᠭᠤᠭ᠎ᠠ ᠭᠠᠵᠠᠷ ᠲᠤ ᠦᠨᠳᠦᠰᠦᠨ ᠣᠯᠠᠨ ᠨᠡᠶᠢᠲᠡ ᠶᠢᠨ ᠦᠢᠯᠡᠴᠢᠯᠡᠭᠡ ᠬᠠᠩᠭᠠᠬᠤ | ᠳᠦᠷᠢᠮ ᠢ ᠪᠦᠷᠢᠨᠰᠢᠭᠦᠯᠦᠨ᠎ᠡ | ︵3︶ ᠲᠠᠷᠢᠶᠠᠯᠠᠩ ᠠᠴᠠ ᠰᠢᠯᠵᠢᠭᠰᠡᠨ ᠬᠥᠮᠦᠨ ᠠᠮᠠ ᠶᠢᠨ ᠬᠤᠲᠠ ᠪᠠᠯᠭᠠᠰᠤᠨ ᠳᠤ ᠲᠣᠭᠲᠠᠪᠤᠷᠢᠲᠠᠶ ᠠᠵᠢᠯ | ᠣᠯᠬᠤ ᠶᠢ ᠠᠬᠢᠭᠤᠯᠤᠨ᠎ᠠ | ︵4︶ ᠳᠠᠭᠠᠵᠤ ᠨᠡᠭᠦᠭᠰᠡᠨ ᠬᠡᠤᠬᠡᠳ ᠤᠨ ᠨᠡᠭᠦᠵᠦ ᠣᠷᠤᠭᠰᠠᠨ ᠭᠠᠵᠠᠷ ᠲᠤ ᠰᠤᠷᠭᠠᠨ ᠬᠦᠮᠦᠵᠢᠯ ᠬᠦᠷᠲᠡᠬᠦ | ᠡᠷᠬᠡ ᠶᠢ ᠪᠠᠲᠤᠯᠠᠨ᠎ᠠ | ︵5︶ ᠲᠠᠷᠢᠶᠠᠯᠠᠩ ᠠᠴᠠ ᠰᠢᠯᠵᠢᠭᠰᠡᠨ ᠬᠦᠮᠦᠨ ᠠᠮᠠ ᠶᠢᠨ ᠣᠯᠠᠨ ᠡᠰᠢᠵᠢᠭᠰᠡᠨ ᠣᠷᠣᠨ ᠰᠠᠭᠤᠴᠠ ᠶᠢᠨ | ᠪᠠᠲᠤᠯᠠᠭ᠎ᠠ ᠶᠢᠨ ᠲᠣᠭᠲᠠᠯᠴᠠᠭ᠎ᠠ ᠶᠢ ᠲᠡᠭᠦᠯᠳᠡᠷᠵᠢᠭᠦᠯᠦᠨ᠎ᠡ | ︵6︶ ᠲᠠᠷᠢᠶᠠᠯᠠᠩ ᠠᠴᠠ ᠰᠢᠯᠵᠢᠭᠰᠡᠨ ᠬᠦᠮᠦᠨ ᠠᠮᠠ ᠶᠢᠨ ᠨᠡᠶᠢᠭᠡᠮ ᠤᠨ ᠪᠠᠲᠤᠯᠠᠭ᠎ᠠ ᠶᠢᠨ ᠬᠠᠮᠤᠷᠬᠤ | ᠬᠡᠪᠴᠢᠶ᠎ᠡ ᠶᠢ ᠦᠷᠭᠡᠳᠭᠡᠨ᠎ᠡ | | 2.ᠳᠠᠯᠳᠠ ᠬᠦᠴᠦᠨ ᠲᠠᠢ ᠭᠠᠵᠠᠷ ᠣᠷᠣᠨ ᠤ ᠬᠤᠲᠠ ᠪᠠᠯᠭᠠᠰᠤᠵᠢᠯᠲᠠ ᠶᠢᠨ ᠲᠦᠪᠰᠢᠨ ᠢ ᠳᠡᠭᠡᠭᠰᠢᠯᠡᠭᠦᠯᠬᠦ | ᠠᠵᠢᠯᠯᠠᠭ᠎ᠠ ᠶᠢ ᠬᠡᠷᠡᠭᠵᠢᠭᠦᠯᠦᠨ᠎ᠡ | ᠬᠦᠭᠵᠢᠯᠲᠡ ᠶᠢᠨ ᠴᠢᠭᠯᠡᠯ | ᠭᠤᠣᠯᠳᠠᠯᠭ᠎ᠠ ᠲᠠᠢ ᠬᠡᠰᠡᠭ᠄ ᠡᠾᠧᠪᠸᠢ ᠶᠢᠨ ᠲᠣᠮᠳᠠ ᠡᠮᠦᠨ᠎ᠡ ᠬᠡᠰᠡᠭ ᠂ ᠠᠨᠾᠦ᠋ᠢ ᠶᠢᠨ ᠬᠤᠶᠢᠨ᠎ᠠ ᠬᠡᠰᠡᠭ ᠂ | ᠱᠠᠨᠳᠦ᠋ᠩ ᠤᠨ ᠪᠠᠷᠠᠭᠤᠨ ᠡᠮᠦᠨ᠎ᠡ ᠬᠡᠰᠡᠭ ᠂ ᠡᠾᠧᠨᠠᠨ ᠤ ᠵᠡᠭᠦᠨ ᠡᠮᠦᠨ᠎ᠡ ᠬᠡᠰᠡᠭ ᠂ ᠬᠤᠨᠠᠨ ᠤ ᠪᠠᠷᠠᠭᠤᠨ ᠡᠮᠦᠨ᠎ᠡ | ᠬᠡᠰᠡᠭ ᠂ ᠭᠤᠸᠠᠩᠳᠦ᠋ᠩ ᠤᠨ ᠪᠠᠷᠠᠭᠤᠨ ᠬᠡᠰᠡᠭ ᠂ ᠰᠧᠴᠤᠸᠠᠨ ᠤ ᠵᠡᠭᠦᠨ ᠬᠡᠰᠡᠭ ᠵᠡᠷᠭᠡ ᠬᠤᠳᠠ ᠪᠠᠯᠭᠠᠰᠤᠵᠢᠯᠳᠠ ᠶᠢᠨ | ᠲᠠᠯᠳᠠ ᠬᠦᠴᠦᠨ ᠨᠡᠯᠢᠶᠡᠳ ᠶᠡᠭᠡ ᠲᠦᠪᠯᠡᠷᠡᠭᠰᠡᠨ ᠵᠠᠯᠭᠠᠯᠳᠤᠭᠰᠠᠨ ᠬᠡᠰᠡᠭ ᠂ ᠬᠤᠳᠠ ᠪᠠᠯᠭᠠᠰᠤᠵᠢᠯᠳᠠ ᠶᠢᠨ ᠨᠤᠷᠮ᠎ᠠ | ᠲᠤᠤᠷ᠎ᠠ ᠮᠦᠷᠳᠡᠭᠡᠨ ᠬᠦᠮᠦᠨ ᠠᠮᠠ ᠶᠢᠨ ᠬᠡᠪᠴᠢᠶ᠎ᠡ ᠪᠠᠷ ᠶᠡᠭᠡ ᠪᠤᠰᠣᠳ ᠰᠢᠶᠠᠨ ︵ᠬᠤᠳᠠ ᠂ ᠲᠤᠭᠤᠷᠢᠭ︶ ᠢ | ᠬᠠᠮᠲᠤ ᠳᠤ ᠨᠢ ᠬᠠᠷᠠᠭᠠᠯᠵᠠᠨ᠎ᠠ | ᠴᠢᠭᠯᠡᠯ᠄ ᠰᠢᠨ᠎ᠡ ᠬᠡᠯᠪᠡᠷᠢ ᠶᠢᠨ ᠠᠵᠤ ᠦᠢᠯᠡᠳᠪᠦᠷᠢᠵᠢᠯᠳᠠ ᠬᠤᠳᠠ ᠪᠠᠯᠭᠠᠰᠤᠵᠢᠯᠳᠠ ᠶᠢᠨ ᠲᠠᠯ᠎ᠠ ᠪᠠᠷ | ᠵᠤᠬᠢᠴᠠᠭᠤᠯᠤᠨ ᠠᠬᠢᠭᠤᠯᠤᠨ᠎ᠠ | ᠰᠢᠪᠲᠤᠯᠤᠯᠲᠠ ᠬᠢᠬᠦ ᠶᠢ ᠲᠦᠷᠭᠡᠳᠬᠡᠨ ᠂ ᠠᠵᠤ ᠦᠢᠯᠡᠰ ᠤᠨ ᠱᠠᠲᠤᠯᠢᠭ ᠪᠠᠶᠢᠷᠢᠯᠠᠭᠤᠯᠤᠯᠲᠠ ᠂ ᠬᠥᠮᠦᠨ | ᠠᠮᠠ ᠶᠢᠨ ᠣᠶᠢᠷ᠎ᠠ ᠬᠠᠪᠢ ᠳᠤ ᠪᠠᠨ ᠠᠵᠢᠯ ᠣᠯᠬᠤ ᠂ ᠶᠡᠭᠡ ᠳᠤᠮᠳᠠ ᠪᠠᠭ᠎ᠠ ᠬᠤᠲᠠ ᠵᠣᠬᠢᠴᠠᠩᠭᠤᠶ ᠪᠠᠷ ᠬᠥᠭᠵᠢᠭᠰᠡᠨ | ᠰᠠᠶᠢᠨ ᠲᠠᠯ᠎ᠠ ᠶᠢᠨ ᠬᠥᠳᠡᠯᠦᠯᠴᠡᠬᠦ ᠪᠠᠶᠢᠷᠢᠰᠢᠯ ᠢ ᠴᠣᠭᠴᠠᠯᠠᠨ ᠪᠠᠶᠢᠭᠤᠯᠤᠨ᠎ᠠ ᠃ | 4 ᠵᠦᠢᠯ ᠤᠨ ᠭᠤᠣᠯᠳᠠᠯᠭ᠎ᠠ ᠲᠠᠢ ᠡᠭᠦᠷᠭᠡ | ︵1︶ ᠣᠨᠴᠠᠯᠢᠭᠲᠤ ᠳᠠᠪᠠᠭᠤᠯᠢᠭ ᠠᠵᠤ ᠦᠢᠯᠡᠰ ᠤᠨ ᠪᠦᠯᠦᠭᠵᠢᠯ ᠢ ᠪᠤᠶᠢᠵᠢᠭᠤᠯᠤᠨ᠎ᠠ | ︵2︶ ᠠᠵᠤ ᠦᠢᠯᠡᠰ ᠤᠨ ᠬᠦᠷᠢᠶᠡᠯᠡᠩ ᠲᠣᠭᠤᠷᠢᠭ ᠢ ᠳᠡᠰ ᠳᠡᠪᠰᠢᠭᠦᠯᠦᠨ ᠴᠢᠳᠠᠮᠵᠢ ᠶᠢ ᠨᠢ | ᠥᠷᠭᠡᠳᠬᠡᠬᠦ ᠶᠢ ᠠᠬᠢᠭᠤᠯᠤᠨ᠎ᠠ | ︵3︶ ᠠᠵᠤ ᠦᠢᠯᠡᠰ ᠤᠨ ᠬᠥᠭᠵᠢᠯᠲᠡ ᠶᠢᠨ ᠴᠢᠳᠠᠪᠤᠷᠢᠲᠠᠨ ᠤ ᠲᠤᠯᠭᠠᠭᠤᠷᠢᠯᠠᠯ ᠢ ᠴᠢᠩᠭᠠᠷᠠᠭᠤᠯᠤᠨ᠎ᠠ | ︵4︶ ᠬᠤᠲᠠ ᠪᠠᠯᠭᠠᠰᠤ ᠶᠢᠨ ᠶᠡᠷᠦᠩᠬᠡᠶᠢᠯᠡᠭᠰᠡᠨ ᠳᠠᠭᠠᠭᠠᠴᠠ ᠶᠢᠨ ᠴᠢᠳᠠᠪᠤᠷᠢ ᠶᠢ ᠨᠢ ᠴᠢᠩᠭᠠᠳᠬᠠᠨ᠎ᠠ | | 3.ᠣᠳᠣᠬᠢᠴᠢᠯᠠᠭᠰᠠᠨ ᠬᠤᠲᠠ ᠶᠢᠨ ᠲᠣᠭᠤᠷᠢᠭ ᠢ ᠪᠤᠶᠢᠵᠢᠭᠤᠯᠬᠤ ᠠᠵᠢᠯᠯᠠᠭ᠎ᠠ ᠶᠢ ᠬᠡᠷᠡᠭᠵᠢᠭᠦᠯᠦᠨ᠎ᠡ | ᠬᠦᠭᠵᠢᠯᠲᠡ ᠶᠢᠨ ᠴᠢᠭᠯᠡᠯ | ︵1︶ ᠬᠡᠲᠦ ᠶᠡᠭᠡ ᠣᠨᠴᠠ ᠶᠡᠭᠡ ᠬᠤᠲᠠ ᠶᠢᠨ ᠬᠥᠭᠵᠢᠯᠲᠡ ᠶᠢᠨ ᠠᠷᠭ᠎ᠠ ᠮᠠᠶ᠋ᠢᠭ ᠢ ᠳᠦᠷᠭᠡᠳᠭᠡᠨ | ᠬᠤᠪᠢᠷᠠᠭᠤᠯᠤᠨ᠎ᠠ | ︵2︶ ᠲᠥᠪ ᠬᠤᠲᠠ ᠳᠤ ᠲᠦᠰᠢᠭᠯᠡᠨ ᠡᠷᠭᠢᠨ ᠲᠣᠭᠤᠷᠢᠨ ᠤ ᠬᠤᠲᠠ ᠰᠢᠶᠠᠨ ᠢ ᠳᠠᠶᠢᠴᠢᠯᠠᠵᠤ ᠬᠠᠮᠲᠤ ᠪᠠᠷ | ᠬᠥᠭᠵᠢᠭᠦᠯᠦᠨ᠎ᠡ | ︵3︶ ᠨᠢᠭᠡ ᠪᠦᠯᠦᠭ ᠬᠤᠲᠠᠴᠢᠯᠠᠯᠲᠠ ᠶᠢᠨ ᠬᠡᠮᠵᠢᠶ᠎ᠡ ᠪᠠᠷ ᠥᠨᠳᠥᠷ ᠲᠦᠪᠰᠢᠨ ᠪᠦᠬᠦᠢ ᠣᠳᠣᠬᠢᠴᠢᠯᠠᠭᠰᠠᠨ | ᠬᠤᠲᠠ ᠶᠢᠨ ᠲᠣᠭᠤᠷᠢᠭ ᠢ ᠪᠣᠶᠢᠵᠢᠭᠤᠯᠣᠨ᠎ᠠ | ︵4︶ ᠠᠵᠢᠯ ᠡᠭᠦᠷᠭᠡ ᠭᠦᠢᠴᠡᠳᠬᠡᠬᠦ ᠳᠤ ᠳᠥᠭᠦᠮ ᠳᠥᠲᠡ ᠥᠨᠳᠥᠷ ᠪᠦᠲᠦᠮᠵᠢᠲᠡᠶ ᠂ ᠠᠵᠤ ᠦᠢᠯᠡᠰ ᠢ | ᠱᠠᠲᠤ ᠬᠤᠪᠢᠶᠠᠨ ᠢᠵᠢ ᠪᠦᠷᠢᠳᠦᠭᠦᠯᠬᠦ ᠂ ᠠᠮᠢᠳᠤᠷᠠᠯ ᠳᠤ ᠲᠥᠬᠦᠮ ᠦᠵᠡᠭᠦᠯᠵᠦ ᠬᠠᠮᠲᠤ ᠪᠠᠷ ᠠᠰᠢᠭ ᠬᠦᠷᠲᠡᠬᠦ ᠶᠢ | ᠠᠬᠢᠭᠤᠯᠤᠨ᠎ᠠ | ︵5︶ ᠶᠡᠭᠡ ᠳᠤᠮᠳᠠ ᠪᠠᠭ᠎ᠠ ᠬᠤᠲᠠ ᠶᠢ ᠪᠠᠭ᠎ᠠ ᠬᠤᠲᠠ ᠪᠠᠯᠭᠠᠰᠤ ᠲᠠᠢ ᠵᠣᠬᠢᠴᠠᠭᠤᠯᠤᠨ ᠬᠥᠭᠵᠢᠭᠦᠯᠬᠦ ᠂ | ᠡᠷᠴᠢᠮᠵᠢᠭᠦᠯᠦᠭᠰᠡᠨ ᠠᠪᠴᠠᠯᠳᠤᠩᠭᠤᠢ ᠪᠠᠶᠢᠷᠢᠯᠠᠭᠤᠯᠤᠯᠲᠠ ᠶᠢ ᠪᠣᠢ ᠪᠣᠯᠭᠠᠬᠤ ᠶᠢ ᠬᠦᠲᠦᠯᠦᠨ ᠵᠢᠯᠤᠭᠤᠳᠤᠨ᠎ᠠ | 4 ᠵᠦᠢᠯ ᠤᠨ ᠭᠤᠣᠯᠳᠠᠯᠭ᠎ᠠ ᠲᠠᠢ ᠡᠭᠦᠷᠭᠡ | ︵1︶ ᠬᠤᠲᠠ ᠶᠢᠨ ᠬᠤᠭᠤᠷᠣᠨᠳᠣᠬᠢ ᠠᠵᠢᠯ ᠳᠤ ᠭᠠᠷᠬᠤ ᠠᠰᠢᠭᠯᠠᠮᠵᠢ ᠶᠢ ᠳᠡᠭᠡᠭᠰᠢᠯᠡᠭᠦᠯᠦᠨ᠎ᠡ | ︵2︶ ᠠᠵᠤ ᠦᠢᠯᠡᠰ ᠤᠨ ᠠᠵᠢᠯ ᠤᠨ ᠬᠤᠪᠢᠶᠠᠷᠢᠯᠠᠯ ᠤᠨ ᠬᠠᠮᠵᠢᠯᠴᠠᠭ᠎ᠠ ᠶᠢ ᠴᠢᠩᠭᠠᠷᠠᠭᠤᠯᠤᠨ᠎ᠠ | ︵3︶ ᠵᠠᠬ᠎ᠠ ᠳᠡᠯᠭᠡᠭᠦᠷ ᠤᠨ ᠨᠢᠭᠡ ᠴᠣᠭᠴᠠᠵᠢᠭᠰᠠᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ᠎ᠡ | ︵4︶ ᠣᠯᠠᠨ ᠨᠡᠶᠢᠲᠡ ᠶᠢᠨ ᠦᠢᠯᠡᠴᠢᠯᠡᠭᠡ ᠶᠢ ᠬᠠᠮᠲᠤ ᠪᠠᠷ ᠪᠠᠶᠢᠭᠤᠯᠵᠤ ᠬᠠᠮᠲᠤ ᠪᠠᠷ ᠠᠰᠢᠭ ᠬᠦᠷᠲᠡᠬᠦ ᠶᠢ | ᠠᠬᠢᠭᠤᠯᠤᠨ᠎ᠠ | | 4. ᠬᠤᠲᠠ ᠶᠢ ᠰᠢᠨᠡᠳᠭᠡᠬᠦ ᠪᠠ ᠬᠤᠲᠠ ᠶᠢᠨ ᠠᠮᠤᠷ ᠲᠦᠪᠰᠢᠨ ᠤ ᠤᠶᠠᠨ ᠬᠠᠳᠠᠨ ᠴᠢᠨᠠᠷ ᠢ ᠳᠡᠭᠡᠭᠰᠢᠯᠡᠭᠦᠯᠬᠦ | ᠠᠵᠢᠯᠯᠠᠭ᠎ᠠ ᠶᠢ ᠬᠡᠷᠡᠭᠵᠢᠭᠦᠯᠦᠨ᠎ᠡ | ᠬᠦᠭᠵᠢᠯᠲᠡ ᠶᠢᠨ ᠴᠢᠭᠯᠡᠯ | ᠭᠤᠣᠯᠳᠠᠯᠭ᠎ᠠ᠄ ᠬᠥᠮᠦᠨ ᠠᠮᠠ ᠶᠢᠨ ᠬᠡᠪᠴᠢᠶ᠎ᠡ ᠪᠠᠷ ᠶᠡᠭᠡ ᠨᠢᠭᠲᠠᠴᠠ ᠶᠡᠬᠡᠲᠡᠢ ᠬᠤᠲᠠ ᠶᠢᠨ ᠭᠤᠣᠯ | ᠲᠣᠭᠤᠷᠢᠭ ᠪᠠ ᠨᠥᠯᠥᠭᠡᠯᠡᠬᠦ ᠬᠡᠪᠴᠢᠶ᠎ᠡ ᠪᠠᠷ ᠥᠷᠭᠡᠨ ᠵᠠᠩᠭᠢᠯᠠᠭ᠎ᠠ ᠶᠢᠨ ᠬᠦᠷᠢᠶ᠎ᠡ | ᠬᠤᠳᠠ ᠶᠢ ᠰᠢᠨᠡᠳᠬᠡᠬᠦ ᠠᠵᠢᠯᠯᠠᠭ᠎ᠠ ᠶᠢ ᠭᠦᠨᠵᠡᠭᠡᠢ ᠬᠡᠷᠡᠭᠵᠢᠭᠦᠯᠵᠦ ᠂ ᠬᠤᠳᠠ ᠶᠢᠨ ᠰᠠᠭᠤᠷᠢ ᠪᠡᠯᠡᠳᠭᠡᠮᠵᠢ ᠶᠢᠨ | ᠪᠦᠳᠦᠭᠡᠨ ᠪᠠᠶᠢᠭᠤᠯᠤᠯᠲᠠ ᠶᠢ ᠴᠢᠩᠭᠠᠳᠬᠠᠵᠤ ᠂ ᠣᠨᠴᠠᠭᠠᠶᠢᠯᠠᠨ ᠬᠤᠳᠠ ᠶᠢᠨ ᠭᠠᠵᠠᠷ ᠳᠣᠣᠷᠠᠬᠢ ᠬᠤᠭᠤᠯᠠᠢ | ᠭᠤᠤᠷᠰᠤ ᠶᠢᠨ ᠲᠣᠣᠷ ᠵᠡᠷᠭᠡ ︽ᠳᠣᠲᠣᠷ︾ ᠢᠨᠵᠧᠨᠧᠷᠢᠩ ᠤᠨ ᠪᠠᠶᠢᠭᠤᠯᠤᠯᠲᠠ ᠶᠢ ᠰᠠᠶᠢᠲᠤᠷ ᠠᠳᠬᠤᠵᠤ ᠂ | ᠬᠤᠳᠠ ᠶᠢᠨ ᠠᠮᠤᠷ ᠲᠦᠪᠰᠢᠨ ᠤ ᠤᠶᠠᠨ ᠬᠠᠳᠠᠨ ᠴᠢᠨᠠᠷ ᠤᠨ ᠳᠤᠲᠠᠭᠤᠳᠠᠯ ᠢ ᠲᠦᠷᠭᠡᠳᠭᠡᠨ ᠨᠥᠬᠦᠪᠥᠷᠢᠯᠡᠵᠦ ᠂ | ᠣᠷᠣᠰᠢᠨ ᠰᠠᠭᠤᠷᠢᠰᠢᠬᠤ ᠳᠤ ᠲᠣᠬᠢᠷᠠᠮᠵᠢᠲᠠᠢ ᠂ ᠤᠶᠠᠨ ᠬᠠᠳᠠᠨ ᠴᠢᠨᠠᠷᠲᠠᠢ ᠂ ᠤᠶᠤᠨᠲᠤ ᠬᠤᠳᠠ ᠶᠢ ᠪᠦᠳᠦᠭᠡᠨ | ᠪᠠᠶᠢᠭᠤᠯᠤᠨ᠎ᠠ ᠃ | 5 ᠵᠦᠢᠯ ᠤᠨ ᠭᠤᠣᠯᠳᠠᠯᠭ᠎ᠠ ᠲᠠᠢ ᠡᠭᠦᠷᠭᠡ | ︵1︶ ᠬᠤᠳᠠ ᠪᠠᠯᠭᠠᠰᠤᠨ ᠤ ᠬᠠᠭᠤᠴᠢᠨ ᠰᠠᠭᠤᠭᠠᠯᠢ ᠲᠣᠭᠤᠷᠢᠭ ᠢ ᠵᠠᠰᠠᠵᠤ ᠰᠢᠨᠡᠳᠭᠡᠬᠦ ᠶᠢ ᠠᠬᠢᠭᠤᠯᠤᠨ᠎ᠠ | ︵2︶ ᠪᠠᠲᠤᠯᠠᠭ᠎ᠠ ᠶᠢᠨ ᠴᠢᠨᠠᠷᠲᠠᠶ ᠣᠷᠣᠨ ᠰᠠᠭᠤᠴᠠ ᠶᠢᠨ ᠪᠦᠲᠦᠭᠡᠨ ᠪᠠᠶᠢᠭᠤᠯᠤᠯᠲᠠ ᠂ ︽ᠡᠩ ᠤᠨ ᠪᠠ | ᠪᠠᠴᠢᠮ ᠪᠠᠶᠢᠳᠠᠯ ᠳᠤ ᠵᠡᠷᠭᠡ ᠪᠠᠷ ᠬᠡᠷᠡᠭᠯᠡᠬᠦ︾ ᠣᠯᠠᠨ ᠨᠡᠶᠢᠲᠡ ᠶᠢᠨ ᠰᠠᠭᠤᠷᠢ ᠪᠡᠯᠡᠳᠭᠡᠮᠵᠢ ᠶᠢᠨ ᠪᠦᠲᠦᠭᠡᠨ | ᠪᠠᠶᠢᠭᠤᠯᠤᠯᠲᠠ ᠂ ᠬᠤᠲᠠᠨ ᠳᠠᠬᠢ ᠲᠣᠰᠬᠤᠨ ᠢ ᠵᠠᠰᠠᠵᠤ ᠰᠢᠨᠡᠳᠭᠡᠬᠦ ᠶᠢ ᠲᠦᠷᠭᠡᠳᠬᠡᠨ ᠠᠬᠢᠭᠤᠯᠤᠨ᠎ᠠ | ︵3︶ ᠬᠤᠲᠠ ᠶᠢᠨ ᠦᠶᠡᠷ ᠤᠰᠤᠲᠤᠯ ᠤᠨ ᠵᠠᠰᠠᠯᠲᠠ ᠶᠢ ᠴᠢᠩᠭᠠᠳᠬᠠᠨ᠎ᠠ | ︵4︶ ᠬᠤᠲᠠ ᠶᠢᠨ ᠠᠮᠢ ᠨᠠᠰᠤᠨ ᠤ ᠱᠤᠭᠤᠮ ᠤᠨ ᠠᠶᠤᠯ ᠦᠭᠡᠢ ᠢᠨᠵᠧᠨᠧᠷᠢᠩ ᠢ ᠬᠡᠷᠡᠭᠵᠢᠭᠦᠯᠦᠨ᠎ᠡ | ︵5︶ ᠪᠤᠭᠢᠷᠲᠤᠯ ᠦᠭᠡᠢ ᠤᠶᠤᠨᠲᠦ ᠬᠤᠲᠠ ᠶᠢᠨ ᠪᠦᠲᠦᠭᠡᠨ ᠪᠠᠶᠢᠭᠤᠯᠤᠯᠲᠠ ᠶᠢ ᠠᠭᠢᠭᠤᠯᠤᠨ᠎ᠠ | |